ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 10 ᠰᠠᠷ᠎ᠠ᠎ᠶᠢᠨ 29 ᠦ ᠴᠠᠬᠢᠯᠭᠠᠨ ᠮᠡᠳᠡᠭᠡ ᠭᠠᠳᠠᠭᠠᠳᠤ ᠶᠠᠪᠤᠳᠠᠯ᠎ᠤᠨ ᠶᠠᠮᠤᠨ᠎ᠤ ᠥᠭᠦᠯᠡᠭᠴᠢ 10 ᠰᠠᠷ᠎ᠠ᠎ᠶᠢᠨ 29 ᠦ ᠡᠳᠦᠷ᠄ ᠳᠤᠮᠳᠠᠳᠤ ᠠᠮᠧᠷᠢᠺᠠ ᠬᠣᠶᠠᠷ ᠲᠠᠯ᠎ᠠ᠎ᠶᠢᠨ ᠵᠥᠪᠯᠡᠨ ᠲᠣᠭᠲᠠᠭᠠᠭᠰᠠᠨ᠎ᠢᠶᠠᠷ᠂ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠲᠤᠬᠠᠢ᠎ᠶᠢᠨ ᠭᠠᠵᠠᠷ᠎ᠤᠨ ᠴᠠᠭ᠎ᠢᠶᠠᠷ 10 ᠰᠠᠷ᠎ᠠ᠎ᠶᠢᠨ 30 ᠤ ᠡᠳᠦᠷ ᠺᠤᠷᠢᠶᠠ᠎ᠶᠢᠨ ᠪᠦᠰᠡᠨ᠎ᠳᠦ ᠠᠮᠧᠷᠢᠺᠠ᠎ᠶᠢᠨ ᠶᠡᠷᠦᠩᠬᠡᠢᠯᠡᠭᠴᠢ ᠲᠧᠷᠠᠮᠫᠦ᠋ ᠲᠡᠢ ᠠᠭᠤᠯᠵᠠᠯᠲᠠ ᠬᠢᠵᠦ᠂ ᠳᠤᠮᠳᠠᠳᠤ ᠠᠮᠧᠷᠢᠺᠠ᠎ᠶᠢᠨ ᠬᠠᠷᠢᠯᠴᠠᠭ᠎ᠠ ᠪᠣᠯᠣᠨ ᠬᠣᠶᠠᠷ ᠲᠠᠯ᠎ᠠ᠎ᠶᠢᠨ ᠬᠠᠮᠲᠤ᠎ᠪᠠᠷ ᠠᠩᠬᠠᠷᠴᠤ ᠪᠠᠢᠭ᠎ᠠ ᠠᠰᠠᠭᠤᠳᠠᠯ᠎ᠤᠨ ᠲᠤᠬᠠᠢ ᠰᠠᠨᠠᠯ᠎ᠢᠶᠠᠨ ᠰᠣᠯᠢᠯᠴᠠᠨ᠎ᠠ ᠭᠡᠵᠦ ᠨᠡᠢᠲᠡᠯᠡᠪᠡ᠃