ᠰᠢ᠎ᠵᠢᠨ᠎ᠫᠢᠩ
ᠨᠥᠬᠦᠳ ᠡ᠄
ᠲᠥᠪ ᠬᠤᠷᠢᠶᠠᠨ᠎ᠤ ᠤᠯᠤᠰ ᠲᠦᠷᠦ᠍᠎ᠶ᠋ᠢᠨ ᠲᠣᠪᠴᠢᠶᠠᠨ᠎ᠤ ᠨᠠᠢᠳᠠᠯᠭ᠎ᠠ᠎ᠪᠠᠷ᠂ ᠪᠢ 《ᠤᠯᠤᠰ ᠠᠷᠠᠳ᠎ᠤᠨ ᠠᠵᠤ ᠠᠬᠤᠶ ᠪᠤᠯᠤᠨ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠰᠠᠨᠠᠭᠤᠯᠭ᠎ᠠ》 (ᠳᠣᠷᠣᠭ᠍ᠰᠢ 《ᠰᠠᠨᠠᠭᠤᠯᠭ᠎ᠠ》 ᠭᠡᠵᠦ᠍ ᠲᠣᠪᠴᠢᠯᠠᠨ᠎ᠠ)᠎ᠶ᠋ᠢ ᠲᠤᠭᠤᠷᠪᠢᠨ ᠪᠢᠴᠢᠭ᠌ᠰᠡᠨ ᠬᠤᠯᠪᠤᠭ᠍ᠳᠠᠯ ᠪᠦᠬᠦᠢ ᠪᠠᠢᠳᠠᠯ᠎ᠤᠨ ᠲᠤᠬᠠᠢ ᠪᠦᠭᠦᠳᠡ ᠬᠤᠷᠠᠯ᠎ᠳᠤ ᠲᠣᠲᠤᠷᠬᠠᠢ᠌ᠯᠠᠯᠲᠠ ᠬᠢᠶ᠎ᠡ᠃
ᠨᠢᠭᠡ᠂ 《ᠰᠠᠨᠠᠭᠤᠯᠭ᠎ᠠ》᠎ᠶ᠋ᠢᠨ ᠨᠤᠤᠷᠠᠭ᠎ᠢ ᠲᠤᠭᠤᠷᠪᠢᠭ᠍ᠰᠠᠨ ᠶᠠᠪᠤᠴᠠ
ᠤᠷᠲᠤᠪᠲᠤᠷ ᠬᠤᠭᠤᠴᠠᠭᠠᠨ᠎ᠤ ᠲᠥᠯᠥᠪᠵᠢᠭᠦᠯᠭᠡ ᠲᠣᠭ᠍ᠲᠠᠭᠠᠵᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠵᠢᠯᠣᠭᠤᠳᠭᠤ ᠪᠣᠯ ᠮᠠᠨ᠎ᠤ ᠨᠠᠮ᠎ᠤᠨ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌᠎ᠶ᠋ᠢᠨ ᠨᠢᠭᠡ ᠵᠦᠢᠯ᠎ᠤᠨ ᠴᠢᠬᠤᠯᠠ ᠠᠷᠭ᠎ᠠ ᠬᠡᠯᠪᠡᠷᠢ ᠪᠤᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠡᠨᠡ ᠵᠢᠯ ᠪᠡᠶᠡᠯᠡᠭᠦᠯᠬᠦ᠌ ᠪᠣᠯᠬᠤᠷ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠰᠤᠳᠤᠯᠤᠨ ᠲᠣᠭ᠍ᠲᠠᠭᠠᠬᠤ ᠴᠢᠬᠤᠯᠠᠲᠠᠶ ᠶᠤᠮ᠃ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠰᠠᠢᠲᠤᠷ ᠰᠤᠳᠤᠯᠤᠨ ᠲᠣᠭ᠍ᠲᠠᠭᠠᠬᠤ ᠨᠢ ᠮᠠᠨ᠎ᠤ ᠤᠯᠤᠰ᠎ᠤᠨ ᠠᠵᠤ ᠠᠬᠤᠶ ᠨᠡᠢᠭᠡᠮ᠎ᠤᠨ ᠦᠷᠭᠦᠯᠵᠢᠯᠡᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠬᠤ ᠪᠠ ᠬᠤᠭᠤᠴᠠᠭ᠎ᠠ ᠶᠤᠰᠤᠭᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠤ ᠨᠡᠩ ᠪᠠᠲᠤ ᠪᠠᠬᠢ ᠰᠠᠭᠤᠷᠢ᠎ᠶ᠋ᠢ ᠲᠠᠯᠪᠢᠵᠤ ᠦᠭ᠌ᠬᠦ᠎ᠳᠤ ᠴᠢᠬᠤᠯᠠ ᠶᠡᠭᠡ ᠠᠴᠢ ᠬᠤᠯᠪᠣᠭ᠍ᠳᠠᠯ ᠲᠠᠢ ᠶᠤᠮ᠃
ᠡᠨᠡ ᠵᠢᠯ᠎ᠤᠨ 1 ᠰᠠᠷ᠎ᠠ᠎ᠳᠤ᠂ ᠲᠥᠪ ᠬᠤᠷᠢᠶᠠᠨ᠎ᠤ ᠤᠯᠤᠰ ᠲᠥᠷᠥ᠎ᠶ᠋ᠢᠨ ᠲᠣᠪᠴᠢᠶ᠎ᠠ᠎ᠠᠴᠠ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ ᠳᠡᠭᠡᠷ᠎ᠡ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢ ᠬᠢᠨᠠᠨ ᠶᠠᠷᠢᠯᠴᠠᠬᠤ᠎ᠪᠠᠷ ᠲᠤᠭ᠍ᠲᠠᠭᠠᠭ᠍ᠰᠠᠨ ᠪᠦᠭᠡᠳ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠢᠯᠠᠩ ᠪᠠᠢᠭᠤᠯᠵᠦ᠍᠂ ᠨᠠᠳᠠ᠎ᠪᠠᠷ ᠳᠤᠭᠤᠢᠯᠠᠩ᠎ᠤᠨ ᠳᠠᠷᠤᠭ᠎ᠠ᠎ᠶ᠋ᠢᠨ ᠳᠤᠱᠢᠶᠠᠯ᠎ᠢ ᠡᠬᠦᠷᠬᠡᠯᠡᠬᠦᠯᠦᠨ᠂ ᠯᠢ ᠴᠢᠶᠠᠩ᠂ ᠸᠠᠩ ᠬᠤ᠌ ᠨᠢᠩ᠂ ᠼᠠᠢ ᠴᠢ᠂ ᠳ᠋ᠢᠩ ᠱᠢᠤᠸᠠᠢ ᠱᠢᠶᠠᠩ ᠨᠥᠬᠦᠷ᠎ᠢᠶᠠᠷ ᠳᠤᠭᠤᠢᠯᠠᠩ᠎ᠤᠨ ᠳᠡᠳ᠋ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠭᠦᠯᠦᠨ᠂ ᠬᠤᠯᠪᠣᠭ᠍ᠳᠠᠯ ᠪᠦᠭᠦᠢ ᠰᠠᠯᠠᠭ᠎ᠠ ᠮᠦᠴᠢᠷ ᠪᠠ ᠤᠷᠤᠨ ᠨᠤᠲᠤᠭ᠎ᠤᠨ ᠬᠠᠷᠢᠭᠤᠴᠠᠯᠭᠠᠳᠠᠨ ᠨᠦᠭᠦᠳ᠎ᠢ ᠣᠷᠣᠯᠴᠠᠭᠤᠯᠵᠦ᠍᠂ ᠲᠥᠪ ᠬᠤᠷᠢᠶᠠᠨ᠎ᠤ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠬᠤᠷᠢᠶᠠᠨ᠎ᠤ ᠤᠳᠤᠷᠢᠳᠤᠯᠭ᠎ᠠ ᠳᠣᠤᠷ᠎ᠠ 《ᠰᠠᠨᠠᠭᠤᠯᠭ᠎ᠠ》᠎ᠶ᠋ᠢᠨ ᠨᠤᠤᠷᠠᠭ ᠲᠤᠭᠤᠷᠪᠢᠬᠤ ᠠᠵᠢᠯ᠎ᠢ ᠡᠭᠦᠷᠭᠡᠯᠡᠬᠦᠯᠬᠦ᠌ᠪᠠᠷ ᠲᠤᠭ᠍ᠲᠠᠭᠠᠪᠠ᠃ 2 ᠰᠠᠷ᠎ᠠ᠎ᠶ᠋ᠢᠨ 11᠎ᠤ ᠡᠳᠦᠷ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠢᠯᠠᠩ ᠠᠩᠬᠠᠳᠤᠭᠠᠷ ᠪᠥᠬᠦᠳᠡ ᠬᠤᠷᠠᠯ᠎ᠢ ᠬᠤᠷᠠᠯᠳᠤᠭᠤᠯᠵᠤ᠂ 《ᠰᠠᠨᠠᠭᠤᠯᠭ᠎ᠠ》᠎ᠶ᠋ᠢᠨ ᠨᠤᠤᠷᠠᠭ ᠲᠤᠭᠤᠷᠪᠢᠬᠤ ᠠᠵᠢᠯ᠎ᠢ ᠵᠢᠩᠬᠢᠨᠢ᠎ᠪᠠᠷ ᠡᠬᠢᠯᠡᠭᠦᠯᠦᠭ᠌ᠰᠡᠨ ᠪᠠᠢᠨ᠎ᠠ᠃
ᠨᠠᠮ᠎ᠤᠨ ᠲᠥᠪ ᠬᠤᠷᠢᠶ᠎ᠠ ᠠᠷᠠᠳᠴᠢᠯᠠᠯ᠎ᠢ ᠪᠠᠳᠠᠷᠠᠭᠤᠯᠬᠤ᠂ ᠣᠯᠠᠨ᠎ᠤ ᠣᠶᠤᠨ ᠤᠬᠠᠭᠠᠨ᠎ᠢ ᠲᠥᠪᠯᠡᠷᠡᠭᠦᠯᠬᠦ᠌᠎ᠶ᠋ᠢ ᠪᠢᠴᠢᠭ ᠮᠠᠲ᠋ᠧᠷᠢᠶᠠᠯ ᠲᠤᠭᠤᠷᠪᠢᠬᠤ ᠠᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠪᠠᠢᠴᠠᠭᠠᠨ ᠰᠤᠳᠤᠯᠤᠯᠲᠠ᠎ᠶ᠋ᠢ ᠭᠦᠨᠵᠡᠭᠡᠢᠷᠡᠬᠦᠯᠦᠨ ᠥᠷᠨᠢᠭᠦᠯᠵᠦ᠍᠂ ᠡᠯ᠎ᠡ ᠲᠠᠯ᠎ᠠ᠎ᠶ᠋ᠢᠨ ᠬᠢᠨ᠎ᠤ ᠰᠠᠨᠠᠯ᠎ᠢ ᠥᠷᠭᠡᠨ᠎ᠢᠶᠠᠷ ᠬᠤᠷᠢᠶᠠᠪᠠ᠃ 1 ᠰᠠᠷ᠎ᠠ᠎ᠶ᠋ᠢᠨ 22᠎ᠤᠨ ᠡᠳᠦᠷ᠂ ᠨᠠᠮ᠎ᠤᠨ ᠲᠥᠪ ᠬᠤᠷᠢᠶ᠎ᠠ᠎ᠠᠴᠠ 《ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ ᠳᠡᠭᠡᠷ᠎ᠡ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢ ᠰᠤᠳᠤᠯᠬᠤ ᠲᠤᠬᠠᠢ ᠰᠠᠨᠠᠯ ᠬᠤᠷᠢᠶᠠᠬᠤ ᠮᠡᠳᠡᠭ᠌ᠳᠡᠯ》᠎ᠢ ᠲᠠᠷᠬᠠᠭᠠᠵᠤ᠂ ᠨᠠᠮ᠎ᠤᠨ ᠲᠤᠲᠤᠨ᠎ᠠ ᠭᠠᠳᠠᠨᠠᠬᠢ ᠵᠣᠬᠢᠬᠤ ᠬᠡᠪᠴᠢᠶᠡᠨ᠎ᠳᠤ ᠰᠠᠨᠠᠯ ᠬᠤᠷᠢᠶᠠᠪᠠ᠃ 2 ᠰᠠᠷ᠎ᠠ᠎ᠶ᠋ᠢᠨ ᠬᠤᠷᠢᠳ᠎ᠢᠶᠠᠷ᠂ ᠨᠠᠮ᠎ᠤᠨ ᠲᠥᠪ ᠬᠤᠷᠢᠶ᠎ᠠ 6 ᠪᠠᠢᠴᠠᠭᠠᠨ ᠰᠤᠳᠤᠯᠬᠤ ᠳᠤᠭᠤᠢᠯᠠᠩ ᠵᠣᠬᠢᠶᠠᠨ ᠪᠠᠢᠭᠤᠯᠵᠤ᠂ 12 ᠮᠤᠵᠢ ᠣᠷᠣᠨ ᠬᠤᠲᠠ᠎ᠳᠤ ᠬᠦᠷᠴᠦ᠍ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠬᠢᠪᠡ᠃ ᠡᠭᠦᠨ᠎ᠤ ᠵᠡᠷᠭᠡᠴᠡᠭᠡ᠎ᠪᠠᠷ᠂ ᠨᠠᠮ᠎ᠤᠨ ᠲᠥᠪ ᠬᠤᠷᠢᠶ᠎ᠠ᠎ᠠᠴᠠ ᠬᠡᠰᠡᠭ ᠲᠥᠪ᠎ᠤᠨ ᠪᠠ ᠲᠦᠷᠦ᠍᠎ᠶ᠋ᠢᠨ ᠪᠠᠢᠭᠤᠯᠭ᠎ᠠ᠎ᠶ᠋ᠢ 35 ᠭᠤᠣᠯᠳᠠᠯᠭ᠎ᠠ ᠲᠠᠢ ᠰᠡᠳᠦᠪ᠎ᠤᠨ ᠰᠤᠳᠤᠯᠭᠠᠨ ᠬᠢᠯᠭᠡᠬᠦ᠌᠎ᠪᠠᠷ ᠪᠠᠢᠷᠢᠯᠠᠭᠤᠯᠪᠠ᠃ 4 ᠰᠠᠷ᠎ᠠ᠎ᠶ᠋ᠢᠨ 30 ᠤ ᠡᠳᠦᠷ᠂ ᠪᠢ ᠱᠠᠩᠬᠠᠶ᠎ᠳᠤ ᠬᠡᠰᠡᠭ ᠮᠤᠵᠢ ᠣᠷᠣᠨ ᠬᠤᠳᠠ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠲᠤᠬᠠᠢ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠪᠠ᠃ ᠡᠭᠦᠨ᠎ᠤ ᠲᠠᠷᠠᠭ᠎ᠠ᠂ ᠯᠢ ᠴᠢᠶᠠᠩ ᠨᠥᠬᠦᠷ᠎ᠲᠤ ᠨᠠᠢᠲᠠᠨ ᠠᠵᠤ ᠠᠬᠤᠶ᠎ᠶ᠋ᠢᠨ ᠡᠲᠡᠭᠡᠳ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠡᠲᠡᠭᠡᠳ᠂ ᠦᠨᠳᠦᠰᠦᠨ ᠱᠠᠲᠤᠨ᠎ᠤ ᠲᠥᠯᠥᠭᠡᠯᠡᠭ᠌ᠴᠢᠳ᠎ᠤᠨ 3 ᠤᠳᠠᠭᠠᠨ᠎ᠤ ᠶᠠᠷᠢᠯᠴᠠᠬᠤ ᠬᠤᠷᠠᠯ᠎ᠢ ᠤᠷᠢᠳ ᠬᠤᠵᠢᠳ ᠬᠤᠷᠠᠯᠳᠤᠭᠤᠯᠪᠠ᠃ ᠪᠢᠳᠡ ᠪᠠᠰᠠ ᠰᠦᠯᠵᠢᠶᠡᠨ ᠳᠡᠭᠡᠷ᠎ᠡ ᠰᠠᠨᠠᠯ ᠬᠤᠷᠢᠶᠠᠬᠤ ᠠᠵᠢᠯᠯᠠᠭ᠎ᠠ ᠥᠷᠨᠢᠭᠦᠯᠵᠦ᠍᠂ 300 ᠭᠠᠷᠤᠶ ᠲᠦᠮᠡᠨ ᠵᠤᠷᠪᠤᠰ ᠦᠯᠡᠳᠡᠬᠡᠭ᠌ᠰᠡᠨ ᠦᠬᠡ᠎ᠶ᠋ᠢ ᠬᠤᠷᠢᠶᠠᠨ ᠤᠯᠵᠤ᠂ ᠬᠤᠯᠪᠣᠭ᠍ᠳᠠᠯ ᠪᠦᠬᠦᠢ ᠲᠠᠯ᠎ᠠ᠎ᠶ᠋ᠢᠨ ᠬᠢᠨ ᠳᠤᠮᠳᠠ᠎ᠠᠴᠠ ᠨᠢ 1500 ᠭᠠᠷᠤᠶ ᠵᠤᠷᠪᠤᠰ ᠰᠠᠨᠠᠭᠤᠯᠭ᠎ᠠ᠎ᠶ᠋ᠢ ᠡᠮᠬᠢᠳᠭᠡᠨ ᠭᠠᠷᠭᠠᠪᠠ᠃ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ ᠳᠡᠭᠡᠷ᠎ᠡ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢᠨ ᠠᠰᠠᠭᠤᠳᠠᠯ᠎ᠢ ᠭᠤᠤᠯᠳᠠᠯᠭ᠎ᠠ ᠲᠠᠢ ᠰᠤᠳᠤᠯᠬᠤ᠎ᠨᠢ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠤᠳᠤᠷᠢᠳᠤᠮᠵᠢ᠎ᠶ᠋ᠢᠨ ᠦᠢᠯᠡᠳᠦᠯ᠎ᠢ ᠨᠡᠩ ᠰᠠᠢᠨ ᠪᠠᠳᠠᠷᠠᠭᠤᠯᠵᠦ᠍᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠵᠦ᠍ ᠡᠷᠡᠯᠬᠡᠭ᠌ᠯᠡᠨ ᠲᠡᠮᠡᠴᠡᠬᠦ᠌ ᠰᠦᠷ ᠳᠠᠯᠠᠢᠴᠠᠲᠠᠶ ᠬᠦᠴᠦᠨ ᠴᠢᠳᠠᠯ᠎ᠢ ᠤᠯᠠᠮ ᠨᠢᠭᠡ ᠠᠯᠬᠤᠮ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠳᠡᠨ᠎ᠤ ᠰᠡᠷᠭᠦᠨ ᠮᠠᠨᠳᠤᠯᠳᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠴᠢᠬᠤᠯᠠ ᠠᠴᠢ ᠬᠤᠯᠪᠣᠭ᠍ᠳᠠᠯ ᠲᠠᠢ ᠭᠡᠵᠦ᠍ ᠡᠯ᠎ᠡ ᠲᠠᠯ᠎ᠠ᠎ᠶ᠋ᠢᠨ ᠬᠢᠨ ᠨᠡᠢᠳᠡᠮ ᠦᠵᠡᠵᠦ᠍ ᠪᠠᠢᠨ᠎ᠠ᠃ ᠶᠡᠷᠦᠩᠬᠡᠢᠯᠡᠨ ᠮᠠᠭᠠᠳᠯᠠᠪᠠᠯ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭ᠌ᠵᠢᠯᠲᠡ᠎ᠳᠤ ᠲᠤᠯᠭᠠᠷᠠᠬᠤ ᠪᠠᠢᠯᠳᠤᠬᠤ ᠪᠤᠳᠤᠯᠭ᠎ᠠ᠎ᠶ᠋ᠢᠨ ᠲᠣᠬᠢᠶᠠᠯ ᠪᠠ ᠲᠦᠭ᠌ᠰᠢᠭᠦᠷᠢ ᠱᠢᠯᠭᠠᠯᠲᠠ ᠵᠡᠷᠭᠡ᠎ᠪᠠᠷ ᠣᠷᠣᠱᠢᠵᠤ᠂ ᠮᠠᠭᠠᠳ ᠪᠤᠰᠤ ᠪᠠ ᠲᠥᠰᠦᠭᠡᠯᠡᠬᠦᠶ᠎ᠡ ᠪᠡᠷᠬᠡ ᠬᠦᠴᠦᠨ ᠵᠦᠢᠯ᠎ᠤᠳ ᠨᠡᠮᠡᠭ᠌ᠳᠡᠬᠦ᠌ ᠪᠤᠯᠪᠠᠴᠤ᠌ ᠮᠠᠨ᠎ᠤ ᠤᠯᠤᠰ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ ᠤᠷᠳᠤ ᠬᠤᠭᠤᠴᠠᠭ᠎ᠠ᠎ᠪᠠᠷ ᠰᠠᠢᠵᠢᠷᠠᠬᠤ᠎ᠶ᠋ᠢᠨ ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭ᠎ᠠ ᠦᠭᠡᠢ ᠶᠤᠮ᠃ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠶᠡᠷᠦᠩᠬᠡᠶ ᠰᠡᠳᠭᠢᠮᠵᠢ᠂ ᠴᠢᠬᠤᠯᠠ ᠵᠠᠷᠴᠢᠮ᠂ ᠭᠤᠤᠯ ᠭᠤᠤᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠪᠣᠯᠤᠨ ᠴᠢᠬᠤᠯᠠ ᠶᠡᠭᠡ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠵᠤ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠤ ᠨᠡᠩ ᠪᠠᠲᠤ ᠪᠠᠬᠢ ᠰᠠᠭᠤᠷᠢ᠎ᠶ᠋ᠢ ᠲᠠᠯᠪᠢᠵᠦ᠍ ᠦᠭ᠌ᠬᠦ᠎ᠶ᠋ᠢ ᠡᠯ᠎ᠡ ᠲᠠᠯ᠎ᠠ᠎ᠶ᠋ᠢᠨ ᠬᠢᠨ ᠨᠡᠢᠳᠡᠮ ᠬᠦᠰᠡᠵᠦ᠍ ᠪᠠᠢᠨ᠎ᠠ᠃
8 ᠰᠠᠷ᠎ᠠ᠎ᠶ᠋ᠢᠨ 4᠎ᠤ ᠡᠳᠦᠷ᠂ 《ᠰᠠᠨᠠᠭᠤᠯᠭ᠎ᠠ》᠎ᠶ᠋ᠢᠨ ᠨᠣᠣᠷᠠᠭ᠎ᠢ ᠨᠠᠮ᠎ᠤᠨ ᠳᠣᠲᠣᠭᠠᠳᠤ᠎ᠶ᠋ᠢᠨ ᠬᠡᠰᠡᠭ ᠠᠬᠠᠮᠠᠳ ᠨᠥᠬᠦᠳ᠎ᠢ ᠪᠠᠭ᠍ᠲᠠᠭᠠᠭ᠍ᠰᠠᠨ ᠨᠠᠮ᠎ᠤᠨ ᠳᠣᠲᠣᠭᠠᠳᠤ᠎ᠶ᠋ᠢᠨ ᠵᠣᠬᠢᠬᠤ ᠬᠡᠪᠴᠢᠶᠡᠨ᠎ᠳᠤ ᠳᠤᠷᠤᠭ᠍ᠰᠢ ᠲᠠᠷᠬᠠᠭᠠᠵᠤ ᠰᠠᠨᠠᠯ ᠬᠤᠷᠢᠶᠠᠭ᠍ᠰᠠᠨ ᠪᠦᠭᠡᠳ ᠪᠠᠰᠠ ᠡᠯ᠎ᠡ ᠠᠷᠠᠳᠴᠢᠯᠠᠭ᠍ᠰᠠᠨ ᠨᠠᠮ ᠪᠦᠯᠦᠭ᠎ᠤᠨ ᠲᠥᠪ ᠬᠤᠷᠢᠶ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠴᠢᠳ᠎ᠤᠨ ᠬᠤᠯᠪᠣᠭᠠᠲᠤ ᠬᠤᠷᠠᠯ᠎ᠤᠨ ᠬᠠᠷᠢᠭᠤᠴᠠᠯᠭᠠᠲᠠᠨ ᠪᠠ ᠨᠠᠮ ᠪᠦᠯᠦᠭ᠎ᠤᠨ ᠪᠤᠰᠤ ᠬᠥᠮᠦᠰ᠎ᠤᠨ ᠲᠥᠯᠥᠭᠡᠯᠡᠭ᠌ᠴᠢᠳ᠎ᠤᠨ ᠰᠠᠨᠠᠯ᠎ᠢ ᠲᠤᠰᠭᠠᠢᠯᠠᠨ ᠰᠤᠨᠤᠰᠪᠠ᠃ ᠰᠠᠨᠠᠯ ᠬᠤᠷᠢᠶᠠᠭ᠍ᠰᠠᠨ ᠪᠠᠢᠳᠠᠯ᠎ᠠᠴᠠ ᠦᠵᠡᠪᠡᠯ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠬᠢᠨ 《ᠰᠠᠨᠠᠭᠤᠯᠭ᠎ᠠ》᠎ᠶ᠋ᠢᠨ ᠨᠣᠤᠷᠠᠭ᠎ᠢ ᠭᠦᠢᠴᠡᠳ ᠨᠤᠲᠠᠯᠠᠪᠠ᠃ 《ᠰᠠᠨᠠᠭᠤᠯᠭ᠎ᠠ》᠎ᠶ᠋ᠢᠨ ᠨᠣᠣᠷᠠᠭ ᠨᠢ ᠠᠷᠪᠠᠨ ᠲᠠᠪᠤᠳᠤᠭᠠᠷ ᠲᠠᠪᠤᠨ ᠵᠢᠯ᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠠᠬᠢ ᠨᠠᠮ ᠪᠠ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠲᠡᠤᠬᠡᠨ ᠣᠷᠣᠨ ᠪᠠᠢᠷᠢ᠎ᠶ᠋ᠢ ᠣᠨᠣᠪᠴᠢᠲᠠᠶ ᠡᠵᠡᠮᠱᠢᠨ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠷᠴᠢᠨ ᠨᠦᠬᠦᠴᠡᠯ᠎ᠳᠤ ᠲᠤᠯᠭᠠᠷᠠᠵᠤ ᠪᠠᠢᠭ᠎ᠠ ᠬᠦᠨᠵᠡᠭᠡᠢ ᠪᠦᠭᠡᠳ ᠪᠤᠳᠤᠯᠢᠶᠠᠨᠲᠠᠶ ᠬᠤᠪᠢᠷᠠᠯᠲᠠ᠎ᠶ᠋ᠢ ᠭᠦᠨᠵᠡᠭᠡᠶ ᠵᠠᠳᠠᠯᠵᠦ᠍᠂ ᠢᠷᠡᠭᠡᠳᠦᠶ᠎ᠶ᠋ᠢᠨ 5 ᠵᠢᠯ᠎ᠤᠨ ᠬᠥᠭ᠌ᠵᠢᠯᠲᠡ᠎ᠳᠤ ᠣᠷᠣᠢ᠎ᠶ᠋ᠢᠨ ᠳᠠᠪᠬᠤᠷᠭ᠎ᠠ᠎ᠶ᠋ᠢᠨ ᠵᠢᠷᠤᠭ ᠲᠥᠯᠥᠪᠯᠡᠭᠡ ᠪᠠ ᠪᠠᠢᠯᠳᠤᠬᠤ ᠪᠣᠳᠣᠯᠭ᠎ᠠ᠎ᠶ᠋ᠢᠨ ᠲᠦᠯᠦᠪᠯᠡᠭᠡ ᠬᠢᠵᠦ᠍᠂ ᠵᠢᠯᠣᠭᠤᠳᠭᠤ ᠴᠢᠭ᠌ᠯᠡᠯᠲᠡ ᠨᠢ ᠱᠢᠨᠵᠢᠯᠡᠬᠦ᠌ ᠤᠬᠠᠭᠠᠨᠴᠢ ᠨᠠᠷᠢᠯᠢᠭ ᠤᠨᠤᠴᠠᠲᠠᠢ᠂ ᠭᠤᠤᠯ ᠭᠤᠣᠯ ᠬᠠᠷᠠᠯᠲᠠ ᠨᠢ ᠲᠣᠳᠣᠷᠬᠠᠶ᠂ ᠡᠭᠦᠷᠭᠡ ᠪᠠ ᠠᠷᠭ᠎ᠠ ᠬᠡᠮᠵᠢᠶ᠎ᠡ ᠨᠢ ᠦᠨᠡᠨ᠎ᠢ ᠪᠠᠷᠢᠮᠲᠠᠯᠠᠨ ᠪᠤᠳᠠᠲᠠᠢ᠎ᠶ᠋ᠢ ᠡᠷᠬᠢᠮᠯᠡᠭ᠌ᠰᠡᠨ ᠪᠠᠢᠵᠤ᠂ ᠢᠯᠠᠯᠲᠠ᠎ᠶ᠋ᠢᠨ ᠡᠷᠴᠢᠨ ᠳᠡᠭᠡᠷ᠎ᠡ᠎ᠪᠠᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢ ᠦᠷᠬᠦᠯᠵᠢᠯᠡᠨ ᠠᠬᠢᠭᠤᠯᠬᠤ ᠪᠠᠰᠠ ᠨᠢᠭᠡ ᠤᠳᠠᠭᠠᠨ᠎ᠤ ᠶᠡᠷᠦᠩᠬᠡᠶ ᠳᠠᠢᠴᠢᠯᠠᠯᠲᠠ ᠪᠠ ᠶᠡᠷᠦᠩᠬᠡᠶ ᠪᠠᠢᠷᠢᠯᠠᠭᠤᠯᠤᠯᠲᠠ ᠪᠣᠯᠤᠨ᠎ᠠ᠂ ᠲᠡᠷᠡ ᠨᠢ ᠠᠵᠤ ᠠᠬᠤᠶ ᠲᠦᠷᠭᠡᠨ ᠬᠥᠭ᠌ᠵᠢᠭ᠌ᠰᠡᠨ ᠪᠠ ᠨᠡᠢᠭᠡᠮ ᠤᠷᠲᠤ ᠬᠤᠭᠤᠴᠠᠭ᠎ᠠ᠎ᠪᠠᠷ ᠲᠣᠭ᠍ᠲᠠᠭᠤᠨ ᠪᠠᠢᠬᠤ ᠬᠤᠶᠠᠷ ᠶᠡᠭᠡ ᠭᠠᠢᠬᠠᠮᠱᠢᠭ᠎ᠤᠨ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠳᠦᠬᠡᠨ ᠪᠠᠢᠭᠤᠯᠤᠯᠳᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠲᠡᠦᠬᠡᠨ ᠰᠠᠨᠠᠭᠠᠴᠢᠯᠠᠭ᠎ᠠ᠎ᠶ᠋ᠢ ᠢᠯᠡᠷᠡᠭᠦᠯᠵᠦ᠍᠂ ᠯᠠᠪᠲᠠᠢ ᠨᠠᠮ ᠪᠠ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠎ᠳᠤ ᠴᠢᠬᠤᠯᠠ ᠶᠡᠭᠡ ᠪᠥᠭᠡᠳ ᠠᠯᠤᠰ ᠬᠡᠲᠦ᠍᠎ᠶ᠋ᠢᠨ ᠨᠥᠯᠥᠭᠡ ᠦᠵᠡᠭᠦᠯᠬᠦ᠌ ᠶᠤᠮ ᠭᠡᠵᠦ᠍ ᠣᠯᠠᠨ᠎ᠢᠶᠠᠷ᠎ᠢᠶᠠᠨ ᠰᠠᠨᠠᠯ ᠨᠢᠭᠡᠲᠡᠢ ᠦᠵᠡᠭ᠌ᠰᠡᠨ ᠪᠠᠢᠨ᠎ᠠ᠃ ᠡᠭᠦᠨ᠎ᠤ ᠬᠠᠮᠲᠤ᠌᠂ ᠡᠯ᠎ᠡ ᠲᠠᠯ᠎ᠠ᠎ᠶ᠋ᠢᠨ ᠬᠢᠨ ᠮᠠᠰᠢ ᠤᠯᠠᠨ ᠰᠠᠢᠨ ᠰᠠᠨᠠᠯ ᠰᠠᠨᠠᠭᠤᠯᠭ᠎ᠠ ᠳᠤᠷᠠᠳᠪᠠ᠃ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠢᠯᠠᠩ ᠵᠤᠷᠪᠤᠰ ᠳᠠᠷᠠᠭᠠᠯᠠᠨ ᠵᠠᠳᠠᠯᠤᠭᠠᠳ᠂ ᠱᠢᠩᠭᠡᠭᠡᠨ ᠠᠪᠴᠤ᠌ ᠪᠣᠯᠬᠤ᠎ᠶ᠋ᠢ ᠨᠢ ᠠᠯᠢ ᠴᠢᠳᠠᠬᠤ᠎ᠪᠠᠷ ᠱᠢᠩᠭᠡᠭᠡᠨ ᠠᠪᠴᠤ᠌᠂ 《ᠰᠠᠨᠠᠭᠤᠯᠭ᠎ᠠ》᠎ᠶ᠋ᠢᠨ ᠨᠤᠤᠷᠠᠭ᠎ᠲᠤ ᠨᠡᠮᠡᠭ᠌ᠰᠡᠨ᠂ ᠵᠠᠰᠠᠬ᠍ᠰᠠᠨ᠂ ᠦᠭᠡ ᠦᠰᠦᠭ᠎ᠢ ᠴᠣᠮᠬᠠᠳᠭᠠᠬ᠍ᠰᠠᠨ ᠵᠦᠢᠯ ᠨᠡᠢᠲᠡ 218 ᠭᠠᠵᠠᠷ ᠪᠠᠢᠵᠤ᠂ ᠡᠯ᠎ᠡ ᠲᠠᠯ᠎ᠠ᠎ᠶ᠋ᠢᠨ ᠬᠢᠨ᠎ᠤ 452 ᠵᠣᠷᠪᠤᠰ ᠰᠠᠨᠠᠯ ᠰᠠᠨᠠᠭᠤᠯᠭ᠎ᠠ᠎ᠶ᠋ᠢ ᠬᠠᠮᠤᠷᠪᠠ᠃
《ᠰᠠᠨᠠᠭᠤᠯᠭ᠎ᠠ》᠎ᠶ᠋ᠢᠨ ᠨᠣᠣᠷᠠᠭ᠎ᠢ ᠲᠤᠭᠤᠷᠪᠢᠬᠤ ᠬᠤᠭᠤᠴᠠᠭᠠᠨ᠎ᠳᠤ᠂ ᠲᠥᠪ ᠬᠤᠷᠢᠶᠠᠨ᠎ᠤ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠬᠤᠷᠢᠶ᠎ᠠ 3 ᠤᠳᠠᠭ᠎ᠠ ᠬᠤᠷᠠᠯ ᠬᠤᠷᠠᠯᠳᠤᠭᠤᠯᠤᠭ᠍ᠰᠠᠨ ᠪᠠ ᠲᠥᠪ ᠬᠤᠷᠢᠶᠠᠨ᠎ᠤ ᠤᠯᠤᠰ ᠲᠦᠷᠦ᠍᠎ᠶ᠋ᠢᠨ ᠲᠣᠪᠴᠢᠶ᠎ᠠ 2 ᠤᠳᠠᠭ᠎ᠠ ᠬᠤᠷᠠᠯ ᠬᠤᠷᠠᠯᠳᠤᠭᠤᠯᠤᠨ ᠬᠢᠨᠠᠨ ᠶᠠᠷᠢᠯᠴᠠᠵᠤ᠂ ᠵᠠᠰᠠᠪᠤᠷᠢ ᠣᠷᠣᠭᠤᠯᠤᠭᠠᠳ᠂ ᠡᠨᠡ ᠤᠳᠠᠭᠠᠨ᠎ᠤ ᠪᠥᠬᠦᠳᠡ ᠬᠤᠷᠠᠯ᠎ᠳᠤ ᠳᠡᠪᠱᠢᠭᠦᠯᠵᠦ᠍ ᠬᠢᠨᠠᠨ ᠶᠠᠷᠢᠯᠴᠠᠭᠤᠯᠬᠤ 《ᠰᠠᠨᠠᠭᠤᠯᠭ᠎ᠠ》᠎ᠶᠢᠨ ᠨᠤᠤᠷᠠᠭ᠎ᠢ ᠪᠦᠷᠢᠯᠳᠦᠭᠦᠯᠪᠡ᠃
ᠡᠨᠡ ᠤᠳᠠᠭᠠᠨ᠎ᠤ ᠪᠢᠴᠢᠭ ᠮᠠᠲ᠋ᠧᠷᠢᠶᠠᠯ ᠲᠤᠭᠤᠷᠪᠢᠬᠤ ᠠᠵᠢᠯ ᠪᠤᠯ ᠨᠠᠮ᠎ᠤᠨ ᠳᠣᠲᠣᠭᠠᠳᠤ᠎ᠶ᠋ᠢᠨ ᠠᠷᠠᠳᠴᠢᠯᠠᠯ ᠪᠠ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠠᠳᠠᠷᠠᠭᠤᠯᠤᠭ᠍ᠰᠠᠨ ᠪᠠᠰᠠ ᠨᠢᠭᠡ ᠤᠳᠠᠭᠠᠨ᠎ᠤ ᠠᠮᠢᠳᠤᠯᠢᠭ ᠦᠢᠯᠡᠳᠦᠯᠭᠡ ᠮᠥᠨ ᠭᠡᠵᠦ᠍ ᠬᠡᠯᠡᠵᠦ᠍ ᠪᠣᠯᠤᠨ᠎ᠠ᠃
ᠬᠤᠶᠠᠷ᠂ 《ᠰᠠᠨᠠᠭᠤᠯᠭ᠎ᠠ》᠎ᠶ᠋ᠢᠨ ᠨᠤᠤᠷᠠᠭ᠎ᠢ ᠲᠤᠭᠤᠷᠪᠢᠭ᠍ᠰᠠᠨ ᠭᠤᠣᠯ ᠪᠣᠳᠣᠯᠬᠢᠯᠠᠯ ᠪᠠ 《ᠰᠠᠨᠠᠭᠤᠯᠭ᠎ᠠ》᠎ᠶ᠋ᠢᠨ ᠨᠤᠤᠷᠠᠬ᠎ᠤᠨ ᠦᠨᠳᠦᠰᠦᠨ ᠠᠭᠤᠯᠭ᠎ᠠ
《ᠰᠠᠨᠠᠭᠤᠯᠭ᠎ᠠ》᠎ᠶ᠋ᠢᠨ ᠨᠣᠣᠷᠠᠭ᠎ᠢ ᠲᠤᠭᠤᠷᠪᠢᠭ᠍ᠰᠠᠨ ᠶᠡᠷᠦᠩᠬᠡᠢ ᠪᠣᠳᠣᠯᠬᠢᠯᠠᠯ ᠬᠡᠪᠡᠯ᠂ ᠨᠠᠮ᠎ᠤᠨ ᠬᠤᠷᠢᠳᠤᠭᠠᠷ ᠶᠡᠭᠡ ᠬᠤᠷᠠᠯ᠎ᠠᠴᠠ ᠭᠠᠷᠭᠠᠭ᠍ᠰᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠥᠲᠦᠭᠡᠬᠦ᠌ 《ᠬᠤᠶᠠᠷ ᠠᠯᠬᠤᠮ᠎ᠢᠶᠠᠷ ᠶᠠᠪᠤᠬᠤ》 ᠪᠠᠢᠯᠳᠤᠬᠤ ᠪᠣᠳᠣᠯᠭ᠎ᠠ᠎ᠶ᠋ᠢᠨ ᠲᠣᠬᠢᠷᠠᠭᠤᠯᠤᠯᠲᠠ ᠶᠣᠰᠣᠭᠠᠷ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠠᠬᠢᠴᠠ᠎ᠳᠠᠬᠢ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ᠎ᠶ᠋ᠢᠨ ᠴᠢᠬᠤᠯᠠ ᠪᠠᠢᠷᠢ ᠰᠠᠭᠤᠷᠢ᠎ᠶ᠋ᠢ ᠣᠨᠣᠪᠴᠢᠲᠠᠶ ᠡᠵᠡᠮᠳᠡᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠢ ᠭᠦᠨᠵᠡᠭᠡᠶ ᠵᠠᠳᠠᠯᠤᠭᠠᠳ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠲᠤᠬᠠᠢ ᠱᠢᠰᠲ᠋ᠧᠮ᠎ᠲᠠᠢ᠎ᠪᠠᠷ ᠤᠬᠠᠭᠠᠯᠠᠨ ᠲᠥᠯᠥᠪᠯᠡᠬᠦ᠌ ᠪᠠ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠨ᠎ᠠ᠃
《ᠰᠠᠨᠠᠭᠤᠯᠭ᠎ᠠ》᠎ᠶ᠋ᠢᠨ ᠨᠤᠤᠷᠠᠭ᠎ᠢ ᠲᠤᠭᠤᠷᠪᠢᠬᠤ ᠶᠠᠪᠤᠴᠠ᠎ᠳᠤ ᠪᠢᠳᠡ ᠳᠣᠣᠷᠠᠬᠢ ᠬᠡᠳᠦᠨ ᠵᠦᠢᠯ᠎ᠢ ᠠᠩᠬᠠᠷᠤᠨ ᠡᠵᠡᠮᠱᠢᠪᠡ᠃ ᠨᠢᠭᠡ᠎ᠳᠤ ᠬᠠᠷᠠᠯᠲᠠ᠎ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠰᠠᠭᠤᠷᠢ᠎ᠶ᠋ᠢ ᠪᠠᠬᠢᠵᠢᠭᠦᠯᠬᠦ᠂ ᠪᠦᠬᠦ᠌ ᠲᠠᠯ᠎ᠠ᠎ᠪᠠᠷ ᠬᠦᠴᠦᠯᠡᠬᠦ᠌ ᠦᠨᠳᠦᠰᠦᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠬᠠᠷᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠤ ᠨᠡᠩ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠬᠦ᠎ᠪᠠᠷ ᠠᠩᠬᠠᠷᠤᠯ᠎ᠤᠨ ᠴᠡᠭ ᠪᠣᠯᠭᠠᠨ ᠱᠢᠰᠲ᠋ᠧᠮ᠎ᠲᠠᠢ᠎ᠪᠠᠷ ᠤᠬᠠᠭᠠᠯᠠᠨ ᠲᠥᠯᠥᠪᠯᠡᠵᠦ᠍᠂ ᠳᠡᠯᠡᠬᠡᠶ᠎ᠶ᠋ᠢᠨ ᠵᠠᠭᠤᠨ ᠵᠢᠯ᠎ᠤᠨ ᠬᠤᠪᠢᠰᠤᠯᠲᠠ᠎ᠶ᠋ᠢᠨ ᠱᠢᠨ᠎ᠡ ᠪᠠᠢᠳᠠᠯ ᠪᠠ ᠬᠥᠭ᠌ᠵᠢᠯᠲᠡ᠎ᠶ᠋ᠢᠨ ᠳᠤᠮᠳᠠᠬᠢ ᠲᠤᠪᠤᠢᠮ᠎ᠠ ᠠᠰᠠᠭᠤᠳᠠᠯ᠎ᠢ ᠬᠦᠴᠦᠲᠡᠶ ᠡᠮᠬᠢ ᠵᠢᠷᠤᠮ ᠲᠠᠢ ᠪᠦᠲᠦᠮᠵᠢᠲᠡᠶ ᠠᠷᠭᠠᠴᠠᠬᠤ᠎ᠪᠠᠷ ᠬᠦᠴᠦᠯᠡᠬᠦ᠌ ᠴᠡᠭ ᠪᠣᠯᠭᠠᠨ ᠳᠤᠲᠠᠭᠤᠳᠠᠯ᠎ᠢ ᠨᠥᠬᠦᠪᠥᠷᠢᠯᠡᠨ᠂ ᠪᠠᠭᠤᠷᠠᠶ ᠲᠠᠯ᠎ᠠ᠎ᠶ᠋ᠢ ᠬᠦᠴᠦᠷᠬᠡᠭ᠌ᠵᠢᠭᠦᠯᠦᠨ᠎ᠡ᠃ ᠬᠤᠶᠠᠷ᠎ᠲᠤ ᠱᠢᠰᠲ᠋ᠧᠮᠲᠦ ᠰᠡᠳᠭᠢᠬᠦᠢ᠎ᠶ᠋ᠢ ᠪᠠᠷᠢᠮᠲᠠᠯᠠᠵᠤ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠶ ᠪᠠᠢᠷᠢᠯᠠᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠬᠤ᠂ 《ᠳᠦᠷᠪᠡᠨ ᠪᠦᠬᠦ᠌ ᠲᠠᠯ᠎ᠠ》᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠵᠣᠬᠢᠴᠠᠩᠭᠤᠢ᠎ᠪᠠᠷ ᠠᠬᠢᠭᠤᠯᠬᠤ ᠱᠠᠭᠠᠷᠳᠠᠯᠭ᠎ᠠ ᠶᠣᠰᠣᠭᠠᠷ᠂ ᠠᠵᠤ ᠠᠬᠤᠶ ᠨᠡᠢᠭᠡᠮ᠎ᠤᠨ ᠬᠥᠭ᠌ᠵᠢᠯᠲᠡ ᠪᠠ ᠨᠠᠮ᠎ᠤᠨ ᠪᠠᠢᠭᠤᠯᠤᠯᠲᠠ᠎ᠶ᠋ᠢᠨ ᠡᠯ᠎ᠡ ᠲᠠᠯ᠎ᠠ᠎ᠶ᠋ᠢᠨ ᠠᠵᠢᠯ᠎ᠢ ᠪᠦᠬᠦ᠌ ᠲᠠᠯ᠎ᠠ᠎ᠪᠠᠷ ᠪᠠᠢᠷᠢᠯᠠᠭᠤᠯᠤᠨ᠎ᠠ᠃ ᠭᠤᠷᠪᠠ᠎ᠳᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠵᠤ᠂ ᠥᠭᠡᠷᠡᠴᠢᠯᠡᠯᠲᠡ᠎ᠶ᠋ᠢᠨ ᠠᠷᠭ᠎ᠠ᠎ᠶ᠋ᠢ ᠬᠡᠷᠡᠭ᠌ᠯᠡᠨ ᠬᠥᠭ᠌ᠵᠢᠯᠲᠡ᠎ᠶ᠋ᠢᠨ ᠪᠡᠷᠬᠡ ᠰᠡᠳᠦᠪ᠎ᠢ ᠱᠢᠢᠳᠪᠦᠷᠢᠯᠡᠬᠦ᠌᠎ᠶ᠋ᠢ ᠴᠢᠬᠤᠯᠠᠴᠢᠯᠠᠵᠤ᠂ ᠬᠥᠭ᠌ᠵᠢᠯᠲᠡ᠎ᠳᠤ ᠬᠥᠳᠡᠯᠭᠡᠭ᠌ᠴᠢ ᠬᠦᠴᠦᠨ ᠨᠡᠮᠡᠷᠢᠯᠡᠵᠦ᠍᠂ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃ ᠲᠦᠷᠪᠡ᠎ᠳᠤ ᠭᠠᠳᠠᠭᠠᠳᠤ ᠨᠡᠭᠡᠭᠡᠯᠳᠡ᠎ᠶ᠋ᠢ ᠥᠷᠭᠡᠳᠭᠡᠬᠦ᠌᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢ ᠥᠪᠡᠷ᠎ᠤᠨ ᠬᠦᠴᠦᠨ᠎ᠳᠡᠭᠡᠨ ᠰᠠᠭᠤᠷᠢᠯᠠᠭᠤᠯᠬᠤ ᠮᠥᠷᠲᠡᠭᠡᠨ ᠪᠠᠰᠠ ᠪᠦᠬᠦ᠌ ᠪᠥᠮᠪᠥᠷᠴᠡᠭ᠎ᠤᠨ ᠡᠯᠧᠮᠧᠨ᠋ᠲ ᠪᠠ ᠵᠠᠬ᠎ᠠ ᠳᠡᠯᠭᠡᠭᠦᠷ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠰᠠᠢᠲᠤᠷ ᠬᠡᠷᠡᠭ᠌ᠯᠡᠨ᠎ᠡ᠃
《ᠰᠠᠨᠠᠭᠤᠯᠭ᠎ᠠ》᠎ᠶ᠋ᠢᠨ ᠨᠤᠤᠷᠠᠬ ᠨᠢ 15 ᠪᠥᠯᠥᠭ᠂ ᠭᠤᠷᠪᠠᠨ ᠶᠡᠭᠡ ᠬᠡᠰᠡᠭ᠎ᠢᠶᠠᠷ ᠪᠦᠷᠢᠯᠳᠦᠪᠡ᠃ ᠨᠢᠭᠡᠳᠦᠭᠡᠷ ᠶᠡᠭᠡ ᠬᠡᠰᠡᠭ ᠨᠢ ᠶᠡᠷᠦᠩᠬᠡᠶ ᠥᠭᠦᠯᠡᠯ ᠪᠣᠯᠣᠨ᠎ᠠ᠂ ᠡᠭᠦᠨ᠎ᠳᠤ ᠨᠢᠭᠡᠳᠦᠭᠡᠷ ᠪᠦᠯᠦᠭ᠂ ᠬᠤᠶᠠᠳᠤᠭᠠᠷ ᠪᠥᠯᠥᠭ ᠬᠡᠬᠦ᠌ 2 ᠪᠦᠯᠦᠭ᠎ᠢ ᠪᠠᠭ᠍ᠲᠠᠭᠠᠵᠤ᠂ ᠭᠤᠣᠯᠳᠠᠭᠤ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭ᠌ᠵᠢᠯᠲᠡ ᠴᠢᠬᠤᠯᠠ ᠶᠡᠭᠡ ᠠᠮᠵᠢᠯᠲᠠ ᠪᠦᠲᠦᠮᠵᠢ ᠣᠯᠣᠭ᠍ᠰᠠᠨ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ ᠨᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠠᠬᠢᠴᠠ ᠳᠤᠮᠳᠠ ᠤᠷᠢᠳᠤᠬᠢ᠎ᠶ᠋ᠢ ᠵᠠᠯᠭᠠᠮᠵᠢᠯᠠᠨ ᠢᠷᠡᠭᠡᠳᠦᠢ᠎ᠶ᠋ᠢ ᠨᠡᠭᠡᠭᠡᠬᠦ᠌ ᠴᠢᠬᠤᠯᠠ ᠪᠠᠢᠷᠢ ᠰᠠᠭᠤᠷᠢ ᠲᠠᠢ ᠪᠠᠢᠬᠤ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠷᠴᠢᠨ ᠨᠥᠬᠦᠴᠡᠯ᠎ᠳᠤ ᠭᠦᠨᠵᠡᠭᠡᠶ ᠪᠥᠭᠡᠳ ᠪᠤᠳᠤᠯᠢᠶᠠᠨᠲᠠᠶ ᠬᠤᠪᠢᠷᠠᠯᠲᠠ ᠲᠤᠯᠭᠠᠷᠠᠬᠤ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠵᠢᠯᠣᠭᠤᠳᠭᠤ ᠦᠵᠡᠯ ᠰᠠᠨᠠᠭ᠎ᠠ᠂ ᠵᠢᠷᠤᠮᠯᠠᠬᠤ ᠵᠠᠷᠴᠢᠮ ᠪᠠ ᠭᠤᠤᠯ ᠭᠤᠣᠯ ᠬᠠᠷᠠᠯᠲᠠ ᠵᠡᠷᠭᠡ ᠠᠭᠤᠯᠭ᠎ᠠ᠎ᠶ᠋ᠢ ᠲᠣᠳᠣᠷᠬᠠᠢ᠌ᠯᠠᠨ ᠦᠭᠦᠯᠡᠪᠡ᠃ ᠬᠤᠶᠠᠳᠤᠭᠠᠷ ᠶᠡᠭᠡ ᠬᠡᠰᠡᠭ ᠨᠢ ᠬᠤᠪᠢᠶᠠᠷᠢ ᠦᠭᠦᠯᠡᠯ ᠪᠣᠯᠣᠨ᠎ᠠ᠂ ᠡᠭᠦᠨ᠎ᠳᠤ ᠭᠤᠷᠪᠠᠳᠤᠭᠠᠷ ᠪᠥᠯᠥᠭ᠎ᠠᠴᠠ ᠠᠷᠪᠠᠨ ᠳᠥᠷᠪᠡᠳᠦᠭᠡᠷ ᠪᠥᠯᠥᠭ ᠬᠦᠷᠲᠡᠯᠡᠬᠢ 12 ᠪᠥᠯᠥᠭ᠎ᠢ ᠪᠠᠭ᠍ᠲᠠᠭᠠᠵᠤ᠂ ᠭᠤᠣᠯᠳᠠᠭᠤ ᠪᠦᠬᠦ᠌ ᠲᠠᠯ᠎ᠠ ᠪᠠ ᠠᠯᠤᠰ ᠬᠡᠳᠦ᠍ᠳᠤ ᠬᠤᠯᠪᠣᠭ᠍ᠳᠠᠬᠤ ᠭᠤᠣᠯᠳᠠᠯᠭ᠎ᠠ ᠲᠠᠢ ᠠᠰᠠᠭᠤᠳᠠᠯ᠎ᠢ ᠬᠠᠷᠠᠭᠠᠯᠠᠵᠤ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠪᠣᠯᠤᠨ ᠴᠢᠬᠤᠯᠠ ᠶᠡᠭᠡ ᠠᠷᠭ᠎ᠠ ᠬᠡᠮᠵᠢᠶ᠎ᠡ᠎ᠶ᠋ᠢ ᠬᠦᠷᠢᠶ᠎ᠡ ᠬᠤᠪᠢᠶᠠᠨ ᠪᠠᠢᠷᠢᠯᠠᠭᠤᠯᠵᠤ᠂ ᠠᠵᠤ ᠦᠢᠯᠡᠰ᠎ᠤᠨ ᠬᠥᠭ᠌ᠵᠢᠯᠲᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠂ ᠠᠵᠤ ᠠᠬᠤᠶ᠎ᠶ᠋ᠢᠨ ᠪᠠᠢᠭᠤᠯᠤᠯ᠂ ᠭᠠᠳᠠᠭᠠᠳᠤ ᠨᠡᠭᠡᠭᠡᠯᠲᠡ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠂ ᠣᠷᠣᠨ ᠪᠦᠰᠡ᠎ᠶ᠋ᠢᠨ ᠬᠥᠭ᠌ᠵᠢᠯᠲᠡ᠎ᠠᠴᠠ ᠠᠪᠤᠭᠠᠳ ᠰᠣᠶᠣᠯ᠎ᠤᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠨᠣᠭᠤᠭᠠᠨ ᠬᠥᠭ᠌ᠵᠢᠯᠲᠡ᠂ ᠠᠮᠤᠷ ᠲᠦᠪᠱᠢᠨ ᠬᠥᠭ᠌ᠵᠢᠯᠲᠡ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠦᠲᠦᠭᠡᠨ ᠪᠠᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠬᠦᠷᠲᠡᠯᠡᠬᠢ ᠰᠡᠳᠭᠢᠮᠵᠢ ᠪᠣᠯᠤᠨ ᠭᠤᠣᠯᠳᠠᠯᠭ᠎ᠠ ᠲᠠᠢ ᠠᠵᠢᠯ᠎ᠢ ᠲᠣᠳᠣᠷᠬᠠᠢ᠌ᠯᠠᠪᠠ᠃ ᠭᠤᠷᠪᠠᠳᠤᠭᠠᠷ ᠶᠡᠭᠡ ᠬᠡᠰᠡᠭ᠎ᠲᠤ ᠠᠷᠪᠠᠨ ᠲᠠᠪᠤᠳᠤᠭᠠᠷ ᠪᠥᠯᠥᠭ ᠪᠠ ᠲᠡᠭᠦᠰᠭᠡᠯ᠎ᠤᠨ ᠦᠭᠡ᠎ᠶ᠋ᠢ ᠪᠠᠭ᠍ᠲᠠᠭᠠᠵᠤ᠂ ᠭᠤᠣᠯᠳᠠᠭᠤ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ᠂ ᠨᠡᠢᠭᠡᠮ ᠵᠢᠷᠤᠮ᠎ᠤᠨ ᠠᠷᠠᠳᠴᠢᠯᠠᠯ ᠪᠠ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠠᠬᠢᠭᠤᠯᠬᠤ᠂ ᠱᠢᠶᠠᠩᠭᠠᠩ ᠣᠣᠮᠧᠨ ᠲᠠᠢᠸᠠᠨ᠎ᠤ ᠠᠵᠢᠯ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ᠂ ᠨᠡᠢᠭᠡᠮ ᠳᠠᠶᠠᠭᠠᠷ᠎ᠤᠨ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠢᠴᠡᠳ ᠳᠠᠢᠴᠢᠯᠠᠬᠤ ᠵᠡᠷᠭᠡ ᠡᠭᠦᠷᠭᠡ᠎ᠶ᠋ᠢ ᠪᠠᠢᠷᠢᠯᠠᠭᠤᠯᠪᠠ᠃
ᠭᠤᠷᠪᠠ᠂ ᠲᠣᠳᠣᠷᠬᠠᠢᠯᠠᠬᠤ ᠴᠢᠬᠤᠯᠠᠲᠠᠶ ᠬᠡᠳᠦᠨ ᠭᠤᠣᠯᠳᠠᠯᠭ᠎ᠠ ᠲᠠᠢ ᠠᠰᠠᠭᠤᠳᠠᠯ
《ᠰᠠᠨᠠᠭᠤᠯᠭ᠎ᠠ》᠎ᠶ᠋ᠢᠨ ᠨᠣᠣᠷᠠᠭ᠎ᠲᠤ ᠵᠠᠷᠢᠮ ᠴᠢᠬᠤᠯᠠ ᠦᠵᠡᠯᠲᠡ ᠪᠠ ᠴᠢᠬᠤᠯᠠ ᠶᠡᠭᠡ ᠠᠷᠭ᠎ᠠ ᠬᠡᠮᠵᠢᠶ᠎ᠡ᠎ᠶ᠋ᠢ ᠳᠤᠷᠠᠳᠪᠠ᠃ ᠡᠨᠳᠡ᠂ ᠲᠡᠭᠦᠨ᠎ᠤ ᠳᠣᠲᠣᠷᠠᠬᠢ ᠬᠡᠳᠦᠨ ᠭᠤᠣᠯᠳᠠᠯᠭ᠎ᠠ ᠲᠠᠢ ᠠᠰᠠᠭᠤᠳᠠᠯ᠎ᠤᠨ ᠲᠤᠬᠠᠶ ᠲᠣᠪᠴᠢᠬᠠᠨ ᠲᠣᠳᠣᠷᠬᠠᠢᠯᠠᠯᠲᠠ ᠬᠢᠶ᠎ᠡ᠃
ᠨᠢᠭᠡᠳᠦᠭᠡᠷ᠎ᠲᠤ᠌᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ᠎ᠶ᠋ᠢᠨ ᠴᠢᠬᠤᠯᠠ ᠪᠠᠢᠷᠢ ᠰᠠᠭᠤᠷᠢ᠎ᠶ᠋ᠢᠨ ᠲᠤᠬᠠᠶ᠃ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠪᠡᠶᠡᠯᠡᠭᠦᠯᠬᠦ᠌ ᠪᠣᠯ ᠨᠢᠭᠡᠨ ᠥᠭ᠌ᠰᠥᠨ ᠠᠬᠢᠳᠠᠭ᠂ ᠲᠠᠰᠤᠷᠠᠯᠲᠠ ᠦᠭᠡᠢ ᠬᠥᠭ᠌ᠵᠢᠨ ᠳᠠᠪᠱᠢᠳᠠᠭ ᠲᠡᠦᠬᠡᠨ ᠶᠠᠪᠤᠴᠠ ᠮᠥᠨ ᠪᠣᠯᠬᠤᠷ ᠴᠥᠬᠦᠷᠡᠰᠢ ᠦᠭᠡᠢ ᠴᠢᠷᠮᠠᠢᠵᠤ᠂ ᠦᠷᠭᠦᠯᠵᠢᠯᠡᠨ ᠲᠡᠮᠡᠴᠡᠬᠦ᠌ ᠴᠢᠬᠤᠯᠠᠳᠠᠢ ᠶᠤᠮ᠃ 《ᠰᠠᠨᠠᠭᠤᠯᠭ᠎ᠠ》᠎ᠶ᠋ᠢᠨ ᠨᠣᠣᠷᠠᠭᠲᠤ᠌᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ ᠨᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠠᠬᠢᠴᠠ ᠳᠤᠮᠳᠠ ᠤᠷᠢᠳᠤᠬᠢ᠎ᠶ᠋ᠢ ᠵᠠᠯᠭᠠᠮᠵᠢᠯᠠᠨ ᠢᠷᠡᠭᠡᠳᠦᠢ᠎ᠶ᠋ᠢ ᠨᠡᠭᠡᠭᠡᠬᠦ᠌ ᠴᠢᠬᠤᠯᠠ ᠪᠠᠢᠷᠢ ᠰᠠᠭᠤᠷᠢ ᠲᠠᠢ ᠶᠤᠮ ᠭᠡᠵᠦ᠍ ᠳᠤᠷᠠᠳᠴᠠᠢ᠂ ᠡᠨᠡ ᠪᠣᠯ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠡᠭᠦᠷᠭᠡᠯᠡᠪᠡᠰᠦ ᠵᠣᠬᠢᠬᠤ ᠲᠡᠦᠬᠡᠲᠦ ᠡᠭᠦᠷᠭᠡ᠎ᠶ᠋ᠢ ᠦᠨᠳᠦᠰᠦᠯᠡᠵᠦ᠍ ᠭᠠᠷᠭᠠᠭ᠍ᠰᠠᠨ ᠮᠠᠭᠠᠳᠯᠠᠯᠳᠠ ᠪᠣᠯᠣᠨ᠎ᠠ᠃ ᠨᠠᠮ᠎ᠤᠨ ᠬᠤᠷᠢᠳᠤᠭᠠᠷ ᠶᠡᠭᠡ ᠬᠤᠷᠠᠯ᠎ᠠᠴᠠ 2035 ᠣᠨ ᠪᠣᠯᠬᠤ᠎ᠳᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ ᠭᠡᠵᠦ᠍ ᠲᠣᠭ᠍ᠲᠠᠭᠠᠪᠠ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠠᠩᠬᠠᠨ᠎ᠤ ᠲᠠᠪᠤᠨ ᠵᠢᠯ ᠮᠥᠨ᠂ ᠲᠡᠷᠡ ᠨᠢ ᠨᠢᠭᠡᠨᠲᠡ ᠪᠠᠲᠤ ᠪᠠᠬᠢ ᠰᠠᠭᠤᠷᠢ᠎ᠶ᠋ᠢ ᠲᠠᠯᠪᠢᠵᠤ᠂ ᠰᠠᠢᠨ ᠡᠬᠢᠯᠡᠯᠲᠡ ᠲᠠᠢ ᠪᠤᠯᠪᠠ᠃ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠰᠠᠭᠤᠷᠢ᠎ᠶ᠋ᠢ ᠪᠠᠳᠤᠳᠭᠠᠬᠤ᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠮᠦᠨ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠰᠠᠢᠲᠤᠷ ᠲᠣᠭ᠍ᠲᠠᠭᠠᠵᠤ ᠬᠡᠷᠡᠭ᠌ᠵᠢᠭᠦᠯᠪᠡᠯ᠂ 2035 ᠣᠨ᠎ᠳᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠤ ᠨᠡᠩ ᠪᠠᠲᠤ ᠪᠠᠬᠢ ᠰᠠᠭᠤᠷᠢ᠎ᠶ᠋ᠢ ᠲᠠᠯᠪᠢᠨ ᠥᠭ᠌ᠴᠦ ᠴᠢᠳᠠᠨ᠎ᠠ᠃
《ᠰᠠᠨᠠᠭᠤᠯᠭ᠎ᠠ》᠎ᠶ᠋ᠢᠨ ᠨᠣᠣᠷᠠᠭ ᠨᠢ ᠡᠨᠡ ᠬᠦ᠌ ᠦᠨᠳᠦᠰᠦᠨ ᠪᠠᠢᠷᠢ ᠲᠣᠭ᠍ᠲᠠᠭᠠᠯᠲᠠ᠎ᠠᠴᠠ ᠡᠭᠦᠰᠴᠦ᠍ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ᠎ᠶ᠋ᠢᠨ ᠬᠥᠭ᠌ᠵᠢᠯᠲᠡ᠎ᠶ᠋ᠢ ᠤᠬᠠᠭᠠᠯᠠᠨ ᠲᠥᠯᠥᠪᠯᠡᠵᠦ᠍᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠳᠤ ᠳᠤᠷᠠᠳᠤᠭ᠍ᠰᠠᠨ ᠣᠢᠯᠠᠭᠠᠭ᠍ᠳᠠᠬᠤᠨ ᠪᠠ ᠰᠡᠳᠭᠢᠮᠵᠢᠯᠦᠭᠡᠶ᠋ᠢᠨ ᠦᠷᠭᠦᠯᠵᠢᠯᠡᠬᠦ᠌ ᠴᠢᠨᠠᠷ᠎ᠢ ᠪᠠᠲᠤᠯᠠᠭ᠍ᠰᠠᠨ ᠮᠥᠷᠲᠡᠭᠡᠨ ᠪᠠᠰᠠ ᠢᠷᠡᠭᠡᠳᠦᠶ᠎ᠶ᠋ᠢᠨ 5 ᠵᠢᠯ᠎ᠤᠨ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠶᠡᠭᠡ ᠬᠠᠨᠳᠤᠰᠢ᠎ᠶ᠋ᠢ ᠣᠨᠣᠪᠴᠢᠲᠠᠶ ᠡᠵᠡᠮᠱᠢᠵᠦ᠍᠂ ᠪᠣᠳᠠᠲᠤ ᠪᠠᠢᠳᠠᠯ᠎ᠳᠤ ᠨᠡᠢᠴᠡᠭ᠌ᠰᠡᠨ᠂ ᠪᠠᠷᠠᠯᠠᠬᠢᠯᠠᠯᠳᠦ ᠴᠢᠨᠠᠷ ᠪᠦᠬᠦᠢ ᠶᠡᠷᠦᠩᠬᠡᠶ ᠰᠡᠳᠭᠢᠮᠵᠢ᠂ ᠴᠢᠬᠤᠯᠠ ᠶᠡᠭᠡ ᠵᠠᠷᠴᠢᠮ᠂ ᠭᠤᠤᠯ ᠭᠤᠣᠯ ᠬᠠᠷᠠᠯᠲᠠ᠂ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢ ᠳᠤᠷᠠᠳᠤᠨ ᠭᠠᠷᠭᠠᠪᠠ᠃ ᠡᠨᠡ ᠬᠦ᠌ ᠴᠣᠩᠬᠤᠪᠴᠢ ᠬᠤᠭᠤᠴᠠᠭ᠎ᠠ᠎ᠶ᠋ᠢ ᠠᠮᠵᠢᠨ᠂ ᠳᠠᠪᠠᠭᠤᠯᠢᠭ ᠲᠠᠯ᠎ᠠ᠎ᠪᠠᠨ ᠪᠠᠬᠢᠵᠢᠭᠦᠯᠦᠨ ᠥᠷᠭᠡᠳᠭᠡᠵᠦ᠍᠂ ᠪᠣᠭᠤᠮᠢ ᠬᠢᠵᠠᠭᠠᠷᠯᠠᠯ᠎ᠢ ᠡᠪᠳᠡᠵᠦ᠍᠂ ᠳᠤᠲᠠᠭᠤᠳᠠᠯ ᠪᠠ ᠪᠠᠭᠤᠷᠠᠢ ᠲᠠᠯ᠎ᠠ᠎ᠪᠠᠨ ᠨᠦᠬᠦᠪᠦᠷᠢᠯᠡᠨ ᠴᠢᠩᠭᠠᠳᠭᠠᠵᠤ᠂ ᠬᠤᠷᠴᠠ ᠱᠢᠷᠦᠭᠦᠨ ᠤᠯᠠᠨ ᠤᠯᠤᠰ᠎ᠤᠨ ᠥᠷᠢᠰᠥᠯᠳᠦᠭᠡᠨ᠎ᠤ ᠳᠤᠮᠳᠠ ᠪᠠᠢᠯᠳᠤᠬᠤ ᠪᠣᠳᠣᠯᠭ᠎ᠠ᠎ᠶ᠋ᠢᠨ ᠰᠠᠨᠠᠭᠠᠴᠢᠯᠠᠭᠠᠲᠤ ᠡᠷᠭᠡ᠎ᠶ᠋ᠢ ᠳᠡᠮᠡᠴᠡᠨ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ᠎ᠳᠤ ᠬᠤᠯᠪᠣᠭ᠍ᠳᠠᠬᠤ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢ ᠴᠢᠬᠤᠯᠠ ᠶᠡᠭᠡ ᠱᠢᠪᠲᠤᠯᠤᠯᠲᠠ ᠲᠠᠢ ᠪᠣᠯᠭᠠᠬᠤ᠎ᠶ᠋ᠢ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠳᠠᠯ᠎ᠢ ᠱᠢᠢᠳᠪᠦᠷᠢᠯᠡᠭ᠌ᠴᠢ ᠴᠢᠨᠠᠷᠲᠠᠢ ᠠᠬᠢᠯᠲᠠ ᠲᠠᠢ ᠪᠣᠯᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃
ᠬᠤᠶᠠᠳᠤᠭᠠᠷ᠎ᠲᠤ᠌᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠬᠠᠷᠠᠯᠲᠠ᠎ᠶ᠋ᠢᠨ ᠲᠤᠬᠠᠶ᠃ ᠬᠥᠭ᠌ᠵᠢᠯᠲᠡ᠎ᠶ᠋ᠢᠨ ᠬᠠᠷᠠᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠬᠤ ᠨᠢ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠰᠠᠢᠲᠤᠷ ᠲᠣᠭ᠍ᠲᠠᠭᠠᠨ ᠬᠡᠷᠡᠭ᠌ᠵᠢᠭᠦᠯᠬᠦ᠌᠎ᠳᠤ ᠲᠦᠢᠯ᠎ᠤᠨ ᠴᠢᠬᠤᠯᠠ ᠶᠤᠮ᠃ 《ᠰᠠᠨᠠᠭᠤᠯᠭ᠎ᠠ》᠎ᠶᠢᠨ ᠨᠣᠣᠷᠠᠭ ᠨᠢ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ᠎ᠶ᠋ᠢᠨ ᠦᠨᠳᠦᠰᠦᠨ ᠪᠠᠢᠷᠢ ᠲᠣᠭ᠍ᠲᠠᠭᠠᠯᠲᠠ ᠪᠠ ᠱᠠᠳᠦ ᠦᠶᠡᠴᠢ ᠴᠢᠨᠠᠷᠳᠠᠢ ᠱᠠᠭᠠᠷᠳᠠᠯᠭ᠎ᠠ᠎ᠶ᠋ᠢ ᠡᠵᠡᠮᠱᠢᠵᠦ᠍᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠭᠤᠣᠯ ᠭᠤᠤᠯ ᠬᠠᠷᠠᠯᠲᠠ᠎ᠶ᠋ᠢ ᠲᠣᠳᠣᠷᠬᠠᠢᠯᠠᠪᠠ᠃ 2035 ᠣᠨ᠎ᠳᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠨᠢᠭᠡᠨ ᠴᠢᠬᠤᠯᠠ ᠪᠡᠯᠭᠡ ᠲᠡᠮᠳᠡᠭ᠎ᠤᠨ ᠴᠢᠨᠠᠷᠲᠠᠶ ᠭᠦᠢᠴᠡᠳᠭᠡᠯ ᠲᠤᠭ᠎ᠠ ᠪᠣᠯ ᠬᠦᠮᠦᠨ ᠲᠤᠮᠳᠠᠴᠢ᠎ᠶ᠋ᠢᠨ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠳᠡᠭ᠎ᠢ ᠳᠤᠮᠳᠠ ᠵᠡᠷᠭᠡ᠎ᠶ᠋ᠢᠨ ᠬᠥᠭ᠌ᠵᠢᠭ᠌ᠰᠡᠨ ᠤᠯᠤᠰ᠎ᠤᠨ ᠲᠦᠪᠱᠢᠨ᠎ᠳᠤ ᠬᠦᠷᠭᠡᠬᠦ᠌ ᠶᠠᠪᠤᠳᠠᠯ ᠪᠣᠯᠣᠨ᠎ᠠ᠂ ᠡᠨᠡ ᠨᠢ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠵᠣᠬᠢᠰᠳᠠᠢ ᠬᠤᠷᠳᠤᠴᠠ᠎ᠶ᠋ᠢ ᠪᠠᠳᠤᠯᠠᠬᠤ᠎ᠶ᠋ᠢ ᠱᠠᠭᠠᠷᠳᠠᠵᠤ ᠪᠠᠢᠨ᠎ᠠ᠃ 《ᠰᠠᠨᠠᠭᠤᠯᠭ᠎ᠠ》᠎ᠶᠢᠨ ᠨᠤᠤᠷᠠᠭ᠎ᠲᠤ ᠭᠦᠨᠵᠡᠭᠡᠢ ᠰᠤᠳᠤᠯᠵᠤ ᠱᠢᠨᠵᠢᠯᠡᠬᠦ᠌ ᠤᠬᠠᠭᠠᠨᠴᠢ᠎ᠪᠠᠷ ᠨᠤᠲᠠᠯᠠᠭ᠍ᠰᠠᠨ ᠰᠠᠭᠤᠷᠢᠨ ᠳᠡᠭᠡᠷ᠎ᠡ᠂ ᠠᠵᠤ ᠠᠬᠤᠶ᠎ᠶ᠋ᠢᠨ ᠨᠡᠮᠡᠭ᠌ᠳᠡᠯ᠎ᠢ ᠵᠦᠶ ᠵᠣᠬᠢᠰᠲᠠᠶ ᠬᠡᠪᠴᠢᠶᠠᠨ᠎ᠳᠤ ᠪᠠᠢᠯᠭᠠᠬᠤ᠂ ᠪᠦᠬᠦ᠌ ᠡᠯᠧᠮᠧᠨ᠋ᠲ᠎ᠤᠨ ᠦᠢᠯᠡᠳᠪᠦᠷᠢᠯᠡᠯ᠎ᠤᠨ ᠨᠤᠷᠮ᠎ᠠ᠎ᠶ᠋ᠢ ᠯᠠᠪᠳᠠᠭᠤᠨ᠎ᠢᠶᠠᠷ ᠳᠡᠭᠡᠭ᠌ᠰᠢᠯᠡᠭᠦᠯᠬᠦ᠂ ᠠᠵᠤ ᠠᠬᠤᠶ᠎ᠶ᠋ᠢᠨ ᠨᠡᠮᠡᠭ᠌ᠳᠡᠯ᠎ᠤᠨ ᠳᠠᠯᠳᠠ ᠬᠦᠴᠦᠨ᠎ᠢ ᠭᠦᠢᠴᠡᠳ ᠪᠠᠳᠠᠷᠠᠭᠤᠯᠬᠤ᠂ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ ᠪᠣᠯᠤᠨ ᠠᠵᠤ ᠠᠬᠤᠶ᠎ᠶ᠋ᠢᠨ ᠨᠡᠮᠡᠭ᠌ᠳᠡᠯ᠎ᠢ ᠵᠢᠭ᠌ᠳᠡ ᠪᠠᠢᠯᠭᠠᠬᠤ᠂ ᠬᠥᠳᠡᠯᠮᠦᠷᠢ᠎ᠶ᠋ᠢᠨ ᠬᠥᠯᠥᠰᠥ᠍ ᠣᠯᠭᠤᠮᠵᠢ᠎ᠶ᠋ᠢ ᠳᠡᠭᠡᠭ᠌ᠰᠢᠯᠡᠭᠦᠯᠬᠦ᠌ ᠪᠠ ᠬᠥᠳᠡᠯᠮᠦᠷᠢ᠎ᠶ᠋ᠢᠨ ᠦᠢᠯᠡᠳᠪᠦᠷᠢᠯᠡᠯ᠎ᠤᠨ ᠨᠣᠷᠮ᠎ᠠ᠎ᠶ᠋ᠢ ᠳᠡᠭᠡᠭ᠌ᠰᠢᠯᠡᠭᠦᠯᠬᠦ᠌᠎ᠶ᠋ᠢ ᠵᠢᠭ᠌ᠳᠡ ᠪᠠᠢᠯᠭᠠᠬᠤ᠂ ᠳᠤᠮᠳᠠ ᠵᠡᠷᠭᠡ᠎ᠶ᠋ᠢᠨ ᠣᠷᠣᠯᠭ᠎ᠠ ᠲᠠᠢ ᠬᠠᠮᠲᠤᠯᠢᠭ᠎ᠢ ᠦᠷᠭᠦᠯᠵᠢᠯᠡᠨ ᠥᠷᠭᠡᠳᠭᠡᠬᠦ᠌ ᠵᠡᠷᠭᠡ ᠴᠢᠬᠤᠯᠠ ᠬᠠᠷᠠᠯᠲᠠ᠎ᠶ᠋ᠢ ᠳᠤᠷᠠᠳᠪᠠ᠃ ᠡᠭᠦᠨ᠎ᠤ ᠬᠠᠮᠲᠤ᠌᠂ ᠣᠳᠣᠬᠢ ᠱᠠᠲᠤᠨ᠎ᠳᠤ ᠤᠯᠤᠰ᠎ᠤᠨ ᠳᠣᠲᠣᠭᠠᠳᠤ᠎ᠶ᠋ᠢᠨ ᠠᠵᠤ ᠠᠬᠤᠶ ᠪᠠᠭᠤᠷᠠᠬᠤ ᠳᠠᠷᠤᠯᠲᠠ ᠶᠡᠬᠡᠳᠴᠦ᠍᠂ ᠪᠦᠲᠦᠮᠵᠢᠲᠡᠶ ᠬᠡᠷᠡᠭ᠌ᠴᠡᠭᠡ ᠬᠦᠷᠦᠯᠴᠡᠬᠦ᠌ ᠦᠭᠡᠢ ᠪᠠᠢᠬᠤ ᠵᠡᠷᠭᠡ ᠲᠤᠪᠤᠢᠮ᠎ᠠ ᠠᠰᠠᠭᠤᠳᠠᠯ᠎ᠢ ᠦᠨᠳᠦᠰᠦᠯᠡᠨ᠂ 《ᠰᠠᠨᠠᠭᠤᠯᠭ᠎ᠠ》᠎ᠶᠢᠨ ᠨᠤᠤᠷᠠᠭ᠎ᠲᠤ ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠨᠤᠷᠮ᠎ᠠ᠎ᠶ᠋ᠢ ᠢᠯᠡᠳᠲᠡ ᠳᠡᠭᠡᠭ᠌ᠰᠢᠯᠡᠭᠦᠯᠬᠦ᠂ ᠠᠵᠤ ᠠᠬᠤᠶ᠎ᠶ᠋ᠢᠨ ᠨᠡᠮᠡᠭ᠌ᠳᠡᠯ᠎ᠢ ᠳᠠᠢᠴᠢᠯᠠᠬᠤ᠎ᠳᠤ ᠦᠵᠡᠬᠦᠯᠬᠦ᠌ ᠳᠣᠲᠣᠭᠠᠳᠤ ᠬᠡᠷᠡᠭ᠌ᠴᠡᠭᠡ᠎ᠶ᠋ᠢᠨ ᠭᠤᠣᠯ ᠬᠥᠳᠡᠯᠭᠡᠭ᠌ᠴᠢ ᠬᠦᠴᠦᠨ᠎ᠤ ᠦᠢᠯᠡᠳᠦᠯ᠎ᠢ ᠦᠷᠭᠦᠯᠵᠢᠯᠡᠨ ᠴᠢᠩᠭᠠᠳᠭᠠᠬᠤ ᠵᠡᠷᠭᠡ ᠬᠠᠷᠠᠯᠲᠠ᠎ᠶ᠋ᠢ ᠳᠤᠷᠠᠳᠪᠠ᠃
ᠥᠩᠭᠡᠷᠡᠭ᠌ᠰᠡᠨ᠎ᠤ ᠠᠷᠭ᠎ᠠ ᠪᠠᠷᠢᠯ᠎ᠢᠶᠠᠷ ᠯᠠᠪᠯᠠᠯᠲᠠ ᠪᠣᠯᠭᠠᠵᠤ᠂ 《ᠰᠠᠨᠠᠭᠤᠯᠭ᠎ᠠ》᠎ᠶᠢᠨ ᠨᠤᠤᠷᠠᠭ᠎ᠲᠤ ᠳᠤᠷᠠᠳᠤᠭ᠍ᠰᠠᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠬᠠᠷᠠᠯᠲᠠ ᠪᠣᠯ ᠭᠤᠣᠯᠳᠠᠭᠤ ᠴᠢᠨᠠᠷ᠎ᠢ ᠲᠣᠭ᠍ᠲᠠᠭᠠᠬᠤ ᠱᠠᠭᠠᠷᠳᠠᠯᠭ᠎ᠠ ᠪᠣᠯᠤᠨ᠎ᠠ᠂ ᠴᠢᠬᠤᠯᠠ ᠪᠦᠬᠦᠢ ᠬᠡᠮᠵᠢᠶ᠎ᠡ᠎ᠶ᠋ᠢ ᠲᠣᠭ᠍ᠲᠠᠭᠠᠬᠤ ᠱᠠᠭᠠᠷᠳᠠᠯᠭ᠎ᠠ ᠪᠠ ᠵᠠᠷᠢᠮ ᠪᠣᠳᠠᠲᠠᠶ ᠠᠵᠢᠯ᠎ᠤᠨ ᠪᠠᠢᠷᠢᠯᠠᠭᠤᠯᠤᠯᠲᠠ᠎ᠶ᠋ᠢ ᠲᠥᠯᠥᠪᠵᠢᠭᠦᠯᠭᠡ᠎ᠶ᠋ᠢᠨ 《ᠲᠣᠪᠴᠢ》᠎ᠶᠢ ᠲᠣᠭ᠍ᠲᠠᠭᠠᠬᠤ ᠦᠶ᠎ᠡ᠎ᠳᠤ ᠰᠤᠳᠤᠯᠤᠨ ᠲᠣᠭ᠍ᠲᠠᠭᠠᠬᠤ᠎ᠪᠠᠷ ᠦᠯᠡᠳᠡᠭᠡᠭ᠌ᠰᠡᠨ ᠨᠢ 《ᠰᠠᠨᠠᠭᠤᠯᠭ᠎ᠠ》᠎ᠶᠢᠨ ᠬᠤᠷᠸ᠎ᠠ ᠲᠠᠯ᠎ᠠ᠎ᠠᠴᠠ ᠵᠢᠯᠣᠭᠤᠳᠭᠤ ᠦᠢᠯᠡᠳᠦᠯ᠎ᠢ ᠨᠡᠩ ᠰᠠᠢᠨ ᠢᠯᠡᠷᠡᠭᠦᠯᠬᠦ᠌ ᠪᠠ ᠪᠠᠳᠠᠷᠠᠭᠤᠯᠬᠤ᠎ᠶ᠋ᠢᠨ ᠲᠦᠯᠦᠬᠡ ᠶᠤᠮ᠃
ᠭᠤᠷᠪᠠᠳᠤᠭᠠᠷ᠎ᠲᠤ᠌᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠣᠯ ᠰᠡᠳᠦᠪ ᠪᠣᠯᠭᠠᠬᠤ ᠲᠤᠬᠠᠢ᠃ 《ᠰᠠᠨᠠᠭᠤᠯᠭ᠎ᠠ》 ᠨᠢ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠯᠦᠭᠡ ᠤᠯᠠᠮᠵᠢᠯᠠᠯ ᠨᠢᠭᠡᠲᠡᠢ ᠪᠠᠢᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢ ᠦᠷᠭᠦᠯᠵᠢᠯᠡᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠭᠤᠣᠯ ᠰᠡᠳᠦᠪ ᠪᠣᠯᠭᠠᠬᠤ᠎ᠪᠠᠷ ᠲᠣᠭ᠍ᠲᠠᠭᠠᠵᠤ᠂ ᠠᠵᠤ ᠠᠬᠤᠶ᠎ᠶ᠋ᠢᠨ ᠪᠦᠲᠦᠭᠡᠨ ᠪᠠᠢᠭᠤᠯᠤᠯᠲᠠ᠎ᠪᠠᠷ ᠭᠤᠣᠯᠳᠠᠯᠭ᠎ᠠ ᠪᠣᠯᠭᠠᠬᠤ᠎ᠶ᠋ᠢ ᠪᠠᠷᠢᠮᠲᠠᠯᠠᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠤ ᠵᠦᠶ ᠵᠣᠬᠢᠰᠲᠠᠶ ᠨᠡᠮᠡᠭ᠌ᠳᠡᠯ᠎ᠢ ᠪᠡᠶᠡᠯᠡᠭᠦᠯᠦᠨ᠂ ᠠᠵᠤ ᠠᠬᠤᠢ᠎ᠶ᠋ᠢᠨ ᠦᠷᠭᠦᠯᠵᠢᠯᠡᠨ ᠡᠷᠡᠭᠦᠯ᠎ᠢᠶᠠᠷ ᠬᠥᠭ᠌ᠵᠢᠬᠦ᠌ ᠪᠠ ᠨᠡᠢᠭᠡᠮ᠎ᠤᠨ ᠪᠦᠬᠦ᠌ ᠲᠠᠯ᠎ᠠ᠎ᠪᠠᠷ ᠳᠠᠪᠱᠢᠬᠤ᠎ᠶ᠋ᠢ ᠠᠬᠢᠭᠤᠯᠬᠤ᠎ᠶ᠋ᠢ ᠱᠠᠭᠠᠷᠳᠠᠪᠠ᠃ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠬᠠᠮᠤᠭ᠎ᠤᠨ ᠴᠢᠬᠤᠯᠠ ᠨᠢ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦᠯᠬᠦ᠌᠎ᠶ᠋ᠢ ᠲᠦᠷᠭᠡᠳᠭᠡᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠢᠳᠡᠪᠬᠢᠲᠡᠢ ᠬᠥᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ᠂ ᠱᠢᠨ᠎ᠡ ᠬᠥᠳᠡᠯᠭᠡᠭ᠌ᠴᠢ ᠡᠨᠧᠷᠭᠢ᠎ᠶ᠋ᠢ ᠲᠦᠷᠭᠡᠯᠡᠨ ᠪᠤᠢᠵᠢᠭᠤᠯᠬᠤ᠂ ᠠᠵᠤ ᠠᠬᠤᠢ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ ᠳᠡᠰ ᠳᠡᠪᠱᠢᠭᠦᠯᠬᠦ᠌᠎ᠶ᠋ᠢ ᠠᠬᠢᠭᠤᠯᠬᠤ ᠲᠠᠯ᠎ᠠ᠎ᠪᠠᠷ ᠮᠥᠨ ᠴᠢᠨᠠᠷ᠎ᠤᠨ᠂ ᠱᠢᠪᠲᠤᠯᠤᠯᠲᠠ᠎ᠶ᠋ᠢᠨ ᠴᠢᠨᠠᠷᠲᠠᠢ ᠠᠬᠢᠯᠲᠠ ᠲᠠᠢ ᠪᠣᠯᠭᠠᠬᠤ ᠶᠠᠪᠤᠳᠠᠯ ᠪᠣᠯᠣᠨ᠎ᠠ᠃
《ᠰᠠᠨᠠᠭᠤᠯᠭ᠎ᠠ》᠎ᠶᠢᠨ ᠨᠣᠣᠷᠠᠭ᠎ᠲᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠬᠦᠳᠬᠦ᠌᠎ᠶ᠋ᠢᠨ ᠬᠥᠲᠥᠯᠥᠨ ᠳᠠᠭᠠᠭᠤᠯᠬᠤ ᠦᠢᠯᠡᠳᠦᠯ᠎ᠢ ᠳᠣᠪᠤᠢᠯᠭᠠᠵᠤ᠂ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠬᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦᠯᠬᠦ᠌᠎ᠶ᠋ᠢ ᠲᠦᠷᠭᠡᠳᠭᠡᠬᠦ᠂ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠶ᠋ᠢᠨ ᠨᠤᠭᠤᠭᠠᠨ ᠬᠤᠪᠢᠷᠠᠭᠤᠯᠤᠯᠳᠡᠶ᠋ᠢ ᠲᠦᠷᠭᠡᠳᠭᠡᠬᠦ᠌ ᠵᠡᠷᠭᠡ ᠲᠠᠯ᠎ᠠ᠎ᠪᠠᠷ ᠪᠠᠢᠷᠢᠯᠠᠭᠤᠯᠤᠯᠲᠠ ᠬᠢᠵᠦ᠍᠂ ᠤᠯᠠᠮᠵᠢᠯᠠᠯᠲᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠵᠦ᠍᠂ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ ᠪᠠ ᠢᠷᠡᠭᠡᠳᠦᠢ᠎ᠶ᠋ᠢᠨ ᠠᠵᠤ ᠦᠢᠯᠡᠰ᠎ᠢ ᠪᠤᠢᠵᠢᠭᠤᠯᠤᠨ ᠪᠤᠵᠠᠭᠠᠢᠷᠠᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠰᠠᠭᠤᠷᠢ᠎ᠶ᠋ᠢ ᠪᠠᠬᠢᠵᠢᠭᠦᠯᠦᠨ ᠪᠤᠵᠠᠭᠠᠢᠷᠠᠭᠤᠯᠤᠨ᠎ᠠ ᠭᠡᠵᠦ᠍ ᠳᠤᠷᠠᠳᠪᠠ; ᠤᠤᠭᠠᠯ ᠱᠢᠨ᠎ᠡ ᠡᠭᠦᠳᠦᠯᠲᠡ ᠪᠠ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠬᠦᠳᠬᠦ᠌ ᠪᠠ ᠠᠵᠤ ᠦᠢᠯᠡᠰ᠎ᠤᠨ ᠱᠢᠨ᠎ᠡ᠎ᠶ᠋ᠢ ᠡᠬᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠳ᠋ᠢᠵᠢᠲ᠋ᠠᠯ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠬᠦᠯᠦᠨ ᠠᠬᠢᠭᠤᠯᠤᠨ᠎ᠠ ᠭᠡᠵᠦ᠍ ᠳᠤᠷᠠᠳᠪᠠ; ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠱᠢᠰᠲ᠋ᠧᠮ᠎ᠢ ᠲᠦᠷᠭᠡᠯᠡᠨ ᠪᠠᠢᠭᠤᠯᠵᠤ᠂ ᠨᠤᠭᠤᠭᠠᠨ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠲᠦᠷᠭᠡᠯᠡᠨ ᠪᠤᠢ ᠪᠣᠯᠭᠠᠨ᠎ᠠ ᠭᠡᠵᠦ᠍ ᠳᠤᠷᠠᠳᠪᠠ᠃ ᠠᠩᠬᠠᠷᠤᠭᠤᠱᠢᠲᠠᠶ᠎ᠨᠢ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠬᠦ᠌᠎ᠳᠤ ᠵᠣᠬᠢᠬᠤ ᠤᠤᠷ ᠨᠥᠬᠦᠴᠡᠯ᠎ᠢ ᠪᠦᠷᠢᠳᠦᠭᠦᠯᠬᠦ᠌ ᠴᠢᠬᠤᠯᠠᠲᠠᠢ ᠪᠠᠢᠵᠤ᠂ ᠪᠣᠳᠠᠲᠤ ᠪᠣᠯᠤᠮᠵᠢᠲᠤ ᠴᠢᠨᠠᠷ᠎ᠢ ᠭᠦᠢᠴᠡᠳ ᠪᠣᠳᠣᠯᠬᠢᠯᠠᠬᠤ ᠬᠡᠷᠡᠭ᠌ᠲᠡᠢ᠂ 《ᠰᠠᠨᠠᠭᠤᠯᠭ᠎ᠠ》᠎ᠶ᠋ᠢᠨ ᠨᠣᠣᠷᠠᠭ᠎ᠲᠤ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠬᠦ᠌᠎ᠶ᠋ᠢ ᠴᠢᠬᠤᠯᠠᠴᠢᠯᠠᠭ᠍ᠰᠠᠨ ᠨᠢ ᠳᠠᠶᠠᠭᠠᠷ ᠤᠯᠠᠨ᠎ᠤ ᠱᠢᠨᠵᠢᠯᠡᠬᠦ᠌ ᠤᠬᠠᠭᠠᠨᠴᠢ ᠪᠦᠬᠡᠳ ᠣᠶᠤᠨᠴᠢ᠎ᠪᠠᠷ᠂ ᠦᠨᠡᠨ᠎ᠢ ᠪᠠᠷᠢᠮᠲᠠᠯᠠᠨ ᠠᠵᠢᠯ᠎ᠢᠶᠠᠨ ᠥᠷᠨᠢᠭᠦᠯᠬᠦ᠌᠎ᠶ᠋ᠢ ᠬᠦᠲᠦᠯᠦᠨ ᠵᠢᠯᠣᠭᠤᠳᠴᠤ᠌᠂ ᠨᠢᠭᠡ ᠯᠡ ᠳᠣᠣᠷ᠎ᠠ ᠲᠦᠷᠬᠢᠯᠳᠦᠨ ᠬᠦᠳᠡᠯᠦᠯᠴᠡᠬᠦ᠌᠎ᠠᠴᠠ ᠰᠡᠷᠭᠡᠢᠯᠡᠬᠦ᠌᠎ᠶ᠋ᠢᠨ ᠲᠥᠯᠥᠭᠡ ᠶᠤᠮ᠃
ᠳᠥᠷᠪᠡᠳᠦᠭᠡᠷ᠎ᠲᠤ᠌᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢ ᠬᠦᠴᠦᠷᠬᠡᠭ᠌ᠵᠢᠭᠦᠯᠬᠦ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠣᠰ ᠣᠷᠴᠢᠯ᠎ᠢ ᠰᠠᠭᠠᠳ ᠦᠭᠡᠢ ᠨᠡᠪᠲᠡᠷᠡᠭᠦᠯᠬᠦ᠌ ᠲᠤᠬᠠᠶ᠃ ᠭᠠᠳᠠᠭᠠᠳᠤ ᠣᠷᠴᠢᠨ ᠨᠦᠬᠦᠴᠡᠯ ᠬᠡᠳᠦᠢ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠣᠯᠬᠤ ᠲᠤᠳᠤᠮ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠡᠳᠦᠢ ᠲᠦᠷᠭᠡᠯᠡᠨ ᠪᠠᠢᠭᠤᠯᠵᠤ᠂ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠪᠠᠲᠤ ᠡᠵᠡᠮᠱᠢᠬᠦ᠌ ᠬᠡᠷᠡᠭ᠌ᠲᠡᠢ᠃ ᠣᠳᠣᠬᠠᠨ᠎ᠳᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠳᠤ᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢ ᠬᠦᠴᠦᠷᠬᠡᠭ᠌ᠵᠢᠭᠦᠯᠬᠦ᠌᠎ᠶ᠋ᠢ ᠪᠠᠷᠢᠮᠲᠠᠯᠠᠵᠦ᠍᠂ ᠤᠯᠤᠰ᠎ᠤᠨ ᠳᠣᠲᠣᠭᠠᠳᠤ᠎ᠶ᠋ᠢᠨ ᠬᠦᠴᠦᠷᠬᠡᠭ ᠶᠡᠭᠡ ᠠᠵᠤ ᠠᠬᠤᠶ᠎ᠶ᠋ᠢᠨ ᠣᠷᠴᠢᠯ᠎ᠤᠨ ᠱᠢᠰᠲ᠋ᠧᠮ᠎ᠢ ᠲᠦᠷᠭᠡᠯᠡᠨ ᠪᠤᠢ ᠪᠤᠯᠭᠠᠵᠤ᠂ ᠤᠯᠤᠰ᠎ᠤᠨ ᠳᠣᠲᠣᠭᠠᠳᠤ᠎ᠶ᠋ᠢᠨ ᠣᠷᠴᠢᠯ᠎ᠤᠨ ᠲᠣᠭ᠍ᠲᠠᠪᠤᠷᠢᠲᠤ ᠴᠢᠨᠠᠷ᠎ᠢᠶᠠᠷ ᠤᠯᠠᠨ ᠤᠯᠤᠰ᠎ᠤᠨ ᠣᠷᠴᠢᠯ᠎ᠤᠨ ᠮᠠᠭᠠᠳ ᠪᠤᠰᠤ ᠴᠢᠨᠠᠷ᠎ᠢ ᠲᠤᠯᠭᠠᠨ ᠠᠷᠭᠠᠴᠠᠬᠤ ᠬᠡᠷᠡᠭ᠌ᠲᠡᠶ᠃
《ᠰᠠᠨᠠᠭᠤᠯᠭ᠎ᠠ》᠎ᠶ᠋ᠢᠨ ᠨᠣᠣᠷᠠᠭ᠎ᠲᠤ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢ ᠬᠦᠴᠦᠷᠬᠡᠭ᠌ᠵᠢᠭᠦᠯᠬᠦ᠌᠎ᠶ᠋ᠢ ᠳᠣᠪᠤᠢᠯᠭᠠᠨ᠂ ᠤᠯᠤᠰ᠎ᠤᠨ ᠳᠣᠲᠣᠭᠠᠳᠤ᠎ᠶ᠋ᠢᠨ ᠬᠦᠴᠦᠷᠬᠡᠭ ᠶᠡᠭᠡ ᠵᠠᠬ᠎ᠠ ᠳᠡᠯᠭᠡᠭᠦᠷ᠎ᠢ ᠪᠦᠲᠦᠭᠡᠨ ᠪᠠᠢᠭᠤᠯᠬᠤ᠂ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠯ᠎ᠢ ᠲᠦᠷᠭᠡᠯᠡᠨ ᠪᠠᠢᠭᠤᠯᠬᠤ ᠲᠤᠬᠠᠢ ᠪᠠᠢᠷᠢᠯᠠᠭᠤᠯᠤᠯᠲᠠ ᠬᠢᠵᠦ᠍᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠡᠨᠡ ᠬᠦ᠌ ᠪᠠᠢᠯᠳᠤᠬᠤ ᠪᠣᠳᠣᠯᠭ᠎ᠠ᠎ᠶ᠋ᠢᠨ ᠰᠠᠭᠤᠷᠢ ᠴᠡᠭ᠎ᠢ ᠪᠠᠷᠢᠮᠲᠠᠯᠠᠨ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠪᠠ ᠬᠡᠷᠡᠭ᠌ᠯᠡᠭᠡ᠎ᠶ᠋ᠢ ᠠᠬᠢᠭᠤᠯᠬᠤ᠂ ᠪᠤᠳᠠᠰ᠎ᠲᠤ ᠪᠡᠯᠡ ᠣᠷᠣᠭᠤᠯᠬᠤ ᠪᠠ ᠬᠥᠮᠦᠨ᠎ᠳᠤ ᠪᠡᠯᠡ ᠣᠷᠣᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠬᠡᠷᠡᠭ᠌ᠯᠡᠭᠡ᠎ᠶ᠋ᠢ ᠶᠡᠭᠡ᠎ᠪᠠᠷ ᠬᠥᠭ᠌ᠵᠢᠭᠡᠵᠦ᠍᠂ ᠪᠦᠲᠦᠮᠵᠢᠲᠡᠶ ᠪᠡᠯᠡ ᠣᠷᠣᠭᠤᠯᠤᠯᠲᠠ᠎ᠶ᠋ᠢ ᠥᠷᠭᠡᠳᠭᠡᠵᠦ᠍᠂ ᠪᠦᠬᠦ᠌ ᠤᠯᠤᠰ᠎ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠤᠨ ᠪᠦᠳᠦᠭᠡᠨ ᠪᠠᠢᠭᠤᠯᠤᠯᠲᠠ᠎ᠶ᠋ᠢ ᠬᠠᠷᠱᠢᠯᠠᠵᠤ ᠪᠠᠢᠭ᠎ᠠ ᠪᠣᠭᠤᠭ᠍ᠳᠠᠯ ᠲᠦᠭ᠌ᠵᠢᠷᠡᠯ᠎ᠢ ᠡᠷᠡᠰ ᠠᠷᠢᠯᠭᠠᠨ᠎ᠠ ᠭᠡᠵᠦ᠍ ᠴᠢᠬᠤᠯᠠᠴᠢᠯᠠᠪᠠ᠂ ᠡᠯ᠎ᠡ ᠲᠥᠷᠥᠯ᠎ᠤᠨ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠭᠦᠢᠴᠡᠳ ᠬᠥᠭ᠌ᠵᠢᠭᠡᠵᠦ᠍᠂ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠᠢᠭᠤᠯᠤᠯ ᠲᠣᠭ᠍ᠲᠠᠴᠠ᠎ᠶ᠋ᠢ ᠲᠦᠷᠭᠡᠯᠡᠨ ᠲᠡᠭᠦᠯᠳᠡᠷᠵᠢᠭᠦᠯᠵᠦ᠍᠂ ᠬᠤᠷᠸ᠎ᠠ ᠠᠵᠤ ᠠᠬᠤᠶ᠎ᠶ᠋ᠢᠨ ᠵᠠᠰᠠᠯᠲᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠬᠡᠭ᠌ᠰᠢᠯᠡᠬᠦᠯᠦᠨᠡ ᠭᠡᠵᠦ᠍ ᠴᠢᠬᠤᠯᠠᠴᠢᠯᠠᠪᠠ᠃ ᠡᠭᠦᠨ᠎ᠤ ᠬᠠᠮᠲᠤ᠌᠂ ᠣᠯᠠᠨ ᠤᠯᠤᠰ᠎ᠤᠨ ᠣᠷᠴᠢᠯ᠎ᠢ ᠥᠷᠭᠡᠳᠭᠡᠵᠦ᠍᠂ ᠲᠦᠷᠢᠮ᠎ᠤᠨ ᠬᠡᠯᠪᠡᠷᠢ᠎ᠶ᠋ᠢᠨ ᠨᠡᠭᠡᠭᠡᠯᠳᠡ᠎ᠶ᠋ᠢ ᠯᠠᠪᠳᠠᠭᠤᠨ᠎ᠢᠶᠠᠷ ᠥᠷᠭᠡᠳᠭᠡᠨ᠂ ᠣᠯᠠᠨ ᠲᠠᠯᠠᠲᠤ ᠠᠷᠠᠯᠵᠢᠶᠠᠨ᠎ᠤ ᠪᠠᠢᠭᠤᠯᠤᠯ᠎ᠢ ᠬᠠᠮᠠᠭᠠᠯᠠᠵᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠢᠲᠠᠶ᠎ᠪᠠᠷ ᠬᠠᠮᠲᠤ᠎ᠪᠠᠷ ᠪᠠᠢᠭᠤᠯᠤᠨ᠎ᠠ ᠭᠡᠵᠦ᠍ ᠳᠤᠷᠠᠳᠪᠠ᠃
ᠲᠠᠪᠤᠳᠤᠭᠠᠷᠲᠤ᠌᠂ ᠪᠦᠬᠦ᠌ ᠠᠷᠠᠳ ᠲᠦᠮᠡᠨ᠎ᠤ ᠬᠠᠮᠲᠤ᠎ᠶ᠋ᠢᠨ ᠴᠢᠨᠡᠭᠡᠯᠢᠭ᠌ᠵᠢᠯᠲᠠ ᠯᠠᠪᠳᠠᠭᠤᠨ ᠪᠠᠲᠤᠲᠠᠢ ᠠᠯᠬᠤᠮ᠎ᠢ ᠠᠯᠬᠤᠬᠤ ᠲᠤᠬᠠᠶ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠦᠬᠦ᠌ ᠠᠷᠠᠳ ᠲᠦᠮᠡᠨ ᠬᠠᠮᠲᠤ᠎ᠪᠠᠷ ᠴᠢᠨᠡᠭᠡᠯᠢᠭ᠌ᠵᠢᠬᠦ᠌ ᠣᠳᠣᠬᠢᠴᠢᠯᠠᠯᠲᠠ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠪᠢᠳᠡ ᠲᠤᠯᠭᠤᠷ ᠵᠤᠷᠢᠯᠳᠡ᠎ᠪᠠᠨ ᠦᠯᠦ᠍ ᠮᠠᠷᠲᠠᠬᠤ᠎ᠶ᠋ᠢ ᠪᠠᠷᠢᠮᠲᠠᠯᠠᠵᠤ᠂ ᠠᠷᠠᠳ ᠲᠦᠮᠡᠨ᠎ᠤ ᠵᠣᠭ᠍ᠰᠣᠯᠲᠠ ᠳᠡᠭᠡᠷ᠎ᠡ ᠵᠣᠭ᠍ᠰᠣᠵᠣ ᠪᠠᠢᠭᠠᠳ ᠠᠰᠠᠭᠤᠳᠠᠯ᠎ᠢ ᠪᠣᠳᠣᠯᠬᠢᠯᠠᠨ᠂ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠌ ᠪᠠᠢᠭᠠᠳ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠳᠠᠢᠨ᠎ᠤ ᠢᠯᠠᠯᠲᠠ᠎ᠶ᠋ᠢ ᠤᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠵᠦ᠍᠂ ᠬᠠᠮᠲᠤ᠎ᠶ᠋ᠢᠨ ᠴᠢᠨᠡᠭᠡᠯᠢᠭ᠌ᠵᠢᠯᠲᠠ᠎ᠶ᠋ᠢ ᠠᠬᠢᠭᠤᠯᠬᠤ᠎ᠳᠤ ᠰᠠᠢᠨ ᠰᠠᠢᠬᠠᠨ ᠨᠥᠬᠦᠴᠡᠯ᠎ᠢ ᠪᠦᠷᠢᠳᠦᠭᠦᠯᠵᠦ᠍ ᠥᠭ᠌ᠪᠡ᠃ 《ᠰᠠᠨᠠᠭᠤᠯᠭ᠎ᠠ》᠎ᠶ᠋ᠢᠨ ᠨᠣᠣᠷᠠᠭ ᠨᠢ ᠵᠢᠯᠣᠭᠤᠳᠭᠤ ᠦᠵᠡᠯ ᠰᠠᠨᠠᠭ᠎ᠠ᠎ᠳᠤ ᠪᠦᠬᠦ᠌ ᠠᠷᠠᠳ ᠲᠦᠮᠡᠨ᠎ᠤ ᠬᠠᠮᠲᠤ᠎ᠶ᠋ᠢᠨ ᠴᠢᠨᠡᠭᠡᠯᠢᠭ᠌ᠵᠢᠯᠲᠠ ᠯᠠᠪᠳᠠᠭᠤᠨ ᠪᠠᠲᠤᠲᠠᠢ ᠠᠯᠬᠤᠮ᠎ᠢ ᠠᠯᠬᠤᠨ᠎ᠠ ᠭᠡᠵᠦ᠍ ᠳᠣᠪᠤᠢᠯᠭᠠᠨ ᠴᠢᠬᠤᠯᠠᠴᠢᠯᠠᠪᠠ᠂ ᠡᠨᠡ ᠪᠣᠯ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠵᠢᠯᠣᠭᠤᠳᠭᠤ ᠨᠢᠭᠡᠨ ᠶᠡᠷᠥᠩᠬᠡᠢ ᠴᠢᠨᠠᠷᠳᠠᠢ ᠱᠠᠭᠠᠷᠳᠠᠯᠭ᠎ᠠ ᠪᠣᠯᠣᠨ᠎ᠠ᠃
《ᠰᠠᠨᠠᠭᠤᠯᠭ᠎ᠠ》᠎ᠶ᠋ᠢᠨ ᠨᠣᠣᠷᠠᠭ᠎ᠲᠤ ᠬᠠᠮᠲᠤ᠎ᠶ᠋ᠢᠨ ᠴᠢᠨᠡᠭᠡᠯᠢᠭ᠌ᠵᠢᠯᠲᠠ᠎ᠶ᠋ᠢᠨ ᠬᠠᠷᠠᠯᠲᠠ ᠱᠠᠭᠠᠷᠳᠠᠯᠭ᠎ᠠ᠎ᠶ᠋ᠢ ᠪᠠᠲᠤ ᠡᠵᠡᠮᠱᠢᠵᠦ᠍᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠲᠠᠢ ᠤᠶᠠᠯᠳᠤᠭᠤᠯᠤᠨ᠂ ᠴᠢᠨᠠᠷ ᠰᠠᠢᠲᠠᠶ ᠪᠦᠭᠡᠳ ᠭᠦᠢᠴᠡᠳ ᠠᠵᠢᠯ ᠣᠯᠭᠤᠯᠲᠠ᠎ᠶ᠋ᠢ ᠠᠬᠢᠭᠤᠯᠬᠤ᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠬᠦ᠂ ᠠᠷᠠᠳ ᠲᠦᠮᠡᠨ᠎ᠳᠤ ᠲᠠᠭᠠᠱᠢᠶᠠᠭ᠍ᠳᠠᠬ᠍ᠰᠠᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠬᠦ᠂ ᠨᠡᠢᠭᠡᠮ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠬᠦ᠂ ᠭᠡᠷ ᠪᠠᠢᠱᠢᠩ ᠭᠠᠵᠠᠷ ᠱᠢᠷᠤᠢ᠎ᠶ᠋ᠢᠨ ᠬᠦᠷᠦᠩᠭᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠡᠷᠡᠭᠦᠯ ᠡᠩᠬᠡ ᠳᠤᠮᠳᠠᠳᠤ ᠤᠯᠤᠰ᠎ᠢ ᠲᠦᠷᠭᠡᠯᠡᠨ ᠪᠠᠢᠭᠤᠯᠬᠤ᠂ ᠬᠥᠮᠦᠨ ᠠᠮᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠤᠯᠭᠠᠬᠤ᠎ᠶ᠋ᠢ ᠯᠠᠪᠳᠠᠭᠤᠨ᠎ᠢᠶᠠᠷ ᠠᠬᠢᠭᠤᠯᠬᠤ ᠵᠡᠷᠭᠡ ᠲᠠᠯ᠎ᠠ᠎ᠪᠠᠷ ᠨᠢᠭᠡ ᠪᠦᠯᠦᠭ ᠲᠡᠩᠴᠡᠭᠦᠷᠢᠲᠦ ᠴᠢᠨᠠᠷ ᠬᠦᠷᠳᠡᠬᠦ᠋ᠢᠴᠠ ᠴᠢᠨᠠᠷ᠎ᠢᠶᠠᠷ ᠴᠢᠩᠭ᠎ᠠ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠪᠠᠢᠷᠢᠯᠠᠭᠤᠯᠪᠠ᠃ ᠣᠷᠣᠨ ᠪᠦᠰᠡ᠎ᠶ᠋ᠢᠨ ᠵᠥᠷᠢᠶ᠎ᠡ᠂ ᠬᠤᠲᠠ ᠬᠥᠳᠡᠭᠡ᠎ᠶ᠋ᠢᠨ ᠵᠥᠷᠢᠶ᠎ᠡ᠎ᠶ᠋ᠢ ᠪᠠᠭᠠᠰᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠲᠠᠷᠢᠶᠠᠯᠠᠩ ᠬᠥᠳᠡᠭᠡ ᠲᠣᠰᠭᠤᠨ᠎ᠤ ᠣᠳᠣᠬᠢᠴᠢᠯᠠᠯᠲᠠ᠎ᠶ᠋ᠢ ᠲᠦᠷᠭᠡᠳᠭᠡᠬᠦ᠂ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠬᠤ᠂ ᠣᠷᠣᠨ ᠪᠦᠰᠡ᠎ᠶ᠋ᠢᠨ ᠠᠵᠤ ᠠᠬᠤᠶ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠬᠦ᠂ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠨᠢᠭᠡ ᠪᠦᠯᠦᠭ ᠪᠣᠳᠠᠲᠠᠶ᠎ᠶ᠋ᠢ ᠡᠷᠬᠢᠮᠯᠡᠬᠦ᠌ ᠠᠷᠭ᠎ᠠ ᠬᠡᠮᠵᠢᠶ᠎ᠡ᠎ᠶ᠋ᠢ ᠪᠠᠢᠷᠢᠯᠠᠭᠤᠯᠪᠠ᠃ ᠠᠷᠠᠳ ᠲᠦᠮᠡᠨ᠎ᠤ ᠣᠶᠤᠨ᠎ᠤ ᠠᠮᠢᠳᠤᠷᠠᠯ᠎ᠤᠨ ᠬᠠᠮᠲᠤ᠎ᠶ᠋ᠢᠨ ᠴᠢᠨᠡᠭᠡᠯᠢᠭ᠌ᠵᠢᠯᠲᠠ᠎ᠶ᠋ᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠨᠡᠢᠭᠡᠮ ᠵᠢᠷᠤᠮ᠎ᠤᠨ ᠭᠤᠤᠯᠯᠠᠬᠤ ᠦᠷᠲᠡᠭ᠎ᠤᠨ ᠦᠵᠡᠯᠲᠡ᠎ᠶ᠋ᠢ ᠪᠠᠳᠠᠷᠠᠭᠤᠯᠤᠨ ᠦᠢᠯᠡᠳᠦᠯᠭᠡᠵᠢᠬᠦᠯᠵᠦ᠍᠂ ᠰᠣᠶᠣᠯ᠎ᠤᠨ ᠠᠵᠢᠯ ᠦᠢᠯᠡᠰ᠎ᠢ ᠶᠡᠭᠡ᠎ᠪᠠᠷ ᠴᠡᠴᠡᠭ᠌ᠯᠡᠭᠦᠯᠵᠦ᠍᠂ ᠰᠣᠶᠣᠯ᠎ᠤᠨ ᠠᠵᠤ ᠦᠢᠯᠡᠰ᠎ᠢ ᠲᠦᠷᠭᠡᠯᠡᠨ ᠬᠥᠭ᠌ᠵᠢᠭᠦᠯᠵᠦ᠍᠂ ᠳᠤᠮᠳᠠᠳᠤ᠎ᠶ᠋ᠢᠨ ᠪᠣᠯᠪᠠᠰᠤᠨ᠎ᠤ ᠤᠯᠠᠮᠵᠢᠯᠠᠨ ᠲᠠᠷᠬᠠᠭᠠᠬᠤ ᠬᠦᠴᠦᠨ ᠪᠠ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠦᠨ᠎ᠡ ᠭᠡᠵᠦ᠍ ᠳᠤᠷᠠᠳᠪᠠ᠃
ᠵᠢᠷᠭᠤᠳᠤᠭᠠᠷᠲᠤ᠌᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠯᠡᠬᠦ᠌ ᠲᠤᠬᠠᠶ᠃ ᠠᠮᠤᠷ ᠲᠦᠪᠱᠢᠨ ᠪᠣᠯ ᠬᠥᠭ᠌ᠵᠢᠯᠲᠡ᠎ᠶ᠋ᠢᠨ ᠤᠷᠢᠲᠠᠯ ᠮᠥᠨ᠂ ᠬᠥᠭ᠌ᠵᠢᠯᠲᠡ ᠪᠣᠯ ᠠᠮᠤᠷ ᠲᠦᠪᠱᠢᠨ᠎ᠤ ᠪᠠᠲᠤᠯᠠᠭ᠎ᠠ ᠮᠥᠨ᠃ ᠢᠷᠡᠭᠡᠳᠦᠶ᠎ᠶ᠋ᠢᠨ 5 ᠵᠢᠯ᠎ᠳᠤ᠂ ᠮᠠᠨ᠎ᠤ ᠤᠯᠤᠰ᠎ᠤᠨ ᠡᠯ᠎ᠡ ᠵᠦᠢᠯ᠎ᠤᠨ ᠮᠠᠭᠠᠳ ᠪᠤᠰᠤ ᠪᠠ ᠲᠥᠰᠦᠭᠡᠯᠡᠬᠦᠶ᠎ᠡ ᠪᠡᠷᠬᠡ ᠠᠶᠤᠯ ᠲᠦᠭ᠌ᠰᠢᠭᠦᠷᠢ᠎ᠶ᠋ᠢᠨ ᠬᠦᠴᠦᠨ ᠵᠦᠢᠯ ᠢᠯᠡᠳᠲᠡ ᠨᠡᠮᠡᠭ᠌ᠳᠡᠬᠦ᠌ ᠪᠤᠯᠬᠤᠷ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠯᠡᠬᠦ᠌ ᠡᠭᠦᠷᠭᠡ ᠨᠡᠩ ᠪᠡᠷᠬᠡ ᠬᠠᠲᠠᠭᠤᠵᠢᠯᠲᠠᠶ ᠪᠣᠯᠬᠤ ᠪᠣᠯᠣᠨ᠎ᠠ᠃ 《ᠰᠠᠨᠠᠭᠤᠯᠭ᠎ᠠ》᠎ᠶ᠋ᠢᠨ ᠨᠣᠣᠷᠠᠭ᠎ᠲᠤ ᠤᠯᠤᠰ᠎ᠤᠨ ᠠᠮᠤᠷ ᠲᠦᠪᠱᠢᠨ᠎ᠤ ᠱᠢᠰᠲ᠋ᠧᠮ ᠪᠠ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠲᠠᠢ ᠤᠶᠠᠯᠳᠤᠭᠤᠯᠤᠨ᠂ ᠤᠯᠤᠰ᠎ᠤᠨ ᠠᠮᠤᠷ ᠲᠦᠪᠱᠢᠨ᠎ᠤ ᠱᠢᠰᠲ᠋ᠧᠮ᠎ᠢ ᠪᠦᠷᠢᠨᠱᠢᠭᠦᠯᠵᠦ᠍᠂ ᠭᠤᠣᠯᠳᠠᠯᠭ᠎ᠠ ᠲᠠᠢ ᠬᠦᠷᠢᠶᠡᠨ᠎ᠳᠠᠬᠢ ᠤᠯᠤᠰ᠎ᠤᠨ ᠠᠮᠤᠷ ᠲᠦᠪᠱᠢᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠂ ᠤᠯᠠᠨ ᠨᠡᠢᠲᠡ᠎ᠶ᠋ᠢᠨ ᠠᠮᠤᠷ ᠲᠦᠪᠱᠢᠨ᠎ᠤ ᠵᠠᠰᠠᠯᠲᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠨᠡᠢᠭᠡᠮ᠎ᠤᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ ᠭᠡᠵᠦ᠍ ᠳᠤᠷᠠᠳᠪᠠ᠃ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢ ᠴᠢᠨᠠᠷ ᠰᠠᠢᠲᠠᠶ ᠠᠬᠢᠭᠤᠯᠬᠤ ᠲᠠᠢ ᠤᠶᠠᠯᠳᠤᠭᠤᠯᠤᠨ᠂ ᠲᠡᠷᠢᠭᠦᠨ᠎ᠤ ᠳᠠᠢᠴᠢᠨ ᠬᠦᠴᠦᠨ᠎ᠤ ᠪᠠᠢᠭᠤᠯᠤᠯᠲᠠ᠎ᠶ᠋ᠢ ᠲᠦᠷᠭᠡᠳᠭᠡᠵᠦ᠍᠂ ᠴᠡᠷᠢᠭ᠎ᠤᠨ ᠶᠠᠪᠤᠳᠠᠯ᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ᠂ ᠨᠢᠭᠡ ᠴᠤᠭ᠍ᠴᠠᠵᠢᠭ᠍ᠰᠠᠨ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠰᠲ᠋ᠧᠮ ᠪᠠ ᠴᠢᠳᠠᠪᠤᠷᠢ᠎ᠶ᠋ᠢ ᠪᠠᠬᠢᠵᠢᠭᠦᠯᠦᠨ ᠳᠡᠭᠡᠭ᠌ᠰᠢᠯᠡᠭᠦᠯᠦᠨ᠎ᠡ ᠭᠡᠵᠦ᠍ ᠳᠤᠷᠠᠳᠪᠠ᠃
ᠳᠣᠯᠣᠳᠤᠭᠠᠷᠲᠤ᠌᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ ᠲᠤᠬᠠᠢ᠃ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠶ᠋ᠢᠨ ᠦᠨᠳᠦᠰᠦᠨ ᠪᠠᠲᠤᠯᠠᠭ᠎ᠠ ᠮᠥᠨ᠃ 《ᠰᠠᠨᠠᠭᠤᠯᠭ᠎ᠠ》᠎ᠶ᠋ᠢᠨ ᠨᠣᠣᠷᠠᠭ ᠨᠢ ᠨᠠᠮ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠤᠳᠤᠷᠢᠳᠭᠤ ᠴᠢᠳᠠᠪᠤᠷᠢ ᠪᠠ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ; ᠨᠠᠮ᠎ᠤᠨ ᠱᠢᠨ᠎ᠡ ᠡᠭᠦᠳᠦᠯᠲᠡ᠎ᠶ᠋ᠢᠨ ᠣᠨᠣᠯ᠎ᠢᠶᠠᠷ ᠦᠷᠭᠦᠯᠵᠢᠯᠡᠨ ᠦᠵᠡᠯ ᠰᠠᠨᠠᠭ᠎ᠠ᠎ᠪᠠᠨ ᠨᠢᠭᠡᠳᠭᠡᠨ᠂ ᠵᠣᠷᠢᠭ ᠰᠠᠨᠠᠭ᠎ᠠ᠎ᠪᠠᠨ ᠨᠢᠭᠡᠳᠭᠡᠵᠦ᠍᠂ ᠦᠢᠯᠡ ᠠᠵᠢᠯᠯᠠᠭ᠎ᠠ᠎ᠪᠠᠨ ᠨᠢᠭᠡᠳᠭᠡᠨ᠎ᠡ; ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ᠎ᠶ᠋ᠢ ᠪᠠᠷᠢᠮᠲᠠᠯᠠᠵᠤ᠂ ᠺᠠᠳ᠋ᠷ᠎ᠢ ᠬᠢᠨᠠᠨ ᠱᠢᠯᠭᠠᠵᠤ ᠦᠨᠡᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ; ᠡᠯ᠎ᠡ ᠬᠦᠷᠢᠶᠡᠨ᠎ᠳᠠᠬᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠯᠲᠠ᠎ᠶ᠋ᠢ ᠨᠢᠭᠡᠳᠦᠯᠲᠡᠢ ᠲᠦᠯᠦᠪᠯᠡᠨ ᠠᠬᠢᠭᠤᠯᠤᠨ᠎ᠠ; ᠲᠥᠪ ᠬᠤᠷᠢᠶᠠᠨ᠎ᠤ ᠨᠠᠢ᠍ᠮᠠᠨ ᠵᠤᠷᠪᠤᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠦᠷᠡᠰᠢ ᠦᠭᠡᠢ ᠨᠠᠢᠳᠠᠪᠤᠷᠢᠵᠢᠭᠤᠯᠤᠨ᠎ᠠ; ᠨᠠᠮ ᠪᠠ ᠤᠯᠤᠰ᠎ᠤᠨ ᠬᠢᠨᠠᠯᠲᠠ ᠲᠠᠯᠪᠢᠬᠤ ᠱᠢᠰᠲ᠋ᠧᠮ᠎ᠢ ᠲᠡᠭᠦᠯᠳᠡᠷᠵᠢᠭᠦᠯᠦᠨ᠎ᠡ; ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠲᠠᠢᠨ᠂ ᠤᠳᠠᠭᠠᠨ ᠳᠠᠭᠠᠭᠠᠮᠠᠭᠠᠶ ᠲᠠᠢᠨ᠂ ᠪᠥᠬᠦ᠌ ᠲᠠᠯ᠎ᠠ᠎ᠶ᠋ᠢᠨ ᠲᠠᠢᠨ᠎ᠢ ᠡᠷᠡᠰ ᠰᠠᠢᠲᠤᠷ ᠬᠢᠨ᠎ᠡ ᠭᠡᠵᠦ᠍ ᠴᠢᠬᠤᠯᠠᠴᠢᠯᠠᠪᠠ᠃
ᠨᠥᠬᠦᠳ ᠡ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ 《ᠰᠠᠨᠠᠭᠤᠯᠭ᠎ᠠ》᠎ᠶ᠋ᠢ ᠬᠢᠨᠠᠨ ᠶᠠᠷᠢᠯᠴᠠᠵᠤ ᠪᠠᠲᠤᠯᠠᠬᠤ ᠪᠣᠯ ᠡᠨᠡ ᠤᠳᠠᠭᠠᠨ᠎ᠤ ᠪᠥᠬᠦᠳᠡ ᠬᠤᠷᠠᠯ᠎ᠤᠨ ᠭᠤᠣᠯ ᠡᠭᠦᠷᠭᠡ ᠮᠥᠨ᠃ ᠤᠯᠠᠨ᠎ᠢᠶᠠᠷ᠎ᠢᠶᠠᠨ ᠬᠢᠨᠠᠮᠠᠭᠠᠢ ᠰᠡᠳᠭᠢᠨ ᠭᠦᠨᠵᠡᠭᠡᠢ ᠶᠠᠷᠢᠯᠴᠠᠵᠤ᠂ ᠪᠥᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠲᠤᠷᠠᠳᠤᠨ᠂ ᠬᠠᠮᠲᠤ᠎ᠪᠠᠷ᠎ᠢᠶᠠᠨ ᠡᠨᠡ ᠤᠳᠠᠭᠠᠨ᠎ᠤ ᠪᠦᠬᠦᠳᠠ ᠬᠤᠷᠠᠯ᠎ᠢ ᠰᠠᠢᠲᠤᠷ ᠬᠤᠷᠠᠯᠳᠤᠭᠤᠯᠵᠤ᠂ 《ᠰᠠᠨᠠᠭᠤᠯᠭ᠎ᠠ》᠎ᠶ᠋ᠢᠨ ᠨᠤᠤᠷᠠᠭ᠎ᠢ ᠰᠠᠢᠲᠤᠷ ᠵᠠᠰᠠᠬᠤ ᠬᠡᠷᠡᠭ᠌ᠲᠡᠢ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠤᠨ 10 ᠰᠠᠷ᠎ᠠ᠎ᠶᠢᠨ 28᠎ᠤ ᠴᠠᠬᠢᠯᠭᠠᠨ ᠮᠡᠳᠡᠭᠡ᠂ ᠲᠤᠮᠳᠠᠳᠤ ᠤᠯᠤᠰ᠎ᠤᠨ ᠦᠨᠳᠦᠰᠤᠳᠠᠨᠦ ᠬᠡᠯᠡᠨ᠎ᠦ ᠤᠷᠴᠢᠭᠤᠯᠭ᠎ᠠ᠎ᠶᠢᠨ ᠲᠤᠪᠴᠢᠶ᠎ᠠ ᠤᠷᠴᠢᠭᠤᠯᠪᠠ)