ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠪᠤᠯᠤᠨ ᠹᠢᠨᠯᠠᠨᠳ᠋᠎ᠤᠨ ᠶᠡᠷᠦᠩᠬᠡᠢᠯᠡᠭ᠌ᠴᠢ ᠰᠲ᠋ᠦ᠋ᠪᠦ᠋ ᠳᠤᠮᠳᠠᠳᠤ ᠹᠢᠨᠯᠠᠨᠳ᠋᠎ᠤᠨ ᠬᠠᠷᠢᠯᠴᠠᠭ᠎ᠠ ᠪᠠᠢᠭᠤᠯᠤᠭ᠍ᠰᠠᠨ 75 ᠵᠢᠯ᠎ᠦᠨ ᠤᠢ᠎ᠳᠤ ᠵᠤᠷᠢᠭᠤᠯᠤᠨ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ
ᠨᠡᠶ᠋ᠢᠲᠡᠯᠡᠭᠰᠡᠨ ᠴᠠᠭ᠄ 2025-10-29

10 ᠰᠠᠷ᠎ᠠ᠎ᠶ᠋ᠢᠨ 28 ᠎ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠪᠣᠯᠤᠨ ᠹᠢᠨᠯᠠᠨᠳ᠋᠎ᠤᠨ ᠶᠡᠷᠦᠩᠬᠡᠢᠯᠡᠭ᠌ᠴᠢ ᠰᠲ᠋ᠦ᠋ᠪᠦ᠋ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠬᠣᠶᠠᠷ ᠤᠯᠤᠰ᠎ᠤᠨ ᠬᠠᠷᠢᠯᠴᠠᠭ᠎ᠠ ᠪᠠᠢᠭᠤᠯᠤᠭ᠍ᠰᠠᠨ 75 ᠵᠢᠯ᠎ᠦᠨ ᠤᠢ᠎ᠶ᠋ᠢ ᠪᠡᠯᠭᠡᠯᠡᠪᠡ᠃

ᠰᠢ᠎ᠵᠢᠨ᠎ᠫᠢᠩ᠂ ᠹᠢᠨᠯᠠᠨᠳ᠋ ᠪᠣᠯ ᠦᠵᠡᠰᠭᠦᠯᠡᠩᠲᠦ ᠰᠠᠢᠬᠠᠨ 《ᠮᠢᠩᠭᠠᠨ ᠨᠠᠭᠤᠷᠳᠤ ᠤᠯᠤᠰ》 ᠪᠣᠯᠤᠨ᠎ᠠ᠂ ᠪᠠᠰᠠ ᠴᠤ᠌ ᠳᠤᠮᠳᠠᠳᠤ ᠤᠯᠤᠰ ᠯᠤᠭ᠎ᠠ ᠵᠠᠰᠠᠭ᠎ᠤᠨ ᠣᠷᠳᠣᠨ᠎ᠤ ᠬᠣᠭᠣᠷᠣᠨᠳᠣᠬᠢ ᠠᠷᠠᠯᠵᠢᠶᠠᠨ᠎ᠤ ᠬᠡᠯᠡᠯᠴᠡᠭᠡᠷ ᠲᠣᠭ᠍ᠲᠠᠭ᠍ᠰᠠᠨ ᠠᠩᠬᠠᠨ᠎ᠤ ᠪᠦᠯᠦᠭ᠎ᠤᠨ ᠧᠦ᠋ᠷᠣᠫᠠ ᠲᠢᠪ᠎ᠦᠨ ᠤᠯᠤᠰ᠎ᠤᠨ ᠨᠢᠭᠡ ᠪᠣᠯᠤᠨ᠎ᠠ᠃ ᠳᠤᠮᠳᠠᠳᠤ ᠹᠢᠨᠯᠠᠨᠳ᠋ ᠬᠠᠷᠢᠯᠴᠠᠭ᠎ᠠ ᠪᠠᠢᠭᠤᠯᠤᠭ᠍ᠰᠠᠨ 75 ᠵᠢᠯ᠎ᠦᠨ ᠲᠤᠷᠰᠢ᠂ ᠬᠣᠶᠠᠷ ᠲᠠᠯ᠎ᠠ᠎ᠶ᠋ᠢᠨ ᠬᠠᠷᠢᠯᠴᠠᠭ᠎ᠠ ᠨᠡᠢᠭᠡᠮ᠎ᠦᠨ ᠪᠠᠢᠭᠤᠯᠤᠯ ᠪᠣᠯᠤᠨ ᠦᠵᠡᠯ ᠤᠬᠠᠮᠰᠠᠷ᠎ᠤᠨ ᠬᠡᠯᠪᠡᠷᠢ᠎ᠡᠴᠡ ᠳᠠᠪᠠᠵᠤ᠂ ᠳᠡᠯᠡᠬᠡᠢ᠎ᠶ᠋ᠢᠨ ᠤᠷᠪᠠᠭᠠᠨ ᠬᠥᠷᠪᠡᠭᠡᠨ᠎ᠲᠡᠶ ᠪᠠᠢᠳᠠᠯ᠎ᠤᠨ ᠱᠢᠯᠭᠠᠯᠲᠠ᠎ᠶ᠋ᠢ ᠥᠩᠭᠡᠷᠡᠭᠡᠵᠦ᠍᠂ ᠤᠯᠤᠰ ᠲᠦᠷᠦ᠍᠂ ᠠᠵᠤ ᠠᠬᠤᠢ ᠠᠷᠠᠯᠵᠢᠶ᠎ᠠ᠂ ᠰᠣᠶᠣᠯ ᠢᠷᠭᠡᠨᠱᠢᠯ ᠵᠡᠷᠭᠡ ᠬᠠᠮᠲᠤᠷᠠᠯᠴᠠᠭ᠎ᠠ ᠲᠠᠰᠤᠷᠠᠯᠳᠠ ᠦᠭᠡᠢ ᠭᠦᠨᠵᠡᠭᠡᠢᠷᠡᠪᠡ᠃ ᠨᠢᠳᠤᠨᠤᠨ᠎ᠤ 10 ᠰᠠᠷ᠎ᠠ᠎ᠳᠤ᠂ ᠶᠡᠷᠦᠩᠬᠡᠢᠯᠡᠭ᠌ᠴᠢ ᠰᠲ᠋ᠦ᠋ᠪᠦ᠋ ᠳᠤᠮᠳᠠᠳᠤ ᠤᠯᠤᠰ᠎ᠲᠤ ᠠᠮᠵᠢᠯᠲᠠ᠎ᠲᠠᠶ᠎ᠪᠠᠷ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠵᠦ᠍᠂ ᠪᠢᠳᠡ ᠬᠠᠮᠲᠤ᠎ᠪᠠᠷ ᠳᠤᠮᠳᠠᠳᠤ ᠹᠢᠨᠯᠠᠨᠳ᠋᠎ᠤᠨ ᠢᠷᠡᠭᠡᠳᠦᠢ᠎ᠳᠦ ᠬᠠᠨᠳᠤᠭ᠍ᠰᠠᠨ ᠱᠢᠨ᠎ᠡ ᠬᠡᠯᠪᠡᠷᠢ᠎ᠶ᠋ᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠵᠢᠷᠤᠭ᠍ᠯᠠᠪᠠ᠃ ᠪᠢ ᠳᠤᠮᠳᠠᠳᠤ ᠹᠢᠨᠯᠠᠨᠳ᠋᠎ᠤᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠨ᠎ᠠ᠂ ᠳᠤᠷᠠᠲᠠᠶ᠎ᠠ ᠶᠡᠷᠦᠩᠬᠡᠢᠯᠡᠭ᠌ᠴᠢ ᠰᠲ᠋ᠦᠪᠦ᠋ ᠲᠠᠢ ᠬᠠᠮᠲᠤ᠎ᠪᠠᠷ ᠴᠢᠷᠮᠠᠢᠵᠤ ᠪᠠᠢᠭᠠᠳ ᠬᠣᠶᠠᠷ ᠤᠯᠤᠰ᠎ᠤᠨ ᠨᠥᠬᠥᠷᠰᠡᠭ ᠤᠯᠠᠮᠵᠢᠯᠠᠯ᠎ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠹᠢᠨᠯᠠᠨᠳ᠋᠎ᠤᠨ ᠡᠯ᠎ᠡ ᠬᠦᠷᠢᠶᠡᠨ᠎ᠦ ᠬᠠᠮᠲᠤᠷᠠᠯᠴᠠᠭ᠎ᠠ᠎ᠶ᠋ᠢ ᠬᠦᠳᠦᠯᠥᠨ ᠳᠠᠭᠠᠭᠤᠯᠵᠤ ᠱᠢᠨ᠎ᠡ ᠪᠠᠢᠳᠠᠯ᠎ᠢ ᠡᠭᠦᠳᠴᠦ᠍᠂ ᠡᠷᠬᠡ ᠲᠡᠭ᠌ᠰᠢ ᠡᠮᠬᠢ ᠵᠢᠷᠤᠮ᠎ᠲᠠᠶ ᠳᠡᠯᠡᠬᠡᠢ᠎ᠶ᠋ᠢᠨ ᠤᠯᠠᠨ ᠲᠦᠢᠯᠵᠢᠯᠲᠡ ᠪᠠ ᠲᠦᠭᠡᠮᠡᠯ ᠬᠠᠷᠠᠭᠠᠯᠵᠠᠯᠳᠤ ᠪᠠᠭ᠍ᠲᠠᠭᠠᠮᠵᠢᠲᠠᠶ ᠪᠠᠢᠬᠤ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢ ᠬᠠᠮᠲᠤ᠎ᠪᠠᠷ ᠠᠬᠢᠭᠤᠯᠤᠨ᠎ᠠ ᠭᠡᠵᠦ᠍ ᠵᠢᠭᠠᠵᠤ ᠭᠠᠷᠭᠠᠪᠠ᠃

ᠰᠲ᠋ᠦ᠋ᠪᠦ᠋᠂ ᠹᠢᠨᠯᠠᠨᠳ᠋ ᠳᠤᠮᠳᠠᠳᠤ ᠬᠣᠶᠠᠷ ᠤᠯᠤᠰ᠎ᠤᠨ ᠬᠠᠷᠢᠯᠴᠠᠭ᠎ᠠ ᠨᠢᠭ᠍ᠲᠠ᠂ ᠰᠠᠭᠤᠷᠢ ᠪᠠᠲᠤ ᠶᠤᠮ᠃ ᠬᠠᠷᠢᠯᠴᠠᠭ᠎ᠠ ᠪᠠᠢᠭᠤᠯᠤᠭ᠍ᠰᠠᠨ 75 ᠵᠢᠯ᠎ᠦᠨ ᠲᠤᠷᠰᠢ᠂ ᠬᠣᠶᠠᠷ ᠲᠠᠯ᠎ᠠ᠎ᠶ᠋ᠢᠨ ᠬᠠᠷᠢᠯᠴᠠᠭ᠎ᠠ ᠲᠣᠭ᠍ᠲᠠᠭᠤᠨ᠎ᠢᠶᠠᠷ ᠬᠥᠭ᠌ᠵᠢᠵᠦ᠍᠂ ᠬᠠᠮᠲᠤᠷᠠᠯᠴᠠᠭ᠎ᠠ ᠲᠠᠰᠤᠷᠠᠯᠳᠠ ᠦᠭᠡᠢ ᠥᠷᠭᠡᠵᠢᠪᠡ᠃ ᠨᠢᠳᠤᠨᠤᠨ᠎ᠤ 10 ᠰᠠᠷ᠎ᠠ᠎ᠳᠤ ᠪᠢ ᠠᠩᠬ᠎ᠠ ᠤᠳᠠᠭ᠎ᠠ ᠳᠤᠮᠳᠠᠳᠤ ᠤᠯᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠵᠦ᠍᠂ ᠬᠣᠶᠠᠷ ᠲᠠᠯ᠎ᠠ᠎ᠪᠠᠷ᠎ᠢᠶᠠᠨ 《ᠹᠢᠨᠯᠠᠨᠳ᠋ ᠳᠤᠮᠳᠠᠳᠤ᠎ᠶ᠋ᠢᠨ ᠢᠷᠡᠭᠡᠳᠦᠢ᠎ᠳᠦ ᠬᠠᠨᠳᠤᠭ᠍ᠰᠠᠨ ᠱᠢᠨ᠎ᠡ ᠮᠠᠶᠢᠭ᠎ᠤᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢ ᠠᠬᠢᠭᠤᠯᠬᠤ ᠲᠤᠬᠠᠢ ᠬᠠᠮᠲᠤᠷᠠᠭ᠍ᠰᠠᠨ ᠠᠵᠢᠯ᠎ᠤᠨ ᠲᠥᠯᠥᠪᠯᠡᠭᠡ (2025–2029) 》᠎ᠶᠢ ᠨᠡᠢᠲᠡᠯᠡᠵᠡᠢ᠃ ᠳᠡᠯᠡᠬᠡᠢ ᠨᠡᠢᠭᠡᠮ᠎ᠵᠢᠡᠷ᠎ᠢᠶᠡᠨ ᠳᠤᠮᠳᠠᠳᠤ ᠤᠯᠤᠰ᠎ᠤᠨ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠶᠤᠯ ᠦᠭᠡᠢ᠎ᠶ᠋ᠢᠨ ᠵᠥᠪᠯᠡᠯ᠎ᠦᠨ ᠪᠠᠢᠩᠭᠤ᠎ᠶ᠋ᠢᠨ ᠬᠡᠷᠡᠭ ᠡᠷᠬᠢᠯᠡᠭ᠌ᠴᠢ ᠤᠯᠤᠰ ᠪᠣᠯᠬᠤ ᠦᠢᠯᠡᠳᠦᠯ᠎ᠢ ᠢᠲᠡᠭᠡᠵᠦ᠍ ᠪᠠᠢᠨ᠎ᠠ᠃ ᠪᠢ ᠲᠡᠷᠢᠭᠦᠯᠡᠭ᠌ᠴᠢ ᠰᠢ᠎ᠵᠢᠨ᠎ᠫᠢᠩ᠎ᠲᠡᠶ ᠬᠣᠶᠠᠷ ᠲᠠᠯ᠎ᠠ᠎ᠶ᠋ᠢᠨ ᠪᠠ ᠪᠦᠬᠦ᠌ ᠪᠥᠮᠪᠥᠷᠴᠡᠭ᠎ᠦᠨ ᠴᠢᠨᠠᠷᠲᠠᠢ ᠵᠥᠪᠯᠡᠬᠦ᠌ ᠵᠦᠢᠯ᠎ᠦᠨ ᠲᠤᠬᠠᠢ ᠦᠷᠭᠦᠯᠵᠢᠯᠡᠨ ᠶᠠᠷᠢᠯᠴᠠᠭ᠎ᠠ ᠬᠢᠬᠦ᠌᠎ᠶ᠋ᠢ ᠬᠦᠰᠡᠵᠦ᠍ ᠪᠠᠢᠨ᠎ᠠ ᠭᠡᠵᠦ  ᠢᠯᠡᠳᠭᠡᠪᠡ᠃

ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 10 ᠰᠠᠷ᠎ᠠ᠎ᠶ᠋ᠢᠨ 28 ᠎ᠤ᠋ ᠴᠠᠬᠢᠯᠭᠠᠨ ᠮᠡᠳᠡᠭᠡ

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            