ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠤᠯᠤᠰ ᠠᠷᠠᠳ᠎ᠤᠨ ᠠᠵᠤ ᠠᠬᠤᠶ ᠪᠣᠯᠣᠨ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠰᠠᠨᠠᠭᠤᠯᠭ᠎ᠠ
ᠨᠡᠶ᠋ᠢᠲᠡᠯᠡᠭᠰᠡᠨ ᠴᠠᠭ᠄ 2025-10-29

(2025 ᠣᠨ᠎ᠤ 10 ᠰᠠᠷ᠎ᠠ᠎ᠶ᠋ᠢᠨ 23᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯ᠎ᠠᠴᠠ ᠪᠠᠲᠤᠯᠠᠪᠠ)

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠦᠳᠡ ᠬᠤᠷᠠᠯ᠎ᠠᠴᠠ ᠳᠡᠯᠡᠬᠡᠢ᠎ᠶ᠋ᠢᠨ ᠪᠠ ᠤᠯᠤᠰ᠎ᠤᠨ ᠳᠣᠲᠣᠭᠠᠳᠤ᠎ᠶ᠋ᠢᠨ ᠪᠠᠢᠳᠠᠯ᠎ᠢ ᠭᠦᠨᠵᠡᠭᠡᠶ ᠵᠠᠳᠠᠯᠤᠭᠠᠳ᠂ ᠤᠯᠤᠰ ᠠᠷᠠᠳ᠎ᠤᠨ ᠠᠵᠤ ᠠᠬᠤᠶ ᠪᠤᠯᠤᠨ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠣᠤᠷᠠᠬᠢ ᠮᠡᠲᠦ ᠰᠠᠨᠠᠭᠤᠯᠭ᠎ᠠ ᠳᠤᠷᠠᠳᠪᠠ᠃

ᠨᠢᠭᠡ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ

(1) ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭ᠌ᠵᠢᠯᠲᠡ ᠴᠢᠬᠤᠯᠠ ᠶᠡᠭᠡ ᠠᠮᠵᠢᠯᠲᠠ ᠪᠦᠲᠦᠮᠵᠢ ᠤᠯᠪᠠ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠶᠠᠪᠤᠴᠠ ᠪᠣᠯ ᠲᠦᠢᠯ᠎ᠤᠨ ᠶᠡᠷᠦ᠍ ᠪᠤᠰᠤ᠂ ᠲᠦᠢᠯ᠎ᠤᠨ ᠡᠭᠡᠯ ᠪᠤᠰᠤ ᠶᠤᠮ᠃ ᠡᠭᠡᠳᠡᠷᠡᠭᠡᠨ ᠪᠤᠳᠤᠯᠢᠶᠠᠨᠳᠠᠢ ᠲᠡᠯᠡᠭᠡᠢ᠎ᠶ᠋ᠢᠨ ᠪᠠᠢᠳᠠᠯ ᠪᠠ ᠤᠯᠤᠰ᠎ᠤᠨ ᠲᠤᠳᠤᠭᠠᠳᠤ᠎ᠶ᠋ᠢᠨ ᠥᠭᠡᠷᠡᠴᠢᠯᠡᠯᠲᠡ ᠬᠢᠬᠦ᠌ ᠬᠥᠭ᠌ᠵᠢᠭᠦᠯᠬᠦ᠌ ᠲᠣᠭ᠍ᠲᠠᠭᠤᠨ ᠪᠠᠢᠯᠭᠠᠬᠤ᠎ᠶ᠋ᠢᠨ ᠬᠠᠳᠠᠭᠤ ᠪᠡᠷᠬᠡ ᠬᠥᠨᠳᠤ ᠨᠦᠰᠡᠷ ᠡᠬᠦᠷᠭᠡ᠎ᠶ᠋ᠢᠨ ᠡᠮᠤᠨ᠎ᠠ᠂ ᠰᠢ᠎ᠵᠢᠨ᠎ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠬᠦᠴᠢᠷ᠎ᠢ ᠰᠦᠷᠦᠨ᠂ ᠡᠷᠡᠮᠡᠬᠡᠢᠯᠡᠨ ᠤᠷᠤᠭ᠍ᠰᠢᠯᠠᠵᠤ᠂ ᠡᠷᠢᠨ ᠵᠠᠭᠤᠨ᠎ᠤ ᠬᠢᠵᠢᠭ᠎ᠤᠨ ᠬᠦᠨᠳᠦ ᠨᠣᠴᠢᠲᠠᠶ ᠲᠠᠭᠠᠷᠢᠯᠳᠠ᠎ᠶ᠋ᠢ ᠳᠠᠭᠠᠭᠠᠵᠤ᠂ ᠠᠯᠢ ᠤᠯᠠᠨ ᠬᠦᠨᠳᠦ ᠶᠡᠭᠡ ᠲᠦᠭ᠌ᠰᠢᠭᠦᠷᠢ ᠱᠢᠯᠭᠠᠯᠲᠠ᠎ᠶ᠋ᠢ ᠪᠦᠲᠦᠮᠵᠢᠲᠡᠶ ᠠᠷᠭᠠᠴᠠᠭᠠᠳ᠂ ᠨᠠᠮ ᠪᠠ ᠤᠯᠤᠰ᠎ᠤᠨ ᠠᠵᠢᠯ ᠦᠢᠯᠡᠰ᠎ᠢ ᠠᠬᠢᠭᠤᠯᠵᠤ ᠱᠢᠨ᠎ᠡ ᠴᠢᠬᠤᠯᠠ ᠶᠡᠭᠡ ᠠᠮᠵᠢᠯᠲᠠ ᠪᠦᠲᠦᠮᠵᠢ ᠤᠯᠪᠠ᠃ ᠠᠵᠤ ᠠᠬᠤᠢ᠎ᠶ᠋ᠢᠨ ᠠᠵᠢᠯᠯᠠᠭᠠᠨ ᠲᠤᠭ᠍ᠳᠠᠭᠤᠨ ᠪᠠᠢᠬᠤ᠎ᠶ᠋ᠢᠨ ᠵᠠᠷᠭᠡ᠎ᠳᠤ ᠤᠷᠤᠭ᠍ᠰᠢᠯᠠᠨ᠂ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠪᠠ; ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠳᠠ᠎ᠶ᠋ᠢᠨ ᠡᠯᠪᠡᠭ ᠳᠡᠯᠪᠡᠭ ᠦᠷ᠎ᠡ ᠪᠦᠲᠦᠭᠡᠯ ᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠯᠠᠪᠳᠠᠭᠤᠨ᠎ᠢᠶᠠᠷ ᠬᠥᠭ᠌ᠵᠢᠬᠦᠯᠪᠡ; ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠤᠯᠠᠮ ᠨᠢᠬᠡ ᠠᠯᠬᠤᠮ ᠠᠬᠢᠭᠤᠯᠵᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠬᠡᠬᠡᠯᠳᠡ᠎ᠶ᠋ᠢ ᠳᠠᠰᠤᠷᠠᠯᠳᠠ ᠦᠬᠡᠢ ᠥᠷᠭᠡᠳᠭᠡᠪᠡ; ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠭᠦᠨᠵᠡᠭᠡᠢᠷᠡᠬᠦᠯᠦᠨ ᠬᠥᠭ᠌ᠵᠢᠬᠦᠯᠵᠦ᠍᠂ ᠪᠦᠬᠦ᠌ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠪᠦᠲᠦᠮᠵᠢᠲᠡᠢ ᠬᠡᠷᠡᠭ᠌ᠵᠢᠭᠦᠯᠪᠡ; ᠰᠣᠶᠣᠯ᠎ᠤᠨ ᠠᠵᠢᠯ ᠦᠢᠯᠡᠰ ᠪᠠ ᠰᠣᠶᠣᠯ᠎ᠤᠨ ᠠᠵᠤ ᠦᠢᠯᠡᠰ᠎ᠢ ᠥᠷᠨᠢᠩᠬᠦᠢ ᠬᠥᠭ᠌ᠵᠢᠬᠦᠯᠵᠦ᠍᠂ ᠤᠶᠤᠨ᠎ᠤ ᠰᠤᠶᠤᠯ᠎ᠤᠨ ᠪᠦᠲᠦᠭᠡᠭ᠌ᠳᠡᠭᠦᠨ᠎ᠢ ᠡᠯᠪᠡᠭ ᠪᠠᠶᠠᠯᠢᠭ ᠪᠤᠯᠭᠠᠪᠠ; ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠪᠡᠳᠦ ᠪᠠᠬᠢ ᠪᠤᠯᠭᠠᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠦᠪ᠎ᠢ ᠱᠢᠢᠳᠪᠤᠷᠢᠯᠡᠭ᠌ᠰᠡᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠪᠡ; ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠲᠡᠢᠰᠢ ᠬᠡᠯᠪᠡᠷᠢ᠎ᠪᠠᠨ ᠬᠤᠪᠢᠷᠠᠭᠤᠯᠬᠤ ᠠᠯᠬᠤᠴᠠ᠎ᠶ᠋ᠢ ᠲᠦᠷᠭᠡᠳᠭᠡᠵᠦ᠍᠂ ᠠᠮᠢ ᠠᠬᠤᠢ᠎ᠶ᠋ᠢᠨ ᠣᠷᠴᠢᠨ ᠨᠦᠬᠦᠴᠡᠯ᠎ᠤᠨ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠪᠠ; ᠤᠯᠤᠰ᠎ᠤᠨ ᠠᠮᠤᠷ ᠲᠦᠪᠱᠢᠨ᠎ᠤ ᠴᠢᠳᠠᠪᠤᠷᠢ᠎ᠶ᠋ᠢ ᠪᠦᠲᠦᠮᠵᠢᠲᠡᠢ ᠳᠡᠭᠡᠭ᠌ᠰᠢᠯᠡᠬᠦᠯᠵᠦ᠍᠂ ᠨᠡᠢᠭᠡᠮ᠎ᠤᠨ ᠵᠠᠰᠠᠯᠲᠠ᠎ᠶ᠋ᠢᠨ ᠦᠢᠯᠡᠳᠦᠯ ᠴᠢᠳᠠᠪᠤᠷᠢ᠎ᠶ᠋ᠢ ᠴᠢᠩᠭᠠᠷᠠᠭᠤᠯᠵᠤ᠂ ᠨᠡᠢᠭᠡᠮ᠎ᠤᠨ ᠶᠡᠭᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠪᠠ; ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠪᠠᠢᠭᠤᠯᠤᠯᠲᠠ᠎ᠶ᠋ᠢ ᠴᠢᠬᠤᠯᠠ ᠶᠡᠭᠡ ᠠᠬᠢᠯᠳᠠ ᠲᠠᠢ ᠪᠣᠯᠭᠠᠪᠠ; 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠬᠦᠯᠬᠦ᠌》 ᠦᠢᠯᠡᠳᠦᠯᠭᠡ᠎ᠶ᠋ᠢ ᠭᠦᠨᠵᠡᠭᠡᠢᠷᠡᠬᠦᠯᠦᠨ ᠠᠬᠢᠭᠤᠯᠪᠠ; ᠳᠤᠮᠳᠠᠲᠤ ᠤᠯᠤᠰ᠎ᠤᠨ ᠤᠨᠴᠠᠯᠢᠭ ᠪᠦᠬᠦᠢ ᠲᠤᠮᠤ ᠤᠯᠤᠰ᠎ᠤᠨ ᠭᠠᠳᠠᠭᠠᠳᠤ ᠬᠠᠷᠢᠯᠴᠠᠭ᠎ᠠ᠎ᠶ᠋ᠢ ᠪᠦᠬᠦ᠌ ᠲᠠᠯ᠎ᠠ᠎ᠪᠠᠷ ᠥᠷᠭᠡᠳᠭᠡᠪᠡ; ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢᠷᠡᠬᠦᠯᠦᠨ ᠠᠬᠢᠭᠤᠯᠤᠭᠠᠳ᠂ ᠨᠠᠮ᠎ᠤᠨ ᠪᠦᠲᠦᠭᠡᠯᠴᠢ ᠬᠦᠴᠦᠨ᠂ ᠨᠢᠭ᠍ᠲᠠᠷᠠᠯ᠎ᠤᠨ ᠬᠦᠴᠦᠨ᠂ ᠲᠠᠢᠴᠢᠨ ᠬᠦᠴᠦᠨ᠎ᠢ ᠢᠯᠡᠳᠲᠡ ᠳᠡᠭᠡᠭ᠌ᠰᠢᠯᠡᠬᠦᠯᠪᠡ᠃ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠱᠢᠨ᠎ᠡ ᠳᠡᠭ᠌ᠲᠡᠷ᠎ᠲᠤ ᠭᠠᠷᠴᠤ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠱᠢᠨ᠎ᠡ ᠠᠯᠬᠤᠮ᠎ᠢ ᠠᠯᠬᠤᠭᠠᠳ᠂ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢᠨ ᠱᠢᠨ᠎ᠡ ᠠᠶᠠᠨ ᠰᠠᠢᠨ ᠡᠬᠢᠯᠡᠯᠲᠡ ᠲᠠᠢ ᠪᠣᠯᠪᠠ᠃ ᠡᠳᠡᠬᠡᠷ ᠴᠢᠬᠤᠯᠠ ᠶᠡᠭᠡ ᠠᠮᠵᠢᠯᠲᠠ ᠪᠦᠲᠦᠮᠵᠢ᠎ᠶ᠋ᠢ ᠣᠯᠤᠭ᠍ᠰᠠᠨ᠎ᠤ ᠦᠨᠳᠦᠰᠦᠨ ᠱᠢᠯᠳᠠᠭᠠᠨ ᠨᠢ ᠰᠢ᠎ᠵᠢᠨ᠎ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ᠎ᠶ᠋ᠢᠨ ᠠᠶᠠᠯᠠᠯ ᠵᠠᠮᠴᠢᠯᠠᠨ ᠴᠢᠭ᠌ᠯᠡᠯ᠎ᠢ ᠡᠵᠡᠮᠳᠡᠭ᠌ᠰᠡᠨ᠎ᠳᠤ ᠪᠤᠢ᠂ ᠰᠢ᠎ᠵᠢᠨ᠎ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠬᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠃

(2) ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ ᠨᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠠᠬᠢᠴᠠ ᠲᠤᠮᠳᠠ ᠤᠷᠢᠳᠤᠬᠢ᠎ᠶ᠋ᠢ ᠵᠠᠯᠭᠠᠮᠵᠢᠯᠠᠨ ᠢᠷᠡᠭᠡᠳᠦᠢ᠎ᠶ᠋ᠢ ᠨᠡᠭᠡᠭᠡᠬᠦ᠌ ᠴᠢᠬᠤᠯᠠ ᠪᠠᠢᠷᠢ ᠰᠠᠭᠤᠷᠢ ᠲᠠᠢ ᠶᠤᠮ᠃ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠪᠡᠶᠡᠯᠡᠭᠦᠯᠬᠦ᠌ ᠪᠣᠯ ᠨᠢᠭᠡᠨ ᠦᠭ᠌ᠰᠦᠨ ᠠᠬᠢᠳᠠᠭ᠂ ᠲᠠᠰᠤᠷᠠᠯᠲᠠ ᠦᠭᠡᠢ ᠬᠥᠭ᠌ᠵᠢᠨ ᠲᠠᠪᠱᠢᠳᠠᠭ ᠲᠡᠤᠬᠡᠨ ᠶᠠᠪᠤᠴᠠ ᠮᠥᠨ ᠪᠣᠯᠬᠤᠷ ᠴᠥᠬᠦᠷᠡᠰᠢ ᠦᠭᠡᠢ ᠴᠢᠷᠮᠠᠢᠵᠤ᠂ ᠦᠷᠭᠦᠯᠵᠢᠯᠡᠨ ᠲᠡᠮᠡᠴᠡᠬᠦ᠌ ᠴᠢᠬᠤᠯᠠᠲᠠᠶ ᠶᠤᠮ᠃ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠤ ᠰᠠᠭᠤᠷᠢ᠎ᠶ᠋ᠢ ᠪᠠᠲᠤᠳᠭᠠᠬᠤ᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ᠂ ᠳᠠᠪᠠᠭᠤᠯᠢᠭ ᠲᠠᠯ᠎ᠠ᠎ᠪᠠᠨ ᠪᠠᠬᠢᠵᠢᠭᠦᠯᠦᠨ ᠥᠷᠭᠡᠳᠭᠡᠵᠦ᠍᠂ ᠪᠣᠭᠤᠮᠢ ᠬᠢᠵᠠᠭᠠᠷᠯᠠᠯ᠎ᠢ ᠡᠪᠳᠡᠵᠦ᠍᠂ ᠳᠤᠲᠠᠭᠤᠳᠠᠯ ᠪᠠ ᠪᠠᠭᠤᠷᠠᠶ ᠲᠠᠯ᠎ᠠ᠎ᠪᠠᠨ ᠨᠥᠬᠦᠪᠥᠷᠢᠯᠡᠨ ᠴᠢᠩᠭᠠᠳᠭᠠᠵᠤ᠂ ᠬᠤᠷᠴᠠ ᠱᠢᠷᠦᠭᠦᠨ ᠤᠯᠠᠨ ᠤᠯᠤᠰ᠎ᠤᠨ ᠥᠷᠢᠰᠥᠯᠳᠦᠭᠡᠨ᠎ᠤ ᠳᠤᠮᠳᠠ ᠪᠠᠢᠯᠳᠤᠬᠤ ᠪᠤᠳᠤᠯᠭ᠎ᠠ᠎ᠶ᠋ᠢᠨ ᠰᠠᠨᠠᠭᠠᠴᠢᠯᠠᠭᠠᠲᠤ ᠡᠷᠭᠡ᠎ᠶ᠋ᠢ ᠲᠡᠮᠡᠴᠡᠨ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ᠎ᠳᠤ ᠬᠤᠯᠪᠣᠭ᠍ᠳᠠᠬᠤ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢ ᠴᠢᠬᠤᠯᠠ ᠶᠡᠭᠡ ᠱᠢᠪᠲᠤᠯᠤᠯᠲᠠ ᠲᠠᠢ ᠪᠤᠯᠭᠠᠬᠤ᠎ᠶ᠋ᠢ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠤ ᠨᠡᠩ ᠪᠠᠲᠤ ᠪᠠᠬᠢ ᠰᠠᠭᠤᠷᠢ᠎ᠶ᠋ᠢ ᠲᠠᠯᠪᠢᠵᠤ ᠦᠭ᠌ᠬᠦ ᠬᠡᠷᠡᠭ᠌ᠲᠡᠶ᠃

(3) ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠷᠴᠢᠨ ᠨᠥᠬᠦᠴᠡᠯ᠎ᠳᠤ ᠭᠦᠨᠵᠡᠭᠡᠶ ᠪᠥᠭᠡᠳ ᠪᠤᠳᠤᠯᠢᠶᠠᠨᠲᠠᠶ ᠬᠤᠪᠢᠷᠠᠯᠲᠠ ᠲᠤᠯᠭᠠᠷᠠᠬᠤ ᠪᠤᠯᠤᠨ᠎ᠠ᠃ ᠲᠤᠮᠤ ᠤᠯᠤᠰ᠎ᠤᠨ ᠬᠠᠷᠢᠴᠠᠭ᠎ᠠ ᠨᠢ ᠳᠡᠯᠡᠬᠡᠶ᠎ᠶ᠋ᠢᠨ ᠪᠠᠢᠳᠠᠯ᠎ᠢ ᠨᠥᠯᠥᠭᠡᠯᠡᠵᠦ᠍᠂ ᠳᠡᠯᠡᠬᠡᠶ᠎ᠶ᠋ᠢᠨ ᠪᠠᠢᠳᠠᠯ᠎ᠤᠨ ᠤᠯᠠᠷᠢᠯ ᠬᠤᠪᠢᠰᠤᠯ ᠨᠢ ᠤᠯᠤᠰ᠎ᠤᠨ ᠳᠣᠲᠣᠭᠠᠳᠤ᠎ᠶ᠋ᠢᠨ ᠬᠥᠭ᠌ᠵᠢᠯᠲᠡ᠎ᠶ᠋ᠢ ᠭᠦᠨᠵᠡᠭᠡᠶ ᠨᠥᠯᠥᠭᠡᠯᠡᠵᠦ᠍᠂ ᠮᠠᠨ᠎ᠤ ᠤᠯᠤᠰ᠎ᠤᠨ ᠬᠥᠭ᠌ᠵᠢᠯᠲᠡ ᠪᠠᠢᠯᠳᠤᠬᠤ ᠪᠣᠳᠣᠯᠭ᠎ᠠ᠎ᠶ᠋ᠢᠨ ᠲᠣᠬᠢᠶᠠᠯ ᠪᠠ ᠲᠦᠭ᠌ᠰᠢᠭᠦᠷᠢ ᠱᠢᠯᠭᠠᠯᠳᠠ ᠵᠡᠷᠭᠡ᠎ᠪᠠᠷ ᠣᠷᠣᠱᠢᠬᠤ᠂ ᠮᠠᠭᠠᠳ ᠪᠤᠰᠤ ᠪᠠ ᠲᠥᠰᠦᠭᠡᠯᠡᠬᠦᠶ᠎ᠡ ᠪᠡᠷᠬᠡ ᠬᠦᠴᠦᠨ ᠵᠦᠢᠯ᠎ᠤᠳ ᠨᠡᠮᠡᠭ᠌ᠳᠡᠭᠦ᠌ ᠴᠠᠭ ᠬᠤᠭᠤᠴᠠᠭ᠎ᠠ᠎ᠳᠤ ᠣᠷᠤᠱᠢᠬᠤ ᠪᠤᠯᠤᠨ᠎ᠠ᠃ ᠳᠡᠯᠡᠬᠡᠢ᠎ᠶ᠋ᠢᠨ ᠪᠠᠢᠳᠠᠯ᠎ᠠᠴᠠ ᠦᠵᠡᠪᠡᠯ᠂ ᠳᠡᠯᠡᠬᠡᠶ᠎ᠶ᠋ᠢᠨ ᠵᠠᠭᠤᠨ ᠵᠢᠯ᠎ᠤᠨ ᠬᠤᠪᠢᠰᠤᠯᠲᠠ ᠲᠦᠷᠭᠡᠰᠤᠨ ᠤᠯᠠᠷᠢᠵᠤ᠂ ᠣᠯᠠᠨ ᠤᠯᠤᠰ᠎ᠤᠨ ᠬᠦᠴᠦᠨ᠎ᠤ ᠬᠠᠷᠢᠴᠠᠯ᠎ᠳᠤ ᠭᠦᠨᠵᠡᠭᠡᠶ ᠲᠣᠬᠢᠷᠠᠭᠤᠯᠤᠯᠲᠠ ᠭᠠᠷᠴᠦ᠍᠂ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠤᠪᠢᠰᠭᠠᠯ ᠪᠠ ᠠᠵᠤ ᠦᠢᠯᠡᠰ᠎ᠤᠨ ᠬᠤᠪᠢᠰᠤᠯᠲᠠ᠎ᠶ᠋ᠢᠨ ᠱᠢᠪᠲᠤᠯᠤᠯᠲᠠ ᠲᠦᠷᠭᠡᠰᠴᠤ᠌᠂ ᠮᠠᠨ᠎ᠤ ᠤᠯᠤᠰ ᠰᠠᠨᠠᠭᠠᠴᠢᠯᠠᠭ᠎ᠠ᠎ᠠᠴᠠ᠎ᠪᠠᠨ ᠤᠯᠠᠨ ᠤᠯᠤᠰ᠎ᠤᠨ ᠣᠷᠣᠨ ᠵᠠᠢ᠎ᠶ᠋ᠢ ᠲᠥᠰᠦᠪᠯᠡᠬᠦ᠂ ᠭᠠᠳᠠᠭᠠᠳᠤ ᠣᠷᠴᠢᠨ ᠨᠦᠬᠦᠴᠡᠯ᠎ᠢ ᠴᠣᠭ᠍ᠴᠠᠯᠠᠬᠤ ᠠᠯᠢ ᠤᠯᠠᠨ ᠠᠱᠢᠭ᠍ᠲᠠᠢ ᠬᠦᠴᠦᠨ ᠵᠦᠢᠯ᠎ᠢ ᠪᠦᠷᠢᠯᠳᠦᠭᠦᠯᠦᠭ᠌ᠰᠡᠨ ᠪᠠᠢᠨ᠎ᠠ᠃ ᠡᠭᠦᠨ᠎ᠤ ᠬᠠᠮᠲᠤ᠌᠂ ᠳᠡᠯᠡᠬᠡᠶ ᠶᠢᠷᠲᠢᠨᠴᠦ᠍᠎ᠳᠤ ᠬᠤᠪᠢᠰᠤᠯᠳᠠ ᠰᠠᠮᠠᠭᠤᠷᠠᠯ ᠰᠣᠯᠪᠢᠴᠠᠨ᠂ ᠦᠢᠮᠡᠬᠡᠨ ᠲᠡᠪᠵᠢᠶᠡᠨ ᠱᠢᠷᠦᠭᠦᠰᠴᠦ᠍᠂ ᠭᠠᠵᠠᠷ ᠣᠷᠣᠨ᠎ᠤ ᠮᠥᠷᠭᠦᠯᠳᠦᠭᠡᠨ ᠠᠮᠠᠷᠬᠠᠨ ᠡᠭᠦᠰᠴᠦ᠍ ᠣᠯᠠᠨ ᠭᠠᠷᠴᠤ᠌ ᠪᠠᠢᠨ᠎ᠠ; ᠭᠠᠭ᠍ᠴᠠ ᠲᠠᠯᠠᠳᠤ ᠦᠵᠡᠯ᠂ ᠬᠠᠮᠠᠭᠠᠯᠠᠬᠤ ᠦᠵᠡᠯ ᠲᠣᠯᠣᠭᠠᠢ ᠥᠨᠳᠡᠢᠵᠦ᠍᠂ ᠡᠵᠡᠷᠬᠡᠬᠦ᠌ ᠦᠵᠡᠯ ᠪᠠ ᠬᠦᠴᠦᠷᠬᠡᠭ᠌ᠯᠡᠯ᠎ᠤᠨ ᠤᠯᠤᠰ ᠲᠦᠷᠦ᠍᠎ᠶ᠋ᠢᠨ ᠰᠦᠷᠳᠡᠭᠦᠯᠦᠯ ᠨᠡᠮᠡᠭ᠌ᠳᠡᠵᠦ᠍᠂ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠡᠮᠬᠢ ᠵᠢᠷᠤᠮ ᠬᠦᠨᠳᠦ ᠨᠣᠴᠢᠲᠠᠢ ᠱᠢᠯᠭᠠᠯᠳᠠ᠎ᠳᠤ ᠲᠤᠯᠭᠠᠷᠠᠵᠤ᠂ ᠳᠡᠯᠡᠬᠡᠢ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠤᠨ ᠬᠥᠳᠡᠯᠭᠡᠭ᠌ᠴᠢ ᠡᠨᠧᠷᠭᠢ ᠭᠦᠢᠴᠡᠳ ᠪᠤᠰᠤ ᠪᠠᠢᠨ᠎ᠠ; ᠲᠤᠮᠤ ᠤᠯᠤᠰ᠎ᠤᠨ ᠦᠵᠡᠯᠴᠡᠭᠡᠨ ᠨᠠᠩ ᠪᠤᠳᠤᠯᠢᠶᠠᠨᠲᠠᠶ ᠪᠦᠬᠡᠳ ᠬᠤᠷᠴᠠ ᠱᠢᠷᠦᠭᠦᠨ ᠪᠣᠯᠪᠠ᠃ ᠤᠯᠤᠰ᠎ᠤᠨ ᠳᠣᠲᠣᠭᠠᠳᠤ᠎ᠶ᠋ᠢᠨ ᠪᠠᠢᠳᠠᠯ᠎ᠠᠴᠠ ᠦᠵᠡᠪᠡᠯ᠂ ᠮᠠᠨ᠎ᠤ ᠤᠯᠤᠰ᠎ᠤᠨ ᠠᠵᠤ ᠠᠬᠤᠶ᠎ᠶ᠋ᠢᠨ ᠰᠠᠭᠤᠷᠢ ᠲᠣᠭ᠍ᠲᠠᠭᠤᠨ᠂ ᠳᠠᠪᠠᠭᠤᠯᠢᠭ ᠣᠯᠠᠨ᠂ ᠤᠶᠠᠨ ᠬᠠᠳᠠᠨ ᠴᠢᠨᠠᠷ ᠴᠢᠩᠭ᠎ᠠ᠂ ᠳᠠᠯᠳᠠ ᠴᠢᠳᠠᠪᠤᠷᠢ ᠶᠡᠭᠡ ᠪᠠᠢᠵᠤ᠂ ᠣᠷᠳᠣ ᠬᠤᠭᠤᠴᠠᠭ᠎ᠠ᠎ᠪᠠᠷ ᠰᠠᠢᠵᠢᠷᠠᠬᠤ᠎ᠶ᠋ᠢᠨ ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭ᠎ᠠ ᠦᠭᠡᠢ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠂ ᠭᠡᠳᠤ ᠶᠡᠭᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠳᠠᠪᠠᠭᠤᠯᠢᠭ᠂ ᠪᠦᠷᠢᠨ ᠪᠦᠲᠦᠨ ᠠᠵᠤ ᠦᠢᠯᠡᠰ᠎ᠤᠨ ᠱᠢᠰᠲ᠋ᠧᠮ᠎ᠤᠨ ᠳᠠᠪᠠᠭᠤᠯᠢᠭ᠂ ᠡᠯᠪᠡᠭ ᠲᠡᠯᠪᠡᠭ ᠴᠢᠳᠠᠪᠤᠷᠢᠲᠠᠨ᠎ᠤ ᠡᠬᠢ ᠪᠠᠶᠠᠯᠢᠭ᠎ᠤᠨ ᠳᠠᠪᠠᠭᠤᠯᠢᠭ ᠨᠡᠩ ᠢᠯᠡ ᠲᠣᠳᠣ ᠪᠣᠯᠪᠠ᠃ ᠡᠭᠦᠨ᠎ᠤ ᠬᠠᠮᠳᠤ᠂ ᠬᠥᠭ᠌ᠵᠢᠯᠲᠡ᠎ᠶ᠋ᠢᠨ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠮᠥᠨ ᠬᠦ᠌ ᠲᠤᠪᠤᠢᠮ᠎ᠠ ᠪᠠᠢᠨ᠎ᠠ; ᠪᠦᠲᠦᠮᠵᠢᠲᠡᠶ ᠬᠡᠷᠡᠭ᠌ᠴᠡᠭᠡ ᠬᠦᠷᠦᠯᠴᠡᠬᠦ᠌ ᠥᠬᠡᠶ ᠪᠠᠢᠵᠤ᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠳᠤ ᠪᠣᠭᠤᠭ᠍ᠳᠠᠯ ᠲᠦᠭ᠌ᠵᠢᠷᠡᠯ ᠣᠷᠣᠱᠢᠵᠤ ᠪᠠᠢᠨ᠎ᠠ; ᠱᠢᠨ᠎ᠡ ᠬᠠᠭᠤᠴᠢᠨ ᠬᠥᠳᠡᠯᠭᠡᠭ᠌ᠴᠢ ᠡᠨᠧᠷᠭᠢ᠎ᠶ᠋ᠢᠨ ᠰᠣᠯᠢᠭ᠍ᠳᠠᠯ᠎ᠤᠨ ᠡᠭᠦᠷᠭᠡ ᠬᠠᠲᠠᠭᠤ ᠪᠡᠷᠬᠡ ᠪᠠᠢᠨ᠎ᠠ; ᠲᠠᠷᠢᠶᠠᠯᠠᠩ ᠬᠥᠳᠡᠭᠡ ᠲᠣᠰᠭᠤᠨ᠎ᠤ ᠣᠳᠣᠬᠢᠴᠢᠯᠠᠯᠲᠠ ᠬᠠᠷᠢᠴᠠᠩᠭᠤᠶ᠎ᠪᠠᠷ ᠬᠤᠴᠣᠷᠤᠩᠭᠤᠶ ᠪᠠᠢᠨ᠎ᠠ; ᠠᠵᠢᠯ ᠣᠯᠭᠤᠯᠲᠠ ᠪᠠ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠤᠨ ᠳᠠᠷᠤᠯᠲᠠ ᠨᠡᠯᠢᠶᠡᠳ ᠶᠡᠭᠡ ᠪᠠᠢᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠳᠤ ᠳᠤᠲᠠᠭᠤᠳᠠᠯ ᠪᠠ ᠪᠠᠭᠤᠷᠠᠶ ᠲᠠᠯ᠎ᠠ ᠣᠷᠣᠱᠢᠵᠤ ᠪᠠᠢᠨ᠎ᠠ; ᠬᠥᠮᠦᠨ ᠠᠮᠠ᠎ᠶ᠋ᠢᠨ ᠪᠦᠲᠦᠴᠡ᠎ᠶ᠋ᠢᠨ ᠬᠤᠪᠢᠷᠠᠯᠲᠠ ᠨᠢ ᠠᠵᠤ ᠠᠬᠤᠢ᠎ᠶ᠋ᠢᠨ ᠬᠥᠭ᠌ᠵᠢᠯᠲᠡ᠂ ᠨᠡᠢᠭᠡᠮ᠎ᠤᠨ ᠵᠠᠰᠠᠯᠲᠠ ᠵᠡᠷᠭᠡ᠎ᠳᠤ ᠱᠢᠨ᠎ᠠ ᠰᠡᠳᠦᠪ ᠳᠤᠷᠠᠳᠤᠨ ᠭᠠᠷᠭᠠᠪᠠ; ᠭᠤᠣᠯᠳᠠᠯᠭ᠎ᠠ ᠲᠠᠢ ᠬᠦᠷᠢᠶᠡᠨ᠎ᠳᠤ ᠪᠠᠰᠠ ᠠᠶᠤᠯ ᠲᠦᠭ᠌ᠰᠢᠭᠦᠷᠢ᠎ᠶ᠋ᠢᠨ ᠲᠠᠯᠳᠠ ᠭᠡᠮ ᠣᠷᠣᠱᠢᠵᠤ ᠪᠠᠢᠨ᠎ᠠ᠃

ᠬᠤᠪᠢᠰᠤᠯᠳᠠ᠎ᠳᠤ ᠠᠵᠠ ᠲᠣᠬᠢᠶᠠᠯ ᠠᠭᠤᠯᠤᠭ᠍ᠳᠠᠵᠤ᠂ ᠱᠢᠯᠭᠠᠯᠳᠠ ᠨᠢ ᠲᠡᠮᠡᠴᠡᠯ᠎ᠤᠨ ᠵᠤᠷᠢᠭ᠎ᠢ ᠬᠦᠭ᠌ᠵᠢᠬᠡᠨᠡᠮ᠃ ᠪᠦᠬᠦ᠌ ᠨᠠᠮ᠎ᠢᠶᠠᠷ᠎ᠢᠶᠠᠨ 《ᠬᠤᠶᠠᠷ᠎ᠢ ᠲᠣᠭ᠍ᠲᠠᠭᠠᠬ᠍ᠰᠠᠨ》᠎ᠤ ᠱᠢᠢᠳᠪᠦᠷᠢᠯᠡᠭ᠌ᠴᠢ ᠴᠢᠨᠠᠷᠳᠠᠢ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠲᠦᠷᠪᠡᠨ ᠤᠬᠠᠮᠰᠠᠷ》᠎ᠢᠶᠠᠨ ᠴᠢᠩᠭᠠᠳᠭᠠᠨ᠂ 《ᠲᠦᠷᠪᠡᠨ ᠢᠲᠡᠭᠡᠯ》᠎ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠪᠠᠳᠤ ᠬᠦᠴᠦᠨ᠎ᠢᠶᠠᠨ ᠬᠠᠳᠠᠭᠠᠯᠠᠨ᠂ ᠵᠠᠪᠠᠯ ᠢᠯᠠᠬᠤ ᠢᠲᠡᠭᠡᠯ᠎ᠢᠶᠠᠨ ᠨᠡᠮᠡᠭ᠌ᠳᠡᠭᠦᠯᠵᠦ᠍᠂ ᠢᠳᠡᠪᠬᠢᠳᠡᠢ᠎ᠪᠠᠷ ᠬᠤᠪᠢᠷᠠᠯᠲᠠ᠎ᠶ᠋ᠢ ᠲᠠᠨᠢᠵᠤ ᠬᠤᠪᠢᠷᠠᠯᠲᠠ᠎ᠶ᠋ᠢ ᠠᠷᠭᠠᠴᠠᠨ ᠬᠤᠪᠢᠷᠠᠭᠤᠯᠬᠤ᠎ᠪᠠᠷ ᠴᠢᠷᠮᠠᠢᠨ᠂ ᠵᠣᠷᠢᠭ᠍ᠲᠠᠶ᠎ᠪᠠᠷ ᠲᠡᠮᠡᠴᠡᠯ ᠬᠢᠬᠦ᠌ ᠪᠠ ᠴᠢᠳᠠᠮᠠᠭᠠᠶ᠎ᠪᠠᠷ ᠲᠡᠮᠡᠴᠡᠯ ᠬᠢᠵᠤ᠂ ᠶᠡᠭᠡ ᠰᠠᠯᠬᠢ ᠬᠦᠴᠦᠳᠦ ᠲᠠᠪᠠᠯᠭᠠᠨ ᠴᠢᠨᠠᠭ᠍ᠰᠢᠯᠠᠪᠠᠯ ᠲᠤᠬ᠍ᠰᠢᠨ ᠰᠠᠯᠬᠢ ᠱᠢᠷᠦᠬᠦᠨ ᠲᠠᠪᠠᠯᠭᠠᠨ᠎ᠤ ᠬᠦᠨᠳᠦ ᠶᠡᠭᠡ ᠱᠢᠯᠭᠠᠯᠲᠠ᠎ᠳᠤ ᠵᠣᠷᠢᠭ᠍ᠲᠠᠶ ᠬᠠᠨᠳᠤᠵᠤ᠂ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠎ᠪᠠᠷ ᠪᠡᠷᠬᠡ ᠪᠤᠭᠤᠮᠳᠠ᠎ᠶ᠋ᠢ ᠲᠠᠪᠠᠵᠤ᠂ ᠠᠶᠤᠯ ᠲᠦᠭ᠌ᠰᠢᠭᠦᠷᠢ᠎ᠶ᠋ᠢ ᠲᠤᠭᠤᠯᠤᠨ᠂ ᠥᠷᠢᠰᠥᠯᠳᠦᠭᠡᠨ ᠱᠢᠯᠭᠠᠯᠳᠠ᠎ᠶ᠋ᠢ ᠤᠭ᠍ᠲᠤᠵᠤ᠂ ᠬᠦᠴᠦᠨ᠎ᠢᠶᠠᠨ ᠲᠥᠪᠯᠡᠷᠡᠭᠦᠯᠦᠨ ᠥᠪᠡᠷ᠎ᠤᠨ ᠶᠠᠪᠤᠳᠠᠯ᠎ᠢᠶᠠᠨ ᠰᠠᠢᠲᠤᠷ ᠬᠢᠵᠦ᠍᠂ ᠠᠵᠤ ᠠᠬᠤᠶ ᠲᠦᠷᠭᠡᠨ ᠬᠥᠭ᠌ᠵᠢᠭ᠌ᠰᠡᠨ ᠪᠠ ᠨᠡᠢᠭᠡᠮ ᠤᠷᠳᠤ ᠬᠤᠭᠤᠴᠠᠭ᠎ᠠ᠎ᠪᠠᠷ ᠲᠣᠭ᠍ᠲᠠᠭᠤᠨ ᠪᠠᠢᠬᠤ ᠬᠤᠶᠠᠷ ᠶᠡᠭᠡ ᠭᠠᠢᠬᠠᠮᠱᠢᠭ᠎ᠤᠨ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠳᠤᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠬᠡᠷᠡᠭ᠌ᠲᠡᠶ᠃

ᠬᠤᠶᠠᠷ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠵᠢᠯᠣᠭᠤᠳᠭᠤ ᠴᠢᠭ᠌ᠯᠡᠯᠳᠠ ᠪᠤᠯᠤᠨ ᠭᠤᠤᠯ ᠭᠤᠤᠯ ᠬᠠᠷᠠᠯᠳᠠ

(4) ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠵᠢᠯᠣᠭᠤᠳᠭᠤ ᠦᠵᠡᠯ ᠰᠠᠨᠠᠭ᠎ᠠ᠃ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠤᠨ ᠤᠨᠤᠯ᠂ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠰᠢ᠎ᠵᠢᠨ᠎ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠭᠡᠬᠦ᠂ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠣᠭᠤᠷᠢᠨ᠎ᠳᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢ ᠪᠠᠢᠷᠢᠯᠠᠭᠤᠯᠤᠯᠲᠠ᠎ᠶ᠋ᠢ ᠨᠢᠭᠡᠳᠦᠯᠲᠡᠢ ᠲᠥᠯᠥᠪᠯᠠᠨ ᠠᠬᠢᠭᠤᠯᠵᠤ᠂ 《ᠲᠦᠷᠪᠡᠨ ᠪᠦᠬᠦ᠌ ᠲᠠᠯ᠎ᠠ》᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠵᠣᠬᠢᠴᠠᠩᠭᠤᠢ᠎ᠪᠠᠷ ᠠᠬᠢᠭᠤᠯᠤᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠶᠠᠷ ᠶᠡᠭᠡ ᠲᠠᠯ᠎ᠠ᠎ᠶ᠋ᠢ ᠨᠢᠭᠡᠳᠦᠯᠲᠡᠢ ᠲᠥᠯᠥᠪᠯᠠᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠯᠡᠨ ᠪᠠᠢᠭᠤᠯᠵᠤ᠂ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠤᠷᠤᠭ᠍ᠰᠢᠯᠠᠭᠤᠯᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠨ᠂ ᠠᠵᠤ ᠠᠬᠤᠢ᠎ᠶ᠋ᠢᠨ ᠪᠦᠳᠦᠭᠡᠨ ᠪᠠᠢᠭᠤᠯᠤᠯᠲᠠ᠎ᠪᠠᠷ ᠭᠤᠣᠯᠳᠠᠯᠭ᠎ᠠ ᠪᠣᠯᠭᠠᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠣᠯ ᠰᠡᠳᠦᠪ ᠪᠣᠯᠭᠠᠬᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠠᠷ ᠦᠨᠳᠦᠰᠦᠨ ᠬᠥᠳᠡᠯᠭᠡᠭ᠌ᠴᠢ ᠬᠦᠴᠦᠨ ᠪᠣᠯᠭᠠᠬᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠦᠨᠳᠦᠰᠦᠨ ᠵᠤᠷᠢᠯᠭ᠎ᠠ ᠪᠣᠯᠭᠠᠬᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠪᠠᠷ ᠦᠨᠳᠦᠰᠦᠨ ᠪᠠᠲᠤᠯᠠᠭ᠎ᠠ ᠪᠣᠯᠭᠠᠬᠤ᠎ᠶ᠋ᠢ ᠪᠠᠷᠢᠮᠳᠠᠯᠠᠵᠤ᠂ ᠠᠵᠤ ᠠᠬᠤᠢ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠤ ᠵᠥᠢ ᠵᠣᠬᠢᠰᠲᠠᠶ ᠨᠡᠮᠡᠭ᠌ᠳᠡᠯ᠎ᠢ ᠪᠡᠶᠡᠯᠡᠭᠦᠯᠬᠦ᠌᠎ᠶ᠋ᠢ ᠠᠬᠢᠭᠤᠯᠤᠨ᠂ ᠬᠥᠮᠦᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ᠂ ᠪᠦᠬᠦ᠌ ᠠᠷᠠᠳ ᠲᠦᠮᠡᠨ᠎ᠤ ᠬᠠᠮᠲᠤ᠎ᠶ᠋ᠢᠨ ᠴᠢᠨᠡᠭᠡᠯᠢᠭ᠌ᠵᠢᠯᠲᠠ ᠯᠠᠪᠳᠠᠭᠤᠨ ᠪᠠᠲᠤᠲᠠᠢ ᠠᠯᠬᠤᠮ᠎ᠢ ᠠᠯᠬᠤᠬᠤ᠎ᠶ᠋ᠢ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠳᠠᠯ᠎ᠢ ᠱᠢᠢᠳᠪᠦᠷᠢᠯᠡᠭ᠌ᠴᠢ ᠴᠢᠨᠠᠷᠲᠠᠢ ᠠᠬᠢᠯᠳᠠ ᠲᠠᠢ ᠪᠣᠯᠭᠠᠬᠤ᠎ᠶ᠋ᠢ ᠦᠨᠡᠨ ᠬᠦ᠌ ᠪᠠᠲᠤᠯᠠᠨ᠎ᠠ᠃

(5) ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ ᠶ᠋ᠢᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠢ ᠬᠥᠭ᠌ᠵᠢᠭᠦᠯᠬᠦ᠌᠎ᠳᠤ ᠡᠷᠬᠡᠪᠰᠢ ᠵᠢᠷᠤᠮᠯᠠᠬᠤ ᠵᠠᠷᠴᠢᠮ᠃

— ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ᠎ᠠ᠃ ᠨᠠᠮ᠎ᠤᠨ ᠲᠥᠪ ᠬᠤᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠨᠠᠮ᠎ᠤᠨ ᠴᠢᠭ᠌ᠯᠡᠯ᠎ᠢ ᠡᠵᠡᠮᠳᠡᠬᠦ᠂ ᠶᠡᠭᠡ ᠲᠠᠯ᠎ᠠ᠎ᠶ᠋ᠢ ᠪᠣᠳᠣᠯᠬᠢᠯᠠᠬᠤ᠂ ᠲᠦᠷᠦ᠍᠎ᠶ᠋ᠢᠨ ᠪᠤᠳᠤᠯᠭ᠎ᠠ ᠲᠣᠭ᠍ᠲᠠᠭᠠᠬᠤ᠂ ᠥᠭᠡᠷᠡᠴᠢᠯᠡᠯᠲᠡ᠎ᠶ᠋ᠢ ᠠᠬᠢᠭᠤᠯᠬᠤ ᠴᠢᠳᠠᠪᠤᠷᠢ᠎ᠶ᠋ᠢ ᠳᠡᠬᠡᠭ᠌ᠰᠢᠯᠡᠬᠦᠯᠦᠨ᠂ ᠨᠠᠮ᠎ᠤᠨ ᠤᠳᠤᠷᠢᠳᠤᠯᠭ᠎ᠠ᠎ᠶ᠋ᠢ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠡᠯ᠎ᠡ ᠲᠠᠯ᠎ᠠ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠳᠤ ᠦᠨᠳᠦᠰᠦᠨ ᠪᠠᠲᠤᠯᠠᠭ᠎ᠠ ᠬᠠᠩᠭᠠᠨ᠎ᠠ᠃

— ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠨ᠎ᠠ᠃ ᠠᠷᠠᠳ ᠲᠦᠮᠡᠨ᠎ᠤ ᠪᠠᠶᠠᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠬᠦᠨᠳᠦᠳᠭᠡᠵᠦ᠍᠂ ᠠᠷᠠᠳ ᠲᠦᠮᠡᠨ᠎ᠳᠤ ᠴᠢᠩᠭ᠎ᠠ ᠲᠦᠱᠢᠭ᠌ᠯᠡᠨ᠂ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠶ᠋ᠢ ᠬᠠᠮᠠᠭᠠᠯᠠᠵᠤ᠂ ᠨᠡᠢᠭᠡᠮ᠎ᠤᠨ ᠲᠥᠪ ᠭᠤᠣᠯᠴᠢ ᠱᠢᠳᠤᠷᠭᠤ ᠶᠣᠰᠣ᠎ᠶ᠋ᠢ ᠠᠬᠢᠭᠤᠯᠤᠨ᠂ ᠬᠥᠭ᠌ᠵᠢᠬᠦᠯᠬᠦ᠌ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠪᠠ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ ᠳᠤᠮᠳᠠ ᠬᠥᠭ᠌ᠵᠢᠯᠲᠡ᠎ᠶ᠋ᠢᠨ ᠣᠷᠣᠨ ᠵᠠᠢ᠎ᠶ᠋ᠢ ᠥᠷᠭᠡᠳᠭᠡᠬᠦ᠌᠎ᠶ᠋ᠢ ᠴᠢᠬᠤᠯᠠᠴᠢᠯᠠᠵᠤ᠂ ᠠᠵᠤ ᠠᠬᠤᠢ ᠪᠠ ᠨᠡᠢᠭᠡᠮ᠎ᠤᠨ ᠵᠣᠬᠢᠴᠠᠩᠭᠤᠢ ᠬᠥᠭ᠌ᠵᠢᠯᠲᠡ᠂ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ᠎ᠤ ᠬᠠᠷᠢᠯᠴᠠᠨ ᠨᠦᠬᠦᠪᠦᠷᠢᠯᠡᠨ ᠬᠠᠷᠢᠯᠴᠠᠨ ᠲᠤᠪᠤᠢᠯᠭᠠᠬᠤ᠎ᠶ᠋ᠢ ᠠᠬᠢᠭᠤᠯᠵᠤ᠂ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠪᠦᠬᠦ᠌ ᠠᠷᠠᠳ ᠲᠦᠮᠡᠨ᠎ᠳᠤ ᠨᠠᠩ ᠤᠯᠠᠨ ᠨᠠᠩ ᠭᠤᠤᠯᠴᠢ᠎ᠪᠠᠷ ᠬᠦᠷᠲᠡᠭᠡᠨ᠎ᠠ᠃

— ᠴᠢᠨᠠᠷ ᠰᠠᠢᠲᠠᠢ ᠬᠥᠭ᠌ᠵᠢᠯᠲᠡ᠎ᠶ᠋ᠢ ᠪᠠᠷᠢᠮᠲᠠᠯᠠᠨ᠎ᠠ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠬᠥᠭ᠌ᠵᠢᠯᠲᠡ᠎ᠶ᠋ᠢ ᠬᠦᠳᠦᠯᠦᠨ ᠳᠠᠭᠠᠭᠤᠯᠵᠤ᠂ ᠭᠠᠵᠠᠷ ᠣᠷᠣᠨ᠎ᠤ ᠪᠠᠢᠳᠠᠯ᠎ᠳᠤᠨᠢ ᠳᠤᠬᠢᠷᠠᠭᠤᠯᠤᠨ ᠱᠢᠨ᠎ᠡ ᠴᠢᠨᠡᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢ ᠬᠦᠴᠦᠷᠬᠡᠭ᠌ᠵᠢᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠰᠠᠭᠠᠳ ᠦᠬᠡᠢ ᠨᠡᠪᠳᠡᠷᠡᠬᠦᠯᠵᠤ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠶ᠋ᠢ ᠨᠢᠭᠡᠳᠦᠯᠲᠡᠢ ᠲᠥᠯᠤᠪᠯᠡᠵᠦ᠍᠂ ᠱᠢᠨ᠎ᠡ ᠬᠥᠳᠡᠯᠭᠡᠭ᠌ᠴᠢ ᠡᠨᠧᠷᠭᠢ᠎ᠶ᠋ᠢ ᠲᠦᠷᠭᠡᠯᠡᠨ ᠪᠤᠢᠵᠢᠭᠤᠯᠵᠤ᠂ ᠠᠵᠤ ᠠᠬᠤᠢ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ ᠲᠡᠰ ᠳᠡᠪᠱᠢᠭᠦᠯᠬᠦ᠌᠎ᠶ᠋ᠢ ᠠᠬᠢᠭᠤᠯᠤᠨ᠂ ᠨᠡᠮᠡᠭ᠌ᠳᠡᠯ᠎ᠢ ᠱᠢᠯᠢᠳᠡᠭ᠌ᠵᠢᠭᠦᠯᠬᠦ᠌ ᠪᠠ ᠬᠠᠳᠠᠭᠠᠯᠠᠯᠲᠠ᠎ᠶ᠋ᠢ ᠠᠮᠢᠳᠤᠯᠢᠭ ᠪᠣᠯᠭᠠᠵᠤ᠂ ᠠᠵᠤ ᠠᠬᠤᠢ᠎ᠶ᠋ᠢᠨ ᠦᠷᠭᠦᠯᠵᠢᠯᠡᠨ ᠡᠷᠡᠭᠦᠯ᠎ᠢᠶᠠᠷ ᠬᠥᠭ᠌ᠵᠢᠬᠦ᠌ ᠪᠠ ᠨᠡᠢᠭᠡᠮ᠎ᠤᠨ ᠪᠦᠬᠦ᠌ ᠲᠠᠯ᠎ᠠ᠎ᠪᠠᠷ ᠲᠠᠪᠱᠢᠬᠤ᠎ᠶ᠋ᠢ ᠠᠬᠢᠭᠤᠯᠤᠨ᠎ᠠ᠃

— ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠨ᠎ᠠ᠃ ᠴᠢᠨᠠᠷ ᠰᠠᠢᠲᠠᠢ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠭᠦᠨ ᠳᠠᠪᠬᠤᠷᠭ᠎ᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠤᠨ᠂ ᠥᠨᠳᠥᠷ ᠲᠦᠪᠱᠢᠨ ᠪᠦᠬᠦᠢ ᠨᠡᠬᠡᠬᠡᠯᠳᠡ᠎ᠶ᠋ᠢ ᠥᠷᠭᠡᠳᠭᠡᠵᠦ᠍᠂ ᠦᠢᠯᠡᠳᠪᠦᠷᠢᠯᠡᠯ᠎ᠤᠨ ᠬᠠᠷᠢᠴᠠᠭ᠎ᠠ ᠪᠣᠯᠤᠨ ᠦᠢᠯᠡᠳᠪᠦᠷᠢᠯᠡᠯ᠎ᠤᠨ ᠬᠦᠴᠦᠨ᠂ ᠳᠠᠪᠬᠤᠷᠭ᠎ᠠ ᠪᠣᠯᠤᠨ ᠠᠵᠤ ᠠᠬᠤᠢ᠎ᠶ᠋ᠢᠨ ᠰᠠᠭᠤᠷᠢ᠂ ᠲᠦᠷᠦ᠍᠎ᠶ᠋ᠢᠨ ᠵᠠᠰᠠᠯᠲᠠ ᠪᠣᠯᠤᠨ ᠨᠡᠢᠭᠡᠮ᠎ᠤᠨ ᠬᠥᠭ᠌ᠵᠢᠯᠲᠡ᠎ᠶ᠋ᠢᠨ ᠨᠡᠩ ᠰᠠᠢᠨ ᠵᠣᠬᠢᠴᠠᠯᠳᠤᠬᠤ᠎ᠶ᠋ᠢ ᠠᠬᠢᠭᠤᠯᠵᠤ᠂ ᠬᠥᠭ᠌ᠵᠢᠯᠲᠡ᠎ᠶ᠋ᠢᠨ ᠬᠥᠳᠡᠯᠭᠡᠭ᠌ᠴᠢ ᠬᠦᠴᠦᠨ ᠪᠠ ᠨᠡᠢᠭᠡᠮ᠎ᠤᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠴᠢᠩᠭᠠᠳᠭᠠᠨ᠎ᠠ᠃

— ᠪᠦᠲᠦᠮᠵᠢᠲᠡᠶ ᠵᠠᠬ᠎ᠠ ᠳᠡᠯᠭᠡᠭᠦᠷ ᠪᠠ ᠴᠢᠷᠮᠠᠢᠯᠳᠠ ᠲᠠᠢ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶ᠋ᠢ ᠪᠠᠷᠢᠮᠲᠠᠯᠠᠨ᠎ᠠ᠃ ᠡᠬᠢ ᠪᠠᠶᠠᠯᠢᠭ᠎ᠤᠨ ᠲᠤᠬᠢᠷᠠᠭᠤᠯᠤᠯᠳᠠ᠎ᠳᠤ ᠦᠵᠡᠬᠦᠯᠬᠦ᠌ ᠵᠠᠬ᠎ᠠ ᠳᠡᠯᠭᠡᠭᠦᠷ᠎ᠤᠨ ᠱᠢᠢᠳᠪᠦᠷᠢᠯᠡᠭ᠌ᠴᠢ ᠴᠢᠨᠠᠷᠲᠠᠢ ᠦᠢᠯᠡᠳᠦᠯ᠎ᠢ ᠭᠦᠢᠴᠡᠳ ᠪᠠᠳᠠᠷᠠᠭᠤᠯᠤᠨ᠂ ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠢᠨ ᠪᠠᠳᠠᠷᠠᠭᠤᠯᠵᠤ᠂ ᠨᠢᠭᠡᠳᠦᠯᠲᠡᠢ᠂ ᠨᠡᠭᠡᠭᠡᠯᠲᠡᠲᠡᠢ᠂ ᠥᠷᠢᠰᠥᠯᠳᠦᠭᠡᠨ᠎ᠲᠠᠢ᠂ ᠡᠮᠬᠢ ᠵᠢᠷᠤᠮ ᠲᠠᠢ ᠵᠠᠬ᠎ᠠ ᠳᠡᠯᠭᠡᠭᠦᠷ᠎ᠤᠨ ᠱᠢᠰᠲ᠋ᠧᠮ᠎ᠢ ᠪᠠᠢᠭᠤᠯᠤᠨ᠂ ᠬᠠᠤᠯᠢ᠎ᠪᠠᠷ ᠵᠠᠰᠠᠬᠤ ᠠᠵᠤ ᠠᠬᠤᠢ᠂ ᠢᠲᠡᠭᠡᠮᠵᠢᠲᠦ ᠠᠵᠤ ᠠᠬᠤᠢ᠎ᠶ᠋ᠢ ᠪᠠᠢᠭᠤᠯᠵᠤ᠂ ᠵᠠᠬ᠎ᠠ ᠳᠡᠯᠭᠡᠭᠦᠷᠴᠢᠯᠡᠭ᠌ᠰᠡᠨ ᠬᠠᠤᠯᠢ᠎ᠪᠠᠷ ᠵᠠᠰᠠᠬ᠍ᠰᠠᠨ ᠤᠯᠠᠨ ᠤᠯᠤᠰᠴᠢᠯᠠᠭ᠍ᠰᠠᠨ ᠲᠡᠷᠢᠬᠦᠨ ᠵᠡᠷᠭᠡ᠎ᠶ᠋ᠢᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠪᠤᠢ ᠪᠣᠯᠭᠠᠵᠤ᠂ 《ᠠᠮᠢᠳᠦᠯᠢᠬ ᠪᠤᠯᠭᠠᠵᠦ᠍ ᠴᠢᠳᠠᠬᠤ》 ᠮᠥᠷᠲᠡᠭᠡᠨ ᠪᠠᠰᠠ 《ᠰᠠᠢᠳᠤᠷ ᠬᠠᠮᠢᠶᠠᠷᠴᠤ᠌ ᠲᠡᠢᠯᠬᠦ᠌》 ᠠᠵᠤ ᠠᠬᠤᠢ᠎ᠶ᠋ᠢᠨ ᠡᠮᠬᠢ ᠵᠢᠷᠤᠮ᠎ᠢ ᠪᠦᠷᠢᠯᠳᠦᠭᠦᠯᠤᠨ᠎ᠠ᠃

— ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠯᠡᠬᠦ᠌᠎ᠶ᠋ᠢ ᠪᠠᠷᠢᠮᠲᠠᠯᠠᠨ᠎ᠠ᠃ ᠬᠥᠭ᠌ᠵᠢᠯᠲᠡ᠎ᠶ᠋ᠢᠨ ᠳᠤᠮᠳᠠ ᠠᠮᠤᠷ ᠲᠦᠪᠱᠢᠨ᠎ᠢ ᠪᠠᠬᠢᠵᠢᠬᠦᠯᠵᠤ᠂ ᠠᠮᠤᠷ ᠲᠦᠪᠱᠢᠨ᠎ᠤ ᠳᠤᠮᠳᠠ ᠬᠥᠭ᠌ᠵᠢᠯᠲᠡ᠎ᠶ᠋ᠢ ᠡᠷᠢᠯᠬᠢᠯᠡᠵᠦ᠍᠂ ᠬᠢᠵᠠᠭᠠᠷ ᠱᠤᠭᠤᠮ᠎ᠤᠨ ᠰᠡᠳᠭᠢᠬᠦᠢ᠎ᠶ᠋ᠢ ᠴᠢᠩᠭᠠᠳᠭᠠᠨ᠂ ᠡᠯ᠎ᠡ ᠲᠦᠷᠦᠯ᠎ᠤᠨ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠠᠵᠤ ᠠᠬᠤᠢ ᠪᠠ ᠨᠡᠢᠭᠡᠮ᠎ᠤᠨ ᠤᠶᠠᠨ ᠬᠠᠳᠠᠨ ᠴᠢᠨᠠᠷ᠎ᠢ ᠨᠡᠮᠡᠭ᠌ᠳᠡᠬᠦᠯᠵᠤ᠂ ᠱᠢᠨ᠎ᠡ ᠠᠮᠤᠷ ᠲᠦᠪᠱᠢᠨ᠎ᠤ ᠪᠠᠢᠷᠢᠱᠢᠯ᠎ᠢᠶᠠᠷ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠲᠤᠯᠠᠨ᠎ᠠ᠃

(6) ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠭᠤᠣᠯ ᠭᠤᠤᠯ ᠬᠠᠷᠠᠯᠲᠠ᠃

— ᠴᠢᠨᠠᠷ ᠰᠠᠢᠲᠠᠢ ᠬᠥᠭ᠌ᠵᠢᠯᠲᠡ᠎ᠶ᠋ᠢ ᠢᠯᠡᠳᠳᠡ ᠦᠷ᠎ᠡ ᠪᠦᠲᠦᠮᠵᠢ ᠲᠠᠢ ᠪᠤᠯᠭᠠᠨ᠎ᠠ᠃ ᠠᠵᠤ ᠠᠬᠤᠶ᠎ᠶ᠋ᠢᠨ ᠨᠡᠮᠡᠭ᠌ᠳᠡᠯ᠎ᠢ ᠵᠦᠢ ᠵᠣᠬᠢᠰᠲᠠᠶ ᠬᠡᠪᠴᠢᠶᠠᠨ᠎ᠳᠤ ᠪᠠᠢᠯᠭᠠᠵᠤ᠂ ᠪᠦᠬᠦ᠌ ᠡᠯᠧᠮᠧᠨ᠋ᠲ᠎ᠤᠨ ᠦᠢᠯᠡᠳᠪᠦᠷᠢᠯᠡᠯ᠎ᠤᠨ ᠨᠤᠷᠮ᠎ᠠ᠎ᠶ᠋ᠢ ᠯᠠᠪᠳᠠᠭᠤᠨ᠎ᠢᠶᠠᠷ ᠳᠡᠭᠡᠭ᠌ᠰᠢᠯᠡᠭᠦᠯᠵᠦ᠍᠂ ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠨᠤᠷᠮ᠎ᠠ᠎ᠶ᠋ᠢ ᠢᠯᠡᠳᠳᠡ ᠳᠡᠭᠡᠭ᠌ᠰᠢᠯᠡᠭᠦᠯᠦᠨ᠂ ᠠᠵᠤ ᠠᠬᠤᠶ᠎ᠶ᠋ᠢᠨ ᠨᠡᠮᠡᠭ᠌ᠳᠡᠯ᠎ᠢ ᠳᠠᠢᠴᠢᠯᠠᠬᠤ᠎ᠳᠤ ᠦᠵᠡᠬᠦᠯᠬᠦ᠌ ᠳᠣᠲᠣᠭᠠᠳᠤ ᠬᠡᠷᠡᠭ᠌ᠴᠡᠭᠡ᠎ᠶ᠋ᠢᠨ ᠭᠤᠣᠯ ᠬᠥᠳᠡᠯᠭᠡᠭ᠌ᠴᠢ ᠬᠦᠴᠦᠨ᠎ᠤ ᠦᠢᠯᠡᠳᠦᠯ᠎ᠢ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶ᠎ᠶ᠋ᠢᠨ ᠨᠡᠮᠡᠭ᠌ᠳᠡᠯ᠎ᠤᠨ ᠲᠠᠯᠳᠠ ᠬᠦᠴᠦᠨ᠎ᠢ ᠭᠦᠢᠴᠡᠳ ᠪᠠᠳᠠᠷᠠᠭᠤᠯᠤᠨ᠂ ᠪᠦᠬᠦ᠌ ᠤᠯᠤᠰ᠎ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠤᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠬᠡᠳᠦ ᠶᠡᠭᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠳᠠᠪᠠᠭᠤᠯᠢᠭ᠎ᠢ ᠦᠷᠭᠦᠯᠵᠢᠯᠡᠨ ᠢᠯᠡᠷᠡᠬᠦᠯᠵᠦ᠍᠂ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠴᠢᠯᠠᠯᠲᠠ᠂ ᠬᠤᠳᠠ ᠪᠠᠯᠭᠠᠰᠤᠵᠢᠯᠳᠠ᠂ ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠴᠢᠬᠤᠯᠠ ᠶᠡᠭᠡ ᠠᠬᠢᠯᠳᠠ ᠲᠠᠢ ᠪᠤᠯᠭᠠᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠬᠦ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠣᠳᠣᠬᠢᠴᠢᠯᠠᠭ᠍ᠰᠠᠨ ᠠᠵᠤ ᠠᠬᠤᠶ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠴᠢᠬᠤᠯᠠ ᠶᠡᠭᠡ ᠱᠢᠪᠲᠤᠯᠤᠯᠲᠠ ᠲᠠᠢ ᠪᠣᠯᠭᠠᠨ᠎ᠠ᠃

— ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦᠯᠬᠦ᠌ ᠬᠢᠷᠢ ᠬᠡᠮᠵᠢᠶ᠎ᠡ᠎ᠶ᠋ᠢ ᠶᠡᠭᠡ᠎ᠪᠠᠷ ᠳᠡᠭᠡᠭ᠌ᠰᠢᠯᠡᠬᠦᠯᠤᠨ᠎ᠠ᠃ ᠤᠯᠤᠰ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠤᠨ ᠪᠦᠬᠦᠯᠢ ᠴᠣᠭ᠍ᠴᠠ᠎ᠶ᠋ᠢᠨ ᠦᠢᠯᠡᠳᠤᠯ ᠴᠢᠳᠠᠪᠤᠷᠢ᠎ᠶ᠋ᠢ ᠢᠯᠡᠳᠲᠡ ᠳᠡᠭᠡᠭ᠌ᠰᠢᠯᠡᠬᠦᠯᠵᠦ᠍᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌ ᠪᠠᠢᠷᠢᠱᠢᠯ᠎ᠢ ᠦᠨᠳᠦᠰᠦᠨ᠎ᠳᠡᠭᠡᠨ ᠪᠦᠷᠢᠯᠳᠦᠬᠦᠯᠦᠨ᠂ ᠰᠠᠭᠤᠷᠢ ᠰᠤᠳᠤᠯᠭᠠᠨ ᠪᠠ ᠤᠤᠭᠠᠯ ᠱᠢᠨ᠎ᠡ ᠡᠭᠦᠳᠤᠯᠳᠠ᠎ᠶ᠋ᠢᠨ ᠴᠢᠳᠠᠪᠤᠷᠢ᠎ᠶ᠋ᠢ ᠢᠯᠡᠳᠲᠡ ᠲᠡᠭᠡᠭ᠌ᠰᠢᠯᠡᠬᠦᠯᠵᠤ᠂ ᠭᠤᠣᠯᠳᠠᠯᠭ᠎ᠠ ᠲᠠᠢ ᠬᠦᠷᠢᠶᠡᠨ᠎ᠳᠠᠬᠢ ᠵᠠᠩᠭᠢᠯᠠᠭ᠎ᠠ᠎ᠶ᠋ᠢᠨ ᠭᠤᠣᠯᠯᠠᠬᠤ ᠮᠡᠷᠭᠡᠵᠢᠯ᠎ᠤᠨ ᠲᠠᠯ᠎ᠠ᠎ᠪᠠᠷ ᠲᠦᠷᠭᠡᠨ ᠱᠢᠪᠲᠤᠯᠤᠯᠲᠠ ᠭᠠᠷᠭᠠᠬᠤ᠎ᠶ᠋ᠢᠨ ᠬᠠᠮᠲᠤ ᠵᠡᠷᠭᠡᠴᠡᠨ ᠬᠥᠶᠤᠬᠦ᠌ ᠲᠠᠭᠠᠭᠤᠯᠤᠨ ᠬᠥᠶᠤᠬᠦ᠌ ᠬᠦᠷᠢᠶ᠎ᠡ᠎ᠶ᠋ᠢ ᠢᠯᠡᠳᠲᠡ ᠨᠡᠮᠡᠭ᠌ᠳᠡᠬᠦᠯᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠶ ᠠᠭᠤᠰᠤᠯᠴᠠᠭᠤᠯᠵᠤ᠂ ᠱᠢᠨ᠎ᠡ᠎ᠶ᠋ᠢ ᠡᠬᠦᠳᠬᠦ᠌᠎ᠶ᠋ᠢᠨ ᠬᠥᠳᠡᠯᠭᠡᠭᠦᠷ ᠪᠤᠯᠬᠤ ᠦᠢᠯᠡᠳᠦᠯ᠎ᠢ ᠢᠯᠡᠳᠲᠡ ᠴᠢᠩᠭᠠᠷᠠᠭᠤᠯᠤᠨ᠎ᠠ᠃

— ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠱᠢᠨ᠎ᠡ ᠱᠢᠪᠲᠤᠯᠤᠯᠲᠠ ᠲᠠᠢ ᠪᠣᠯᠭᠠᠨ᠎ᠠ᠃ ᠲᠦᠷᠤ᠎ᠶ᠋ᠢ ᠵᠠᠰᠠᠬᠤ ᠱᠢᠰᠲ᠋ᠧᠮ ᠪᠠ ᠵᠠᠰᠠᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠭᠦᠨᠵᠡᠭᠡᠢᠷᠡᠬᠦᠯᠦᠨ ᠠᠬᠢᠭᠤᠯᠵᠤ᠂ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠯ᠎ᠢ ᠨᠡᠩ ᠢᠯᠡᠬᠦᠦ ᠲᠡᠭᠦᠯᠳᠡᠷᠵᠢᠭᠦᠯᠦᠨ᠂ ᠥᠨᠳᠥᠷ ᠲᠦᠪᠱᠢᠨ ᠪᠦᠬᠦᠢ ᠭᠠᠳᠠᠭᠠᠳᠤ ᠨᠡᠬᠡᠬᠡᠯᠳᠡ᠎ᠶ᠋ᠢᠨ ᠪᠠᠢᠭᠤᠯᠤᠯ ᠲᠣᠭ᠍ᠲᠠᠴᠠ᠎ᠶ᠋ᠢ ᠨᠡᠩ ᠢᠯᠡᠬᠦᠦ ᠪᠦᠷᠢᠨᠱᠢᠭᠦᠯᠵᠦ᠍᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠳᠦᠷᠢᠮᠵᠢᠯᠲᠡ᠂ ᠵᠢᠷᠤᠮᠵᠢᠯᠲᠠ᠂ ᠲᠡᠰ ᠳᠠᠷᠠᠭᠠᠵᠢᠯᠳᠠ᠎ᠶ᠋ᠢᠨ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠤᠨ ᠪᠠᠢᠭᠤᠯᠤᠯᠲᠠ᠎ᠶ᠋ᠢ ᠨᠡᠩ ᠥᠨᠳᠥᠷ ᠲᠦᠪᠱᠢᠨ᠎ᠳᠤ ᠬᠦᠷᠭᠡᠨ᠎ᠡ᠃

— ᠨᠡᠢᠭᠡᠮ᠎ᠤᠨ ᠪᠣᠯᠪᠠᠰᠤᠨ᠎ᠤ ᠬᠡᠮᠵᠢᠶ᠎ᠡ᠎ᠶ᠋ᠢ ᠢᠯᠡᠳᠳᠡ ᠳᠡᠭᠡᠭ᠌ᠰᠢᠯᠡᠭᠦᠯᠦᠨ᠎ᠡ᠃ ᠰᠣᠶᠣᠯ᠎ᠤᠨ ᠢᠲᠡᠭᠡᠯ᠎ᠢ ᠨᠡᠩ ᠢᠯᠡᠬᠦᠦ ᠪᠠᠳᠤᠳᠭᠠᠵᠤ᠂ ᠭᠤᠣᠯ ᠤᠷᠤᠰᠭᠠᠯ᠎ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ᠎ᠶ᠋ᠢ ᠲᠠᠰᠤᠷᠠᠯᠲᠠ ᠦᠭᠡᠢ ᠪᠠᠬᠢᠵᠢᠬᠦᠯᠤᠨ ᠪᠤᠵᠠᠭᠠᠢᠷᠠᠭᠤᠯᠵᠤ᠂ ᠨᠡᠢᠭᠡᠮ ᠵᠢᠷᠤᠮ᠎ᠤᠨ ᠭᠤᠣᠯᠯᠠᠬᠤ ᠦᠷᠲᠡᠭ᠎ᠤᠨ ᠦᠵᠡᠯᠲᠡ᠎ᠶ᠋ᠢ ᠥᠷᠭᠡᠨ᠎ᠢᠶᠠᠷ ᠦᠢᠯᠡᠳᠦᠯᠭᠡᠵᠢᠭᠦᠯᠵᠦ᠍᠂ ᠪᠦᠬᠦ᠌ ᠦᠨᠳᠦᠰᠦᠲᠡᠨ᠎ᠤ ᠰᠣᠶᠣᠯ᠎ᠤᠨ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠬᠥᠭ᠌ᠵᠢᠭᠡᠨ᠂ ᠠᠷᠠᠳ ᠲᠦᠮᠡᠨ᠎ᠤ ᠤᠶᠤᠨ᠎ᠤ ᠰᠣᠶᠣᠯ᠎ᠤᠨ ᠠᠮᠢᠳᠤᠷᠠᠯ᠎ᠢ ᠨᠡᠩ ᠢᠯᠡᠬᠦᠦ ᠪᠠᠶᠠᠯᠢᠬ᠍ᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠨᠢᠭ᠍ᠲᠠᠷᠠᠯ᠎ᠤᠨ ᠬᠦᠴᠦᠨ ᠪᠠ ᠳᠤᠮᠳᠠᠳᠤ᠎ᠶ᠋ᠢᠨ ᠰᠣᠶᠣᠯ᠎ᠤᠨ ᠨᠥᠯᠥᠭᠡᠯᠡᠬᠦ᠌ ᠬᠦᠴᠦᠨ᠎ᠢ ᠢᠯᠡᠳᠲᠡ ᠴᠢᠩᠭᠠᠷᠠᠭᠤᠯᠵᠤ᠂ ᠤᠯᠤᠰ᠎ᠤᠨ ᠵᠥᠭᠡᠯᠡᠨ ᠪᠣᠳᠠᠲᠤ ᠬᠦᠴᠦᠨ᠎ᠢ ᠦᠷᠭᠦᠯᠵᠢᠯᠡᠨ ᠳᠡᠭᠡᠭ᠌ᠰᠢᠯᠡᠬᠦᠯᠤᠨ᠎ᠠ᠃

— ᠠᠷᠠᠳ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ᠃ ᠴᠢᠨᠠᠷ ᠰᠠᠢᠲᠠᠶ ᠪᠦᠭᠡᠳ ᠭᠦᠢᠴᠡᠳ ᠠᠵᠢᠯ ᠣᠯᠭᠤᠯᠲᠠ᠎ᠶ᠋ᠢ ᠱᠢᠨ᠎ᠡ ᠠᠬᠢᠯᠳᠠ ᠲᠠᠢ ᠪᠣᠯᠭᠠᠵᠣ᠂ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ ᠪᠤᠯᠤᠨ ᠠᠵᠤ ᠠᠬᠤᠶ᠎ᠶ᠋ᠢᠨ ᠨᠡᠮᠡᠭ᠌ᠳᠡᠯ᠎ᠢ ᠵᠢᠭ᠌ᠳᠡ ᠪᠠᠢᠯᠭᠠᠵᠤ᠂ ᠬᠥᠳᠡᠯᠮᠦᠷᠢ᠎ᠶ᠋ᠢᠨ ᠬᠥᠯᠥᠰᠥ᠍ ᠣᠯᠭᠤᠮᠵᠢ᠎ᠶ᠋ᠢ ᠳᠡᠭᠡᠭ᠌ᠰᠢᠯᠡᠬᠦᠯᠬᠦ᠌ ᠪᠠ ᠬᠥᠳᠡᠯᠮᠦᠷᠢ᠎ᠶ᠋ᠢᠨ ᠦᠢᠯᠡᠳᠪᠦᠷᠢᠯᠡᠯ᠎ᠤᠨ ᠨᠣᠷᠮ᠎ᠠ᠎ᠶ᠋ᠢ ᠳᠡᠭᠡᠭ᠌ᠰᠢᠯᠡᠬᠦᠯᠬᠦ᠌᠎ᠶ᠋ᠢ ᠵᠢᠭ᠌ᠳᠡ ᠪᠠᠢᠯᠭᠠᠵᠤ᠂ ᠬᠤᠪᠢᠶᠠᠷᠢᠯᠠᠯᠲᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ᠂ ᠳᠤᠮᠳᠠ ᠵᠡᠷᠭᠡ᠎ᠶ᠋ᠢᠨ ᠣᠷᠣᠯᠭ᠎ᠠ ᠲᠠᠢ ᠬᠠᠮᠲᠤᠯᠢᠭ᠎ᠢ ᠦᠷᠭᠦᠯᠵᠢᠯᠡᠨ ᠥᠷᠭᠡᠳᠭᠡᠵᠦ᠍᠂ ᠨᠡᠢᠭᠡᠮ᠎ᠤᠨ ᠪᠠᠲᠤᠯᠠᠭ᠎ᠠ᠎ᠶ᠋ᠢᠨ ᠲᠦᠷᠢᠮ᠎ᠢ ᠨᠠᠩ ᠢᠯᠡᠬᠦᠦ ᠱᠢᠯᠢᠳᠡᠭ᠌ᠵᠢᠭᠦᠯᠦᠨ ᠨᠠᠩ ᠦᠷᠭᠦᠯᠵᠢᠯᠡᠭᠦ᠋ᠢᠴᠡ ᠪᠤᠯᠭᠠᠵᠤ᠂ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ ᠬᠢᠷᠢ ᠬᠡᠮᠵᠢᠶ᠎ᠡ᠎ᠶ᠋ᠢ ᠢᠯᠡᠳᠲᠡ ᠳᠡᠭᠡᠭ᠌ᠰᠢᠯᠡᠭᠦᠯᠦᠨ᠎ᠡ᠃

— ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠱᠢᠨ᠎ᠡ ᠴᠢᠬᠤᠯᠠ ᠶᠡᠭᠡ ᠠᠬᠢᠯᠳᠠ ᠲᠠᠢ ᠪᠣᠯᠭᠠᠨ᠎ᠠ᠃ ᠨᠤᠭᠤᠭᠠᠨ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠬ᠎ᠢ ᠦᠨᠳᠦᠰᠦᠨ᠎ᠳᠡᠭᠡᠨ ᠪᠤᠢ ᠪᠤᠯᠭᠠᠵᠤ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠡ᠎ᠶ᠋ᠢ ᠤᠷᠬᠢᠯ ᠭᠡᠮᠵᠢᠭ᠌ᠳᠡᠯ᠎ᠳᠤᠨᠢ ᠬᠦᠷᠭᠡᠬᠦ᠌ ᠬᠠᠷᠠᠯᠲᠠ᠎ᠶ᠋ᠢ ᠬᠤᠭᠤᠴᠠᠭ᠎ᠠ ᠶᠤᠰᠤᠭᠠᠷ ᠪᠡᠶᠡᠯᠡᠭᠦᠯᠦᠨ᠂ ᠠᠷᠢᠭᠤᠨ ᠴᠡᠪᠡᠷ ᠨᠡᠭᠦᠷᠡᠰᠦᠲᠥ᠋ᠷᠥᠭ᠌ᠴᠢ ᠪᠠᠭᠠᠳᠠᠢ ᠠᠮᠤᠷ ᠲᠦᠪᠱᠢᠨ ᠥᠨᠳᠥᠷ ᠪᠦᠲᠦᠮᠵᠢᠲᠡᠢ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠱᠢᠰᠲ᠋ᠧᠮ᠎ᠢ ᠠᠩᠬ᠎ᠠ ᠠᠯᠬᠤᠮ ᠪᠠᠢᠭᠤᠯᠤᠨ ᠪᠦᠳᠤᠭᠡᠵᠤ᠂ ᠭᠤᠣᠯ ᠪᠤᠯᠬᠤ ᠪᠣᠬᠢᠷᠲᠤᠭᠤᠯᠬᠤ ᠪᠣᠳᠠᠰ᠎ᠤᠨ ᠭᠠᠳᠠᠭ᠍ᠰᠢᠯᠠᠭᠤᠯᠤᠯᠳᠡ᠎ᠶ᠋ᠢᠨ ᠶᠡᠷᠦᠩᠬᠡᠢ ᠬᠡᠮᠵᠢᠶ᠎ᠡ᠎ᠶ᠋ᠢ ᠦᠷᠭᠦᠯᠵᠢᠯᠡᠨ ᠪᠠᠭᠠᠰᠭᠠᠵᠤ᠂ ᠠᠮᠢ ᠠᠬᠤᠢ᠎ᠶ᠋ᠢᠨ ᠱᠢᠰᠲ᠋ᠧᠮ᠎ᠤᠨ ᠤᠯᠠᠨ ᠶᠠᠩᠵᠤᠲᠤ ᠴᠢᠨᠠᠷ ᠲᠣᠭ᠍ᠲᠠᠪᠤᠷᠢᠳᠤ ᠴᠢᠨᠠᠷ ᠦᠷᠭᠦᠯᠵᠢᠯᠡᠬᠦ᠌ ᠴᠢᠨᠠᠷ᠎ᠢ ᠳᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ᠃

— ᠤᠯᠤᠰ᠎ᠤᠨ ᠠᠮᠤᠷ ᠲᠦᠪᠱᠢᠨ᠎ᠤ ᠬᠠᠯᠬᠠᠪᠴᠢ᠎ᠶ᠋ᠢ ᠨᠡᠩ ᠢᠯᠡᠬᠦᠦ ᠪᠠᠬᠢᠵᠢᠭᠦᠯᠦᠨ᠎ᠡ᠃ ᠤᠯᠤᠰ᠎ᠤᠨ ᠠᠮᠤᠷ ᠲᠦᠪᠱᠢᠨ᠎ᠤ ᠱᠢᠰᠲ᠋ᠧᠮ ᠪᠠ ᠴᠢᠳᠠᠪᠤᠷᠢ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠭᠤᠣᠯᠳᠠᠯᠭ᠎ᠠ ᠲᠠᠢ ᠬᠦᠷᠢᠶᠡᠨ᠎ᠳᠠᠬᠢ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠨᠡᠢᠭᠡᠮ᠎ᠤᠨ ᠵᠠᠰᠠᠯᠲᠠ ᠪᠠ ᠤᠯᠠᠨ ᠨᠡᠢᠲᠡ᠎ᠶ᠋ᠢᠨ ᠠᠮᠤᠷ ᠲᠦᠪᠱᠢᠨ᠎ᠤ ᠵᠠᠰᠠᠯᠲᠠ᠎ᠶ᠋ᠢᠨ ᠬᠢᠷᠢ ᠬᠡᠮᠵᠢᠶ᠎ᠡ᠎ᠶ᠋ᠢ ᠢᠯᠡᠳᠲᠡ ᠳᠡᠭᠡᠭ᠌ᠰᠢᠯᠡᠭᠦᠯᠵᠦ᠍᠂ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠬᠤᠭᠤᠴᠠᠭ᠎ᠠ ᠶᠤᠰᠤᠭᠠᠷ ᠪᠡᠶᠡᠯᠡᠭᠦᠯᠵᠦ᠍᠂ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ᠃

ᠡᠨᠡ ᠬᠦ᠌ ᠰᠠᠭᠤᠷᠢᠨ ᠳᠡᠭᠡᠷ᠎ᠡ ᠲᠠᠬᠢᠭᠠᠳ ᠲᠠᠪᠤᠨ ᠵᠢᠯ ᠲᠡᠮᠡᠴᠡᠵᠦ᠍᠂ 2035 ᠤᠨ ᠪᠣᠯᠬᠤ᠎ᠳᠤ ᠮᠠᠨ᠎ᠤ ᠤᠯᠤᠰ᠎ᠤᠨ ᠠᠵᠤ ᠠᠬᠤᠶ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠶ ᠬᠦᠴᠦᠨ ᠪᠠ ᠳᠡᠯᠡᠬᠡᠶ ᠳᠡᠭᠡᠷᠡᠬᠢ ᠨᠥᠯᠥᠭᠡᠯᠡᠬᠦ᠌ ᠬᠦᠴᠦᠨ᠎ᠢ ᠶᠡᠭᠡ᠎ᠪᠠᠷ ᠳᠡᠭᠡᠭ᠌ᠰᠢᠯᠡᠭᠦᠯᠬᠦ᠂ ᠬᠥᠮᠦᠨ ᠳᠤᠮᠳᠠᠴᠢ᠎ᠶ᠋ᠢᠨ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠳᠡᠭ᠎ᠢ ᠳᠤᠮᠳᠠ ᠵᠡᠷᠭᠡ᠎ᠶ᠋ᠢᠨ ᠬᠥᠭ᠌ᠵᠢᠭ᠌ᠰᠡᠨ ᠤᠯᠤᠰ᠎ᠤᠨ ᠲᠦᠪᠱᠢᠨ᠎ᠳᠤ ᠬᠦᠷᠭᠡᠬᠦ᠂ ᠠᠷᠠᠳ ᠲᠦᠮᠡᠨ᠎ᠤ ᠠᠮᠢᠳᠤᠷᠠᠯ᠎ᠢ ᠨᠡᠩ ᠵᠣᠯ ᠵᠢᠷᠭᠠᠯ ᠲᠠᠢ ᠰᠠᠢᠨ ᠰᠠᠢᠬᠠᠨ ᠪᠣᠯᠭᠠᠬᠤ᠎ᠶ᠋ᠢ ᠪᠡᠶᠡᠯᠡᠬᠦᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ᠃

ᠭᠤᠷᠪᠠ᠂ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠰᠠᠭᠤᠷᠢ᠎ᠶ᠋ᠢ ᠪᠠᠬᠢᠵᠢᠭᠦᠯᠦᠨ ᠪᠤᠵᠠᠭᠠᠢᠷᠠᠭᠤᠯᠤᠨ᠎ᠠ

ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠣᠳᠠᠰ᠎ᠤᠨ ᠪᠠ ᠮᠡᠷᠭᠡᠵᠢᠯ᠎ᠤᠨ ᠰᠠᠭᠤᠷᠢ ᠮᠦᠨ᠃ ᠠᠵᠤ ᠠᠬᠤᠶ᠎ᠶ᠋ᠢ ᠬᠥᠭ᠌ᠵᠢᠭᠦᠯᠬᠦ᠌ ᠬᠦᠴᠦᠯᠡᠬᠦ᠌ ᠴᠡᠭ᠎ᠢ ᠪᠣᠳᠠᠲᠤ ᠴᠣᠭ᠍ᠴᠠ᠎ᠶ᠋ᠢᠨ ᠠᠵᠤ ᠠᠬᠤᠶ ᠳᠡᠭᠡᠷ᠎ᠡ ᠲᠠᠯᠪᠢᠬᠤ᠎ᠶ᠋ᠢ ᠪᠠᠷᠢᠮᠲᠠᠯᠠᠵᠤ᠂ ᠤᠶᠤᠨᠴᠢᠯᠠᠯᠳᠠ᠂ ᠨᠤᠭᠤᠭᠠᠨᠵᠢᠭᠤᠯᠤᠯᠳᠡ᠂ ᠠᠭᠤᠰᠤᠯᠴᠠᠵᠢᠭᠤᠯᠤᠯᠳᠡ᠎ᠶ᠋ᠢᠨ ᠴᠢᠭ᠌ᠯᠡᠯ᠎ᠢ ᠪᠠᠷᠢᠮᠲᠠᠯᠠᠵᠤ᠂ ᠦᠢᠯᠡᠳᠬᠦ᠌ ᠦᠢᠯᠡᠰ᠎ᠤᠨ ᠬᠦᠴᠦᠷᠬᠡᠭ ᠤᠯᠤᠰ᠂ ᠶᠠᠰᠤ ᠴᠢᠨᠠᠷ᠎ᠤᠨ ᠬᠦᠴᠦᠷᠬᠡᠭ ᠤᠯᠤᠰ᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠂ ᠰᠦᠯᠵᠢᠶᠡᠨ᠎ᠤ ᠬᠦᠴᠦᠷᠬᠡᠭ ᠤᠯᠤᠰ᠎ᠢ ᠲᠦᠷᠭᠡᠯᠡᠨ ᠪᠠᠢᠭᠤᠯᠵᠤ᠂ ᠦᠢᠯᠡᠳᠬᠦ᠌ ᠦᠢᠯᠡᠰ᠎ᠤᠨ ᠵᠦᠢ ᠵᠣᠬᠢᠰᠲᠠᠶ ᠬᠤᠪᠢ᠎ᠶ᠋ᠢᠨ ᠵᠢᠩ᠎ᠢ ᠪᠠᠲᠤᠯᠠᠵᠤ᠂ ᠲᠡᠷᠢᠭᠦᠨ᠎ᠤ ᠦᠢᠯᠡᠳᠬᠦ᠌ ᠦᠢᠯᠡᠰ᠎ᠢᠶᠠᠷ ᠭᠤᠣᠯᠯᠠᠭ᠍ᠴᠢ ᠬᠥᠴᠤᠨ ᠪᠣᠯᠭᠠᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠤᠨ᠎ᠠ᠃

(7) ᠤᠯᠠᠮᠵᠢᠯᠠᠯᠲᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠦᠨ᠎ᠡ᠃ ᠭᠤᠤᠯᠳᠠᠯᠭ᠎ᠠ ᠲᠠᠢ ᠠᠵᠤ ᠦᠢᠯᠡᠰ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠠᠭᠤᠷᠬᠠᠶ᠎ᠶ᠋ᠢᠨ ᠦᠢᠯᠡᠰ᠂ ᠲᠡᠮᠦᠷᠯᠢᠭ ᠬᠠᠢᠯᠤᠭᠤᠯᠬᠤ᠂ ᠬᠢᠮᠢ᠎ᠶ᠋ᠢᠨ ᠠᠵᠤ ᠦᠢᠯᠡᠳᠪᠦᠷᠢ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠮᠧᠬᠠᠨᠢᠭ᠂ ᠣᠩᠭᠤᠴᠠ ᠰᠡᠯ᠂ ᠪᠠᠷᠢᠯᠭ᠎ᠠ ᠵᠡᠷᠭᠡ ᠠᠵᠤ ᠦᠢᠯᠡᠰ᠎ᠤᠨ ᠪᠥᠬᠦ᠌ ᠪᠥᠮᠪᠥᠷᠴᠡᠭ᠎ᠤᠨ ᠠᠵᠤ ᠦᠢᠯᠡᠰ᠎ᠤᠨ ᠠᠵᠢᠯ᠎ᠤᠨ ᠬᠤᠪᠢᠶᠠᠷᠢᠯᠠᠯ᠎ᠳᠠᠬᠢ ᠪᠠᠢᠷᠢ ᠰᠠᠭᠤᠷᠢ ᠪᠠ ᠥᠷᠢᠰᠦᠯᠳᠦᠬᠦ᠌ ᠬᠦᠴᠦᠨ᠎ᠢ ᠪᠠᠬᠢᠵᠢᠭᠦᠯᠦᠨ ᠳᠡᠭᠡᠭ᠌ᠰᠢᠯᠡᠭᠦᠯᠦᠨ᠎ᠡ᠃ ᠠᠵᠤ ᠦᠢᠯᠡᠰ᠎ᠤᠨ ᠬᠡᠯᠬᠢᠶ᠎ᠡ᠎ᠶ᠋ᠢ ᠪᠡᠶ᠎ᠡ᠎ᠪᠠᠨ ᠳᠠᠭᠠᠭᠠᠵᠤ ᠡᠵᠡᠮᠳᠡᠵᠦ᠍ ᠪᠣᠯᠬᠤ ᠬᠢᠷᠢ ᠬᠡᠮᠵᠢᠶ᠎ᠡ᠎ᠪᠠᠨ ᠳᠡᠭᠡᠭ᠌ᠰᠢᠯᠡᠭᠦᠯᠵᠦ᠍᠂ ᠠᠵᠤ ᠦᠢᠯᠡᠰ᠎ᠤᠨ ᠰᠠᠭᠤᠷᠢ᠎ᠶ᠋ᠢ ᠳᠠᠬᠢᠨ ᠴᠤᠭ᠍ᠴᠠᠯᠠᠬᠤ ᠪᠠ ᠴᠢᠬᠤᠯᠠ ᠶᠡᠭᠡ ᠮᠡᠷᠭᠡᠵᠢᠯ ᠲᠣᠨᠣᠭ᠍ᠯᠠᠯ᠎ᠤᠨ ᠪᠡᠷᠬᠡ ᠰᠡᠳᠦᠪ᠎ᠢ ᠱᠢᠢᠳᠪᠤᠷᠢᠯᠡᠬᠦ᠌᠎ᠶ᠋ᠢ ᠴᠢᠩᠭᠠᠳᠭᠠᠨ᠂ ᠦᠢᠯᠡᠳᠬᠦ᠌ ᠦᠢᠯᠡᠰ᠎ᠤᠨ ᠭᠤᠤᠯᠳᠠᠯᠭ᠎ᠠ ᠲᠠᠢ ᠠᠵᠤ ᠦᠢᠯᠡᠰ᠎ᠤᠨ ᠬᠡᠯᠬᠢᠶ᠎ᠡ᠎ᠶ᠋ᠢ ᠴᠢᠨᠠᠷ ᠰᠠᠢᠲᠠᠶ ᠬᠥᠭ᠌ᠵᠢᠬᠦᠯᠬᠦ᠌ ᠠᠵᠢᠯᠯᠠᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠲᠡᠷᠢᠭᠦᠨ᠎ᠤ ᠦᠢᠯᠡᠳᠬᠦ᠌ ᠦᠢᠯᠡᠰ᠎ᠤᠨ ᠪᠥᠭᠡᠭᠡᠨᠡᠷᠡᠯ᠎ᠢ ᠬᠥᠭ᠌ᠵᠢᠭᠦᠯᠦᠨ᠎ᠡ᠃ ᠮᠡᠷᠭᠡᠵᠢᠯ᠎ᠤᠨ ᠥᠭᠡᠷᠡᠴᠢᠯᠡᠯᠲᠡ ᠬᠢᠵᠦ᠍ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠦᠢᠯᠡᠳᠬᠦ᠌ ᠦᠢᠯᠡᠰ᠎ᠤᠨ ᠳ᠋ᠢᠵᠢᠲ᠋ᠠᠯᠴᠢᠯᠠᠬᠤ ᠤᠶᠤᠨᠴᠢᠯᠠᠬᠤ ᠲᠠᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠤᠨ᠂ ᠣᠶᠤᠯᠢᠬ ᠦᠢᠯᠡᠳᠬᠦ᠌ ᠦᠢᠯᠡᠰ᠂ ᠨᠤᠭᠤᠭᠠᠨ ᠦᠢᠯᠡᠳᠬᠦ᠌ ᠦᠢᠯᠡᠰ᠂ ᠦᠢᠯᠡᠴᠢᠯᠡᠭᠡᠨ᠎ᠤ ᠬᠡᠯᠪᠡᠷᠢ᠎ᠶ᠋ᠢᠨ ᠦᠢᠯᠡᠳᠬᠦ᠌ ᠦᠢᠯᠡᠰ᠎ᠢ ᠬᠥᠭ᠌ᠵᠢᠭᠦᠯᠵᠦ᠍᠂ ᠠᠵᠤ ᠦᠢᠯᠡᠰ᠎ᠤᠨ ᠵᠠᠭ᠍ᠪᠤᠷ ᠪᠠ ᠠᠵᠤ ᠠᠬᠤᠢᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠬᠡᠯᠪᠡᠷᠢ ᠪᠠᠢᠳᠠᠯ᠎ᠤᠨ ᠬᠤᠪᠢᠰᠤᠯᠲᠠ᠎ᠶ᠋ᠢ ᠲᠦᠷᠭᠡᠳᠭᠡᠨ᠎ᠡ᠃ ᠶᠠᠰᠤ ᠴᠢᠨᠠᠷ᠎ᠤᠨ ᠮᠡᠷᠭᠡᠵᠢᠯ᠎ᠤᠨ ᠰᠠᠭᠤᠷᠢ ᠴᠢᠳᠠᠪᠤᠷᠢ᠎ᠶ᠋ᠢ ᠲᠡᠭᠡᠭ᠌ᠰᠢᠯᠡᠬᠦᠯᠵᠤ᠂ ᠪᠠᠷᠢᠮᠵᠢᠶ᠎ᠠ᠎ᠪᠠᠷ ᠬᠥᠲᠥᠯᠦᠨ ᠳᠠᠭᠠᠭᠤᠯᠬᠤ᠎ᠶ᠋ᠢ ᠴᠢᠩᠭᠠᠷᠠᠭᠤᠯᠤᠨ᠂ ᠳᠡᠯᠡᠬᠡᠢᠴᠢᠯᠡᠯᠲᠡ᠎ᠶ᠋ᠢᠨ ᠲᠦᠪᠱᠢᠨ᠎ᠢᠶᠠᠨ ᠳᠡᠭᠡᠭ᠌ᠰᠢᠯᠡᠭᠦᠯᠵᠦ᠍᠂ ᠨᠠᠷᠠᠲᠤ ᠲᠡᠮᠳᠡᠭ᠎ᠤᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠠᠵᠤ ᠦᠢᠯᠡᠰ᠎ᠤᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠭᠤᠣᠯᠳᠠᠯᠭ᠎ᠠ ᠲᠠᠢ ᠠᠵᠤ ᠦᠢᠯᠡᠰ᠎ᠤᠨ ᠤᠯᠤᠰ᠎ᠤᠨ ᠳᠣᠲᠣᠭᠠᠳᠤ᠎ᠳᠤ ᠡᠮᠬᠢ ᠵᠢᠷᠤᠮ ᠲᠠᠢ ᠱᠢᠯᠵᠢᠭᠦ᠎ᠶ᠋ᠢ ᠠᠬᠢᠭᠤᠯᠤᠨ᠎ᠠ᠃

(8) ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ ᠪᠠ ᠢᠷᠡᠭᠡᠳᠦᠶ᠎ᠶ᠋ᠢᠨ ᠠᠵᠤ ᠦᠢᠯᠡᠰ᠎ᠢ ᠪᠤᠢᠵᠢᠭᠤᠯᠤᠨ ᠪᠤᠵᠠᠭᠠᠢᠷᠠᠭᠤᠯᠤᠨ᠎ᠠ᠃ ᠱᠢᠨ᠎ᠡ᠎ᠪᠠᠷ ᠬᠥᠭ᠌ᠵᠢᠭ᠌ᠰᠡᠨ ᠲᠤᠯᠭᠠᠭᠤᠷᠢ ᠠᠵᠤ ᠦᠢᠯᠡᠰ᠎ᠢ ᠬᠦᠴᠦᠯᠡᠨ ᠪᠤᠢ ᠪᠣᠯᠭᠠᠨ᠎ᠠ᠃ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠱᠢᠨ᠎ᠡ ᠡᠭᠦᠳᠤᠯᠳᠡ᠎ᠶ᠋ᠢᠨ ᠲᠥᠬᠦᠭᠡᠷᠦᠮᠵᠢ᠎ᠶ᠋ᠢᠨ ᠪᠥᠳᠥᠭᠡᠨ ᠪᠠᠢᠭᠤᠯᠤᠯᠲᠠ᠂ ᠮᠡᠷᠭᠡᠵᠢᠯ᠎ᠤᠨ ᠰᠤᠳᠤᠯᠭᠠᠨ ᠨᠡᠭᠡᠭᠡᠨ ᠬᠥᠭ᠌ᠵᠢᠬᠦᠯᠤᠯᠳᠡ᠂ ᠦᠢᠯᠡᠳᠬᠦᠨ᠎ᠤ ᠦᠶ᠎ᠠ ᠰᠤᠯᠢᠬ᠍ᠳᠠᠨ ᠲᠡᠰ ᠳᠡᠪᠱᠢᠬᠦ᠌᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠱᠢᠨ᠎ᠡ ᠡᠨᠧᠷᠭᠢ᠎ᠶ᠋ᠢᠨ ᠰᠤᠷᠪᠤᠯᠵᠢ᠂ ᠱᠢᠨ᠎ᠡ ᠮᠠᠲ᠋ᠧᠷᠢᠶᠠᠯ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠂ ᠳᠣᠣᠷ᠎ᠠ ᠠᠭᠠᠷ᠎ᠤᠨ ᠠᠵᠤ ᠠᠬᠤᠶ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠤᠨ ᠪᠥᠭᠡᠭᠡᠨᠡᠷᠡᠨ ᠬᠥᠭ᠌ᠵᠢᠬᠦ᠌᠎ᠶ᠋ᠢ ᠲᠦᠷᠭᠡᠳᠭᠡᠨ᠎ᠡ᠃ ᠠᠵᠤ ᠦᠢᠯᠡᠰ᠎ᠤᠨ ᠠᠮᠢ ᠠᠬᠤᠶ᠎ᠶ᠋ᠢ ᠲᠡᠭᠦᠯᠳᠡᠷᠵᠢᠭᠦᠯᠵᠦ᠍᠂ ᠱᠢᠨ᠎ᠡ ᠮᠡᠷᠭᠡᠵᠢᠯ ᠱᠢᠨ᠎ᠡ ᠦᠢᠯᠡᠳᠬᠦᠨ ᠱᠢᠨ᠎ᠡ ᠠᠬᠤᠢ ᠪᠠᠢᠳᠠᠯ᠎ᠢ ᠶᠡᠭᠡ ᠬᠡᠪᠴᠢᠶ᠎ᠡ᠎ᠪᠠᠷ ᠬᠡᠷᠡᠭ᠌ᠯᠡᠬᠦ᠌ ᠵᠢᠱ᠌ᠢᠶ᠎ᠡ ᠦᠵᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠢ ᠬᠡᠪᠴᠢᠶᠡᠵᠢᠬᠦᠯᠤᠨ ᠬᠥᠭ᠌ᠵᠢᠬᠦᠯᠬᠦ᠌᠎ᠶ᠋ᠢ ᠲᠦᠷᠭᠡᠳᠭᠡᠨ᠎ᠡ᠃

ᠢᠷᠡᠭᠡᠳᠦᠢ᠎ᠶ᠋ᠢᠨ ᠠᠵᠤ ᠦᠢᠯᠡᠰ᠎ᠢ ᠪᠠᠷᠠᠯᠠᠬᠢᠯᠠᠨ ᠪᠠᠢᠷᠢᠯᠠᠭᠤᠯᠵᠤ᠂ ᠤᠯᠠᠨ ᠡᠱᠢᠲᠦ ᠮᠡᠷᠭᠡᠵᠢᠯ᠎ᠤᠨ ᠱᠤᠭᠤᠮ᠂ ᠨᠡᠢᠲᠡᠯᠢᠭ ᠬᠡᠷᠡᠭ᠌ᠯᠡᠯᠳᠠ᠎ᠶ᠋ᠢᠨ ᠠᠬᠤᠢ ᠪᠠᠢᠳᠠᠯ᠂ ᠬᠡᠷᠡᠭ᠌ᠵᠢᠭᠦᠯᠵᠦ᠍ ᠪᠣᠯᠬᠤᠢᠴᠠ ᠬᠤᠳᠠᠯᠳᠤᠭᠠᠨ᠎ᠤ ᠵᠠᠭ᠍ᠪᠤᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠦᠷᠢᠮᠯᠡᠯ᠎ᠢ ᠰᠦᠪᠡᠭ᠌ᠴᠢᠯᠡᠵᠦ᠍᠂ ᠺᠸᠠᠨ᠋ᠲ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠠᠮᠢᠳᠤ ᠪᠣᠳᠠᠰ᠎ᠤᠨ ᠦᠢᠯᠡᠳᠬᠦ᠌ ᠦᠢᠯᠡᠰ᠂ ᠤᠰᠤᠲᠥ᠋ᠷᠥᠭ᠌ᠴᠢ ᠡᠨᠧᠷᠭᠢ ᠪᠣᠯᠤᠨ ᠴᠥᠮ᠎ᠡ᠎ᠶ᠋ᠢᠨ ᠨᠡᠢᠯᠡᠯᠲᠡ᠎ᠶ᠋ᠢᠨ ᠡᠨᠧᠷᠭᠢ᠂ ᠲᠠᠷᠢᠬᠢ ᠪᠤᠯᠤᠨ ᠮᠠᠱᠢᠨ᠎ᠤ ᠵᠠᠯᠭᠠᠭᠤᠷ᠂ EAI᠂ ᠵᠢᠷᠭᠤᠳᠤᠭᠠᠷ ᠦᠶ᠎ᠡ᠎ᠶ᠋ᠢᠨ ᠱᠢᠯᠵᠢᠮᠡᠯ ᠮᠡᠳᠡᠭᠡ ᠬᠤᠯᠪᠣᠭ᠎ᠠ ᠵᠡᠷᠭᠡ᠎ᠶ᠋ᠢ ᠠᠵᠤ ᠠᠬᠤᠢ᠎ᠶ᠋ᠢᠨ ᠱᠢᠨ᠎ᠡ ᠨᠡᠮᠡᠭ᠌ᠳᠡᠯ᠎ᠤᠨ ᠴᠡᠭ ᠪᠣᠯᠭᠠᠬᠤ᠎ᠶ᠋ᠢ ᠠᠬᠢᠭᠤᠯᠤᠨ᠎ᠠ᠃ ᠬᠢᠨᠠᠨ ᠬᠠᠮᠢᠶᠠᠷᠬᠤ ᠠᠷᠭ᠎ᠠ ᠮᠠᠶᠢᠭ᠎ᠤᠨ ᠱᠢᠨ᠎ᠠ᠎ᠶ᠋ᠢ ᠡᠭᠦᠳᠴᠦ᠍᠂ ᠠᠳᠠᠯ ᠦᠢᠯᠡᠰ ᠴᠣᠭ᠍ᠴᠠᠯᠠᠬᠤ ᠪᠡᠯᠡ ᠣᠷᠣᠭᠤᠯᠤᠯᠲᠠ᠎ᠶ᠋ᠢ ᠬᠥᠭ᠌ᠵᠢᠭᠦᠯᠵᠦ᠍᠂ ᠢᠷᠡᠭᠡᠳᠦᠶ᠎ᠶ᠋ᠢᠨ ᠠᠵᠤ ᠦᠢᠯᠡᠰ᠎ᠤᠨ ᠣᠷᠣᠭᠤᠯᠤᠯᠲᠠ᠎ᠶ᠋ᠢ ᠨᠡᠮᠡᠭ᠌ᠳᠡᠬᠦᠯᠬᠦ᠌ ᠪᠠ ᠠᠶᠤᠯ ᠲᠦᠭ᠌ᠰᠢᠭᠦᠷᠢ᠎ᠶ᠋ᠢ ᠬᠤᠪᠢᠶᠠᠨ ᠡᠭᠦᠷᠭᠡᠯᠡᠬᠦ᠌ ᠲᠣᠭ᠍ᠲᠠᠴᠠ᠎ᠶ᠋ᠢ ᠪᠠᠢᠭᠤᠯᠤᠨ᠎ᠠ᠃ ᠳᠤᠮᠳᠠ ᠵᠢᠵᠢᠭ ᠠᠵᠤ ᠠᠬᠤᠢᠯᠠᠯ᠎ᠤᠨ ᠲᠤᠰᠭᠠᠶ ᠨᠠᠷᠢᠯᠢᠬ ᠦᠪᠡᠷᠮᠢᠴᠠ ᠱᠢᠨ᠎ᠠ ᠬᠥᠭ᠌ᠵᠢᠯᠲᠡ᠎ᠶ᠋ᠢ ᠠᠬᠢᠭᠤᠯᠵᠤ᠂ ᠠᠩᠬᠠᠨ᠎ᠤ ᠡᠭᠦᠳᠦᠯᠲᠡ᠎ᠶ᠋ᠢᠨ ᠴᠢᠨᠠᠷᠲᠠᠢ ᠰᠠᠭᠤᠷᠢ ᠰᠠᠢᠲᠠᠢ ᠠᠵᠤ ᠠᠬᠤᠢᠯᠠᠯ᠎ᠢ ᠪᠤᠢᠵᠢᠭᠤᠯᠤᠨ᠎ᠠ᠃

(9) ᠦᠢᠯᠡᠴᠢᠯᠡᠭᠡᠨ᠎ᠤ ᠦᠢᠯᠡᠰ᠎ᠤᠨ ᠴᠢᠨᠠᠷ ᠰᠠᠢᠲᠠᠶ ᠪᠦᠭᠡᠳ ᠥᠨᠳᠥᠷ ᠪᠦᠲᠦᠮᠵᠢᠲᠡᠶ ᠬᠥᠭ᠌ᠵᠢᠯᠲᠡ᠎ᠶ᠋ᠢ ᠠᠬᠢᠭᠤᠯᠤᠨ᠎ᠠ᠃ ᠦᠢᠯᠡᠴᠢᠯᠡᠭᠡᠨ᠎ᠤ ᠦᠢᠯᠡᠰ᠎ᠤᠨ ᠴᠢᠳᠠᠪᠤᠷᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠦᠢᠯᠡᠴᠢᠯᠡᠭᠡᠨ᠎ᠤ ᠦᠢᠯᠡᠰ᠎ᠤᠨ ᠨᠡᠭᠡᠭᠡᠯᠲᠡ᠎ᠶ᠋ᠢ ᠥᠷᠭᠡᠳᠭᠡᠨ᠂ ᠬᠢᠨᠠᠯᠲᠠ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠂ ᠴᠢᠨᠠᠷ ᠰᠠᠢᠲᠠᠶ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢ ᠥᠷᠭᠡᠳᠭᠡᠵᠦ᠍᠂ ᠦᠢᠯᠡᠳᠪᠦᠷᠢᠯᠡᠯ᠎ᠤᠨ ᠴᠢᠨᠠᠷᠲᠠᠶ ᠦᠢᠯᠡᠴᠢᠯᠡᠭᠡᠨ᠎ᠤ ᠦᠢᠯᠡᠰ᠎ᠤᠨ ᠲᠤᠰᠭᠠᠢᠵᠢᠬᠤ ᠪᠠ ᠥᠷᠲᠡᠭ᠎ᠤᠨ ᠬᠡᠯᠬᠢᠶ᠎ᠡ᠎ᠶ᠋ᠢᠨ ᠳᠡᠭᠡᠳᠦ ᠲᠠᠰ ᠳᠠᠢᠰᠢ ᠦᠷᠭᠡᠳᠬᠦ᠌᠎ᠶ᠋ᠢ ᠬᠦᠷᠢᠶ᠎ᠡ ᠬᠤᠪᠢᠶᠠᠨ ᠠᠬᠢᠭᠤᠯᠵᠤ᠂ ᠠᠮᠢᠳᠤᠷᠠᠯ᠎ᠤᠨ ᠴᠢᠨᠠᠷᠲᠠᠶ ᠦᠢᠯᠡᠴᠢᠯᠡᠭᠡᠨ᠎ᠤ ᠦᠢᠯᠡᠰ᠎ᠤᠨ ᠴᠢᠨᠠᠷ ᠰᠠᠢᠲᠠᠶ᠂ ᠣᠯᠠᠨ ᠶᠠᠩᠵᠤᠴᠢᠯᠠᠬᠤ᠂ ᠳᠥᠳᠡᠴᠢᠯᠡᠬᠦ᠌ ᠬᠥᠭ᠌ᠵᠢᠯᠳᠠ᠎ᠶ᠋ᠢ ᠠᠬᠢᠭᠤᠯᠤᠨ᠎ᠠ᠃ ᠤᠳᠤ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ᠎ᠤᠨ ᠲᠡᠷᠢᠭᠦᠨ᠎ᠤ ᠦᠢᠯᠡᠳᠬᠦ᠌ ᠦᠢᠯᠡᠰ᠂ ᠤᠳᠤ ᠦᠶ᠎ᠡ᠎ᠶ᠋ᠢᠨ ᠲᠠᠷᠢᠶᠠᠯᠠᠩ᠎ᠯᠤᠭ᠎ᠠ ᠠᠭᠤᠰᠤᠯᠴᠠᠨ ᠬᠥᠭ᠌ᠵᠢᠬᠦ᠌ ᠲᠦᠪᠱᠢᠨ᠎ᠢ ᠳᠡᠭᠡᠭ᠌ᠰᠢᠯᠡᠭᠦᠯᠵᠦ᠍᠂ ᠦᠢᠯᠡᠴᠢᠯᠡᠭᠡᠨ᠎ᠤ ᠦᠢᠯᠡᠰ᠎ᠤᠨ ᠳ᠋ᠢᠵᠢᠲ᠋ᠠᠯᠴᠢᠯᠠᠯᠳᠠ ᠤᠶᠤᠨᠴᠢᠯᠠᠯᠳᠠ᠎ᠶ᠋ᠢ ᠠᠬᠢᠭᠤᠯᠤᠨ᠎ᠠ᠃ ᠦᠢᠯᠡᠴᠢᠯᠡᠭᠡᠨ᠎ᠤ ᠪᠠᠷᠢᠮᠵᠢᠶ᠎ᠠ ᠪᠠ ᠶᠠᠰᠤ ᠴᠢᠨᠠᠷ ᠨᠡᠷᠡᠳᠤ ᠲᠡᠮᠳᠡᠭ᠎ᠤᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠦᠢᠯᠡᠴᠢᠯᠡᠭᠡᠨ᠎ᠤ ᠦᠢᠯᠡᠰ᠎ᠢ ᠪᠦᠷᠢᠳᠭᠡᠵᠦ᠍ ᠬᠢᠨᠠᠨ ᠬᠡᠮᠵᠢᠬᠦ᠌ ᠱᠢᠰᠲ᠋ᠧᠮ᠎ᠢ ᠪᠦᠷᠢᠨᠱᠢᠬᠦᠯᠤᠨ᠎ᠠ᠃

(10) ᠣᠳᠣᠬᠢᠴᠢᠯᠠᠭ᠍ᠰᠠᠨ ᠰᠠᠭᠤᠷᠢ ᠲᠥᠬᠦᠭᠡᠷᠦᠮᠵᠢ᠎ᠶ᠋ᠢᠨ ᠱᠢᠰᠲ᠋ᠧᠮ᠎ᠢ ᠪᠠᠢᠭᠤᠯᠤᠨ᠎ᠠ᠃ ᠰᠠᠭᠤᠷᠢ ᠲᠥᠬᠦᠭᠡᠷᠦᠮᠵᠢ᠎ᠶ᠋ᠢ ᠨᠢᠭᠡᠳᠦᠯᠲᠡᠶ ᠲᠥᠯᠥᠪᠯᠡᠨ ᠲᠦᠯᠤᠪᠵᠢᠬᠦᠯᠬᠦ᠌᠎ᠶ᠋ᠢ ᠴᠢᠩᠭᠠᠳᠭᠠᠵᠤ᠂ ᠪᠠᠢᠷᠢᠯᠠᠭᠤᠯᠤᠯᠳᠡ ᠪᠦᠲᠦᠴᠡ᠎ᠶ᠋ᠢ ᠱᠢᠯᠢᠳᠡᠭ᠌ᠵᠢᠭᠦᠯᠦᠨ᠂ ᠬᠤᠷᠠᠭᠤᠯᠤᠨ ᠠᠭᠤᠰᠤᠯᠴᠠᠭᠤᠯᠬᠤ᠎ᠶ᠋ᠢ ᠠᠬᠢᠭᠤᠯᠵᠤ᠂ ᠠᠮᠤᠷ ᠲᠦᠪᠱᠢᠨ᠎ᠤ ᠤᠶᠠᠨ ᠬᠠᠳᠠᠨ ᠴᠢᠨᠠᠷ ᠪᠠ ᠡᠵᠡᠩᠨᠡᠯᠲᠡ᠎ᠶ᠋ᠢᠨ ᠦᠷᠭᠦᠯᠵᠢᠯᠡᠬᠦ᠋ᠢᠴᠡ ᠴᠢᠨᠠᠷ᠎ᠢ ᠳᠡᠭᠡᠭ᠌ᠰᠢᠯᠡᠭᠦᠯᠦᠨ᠎ᠡ᠃ ᠱᠢᠨ᠎ᠡ ᠬᠡᠯᠪᠡᠷᠢ᠎ᠶ᠋ᠢᠨ ᠰᠠᠭᠤᠷᠢ ᠲᠥᠬᠦᠭᠡᠷᠦᠮᠵᠢ᠎ᠶ᠋ᠢ ᠵᠣᠬᠢᠰᠳᠠᠢ᠎ᠪᠠᠷ ᠤᠷᠢᠳᠴᠢᠯᠠᠨ ᠪᠦᠳᠤᠭᠡᠨ ᠪᠠᠢᠭᠤᠯᠵᠤ᠂ ᠮᠡᠳᠡᠭᠡ ᠵᠠᠩᠭᠢ ᠮᠡᠳᠡᠭᠡ ᠬᠤᠯᠪᠣᠭ᠎ᠠ᠎ᠶ᠋ᠢᠨ ᠰᠦᠯᠵᠢᠶ᠎ᠡ᠂ ᠪᠦᠬᠦ᠌ ᠤᠯᠤᠰ᠎ᠤᠨ ᠨᠢᠭᠡ ᠴᠤᠬ᠍ᠴᠠᠵᠢᠬ᠍ᠰᠠᠨ ᠪᠤᠳᠤᠬᠤ ᠬᠦᠴᠦᠨ᠎ᠤ ᠰᠦᠯᠵᠢᠶ᠎ᠡ᠂ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠠᠭᠤᠷᠢ ᠲᠥᠬᠦᠭᠡᠷᠦᠮᠵᠢ ᠵᠡᠷᠭᠡ᠎ᠶ᠋ᠢᠨ ᠪᠦᠲᠦᠭᠡᠨ ᠪᠠᠢᠭᠤᠯᠤᠯᠲᠠ ᠪᠠ ᠡᠷᠴᠢᠮᠯᠢᠭ᠌ ᠪᠥᠭᠡᠳ ᠥᠨᠳᠥᠷ ᠪᠦᠲᠦᠮᠵᠢᠲᠡᠶ ᠠᠱᠢᠭ᠍ᠯᠠᠯᠲᠠ᠎ᠶ᠋ᠢ ᠠᠬᠢᠭᠤᠯᠵᠤ᠂ ᠤᠯᠠᠮᠵᠢᠯᠠᠯᠲᠤ ᠰᠠᠭᠤᠷᠢ ᠲᠥᠬᠦᠭᠡᠷᠦᠮᠵᠢ᠎ᠶ᠋ᠢ ᠱᠢᠨᠡᠳᠭᠡᠬᠦ᠌ ᠪᠠ ᠳ᠋ᠢᠵᠢᠲ᠋ᠠᠯᠴᠢᠯᠠᠨ ᠤᠶᠤᠨᠴᠢᠯᠠᠨ ᠥᠭᠡᠷᠡᠴᠢᠯᠡᠬᠦ᠌᠎ᠶ᠋ᠢ ᠠᠬᠢᠭᠤᠯᠤᠨ᠎ᠠ᠃ ᠣᠳᠣᠬᠢᠴᠢᠯᠠᠭ᠍ᠰᠠᠨ ᠶᠡᠷᠦᠩᠬᠡᠢᠯᠡᠭ᠌ᠰᠡᠨ ᠵᠠᠮ ᠲᠡᠭᠡᠭᠡᠪᠦᠷᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠣᠷᠣᠨ ᠪᠦᠰᠡ ᠠᠯᠤᠰᠯᠠᠨ ᠨᠢᠭᠡᠳᠦᠯᠲᠡᠶ ᠲᠥᠯᠥᠪᠯᠡᠨ ᠪᠠᠢᠷᠢᠯᠠᠭᠤᠯᠬᠤ᠂ ᠠᠷᠭ᠎ᠠ ᠮᠠᠶᠢᠭ ᠠᠯᠤᠰᠯᠠᠨ ᠨᠢᠭᠡ ᠴᠤᠭ᠍ᠴᠠᠵᠢᠭᠤᠯᠤᠨ ᠵᠣᠯᠭᠠᠯᠳᠤᠭᠤᠯᠬᠤ᠎ᠶ᠋ᠢ ᠴᠢᠩᠭᠠᠳᠭᠠᠵᠤ᠂ ᠪᠠᠭᠤᠷᠠᠶ ᠭᠠᠵᠠᠷ ᠣᠷᠣᠨ᠎ᠢ ᠬᠠᠮᠤᠷᠬᠤ ᠪᠠ ᠪᠠᠭᠤᠷᠠᠢ ᠭᠠᠵᠠᠷ ᠤᠷᠤᠨ᠎ᠳᠤ ᠨᠡᠪᠲᠡᠷᠡᠭᠦ᠌ ᠪᠠᠲᠤᠯᠠᠭ᠎ᠠ᠎ᠶ᠋ᠢ ᠴᠢᠩᠭᠠᠳᠭᠠᠨ᠎ᠠ᠃ ᠣᠯᠠᠨ ᠡᠱᠢᠵᠢᠭ᠌ᠰᠡᠨ᠂ ᠤᠶᠠᠨ ᠬᠠᠳᠠᠨ ᠴᠢᠨᠠᠷ᠎ᠢᠶᠠᠷ ᠴᠢᠩᠭ᠎ᠠ ᠤᠯᠤᠰ᠎ᠤᠨ ᠬᠤᠭᠤᠷᠤᠨᠳᠤᠬᠢ ᠲᠡᠭᠡᠭᠡᠪᠦᠷᠢ᠎ᠶ᠋ᠢᠨ ᠵᠠᠮ᠎ᠤᠨ ᠱᠢᠰᠲ᠋ᠧᠮ᠎ᠢ ᠪᠦᠷᠢᠨᠱᠢᠬᠦᠯᠤᠨ᠎ᠠ᠃ ᠡᠨᠧᠷᠭᠢ᠎ᠶ᠋ᠢᠨ ᠰᠤᠷᠪᠤᠯᠵᠢ᠎ᠶ᠋ᠢᠨ ᠭᠤᠣᠯ ᠵᠠᠮ᠎ᠤᠨ ᠪᠠᠢᠷᠢᠯᠠᠭᠤᠯᠤᠯᠳᠡ᠎ᠶ᠋ᠢ ᠱᠢᠯᠢᠳᠡᠭ᠌ᠵᠢᠭᠦᠯᠵᠦ᠍᠂ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠰᠠᠭᠤᠷᠢ ᠲᠥᠬᠦᠭᠡᠷᠦᠮᠵᠢ᠎ᠶ᠋ᠢ ᠡᠷᠴᠢᠮᠵᠢᠬᠦᠯᠦᠨ ᠪᠦᠳᠤᠭᠡᠨ ᠪᠠᠢᠭᠤᠯᠤᠨ᠎ᠠ᠃ ᠣᠳᠣᠬᠢᠴᠢᠯᠠᠭ᠍ᠰᠠᠨ ᠤᠰᠤᠨ ᠲᠣᠣᠷ᠎ᠢ ᠲᠦᠷᠭᠡᠯᠡᠨ ᠪᠦᠳᠤᠭᠡᠨ ᠪᠠᠢᠭᠤᠯᠵᠤ᠂ ᠦᠶᠡᠷ ᠤᠰᠤᠲᠤᠯ᠎ᠤᠨ ᠭᠠᠮᠱᠢᠭ᠎ᠢ ᠰᠡᠷᠭᠡᠢᠯᠡᠬᠦ᠂ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠬᠤᠳᠠ ᠬᠥᠳᠡᠭᠡ᠎ᠶ᠋ᠢᠨ ᠤᠰᠤ ᠬᠠᠩᠭᠠᠬᠤ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠲᠡᠭᠡᠭ᠌ᠰᠢᠯᠡᠬᠦᠯᠤᠨ᠎ᠠ᠃ ᠬᠤᠲᠠ᠎ᠶ᠋ᠢᠨ ᠡᠩ᠎ᠤᠨ ᠦᠶ᠎ᠠ ᠪᠠ ᠪᠠᠴᠢᠮ ᠦᠶ᠎ᠠ᠎ᠳᠤ ᠴᠦᠮ ᠬᠡᠷᠡᠭ᠌ᠯᠡᠵᠦ᠍ ᠪᠤᠯᠬᠤ ᠤᠯᠠᠨ ᠨᠡᠢᠲᠡ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃

ᠲᠦᠷᠪᠡ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦᠯᠬᠦ᠌᠎ᠶ᠋ᠢ ᠲᠦᠷᠭᠡᠳᠭᠡᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠬᠦᠯᠬᠦ᠌᠎ᠶ᠋ᠢ ᠬᠦᠲᠦᠯᠦᠨ ᠳᠠᠭᠠᠭᠤᠯᠤᠨ᠎ᠠ

ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠣᠳᠣᠬᠢᠴᠢᠯᠠᠯᠲᠠ᠎ᠪᠠᠷ ᠲᠦᠱᠢᠭ ᠲᠤᠯᠭᠠᠭᠤᠷᠢ ᠪᠣᠯᠭᠠᠬᠤ ᠬᠡᠷᠡᠭ᠌ᠳᠠᠢ᠃ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠤᠪᠢᠰᠭᠠᠯ ᠪᠠ ᠠᠵᠤ ᠦᠢᠯᠡᠰ᠎ᠤᠨ ᠬᠤᠪᠢᠰᠤᠯᠲᠠ᠎ᠶ᠋ᠢᠨ ᠲᠡᠦᠬᠡᠨ ᠲᠣᠬᠢᠶᠠᠯ᠎ᠢ ᠠᠮᠵᠢᠵᠤ᠂ ᠰᠤᠷᠭᠠᠨ ᠬᠥᠮᠦᠵᠢᠯ᠎ᠤᠨ ᠬᠦᠴᠦᠷᠬᠡᠭ ᠤᠯᠤᠰ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠯᠡᠵᠦ᠍᠂ ᠤᠯᠤᠰ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠤᠨ ᠪᠦᠬᠦᠯᠢ ᠴᠣᠭ᠍ᠴᠠ᠎ᠶ᠋ᠢᠨ ᠦᠢᠯᠡᠳᠤᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠲᠡᠭᠡᠭ᠌ᠰᠢᠯᠡᠬᠦᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠥᠭ᠌ᠵᠢᠯᠲᠡ᠎ᠶ᠋ᠢᠨ ᠠᠱᠢᠭ᠍ᠲᠠᠢ ᠪᠠᠢᠷᠢ᠎ᠶ᠋ᠢ ᠵᠠᠪᠳᠤᠨ ᠡᠵᠡᠯᠡᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠲᠠᠰᠤᠷᠠᠯᠲᠠ ᠦᠭᠡᠢ ᠪᠣᠢ ᠪᠣᠯᠭᠠᠨ᠎ᠠ᠃

(11) ᠤᠤᠭᠠᠯ ᠱᠢᠨ᠎ᠡ ᠡᠭᠦᠳᠤᠯᠳᠡ ᠪᠠ ᠵᠠᠩᠬᠢᠯᠠᠭ᠎ᠠ᠎ᠶ᠋ᠢᠨ ᠭᠤᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠤᠷᠢᠯᠡᠬᠦ᠌᠎ᠶ᠋ᠢ ᠴᠢᠩᠭᠠᠳᠭᠠᠨ᠎ᠠ᠃ ᠱᠢᠨ᠎ᠡ ᠬᠡᠯᠪᠡᠷᠢ᠎ᠶ᠋ᠢᠨ ᠤᠯᠤᠰ ᠳᠠᠶᠠᠭᠠᠷ᠎ᠤᠨ ᠪᠠᠢᠭᠤᠯᠤᠯ᠎ᠢ ᠲᠡᠭᠦᠯᠳᠡᠷᠵᠢᠭᠦᠯᠵᠦ᠍᠂ ᠵᠤᠷᠱᠢᠯ᠎ᠠᠴᠠ ᠬᠡᠳᠤᠷᠡᠭ᠌ᠰᠡᠨ ᠠᠷᠭ᠎ᠠ ᠬᠡᠮᠵᠢᠶ᠎ᠡ ᠠᠪᠴᠤ᠌ ᠪᠠᠢᠭᠠᠳ ᠬᠤᠷᠠᠮᠠᠯ ᠴᠠᠬᠢᠯᠭᠠᠨ ᠬᠡᠯᠬᠢᠶ᠎ᠡ᠂ ᠠᠵᠤ ᠦᠢᠯᠡᠳᠪᠦᠷᠢ᠎ᠶ᠋ᠢᠨ ᠰᠠᠭᠤᠷᠢ ᠮᠠᠱᠢᠨ᠂ ᠳᠡᠭᠡᠳᠦ ᠲᠡᠰ᠎ᠤᠨ ᠬᠡᠮᠵᠢᠭᠦᠷᠯᠢᠭ᠂ ᠰᠠᠭᠤᠷᠢ ᠵᠥᠭᠡᠯᠡᠨ ᠲᠤᠨᠤᠭ᠂ ᠲᠡᠷᠢᠭᠦᠨ᠎ᠤ ᠮᠠᠲ᠋ᠧᠷᠢᠶᠠᠯ᠂ ᠠᠮᠢᠳᠤ ᠪᠣᠳᠠᠰ᠎ᠤᠨ ᠦᠢᠯᠡᠳᠬᠦ᠌ ᠦᠢᠯᠡᠰ ᠵᠡᠷᠭᠡ ᠭᠤᠣᠯᠳᠠᠯᠭ᠎ᠠ ᠲᠠᠢ ᠬᠦᠷᠢᠶᠡᠨ᠎ᠳᠠᠬᠢ ᠵᠠᠩᠭᠢᠯᠠᠭ᠎ᠠ᠎ᠶ᠋ᠢᠨ ᠭᠤᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠤᠷᠢᠯᠡᠬᠦ᠌ ᠲᠠᠯ᠎ᠠ᠎ᠪᠠᠷ ᠱᠢᠢᠳᠪᠤᠷᠢᠯᠡᠭ᠌ᠴᠢ ᠴᠢᠨᠠᠷᠲᠠᠶ ᠱᠢᠪᠲᠤᠯᠤᠯᠲᠠ ᠭᠠᠷᠭᠠᠬᠤ᠎ᠶ᠋ᠢ ᠪᠦᠬᠦ᠌ ᠬᠡᠯᠬᠢᠶ᠎ᠡ᠎ᠪᠠᠷ ᠠᠬᠢᠭᠤᠯᠤᠨ᠎ᠠ᠃ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ᠎ᠶ᠋ᠢ ᠲᠤᠪᠤᠢᠯᠭᠠᠨ᠂ ᠨᠢᠭᠡ ᠪᠦᠯᠦᠭ ᠤᠯᠤᠰ᠎ᠤᠨ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠡᠭᠦᠷᠭᠡ᠎ᠶ᠋ᠢ ᠪᠠᠢᠷᠢᠯᠠᠭᠤᠯᠤᠨ ᠬᠡᠷᠡᠭ᠌ᠵᠢᠭᠦᠯᠦᠨ᠎ᠡ᠃ ᠰᠠᠭᠤᠷᠢ ᠰᠤᠳᠤᠯᠭᠠᠨ᠎ᠤ ᠪᠠᠢᠯᠳᠤᠬᠤ ᠪᠤᠳᠤᠯᠭ᠎ᠠ᠎ᠶ᠋ᠢᠨ ᠴᠢᠨᠠᠷᠳᠠᠢ᠂ ᠪᠠᠷᠠᠯᠠᠬᠢᠯᠠᠯᠳᠤ ᠴᠢᠨᠠᠷᠳᠠᠢ᠂ ᠱᠢᠰᠲ᠋ᠧᠮᠴᠢᠯᠡᠭ᠌ᠰᠡᠨ ᠪᠠᠢᠷᠢᠯᠠᠭᠤᠯᠤᠯᠲᠠ᠎ᠶ᠋ᠢ ᠴᠢᠩᠭᠠᠳᠭᠠᠵᠤ᠂ ᠰᠠᠭᠤᠷᠢ ᠰᠤᠳᠤᠯᠭᠠᠨ᠎ᠤ ᠣᠷᠣᠭᠤᠯᠤᠯᠲᠠ᠎ᠶ᠋ᠢᠨ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠵᠦ᠍᠂ ᠤᠷᠳᠤ ᠬᠤᠭᠤᠴᠠᠭᠠᠨ᠎ᠤ ᠲᠣᠭ᠍ᠲᠠᠪᠤᠷᠢᠳᠠᠢ ᠳᠡᠮᠵᠢᠯᠭᠡ᠎ᠶ᠋ᠢ ᠴᠢᠩᠭᠠᠳᠭᠠᠨ᠎ᠠ᠃ ᠱᠢᠨᠵᠢᠯᠡᠬᠦ᠌ ᠤᠬᠠᠭᠠᠨ᠎ᠤ ᠰᠤᠳᠤᠯᠭᠠᠨ᠂ ᠮᠡᠷᠭᠡᠵᠢᠯ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠤᠤᠭᠠᠯ ᠱᠢᠨ᠎ᠡ ᠡᠭᠦᠳᠤᠯᠳᠡ᠎ᠶ᠋ᠢᠨ ᠤᠳᠤᠷᠢᠳᠤᠮᠵᠢ᠎ᠶ᠋ᠢ ᠴᠢᠩᠭᠠᠳᠭᠠᠵᠤ᠂ ᠤᠤᠭᠠᠯ ᠡᠭᠦᠳᠦᠯᠲᠡ᠎ᠶ᠋ᠢᠨ ᠴᠢᠨᠠᠷᠲᠠᠶ᠂ ᠨᠤᠷᠠᠭᠠᠯᠲᠠ᠎ᠶ᠋ᠢᠨ ᠴᠢᠨᠠᠷᠲᠠᠶ ᠱᠢᠨ᠎ᠡ᠎ᠶ᠋ᠢ ᠡᠭᠦᠳᠬᠦ᠌᠎ᠳᠤ ᠠᠱᠢᠭ᠍ᠲᠠᠶ ᠣᠷᠴᠢᠨ ᠨᠥᠬᠦᠴᠡᠯ᠎ᠢ ᠱᠢᠯᠢᠳᠡᠭ᠌ᠵᠢᠭᠦᠯᠵᠦ᠍᠂ ᠨᠡᠩ ᠤᠯᠠᠨ ᠪᠡᠯᠭᠡ ᠲᠡᠮᠳᠡᠭ᠎ᠤᠨ ᠴᠢᠨᠠᠷᠲᠠᠶ ᠤᠤᠭᠠᠯ ᠡᠭᠦᠳᠦᠯᠲᠡ᠎ᠶ᠋ᠢᠨ ᠦᠷ᠎ᠡ ᠪᠦᠲᠦᠭᠡᠯ᠎ᠢ ᠪᠤᠢ ᠪᠣᠯᠭᠠᠨ᠎ᠠ᠃

(12) ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ᠃ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠨ᠎ᠤ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠵᠦ᠍᠂ ᠱᠢᠰᠲ᠋ᠧᠮᠵᠢᠭᠦᠯᠦᠨ ᠪᠡᠷᠬᠡ ᠰᠡᠳᠦᠪ᠎ᠢ ᠱᠢᠢᠳᠪᠤᠷᠢᠯᠡᠬᠦ᠌ ᠴᠢᠳᠠᠪᠤᠷᠢ᠎ᠶ᠋ᠢ ᠲᠡᠭᠡᠭ᠌ᠰᠢᠯᠡᠬᠦᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠠᠭᠤᠷᠢ ᠨᠥᠬᠦᠴᠡᠯ᠎ᠢ ᠪᠡᠶ᠎ᠡ᠎ᠪᠠᠨ ᠳᠠᠭᠠᠭᠠᠵᠤ ᠪᠠᠲᠤᠯᠠᠬᠤ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠠᠪᠴᠠᠩ ᠪᠠ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ᠎ᠡ᠃ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠣᠷᠣᠨ ᠪᠦᠰᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ ᠪᠠ ᠠᠵᠤ ᠦᠢᠯᠡᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠥᠨᠳᠦᠷᠯᠢᠭ ᠭᠠᠵᠠᠷ᠎ᠢ ᠪᠠᠢᠷᠢᠯᠠᠭᠤᠯᠤᠨ ᠪᠠᠢᠭᠤᠯᠵᠤ᠂ ᠤᠯᠠᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠎ᠤᠨ ᠭᠤᠯᠤᠮᠳᠠ᠎ᠶ᠋ᠢᠨ ᠴᠢᠳᠠᠮᠵᠢ᠎ᠶ᠋ᠢ ᠴᠢᠩᠭᠠᠳᠭᠠᠨ᠎ᠠ᠃ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠥᠨᠳᠥᠷ ᠪᠦᠲᠦᠮᠵᠢᠲᠡᠶ᠎ᠪᠠᠷ ᠬᠤᠪᠢᠷᠠᠭᠤᠯᠤᠨ ᠬᠡᠷᠡᠭ᠌ᠯᠡᠬᠦ᠌᠎ᠶ᠋ᠢ ᠲᠦᠷᠭᠡᠳᠭᠡᠵᠦ᠍᠂ ᠤᠬᠠᠭ᠍ᠳᠠᠬᠤᠨ᠎ᠢ ᠱᠢᠯᠭᠠᠨ ᠨᠤᠲᠠᠯᠠᠬᠤ᠂ ᠵᠠᠪᠰᠠᠷ᠎ᠤᠨ ᠲᠤᠷᠱᠢᠯᠲᠠ᠎ᠪᠠᠷ ᠱᠢᠯᠭᠠᠨ ᠨᠤᠲᠠᠯᠠᠬᠤ ᠲᠠᠪᠴᠠᠩ᠎ᠢ ᠪᠠᠢᠷᠢᠯᠠᠭᠤᠯᠤᠨ ᠪᠠᠢᠭᠤᠯᠵᠤ᠂ ᠬᠡᠷᠡᠭ᠌ᠯᠡᠯᠳᠠ᠎ᠶ᠋ᠢᠨ ᠠᠬᠤᠶ ᠪᠠᠢᠳᠠᠯ᠎ᠤᠨ ᠪᠥᠲᠥᠭᠡᠨ ᠪᠠᠢᠭᠤᠯᠤᠯᠲᠠ ᠪᠠ ᠨᠡᠭᠡᠭᠡᠯᠲᠡ᠎ᠶ᠋ᠢᠨ ᠡᠷᠴᠢᠮ᠎ᠢ ᠴᠢᠩᠭᠠᠷᠠᠭᠤᠯᠤᠨ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠬᠠᠮᠠᠭᠠᠯᠠᠯᠲᠠ ᠪᠠ ᠬᠡᠷᠡᠭ᠌ᠯᠡᠯᠳᠡ᠎ᠶ᠋ᠢ ᠴᠢᠩᠭᠠᠳᠭᠠᠨ᠎ᠠ᠃ ᠪᠦᠬᠦ᠌ ᠪᠥᠮᠪᠥᠷᠴᠡᠭ᠎ᠲᠤ ᠥᠷᠢᠰᠦᠯᠳᠦᠬᠦ᠌ ᠬᠦᠴᠦᠨ ᠪᠦᠬᠦᠢ ᠱᠢᠨ᠎ᠠ᠎ᠶ᠋ᠢ ᠡᠭᠦᠳᠬᠦ᠌ ᠨᠡᠭᠡᠭᠡᠯᠲᠡᠳᠤ ᠠᠮᠢ ᠠᠬᠤᠶ᠎ᠶ᠋ᠢ ᠪᠤᠢ ᠪᠣᠯᠭᠠᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠵᠠᠯᠠᠭᠤ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌ ᠪᠠ ᠠᠳᠠᠯ ᠦᠢᠯᠡᠰ ᠴᠤᠭ᠍ᠴᠠᠯᠠᠬᠤ᠎ᠶ᠋ᠢ ᠲᠡᠮᠵᠢᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠲᠦᠬᠡᠮᠡᠯᠵᠢᠬᠦᠯᠬᠦ᠌᠎ᠶ᠋ᠢ ᠴᠢᠩᠭᠠᠳᠭᠠᠨ᠂ ᠱᠢᠨ᠎ᠡ᠎ᠶ᠋ᠢ ᠡᠭᠦᠳᠬᠦ᠌ ᠰᠣᠶᠣᠯ᠎ᠢ ᠪᠤᠢᠵᠢᠭᠤᠯᠵᠤ᠂ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠠᠤᠯᠢ᠎ᠪᠠᠷ ᠵᠠᠰᠠᠬᠤ᠂ ᠡᠰᠢ ᠶᠣᠰᠣ᠂ ᠦᠨᠡᠨᠴᠢ ᠢᠲᠡᠭᠡᠮᠵᠢ᠂ ᠠᠮᠤᠷ ᠲᠦᠪᠱᠢᠨ᠎ᠤ ᠪᠠᠢᠭᠤᠯᠤᠯᠲᠠ᠎ᠶ᠋ᠢ ᠴᠢᠩᠭᠠᠳᠭᠠᠨ᠎ᠠ᠃

ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠡᠶᠡᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠌᠎ᠶ᠋ᠢ ᠠᠬᠢᠭᠤᠯᠵᠤ᠂ ᠠᠵᠤ ᠠᠬᠤᠢᠯᠠᠯ ᠲᠦᠷᠦᠭᠦᠯᠡᠨ ᠱᠢᠨ᠎ᠡ᠎ᠶ᠋ᠢ ᠡᠭᠦᠳᠬᠦ᠌ ᠬᠤᠯᠪᠣᠭᠠᠲᠤ ᠴᠣᠭ᠍ᠴᠠ᠎ᠶ᠋ᠢ ᠵᠣᠬᠢᠶᠠᠨ ᠪᠠᠢᠭᠤᠯᠬᠤ᠂ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠡᠭᠦᠷᠭᠡ᠎ᠶ᠋ᠢ ᠨᠡᠩ ᠤᠯᠠᠨ ᠡᠭᠦᠷᠭᠡᠯᠡᠬᠦ᠌᠎ᠶ᠋ᠢ ᠳᠡᠮᠵᠢᠵᠦ᠍᠂ ᠠᠵᠤ ᠠᠬᠤᠢᠯᠠᠯ᠎ᠤᠨ ᠰᠠᠭᠤᠷᠢ ᠰᠤᠳᠤᠯᠭᠠᠨ᠎ᠤ ᠣᠷᠣᠭᠤᠯᠤᠯᠲᠠ᠎ᠪᠠᠨ ᠨᠡᠮᠡᠭ᠌ᠳᠡᠭᠦᠯᠬᠦ᠌᠎ᠶ᠋ᠢ ᠵᠣᠷᠢᠭ᠍ᠵᠢᠭᠤᠯᠤᠨ᠂ ᠱᠢᠨ᠎ᠡ᠎ᠶ᠋ᠢ ᠡᠭᠦᠳᠬᠦ᠌ ᠬᠡᠯᠬᠢᠶ᠎ᠡ ᠠᠵᠤ ᠦᠢᠯᠡᠰ᠎ᠤᠨ ᠬᠡᠯᠬᠢᠶ᠎ᠡ ᠪᠡᠯᠡ ᠮᠥᠩᠭᠦ᠎ᠶ᠋ᠢᠨ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠭᠠᠭᠤᠯᠤᠭ᠍ᠴᠢ ᠠᠵᠤ ᠠᠬᠤᠢᠯᠠᠯ᠎ᠢ ᠪᠤᠢᠵᠢᠭᠤᠯᠤᠨ ᠪᠤᠵᠠᠭᠠᠢᠷᠠᠭᠤᠯᠵᠤ᠂ ᠳᠡᠭᠡᠳᠦ ᠱᠢᠨ᠎ᠡ ᠮᠡᠷᠭᠡᠵᠢᠯ᠎ᠤᠨ ᠠᠵᠤ ᠠᠬᠤᠢᠯᠠᠯ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠳᠤᠮᠳᠠ ᠵᠢᠵᠢᠭ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠳᠡᠮᠵᠢᠵᠦ᠍᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠵᠠᠷᠤᠳᠠᠯ᠎ᠤᠨ ᠨᠡᠮᠡᠨ ᠪᠤᠳᠤᠵᠤ ᠰᠠᠭᠤᠯᠭᠠᠨ ᠬᠠᠰᠤᠬᠤ ᠬᠠᠷᠢᠴᠠᠯ᠎ᠢ ᠳᠡᠭᠡᠭ᠌ᠰᠢᠯᠡᠭᠦᠯᠦᠨ᠎ᠡ᠃ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠦᠭ᠌ᠰᠡᠨ ᠦᠢᠯᠡᠳᠬᠦᠨ᠎ᠢ ᠵᠠᠰᠠᠭ᠎ᠤᠨ ᠣᠷᠳᠣᠨ ᠬᠤᠳᠠᠯᠳᠤᠨ ᠠᠪᠬᠤ ᠡᠷᠴᠢᠮ᠎ᠢ ᠴᠢᠩᠭᠠᠷᠠᠭᠤᠯᠤᠨ᠎ᠠ᠃

(13) ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠭ᠍ᠴᠠᠵᠢᠭᠤᠯᠤᠨ ᠠᠬᠢᠭᠤᠯᠤᠨ᠎ᠠ᠃ ᠨᠢᠭᠡ ᠴᠤᠭ᠍ᠴᠠᠵᠢᠭᠤᠯᠤᠨ ᠠᠬᠢᠭᠤᠯᠬᠤ ᠵᠣᠬᠢᠴᠠᠭᠤᠯᠭ᠎ᠠ᠎ᠶ᠋ᠢᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠲᠥᠯᠥᠪᠵᠢᠭᠦᠯᠭᠡ᠎ᠶ᠋ᠢ ᠵᠣᠯᠭᠠᠯᠳᠤᠭᠤᠯᠬᠤ᠂ ᠲᠦᠷᠦ᠍᠎ᠶ᠋ᠢᠨ ᠪᠤᠳᠤᠯᠭ᠎ᠠ᠎ᠶ᠋ᠢ ᠬᠠᠮᠵᠢᠯᠴᠠᠭᠤᠯᠬᠤ᠂ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠬᠦ᠂ ᠦᠨᠡᠯᠡᠯᠲᠡ᠎ᠶ᠋ᠢ ᠬᠤᠯᠪᠣᠯᠳᠤᠭᠤᠯᠬᠤ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌ ᠪᠠ ᠴᠢᠳᠠᠪᠤᠷᠢᠲᠠᠨ᠎ᠢ ᠪᠡᠶ᠎ᠡ᠎ᠪᠠᠨ ᠳᠠᠭᠠᠭᠠᠵᠤ ᠬᠥᠮᠦᠵᠢᠭᠦᠯᠬᠦ᠌᠎ᠶ᠋ᠢᠨ ᠰᠠᠢᠨ ᠨᠥᠬᠦᠴᠡᠯᠳᠦᠯ᠎ᠢ ᠠᠬᠢᠭᠤᠯᠤᠨ᠂ ᠪᠦᠬᠦ᠌ ᠪᠦᠮᠪᠦᠷᠴᠡᠭ᠎ᠲᠤ ᠨᠥᠯᠥᠭᠡᠯᠡᠬᠦ᠌ ᠬᠦᠴᠦᠨ ᠪᠦᠬᠦᠢ ᠰᠤᠷᠭᠠᠨ ᠬᠥᠮᠦᠵᠢᠯ᠎ᠤᠨ ᠲᠥᠪ᠂ ᠱᠢᠨᠵᠢᠯᠡᠬᠦ᠌ ᠤᠬᠠᠭᠠᠨ᠎ᠤ ᠲᠥᠪ᠂ ᠴᠢᠳᠠᠪᠤᠷᠢᠲᠠᠨ᠎ᠤ ᠲᠥᠪ᠎ᠢ ᠪᠠᠢᠭᠤᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠠᠵᠤ ᠦᠢᠯᠡᠰ᠎ᠤᠨ ᠬᠥᠭ᠌ᠵᠢᠯᠲᠡ ᠪᠠ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠴᠡᠭᠡ᠎ᠶ᠋ᠢᠨ ᠲᠤᠭᠤᠷᠢᠨ᠎ᠳᠤ ᠬᠠᠮᠵᠢᠯᠴᠠᠨ ᠬᠥᠮᠦᠨ ᠬᠥᠮᠦᠵᠢᠭᠦᠯᠵᠦ᠍᠂ ᠶᠡᠭᠡ ᠳᠡᠭᠡᠳᠦ ᠰᠤᠷᠭᠠᠭᠤᠯᠢ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠦᠨ᠂ ᠥᠭᠡᠷᠡᠴᠢᠯᠡᠯᠲᠡ᠎ᠶ᠋ᠢ ᠲᠥᠷᠥᠯ ᠬᠤᠪᠢᠶᠠᠨ ᠠᠬᠢᠭᠤᠯᠵᠤ᠂ ᠱᠢᠨᠵᠢᠯᠡᠭᠡᠨ᠎ᠤ ᠰᠠᠯᠠᠭ᠎ᠠ᠎ᠶ᠋ᠢᠨ ᠲᠤᠬᠢᠷᠠᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ᠂ 《ᠬᠤᠤᠰ ᠲᠡᠷᠢᠭᠦᠨ ᠵᠡᠷᠭᠡ》᠎ᠶ᠋ᠢᠨ ᠶᠡᠭᠡ ᠳᠡᠭᠡᠳᠦ ᠰᠤᠷᠭᠠᠭᠤᠯᠢ ᠪᠠ ᠤᠯᠤᠰ᠎ᠤᠨ ᠰᠣᠯᠪᠢᠴᠠᠯ ᠱᠢᠨᠵᠢᠯᠡᠭᠡᠨ᠎ᠤ ᠰᠠᠯᠠᠭ᠎ᠠ᠎ᠶ᠋ᠢᠨ ᠲᠥᠪ᠎ᠤᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠱᠢᠨ᠎ᠡ᠎ᠶ᠋ᠢ ᠡᠭᠦᠳᠬᠦ᠌ ᠲᠠᠪᠴᠠᠩ᠂ ᠠᠵᠤ ᠠᠬᠤᠢᠯᠠᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠥᠯᠥᠪᠯᠡᠭᠡ᠎ᠶ᠋ᠢᠨ ᠴᠢᠳᠠᠪᠤᠷᠢᠲᠠᠨ᠎ᠢ ᠴᠤᠭ᠍ᠯᠠᠷᠠᠭᠤᠯᠤᠨ ᠬᠥᠮᠦᠵᠢᠭᠦᠯᠬᠦ᠌ ᠴᠢᠳᠠᠮᠵᠢ᠎ᠶ᠋ᠢ ᠴᠢᠩᠭᠠᠷᠠᠭᠤᠯᠤᠨ᠂ ᠱᠢᠨ᠎ᠡ᠎ᠶ᠋ᠢ ᠡᠭᠦᠳᠬᠦ᠌ ᠣᠷᠦ᠋ᠢᠯᠠᠭ᠍ᠰᠠᠨ ᠴᠢᠳᠠᠪᠤᠷᠢᠲᠠᠨ᠎ᠢ ᠬᠥᠮᠦᠵᠢᠭᠦᠯᠦᠨ᠎ᠡ᠃ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢᠲᠠᠨ᠎ᠤ ᠬᠦᠴᠦᠨ᠎ᠢ ᠲᠦᠷᠭᠡᠯᠡᠨ ᠪᠠᠢᠭᠤᠯᠵᠤ᠂ ᠨᠡᠩ ᠤᠯᠠᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨᠲᠠᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠠᠭᠠᠭᠤᠯᠤᠭ᠍ᠴᠢ ᠴᠢᠳᠠᠪᠤᠷᠢᠲᠠᠨ᠂ ᠭᠠᠷᠮᠠᠭᠠᠢ ᠢᠨᠵᠧᠨᠧᠷ᠂ ᠲᠤᠮᠤ ᠤᠯᠤᠰ᠎ᠤᠨ ᠤᠷᠠᠨ ᠲᠠᠷᠬᠠᠨ᠂ ᠤᠷ᠎ᠠ ᠴᠢᠳᠠᠪᠤᠷᠢ ᠰᠠᠢᠲᠠᠢ ᠴᠢᠳᠠᠪᠤᠷᠢᠲᠠᠨ ᠵᠡᠷᠭᠡ ᠡᠯ᠎ᠡ ᠲᠦᠷᠦᠯ᠎ᠤᠨ ᠴᠢᠳᠠᠪᠤᠷᠢᠲᠠᠨ᠎ᠢ ᠬᠥᠮᠦᠵᠢᠭᠦᠯᠦᠨ ᠪᠤᠢᠵᠢᠭᠤᠯᠤᠨ᠎ᠠ᠃ ᠴᠢᠳᠠᠪᠤᠷᠢᠲᠠᠨ᠎ᠤ ᠬᠠᠮᠵᠢᠯᠴᠠᠭ᠎ᠠ᠎ᠶ᠋ᠢ ᠴᠢᠩᠭᠠᠳᠭᠠᠵᠤ᠂ ᠴᠢᠳᠠᠪᠤᠷᠢᠲᠠᠨ᠎ᠤ ᠪᠦᠲᠦᠴᠡ᠎ᠶ᠋ᠢ ᠱᠢᠯᠢᠳᠡᠭ᠌ᠵᠢᠭᠦᠯᠦᠨ᠂ ᠴᠢᠳᠠᠪᠤᠷᠢᠲᠠᠨ᠎ᠢ ᠣᠷᠣᠨ ᠪᠦᠰᠡ᠎ᠳᠤ ᠵᠣᠬᠢᠴᠠᠩᠭᠤᠶ᠎ᠪᠠᠷ ᠬᠥᠭ᠌ᠵᠢᠭᠦᠯᠬᠦ᠌᠎ᠶ᠋ᠢ ᠠᠬᠢᠭᠤᠯᠤᠨ᠎ᠠ᠃ ᠱᠢᠨ᠎ᠡ᠎ᠶ᠋ᠢ ᠡᠭᠦᠳᠬᠦ᠌ ᠴᠢᠳᠠᠪᠤᠷᠢ᠂ ᠶᠠᠰᠤ ᠴᠢᠨᠠᠷ᠂ ᠪᠣᠳᠠᠲᠤ ᠦᠷ᠎ᠡ ᠪᠦᠲᠦᠮᠵᠢ᠂ ᠬᠤᠪᠢ ᠨᠡᠮᠡᠷᠢ᠎ᠪᠠᠷ ᠦᠨᠡᠯᠡᠬᠦ᠌ ᠤᠳᠤᠷᠢᠳᠤᠮᠵᠢ ᠪᠣᠯᠭᠠᠵᠤ᠂ ᠲᠥᠰᠦᠯ᠎ᠤᠨ ᠬᠢᠨᠠᠨ ᠲᠣᠭ᠍ᠲᠠᠭᠠᠯᠳᠠ᠂ ᠪᠠᠢᠭᠤᠯᠤᠮᠵᠢ᠎ᠶ᠋ᠢᠨ ᠦᠨᠡᠯᠡᠨ ᠵᠢᠱ᠌ᠢᠯᠳᠡ᠂ ᠴᠢᠳᠠᠪᠤᠷᠢᠲᠠᠨ᠎ᠤ ᠦᠨᠡᠯᠡᠯᠳᠡ᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠶᠡᠭᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠤ ᠠᠬᠤᠢᠯᠠᠯ᠎ᠤᠨ ᠴᠢᠳᠠᠪᠤᠷᠢᠲᠠᠨ᠎ᠤ ᠰᠣᠯᠢᠯᠴᠠᠬᠤ ᠵᠠᠮ᠎ᠢ ᠰᠠᠭᠠᠳ ᠥᠬᠡᠶ ᠨᠡᠪᠲᠡᠷᠡᠭᠦᠯᠵᠦ᠍᠂ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠬᠥᠳᠡᠯᠭᠡᠭ᠌ᠴᠢ ᠬᠦᠴᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠬᠠᠷᠢ ᠢᠷᠭᠡᠳ᠎ᠤᠨ ᠲᠦᠷᠢᠮ᠎ᠢ ᠪᠠᠢᠭᠤᠯᠵᠤ᠂ ᠳᠡᠯᠡᠬᠡᠶ᠎ᠶ᠋ᠢᠨ ᠱᠢᠯᠢᠳᠡᠭ ᠴᠢᠳᠠᠪᠤᠷᠢᠲᠠᠨ᠎ᠢ ᠤᠷᠤᠭᠤᠯᠤᠨ ᠠᠪᠴᠢᠷᠠᠬᠤ ᠪᠠ ᠬᠥᠮᠦᠵᠢᠭᠦᠯᠦᠨ᠎ᠡ᠃

(14) ᠳ᠋ᠢᠵᠢᠲ᠋ᠠᠯ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠤᠨ᠎ᠠ᠃ ᠳ᠋ᠠᠢᠲ᠋ᠠ᠎ᠶ᠋ᠢᠨ ᠡᠯᠧᠮᠧᠨ᠋ᠲ᠎ᠤᠨ ᠰᠠᠭᠤᠷᠢ ᠳᠦᠷᠢᠮ᠎ᠢ ᠪᠦᠷᠢᠨᠱᠢᠭᠦᠯᠵᠦ᠍᠂ ᠨᠡᠭᠡᠭᠡᠯᠲᠡᠲᠡᠶ ᠬᠠᠮᠲᠤ᠎ᠪᠠᠷ ᠡᠳ᠋ᠯᠡᠬᠦ᠌ ᠠᠮᠤᠷ ᠲᠦᠪᠱᠢᠨ ᠪᠦᠬᠦ᠌ ᠤᠯᠤᠰ᠎ᠤᠨ ᠨᠢᠭᠡ ᠴᠤᠬ᠍ᠴᠠᠵᠢᠬ᠍ᠰᠠᠨ ᠳ᠋ᠠᠢᠲ᠋ᠠ᠎ᠶ᠋ᠢᠨ ᠵᠠᠬ᠎ᠠ ᠳᠡᠯᠭᠡᠭᠦᠷ᠎ᠢ ᠪᠠᠢᠭᠤᠯᠵᠤ᠂ ᠳ᠋ᠠᠢᠲ᠋ᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠎ᠶ᠋ᠢ ᠭᠦᠨᠵᠡᠭᠡᠢᠷᠡᠭᠦᠯᠦᠨ᠎ᠡ᠃ ᠪᠣᠳᠠᠲᠤ ᠴᠣᠭ᠍ᠴᠠ᠎ᠶ᠋ᠢᠨ ᠠᠵᠤ ᠠᠬᠤᠶ ᠪᠠ ᠳ᠋ᠢᠵᠢᠲ᠋ᠠᠯ ᠠᠵᠤ ᠠᠬᠤᠶ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶ᠎ᠡ᠎ᠶ᠋ᠢᠨ ᠱᠢᠨ᠎ᠡ᠎ᠶ᠋ᠢ ᠡᠭᠦᠳᠴᠦ᠍ ᠬᠥᠭ᠌ᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠵᠣᠬᠢᠶᠠᠮᠠᠯ ᠤᠶᠤᠯᠢᠬ ᠵᠡᠷᠭᠡ ᠳ᠋ᠢᠵᠢᠲ᠋ᠠᠯ ᠮᠡᠷᠭᠡᠵᠢᠯ ᠤᠶᠤᠯᠢᠬ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠲᠦᠷᠭᠡᠳᠭᠡᠵᠦ᠍᠂ ᠰᠠᠭᠤᠷᠢ ᠤᠨᠤᠯ ᠪᠠ ᠭᠤᠣᠯᠯᠠᠬᠤ ᠮᠡᠷᠭᠡᠵᠢᠯ᠎ᠳᠤ ᠱᠢᠪᠲᠤᠯᠤᠯᠲᠠ ᠭᠠᠷᠭᠠᠵᠤ᠂ ᠪᠤᠳᠤᠬᠤ ᠬᠦᠴᠦᠨ᠂ ᠪᠤᠳᠤᠬᠤ ᠠᠷᠭ᠎ᠠ᠂ ᠳ᠋ᠡᠢᠲ᠋ᠠ ᠵᠡᠷᠭᠡ᠎ᠶ᠋ᠢᠨ ᠥᠨᠳᠥᠷ ᠪᠦᠲᠦᠮᠵᠢᠲᠡᠢ ᠬᠠᠩᠭᠠᠯᠭ᠎ᠠ᠎ᠶ᠋ᠢ ᠴᠢᠩᠭᠠᠳᠭᠠᠨ᠎ᠠ᠃ 《ᠵᠣᠬᠢᠶᠠᠮᠠᠯ ᠤᠶᠤᠯᠢᠭ +》 ᠠᠵᠢᠯᠯᠠᠭ᠎ᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠵᠣᠬᠢᠶᠠᠮᠠᠯ ᠤᠶᠤᠯᠢᠭ᠎ᠢᠶᠠᠷ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠡᠪ ᠵᠠᠭ᠍ᠪᠤᠷ᠎ᠤᠨ ᠬᠤᠪᠢᠰᠤᠯᠲᠠ᠎ᠶ᠋ᠢ ᠬᠦᠳᠦᠯᠦᠨ ᠳᠠᠭᠠᠭᠤᠯᠵᠤ᠂ ᠵᠣᠬᠢᠶᠠᠮᠠᠯ ᠤᠶᠤᠯᠢᠭ᠎ᠢ ᠠᠵᠤ ᠦᠢᠯᠡᠰ᠎ᠤᠨ ᠬᠥᠭ᠌ᠵᠢᠯᠲᠡ᠂ ᠰᠣᠶᠣᠯ᠎ᠤᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠨᠡᠢᠭᠡᠮ᠎ᠤᠨ ᠵᠠᠰᠠᠯᠲᠠ᠎ᠯᠤᠭ᠎ᠠ ᠤᠶᠠᠯᠳᠤᠭᠤᠯᠬᠤ᠎ᠶ᠋ᠢ ᠴᠢᠩᠭᠠᠳᠭᠠᠵᠤ᠂ ᠵᠤᠬᠢᠶᠠᠮᠠᠯ ᠤᠶᠤᠯᠢᠬ᠎ᠤᠨ ᠠᠵᠤ ᠦᠢᠯᠡᠰ᠎ᠤᠨ ᠬᠡᠷᠡᠭ᠌ᠯᠡᠯᠲᠡ᠎ᠶ᠋ᠢᠨ ᠠᠱᠢᠭ᠍ᠲᠠᠶ ᠪᠠᠢᠷᠢ᠎ᠶ᠋ᠢ ᠵᠠᠪᠳᠤᠨ ᠡᠵᠡᠯᠡᠵᠦ᠍᠂ ᠦᠢ ᠤᠯᠠᠨ ᠠᠵᠢᠯ ᠲᠦᠷᠦᠯ᠎ᠳᠤ ᠪᠦᠬᠦ᠌ ᠲᠠᠯ᠎ᠠ᠎ᠪᠠᠷ ᠡᠨᠧᠷᠭᠢ ᠤᠯᠭᠤᠨ᠎ᠠ᠃ ᠵᠣᠬᠢᠶᠠᠮᠠᠯ ᠤᠶᠤᠯᠢᠭ᠎ᠤᠨ ᠵᠠᠰᠠᠯᠲᠠ᠎ᠶ᠋ᠢ ᠴᠢᠩᠭᠠᠳᠭᠠᠵᠤ᠂ ᠬᠤᠯᠪᠣᠭ᠍ᠳᠠᠯ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ᠂ ᠲᠦᠷᠦ᠍᠎ᠶ᠋ᠢᠨ ᠪᠤᠳᠤᠯᠭ᠎ᠠ ᠳᠦᠷᠢᠮ᠂ ᠬᠡᠷᠡᠭ᠌ᠯᠡᠯᠲᠡ᠎ᠶ᠋ᠢᠨ ᠵᠢᠷᠤᠮᠵᠢᠯ᠂ ᠡᠰᠢ ᠶᠣᠰᠣᠨ᠎ᠤ ᠪᠠᠷᠢᠮᠵᠢᠶ᠎ᠠ᠎ᠶ᠋ᠢ ᠲᠡᠭᠦᠯᠳᠡᠷᠵᠢᠭᠦᠯᠦᠨ᠎ᠡ᠃ ᠬᠢᠨᠠᠯᠲᠠ ᠬᠠᠮᠢᠶᠠᠷᠤᠯᠲᠠ᠎ᠶ᠋ᠢ ᠲᠡᠭᠦᠯᠳᠡᠷᠵᠢᠭᠦᠯᠵᠦ᠍᠂ ᠲᠠᠪᠴᠠᠩ᠎ᠤᠨ ᠠᠵᠤ ᠠᠬᠤᠢ᠎ᠶ᠋ᠢᠨ ᠱᠢᠨ᠎ᠡ᠎ᠶ᠋ᠢ ᠡᠭᠦᠳᠬᠦ᠌ ᠪᠠ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠤᠨ᠎ᠠ᠃

ᠲᠠᠪᠤ᠂ ᠬᠦᠴᠦᠷᠬᠡᠭ ᠶᠡᠭᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠪᠠᠢᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠯᠡᠨ ᠪᠠᠢᠭᠤᠯᠤᠨ᠎ᠠ

ᠬᠦᠴᠦᠷᠬᠡᠭ ᠶᠡᠭᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠦᠱᠢᠭ ᠲᠤᠯᠭᠠᠭᠤᠷᠢ ᠮᠥᠨ᠃ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠡᠨᠡ ᠬᠦ᠌ ᠪᠠᠢᠯᠳᠤᠬᠤ ᠪᠤᠳᠤᠯᠭ᠎ᠠ᠎ᠶ᠋ᠢᠨ ᠰᠠᠭᠤᠷᠢ ᠴᠡᠭ᠎ᠢ ᠪᠠᠷᠢᠮᠲᠠᠯᠠᠨ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠪᠠ ᠬᠡᠷᠡᠭ᠌ᠯᠡᠭᠡ᠎ᠶ᠋ᠢ ᠠᠬᠢᠭᠤᠯᠬᠤ᠂ ᠪᠣᠳᠠᠰ᠎ᠲᠤ ᠪᠡᠯᠡ ᠣᠷᠣᠭᠤᠯᠬᠤ ᠪᠠ ᠬᠥᠮᠦᠨ᠎ᠳᠤ ᠪᠡᠯᠡ ᠣᠷᠣᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠱᠢᠨ᠎ᠡ ᠬᠡᠷᠡᠭ᠌ᠴᠡᠭᠡ᠎ᠪᠠᠷ ᠱᠢᠨ᠎ᠡ ᠬᠠᠩᠭᠠᠯᠭ᠎ᠠ᠎ᠶ᠋ᠢ ᠬᠥᠲᠥᠯᠥᠨ ᠳᠠᠭᠠᠭᠤᠯᠵᠤ᠂ ᠱᠢᠨ᠎ᠡ ᠬᠠᠩᠭᠠᠯᠭ᠎ᠠ᠎ᠪᠠᠷ ᠱᠢᠨ᠎ᠡ ᠬᠡᠷᠡᠭ᠌ᠴᠡᠭᠡ᠎ᠶ᠋ᠢ ᠡᠭᠦᠳᠴᠦ᠍᠂ ᠬᠡᠷᠡᠭ᠌ᠯᠡᠭᠡ ᠪᠠ ᠪᠡᠯᠡ ᠣᠷᠣᠭᠤᠯᠤᠯᠲᠠ᠂ ᠬᠠᠩᠭᠠᠯᠭ᠎ᠠ ᠪᠠ ᠬᠡᠷᠡᠭ᠌ᠴᠡᠭᠡ᠎ᠶ᠋ᠢᠨ ᠰᠠᠢᠨ ᠨᠥᠬᠦᠴᠡᠯᠳᠦᠯ᠎ᠢ ᠠᠬᠢᠭᠤᠯᠵᠤ᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠤᠨ ᠳᠣᠲᠣᠭᠠᠳᠤ ᠬᠥᠳᠡᠯᠭᠡᠭ᠌ᠴᠢ ᠬᠦᠴᠦᠨ ᠪᠠ ᠨᠠᠢᠳᠠᠪᠤᠷᠢᠲᠤ ᠴᠢᠨᠠᠷ᠎ᠢ ᠴᠢᠩᠭᠠᠳᠭᠠᠨ᠎ᠠ᠃

(15) ᠬᠡᠷᠡᠭ᠌ᠯᠡᠭᠡ᠎ᠶ᠋ᠢ ᠶᠡᠭᠡ᠎ᠪᠠᠷ ᠬᠥᠭ᠌ᠵᠢᠭᠡᠨ᠎ᠡ᠃ ᠬᠡᠷᠡᠭ᠌ᠯᠡᠭᠡ᠎ᠶ᠋ᠢ ᠬᠥᠭ᠌ᠵᠢᠭᠡᠬᠦ᠌ ᠲᠤᠰᠭᠠᠶ ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠦᠨ᠎ᠡ᠃ ᠠᠵᠢᠯ ᠣᠯᠭᠤᠯᠲᠠ᠎ᠶ᠋ᠢ ᠠᠬᠢᠭᠤᠯᠬᠤ᠂ ᠣᠷᠣᠯᠭ᠎ᠠ᠎ᠶ᠋ᠢ ᠨᠡᠮᠡᠭ᠌ᠳᠡᠭᠦᠯᠬᠦ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠎ᠶ᠋ᠢ ᠨᠢᠭᠡᠳᠦᠯᠲᠡᠶ ᠲᠥᠯᠥᠪᠯᠡᠵᠦ᠍᠂ ᠡᠳ᠋᠎ᠤᠨ ᠵᠠᠰᠠᠭ᠎ᠤᠨ ᠵᠠᠷᠤᠯᠭ᠎ᠠ᠎ᠳᠠᠬᠢ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠵᠠᠷᠤᠯᠭ᠎ᠠ᠎ᠶ᠋ᠢᠨ ᠡᠵᠡᠯᠡᠬᠦ᠌ ᠬᠤᠪᠢ᠎ᠶ᠋ᠢᠨ ᠵᠢᠩ᠎ᠢ ᠵᠦᠢ ᠵᠣᠬᠢᠰᠲᠠᠶ ᠳᠡᠭᠡᠭ᠌ᠰᠢᠯᠡᠭᠦᠯᠵᠦ᠍᠂ ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠴᠢᠨᠠᠷ ᠰᠠᠢᠲᠠᠶ ᠬᠡᠷᠡᠭ᠌ᠯᠡᠭᠡᠨ᠎ᠤ ᠵᠦᠢᠯ ᠪᠠ ᠦᠢᠯᠡᠴᠢᠯᠡᠭᠡᠨ᠎ᠤ ᠬᠠᠩᠭᠠᠯᠭ᠎ᠠ᠎ᠶ᠋ᠢ ᠥᠷᠭᠡᠳᠭᠡᠨ᠎ᠡ᠃ ᠣᠷᠣᠬᠤ ᠵᠥᠪᠱᠢᠶᠡᠷᠡᠯ᠎ᠢ ᠠᠭᠤᠵᠢᠭᠤ ᠪᠤᠯᠭᠠᠬᠤ᠂ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠠᠭᠤᠰᠤᠯᠴᠠᠭᠤᠯᠬᠤ᠎ᠪᠠᠷ ᠭᠤᠤᠯᠳᠠᠯᠭ᠎ᠠ ᠪᠣᠯᠭᠠᠨ ᠦᠢᠯᠡᠴᠢᠯᠡᠭᠡᠨ᠎ᠤ ᠬᠡᠷᠡᠭ᠌ᠯᠡᠭᠡ᠎ᠶ᠋ᠢ ᠥᠷᠭᠡᠳᠭᠡᠵᠦ᠍᠂ ᠨᠠᠷᠠᠲᠤ ᠲᠡᠮᠳᠡᠭ᠎ᠤᠨ ᠬᠥᠲᠥᠯᠦᠨ ᠳᠠᠭᠠᠭᠤᠯᠭ᠎ᠠ᠂ ᠪᠠᠷᠢᠮᠵᠢᠶ᠎ᠠ᠎ᠶ᠋ᠢᠨ ᠲᠠᠰ ᠳᠡᠪᠱᠢᠯᠲᠡ᠂ ᠱᠢᠨ᠎ᠡ ᠮᠡᠷᠭᠡᠵᠢᠯ᠎ᠤᠨ ᠬᠡᠷᠡᠭ᠌ᠯᠡᠯᠲᠡ᠎ᠶ᠋ᠢ ᠴᠢᠩᠭᠠᠷᠠᠭᠤᠯᠤᠨ᠂ ᠲᠠᠸᠠᠷ᠎ᠤᠨ ᠬᠡᠷᠡᠭ᠌ᠯᠡᠭᠡ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠨᠢᠭᠡ ᠪᠦᠯᠦᠭ ᠳᠠᠢᠴᠢᠯᠠᠬᠤ ᠬᠡᠪᠴᠢᠶ᠎ᠡ᠎ᠪᠠᠷ ᠥᠷᠭᠡᠨ᠂ ᠢᠯᠡᠷᠡᠭᠦᠯᠬᠦ᠌ ᠬᠡᠮᠵᠢᠶ᠎ᠡ᠎ᠪᠠᠷ ᠥᠨᠳᠥᠷ ᠬᠡᠷᠡᠭ᠌ᠯᠡᠭᠡᠨ᠎ᠤ ᠱᠢᠨ᠎ᠡ ᠠᠬᠤᠢ ᠪᠠᠢᠳᠠᠯ᠎ᠢ ᠪᠣᠶ ᠪᠣᠯᠭᠠᠨ᠎ᠠ᠃ ᠤᠯᠠᠨ ᠤᠯᠤᠰ᠎ᠤᠨ ᠬᠡᠷᠡᠭ᠌ᠯᠡᠭᠡᠨ᠎ᠤ ᠲᠥᠪ ᠬᠤᠳᠠ᠎ᠶ᠋ᠢ ᠪᠤᠢᠵᠢᠭᠤᠯᠵᠤ᠂ ᠬᠢᠯᠢ᠎ᠪᠠᠷ ᠤᠷᠤᠵᠤ ᠢᠷᠡᠬᠡᠳ ᠬᠡᠷᠡᠭ᠌ᠯᠡᠭᠡ ᠬᠢᠬᠦ᠌᠎ᠶ᠋ᠢ ᠥᠷᠭᠡᠳᠭᠡᠨ᠎ᠡ᠃ ᠬᠡᠷᠡᠭ᠌ᠯᠡᠭ᠌ᠴᠢᠳ᠎ᠲᠤ ᠱᠢᠭᠤᠳ ᠬᠦᠷᠲᠡᠭᠡᠬᠦ᠌ ᠲᠦᠭᠡᠮᠡᠯ ᠬᠠᠷᠠᠭᠠᠯᠵᠠᠯ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠡᠷᠴᠢᠮ᠎ᠢ ᠴᠢᠩᠭᠠᠷᠠᠭᠤᠯᠵᠤ᠂ ᠵᠠᠰᠠᠭ᠎ᠤᠨ ᠣᠷᠳᠣᠨ᠎ᠤ ᠪᠡᠯᠡ ᠮᠥᠩᠭᠦ᠎ᠶ᠋ᠢᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠳᠤ ᠬᠡᠷᠡᠭ᠌ᠯᠡᠬᠦ᠌ ᠵᠠᠷᠤᠯᠭ᠎ᠠ᠎ᠶ᠋ᠢ ᠨᠡᠮᠡᠭ᠌ᠳᠡᠭᠦᠯᠦᠨ᠎ᠡ᠃ ᠬᠡᠷᠡᠭ᠌ᠯᠡᠭᠡ᠎ᠶ᠋ᠢ ᠠᠬᠢᠭᠤᠯᠬᠤ ᠲᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠮᠠᠱᠢᠨ ᠲᠡᠷᠭᠡ᠂ ᠣᠷᠣᠨ ᠰᠠᠭᠤᠴᠠ ᠵᠡᠷᠭᠡ ᠬᠡᠷᠡᠭ᠌ᠯᠡᠭᠡ᠎ᠶ᠋ᠢᠨ ᠵᠦᠢ ᠵᠤᠬᠢᠰ ᠦᠭᠡᠢ ᠬᠢᠵᠠᠭᠠᠷᠯᠠᠬᠤ ᠴᠢᠨᠠᠷᠲᠠᠶ ᠠᠷᠭ᠎ᠠ ᠬᠡᠮᠵᠢᠶ᠎ᠡ᠎ᠶ᠋ᠢ ᠠᠷᠢᠯᠭᠠᠵᠤ᠂ ᠬᠡᠷᠡᠭ᠌ᠯᠡᠭᠡ᠎ᠶ᠋ᠢᠨ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠵᠠᠭ᠍ᠪᠤᠷ ᠱᠢᠨ᠎ᠡ ᠠᠬᠤᠢ ᠪᠠᠢᠳᠠᠯ᠎ᠳᠤ ᠵᠣᠬᠢᠴᠠᠭ᠍ᠰᠠᠨ ᠬᠠᠮᠢᠶᠠᠷᠤᠯᠲᠠ᠎ᠶ᠋ᠢᠨ ᠠᠷᠭ᠎ᠠ᠎ᠶ᠋ᠢ ᠪᠠᠢᠭᠤᠯᠤᠨ ᠪᠦᠷᠢᠨᠱᠢᠭᠦᠯᠵᠦ᠍᠂ ᠤᠷᠬᠢᠯ ᠴᠠᠭ᠎ᠠᠴᠠ ᠵᠠᠢᠯᠠᠵᠤ ᠴᠠᠯᠢᠩ᠎ᠲᠠᠢ᠎ᠪᠠᠷ ᠠᠮᠠᠷᠠᠬᠤ᠎ᠶ᠋ᠢ ᠨᠠᠢᠳᠠᠪᠤᠷᠢᠵᠢᠭᠤᠯᠤᠨ᠎ᠠ᠃ ᠬᠡᠷᠡᠭ᠌ᠯᠡᠭ᠌ᠴᠢᠳ᠎ᠤᠨ ᠡᠷᠬᠡ ᠠᠱᠢᠭ᠎ᠤᠨ ᠬᠠᠮᠠᠭᠠᠯᠠᠯᠲᠠ᠎ᠶ᠋ᠢ ᠴᠢᠩᠭᠠᠳᠭᠠᠨ᠎ᠠ᠃

(16) ᠪᠦᠲᠦᠮᠵᠢᠲᠡᠶ ᠪᠡᠯᠡ ᠣᠷᠣᠭᠤᠯᠤᠯᠲᠠ᠎ᠶ᠋ᠢ ᠥᠷᠭᠡᠳᠭᠡᠨ᠎ᠡ᠃ ᠪᠡᠯᠡ ᠣᠷᠣᠭᠤᠯᠤᠯᠲᠠ᠎ᠶ᠋ᠢᠨ ᠵᠦᠢ ᠵᠣᠬᠢᠰᠲᠠᠶ ᠨᠡᠮᠡᠭ᠌ᠳᠡᠯ᠎ᠢ ᠪᠠᠲᠤᠯᠠᠵᠤ᠂ ᠪᠡᠯᠡ ᠣᠷᠣᠭᠤᠯᠤᠯᠲᠠ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ᠃ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠠᠷᠠᠳ᠎ᠤᠨ ᠠᠮᠢᠳᠤᠷᠠᠯ᠎ᠤᠨ ᠲᠥᠷᠥᠯ᠎ᠳᠠᠬᠢ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠦᠨ᠂ ᠤᠯᠤᠰ᠎ᠤᠨ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠵᠢᠭᠦᠯᠦᠯᠲᠡ ᠪᠠ ᠭᠤᠤᠯᠳᠠᠯᠭ᠎ᠠ ᠲᠠᠢ ᠬᠦᠷᠢᠶᠡᠨ᠎ᠳᠠᠬᠢ ᠠᠮᠤᠷ ᠲᠦᠪᠱᠢᠨ᠎ᠤ ᠴᠢᠳᠠᠪᠤᠷᠢ᠎ᠶ᠋ᠢᠨ ᠲᠥᠰᠥᠯ᠎ᠤᠨ ᠪᠦᠲᠦᠭᠡᠨ ᠪᠠᠢᠭᠤᠯᠤᠯᠲᠠ᠎ᠶ᠋ᠢ ᠴᠢᠨᠠᠷ ᠰᠠᠢᠲᠠᠶ ᠠᠬᠢᠭᠤᠯᠤᠨ᠎ᠠ᠃ ᠬᠥᠮᠦᠨ ᠠᠮᠠ᠎ᠶ᠋ᠢᠨ ᠪᠦᠲᠦᠴᠡ᠎ᠶ᠋ᠢᠨ ᠬᠤᠪᠢᠷᠠᠯᠲᠠ ᠪᠠ ᠱᠢᠯᠵᠢᠯᠲᠡ᠎ᠶ᠋ᠢᠨ ᠬᠠᠨᠳᠤᠰᠢ᠎ᠳᠤ ᠵᠣᠬᠢᠴᠠᠭᠤᠯᠤᠨ᠂ ᠰᠠᠭᠤᠷᠢ ᠲᠥᠬᠦᠭᠡᠷᠦᠮᠵᠢ ᠪᠠ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠲᠥᠬᠦᠭᠡᠷᠦᠮᠵᠢ᠎ᠶ᠋ᠢᠨ ᠪᠠᠢᠷᠢᠯᠠᠭᠤᠯᠤᠯᠲᠠ᠎ᠶ᠋ᠢ ᠲᠡᠭᠦᠯᠳᠡᠷᠵᠢᠭᠦᠯᠵᠦ᠍᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠨᠡᠭᠡᠭᠡᠨ ᠬᠥᠭ᠌ᠵᠢᠭᠦᠯᠦᠯᠲᠡ ᠪᠠ ᠬᠥᠮᠦᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ᠎ᠳᠠᠬᠢ ᠪᠡᠯᠡ ᠣᠷᠣᠭᠤᠯᠤᠯᠲᠠ᠎ᠶ᠋ᠢ ᠴᠢᠩᠭᠠᠳᠭᠠᠨ᠎ᠠ᠃ ᠵᠠᠰᠠᠭ᠎ᠤᠨ ᠣᠷᠳᠣᠨ᠎ᠤ ᠡᠯ᠎ᠡ ᠲᠥᠷᠥᠯ᠎ᠤᠨ ᠪᠠᠯᠠ ᠣᠷᠣᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠰᠠᠢᠲᠤᠷ ᠬᠡᠷᠡᠭ᠌ᠯᠡᠵᠦ᠍᠂ ᠠᠵᠢᠯ᠎ᠤᠨ ᠰᠠᠭᠤᠷᠢ᠎ᠪᠠᠷ ᠨᠡᠯᠢᠶᠡᠳ ᠰᠠᠢᠨ ᠭᠠᠵᠠᠷ ᠣᠷᠣᠨ᠎ᠳᠤ ᠪᠥᠬᠦ᠌ ᠱᠢᠰᠲ᠋ᠧᠮ᠎ᠤᠨ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠯᠥᠪᠯᠡᠭᠡ᠎ᠶ᠋ᠢ ᠨᠠᠢᠷᠠᠭᠤᠯᠤᠨ ᠵᠣᠬᠢᠶᠠᠬᠤ᠎ᠶ᠋ᠢ ᠰᠦᠪᠡᠭ᠌ᠴᠢᠯᠡᠨ᠎ᠡ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠪᠦᠬᠦ᠌ ᠶᠠᠪᠤᠴᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠪᠡᠯᠡ ᠣᠷᠣᠭᠤᠯᠤᠯᠲᠠ᠎ᠶ᠋ᠢ ᠬᠢᠨᠠᠨ ᠵᠥᠪᠱᠢᠶᠡᠷᠡᠬᠦ᠌ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠲᠥᠪ ᠪᠠ ᠣᠷᠣᠨ ᠨᠤᠲᠤᠭ᠎ᠤᠨ ᠪᠡᠯᠡ ᠣᠷᠣᠭᠤᠯᠤᠯᠲᠠ᠎ᠶ᠋ᠢᠨ ᠴᠢᠭ᠌ᠯᠡᠯ ᠪᠠ ᠭᠤᠣᠯᠳᠠᠯᠭ᠎ᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠨ᠎ᠠ᠃ ᠤᠬᠠᠭᠠᠯᠠᠨ ᠲᠦᠯᠦᠪᠯᠡᠬᠦ᠌ ᠪᠠ ᠨᠤᠲᠠᠯᠠᠬᠤ᠎ᠶ᠋ᠢ ᠴᠢᠩᠭᠠᠳᠭᠠᠵᠤ᠂ ᠨᠢᠭᠡ ᠪᠦᠯᠦᠭ ᠴᠢᠬᠤᠯᠠ ᠶᠡᠭᠡ ᠪᠡᠯᠭᠡ ᠲᠡᠮᠳᠡᠭ᠎ᠤᠨ ᠴᠢᠨᠠᠷᠲᠠᠶ ᠢᠨᠵᠧᠨᠧᠷᠢᠩ᠎ᠤᠨ ᠲᠦᠰᠦᠯ᠎ᠢ ᠬᠡᠷᠡᠭ᠌ᠵᠢᠭᠦᠯᠦᠨ᠎ᠡ᠃ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠴᠢᠬᠤᠯᠠ ᠶᠡᠭᠡ ᠲᠥᠰᠦᠯ᠎ᠤᠨ ᠪᠥᠲᠥᠭᠡᠨ ᠪᠠᠢᠭᠤᠯᠤᠯᠲᠠ᠎ᠳᠤ ᠣᠷᠣᠯᠴᠠᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠰᠠᠭᠤᠷᠢ ᠮᠥᠩᠭᠦ᠎ᠶ᠋ᠢᠨ ᠬᠥᠲᠥᠯᠦᠨ ᠵᠢᠯᠤᠭᠤᠳᠭᠤ ᠪᠠ ᠳᠠᠢᠴᠢᠯᠠᠬᠤ ᠦᠢᠯᠡᠳᠦᠯ᠎ᠢ ᠪᠠᠳᠠᠷᠠᠭᠤᠯᠤᠨ᠂ ᠠᠷᠠᠳ᠎ᠤᠨ ᠪᠠᠯᠠ ᠣᠷᠣᠭᠤᠯᠤᠯᠲᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠂ ᠠᠷᠠᠳ᠎ᠤᠨ ᠪᠠᠯᠠ ᠣᠷᠣᠭᠤᠯᠤᠯᠲᠠ᠎ᠶ᠋ᠢᠨ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠵᠦ᠍᠂ ᠵᠠᠬ᠎ᠠ ᠳᠡᠯᠭᠡᠭᠦᠷ᠎ᠢᠶᠠᠷ ᠤᠳᠤᠷᠢᠳᠤᠮᠵᠢ ᠪᠤᠯᠭᠠᠭ᠍ᠰᠠᠨ ᠪᠦᠲᠦᠮᠵᠢᠲᠡᠶ ᠪᠠᠯᠠ ᠣᠷᠣᠭᠤᠯᠤᠯᠲᠠ᠎ᠶ᠋ᠢᠨ ᠨᠡᠮᠡᠭ᠌ᠳᠡᠯ᠎ᠤᠨ ᠬᠥᠳᠡᠯᠭᠡᠭ᠌ᠴᠢ ᠬᠦᠴᠦᠨ᠎ᠢ ᠴᠢᠩᠭᠠᠷᠠᠭᠤᠯᠤᠨ᠎ᠠ᠃

(17) ᠪᠦᠬᠦ᠌ ᠤᠯᠤᠰ᠎ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠤᠨ ᠪᠦᠳᠦᠭᠡᠨ ᠪᠠᠢᠭᠤᠯᠤᠯᠲᠠ᠎ᠶ᠋ᠢ ᠬᠠᠷᠱᠢᠯᠠᠵᠤ ᠪᠠᠢᠭ᠎ᠠ ᠪᠤᠭᠤᠭ᠍ᠳᠠᠯ ᠲᠦᠭ᠌ᠵᠢᠷᠡᠯ᠎ᠢ ᠡᠷᠡᠰ ᠠᠷᠢᠯᠭᠠᠨ᠎ᠠ᠃ ᠵᠠᠬ᠎ᠠ ᠳᠡᠯᠭᠡᠭᠦᠷ᠎ᠤᠨ ᠰᠠᠭᠤᠷᠢ ᠲᠦᠷᠢᠮ ᠳᠦᠷᠢᠮᠯᠡᠯ᠎ᠢ ᠨᠢᠭᠡᠳᠦᠯᠲᠡᠢ ᠪᠤᠯᠭᠠᠵᠤ᠂ ᠥᠮᠴᠢᠯᠡᠬᠦ᠌ ᠡᠷᠬᠡ᠎ᠶ᠋ᠢᠨ ᠬᠠᠮᠠᠭᠠᠯᠠᠯᠲᠠ᠂ ᠵᠠᠬ᠎ᠠ ᠳᠡᠯᠭᠡᠭᠦᠷ᠎ᠲᠤ ᠣᠷᠣᠬᠤ ᠵᠥᠪᠱᠢᠶᠡᠷᠡᠯ᠂ ᠮᠡᠳᠡᠭᠡ ᠵᠠᠩᠭᠢ ᠨᠡᠢᠲᠡᠯᠡᠬᠦ᠂ ᠨᠡᠢᠭᠡᠮ᠎ᠤᠨ ᠢᠲᠡᠭᠡᠮᠵᠢ᠂ ᠨᠡᠢᠯᠡᠭᠦᠯᠵᠦ᠍ ᠲᠠᠬᠢᠨ ᠵᠤᠬᠢᠶᠠᠨ ᠪᠠᠢᠭᠤᠯᠬᠤ᠂ ᠵᠠᠬ᠎ᠠ ᠳᠡᠯᠭᠡᠭᠦᠷ᠎ᠠᠴᠠ ᠤᠬᠤᠷᠢᠨ ᠭᠠᠷᠬᠤ ᠵᠡᠷᠭᠡ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠡᠯᠧᠮᠧᠨ᠋ᠲ ᠤᠯᠬᠤ᠂ ᠬᠢᠷᠢ ᠬᠡᠮ᠎ᠢ ᠮᠠᠭᠠᠳᠯᠠᠨ ᠲᠣᠭ᠍ᠲᠠᠭᠠᠬᠤ᠂ ᠲᠡᠭᠠᠭᠠᠴᠢᠯᠡᠯᠳᠠ ᠵᠡᠷᠯᠡᠬᠤ ᠲᠠᠭᠠᠭᠠᠴᠢᠯᠡᠯᠳᠠ᠎ᠳᠤ ᠤᠷᠦᠯᠴᠠᠬᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠡᠷᠭᠡ ᠲᠠᠯ᠎ᠠ᠎ᠶ᠋ᠢᠨ ᠬᠤᠷᠢᠭ᠎ᠠ ᠰᠠᠭᠠᠳ᠎ᠢ ᠠᠷᠢᠯᠭᠠᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠠᠵᠤ ᠠᠬᠤᠶ᠎ᠶ᠋ᠢ ᠠᠬᠢᠭᠤᠯᠬᠤ ᠦᠢᠯᠡ ᠠᠵᠢᠯᠯᠠᠭ᠎ᠠ᠎ᠶ᠋ᠢ ᠵᠢᠷᠤᠮᠵᠢᠭᠤᠯᠵᠤ᠂ ᠣᠷᠣᠨ ᠨᠤᠲᠤᠭ᠎ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ᠎ᠤᠨ ᠬᠡᠰᠡᠭ᠌ᠯᠡᠯ᠎ᠢ ᠠᠷᠢᠯᠭᠠᠨ᠎ᠠ᠃ 《ᠬᠤᠮᠢᠷᠠᠭ᠎ᠠ》 ᠥᠷᠢᠰᠥᠯᠳᠦᠭᠡᠨ᠎ᠢ ᠶᠡᠷᠦᠩᠬᠡᠢᠯᠡᠨ ᠴᠡᠭ᠌ᠴᠡᠯᠡᠨ ᠵᠠᠰᠠᠨ᠎ᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢ ᠨᠢᠭᠡᠳᠦᠯᠲᠡᠢ ᠪᠣᠯᠭᠠᠵᠤ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠵᠠᠰᠠᠭ ᠵᠠᠬᠢᠷᠭᠠᠨ᠎ᠤ ᠲᠠᠰᠤᠯᠤᠯᠲᠠ᠎ᠶ᠋ᠢᠨ ᠡᠷᠬᠡ᠎ᠶ᠋ᠢᠨ ᠰᠠᠭᠤᠷᠢ ᠪᠠᠷᠢᠮᠵᠢᠶ᠎ᠠ᠎ᠶ᠋ᠢᠨ ᠳᠦᠷᠢᠮ᠎ᠢ ᠲᠡᠭᠦᠯᠳᠡᠷᠵᠢᠭᠦᠯᠦᠨ᠂ ᠮᠣᠨᠣᠫᠣᠯᠢᠴᠢᠯᠠᠯ᠎ᠢ ᠡᠰᠡᠷᠭᠦᠴᠡᠬᠦ᠌ ᠪᠠ ᠵᠦᠢ ᠪᠤᠰᠤ ᠥᠷᠢᠰᠥᠯᠳᠦᠭᠡᠨ᠎ᠢ ᠡᠰᠡᠷᠭᠦᠴᠡᠬᠦ᠌ ᠬᠠᠤᠯᠢ ᠬᠡᠷᠡᠭ᠌ᠵᠢᠭᠦᠯᠦᠯᠲᠡ ᠬᠠᠤᠯᠢ ᠪᠠᠷᠢᠯᠲᠠ᠎ᠶ᠋ᠢ ᠴᠢᠩᠭᠠᠳᠭᠠᠵᠤ᠂ ᠴᠢᠨᠠᠷ ᠨᠢ ᠰᠠᠢᠨ ᠦᠨ᠎ᠡ ᠨᠢ ᠳᠤᠬᠢᠷᠠᠮᠵᠢᠳᠠᠢ᠂ ᠰᠠᠢᠨ ᠥᠷᠢᠰᠥᠯᠳᠦᠭᠡᠨ ᠲᠠᠢ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠪᠦᠷᠢᠯᠳᠦᠭᠦᠯᠦᠨ᠎ᠡ᠃ ᠨᠢᠭᠡ ᠴᠤᠭ᠍ᠴᠠᠵᠢᠭᠤᠯᠤᠨ ᠵᠣᠯᠭᠠᠯᠳᠤᠭᠤᠯᠤᠭ᠍ᠰᠠᠨ ᠭᠦᠢᠯᠭᠡᠭᠡᠨ᠎ᠤ ᠲᠦᠷᠢᠮᠯᠡᠯ ᠪᠠ ᠪᠠᠷᠢᠮᠵᠢᠶ᠎ᠠ᠎ᠶ᠋ᠢ ᠪᠦᠷᠢᠨᠱᠢᠭᠦᠯᠵᠦ᠍᠂ ᠵᠠᠬ᠎ᠠ ᠳᠡᠯᠭᠡᠭᠦᠷ᠎ᠤᠨ ᠲᠥᠬᠦᠭᠡᠷᠦᠮᠵᠢ᠎ᠶ᠋ᠢ ᠥᠨᠳᠥᠷ ᠪᠠᠷᠢᠮᠵᠢᠶ᠎ᠠ᠎ᠪᠠᠷ ᠬᠤᠯᠪᠣᠯᠳᠤᠭᠤᠯᠤᠨ ᠨᠡᠪᠲᠡᠷᠡᠭᠦᠯᠵᠦ᠍᠂ ᠪᠦᠬᠦ᠌ ᠨᠡᠢᠭᠡᠮ᠎ᠤᠨ ᠪᠠᠷᠠᠭᠠᠨ᠎ᠤ ᠭᠦᠢᠯᠭᠡᠭᠡᠨ᠎ᠤ ᠥᠪᠡᠷ᠎ᠤᠨ ᠦᠷᠳᠡᠭ᠎ᠢ ᠪᠠᠭᠤᠷᠠᠭᠤᠯᠤᠨ᠎ᠠ᠃ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠤᠨ ᠪᠦᠳᠦᠭᠡᠨ ᠪᠠᠢᠭᠤᠯᠤᠯᠲᠠ᠎ᠳᠤ ᠠᠱᠢᠭ᠍ᠲᠠᠶ ᠲᠤᠭ᠎ᠠ ᠪᠦᠷᠢᠳᠭᠡᠯ᠂ ᠡᠳ᠋᠎ᠤᠨ ᠵᠠᠰᠠᠭ ᠭᠠᠢᠯᠢ᠂ ᠬᠢᠨᠠᠨ ᠱᠢᠯᠭᠠᠬᠤ ᠲᠦᠷᠢᠮ᠎ᠢ ᠲᠡᠭᠦᠯᠳᠡᠷᠵᠢᠭᠦᠯᠵᠦ᠍᠂ ᠠᠵᠤ ᠠᠬᠤᠢᠯᠠᠯ᠎ᠤᠨ ᠶᠡᠷᠦᠩᠬᠡᠶ ᠬᠡᠯᠲᠡᠰ ᠪᠠ ᠰᠠᠯᠪᠤᠷᠢ ᠪᠠᠢᠭᠤᠯᠤᠮᠵᠢ᠂ ᠦᠢᠯᠡᠳᠪᠦᠷᠢᠯᠡᠯ᠎ᠤᠨ ᠭᠠᠵᠠᠷ ᠪᠠ ᠬᠡᠷᠡᠭ᠌ᠯᠡᠭᠡᠨ᠎ᠤ ᠭᠠᠵᠠᠷ᠎ᠤᠨ ᠠᠱᠢᠭ ᠲᠤᠰᠠ᠎ᠶ᠋ᠢ ᠬᠤᠪᠢᠶᠠᠯᠴᠠᠨ ᠡᠳ᠋ᠯᠡᠬᠦ᠌᠎ᠶ᠋ᠢ ᠱᠢᠯᠢᠳᠡᠭ᠌ᠵᠢᠭᠦᠯᠦᠨ᠎ᠡ᠃

ᠵᠢᠷᠭᠤᠭ᠎ᠠ᠂ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠯ᠎ᠢ ᠲᠦᠷᠭᠡᠯᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠭ᠌ᠴᠢ ᠬᠦᠴᠦᠨ᠎ᠢ ᠴᠢᠩᠭᠠᠳᠭᠠᠨ᠎ᠠ

ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠴᠢᠬᠤᠯᠠ ᠪᠠᠲᠤᠯᠠᠭ᠎ᠠ ᠮᠥᠨ᠃ ᠨᠡᠢᠭᠡᠮ ᠵᠢᠷᠤᠮ᠎ᠤᠨ ᠦᠨᠳᠦᠰᠦᠨ ᠠᠵᠤ ᠠᠬᠤᠶ᠎ᠶ᠋ᠢᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠠᠵᠤ ᠠᠬᠤᠶ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢᠨ ᠬᠥᠲᠥᠯᠦᠮᠵᠢ᠎ᠶ᠋ᠢᠨ ᠦᠢᠯᠡᠳᠦᠯ᠎ᠢ ᠨᠠᠩ ᠰᠠᠢᠨ ᠪᠠᠳᠠᠷᠠᠭᠤᠯᠵᠤ᠂ ᠬᠤᠷᠸ᠎ᠠ ᠠᠵᠤ ᠠᠬᠤᠶ᠎ᠶ᠋ᠢᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠂ ᠴᠢᠨᠠᠷ ᠰᠠᠢᠲᠠᠶ ᠬᠥᠭ᠌ᠵᠢᠯᠲᠡ᠎ᠶ᠋ᠢᠨ ᠯᠠᠪᠳᠠᠭᠤᠨ᠎ᠢᠶᠠᠷ ᠠᠯᠤᠰ᠎ᠢ ᠵᠤᠷᠢᠬᠤ᠎ᠶ᠋ᠢ ᠦᠨᠡᠨ ᠬᠦ᠌ ᠪᠠᠲᠤᠯᠠᠨ᠎ᠠ᠃

(18) ᠡᠯ᠎ᠡ ᠲᠥᠷᠥᠯ᠎ᠤᠨ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠭᠦᠢᠴᠡᠳ ᠬᠥᠭ᠌ᠵᠢᠭᠡᠨ᠎ᠡ᠃ 《ᠬᠤᠶᠠᠷ ᠥᠴᠦᠬᠡᠨ ᠴᠦ᠍ ᠭᠤᠢᠪᠢᠰᠢ ᠦᠭᠡᠢ》᠎ᠶ᠋ᠢ ᠪᠠᠷᠢᠮᠲᠠᠯᠠᠨ ᠨᠠᠢᠳᠠᠪᠤᠷᠢᠵᠢᠭᠤᠯᠵᠤ᠂ ᠡᠯ᠎ᠡ ᠵᠦᠢᠯ᠎ᠤᠨ ᠥᠮᠴᠢᠯᠡᠯ᠎ᠤᠨ ᠠᠵᠤ ᠠᠬᠤᠶ᠎ᠶ᠋ᠢᠨ ᠳᠠᠪᠠᠭᠤᠯᠢᠭ ᠲᠠᠯ᠎ᠠ᠎ᠪᠠᠷ᠎ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤ᠎ᠪᠠᠷ ᠬᠥᠭ᠌ᠵᠢᠬᠦ᠌᠎ᠶ᠋ᠢ ᠠᠬᠢᠭᠤᠯᠤᠨ᠎ᠠ᠃ ᠤᠯᠤᠰ᠎ᠤᠨ ᠥᠮᠴᠢᠯᠡᠯ᠎ᠤᠨ ᠬᠥᠷᠥᠩᠭᠡ ᠪᠠ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ ᠪᠠ ᠤᠯᠤᠰ᠎ᠤᠨ ᠥᠮᠴᠢᠯᠡᠯ᠎ᠤᠨ ᠬᠥᠷᠥᠩᠭᠡ᠎ᠶ᠋ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠤᠨ᠂ ᠤᠯᠤᠰ᠎ᠤᠨ ᠥᠮᠴᠢᠯᠡᠯ᠎ᠤᠨ ᠠᠵᠤ ᠠᠬᠤᠶ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠬᠦ᠌ ᠪᠠ ᠪᠦᠲᠦᠴᠡ᠎ᠶ᠋ᠢ ᠲᠣᠬᠢᠷᠠᠭᠤᠯᠬᠤ᠎ᠶ᠋ᠢ ᠠᠭᠢᠭᠤᠯᠵᠦ᠍᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠭᠤᠤᠯᠯᠠᠬᠤ ᠴᠢᠳᠠᠮᠵᠢ᠎ᠶ᠋ᠢ ᠴᠢᠩᠭᠠᠷᠠᠭᠤᠯᠤᠨ᠂ ᠭᠤᠤᠯᠯᠠᠬᠤ ᠥᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠦᠨ᠎ᠡ᠃ ᠠᠷᠠᠳ᠎ᠠᠴᠠ ᠡᠵᠡᠩᠨᠡᠭ᠌ᠰᠡᠨ ᠠᠵᠤ ᠠᠬᠤᠶ᠎ᠶ᠋ᠢ ᠠᠬᠢᠭᠤᠯᠬᠤ ᠬᠠᠤᠯᠢ᠎ᠶ᠋ᠢ ᠨᠠᠢᠳᠠᠪᠤᠷᠢᠵᠢᠭᠤᠯᠵᠤ᠂ ᠦᠢᠯᠡᠳᠪᠦᠷᠢᠯᠡᠯ᠎ᠤᠨ ᠡᠯᠧᠮᠧᠨ᠋ᠲ᠎ᠢ ᠡᠷᠬᠡ ᠲᠡᠭ᠌ᠰᠢ᠎ᠪᠠᠷ ᠬᠡᠷᠡᠭ᠌ᠯᠡᠬᠦ᠂ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠳᠤ ᠠᠳᠠᠯᠢ ᠳᠡᠭ᠌ᠰᠢ᠎ᠪᠠᠷ ᠣᠷᠣᠯᠴᠠᠬᠤ᠂ ᠬᠠᠤᠯᠢ ᠶᠣᠰᠣᠨ᠎ᠤ ᠡᠷᠬᠡ ᠠᠱᠢᠭ᠎ᠢ ᠪᠦᠲᠦᠮᠵᠢᠲᠡᠶ ᠬᠠᠮᠠᠭᠠᠯᠠᠬᠤ᠎ᠶ᠋ᠢ ᠬᠠᠤᠯᠢ ᠴᠠᠭᠠᠵᠠ ᠪᠠ ᠲᠦᠷᠢᠮ᠎ᠤᠨ ᠲᠠᠯ᠎ᠠ᠎ᠠᠴᠠ ᠪᠠᠲᠤᠯᠠᠵᠤ᠂ ᠠᠷᠠᠳ᠎ᠠᠴᠠ ᠡᠵᠡᠩᠨᠡᠭ᠌ᠰᠡᠨ ᠠᠵᠤ ᠠᠬᠤᠶ᠎ᠶ᠋ᠢ ᠬᠥᠭ᠌ᠵᠢᠭᠦᠯᠦᠨ ᠪᠤᠵᠠᠭᠠᠢᠷᠠᠭᠤᠯᠤᠨ᠎ᠠ᠃ ᠳᠤᠮᠳᠠ ᠵᠢᠵᠢᠭ ᠠᠵᠤ ᠠᠬᠤᠢᠯᠠᠯ ᠪᠠ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠤᠭᠡ᠎ᠶ᠋ᠢᠨ ᠬᠥᠭ᠌ᠵᠢᠯᠲᠡ᠎ᠶ᠋ᠢ ᠲᠡᠮᠵᠢᠵᠤ᠂ ᠲᠤᠮᠤ ᠳᠤᠮᠳᠠ ᠵᠢᠵᠢᠭ ᠠᠵᠤ ᠠᠬᠤᠢᠯᠠᠯ᠎ᠤᠨ ᠬᠠᠮᠵᠢᠯᠴᠠᠵᠤ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃ ᠥᠮᠴᠢᠯᠡᠬᠦ᠌ ᠡᠷᠬᠡ᠎ᠶ᠋ᠢᠨ ᠲᠤᠬᠠᠢ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠬᠠᠮᠠᠭᠠᠯᠠᠯᠲᠠ᠎ᠶ᠋ᠢ ᠴᠢᠩᠭᠠᠳᠭᠠᠵᠤ᠂ ᠪᠠᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ᠂ ᠴᠡᠪᠳᠡᠭ᠌ᠰᠢᠭᠦᠯᠬᠦ᠌ ᠵᠡᠷᠭᠡ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ ᠠᠪᠬᠤ᠎ᠳᠤ ᠬᠠᠤᠯᠢ ᠪᠠᠷᠢᠯᠲᠠ᠎ᠶ᠋ᠢᠨ ᠬᠢᠨᠠᠯᠲᠠ ᠳᠠᠯᠪᠢᠬᠤ᠎ᠶ᠋ᠢ ᠴᠢᠩᠭᠠᠳᠭᠠᠨ᠎ᠠ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠤᠳᠤ ᠦᠶ᠎ᠡ᠎ᠶ᠋ᠢᠨ ᠠᠵᠤ ᠠᠬᠤᠢᠯᠠᠯ᠎ᠤᠨ ᠲᠦᠷᠢᠮ᠎ᠢ ᠲᠡᠭᠦᠯᠳᠡᠷᠵᠢᠭᠦᠯᠵᠦ᠍᠂ ᠠᠵᠤ ᠠᠬᠤᠢᠯᠠᠯᠲᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠨᠡᠩ ᠤᠯᠠᠨ ᠳᠡᠯᠡᠬᠡᠶ᠎ᠶ᠋ᠢᠨ ᠲᠡᠷᠢᠭᠦᠨ ᠵᠡᠷᠭᠡ᠎ᠶ᠋ᠢᠨ ᠠᠵᠤ ᠠᠬᠤᠢᠯᠠᠯ᠎ᠢ ᠲᠦᠷᠭᠡᠯᠡᠨ ᠪᠠᠢᠭᠤᠯᠤᠨ᠎ᠠ᠃

(19) ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠᠢᠭᠤᠯᠤᠯ ᠲᠣᠭ᠍ᠲᠠᠴᠠ᠎ᠶ᠋ᠢ ᠲᠦᠷᠭᠡᠯᠡᠨ ᠲᠡᠭᠦᠯᠳᠡᠷᠵᠢᠭᠦᠯᠦᠨ᠎ᠡ᠃ ᠡᠯ᠎ᠡ ᠲᠦᠷᠦᠯ᠎ᠤᠨ ᠡᠯᠧᠮᠧᠨ᠋ᠲ᠎ᠤᠨ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠲᠣᠬᠢᠷᠠᠭᠤᠯᠬᠤ᠎ᠶ᠋ᠢ ᠠᠬᠢᠭᠤᠯᠵᠤ᠂ ᠬᠤᠳᠠ ᠬᠦᠳᠡᠭᠡ᠎ᠶ᠋ᠢᠨ ᠨᠢᠭᠡᠳᠦᠯᠳᠠᠢ ᠪᠦᠳᠦᠭᠡᠨ ᠪᠠᠢᠭᠤᠯᠤᠯᠳᠡ᠎ᠳᠤ ᠬᠡᠷᠡᠭ᠌ᠯᠡᠬᠦ᠌ ᠭᠠᠵᠠᠷ᠎ᠤᠨ ᠵᠠᠬ᠎ᠠ ᠲᠡᠯᠭᠡᠬᠦᠷ᠂ ᠴᠢᠳᠠᠮᠵᠢ ᠨᠢ ᠪᠦᠷᠢᠨ ᠲᠡᠭᠦᠯᠳᠡᠷ ᠬᠦᠷᠦᠩᠭᠡ᠎ᠶ᠋ᠢᠨ ᠵᠠᠬ᠎ᠠ ᠳᠡᠯᠭᠡᠭᠦᠷ᠂ ᠱᠢᠯᠵᠢᠯᠲᠡ ᠨᠢ ᠢᠯᠭᠤᠮ ᠤᠷᠤᠭ᠍ᠰᠢᠲᠠᠶ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ᠂ ᠬᠤᠪᠢᠷᠠᠭᠤᠯᠤᠯᠲᠠ ᠨᠢ ᠥᠨᠳᠥᠷ ᠪᠦᠲᠦᠮᠵᠢᠲᠡᠶ ᠮᠡᠷᠭᠡᠵᠢᠯ᠎ᠤᠨ ᠵᠠᠬ᠎ᠠ ᠳᠡᠯᠭᠡᠭᠦᠷ᠎ᠢ ᠪᠠᠢᠭᠤᠯᠤᠨ ᠪᠦᠷᠢᠨᠱᠢᠭᠦᠯᠦᠨ᠎ᠡ᠃ ᠬᠤᠷᠸ᠎ᠠ ᠪᠡᠯᠡ ᠬᠥᠷᠥᠩᠭᠡ᠎ᠶ᠋ᠢᠨ ᠥᠷᠢ ᠱᠢᠷᠢ᠎ᠶ᠋ᠢᠨ ᠬᠦᠰᠦᠨᠦᠭ᠌ᠲᠦ᠍᠎ᠶ᠋ᠢ ᠨᠠᠢᠷᠠᠭᠤᠯᠤᠨ ᠵᠣᠬᠢᠶᠠᠵᠤ᠂ ᠬᠠᠳᠠᠭᠠᠯᠠᠯᠲᠠ ᠡᠬᠢ ᠪᠠᠶᠠᠯᠢᠭ ᠪᠡᠯᠡ ᠬᠥᠷᠥᠩᠭᠡ᠎ᠶ᠋ᠢᠨ ᠰᠠᠭᠤᠷᠢ ᠲᠤᠭ᠎ᠠ᠎ᠶ᠋ᠢ ᠪᠥᠬᠦ᠌ ᠲᠠᠯ᠎ᠠ᠎ᠪᠠᠷ ᠲᠣᠳᠣᠷᠬᠠᠶ ᠣᠢᠯᠠᠭᠠᠵᠤ᠂ ᠪᠡᠯᠡ ᠬᠥᠷᠥᠩᠭᠡ᠎ᠶ᠋ᠢᠨ ᠥᠷᠢ ᠱᠢᠷᠢ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ᠎ᠡ᠃ ᠨᠡᠢᠯᠡᠭᠦᠯᠦᠨ ᠬᠤᠳᠠᠯᠳᠤᠨ ᠠᠪᠬᠤ᠂ ᠳᠠᠮᠫᠤᠷᠠᠭᠤᠯᠬᠤ᠂ ᠰᠣᠯᠢᠬᠤ ᠵᠡᠷᠭᠡ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠳᠣᠣᠷ᠎ᠠ ᠠᠱᠢᠭ᠍ᠯᠠᠮᠵᠢᠳᠤ ᠭᠠᠵᠠᠷ᠂ ᠰᠤᠯᠠ ᠪᠠᠢᠭ᠎ᠠ ᠭᠡᠷ ᠬᠦᠷᠦᠩᠭᠡ᠂ ᠬᠠᠳᠠᠭᠠᠯᠠᠯᠲᠠ ᠰᠠᠭᠤᠷᠢ ᠲᠥᠬᠦᠭᠡᠷᠦᠮᠵᠢ᠎ᠶ᠋ᠢ ᠠᠮᠢᠳᠤᠯᠢᠭ ᠪᠣᠯᠭᠠᠵᠤ ᠰᠠᠢᠲᠤᠷ ᠬᠡᠷᠡᠭ᠌ᠯᠡᠨ᠎ᠡ᠃ ᠦᠢᠯᠡᠳᠪᠦᠷᠢ ᠬᠤᠳᠠᠯᠳᠤᠭᠠᠨ᠎ᠤ ᠦᠢᠯᠡᠰ᠎ᠲᠤ ᠬᠡᠷᠡᠭ᠌ᠯᠡᠬᠦ᠌ ᠭᠠᠵᠠᠷ᠎ᠤᠨ ᠬᠡᠷᠡᠭ᠌ᠯᠡᠬᠦ᠌ ᠡᠷᠬᠡ᠎ᠶ᠋ᠢᠨ ᠬᠤᠭᠤᠴᠠᠭ᠎ᠠ᠎ᠶ᠋ᠢ ᠦᠷᠭᠦᠯᠵᠢᠯᠡᠭᠦᠯᠬᠦ᠌ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠲᠡᠭᠦᠯᠳᠡᠷᠵᠢᠭᠦᠯᠵᠦ᠍᠂ ᠬᠤᠭᠤᠴᠠᠭ᠎ᠠ᠎ᠶ᠋ᠢ ᠦᠷᠭᠦᠯᠵᠢᠯᠡᠭᠦᠯᠬᠦ᠌ ᠠᠵᠢᠯ᠎ᠢ ᠬᠠᠤᠯᠢ ᠶᠣᠰᠣᠭᠠᠷ ᠯᠠᠪᠳᠠᠭᠤᠨ ᠲᠤᠬᠢᠲᠠᠢ ᠠᠬᠢᠭᠤᠯᠤᠨ᠎ᠠ᠃ ᠪᠦᠬᠦ᠌ ᠤᠯᠤᠰ᠎ᠤᠨ ᠵᠠᠰᠠᠭ ᠵᠠᠬᠢᠷᠭ᠎ᠠ ᠠᠵᠢᠯ ᠦᠢᠯᠡᠰ᠎ᠤᠨ ᠨᠢᠭᠡᠴᠢ᠎ᠶ᠋ᠢᠨ ᠬᠠᠳᠠᠭᠠᠯᠠᠯᠲᠠ ᠤᠯᠤᠰ᠎ᠤᠨ ᠥᠮᠴᠢᠯᠡᠯ᠎ᠤᠨ ᠪᠡᠯᠡ ᠬᠦᠷᠦᠩᠭᠡ᠎ᠶ᠋ᠢ ᠠᠮᠢᠳᠤᠯᠢᠭ ᠪᠣᠯᠭᠠᠵᠤ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠤᠨ᠎ᠠ᠃ ᠬᠠᠤᠯᠢ ᠪᠠᠷᠢᠬᠤ ᠱᠢᠭᠦᠨ ᠲᠠᠰᠤᠯᠤᠯᠳᠠ᠎ᠶ᠋ᠢ ᠭᠦᠢᠴᠡᠳᠭᠡᠬᠦ᠌ ᠪᠠ ᠳᠠᠮᠫᠤᠷᠠᠯ᠎ᠤᠨ ᠲᠦᠷᠢᠮ᠎ᠢ ᠣᠷᠭᠠᠨᠢᠭ᠎ᠢᠶᠠᠷ ᠵᠣᠯᠭᠠᠯᠳᠤᠭᠤᠯᠬᠤ᠎ᠶ᠋ᠢ ᠠᠬᠢᠭᠤᠯᠵᠤ᠂ ᠪᠠᠢᠴᠠᠭᠠᠨ ᠪᠢᠲᠡᠭᠦᠮᠵᠢᠯᠡᠭ᠌ᠰᠡᠨ ᠪᠠ ᠴᠡᠪᠳᠡᠭ᠌ᠰᠢᠭᠦᠯᠦᠭ᠌ᠰᠡᠨ ᠡᠳ᠋ ᠬᠦᠷᠦᠩᠭᠡ᠎ᠶ᠋ᠢ ᠬᠠᠤᠯᠢ ᠶᠣᠰᠣᠭᠠᠷ ᠪᠦᠲᠦᠮᠵᠢᠲᠡᠶ ᠠᠮᠢᠳᠤᠯᠢᠭ ᠪᠣᠯᠭᠠᠨ᠎ᠠ᠃

(20) ᠬᠤᠷᠸ᠎ᠠ ᠠᠵᠤ ᠠᠬᠤᠶ᠎ᠶ᠋ᠢᠨ ᠵᠠᠰᠠᠯᠲᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠤᠳᠤᠷᠢᠳᠤᠮᠵᠢ᠎ᠶ᠋ᠢᠨ ᠦᠢᠯᠡᠳᠦᠯ᠎ᠢ ᠴᠢᠩᠭᠠᠳᠭᠠᠨ᠂ ᠡᠳ᠋᠎ᠤᠨ ᠵᠠᠰᠠᠭ᠂ ᠵᠣᠭᠤᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠠᠵᠤ ᠦᠢᠯᠡᠰ᠂ ᠦᠨ᠎ᠡ ᠬᠠᠩᠰᠢ᠂ ᠠᠵᠢᠯ ᠣᠯᠭᠤᠯᠲᠠ᠂ ᠬᠡᠷᠡᠭ᠌ᠯᠡᠭᠡ᠂ ᠪᠡᠯᠡ ᠣᠷᠣᠭᠤᠯᠤᠯᠲᠠ᠂ ᠠᠷᠠᠯᠵᠢᠶ᠎ᠠ᠂ ᠣᠷᠣᠨ ᠪᠦᠰᠡ᠂ ᠣᠷᠴᠢᠨ ᠠᠬᠤᠶ᠎ᠶ᠋ᠢᠨ ᠬᠠᠮᠠᠭᠠᠯᠠᠯᠲᠠ᠂ ᠬᠢᠨᠠᠯᠲᠠ ᠬᠠᠮᠢᠶᠠᠷᠤᠯᠲᠠ ᠵᠡᠷᠭᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠨᠡᠩ ᠢᠯᠡᠭᠦᠦ ᠳᠣᠲᠣᠭᠠᠳᠤ ᠬᠡᠷᠡᠭ᠌ᠴᠡᠭᠡ᠎ᠪᠠᠷ ᠤᠳᠤᠷᠢᠳᠤᠮᠵᠢ ᠪᠣᠯᠭᠠᠭ᠍ᠰᠠᠨ᠂ ᠬᠡᠷᠡᠭ᠌ᠯᠡᠭᠡ᠎ᠪᠠᠷ ᠳᠠᠢᠴᠢᠯᠠᠭ᠍ᠰᠠᠨ᠂ ᠳᠣᠲᠣᠭᠠᠳᠤ ᠬᠦᠳᠡᠯᠬᠡᠭ᠌ᠴᠢ ᠬᠦᠴᠦᠨ᠎ᠢᠶᠠᠷ ᠨᠡᠮᠡᠭ᠌ᠳᠡᠯ᠎ᠢ ᠠᠬᠢᠭᠤᠯᠤᠭ᠍ᠰᠠᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠵᠠᠭ᠍ᠪᠤᠷ᠎ᠢ ᠪᠤᠢ ᠪᠤᠯᠭᠠᠬᠤ᠎ᠶ᠋ᠢ ᠠᠬᠢᠭᠤᠯᠤᠨ᠎ᠠ᠃ ᠦᠶᠡᠯᠡᠯ ᠦᠭ᠌ᠰᠦᠭᠦᠯᠦᠨ ᠲᠤᠬᠢᠷᠠᠭᠤᠯᠤᠯᠲᠠ ᠬᠢᠬᠦ᠌ ᠪᠠ ᠦᠶᠡᠯᠡᠯ ᠠᠯᠤᠰᠯᠠᠨ ᠲᠣᠬᠢᠷᠠᠭᠤᠯᠤᠯᠲᠠ ᠬᠢᠬᠦ᠌᠎ᠶ᠋ᠢ ᠴᠢᠩᠭᠠᠳᠭᠠᠵᠤ᠂ ᠨᠡᠩ ᠢᠳᠡᠪᠬᠢᠲᠡᠶ ᠬᠤᠷᠸ᠎ᠠ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠦᠨ᠂ ᠦᠷᠭᠦᠯᠵᠢᠯᠡᠨ ᠨᠡᠮᠡᠭ᠌ᠳᠡᠯ᠎ᠢ ᠲᠣᠭ᠍ᠲᠠᠪᠤᠷᠢᠵᠢᠭᠤᠯᠵᠤ᠂ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠵᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠤᠨ᠎ᠠ᠃ ᠬᠤᠷᠸ᠎ᠠ ᠲᠦᠷᠦ᠍᠎ᠶ᠋ᠢᠨ ᠪᠤᠳᠤᠯᠭ᠎ᠠ᠎ᠶ᠋ᠢᠨ ᠬᠠᠨᠳᠤᠰᠢ᠎ᠶ᠋ᠢᠨ ᠨᠢᠭᠡᠳᠦᠯᠲᠦ ᠴᠢᠨᠠᠷ᠎ᠢ ᠴᠢᠩᠭᠠᠳᠭᠠᠵᠤ᠂ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠦᠭ᠌ᠰᠡᠨ ᠦᠷ᠎ᠡ ᠪᠦᠲᠦᠮᠵᠢ᠎ᠶ᠋ᠢᠨ ᠦᠨᠡᠯᠡᠯᠲᠡ᠎ᠶ᠋ᠢ ᠴᠢᠩᠭᠠᠳᠭᠠᠵᠤ᠂ ᠵᠢᠱ᠌ᠢᠯᠳ᠋ᠨ᠎ᠶ᠋ᠢᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠦᠨ᠂ ᠴᠢᠨᠠᠷ ᠰᠠᠢᠲᠠᠢ ᠬᠥᠭ᠌ᠵᠢᠯᠲᠡ᠎ᠶ᠋ᠢᠨ ᠶᠡᠷᠦᠩᠬᠡᠢᠯᠡᠭ᠌ᠰᠡᠨ ᠠᠮᠵᠢᠯᠲᠠ ᠪᠦᠲᠦᠮᠵᠢ᠎ᠶ᠋ᠢᠨ ᠬᠢᠨᠠᠨ ᠱᠢᠯᠭᠠᠯᠲᠠ᠎ᠶ᠋ᠢ ᠱᠢᠯᠢᠳᠡᠭ᠌ᠵᠢᠭᠦᠯᠦᠨ᠎ᠡ᠃

ᠡᠳ᠋᠎ᠤᠨ ᠵᠠᠰᠠᠭ᠎ᠤᠨ ᠢᠳᠡᠪᠬᠢᠲᠡᠶ ᠲᠦᠷᠦ᠍᠎ᠶ᠋ᠢᠨ ᠪᠤᠳᠤᠯᠭ᠎ᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠡᠳ᠋᠎ᠤᠨ ᠵᠠᠰᠠᠭ᠎ᠤᠨ ᠦᠷᠭᠦᠯᠵᠢᠯᠡᠬᠦ᠋ᠢᠴᠡ ᠴᠢᠨᠠᠷ᠎ᠢ ᠨᠡᠮᠡᠭ᠌ᠳᠡᠭᠦᠯᠦᠨ᠎ᠡ᠃ ᠡᠳ᠋᠎ᠤᠨ ᠵᠠᠰᠠᠭ᠎ᠤᠨ ᠱᠢᠨᠵᠢᠯᠡᠬᠦ᠌ ᠤᠬᠠᠭᠠᠨᠴᠢ ᠬᠠᠮᠢᠶᠠᠷᠤᠯᠲᠠ᠎ᠶ᠋ᠢ ᠴᠢᠩᠭᠠᠳᠭᠠᠵᠤ᠂ ᠡᠳ᠋᠎ᠤᠨ ᠵᠠᠰᠠᠭ᠎ᠤᠨ ᠡᠬᠢ ᠪᠠᠶᠠᠯᠢᠭ ᠪᠠ ᠲᠥᠰᠦᠪ᠎ᠢ ᠨᠢᠭᠡᠳᠦᠯᠲᠡᠶ ᠲᠥᠯᠥᠪᠯᠡᠬᠦ᠌᠎ᠶ᠋ᠢ ᠴᠢᠩᠭᠠᠳᠭᠠᠨ᠂ ᠤᠯᠤᠰ᠎ᠤᠨ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠠ ᠦᠨᠳᠦᠰᠦᠨ ᠠᠷᠠᠳ᠎ᠤᠨ ᠠᠮᠢᠳᠤᠷᠠᠯ᠎ᠤᠨ ᠡᠳ᠋᠎ᠤᠨ ᠬᠦᠴᠦᠨ᠎ᠤ ᠪᠠᠲᠤᠯᠠᠭ᠎ᠠ᠎ᠶ᠋ᠢ ᠴᠢᠩᠭᠠᠳᠭᠠᠨ᠎ᠠ᠃ ᠳᠡᠭ ᠰᠠᠭᠤᠷᠢᠨ ᠲᠥᠰᠦᠪ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠲᠥᠰᠦᠪ᠎ᠤᠨ ᠬᠤᠪᠢᠶᠠᠷᠢᠯᠠᠯᠲᠠ᠎ᠶ᠋ᠢᠨ ᠡᠷᠬᠡ᠎ᠶ᠋ᠢ ᠨᠢᠭᠡᠳᠥᠯᠳᠡᠢ ᠪᠤᠯᠭᠠᠵᠥ᠍᠂ ᠡᠳ᠋᠎ᠤᠨ ᠵᠠᠰᠠᠭ᠎ᠤᠨ ᠵᠠᠷᠤᠯᠭ᠎ᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠲᠥᠰᠦᠪ᠎ᠤᠨ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠣᠷᠣᠨ ᠨᠤᠲᠤᠭ᠎ᠤᠨ ᠭᠠᠢᠯᠢ᠂ ᠱᠢᠭᠤᠳ ᠭᠠᠢᠯᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠡᠵᠡᠩᠨᠡᠯᠲᠡ᠎ᠶ᠋ᠢᠨ ᠠᠱᠢᠭ ᠣᠷᠣᠯᠭ᠎ᠠ᠂ ᠬᠥᠷᠥᠩᠭᠡ᠎ᠶ᠋ᠢᠨ ᠠᠱᠢᠭ ᠣᠷᠣᠯᠭ᠎ᠠ᠂ ᠡᠳ᠋ ᠬᠥᠷᠥᠩᠭᠡ᠎ᠶ᠋ᠢᠨ ᠠᠱᠢᠭ ᠣᠷᠣᠯᠭ᠎ᠠ᠎ᠶ᠋ᠢᠨ ᠭᠠᠢᠯᠢ ᠲᠠᠲᠠᠪᠤᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠪᠥᠷᠢᠨᠱᠢᠭᠦᠯᠦᠨ᠂ ᠭᠠᠢᠯᠢ ᠲᠠᠲᠠᠪᠤᠷᠢ᠎ᠶ᠋ᠢᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠵᠢᠷᠤᠮᠵᠢᠭᠤᠯᠵᠤ᠂ ᠬᠤᠷᠸ᠎ᠠ ᠭᠠᠢᠯᠢ᠎ᠶ᠋ᠢᠨ ᠡᠭᠦᠷᠭᠡᠯᠡᠯ᠎ᠤᠨ ᠵᠦᠶ ᠵᠣᠬᠢᠰᠲᠠᠶ ᠬᠢᠷᠢ ᠬᠡᠮᠵᠢᠶ᠎ᠡ᠎ᠶ᠋ᠢ ᠪᠠᠲᠤᠯᠠᠨ᠎ᠠ᠃ ᠲᠥᠪ᠎ᠤᠨ ᠠᠵᠢᠯ ᠶᠠᠪᠤᠳᠠᠯ᠎ᠤᠨ ᠡᠷᠬᠡ᠎ᠶ᠋ᠢ ᠵᠣᠬᠢᠰᠲᠠᠶ᠎ᠪᠠᠷ ᠴᠢᠩᠭᠠᠳᠭᠠᠨ᠂ ᠲᠥᠪ᠎ᠤᠨ ᠡᠳ᠋᠎ᠤᠨ ᠵᠠᠰᠠᠭ᠎ᠤᠨ ᠵᠠᠷᠤᠯᠭ᠎ᠠ᠎ᠶ᠋ᠢᠨ ᠬᠤᠪᠢ᠎ᠶ᠋ᠢᠨ ᠵᠢᠩ᠎ᠢ ᠵᠣᠬᠢᠰᠲᠠᠶ᠎ᠪᠠᠷ ᠳᠡᠭᠡᠭ᠌ᠰᠢᠯᠡᠭᠦᠯᠦᠨ᠎ᠡ᠃ ᠣᠷᠣᠨ ᠨᠤᠲᠤᠭ᠎ᠤᠨ ᠡᠵᠡᠨ ᠮᠡᠳᠡᠬᠦ᠌ ᠡᠳ᠋᠎ᠤᠨ ᠬᠦᠴᠦᠨ᠎ᠢ ᠨᠡᠮᠡᠭ᠌ᠳᠡᠭᠦᠯᠦᠨ᠎ᠡ᠃ ᠡᠳ᠋᠎ᠤᠨ ᠶᠠᠪᠤᠳᠠᠯ᠎ᠤᠨ ᠨᠢᠭ᠍ᠲᠠᠯᠠᠨ ᠪᠤᠳᠤᠯᠳᠡ᠎ᠶ᠋ᠢᠨ ᠬᠢᠨᠠᠯᠲᠠ᠎ᠶ᠋ᠢ ᠴᠢᠩᠭᠠᠳᠭᠠᠨ᠎ᠠ᠃ ᠴᠢᠨᠠᠷ ᠰᠠᠢᠲᠠᠶ ᠬᠥᠭ᠌ᠵᠢᠯᠲᠡ᠎ᠯᠦᠭᠡ ᠲᠣᠬᠢᠷᠠᠯᠴᠠᠭ᠍ᠰᠠᠨ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠎ᠶ᠋ᠢᠨ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠦᠷᠭᠡᠯᠡᠨ ᠪᠠᠢᠭᠤᠯᠤᠨ᠎ᠠ᠃

ᠮᠥᠩᠭᠦᠨ ᠬᠥᠢᠯᠭᠡᠭᠡᠨ᠎ᠤ ᠬᠦᠴᠦᠷᠬᠡᠭ ᠤᠯᠤᠰ᠎ᠢ ᠲᠦᠷᠭᠡᠯᠡᠨ ᠪᠠᠢᠭᠤᠯᠤᠨ᠎ᠠ᠃ ᠲᠥᠪ ᠪᠠᠩᠬᠢ᠎ᠶ᠋ᠢᠨ ᠳᠦᠷᠢᠮ᠎ᠢ ᠲᠡᠭᠦᠯᠳᠡᠷᠵᠢᠭᠦᠯᠵᠦ᠍᠂ ᠱᠢᠨᠵᠢᠯᠡᠬᠦ᠌ ᠤᠬᠠᠭᠠᠨᠴᠢ ᠪᠥᠭᠡᠳ ᠯᠠᠪᠳᠠᠭᠤᠨ ᠵᠣᠭᠤᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ ᠪᠠ ᠪᠦᠬᠦ᠌ ᠲᠠᠯ᠎ᠠ᠎ᠶ᠋ᠢ ᠬᠠᠮᠤᠷᠤᠭ᠍ᠰᠠᠨ ᠬᠤᠷᠸ᠎ᠠ ᠲᠠᠯ᠎ᠠ᠎ᠶ᠋ᠢᠨ ᠬᠢᠨᠠᠭᠤᠷ ᠪᠣᠯᠭᠤᠮᠵᠢᠲᠠᠶ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠵᠤ᠂ ᠵᠣᠭᠤᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠳᠠᠮᠵᠢᠭᠤᠯᠬᠤ ᠲᠣᠭ᠍ᠲᠠᠴᠠ᠎ᠶ᠋ᠢ ᠰᠠᠭᠠᠳ ᠦᠭᠡᠢ ᠨᠡᠪᠲᠡᠷᠡᠭᠦᠯᠦᠨ᠎ᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠮᠥᠩᠭᠦᠨ ᠬᠥᠢᠯᠭᠡᠭᠡ᠂ ᠨᠤᠭᠤᠭᠠᠨ ᠮᠥᠩᠭᠦᠨ ᠬᠥᠢᠯᠭᠡᠭᠡ᠂ ᠲᠦᠭᠡᠮᠡᠯ ᠬᠠᠷᠠᠭᠠᠯᠵᠠᠯᠳᠥ ᠮᠥᠩᠭᠦᠨ ᠬᠥᠢᠯᠭᠡᠭᠡ᠂ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦᠨ ᠬᠥᠢᠯᠭᠡᠭᠡ᠂ ᠳ᠋ᠢᠵᠢᠲ᠋ᠠᠯ ᠮᠥᠩᠭᠦᠨ ᠬᠥᠢᠯᠭᠡᠭᠡ᠎ᠶ᠋ᠢ ᠶᠡᠭᠡ᠎ᠪᠠᠷ ᠬᠥᠭ᠌ᠵᠢᠭᠦᠯᠦᠨ᠎ᠡ᠃ ᠬᠥᠷᠥᠩᠭᠡ᠎ᠶ᠋ᠢᠨ ᠵᠠᠬ᠎ᠠ ᠳᠡᠯᠭᠡᠭᠦᠷ᠎ᠤᠨ ᠳᠦᠷᠢᠮ᠎ᠤᠨ ᠪᠠᠭ᠍ᠲᠠᠭᠠᠮᠵᠢᠲᠤ ᠴᠢᠨᠠᠷ᠂ ᠵᠣᠬᠢᠴᠠᠬᠤ ᠴᠢᠨᠠᠷ᠎ᠢ ᠳᠡᠭᠡᠭ᠌ᠰᠢᠯᠡᠭᠦᠯᠵᠦ᠍᠂ ᠪᠡᠯᠡ ᠣᠷᠣᠭᠤᠯᠤᠯᠲᠠ ᠪᠠ ᠪᠡᠯᠡ ᠲᠣᠬᠢᠷᠠᠭᠤᠯᠭ᠎ᠠ ᠬᠠᠷᠢᠯᠴᠠᠨ ᠵᠣᠬᠢᠴᠠᠯᠳᠤᠭ᠍ᠰᠠᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠤᠨ ᠴᠢᠳᠠᠮᠵᠢ᠎ᠶ᠋ᠢ ᠪᠦᠷᠢᠨᠱᠢᠭᠦᠯᠦᠨ᠎ᠡ᠃ ᠰᠲ᠋ᠣᠺ᠎ᠤᠨ ᠡᠷᠬᠡ᠂ ᠵᠢᠭᠡᠯᠡᠯᠭᠡ᠎ᠶ᠋ᠢᠨ ᠲᠡᠮᠳᠡᠭ᠌ᠲᠦ ᠵᠡᠷᠭᠡ᠎ᠶ᠋ᠢᠨ ᠱᠢᠭᠤᠳ ᠪᠡᠯᠡ ᠲᠤᠬᠢᠷᠠᠭᠤᠯᠭ᠎ᠠ᠎ᠶ᠋ᠢ ᠢᠳᠡᠪᠬᠢᠲᠡᠶ ᠬᠥᠭ᠌ᠵᠢᠭᠦᠯᠵᠦ᠍᠂ ᠬᠤᠭᠤᠴᠠᠭᠠᠲᠤ ᠪᠠᠷᠠᠭ᠎ᠠ᠂ ᠡᠭᠦᠰᠦᠮᠡᠯ ᠪᠦᠲᠦᠭᠡᠭ᠌ᠳᠡᠬᠦᠨ ᠪᠠ ᠪᠡᠯᠡ ᠬᠦᠷᠦᠩᠭᠡ᠎ᠶ᠋ᠢ ᠦᠨᠡᠲᠦ ᠲᠡᠮᠳᠡᠭ᠌ᠴᠢᠯᠡᠬᠦ᠌᠎ᠶ᠋ᠢ ᠯᠠᠪᠳᠠᠭᠤᠨ᠎ᠢᠶᠠᠷ ᠬᠥᠭ᠌ᠵᠢᠭᠦᠯᠦᠨ᠎ᠡ᠃ ᠮᠥᠩᠭᠦᠨ ᠬᠥᠢᠯᠭᠡᠭᠡᠨ᠎ᠤ ᠪᠠᠢᠭᠤᠯᠤᠮᠵᠢ᠎ᠶ᠋ᠢᠨ ᠱᠢᠰᠲ᠋ᠧᠮ᠎ᠢ ᠱᠢᠯᠢᠳᠡᠭ᠌ᠵᠢᠭᠦᠯᠵᠦ᠍᠂ ᠡᠯ᠎ᠡ ᠲᠦᠷᠦᠯ᠎ᠤᠨ ᠮᠥᠩᠭᠦᠨ ᠬᠥᠢᠯᠭᠡᠭᠡᠨ᠎ᠤ ᠪᠠᠢᠭᠤᠯᠤᠮᠵᠢ᠎ᠶ᠋ᠢᠨ ᠭᠤᠤᠯ ᠠᠵᠢᠯ᠎ᠳᠠᠭᠠᠨ ᠠᠩᠬᠠᠷᠤᠯ ᠲᠥᠪᠯᠡᠷᠡᠭᠦᠯᠬᠦ᠂ ᠵᠠᠰᠠᠯᠲᠠ᠎ᠪᠠᠨ ᠲᠡᠭᠦᠯᠳᠡᠷᠵᠢᠭᠦᠯᠬᠦ᠂ ᠰᠤᠯᠪᠢᠴᠠᠭᠤᠯᠤᠨ ᠬᠥᠭ᠌ᠵᠢᠬᠦᠯᠬᠦ᠌᠎ᠶ᠋ᠢ ᠠᠬᠢᠭᠤᠯᠤᠨ᠎ᠠ᠃ ᠠᠮᠤᠷ ᠲᠦᠪᠱᠢᠨ ᠪᠥᠭᠡᠳ ᠥᠨᠳᠥᠷ ᠪᠦᠲᠦᠮᠵᠢᠲᠡᠶ ᠮᠥᠩᠭᠦᠨ ᠬᠥᠢᠯᠭᠡᠭᠡᠨ᠎ᠤ ᠰᠠᠭᠤᠷᠢ ᠲᠥᠬᠦᠭᠡᠷᠦᠮᠵᠢ᠎ᠶ᠋ᠢ ᠪᠥᠳᠥᠭᠡᠨ ᠪᠠᠢᠭᠤᠯᠤᠨ᠎ᠠ᠃ ᠳ᠋ᠢᠵᠢᠲ᠋ᠠᠯ ᠠᠷᠠᠳ᠎ᠤᠨ ᠵᠣᠭᠤᠰ᠎ᠢ ᠯᠠᠪᠳᠠᠭᠤᠨ᠎ᠢᠶᠠᠷ ᠬᠥᠭ᠌ᠵᠢᠭᠦᠯᠦᠨ᠎ᠡ᠃ ᠱᠠᠩᠬᠠᠶ᠎ᠶ᠋ᠢᠨ ᠤᠯᠠᠨ ᠤᠯᠤᠰ᠎ᠤᠨ ᠮᠥᠩᠭᠦᠨ ᠬᠥᠢᠯᠭᠡᠭᠡᠨ᠎ᠤ ᠲᠥᠪ᠎ᠢ ᠲᠦᠷᠭᠡᠯᠡᠨ ᠪᠠᠢᠭᠤᠯᠤᠨ᠎ᠠ᠃ ᠮᠥᠩᠭᠦᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠲᠥᠪ᠎ᠤᠨ ᠪᠠ ᠣᠷᠣᠨ ᠨᠤᠲᠤᠭ᠎ᠤᠨ ᠬᠢᠨᠠᠯᠲᠠ ᠬᠠᠮᠢᠶᠠᠷᠤᠯᠲᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠠᠶᠤᠯ ᠲᠦᠭ᠌ᠰᠢᠭᠦᠷᠢ᠎ᠶ᠋ᠢ ᠱᠢᠢᠳᠪᠦᠷᠢᠯᠡᠬᠦ᠌ ᠡᠬᠢ ᠪᠠᠶᠠᠯᠢᠭ ᠪᠠ ᠠᠷᠭ᠎ᠠ ᠪᠠᠷᠢᠯ᠎ᠢ ᠪᠠᠶᠠᠯᠢᠬ᠍ᠵᠢᠭᠤᠯᠵᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠱᠢᠰᠲ᠋ᠧᠮ᠎ᠢ ᠪᠠᠢᠭᠤᠯᠵᠤ᠂ ᠮᠥᠩᠭᠦᠨ ᠬᠥᠢᠯᠭᠡᠭᠡᠨ᠎ᠤ ᠯᠠᠪᠳᠠᠭᠤᠨ᠎ᠢᠶᠠᠷ ᠠᠵᠢᠯᠯᠠᠬᠤ᠎ᠶ᠋ᠢ ᠪᠠᠲᠤᠯᠠᠨ᠎ᠠ᠃

ᠲᠤᠯᠤᠭ᠎ᠠ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠦᠷᠭᠡᠳᠭᠡᠵᠦ᠍᠂ ᠬᠠᠮᠲᠤᠷᠠᠨ ᠠᠵᠢᠯᠯᠠᠵᠤ ᠬᠠᠮᠲᠤ᠎ᠪᠠᠷ ᠠᠱᠢᠭ ᠬᠦᠷᠳᠡᠬᠦ᠌ ᠱᠢᠨ᠎ᠡ ᠪᠠᠢᠳᠠᠯ᠎ᠢ ᠡᠭᠦᠳᠦᠨ ᠨᠡᠭᠡᠭᠡᠨ᠎ᠡ

ᠨᠡᠭᠡᠭᠡᠯᠲᠡ ᠬᠢᠵᠦ᠍ ᠬᠠᠮᠲᠤᠷᠠᠨ ᠠᠵᠢᠯᠯᠠᠬᠤ᠂ ᠬᠠᠷᠢᠯᠴᠠᠨ ᠠᠱᠢᠭ᠍ᠳᠠᠢ ᠬᠠᠮᠲᠤ᠎ᠪᠠᠷ ᠠᠱᠢᠭ ᠬᠦᠷᠳᠡᠬᠦ᠌᠎ᠶ᠋ᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠳᠦᠷᠢᠮ᠎ᠤᠨ ᠬᠡᠯᠪᠡᠷᠢ᠎ᠶ᠋ᠢᠨ ᠨᠡᠭᠡᠭᠡᠯᠲᠡ᠎ᠶ᠋ᠢ ᠯᠠᠪᠳᠠᠭᠤᠨ᠎ᠢᠶᠠᠷ ᠥᠷᠭᠡᠳᠭᠡᠨ᠂ ᠣᠯᠠᠨ ᠲᠠᠯᠠᠳᠥ ᠠᠷᠠᠯᠵᠢᠶᠠᠨ᠎ᠤ ᠪᠠᠢᠭᠤᠯᠥᠯ᠎ᠢ ᠬᠠᠮᠠᠭᠠᠯᠠᠵᠤ᠂ ᠣᠯᠠᠨ ᠤᠯᠤᠰ᠎ᠤᠨ ᠣᠷᠴᠢᠯ᠎ᠢ ᠥᠷᠭᠡᠳᠭᠡᠵᠥ᠍᠂ ᠨᠡᠭᠡᠭᠡᠯᠲᠡ᠎ᠪᠠᠷ ᠥᠭᠡᠷᠡᠴᠢᠯᠡᠯᠲᠡ᠎ᠶ᠋ᠢ ᠠᠬᠢᠭᠤᠯᠵᠤ ᠬᠥᠭ᠌ᠵᠢᠯᠲᠡ᠎ᠶ᠋ᠢ ᠠᠬᠢᠭᠤᠯᠥᠨ᠂ ᠳᠡᠯᠡᠬᠡᠢ᠎ᠶ᠋ᠢᠨ ᠡᠯ᠎ᠡ ᠤᠯᠤᠰ᠎ᠯᠤᠭ᠎ᠠ ᠠᠵᠠ ᠲᠣᠬᠢᠶᠠᠯ᠎ᠢ ᠬᠠᠮᠲᠤ᠎ᠪᠠᠷ ᠡᠳ᠋ᠯᠡᠨ᠂ ᠬᠠᠮᠲᠤ᠎ᠪᠠᠷ ᠬᠥᠭ᠌ᠵᠢᠨ᠎ᠠ᠃

(21) ᠪᠡᠶ᠎ᠡ᠎ᠪᠠᠨ ᠳᠠᠭᠠᠭᠠᠵᠤ ᠨᠡᠭᠡᠭᠡᠯᠳᠡ ᠬᠢᠬᠦ᠌᠎ᠶ᠋ᠢ ᠢᠳᠡᠪᠬᠢᠲᠡᠶ ᠥᠷᠭᠡᠳᠭᠡᠨ᠎ᠡ᠃ ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠶ ᠠᠷᠠᠯᠵᠢᠶᠠᠨ᠎ᠤ ᠳᠦᠷᠢᠮᠯᠠᠯ᠎ᠯᠦᠭᠡ ᠵᠣᠯᠭᠠᠯᠳᠤᠭᠤᠯᠵᠤ᠂ ᠦᠢᠯᠡᠴᠢᠯᠡᠭᠡᠨ᠎ᠤ ᠦᠢᠯᠡᠰ᠎ᠢᠶᠠᠷ ᠭᠤᠤᠯᠳᠠᠯᠭ᠎ᠠ ᠪᠣᠯᠭᠠᠨ ᠵᠠᠬ᠎ᠠ ᠳᠡᠯᠭᠡᠭᠦᠷ᠎ᠲᠤ ᠣᠷᠣᠬᠤ ᠵᠥᠪᠱᠢᠶᠡᠷᠡᠯ ᠪᠠ ᠨᠡᠭᠡᠭᠡᠯᠳᠡ ᠬᠢᠬᠦ᠌ ᠬᠦᠷᠢᠶ᠎ᠡ᠎ᠶ᠋ᠢ ᠥᠷᠭᠡᠳᠭᠡᠵᠦ᠍᠂ ᠭᠠᠭ᠍ᠴᠠ ᠲᠠᠯ᠎ᠠ᠎ᠠᠴᠠ ᠨᠡᠭᠡᠭᠡᠯᠲᠡ ᠬᠢᠬᠦ᠌ ᠬᠦᠷᠢᠶ᠎ᠡ ᠪᠠ ᠣᠷᠣᠨ ᠪᠦᠰᠡ᠎ᠶ᠋ᠢ ᠥᠷᠭᠡᠳᠭᠡᠨ᠎ᠡ᠃ ᠣᠷᠣᠨ ᠪᠦᠰᠡ᠎ᠶ᠋ᠢᠨ ᠪᠠ ᠬᠤᠶᠠᠷ ᠲᠠᠯ᠎ᠠ᠎ᠶ᠋ᠢᠨ ᠠᠷᠠᠯᠵᠢᠶ᠎ᠠ ᠪᠡᠯᠡ ᠣᠷᠣᠭᠤᠯᠤᠯᠲᠠ᠎ᠶ᠋ᠢᠨ ᠬᠡᠯᠡᠯᠴᠡᠭᠡᠷ᠎ᠤᠨ ᠠᠬᠢᠴᠠ᠎ᠶ᠋ᠢ ᠲᠦᠷᠭᠡᠯᠡᠨ ᠠᠬᠢᠭᠤᠯᠵᠤ᠂ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ᠎ᠤ ᠣᠷᠣᠨ᠎ᠤ ᠲᠤᠤᠷ᠎ᠢ ᠥᠷᠭᠡᠳᠭᠡᠨ᠎ᠡ᠃ ᠣᠷᠣᠨ ᠪᠦᠰᠡ᠎ᠶ᠋ᠢᠨ ᠨᠡᠭᠡᠭᠡᠯᠳᠡ᠎ᠶ᠋ᠢᠨ ᠪᠠᠢᠷᠢᠯᠠᠭᠤᠯᠤᠯᠳᠠ᠎ᠶ᠋ᠢ ᠱᠢᠯᠢᠳᠡᠭ᠌ᠵᠢᠭᠦᠯᠵᠦ᠍᠂ ᠬᠡᠯᠪᠡᠷᠢ ᠪᠠᠢᠳᠠᠯ ᠨᠢ ᠤᠯᠠᠨ ᠶᠠᠩᠵᠤ᠎ᠶ᠋ᠢᠨ ᠨᠡᠭᠡᠭᠡᠯᠳᠡ᠎ᠶ᠋ᠢᠨ ᠥᠨᠳᠦᠷᠯᠢᠭ ᠭᠠᠵᠠᠷ᠎ᠢ ᠪᠤᠢ ᠪᠣᠯᠭᠠᠨ᠎ᠠ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠳᠡᠭᠡᠭ᠌ᠰᠢᠯᠡᠭᠦᠯᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠢ ᠥᠨᠳᠥᠷ ᠪᠠᠷᠢᠮᠵᠢᠶ᠎ᠠ᠎ᠪᠠᠷ ᠪᠥᠳᠥᠭᠡᠨ ᠪᠠᠢᠭᠤᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠦᠢᠯᠡᠴᠢᠯᠡᠭᠡᠨ᠎ᠤ ᠠᠷᠠᠯᠵᠢᠶ᠎ᠠ᠂ ᠠᠵᠤ ᠦᠢᠯᠡᠰ᠎ᠤᠨ ᠬᠥᠭ᠌ᠵᠢᠯᠲᠡ ᠵᠡᠷᠭᠡ ᠴᠢᠬᠤᠯᠠ ᠶᠡᠭᠡ ᠨᠡᠭᠡᠭᠡᠯᠲᠡ ᠬᠢᠵᠦ᠍ ᠬᠠᠮᠲᠤᠷᠠᠨ ᠠᠵᠢᠯᠯᠠᠬᠤ ᠲᠠᠪᠴᠠᠩ᠎ᠢ ᠨᠢᠭᠡᠳᠦᠯᠲᠡᠶ ᠲᠥᠯᠥᠪᠯᠡᠨ ᠪᠠᠢᠷᠢᠯᠠᠭᠤᠯᠵᠤ ᠪᠠᠢᠭᠤᠯᠤᠨ᠎ᠠ᠃ ᠠᠷᠠᠳ᠎ᠤᠨ ᠵᠣᠭᠤᠰ᠎ᠤᠨ ᠣᠯᠠᠨ ᠤᠯᠤᠰᠴᠢᠯᠠᠯᠳᠠ᠎ᠶ᠋ᠢ ᠠᠬᠢᠭᠤᠯᠵᠤ᠂ ᠬᠥᠷᠥᠩᠭᠡ᠎ᠶ᠋ᠢᠨ ᠲᠥᠰᠥᠯ᠎ᠤᠨ ᠨᠡᠭᠡᠭᠡᠯᠲᠡ ᠬᠢᠬᠦ᠌ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠪᠡᠶ᠎ᠡ᠎ᠪᠠᠨ ᠳᠠᠭᠠᠭᠠᠵᠤ ᠡᠵᠡᠮᠳᠡᠵᠦ᠍ ᠪᠣᠯᠬᠤ ᠠᠷᠠᠳ᠎ᠤᠨ ᠵᠣᠭᠤᠰ᠎ᠤᠨ ᠬᠢᠯᠢ ᠠᠯᠤᠰᠯᠠᠨ ᠲᠥᠯᠥᠬᠦ᠌ ᠱᠢᠰᠲ᠋ᠧᠮ᠎ᠢ ᠪᠠᠢᠭᠤᠯᠤᠨ᠎ᠠ᠃ ᠪᠦᠬᠦ᠌ ᠪᠥᠮᠪᠥᠷᠴᠡᠭ᠎ᠤᠨ ᠠᠵᠤ ᠠᠬᠤᠶ ᠮᠥᠩᠭᠦᠨ ᠬᠥᠢᠯᠭᠡᠭᠡᠨ᠎ᠤ ᠵᠠᠰᠠᠯᠲᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠵᠤ᠂ ᠡᠷᠭᠡ ᠲᠡᠭ᠌ᠰᠢ ᠲᠥᠪ ᠭᠤᠤᠯᠴᠢ᠂ ᠨᠡᠭᠡᠭᠡᠯᠲᠡᠲᠡᠶ ᠪᠠᠭ᠍ᠲᠠᠭᠠᠮᠵᠢᠲᠠᠶ᠂ ᠬᠠᠮᠲᠤᠷᠠᠨ ᠠᠵᠢᠯᠯᠠᠵᠤ ᠬᠠᠮᠲᠤ᠎ᠪᠠᠷ ᠠᠱᠢᠭ ᠬᠦᠷᠳᠡᠬᠦ᠌ ᠤᠯᠠᠨ ᠤᠯᠤᠰ᠎ᠤᠨ ᠠᠵᠤ ᠠᠬᠤᠶ᠎ᠶ᠋ᠢᠨ ᠡᠮᠬᠢ ᠵᠢᠷᠤᠮ᠎ᠢ ᠪᠠᠢᠭᠤᠯᠬᠤ ᠪᠠ ᠬᠠᠮᠠᠭᠠᠯᠠᠬᠤ᠎ᠶ᠋ᠢ ᠠᠬᠢᠭᠤᠯᠤᠨ᠎ᠠ᠃

(22) ᠠᠷᠠᠯᠵᠢᠶᠠᠨ᠎ᠤ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠤᠨ᠎ᠠ᠃ ᠭᠠᠳᠠᠭᠠᠳᠤ ᠠᠷᠠᠯᠵᠢᠶᠠᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠠᠷᠠᠯᠵᠢᠶᠠᠨ᠎ᠤ ᠬᠦᠴᠦᠷᠬᠡᠭ ᠤᠯᠤᠰ᠎ᠢ ᠲᠦᠷᠭᠡᠯᠡᠨ ᠪᠠᠢᠭᠤᠯᠤᠨ᠎ᠠ᠃ ᠵᠠᠬ᠎ᠠ ᠳᠡᠯᠭᠡᠭᠦᠷ᠎ᠢ ᠣᠯᠠᠨ ᠡᠱᠢᠵᠢᠬᠦᠯᠬᠦ᠌ ᠪᠠ ᠳᠣᠲᠣᠭᠠᠳᠤ ᠭᠠᠳᠠᠭᠠᠳᠤ ᠠᠷᠠᠯᠵᠢᠶ᠎ᠠ᠎ᠶ᠋ᠢ ᠨᠢᠭᠡ ᠴᠣᠭ᠍ᠴᠠᠵᠢᠭᠤᠯᠬᠤ᠎ᠶ᠋ᠢ ᠠᠬᠢᠭᠤᠯᠵᠤ᠂ ᠡᠳ᠋ ᠪᠠᠷᠠᠭᠠᠨ᠎ᠤ ᠠᠷᠠᠯᠵᠢᠶ᠎ᠠ᠎ᠶ᠋ᠢ ᠱᠢᠯᠢᠳᠡᠭ᠌ᠵᠢᠭᠦᠯᠦᠨ ᠳᠡᠰ ᠳᠡᠪᠱᠢᠭᠦᠯᠵᠦ᠍᠂ ᠵᠠᠪᠰᠠᠷ᠎ᠤᠨ ᠪᠦᠳᠦᠬᠡᠭ᠌ᠳᠡᠬᠦᠨ᠎ᠤ ᠠᠷᠠᠯᠵᠢᠶ᠎ᠠ᠂ ᠨᠤᠭᠤᠭᠠᠨ ᠠᠷᠠᠯᠵᠢᠶ᠎ᠠ᠎ᠶ᠋ᠢ ᠥᠷᠭᠡᠳᠭᠡᠵᠦ᠍᠂ ᠭᠠᠳᠠᠭᠠᠳᠤ᠎ᠠᠴᠠ ᠣᠷᠣᠭᠤᠯᠬᠤ ᠪᠠ ᠭᠠᠳᠠᠭᠠᠳᠤ᠎ᠳᠤ ᠭᠠᠷᠭᠠᠬᠤ᠎ᠶ᠋ᠢ ᠲᠡᠩᠴᠡᠭᠦᠷᠢᠲᠡᠶ ᠬᠥᠭ᠌ᠵᠢᠭᠦᠯᠬᠦ᠌᠎ᠶ᠋ᠢ ᠠᠬᠢᠭᠤᠯᠤᠨ᠎ᠠ᠃ ᠦᠢᠯᠡᠴᠢᠯᠡᠭᠡᠨ᠎ᠤ ᠠᠷᠠᠯᠵᠢᠶ᠎ᠠ᠎ᠶ᠋ᠢ ᠶᠡᠭᠡ᠎ᠪᠠᠷ ᠬᠥᠭ᠌ᠵᠢᠭᠦᠯᠵᠦ᠍᠂ ᠦᠢᠯᠡᠴᠢᠯᠡᠭᠡ᠎ᠶ᠋ᠢ ᠭᠠᠳᠠᠭᠠᠳᠥ᠎ᠳᠤ ᠭᠠᠷᠭᠠᠬᠤ᠎ᠶ᠋ᠢ ᠵᠣᠷᠢᠬ᠍ᠵᠢᠭᠤᠯᠵᠤ᠂ ᠬᠢᠯᠢ ᠠᠯᠤᠰᠯᠠᠭ᠍ᠰᠠᠨ ᠦᠢᠯᠡᠴᠢᠯᠡᠭᠡᠨ᠎ᠤ ᠠᠷᠠᠯᠵᠢᠶ᠎ᠠ᠎ᠶ᠋ᠢᠨ ᠨᠠᠵᠠᠭᠠᠶ ᠲᠠᠯ᠎ᠠ᠎ᠶ᠋ᠢᠨ ᠲᠤᠳᠤᠷᠬᠠᠢ ᠬᠠᠭᠤᠳᠠᠰᠤ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠲᠡᠭᠦᠯᠳᠡᠷᠵᠢᠭᠦᠯᠵᠦ᠍᠂ ᠦᠢᠯᠡᠴᠢᠯᠡᠭᠡᠨ᠎ᠤ ᠠᠷᠠᠯᠵᠢᠶ᠎ᠠ᠎ᠶ᠋ᠢ ᠪᠠᠷᠢᠮᠵᠢᠶᠠᠵᠢᠭᠤᠯᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠳ᠋ᠢᠵᠢᠲ᠋ᠠᠯ ᠠᠷᠠᠯᠵᠢᠶ᠎ᠠ᠎ᠶ᠋ᠢ ᠱᠢᠨ᠎ᠡ᠎ᠶ᠋ᠢ ᠡᠭᠦᠳᠦᠨ ᠬᠥᠭ᠌ᠵᠢᠭᠦᠯᠵᠦ᠍᠂ ᠳ᠋ᠢᠵᠢᠲ᠋ᠠᠯ ᠬᠦᠷᠢᠶᠡᠨ᠎ᠤ ᠨᠡᠭᠡᠭᠡᠯᠲᠡ᠎ᠶ᠋ᠢ ᠡᠮᠬᠢ ᠵᠢᠷᠤᠮ᠎ᠲᠠᠢ᠎ᠪᠠᠷ ᠥᠷᠭᠡᠳᠭᠡᠨ᠎ᠡ᠃ ᠠᠷᠠᠯᠵᠢᠶ᠎ᠠ᠎ᠶ᠋ᠢ ᠠᠬᠢᠭᠤᠯᠬᠤ ᠲᠠᠪᠴᠠᠩ᠎ᠤᠨ ᠴᠢᠳᠠᠮᠵᠢ᠎ᠶ᠋ᠢ ᠳᠡᠭᠡᠭ᠌ᠰᠢᠯᠡᠭᠦᠯᠵᠦ᠍᠂ ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭ᠎ᠠ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠵᠠᠭ᠍ᠪᠤᠷ᠎ᠤᠨ ᠬᠥᠭ᠌ᠵᠢᠯᠲᠡ᠎ᠶ᠋ᠢ ᠲᠡᠮᠵᠢᠨ᠎ᠠ᠃ ᠭᠠᠳᠠᠭᠠᠳᠤ ᠭᠠᠷᠭᠠᠯᠳᠠ᠎ᠶ᠋ᠢᠨ ᠵᠠᠬᠢᠷᠤᠨ ᠬᠠᠮᠢᠶᠠᠷᠥᠯᠳᠡ ᠪᠠ ᠠᠮᠤᠷ ᠲᠦᠪᠱᠢᠨ᠎ᠤ ᠬᠢᠨᠠᠨ ᠪᠠᠢᠴᠠᠭᠠᠯᠳᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃

(23) ᠬᠤᠤᠰ ᠴᠢᠭ᠌ᠯᠡᠯᠲᠦ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭᠠᠨ᠎ᠤ ᠣᠷᠣᠨ ᠵᠠᠶ᠎ᠶ᠋ᠢ ᠥᠷᠭᠡᠳᠭᠡᠨ᠎ᠡ᠃ ᠭᠠᠳᠠᠭᠠᠳᠤ ᠪᠡᠯᠡ᠎ᠶ᠋ᠢ ᠲᠠᠲᠠᠬᠤ ᠱᠢᠨ᠎ᠡ ᠳᠠᠪᠠᠭᠤᠯᠢᠭ᠎ᠢ ᠡᠭᠦᠳᠴᠦ᠍᠂ 《ᠣᠷᠣᠬᠤ᠎ᠶ᠋ᠢ ᠵᠥᠪᠱᠢᠶᠡᠷᠡᠬᠦ᠌ ᠮᠥᠷᠲᠡᠭᠡᠨ ᠪᠠᠰᠠ ᠡᠵᠡᠩᠨᠡᠬᠦ᠌᠎ᠶ᠋ᠢ ᠵᠥᠪᠱᠢᠶᠡᠷᠡᠬᠦ᠌》᠎ᠶ᠋ᠢ ᠰᠠᠢᠲᠤᠷ ᠨᠠᠢᠳᠠᠪᠤᠷᠢᠵᠢᠭᠤᠯᠵᠤ᠂ ᠭᠠᠳᠠᠭᠠᠳᠤ ᠪᠡᠯᠡ᠎ᠶ᠋ᠢᠨ ᠣᠷᠣᠬᠤ ᠵᠥᠪᠱᠢᠶᠡᠷᠡᠯ᠎ᠤᠨ ᠨᠠᠵᠠᠭᠠᠶ ᠲᠠᠯ᠎ᠠ᠎ᠶ᠋ᠢᠨ ᠲᠤᠳᠤᠷᠬᠠᠢ ᠬᠠᠭᠤᠳᠠᠰᠥ᠎ᠶ᠋ᠢ ᠴᠥᠭᠡᠳᠭᠡᠵᠥ᠍᠂ ᠭᠠᠳᠠᠭᠠᠳᠤ ᠪᠡᠯᠡ᠎ᠶ᠋ᠢᠨ ᠬᠢᠯᠢ ᠳᠣᠲᠣᠷᠠᠬᠢ ᠲᠠᠬᠢᠨ ᠪᠡᠯᠡ ᠣᠷᠣᠭᠤᠯᠤᠯᠲᠠ᠎ᠶ᠋ᠢ ᠠᠬᠢᠭᠤᠯᠤᠨ᠎ᠠ᠃ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶ᠋ᠢᠨ ᠦᠢᠯᠡᠴᠢᠯᠡᠭᠡ ᠪᠠᠲᠤᠯᠠᠭ᠎ᠠ᠎ᠶ᠋ᠢᠨ ᠱᠢᠰᠲ᠋ᠧᠮ᠎ᠢ ᠪᠥᠷᠢᠨᠱᠢᠭᠦᠯᠵᠦ᠍᠂ ᠠᠷᠠᠳ ᠢᠷᠭᠡᠨ᠎ᠤ ᠬᠠᠷᠠᠭᠠᠯᠵᠠᠯ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠳ᠋ᠠᠢᠲ᠋ᠠ᠎ᠶ᠋ᠢᠨ ᠥᠨᠳᠥᠷ ᠪᠦᠲᠦᠮᠵᠢᠲᠡᠶ ᠳᠥᠭᠦᠮ ᠳᠥᠲᠡ ᠠᠮᠤᠷ ᠲᠦᠪᠱᠢᠨ᠎ᠢᠶᠠᠷ ᠬᠢᠯᠢ ᠠᠯᠤᠰᠯᠠᠨ ᠱᠢᠯᠵᠢᠬᠦ᠌᠎ᠶ᠋ᠢ ᠠᠬᠢᠭᠤᠯᠵᠤ᠂ ᠢᠯᠡ ᠲᠣᠳᠣ ᠯᠠᠪᠳᠠᠭᠤᠨ ᠲᠣᠭ᠍ᠲᠠᠭᠤᠨ ᠵᠢᠱ᠌ᠢᠵᠦ᠍ ᠪᠣᠯᠬᠤᠢ᠌ᠴᠠ ᠲᠦᠷᠢᠮ᠎ᠤᠨ ᠣᠷᠴᠢᠨ ᠨᠥᠬᠦᠴᠡᠯ᠎ᠢ ᠪᠣᠶ ᠪᠣᠯᠭᠠᠨ᠎ᠠ᠃ ᠭᠠᠳᠠᠭᠠᠳᠤ᠎ᠳᠤ ᠪᠡᠯᠡ ᠣᠷᠣᠭᠤᠯᠬᠤ ᠬᠠᠮᠢᠶᠠᠷᠤᠯᠲᠠ᠎ᠶ᠋ᠢ ᠪᠦᠲᠦᠮᠵᠢᠲᠡᠶ ᠬᠡᠷᠡᠭ᠌ᠵᠢᠭᠦᠯᠵᠦ᠍᠂ ᠭᠠᠳᠠᠭᠠᠳᠤ᠎ᠳᠠᠬᠢ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠱᠢᠰᠲ᠋ᠧᠮ᠎ᠢ ᠪᠥᠷᠢᠨᠱᠢᠭᠦᠯᠵᠦ᠍᠂ ᠠᠷᠠᠯᠵᠢᠶ᠎ᠠ ᠪᠠ ᠪᠡᠯᠡ ᠣᠷᠣᠭᠤᠯᠤᠯᠲᠠ᠎ᠶ᠋ᠢᠨ ᠨᠢᠭᠡ ᠴᠤᠭ᠍ᠴᠠᠵᠢᠯᠳᠠ᠎ᠶ᠋ᠢ ᠠᠬᠢᠭᠤᠯᠵᠤ᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠬᠥᠲᠥᠯᠥᠨ ᠵᠢᠯᠣᠭᠤᠳᠴᠤ᠌ ᠪᠠᠢᠭᠠᠳ ᠵᠦᠶ ᠵᠣᠬᠢᠰᠲᠠᠶ ᠪᠥᠭᠡᠳ ᠡᠮᠬᠢ ᠵᠢᠷᠤᠮ᠎ᠲᠠᠢ᠎ᠪᠠᠷ ᠬᠢᠯᠢ ᠠᠯᠤᠰᠯᠠᠨ ᠪᠠᠢᠷᠢᠯᠠᠭᠤᠯᠤᠨ᠎ᠠ᠃

(24) 《ᠨᠢᠭᠡ ᠪᠦᠰᠡ ᠨᠢᠭᠡ ᠵᠠᠮ》᠎ᠢ ᠴᠢᠨᠠᠷ ᠰᠠᠢᠲᠠᠶ᠎ᠪᠠᠷ ᠬᠠᠮᠲᠤ᠎ᠪᠠᠷ ᠪᠠᠢᠭᠤᠯᠤᠨ᠎ᠠ᠃ ᠬᠠᠮᠳᠥ᠎ᠪᠠᠷ ᠪᠠᠢᠭᠤᠯᠬᠤ ᠤᠯᠤᠰ᠎ᠤᠳ᠎ᠯᠤᠭ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠵᠣᠯᠭᠠᠯᠳᠥᠯ᠎ᠢ ᠴᠢᠩᠭᠠᠳᠭᠠᠵᠤ᠂ ᠬᠠᠮᠲᠤᠷᠠᠯᠴᠠᠭᠠᠨ᠎ᠤ ᠲᠥᠯᠥᠪᠵᠢᠭᠦᠯᠭᠡ᠎ᠶ᠋ᠢ ᠨᠢᠭᠡᠳᠦᠯᠲᠡᠶ ᠲᠥᠯᠥᠪᠯᠡᠨ ᠬᠠᠮᠢᠶᠠᠷᠬᠤ᠎ᠪᠠᠨ ᠴᠢᠩᠭᠠᠳᠭᠠᠨ᠎ᠠ᠃ ᠰᠠᠭᠤᠷᠢ ᠲᠥᠬᠦᠭᠡᠷᠦᠮᠵᠢ᠎ᠶ᠋ᠢᠨ 《ᠬᠠᠲᠠᠭᠤ ᠬᠤᠯᠪᠣᠯᠳᠤᠭ᠎ᠠ ᠨᠡᠪᠳᠡᠷᠡᠯᠴᠡᠭᠡ》᠂ ᠳᠦᠷᠢᠮᠯᠡᠯ ᠪᠠᠷᠢᠮᠵᠢᠶ᠎ᠠ᠎ᠶ᠋ᠢᠨ 《ᠵᠥᠭᠡᠯᠡᠨ ᠬᠤᠯᠪᠣᠯᠳᠤᠭ᠎ᠠ ᠨᠡᠪᠳᠡᠷᠡᠯᠴᠡᠭᠡ》᠂ ᠬᠠᠮᠲᠤ᠎ᠪᠠᠷ ᠪᠠᠢᠭᠤᠯᠬᠤ ᠤᠯᠤᠰ᠎ᠤᠳ᠎ᠤᠨ ᠠᠷᠠᠳ ᠲᠦᠮᠡᠨ᠎ᠯᠦᠭᠡ᠎ᠶ᠋ᠢᠨ 《ᠰᠡᠳᠭᠢᠯ᠎ᠤᠨ ᠬᠤᠯᠪᠣᠯᠳᠤᠭ᠎ᠠ ᠨᠡᠪᠳᠡᠷᠡᠯᠴᠡᠭᠡ》᠎ᠶ᠋ᠢ ᠭᠦᠨᠵᠡᠭᠡᠢᠷᠡᠭᠦᠯᠵᠦ᠍᠂ ᠪᠣᠰᠤᠭ᠎ᠠ ᠴᠣᠭ᠍ᠴᠠᠲᠤ ᠬᠤᠯᠪᠣᠯᠳᠥᠨ ᠨᠡᠪᠲᠡᠷᠡᠯᠴᠡᠬᠦ᠌ ᠲᠣᠣᠷ᠎ᠤᠨ ᠪᠠᠢᠷᠢᠯᠠᠭᠤᠯᠤᠯᠲᠠ᠎ᠶ᠋ᠢ ᠲᠡᠭᠦᠯᠳᠡᠷᠵᠢᠭᠦᠯᠵᠦ᠍᠂ ᠴᠢᠬᠤᠯᠠ ᠶᠡᠭᠡ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ ᠪᠠ 《ᠪᠠᠭ᠎ᠠ ᠠᠳᠠᠯ᠎ᠠ ᠰᠠᠢᠬᠠᠨ》 ᠠᠷᠠᠳ᠎ᠤᠨ ᠠᠮᠢᠳᠤᠷᠠᠯ᠎ᠤᠨ ᠲᠥᠰᠥᠯ᠎ᠤᠨ ᠪᠦᠲᠦᠭᠡᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠳᠤᠮᠳᠠᠳᠤ ᠧᠦ᠋ᠷᠣᠫᠠ (ᠠᠽᠢᠶ᠎ᠠ)᠎ᠶ᠋ᠢᠨ ᠡᠭᠡᠯᠵᠢ᠎ᠶ᠋ᠢᠨ ᠴᠤᠪᠤᠭ᠎ᠠ ᠲᠡᠷᠭᠡᠨ᠎ᠤ ᠬᠥᠭ᠌ᠵᠢᠯᠲᠡ᠎ᠶ᠋ᠢᠨ ᠲᠥᠪᠱᠢᠨ᠎ᠢ ᠳᠡᠭᠡᠭ᠌ᠰᠢᠯᠡᠭᠦᠯᠦᠨ᠎ᠡ᠃ ᠪᠠᠷᠠᠭᠤᠨ ᠬᠡᠰᠡᠭ᠎ᠤᠨ ᠭᠠᠵᠠᠷ ᠤᠷᠤᠨ᠎ᠤ ᠳᠠᠯᠠᠢ ᠬᠠᠭᠤᠷᠠᠶ᠎ᠶ᠋ᠢᠨ ᠱᠢᠨ᠎ᠡ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠠᠷᠠᠯᠵᠢᠶ᠎ᠠ᠂ ᠪᠡᠯᠡ ᠣᠷᠣᠭᠤᠯᠤᠯᠲᠠ᠂ ᠠᠵᠤ ᠦᠢᠯᠡᠰ᠂ ᠬᠥᠮᠥᠨ ᠨᠡᠢᠭᠡᠮ᠎ᠤᠨ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠨᠤᠭᠤᠭᠠᠨ ᠬᠥᠭ᠌ᠵᠢᠯᠲᠡ᠂ ᠵᠣᠬᠢᠶᠠᠮᠠᠯ ᠤᠶᠤᠯᠢᠭ᠂ ᠳ᠋ᠢᠵᠢᠲ᠋ᠠᠯ ᠠᠵᠤ ᠠᠬᠤᠢ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠢᠭᠤᠯᠴᠢᠯᠠᠯ᠂ ᠲᠠᠷᠢᠶᠠᠯᠠᠩ ᠵᠡᠷᠭᠡ ᠬᠦᠷᠢᠶᠡᠨ᠎ᠤ ᠬᠠᠮᠲᠤᠷᠠᠯᠴᠠᠭᠠᠨ᠎ᠤ ᠱᠢᠨ᠎ᠡ ᠣᠷᠣᠨ ᠵᠠᠢ᠎ᠶ᠋ᠢ ᠥᠷᠭᠡᠳᠭᠡᠨ᠎ᠡ᠃ ᠤᠯᠠᠨ ᠡᠱᠢᠵᠢᠭ᠌ᠰᠡᠨ᠂ ᠦᠷᠭᠦᠯᠵᠢᠯᠡᠬᠦ᠋ᠢᠴᠡ᠂ ᠠᠶᠤᠯ ᠲᠦᠭ᠌ᠰᠢᠭᠦᠷᠢ᠎ᠶ᠋ᠢ ᠡᠵᠡᠮᠳᠡᠵᠦ᠍ ᠪᠣᠯᠬᠤ ᠪᠡᠯᠡ ᠣᠷᠣᠭᠤᠯᠥᠯᠳᠡ ᠪᠡᠯᠡ ᠲᠣᠬᠢᠷᠠᠭᠤᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠭᠠᠳᠠᠭᠠᠳᠤ᠎ᠳᠠᠬᠢ ᠠᠱᠢᠭ ᠲᠤᠰᠠ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠨ᠎ᠠ᠃

ᠨᠠᠢ᠍ᠮᠠ᠂ ᠲᠠᠷᠢᠶᠠᠯᠠᠩ ᠬᠥᠳᠡᠭᠡ ᠲᠤᠰᠭᠤᠨ᠎ᠤ ᠣᠳᠣᠬᠢᠴᠢᠯᠠᠯᠲᠠ᠎ᠶ᠋ᠢ ᠲᠥᠷᠭᠡᠳᠭᠡᠵᠦ᠍᠂ ᠬᠦᠳᠡᠭᠡ ᠲᠤᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ

ᠲᠠᠷᠢᠶᠠᠯᠠᠩ ᠬᠥᠳᠡᠭᠡ ᠲᠣᠰᠭᠤᠨ᠎ᠤ ᠣᠳᠣᠬᠢᠴᠢᠯᠠᠯᠲᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ ᠪᠠ ᠶᠠᠰᠤ ᠴᠢᠨᠠᠷ᠎ᠲᠤ ᠬᠤᠯᠪᠣᠭ᠍ᠳᠠᠵᠥ᠍ ᠪᠠᠢᠳᠠᠭ᠃ ᠲᠠᠷᠢᠶᠠᠯᠠᠩ ᠬᠥᠳᠡᠭᠡ ᠲᠣᠰᠭᠤᠨ ᠲᠠᠷᠢᠶᠠᠴᠢᠨ᠎ᠤ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌ ᠶᠠᠪᠤᠳᠠᠯ᠎ᠢ ᠪᠦᠬᠦ᠌ ᠨᠠᠮ᠎ᠤᠨ ᠠᠵᠢᠯ᠎ᠤᠨ ᠭᠤᠤᠯᠳᠠᠯᠭ᠎ᠠ᠎ᠶ᠋ᠢᠨ ᠳᠤᠳᠤᠷᠡᠬᠢ ᠭᠤᠤᠯᠳᠠᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠬᠤᠲᠠ ᠬᠥᠳᠡᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠂ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠥᠪ᠎ᠢ ᠱᠢᠢᠳᠪᠤᠷᠢᠯᠡᠭ᠌ᠰᠡᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠵᠦ᠍᠂ ᠬᠥᠳᠡᠭᠡ ᠲᠣᠰᠭᠤᠨ᠎ᠳᠤ ᠤᠳᠥ ᠥᠶ᠎ᠠ᠎ᠶ᠋ᠢᠨ ᠠᠮᠢᠳᠤᠷᠠᠯ᠎ᠤᠨ ᠨᠥᠬᠦᠴᠡᠯ᠎ᠢ ᠦᠨᠳᠦᠰᠦᠨ᠎ᠳᠡᠭᠡᠨ ᠪᠦᠷᠢᠳᠦᠭᠦᠯᠬᠦ᠌᠎ᠶ᠋ᠢ ᠠᠬᠢᠭᠤᠯᠵᠤ᠂ ᠲᠠᠷᠢᠶᠠᠯᠠᠩ᠎ᠤᠨ ᠬᠦᠴᠦᠷᠬᠡᠭ ᠤᠯᠤᠰ᠎ᠢ ᠲᠦᠷᠭᠡᠯᠡᠨ ᠪᠦᠳᠦᠭᠡᠨ ᠪᠠᠢᠭᠤᠯᠤᠨ᠎ᠠ᠃

(25) ᠲᠠᠷᠢᠶᠠᠯᠠᠩ᠎ᠤᠨ ᠶᠡᠷᠦᠩᠬᠡᠢᠯᠡᠭ᠌ᠰᠡᠨ ᠦᠢᠯᠡᠳᠪᠦᠷᠢᠯᠡᠯ᠎ᠤᠨ ᠴᠢᠳᠠᠪᠤᠷᠢ ᠪᠠ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ᠃ ᠤᠨᠠᠯᠳᠠ ᠪᠠ ᠦᠢᠯᠡᠳᠪᠦᠷᠢᠯᠡᠯ᠎ᠤᠨ ᠴᠢᠳᠠᠪᠤᠷᠢ᠂ ᠦᠢᠯᠡᠳᠪᠦᠷᠢᠯᠡᠯ ᠪᠠ ᠠᠮᠢ ᠠᠬᠤᠶ᠂ ᠤᠨᠠᠯᠳᠠ᠎ᠶ᠋ᠢ ᠨᠡᠮᠡᠭ᠌ᠳᠡᠭᠦᠯᠬᠦ᠌ ᠪᠠ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠵᠡᠷᠭᠡ᠎ᠪᠠᠷ ᠠᠳᠭᠤᠬᠤ᠎ᠶ᠋ᠢ ᠪᠠᠷᠢᠮᠳᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠠᠷᠢᠶᠠᠯᠠᠩ᠂ ᠨᠤᠭᠤᠭᠠᠨ ᠲᠠᠷᠢᠶᠠᠯᠠᠩ᠂ ᠶᠠᠰᠤ ᠴᠢᠨᠠᠷᠳᠥ ᠲᠠᠷᠢᠶᠠᠯᠠᠩ᠂ ᠨᠡᠷᠡᠳᠥ ᠲᠡᠮᠳᠡᠭ᠌ᠲᠦ ᠲᠠᠷᠢᠶᠠᠯᠠᠩ᠎ᠢ ᠨᠢᠭᠡᠳᠦᠯᠲᠡᠶ ᠲᠥᠯᠥᠪᠯᠡᠨ ᠬᠥᠭ᠌ᠵᠢᠭᠦᠯᠵᠦ᠍᠂ ᠲᠠᠷᠢᠶᠠᠯᠠᠩ᠎ᠢ ᠣᠳᠣᠬᠢᠴᠢᠯᠠᠭ᠍ᠰᠠᠨ ᠲᠤᠮᠤ ᠠᠵᠤ ᠦᠢᠯᠡᠰ ᠪᠣᠯᠭᠠᠨ ᠪᠠᠢᠭᠤᠯᠤᠨ ᠪᠦᠲᠦᠭᠡᠨ᠎ᠠ᠃ ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠪᠤᠷᠢ᠎ᠶ᠋ᠢ ᠮᠢᠩᠭᠠᠨ ᠳ᠋ᠦᠩᠱᠢᠭᠤᠷ ᠵᠢᠩ ᠨᠡᠮᠡᠭ᠌ᠳᠡᠬᠦᠯᠬᠦ᠌ ᠱᠢᠨ᠎ᠡ ᠨᠢᠭᠡ ᠡᠭᠡᠯᠵᠢ᠎ᠶ᠋ᠢᠨ ᠠᠵᠢᠯᠯᠠᠭ᠎ᠠ᠎ᠶ᠋ᠢ ᠡᠷᠴᠢᠮᠵᠢᠬᠦᠯᠦᠨ ᠬᠡᠷᠡᠭ᠌ᠵᠢᠭᠦᠯᠵᠦ᠍᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢ ᠪᠠᠲᠤᠯᠠᠬᠤ ᠴᠢᠳᠠᠪᠤᠷᠢ᠎ᠶ᠋ᠢ ᠳᠡᠬᠡᠭ᠌ᠰᠢᠯᠡᠬᠦᠯᠦᠨ᠎ᠡ᠃ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠡᠵᠡᠯᠡᠬᠦ᠌ ᠪᠠ ᠨᠥᠬᠦᠪᠥᠷᠢᠯᠡᠬᠦ᠌᠎ᠶ᠋ᠢ ᠲᠡᠩᠴᠡᠭᠦᠷᠢᠲᠡᠶ ᠪᠠᠢᠯᠭᠠᠬᠤ ᠬᠠᠮᠢᠶᠠᠷᠤᠯᠲᠠ᠎ᠶ᠋ᠢ ᠴᠢᠩᠳᠠᠯᠠᠵᠤ᠂ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ᠎ᠤᠨ ᠪᠠᠢᠷᠢᠯᠠᠭᠤᠯᠥᠯᠳᠡ᠎ᠶ᠋ᠢ ᠱᠢᠯᠢᠳᠡᠭ᠌ᠵᠢᠭᠦᠯᠬᠦ᠌᠎ᠶ᠋ᠢ ᠨᠢᠭᠡᠳᠦᠯᠲᠡᠶ ᠲᠥᠯᠥᠪᠯᠨᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠴᠢᠨᠠᠷ ᠰᠠᠢᠲᠠᠶ ᠠᠬᠢᠭᠤᠯᠵᠤ᠂ ᠬᠠᠷ᠎ᠠ ᠬᠥᠷᠥᠰᠥᠳᠥ ᠭᠠᠵᠠᠷ᠎ᠢ ᠬᠠᠮᠠᠭᠠᠯᠠᠬᠤ ᠪᠠ ᠬᠤᠵᠢᠷᠯᠢᠬ ᠭᠠᠵᠠᠷ᠎ᠢ ᠶᠡᠷᠦᠩᠬᠡᠢᠯᠡᠨ ᠠᠱᠢᠭ᠍ᠯᠠᠬᠤ᠎ᠶ᠋ᠢ ᠴᠢᠩᠭᠠᠳᠭᠠᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃ ᠦᠷ᠎ᠡ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠭᠦᠨᠵᠡᠭᠡᠢᠷᠡᠬᠦᠯᠦᠨ ᠬᠡᠷᠡᠭ᠌ᠵᠢᠭᠦᠯᠵᠦ᠍᠂ ᠳᠡᠭᠡᠳᠦ ᠲᠠᠰ᠎ᠤᠨ ᠣᠶᠤᠯᠢᠭ᠂ ᠳᠣᠪᠣᠷᠬᠠᠭ ᠭᠠᠵᠠᠷ ᠠᠭᠤᠯᠠᠷᠬᠠᠭ ᠣᠷᠣᠨ᠎ᠳᠤ ᠬᠡᠷᠡᠭ᠌ᠯᠡᠬᠦ᠌᠎ᠳᠤ ᠲᠤᠬᠢᠷᠠᠮᠵᠢᠳᠡᠢ ᠲᠠᠷᠢᠶᠠᠯᠠᠩ᠎ᠤᠨ ᠮᠠᠱᠢᠨ ᠲᠣᠨᠣᠭ᠍ᠯᠠᠯ᠎ᠢ ᠰᠤᠳᠤᠯᠤᠨ ᠨᠡᠭᠡᠭᠡᠵᠦ᠍ ᠬᠡᠷᠡᠭ᠌ᠯᠡᠬᠦ᠌᠎ᠶ᠋ᠢ ᠠᠬᠢᠭᠤᠯᠵᠤ᠂ ᠰᠠᠢᠨ ᠲᠠᠷᠢᠶᠠᠨ ᠭᠠᠵᠠᠷ ᠰᠠᠢᠨ ᠥᠷ᠎ᠡ ᠡᠭᠦᠯᠳᠡᠷ ᠰᠠᠢᠨ ᠮᠠᠱᠢᠨ ᠲᠤᠨᠤᠭ᠍ᠯᠠᠯ ᠰᠠᠢᠨ ᠠᠷᠭ᠎ᠠ ᠬᠡᠮᠵᠢᠶ᠎ᠠ᠎ᠶ᠋ᠢ ᠬᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠲᠠᠷᠢᠶᠠᠯᠠᠩ ᠤᠢ ᠱᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ᠎ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠤᠳᠤ ᠦᠶ᠎ᠡ᠎ᠶ᠋ᠢᠨ ᠲᠦᠬᠦᠭᠡᠷᠦᠮᠵᠢᠳᠤ ᠲᠠᠷᠢᠶᠠᠯᠠᠩ᠎ᠢ ᠬᠥᠭ᠌ᠵᠢᠭᠦᠯᠵᠦ᠍᠂ ᠤᠯᠠᠨ ᠡᠱᠢᠵᠢᠭ᠌ᠰᠡᠨ ᠢᠳᠡᠭᠡᠨ᠎ᠤ ᠬᠠᠩᠭᠠᠯᠭ᠎ᠠ᠎ᠶ᠋ᠢᠨ ᠱᠢᠰᠲ᠋ᠧᠮ᠎ᠢ ᠪᠠᠢᠭᠤᠯᠤᠨ᠎ᠠ᠃ ᠠᠭᠤᠯᠠ ᠬᠥᠳᠡᠭᠡ᠎ᠶ᠋ᠢᠨ ᠠᠵᠤ ᠠᠬᠤᠶ᠎ᠶ᠋ᠢ ᠬᠥᠭ᠌ᠵᠢᠭᠦᠯᠵᠦ᠍᠂ ᠣᠢ ᠱᠢᠭᠤᠶ ᠡᠪᠡᠰᠦ ᠪᠡᠯᠴᠢᠭᠡᠷ᠎ᠤᠨ ᠠᠵᠤ ᠦᠢᠯᠡᠰ᠎ᠢ ᠪᠤᠵᠠᠭᠠᠢᠷᠠᠭᠤᠯᠤᠨ᠎ᠠ᠃ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠬᠠᠷᠢᠴᠠᠭ᠎ᠠ᠎ᠶ᠋ᠢ ᠲᠣᠭ᠍ᠲᠠᠪᠤᠷᠢᠵᠢᠭᠤᠯᠵᠤ᠂ ᠬᠤᠶᠠᠳᠤᠭᠠᠷ ᠡᠭᠡᠯᠵᠢ᠎ᠶ᠋ᠢᠨ ᠳᠠᠭᠠᠭᠠᠴᠢᠯᠠᠯᠲᠠ᠎ᠶ᠋ᠢ ᠬᠤᠭᠤᠴᠠᠭ᠎ᠠ ᠨᠢ ᠲᠤᠯᠤᠭ᠍ᠰᠠᠨ᠎ᠤ ᠲᠠᠷᠠᠭ᠎ᠠ ᠲᠠᠬᠢᠭᠠᠳ ᠭᠤᠴᠢᠨ ᠵᠢᠯ ᠤᠷᠲᠤᠳᠭᠠᠬᠤ ᠲᠤᠷᠱᠢᠯᠲᠠ᠎ᠶ᠋ᠢ ᠯᠠᠪᠳᠠᠭᠤᠨ᠎ᠢᠶᠠᠷ ᠠᠬᠢᠭᠤᠯᠤᠨ᠎ᠠ᠃ ᠲᠠᠷᠢᠶᠠᠯᠠᠩ᠎ᠤᠨ ᠵᠣᠬᠢᠬᠤ ᠬᠡᠪᠴᠢᠶᠡᠲᠦ ᠡᠵᠡᠩᠨᠡᠯᠲᠡ᠎ᠶ᠋ᠢ ᠬᠥᠭ᠌ᠵᠢᠭᠦᠯᠵᠦ᠍᠂ ᠱᠢᠨ᠎ᠡ ᠬᠡᠯᠪᠡᠷᠢ᠎ᠶ᠋ᠢᠨ ᠲᠠᠷᠢᠶᠠᠯᠠᠩ᠎ᠤᠨ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢᠨ ᠬᠥᠭ᠌ᠵᠢᠯᠲᠡ᠎ᠶ᠋ᠢᠨ ᠶᠠᠰᠥ᠍ ᠴᠢᠨᠠᠷ᠎ᠢ ᠳᠡᠭᠡᠭ᠌ᠰᠢᠯᠡᠭᠦᠯᠵᠦ᠍᠂ ᠳᠥᠭᠦᠮ ᠳᠥᠲᠡ ᠥᠨᠳᠥᠷ ᠪᠦᠲᠦᠮᠵᠢᠲᠡᠶ ᠲᠠᠷᠢᠶᠠᠯᠠᠩ᠎ᠤᠨ ᠨᠡᠢᠭᠡᠮᠴᠢᠯᠡᠭ᠌ᠰᠡᠨ ᠦᠢᠯᠡᠴᠢᠯᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠵᠦ᠍᠂ ᠵᠢᠵᠢᠭ ᠲᠠᠷᠢᠶᠠᠴᠢᠨ ᠡᠷᠦᠬᠡ ᠪᠠ ᠤᠳᠤ ᠦᠶ᠎ᠡ᠎ᠶ᠋ᠢᠨ ᠲᠠᠷᠢᠶᠠᠯᠠᠩ᠎ᠤᠨ ᠬᠥᠭ᠌ᠵᠢᠯᠲᠡ᠎ᠶ᠋ᠢ ᠣᠷᠭᠠᠨᠢᠭ᠎ᠢᠶᠠᠷ ᠵᠣᠯᠭᠠᠯᠳᠤᠭᠤᠯᠬᠤ᠎ᠶ᠋ᠢ ᠠᠬᠢᠭᠤᠯᠤᠨ᠎ᠠ᠃

(26) ᠠᠵᠢᠯᠯᠠᠵᠤ ᠠᠮᠢᠳᠤᠷᠠᠬᠤ᠎ᠳᠤ ᠳᠤᠬᠢᠳᠠᠢ ᠡᠶ᠎ᠡ ᠨᠠᠢᠷᠠᠮᠳᠠᠭᠤ ᠦᠵᠡᠰᠭᠦᠯᠡᠩᠳᠦ ᠰᠠᠢᠬᠠᠨ ᠬᠥᠳᠡᠭᠡ ᠲᠣᠰᠭᠤᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ 《ᠮᠢᠩᠭ᠎ᠠ ᠲᠦᠮᠨ᠎ᠶ᠋ᠢᠨ ᠢᠨᠵᠧᠨᠧᠷᠢᠩ》᠎ᠤᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠵᠦ᠍᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠬᠥᠳᠡᠭᠡ ᠲᠣᠰᠭᠤᠨ᠎ᠤ ᠪᠦᠲᠦᠭᠡᠨ ᠪᠠᠢᠭᠤᠯᠤᠯᠲᠠ᠎ᠶ᠋ᠢ ᠬᠡᠷᠡᠭ᠌ᠵᠢᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠥ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠲᠥᠷᠥᠯ ᠬᠤᠪᠢᠶᠠᠨ ᠡᠮᠬᠢ ᠵᠢᠷᠤᠮ᠎ᠲᠠᠢ᠎ᠪᠠᠷ᠂ ᠤᠷᠤᠨ ᠵᠠᠯᠭᠠᠯᠳᠤᠭᠤᠯᠤᠨ ᠠᠬᠢᠭᠤᠯᠵᠤ᠂ ᠬᠥᠳᠡᠭᠡ ᠲᠣᠰᠭᠤᠨ᠎ᠤ ᠰᠠᠭᠤᠷᠢ ᠲᠥᠭᠦᠭᠡᠷᠥᠮᠵᠢ᠎ᠶ᠋ᠢᠨ ᠪᠦᠷᠢᠨ ᠲᠥᠭᠦᠷ᠎ᠤᠨ ᠬᠡᠮᠵᠢᠶ᠎ᠡ᠂ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠳᠥᠭᠦᠮ ᠲᠥᠳᠡ᠎ᠶ᠋ᠢᠨ ᠬᠡᠮᠵᠢᠶ᠎ᠡ᠂ ᠣᠷᠣᠱᠢᠨ ᠰᠠᠭᠤᠬᠤ ᠣᠷᠴᠢᠨ ᠨᠥᠬᠦᠴᠡᠯ᠎ᠤᠨ ᠲᠠᠭᠠᠯᠠᠮᠵᠢ᠎ᠶ᠋ᠢᠨ ᠬᠡᠮᠵᠢᠶ᠎ᠠ᠎ᠶ᠋ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠦᠨ᠎ᠡ᠃ ᠲᠣᠰᠭᠤᠨ ᠪᠠᠯᠭᠠᠰᠤ᠎ᠶ᠋ᠢᠨ ᠪᠠᠢᠷᠢᠯᠠᠭᠤᠯᠤᠯᠳᠡ᠎ᠶ᠋ᠢ ᠨᠢᠭᠡᠳᠦᠯᠲᠡᠶ ᠲᠥᠯᠥᠪᠯᠡᠨ ᠱᠢᠯᠢᠳᠡᠭ᠌ᠵᠢᠭᠦᠯᠵᠦ᠍᠂ ᠱᠢᠶᠠᠨ᠎ᠤ ᠪᠥᠰᠡ᠎ᠶ᠋ᠢᠨ ᠰᠠᠭᠤᠷᠢ ᠲᠥᠭᠦᠭᠡᠷᠥᠮᠵᠢ᠎ᠶ᠋ᠢ ᠨᠢᠭᠡ ᠴᠣᠭ᠍ᠴᠠᠵᠢᠭᠤᠯᠵᠤ ᠲᠥᠯᠥᠪᠵᠢᠭᠦᠯᠥᠨ ᠪᠦᠲᠦᠭᠡᠨ ᠪᠠᠢᠭᠤᠯᠬᠤ ᠪᠠ ᠬᠠᠮᠢᠶᠠᠷᠴᠤ᠌ ᠬᠠᠮᠠᠭᠠᠯᠠᠬᠤ᠎ᠶ᠋ᠢ ᠠᠬᠢᠭᠤᠯᠤᠨ᠎ᠠ᠃ ᠱᠢᠶᠠᠨ᠎ᠤ ᠪᠥᠰᠡ᠎ᠶ᠋ᠢᠨ ᠤᠯᠤᠰ᠎ᠤᠨ ᠨᠤᠳᠤᠭ ᠲᠡᠪᠢᠰᠭᠡᠷ᠎ᠤᠨ ᠣᠷᠣᠨ ᠵᠠᠶ᠎ᠶ᠋ᠢᠨ ᠵᠠᠰᠠᠯᠲᠠ᠎ᠶ᠋ᠢ ᠬᠠᠮᠵᠢᠯᠴᠠᠨ ᠠᠬᠢᠭᠤᠯᠵᠤ᠂ ᠪᠦᠬᠦ᠌ ᠪᠥᠰᠡ᠎ᠶ᠋ᠢᠨ ᠭᠠᠵᠠᠷ ᠱᠢᠷᠣᠶ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ᠎ᠶ᠋ᠢ ᠯᠠᠪᠳᠠᠭᠤᠨ᠎ᠢᠶᠠᠷ ᠥᠷᠨᠢᠭᠦᠯᠵᠥ᠍᠂ ᠬᠥᠳᠡᠭᠡ ᠲᠣᠰᠭᠤᠨ᠎ᠤ ᠣᠷᠣᠱᠢᠨ ᠰᠠᠭᠤᠬᠤ ᠣᠷᠴᠢᠨ ᠨᠥᠬᠦᠴᠡᠯ᠎ᠢ ᠦᠷᠭᠦᠯᠵᠢᠯᠡᠨ ᠴᠡᠭ᠌ᠴᠡᠯᠡᠨ ᠵᠠᠰᠠᠵᠤ ᠲᠡᠭᠡᠭ᠌ᠰᠢᠯᠡᠬᠦᠯᠥᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠬᠥᠳᠡᠭᠡ ᠲᠣᠰᠭᠤᠨ᠎ᠤ ᠵᠣᠷᠯᠣᠩ᠎ᠢ ᠥᠭᠡᠷᠡᠴᠢᠯᠡᠬᠦ᠂ ᠬᠤᠭ ᠨᠣᠪᠰᠢ ᠲᠣᠰᠭᠤᠨ᠎ᠢ ᠬᠦᠷᠢᠶᠡᠯᠡᠵᠦ᠍ ᠪᠠᠢᠭ᠎ᠠ ᠵᠡᠷᠭᠡ ᠠᠰᠠᠭᠤᠳᠠᠯ᠎ᠢ ᠰᠠᠢᠲᠤᠷ ᠱᠢᠢᠳᠪᠦᠷᠢᠯᠡᠵᠦ᠍᠂ ᠬᠥᠳᠡᠭᠡ ᠲᠣᠰᠭᠤᠨ᠎ᠤ ᠤᠳᠤ ᠦᠶ᠎ᠡ᠎ᠶ᠋ᠢᠨ ᠠᠮᠢᠳᠤᠷᠠᠯ᠎ᠤᠨ ᠨᠥᠬᠦᠴᠡᠯ᠎ᠤᠨ ᠳᠤᠲᠠᠭᠤᠳᠠᠯ᠎ᠢ ᠲᠦᠷᠭᠡᠯᠡᠨ ᠨᠥᠬᠦᠪᠥᠷᠢᠯᠡᠵᠦ᠍᠂ ᠬᠥᠳᠡᠭᠡ ᠲᠣᠰᠭᠤᠨ᠎ᠤ ᠴᠢᠨᠠᠷ ᠰᠠᠢᠲᠠᠶ ᠠᠮᠢᠳᠤᠷᠠᠯ᠎ᠤᠨ ᠣᠷᠣᠨ ᠵᠠᠶ᠎ᠶ᠋ᠢ ᠪᠤᠢ ᠪᠣᠯᠭᠠᠨ᠎ᠠ᠃ ᠲᠤᠰ ᠲᠤᠰ᠎ᠤᠨ ᠣᠨᠴᠠᠯᠢᠭ ᠪᠦᠬᠦᠢ ᠱᠢᠶᠠᠨ᠎ᠤ ᠪᠥᠰᠡ᠎ᠶ᠋ᠢᠨ ᠠᠵᠤ ᠠᠬᠤᠶ᠎ᠶ᠋ᠢ ᠬᠥᠭ᠌ᠵᠢᠭᠦᠯᠵᠦ᠍᠂ ᠲᠠᠷᠢᠶᠠᠯᠠᠩ᠎ᠤᠨ ᠣᠯᠠᠨ ᠲᠥᠷᠥᠯ᠎ᠤᠨ ᠴᠢᠳᠠᠮᠵᠢ᠎ᠶ᠋ᠢ ᠨᠡᠭᠡᠭᠡᠨ ᠬᠥᠭ᠌ᠵᠢᠭᠦᠯᠵᠦ᠍᠂ ᠬᠥᠳᠡᠭᠡ ᠲᠣᠰᠭᠤᠨ᠎ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠤᠨ᠂ ᠬᠥᠳᠡᠭᠡ ᠲᠣᠰᠭᠤᠨ᠎ᠤ ᠣᠨᠴᠠᠯᠢᠭ᠍ᠲᠤ ᠠᠵᠤ ᠦᠢᠯᠡᠰ᠎ᠢ ᠪᠤᠢᠵᠢᠭᠤᠯᠤᠨ ᠪᠤᠵᠠᠭᠠᠢᠷᠠᠭᠤᠯᠵᠤ᠂ ᠲᠠᠷᠢᠶᠠᠴᠢᠨ ᠲᠠᠢ ᠬᠤᠯᠪᠣᠭᠠᠯᠠᠵᠥ᠍ ᠲᠠᠷᠢᠶᠠᠴᠢᠨ᠎ᠢ ᠳᠠᠢᠴᠢᠯᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠲᠠᠷᠢᠶᠠᠴᠢᠳ᠎ᠤᠨ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃

(27) ᠲᠠᠷᠢᠶᠠᠯᠠᠩ᠎ᠢ ᠬᠦᠴᠦᠷᠬᠡᠭ᠌ᠵᠢᠭᠦᠯᠬᠦ᠂ ᠲᠠᠷᠢᠶᠠᠴᠢᠳ᠎ᠲᠤ ᠠᠱᠢᠭ ᠬᠦᠷᠲᠡᠭᠡᠬᠦ᠂ ᠲᠠᠷᠢᠶᠠᠴᠢᠳ᠎ᠢ ᠪᠠᠶᠠᠵᠢᠭᠤᠯᠬᠤ ᠲᠦᠷᠦ᠍᠎ᠶ᠋ᠢᠨ ᠪᠤᠳᠤᠯᠭ᠎ᠠ᠎ᠶ᠋ᠢᠨ ᠥᠢᠯᠡᠳᠥᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠡᠳ᠋᠎ᠤᠨ ᠵᠠᠰᠠᠭ᠎ᠠᠴᠠ ᠤᠷᠢᠳ᠎ᠢᠶᠠᠷ ᠪᠠᠲᠤᠯᠠᠬᠤ᠂ ᠮᠥᠩᠭᠦᠨ ᠬᠥᠢᠯᠭᠡᠭᠡ᠎ᠶ᠋ᠢ ᠭᠤᠤᠯᠳᠠᠯᠭ᠎ᠠ ᠲᠠᠢ ᠬᠡᠯᠪᠠᠢᠯᠭᠡᠬᠦ᠂ ᠨᠡᠢᠭᠡᠮ ᠨᠡᠢᠳᠡ ᠢᠳᠡᠪᠬᠢᠲᠡᠶ ᠣᠷᠣᠯᠴᠠᠬᠤ ᠣᠯᠠᠨ ᠡᠱᠢᠲᠦ ᠣᠷᠣᠭᠤᠯᠤᠯᠲᠠ᠎ᠶ᠋ᠢᠨ ᠪᠠᠢᠷᠢᠱᠢᠯ᠎ᠢ ᠪᠥᠷᠢᠨᠱᠢᠭᠦᠯᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠣᠷᠣᠭᠤᠯᠤᠯᠲᠠ᠎ᠶ᠋ᠢᠨ ᠡᠷᠴᠢᠮ᠎ᠢ ᠲᠠᠰᠤᠷᠠᠯᠲᠠ ᠥᠬᠡᠶ ᠴᠢᠩᠭᠠᠷᠠᠭᠤᠯᠬᠤ᠎ᠶ᠋ᠢ ᠦᠨᠡᠨ ᠬᠦ᠌ ᠪᠠᠲᠤᠯᠠᠨ᠎ᠠ᠃ ᠲᠠᠷᠢᠶᠠᠴᠢᠳ᠎ᠤᠨ ᠲᠠᠷᠢᠶᠠᠨ ᠠᠵᠢᠯ ᠬᠢᠵᠦ᠍ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠬᠠᠮᠠᠭᠠᠯᠠᠨ ᠳᠠᠢᠴᠢᠯᠠᠵᠤ᠂ ᠦᠨ᠎ᠡ ᠬᠠᠩᠰᠢ᠂ ᠨᠥᠬᠦᠪᠥᠷᠢ᠂ ᠳᠠᠭᠠᠳᠭᠠᠯ ᠵᠡᠷᠭᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠪᠠ ᠬᠠᠮᠵᠢᠯᠴᠠᠭ᠎ᠠ᠎ᠶ᠋ᠢ ᠴᠢᠩᠭᠠᠳᠭᠠᠨ᠎ᠠ᠃ ᠠᠮᠤ ᠪᠤᠳᠠᠭᠠᠨ᠎ᠤ ᠭᠤᠤᠯ ᠭᠠᠷᠤᠯᠲᠠ᠎ᠶ᠋ᠢᠨ ᠣᠷᠣᠨ᠎ᠤ ᠠᠱᠢᠭ ᠲᠤᠰᠠ᠎ᠶ᠋ᠢᠨ ᠨᠥᠬᠦᠪᠥᠷᠢ᠎ᠶ᠋ᠢᠨ ᠡᠷᠴᠢᠮ᠎ᠢ ᠴᠢᠩᠭᠠᠷᠠᠭᠤᠯᠵᠤ᠂ ᠭᠠᠷᠤᠯᠳᠠ᠎ᠶ᠋ᠢᠨ ᠤᠷᠤᠨ ᠪᠣᠷᠣᠯᠠᠭᠤᠯᠭ᠎ᠠ᠎ᠶ᠋ᠢᠨ ᠣᠷᠣᠨ᠎ᠤ ᠮᠤᠵᠢ᠎ᠶ᠋ᠢᠨ ᠬᠤᠭᠤᠷᠣᠨᠳᠣᠬᠢ ᠬᠥᠨᠳᠡᠯᠡᠨ ᠴᠢᠭ᠌ᠯᠡᠯ᠎ᠤᠨ ᠠᠱᠢᠭ ᠲᠤᠰᠠ᠎ᠶ᠋ᠢᠨ ᠨᠥᠬᠦᠪᠥᠷᠢ ᠥᠭ᠌ᠭᠦ᠎ᠶ᠋ᠢ ᠬᠡᠷᠡᠭ᠌ᠵᠢᠭᠦᠯᠦᠨ᠎ᠡ᠃ ᠠᠮᠤ ᠪᠤᠳᠠᠭ᠎ᠠ ᠬᠤᠳᠠᠯᠳᠤᠨ ᠠᠪᠬᠤ ᠪᠣᠷᠣᠯᠠᠭᠤᠯᠬᠤ ᠪᠠ ᠨᠥᠭᠡᠴᠡᠯᠡᠬᠦ᠌ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠠᠳᠠᠭᠠᠳᠤ᠎ᠠᠴᠠ ᠣᠷᠣᠭᠤᠯᠬᠤ᠎ᠶ᠋ᠢ ᠤᠯᠠᠨ ᠡᠱᠢᠵᠢᠬᠦᠯᠬᠦ᠌᠎ᠶ᠋ᠢ ᠠᠬᠢᠭᠤᠯᠵᠤ᠂ ᠠᠷᠠᠯᠵᠢᠶ᠎ᠠ ᠪᠠ ᠦᠢᠯᠡᠳᠪᠦᠷᠢᠯᠡᠯ᠎ᠤᠨ ᠵᠣᠬᠢᠴᠠᠯᠳᠤᠬᠤ᠎ᠶ᠋ᠢ ᠠᠬᠢᠭᠤᠯᠤᠨ᠎ᠠ᠃ ᠬᠤᠳᠠ ᠬᠥᠳᠡᠭᠡ᠎ᠶ᠋ᠢᠨ ᠡᠯᠧᠮᠧᠨ᠋ᠲ᠎ᠤᠨ ᠬᠤᠥᠰ ᠴᠢᠭ᠌ᠯᠡᠯ᠎ᠢᠶᠠᠷ ᠱᠢᠯᠵᠢᠬᠦ᠌᠎ᠶ᠋ᠢ ᠠᠬᠢᠭᠤᠯᠵᠤ᠂ ᠡᠯ᠎ᠡ ᠲᠦᠷᠦᠯ᠎ᠤᠨ ᠴᠢᠳᠠᠪᠤᠷᠢᠲᠠᠨ᠎ᠤ ᠬᠥᠳᠡᠭᠡ ᠪᠠᠭᠤᠵᠤ ᠦᠢᠯᠡᠴᠢᠯᠡᠬᠦ᠌ ᠪᠠ ᠠᠳᠠᠯ ᠦᠢᠯᠡᠰ ᠴᠣᠭ᠍ᠴᠠᠯᠠᠵᠤ ᠠᠵᠢᠯ ᠤᠯᠬᠤ᠎ᠶ᠋ᠢ ᠵᠣᠷᠢᠬ᠍ᠵᠢᠭᠤᠯᠤᠨ᠎ᠠ᠃ ᠬᠥᠳᠡᠭᠡ ᠲᠣᠰᠭᠤᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠠᠷᠪᠢᠴᠢ ᠡᠷᠴᠢᠮᠯᠢᠭ᠌ ᠠᠱᠢᠭ᠍ᠯᠠᠵᠤ᠂ ᠰᠤᠯᠠ ᠪᠠᠢᠭ᠎ᠠ ᠭᠠᠵᠠᠷ ᠱᠢᠷᠣᠶ ᠪᠣᠯᠤᠨ ᠭᠡᠷ ᠪᠠᠢᠱᠢᠩ᠎ᠢ ᠬᠠᠤᠯᠢ ᠶᠣᠰᠣᠭᠠᠷ ᠠᠮᠢᠳᠤᠯᠢᠭ ᠪᠤᠯᠭᠠᠨ ᠰᠠᠢᠲᠤᠷ ᠬᠡᠷᠡᠭ᠌ᠯᠡᠵᠦ᠍᠂ ᠬᠥᠳᠡᠭᠡ ᠲᠣᠰᠭᠤᠨ᠎ᠤ ᠬᠥᠭ᠌ᠵᠢᠯᠲᠡ᠎ᠳᠤ ᠬᠡᠷᠡᠭ᠌ᠯᠡᠬᠦ᠌ ᠭᠠᠵᠠᠷ᠎ᠢ ᠲᠥᠷᠥᠯ ᠬᠤᠪᠢᠶᠠᠨ ᠪᠠᠲᠤᠯᠠᠨ᠎ᠠ᠃ ᠬᠥᠳᠡᠭᠡ ᠲᠣᠰᠭᠤᠨ᠎ᠤ ᠱᠢᠨ᠎ᠡ ᠬᠡᠯᠪᠡᠷᠢ᠎ᠶ᠋ᠢᠨ ᠬᠠᠮᠲᠤ᠎ᠶ᠋ᠢᠨ ᠠᠵᠤ ᠠᠬᠤᠶ᠎ᠶ᠋ᠢ ᠬᠥᠭ᠌ᠵᠢᠭᠦᠯᠬᠦ᠌᠎ᠶ᠋ᠢ ᠲᠡᠮᠵᠢᠨ᠎ᠠ᠃

ᠳᠠᠬᠢᠨ ᠶᠠᠳᠠᠭᠤᠷᠠᠬᠤ ᠪᠠ ᠶᠠᠳᠠᠭᠤᠷᠠᠬᠤ᠎ᠠᠴᠠ ᠰᠡᠷᠭᠡᠢᠯᠡᠬᠦ᠌ ᠪᠠᠢᠡᠭ᠌ᠭᠤᠵᠢᠭ᠍ᠰᠠᠨ ᠲᠣᠭ᠍ᠲᠠᠴᠠ᠎ᠶ᠋ᠢ ᠨᠢᠭᠡᠳᠦᠯᠲᠡᠶ ᠲᠥᠯᠥᠪᠯᠡᠨ ᠪᠠᠢᠭᠤᠯᠵᠤ᠂ ᠨᠠᠷᠢᠯᠢᠬ ᠣᠨᠣᠴᠠᠲᠠᠶ᠎ᠪᠠᠷ ᠬᠠᠪᠰᠤᠷᠤᠨ ᠲᠡᠳᠬᠦᠬᠦ᠌᠎ᠶ᠋ᠢ ᠪᠠᠷᠢᠮᠲᠠᠯᠠᠵᠥ᠍᠂ ᠦᠨᠳᠦᠰᠦᠨ ᠵᠦᠢᠯ᠎ᠢ ᠪᠠᠲᠤᠯᠠᠬᠤ ᠮᠠᠶᠢᠭ᠎ᠤᠨ ᠪᠠᠲᠤᠯᠠᠭ᠎ᠠ᠎ᠶ᠋ᠢ ᠲᠡᠭᠦᠯᠳᠡᠷᠵᠢᠭᠦᠯᠵᠦ᠍᠂ ᠨᠡᠭᠡᠭᠡᠨ ᠬᠥᠭ᠌ᠵᠢᠭᠦᠯᠬᠦ᠌ ᠮᠠᠶᠢᠭ᠎ᠤᠨ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠵᠤ᠂ ᠳᠣᠲᠣᠭᠠᠳᠤ ᠬᠥᠳᠡᠯᠭᠡᠭ᠌ᠴᠢ ᠬᠦᠴᠦᠨ᠎ᠢ ᠴᠢᠩᠭᠠᠷᠠᠭᠤᠯᠵᠤ᠂ ᠬᠥᠭ᠌ᠵᠢᠯᠳᠠ ᠪᠠᠭᠤᠷᠠᠢ ᠭᠠᠵᠠᠷ ᠣᠷᠣᠨ᠎ᠢ ᠱᠠᠲᠤ ᠬᠤᠪᠢᠶᠠᠨ ᠲᠥᠷᠥᠯ ᠬᠤᠪᠢᠶᠠᠨ ᠬᠠᠪᠰᠤᠷᠤᠨ ᠲᠡᠳᠬᠦᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ᠌ ᠱᠢᠶᠠᠨ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠪᠦᠷᠢᠨᠱᠢᠬᠦᠯᠵᠦ᠍᠂ ᠬᠡᠪᠴᠢᠶᠡᠵᠢᠯ᠎ᠤᠨ ᠴᠢᠨᠠᠷᠲᠠᠶ᠎ᠪᠠᠷ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠠᠢᠳᠠᠯ ᠡᠭᠦᠰᠭᠦ ᠥᠬᠡᠶ ᠪᠠᠢᠬᠤ᠎ᠶ᠋ᠢ ᠦᠨᠡᠨ ᠬᠦ᠌ ᠪᠠᠲᠤᠯᠠᠨ᠎ᠠ᠃

ᠶᠢᠰᠦ᠂ ᠣᠷᠣᠨ ᠪᠦᠰᠡ᠎ᠶ᠋ᠢᠨ ᠠᠵᠤ ᠠᠬᠤᠶ᠎ᠶ᠋ᠢᠨ ᠪᠠᠢᠷᠢᠯᠠᠭᠤᠯᠤᠯᠳᠠ᠎ᠶ᠋ᠢ ᠱᠢᠯᠢᠳᠡᠭ᠌ᠵᠢᠭᠦᠯᠵᠦ᠍᠂ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠤᠨ᠎ᠠ

ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠳᠣᠲᠣᠭᠠᠳᠤ ᠱᠠᠭᠠᠷᠳᠠᠯᠭ᠎ᠠ ᠮᠥᠨ᠃ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠂ ᠣᠷᠣᠨ ᠪᠦᠰᠡ᠎ᠶ᠋ᠢᠨ ᠴᠢᠬᠤᠯᠠ ᠶᠡᠭᠡ ᠪᠠᠢᠯᠳᠤᠬᠤ ᠪᠣᠳᠣᠯᠭ᠎ᠠ᠂ ᠪᠡᠶᠡᠴᠢ ᠴᠣᠭ᠍ᠴᠠ᠎ᠶ᠋ᠢᠨ ᠴᠢᠳᠠᠮᠵᠢᠲᠤ ᠣᠷᠣᠨ᠎ᠤ ᠪᠠᠢᠯᠳᠤᠬᠤ ᠪᠣᠳᠣᠯᠭ᠎ᠠ᠂ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠳᠠᠪᠬᠤᠴᠠᠯ ᠨᠥᠯᠥᠭᠡᠯᠡᠯ᠎ᠢ ᠪᠠᠳᠠᠷᠠᠭᠤᠯᠵᠤ᠂ ᠴᠢᠬᠤᠯᠠ ᠶᠡᠭᠡ ᠦᠢᠯᠡᠳᠪᠦᠷᠢᠯᠡᠯ᠎ᠤᠨ ᠬᠦᠴᠦᠨ᠎ᠤ ᠪᠠᠢᠷᠢᠯᠠᠭᠤᠯᠤᠯᠳᠠ᠎ᠶ᠋ᠢ ᠱᠢᠯᠢᠳᠡᠭ᠌ᠵᠢᠭᠦᠯᠵᠦ᠍᠂ ᠭᠤᠤᠯᠳᠠᠯᠭ᠎ᠠ ᠲᠠᠢ ᠣᠷᠣᠨ ᠪᠦᠰᠡ᠎ᠶ᠋ᠢᠨ ᠨᠡᠮᠡᠭ᠌ᠳᠡᠯ᠎ᠤᠨ ᠲᠦᠢᠯ᠎ᠤᠨ ᠦᠢᠯᠡᠳᠦᠯ᠎ᠢ ᠪᠠᠳᠠᠷᠠᠭᠤᠯᠵᠤ᠂ ᠳᠠᠪᠠᠭᠤᠯᠢᠭ ᠲᠠᠯ᠎ᠠ᠎ᠪᠠᠷ᠎ᠢᠶᠠᠨ ᠬᠠᠷᠢᠯᠴᠠᠨ ᠨᠥᠬᠦᠪᠥᠷᠢᠯᠡᠭ᠌ᠰᠡᠨ᠂ ᠴᠢᠨᠠᠷ ᠰᠠᠢᠲᠠᠶ ᠬᠥᠭ᠌ᠵᠢᠭ᠌ᠰᠡᠨ ᠣᠷᠣᠨ ᠪᠦᠰᠡ᠎ᠶ᠋ᠢᠨ ᠠᠵᠤ ᠠᠬᠤᠶ᠎ᠶ᠋ᠢᠨ ᠪᠠᠢᠷᠢᠯᠠᠭᠤᠯᠤᠯᠳᠠ ᠪᠠ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢᠨ ᠱᠢᠰᠲ᠋ᠧᠮ᠎ᠢ ᠪᠠᠢᠭᠤᠯᠤᠨ᠎ᠠ᠃

(28) ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠵᠣᠬᠢᠴᠠᠯᠳᠥ ᠴᠢᠨᠠᠷ᠎ᠢ ᠴᠢᠩᠭᠠᠷᠠᠭᠤᠯᠤᠨ᠎ᠠ᠃ ᠪᠠᠷᠠᠭᠤᠨ ᠬᠡᠰᠡᠭ᠎ᠤᠨ ᠭᠠᠵᠠᠷ ᠣᠷᠣᠨ᠎ᠢ ᠶᠡᠭᠡ᠎ᠪᠠᠷ ᠨᠡᠭᠡᠭᠡᠨ ᠬᠥᠭ᠌ᠵᠢᠭᠦᠯᠬᠦ᠌ ᠠᠵᠢᠯ᠎ᠤᠨ ᠱᠢᠨ᠎ᠡ ᠪᠠᠢᠷᠢᠱᠢᠯ᠎ᠢ ᠪᠤᠢ ᠪᠣᠯᠭᠠᠬᠤ᠂ ᠵᠡᠭᠦᠨ ᠬᠤᠢᠲᠤ ᠣᠷᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠥᠢᠯᠡᠰ᠎ᠢ ᠱᠢᠨ᠎ᠡ ᠱᠢᠪᠲᠤᠯᠤᠯᠲᠠ ᠲᠠᠢ ᠪᠣᠯᠭᠠᠬᠤ᠂ ᠳᠤᠮᠳᠠ ᠬᠡᠰᠡᠭ᠎ᠤᠨ ᠭᠠᠵᠠᠷ ᠣᠷᠣᠨ᠎ᠢ ᠲᠦᠷᠭᠡᠯᠡᠨ ᠮᠠᠨᠳᠤᠭᠤᠯᠵᠥ᠍ ᠬᠥᠭ᠌ᠵᠢᠬᠦᠯᠭᠦ᠌᠂ ᠵᠡᠭᠦᠨ ᠬᠡᠰᠡᠭ᠎ᠤᠨ ᠭᠠᠵᠠᠷ ᠣᠷᠣᠨ᠎ᠤ ᠣᠳᠣᠬᠢᠴᠢᠯᠠᠯᠲᠠ᠎ᠶ᠋ᠢ ᠲᠦᠷᠭᠡᠯᠡᠨ ᠤᠷᠤᠭ᠍ᠰᠢᠯᠠᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠥ᠍᠂ ᠵᠡᠭᠦᠨ ᠬᠡᠰᠡᠭ ᠳᠤᠮᠳᠠ ᠬᠡᠰᠡᠭ ᠪᠠᠷᠠᠭᠤᠨ ᠬᠡᠰᠡᠭ᠎ᠤᠨ ᠭᠠᠵᠠᠷ ᠤᠷᠤᠨ᠂ ᠡᠮᠦᠨᠡᠲᠦ ᠤᠮᠠᠷᠠᠲᠤ ᠣᠷᠣᠨ᠎ᠤ ᠵᠣᠬᠢᠴᠠᠯᠳᠤᠨ ᠬᠥᠭ᠌ᠵᠢᠬᠦ᠌᠎ᠶ᠋ᠢ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ᠎ᠤ ᠭᠤᠷᠪᠠᠯᠵᠢᠨ ᠬᠤᠢᠭ᠂ ᠭᠤᠸᠠᠩᠳᠦ᠋ᠩ ᠱᠢᠶᠠᠩᠭᠠᠩ ᠣᠣᠮᠧᠨ᠎ᠤ ᠲᠤᠮᠤ ᠪᠤᠯᠤᠩ᠎ᠤᠨ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠭ᠌ᠴᠢ ᠬᠦᠴᠦᠨ᠎ᠤ ᠡᠬᠢ ᠰᠤᠷᠪᠤᠯᠵᠢ ᠪᠤᠯᠬᠤ ᠦᠢᠯᠡᠳᠦᠯ᠎ᠢ ᠪᠠᠬᠢᠵᠢᠭᠦᠯᠦᠨ ᠳᠡᠭᠡᠭ᠌ᠰᠢᠯᠡᠭᠦᠯᠦᠨ᠎ᠡ᠃ ᠬᠥᠬᠡᠮᠥ᠋ᠷᠡᠨ᠎ᠤ ᠠᠵᠤ ᠠᠬᠤᠶ᠎ᠶ᠋ᠢᠨ ᠪᠦᠰᠡ᠎ᠶ᠋ᠢᠨ ᠬᠥᠭ᠌ᠵᠢᠯᠲᠡ᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠤᠨ᠎ᠠ᠃ ᠱᠢᠶᠦ᠋ᠩ ᠠᠨ ᠱᠢᠨ᠎ᠡ ᠲᠣᠭᠤᠷᠢᠭ᠎ᠤᠨ ᠣᠳᠣᠬᠢᠴᠢᠯᠠᠭ᠍ᠰᠠᠨ ᠬᠤᠳᠠ᠎ᠶ᠋ᠢ ᠪᠦᠳᠦᠭᠡᠨ ᠪᠠᠢᠭᠤᠯᠬᠤ᠎ᠶ᠋ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠠᠬᠢᠭᠤᠯᠵᠤ᠂ ᠴᠧᠩᠳᠦ᠋ ᠴᠦᠩᠴᠢᠩ ᠣᠷᠣᠨ᠎ᠤ ᠬᠤᠣᠰ ᠬᠤᠲᠠ᠎ᠶ᠋ᠢᠨ ᠠᠵᠤ ᠠᠬᠤᠢ᠎ᠶ᠋ᠢᠨ ᠬᠥᠷᠢᠶ᠎ᠠ᠎ᠶ᠋ᠢᠨ ᠬᠥᠭ᠌ᠵᠢᠯᠲᠡ᠎ᠶ᠋ᠢᠨ ᠡᠨᠧᠷᠭᠢ᠎ᠶ᠋ᠢᠨ ᠲᠡᠰ᠎ᠢ ᠳᠡᠭᠡᠭ᠌ᠰᠢᠯᠡᠭᠦᠯᠦᠨ᠎ᠡ᠃ ᠡᠯ᠎ᠡ ᠭᠠᠵᠠᠷ᠎ᠤᠨ ᠬᠢᠨ᠎ᠤ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠪᠠᠳᠠᠷᠠᠭᠤᠯᠦᠨ᠂ ᠲᠤᠰ ᠲᠤᠰ᠎ᠤᠨ ᠳᠠᠪᠠᠭᠤᠯᠢᠭ᠎ᠢᠶᠠᠨ ᠢᠯᠡᠷᠡᠭᠦᠯᠭᠦ᠎ᠶ᠋ᠢ ᠵᠣᠷᠢᠬ᠍ᠵᠢᠭᠤᠯᠵᠤ᠂ ᠠᠵᠤ ᠠᠬᠤᠶ᠎ᠶ᠋ᠢᠨ ᠲᠤᠮᠤ ᠮᠤᠵᠢ᠎ᠶ᠋ᠢᠨ ᠬᠦᠨᠳᠦ ᠡᠭᠦᠷᠭᠡ ᠡᠭᠦᠷᠭᠡᠯᠡᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠳᠤᠮᠳᠠ ᠡᠮᠦᠨ᠎ᠡ ᠨᠢ ᠶᠠᠪᠤᠵᠤ ᠦᠯᠢᠭᠡᠷ ᠵᠢᠱ᠌ᠢᠶ᠎ᠡ ᠦᠵᠡᠭᠦᠯᠬᠦ᠌᠎ᠶ᠋ᠢ ᠲᠡᠮᠵᠢᠨ᠎ᠠ᠃ ᠢᠯᠭᠠᠭᠠᠵᠢᠭᠤᠯᠤᠭ᠍ᠰᠠᠨ ᠲᠦᠷᠦ᠍᠎ᠶ᠋ᠢᠨ ᠪᠤᠳᠤᠯᠭ᠎ᠠ᠎ᠪᠠᠷ ᠳᠡᠮᠵᠢᠬᠦ᠌ ᠡᠷᠴᠢᠮ᠎ᠢ ᠴᠢᠩᠭᠠᠷᠠᠭᠤᠯᠵᠤ᠂ ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭᠠᠷ ᠣᠷᠣᠨ ᠵᠡᠷᠭᠡ᠎ᠶ᠋ᠢ ᠮᠠᠨᠳᠤᠭᠤᠯᠦᠨ ᠬᠥᠭ᠌ᠵᠢᠭᠦᠯᠬᠦ᠌᠎ᠶ᠋ᠢ ᠠᠬᠢᠭᠤᠯᠤᠨ᠎ᠠ᠃

(29) ᠣᠷᠣᠨ ᠪᠦᠰᠡ᠎ᠶ᠋ᠢᠨ ᠬᠤᠯᠪᠤᠯᠳᠤᠨ ᠬᠦᠳᠡᠯᠦᠯᠴᠡᠵᠦ᠍ ᠬᠥᠭ᠌ᠵᠢᠬᠦ᠌᠎ᠶ᠋ᠢ ᠠᠬᠢᠭᠤᠯᠤᠨ᠎ᠠ᠃ ᠣᠷᠣᠨ ᠪᠦᠰᠡ ᠠᠯᠤᠰᠯᠠᠭ᠍ᠰᠠᠨ ᠰᠠᠪᠠ ᠭᠠᠵᠠᠷ ᠠᠯᠤᠰᠯᠠᠭ᠍ᠰᠠᠨ ᠶᠡᠭᠡ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠣᠷᠣᠨ ᠪᠦᠰᠡ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠬᠤᠯᠪᠣᠯᠳᠤᠨ ᠨᠡᠪᠲᠡᠷᠡᠯᠴᠡᠬᠦ᠌᠎ᠶ᠋ᠢ ᠴᠢᠩᠭᠠᠳᠭᠠᠨ᠎ᠠ᠃ ᠭᠤᠤᠯᠳᠠᠯᠭ᠎ᠠ ᠲᠠᠢ ᠬᠤᠳᠠ᠎ᠶ᠋ᠢᠨ ᠪᠥᠭᠡᠭᠡᠨᠡᠷᠡᠯ᠎ᠤᠨ ᠵᠣᠬᠢᠴᠠᠯᠳᠤᠨ ᠬᠤᠯᠪᠣᠯᠳᠦᠨ ᠬᠥᠳᠡᠯᠦᠯᠴᠡᠵᠦ᠍ ᠬᠥᠭ᠌ᠵᠢᠬᠦ᠌᠎ᠶ᠋ᠢ ᠴᠢᠩᠭᠠᠳᠭᠠᠵᠤ᠂ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠬᠡᠯᠬᠢᠶ᠎ᠡ ᠠᠵᠤ ᠦᠢᠯᠡᠰ᠎ᠤᠨ ᠬᠡᠯᠬᠢᠶ᠎ᠡ᠎ᠶ᠋ᠢᠨ ᠥᠨᠳᠥᠷ ᠪᠦᠲᠦᠮᠵᠢᠲᠡᠶ ᠬᠠᠮᠵᠢᠯᠴᠠᠭ᠎ᠠ᠎ᠶ᠋ᠢ ᠠᠬᠢᠭᠤᠯᠤᠨ᠎ᠠ᠃ ᠬᠥᠬᠡᠮᠥ᠋ᠷᠡᠨ᠎ᠤ ᠳᠤᠮᠳᠠᠳᠤ ᠤᠷᠤᠰᠭᠠᠯ᠎ᠤᠨ ᠬᠤᠲᠠ᠎ᠶ᠋ᠢᠨ ᠪᠥᠭᠡᠭᠡᠨᠡᠷᠡᠯ ᠵᠡᠷᠭᠡ᠎ᠶ᠋ᠢᠨ ᠲᠦᠷᠭᠡᠯᠡᠨ ᠬᠦᠭ᠌ᠵᠢᠭᠦ᠎ᠶ᠋ᠢ ᠠᠬᠢᠭᠤᠯᠵᠤ᠂ ᠣᠷᠣᠨ ᠪᠦᠰᠡ᠎ᠶ᠋ᠢᠨ ᠴᠢᠨᠠᠷᠲᠠᠶ ᠲᠦᠪ ᠬᠤᠲᠠᠳ᠎ᠢ ᠪᠤᠢᠵᠢᠭᠤᠯᠤᠨ ᠬᠥᠭ᠌ᠵᠢᠭᠦᠯᠵᠦ᠍᠂ ᠣᠷᠣᠨ ᠪᠦᠰᠡ ᠠᠯᠤᠰᠯᠠᠨ ᠬᠤᠯᠪᠣᠯᠳᠤᠭ᠍ᠰᠠᠨ ᠬᠡᠯᠪᠡᠷᠢ᠎ᠶ᠋ᠢᠨ ᠭᠠᠵᠠᠷ ᠣᠷᠣᠨ᠎ᠤ ᠲᠤᠯᠭᠠᠭᠤᠷᠢᠯᠠᠨ ᠳᠠᠢᠴᠢᠯᠠᠬᠤ ᠦᠢᠯᠡᠳᠦᠯ᠎ᠢ ᠨᠠᠩ ᠰᠠᠢᠨ ᠪᠠᠳᠠᠷᠠᠭᠤᠯᠤᠨ᠎ᠠ᠃ ᠵᠠᠰᠠᠭ ᠵᠠᠬᠢᠷᠭᠠᠨ᠎ᠤ ᠣᠷᠣᠨ ᠠᠯᠤᠰᠯᠠᠨ ᠬᠠᠮᠲᠤᠷᠠᠯᠴᠠᠬᠤ᠎ᠶ᠋ᠢ ᠭᠦᠨᠵᠡᠭᠡᠢᠷᠡᠭᠦᠯᠵᠦ᠍᠂ ᠣᠷᠣᠨ ᠪᠦᠰᠡ᠎ᠶ᠋ᠢᠨ ᠬᠤᠭᠤᠷᠣᠨᠳᠣ ᠲᠥᠯᠥᠪᠵᠢᠭᠦᠯᠭᠡ᠎ᠶ᠋ᠢ ᠨᠢᠭᠡᠳᠦᠯᠲᠡᠶ ᠲᠥᠯᠥᠪᠯᠡᠬᠦ᠂ ᠠᠵᠤ ᠦᠢᠯᠡᠰ᠎ᠤᠨ ᠲᠠᠯ᠎ᠠ᠎ᠪᠠᠷ ᠬᠠᠮᠵᠢᠯᠴᠠᠬᠤ᠂ ᠠᠱᠢᠭ ᠲᠤᠰᠠ᠎ᠶ᠋ᠢ ᠬᠠᠮᠲᠤ᠎ᠪᠠᠷ ᠡᠳ᠋ᠯᠡᠬᠦ᠌ ᠵᠡᠷᠭᠡ ᠲᠣᠭ᠍ᠲᠠᠴᠠ᠎ᠶ᠋ᠢ ᠪᠦᠷᠢᠨᠱᠢᠭᠦᠯᠵᠦ᠍᠂ ᠰᠠᠪᠠ ᠭᠠᠵᠠᠷ᠎ᠤᠨ ᠠᠵᠤ ᠠᠬᠤᠶ ᠵᠡᠷᠭᠡ ᠵᠠᠭ᠍ᠪᠤᠷ᠎ᠢ ᠥᠷᠭᠡᠳᠭᠡᠨ᠎ᠡ᠃

(30) ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢᠨ ᠬᠥᠭ᠌ᠵᠢᠯᠲᠡ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠦᠨ᠎ᠡ᠃ ᠪᠡᠶᠡᠴᠢ ᠴᠣᠭ᠍ᠴᠠ᠎ᠶ᠋ᠢᠨ ᠴᠢᠳᠠᠮᠵᠢᠳᠤ ᠣᠷᠣᠨ᠎ᠤ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠵᠢᠭᠦᠯᠦᠯᠲᠡ᠎ᠶ᠋ᠢ ᠴᠢᠩᠭᠠᠳᠭᠠᠵᠤ᠂ ᠬᠤᠲᠠᠴᠢᠯᠠᠭ᠍ᠰᠠᠨ ᠭᠠᠵᠠᠷ ᠣᠷᠣᠨ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠤᠤᠯ ᠭᠠᠷᠤᠯᠲᠠ᠎ᠶ᠋ᠢᠨ ᠣᠷᠣᠨ᠂ ᠭᠤᠤᠯᠳᠠᠯᠭ᠎ᠠ ᠲᠠᠢ ᠠᠮᠢ ᠠᠬᠤᠶ᠎ᠶ᠋ᠢᠨ ᠴᠢᠳᠠᠮᠵᠢᠳᠦ ᠣᠷᠣᠨ᠎ᠤ ᠪᠠᠢᠷᠢᠱᠢᠯ᠎ᠢ ᠶᠡᠷᠦᠩᠬᠡᠶ᠎ᠳᠡᠭᠡᠨ ᠲᠣᠭ᠍ᠲᠠᠭᠤᠨ ᠪᠠᠢᠯᠭᠠᠵᠤ᠂ ᠣᠨᠴᠠᠭᠠᠶ ᠴᠢᠳᠠᠮᠵᠢᠳᠦ ᠣᠷᠣᠨ᠎ᠢ ᠨᠠᠷᠢᠯᠢᠬ᠍ᠵᠢᠭᠤᠯᠦᠨ ᠲᠣᠳᠣᠷᠬᠠᠢᠯᠠᠵᠤ᠂ ᠳᠡᠮᠵᠢᠬᠦ᠌ ᠲᠦᠷᠦ᠍᠎ᠶ᠋ᠢᠨ ᠪᠤᠳᠤᠯᠭ᠎ᠠ ᠪᠠ ᠬᠢᠨᠠᠨ ᠱᠢᠯᠭᠠᠵᠤ ᠦᠨᠡᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠶ ᠠᠵᠤ ᠦᠢᠯᠡᠰ᠂ ᠡᠨᠧᠷᠭᠢ᠎ᠶ᠋ᠢᠨ ᠰᠤᠷᠪᠤᠯᠵᠢ ᠡᠬᠢ ᠪᠠᠶᠠᠯᠢᠭ᠎ᠤᠨ ᠰᠠᠭᠤᠷᠢᠨ ᠭᠠᠵᠠᠷ ᠵᠡᠷᠭᠡ᠎ᠶ᠋ᠢᠨ ᠪᠠᠢᠷᠢᠯᠠᠭᠤᠯᠤᠯᠳᠡ᠎ᠶ᠋ᠢ ᠱᠢᠯᠢᠳᠡᠭ᠌ᠵᠢᠭᠦᠯᠬᠦ᠌᠎ᠶ᠋ᠢ ᠠᠬᠢᠭᠤᠯᠤᠨ᠎ᠠ᠃ ᠤᠯᠤᠰ᠎ᠤᠨ ᠨᠤᠳᠤᠭ ᠲᠡᠪᠢᠰᠭᠡᠷ᠎ᠤᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠲᠠᠷᠢᠶᠠᠨ ᠭᠠᠵᠠᠷ ᠪᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠬᠤᠲᠠ ᠪᠠᠯᠭᠠᠰᠤᠨ᠎ᠤ ᠨᠡᠭᠡᠭᠡᠨ ᠠᠱᠢᠭ᠍ᠯᠠᠯᠳᠠ᠎ᠶ᠋ᠢᠨ ᠵᠠᠭᠠᠭ ᠬᠢᠵᠠᠭᠠᠷ ᠵᠡᠷᠭᠡ᠎ᠶ᠋ᠢᠨ ᠬᠢᠵᠠᠭᠠᠷᠯᠠᠬᠤ ᠱᠤᠭᠤᠮ᠎ᠢ ᠨᠠᠢᠳᠠᠪᠤᠷᠢᠵᠢᠭᠤᠯᠬᠤ ᠪᠠ ᠱᠢᠯᠢᠳᠡᠭ᠌ᠵᠢᠭᠦᠯᠵᠦ᠍᠂ ᠢᠯᠭᠠᠭᠠᠵᠢᠭᠤᠯᠤᠭ᠍ᠰᠠᠨ᠂ ᠨᠠᠷᠢᠯᠢᠬ᠍ᠵᠢᠭᠤᠯᠤᠭ᠍ᠰᠠᠨ ᠬᠡᠷᠡᠭ᠌ᠴᠡᠭᠡ᠎ᠶ᠋ᠢ ᠵᠠᠭᠢᠷᠤᠨ ᠬᠠᠮᠢᠶᠠᠷᠬᠤ᠎ᠶ᠋ᠢ ᠣᠷᠣᠨ ᠬᠤᠪᠢᠶᠠᠨ ᠲᠥᠷᠥᠯ ᠬᠤᠪᠢᠶᠠᠨ ᠬᠡᠷᠡᠭ᠌ᠵᠢᠭᠦᠯᠦᠨ᠎ᠡ᠃ ᠮᠤᠵᠢ᠎ᠶ᠋ᠢᠨ ᠱᠠᠲᠤᠨ᠎ᠤ ᠵᠠᠰᠠᠭ᠎ᠤᠨ ᠣᠷᠳᠣᠨ᠎ᠳᠤ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠨᠢᠭᠡᠳᠦᠯᠲᠡᠶ ᠲᠥᠯᠥᠪᠯᠡᠬᠦ᠌ ᠨᠠᠩ ᠶᠡᠭᠡ ᠡᠵᠡᠨ ᠮᠡᠳᠡᠬᠦ᠌ ᠡᠷᠬᠡ ᠣᠯᠭᠤᠵᠤ᠂ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠶᠡᠷᠦᠩᠬᠡᠶ ᠬᠡᠮᠵᠢᠶ᠎ᠡ᠎ᠶ᠋ᠢ ᠲᠥᠯᠥᠪᠵᠢᠭᠦᠯᠭᠡ᠎ᠶ᠋ᠢᠨ ᠬᠤᠭᠤᠴᠠᠭ᠎ᠠ᠎ᠪᠠᠷ ᠬᠠᠮᠢᠶᠠᠷᠤᠨ ᠡᠵᠡᠮᠳᠡᠬᠦ᠌ ᠵᠠᠭ᠍ᠪᠤᠷ᠎ᠢ ᠰᠦᠪᠡᠭ᠌ᠴᠢᠯᠡᠨ ᠬᠡᠷᠡᠭ᠌ᠵᠢᠭᠦᠯᠵᠦ᠍᠂ ᠬᠠᠳᠠᠭᠠᠯᠠᠯᠳᠡ ᠭᠠᠵᠠᠷ ᠪᠠ ᠨᠡᠮᠡᠭ᠌ᠳᠡᠯ ᠭᠠᠵᠠᠷ᠎ᠢ ᠨᠢᠭᠡᠳᠦᠯᠳᠡᠢ ᠲᠦᠯᠦᠪᠯᠡᠨ ᠶᠡᠷᠦᠩᠬᠡᠢᠯᠡᠨ ᠬᠠᠩᠭᠠᠬᠤ᠎ᠶ᠋ᠢ ᠬᠡᠷᠡᠭ᠌ᠵᠢᠭᠦᠯᠦᠨ᠎ᠡ᠃

(31) ᠬᠥᠮᠦᠨ᠎ᠢᠶᠠᠷ ᠦᠨᠳᠦᠰᠦ ᠪᠣᠯᠭᠠᠭ᠍ᠰᠠᠨ ᠱᠢᠨ᠎ᠡ ᠭᠡᠯᠪᠡᠷᠢ᠎ᠶ᠋ᠢᠨ ᠬᠤᠳᠠ ᠪᠠᠯᠭᠠᠰᠤᠵᠢᠯᠳᠠ᠎ᠶ᠋ᠢ ᠭᠦᠨᠵᠡᠭᠡᠢᠷᠡᠬᠦᠯᠦᠨ ᠠᠬᠢᠭᠤᠯᠤᠨ᠎ᠠ᠃ ᠲᠠᠷᠢᠶᠠᠯᠠᠩ᠎ᠠᠴᠠ ᠱᠢᠯᠵᠢᠭ᠌ᠰᠡᠨ ᠬᠥᠮᠦᠨ ᠠᠮᠠ᠎ᠶ᠋ᠢ ᠬᠤᠳᠠ᠎ᠶ᠋ᠢᠨ ᠠᠷᠠᠳ ᠪᠣᠯᠭᠠᠬᠤ᠎ᠶ᠋ᠢ ᠱᠢᠨᠵᠢᠯᠡᠬᠦ᠌ ᠤᠬᠠᠭᠠᠨᠴᠢ᠎ᠪᠠᠷ ᠡᠮᠬᠢ ᠵᠢᠷᠤᠮ᠎ᠲᠠᠢ᠎ᠪᠠᠷ ᠠᠬᠢᠭᠤᠯᠵᠤ᠂ ᠪᠠᠢᠩᠭᠤ ᠰᠠᠭᠤᠭ᠎ᠠ ᠭᠠᠵᠠᠷ᠎ᠠᠴᠠ ᠡᠷᠦᠬᠡ ᠠᠮᠠ ᠳᠠᠩᠰᠠᠯᠠᠭᠤᠯᠵᠤ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡ ᠬᠠᠩᠭᠠᠬᠤ ᠳᠦᠷᠢᠮ᠎ᠢ ᠬᠡᠷᠡᠭ᠌ᠵᠢᠭᠦᠯᠦᠨ᠎ᠡ᠃ ᠬᠡᠲᠦ ᠲᠣᠮᠣ ᠣᠨᠴᠠ ᠲᠤᠮᠤ ᠬᠤᠲᠠ᠎ᠶ᠋ᠢᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ᠂ ᠬᠤᠲᠠ᠎ᠶ᠋ᠢᠨ ᠪᠥᠭᠡᠭᠡᠨᠡᠷᠡᠯ᠎ᠢ ᠨᠢᠭᠡ ᠴᠣᠭ᠍ᠴᠠᠵᠢᠭᠤᠯᠬᠤ ᠪᠠ ᠶᠡᠭᠡ ᠬᠤᠲᠠ᠎ᠶ᠋ᠢᠨ ᠴᠠᠭᠠᠷᠢᠭ᠎ᠢ ᠨᠢᠭᠡ ᠬᠤᠲᠠᠴᠢᠯᠠᠬᠤ᠎ᠶ᠋ᠢ ᠲᠦᠷᠭᠡᠳᠭᠡᠵᠦ᠍᠂ ᠬᠤᠲᠠ᠎ᠶ᠋ᠢᠨ ᠬᠡᠪᠴᠢᠶ᠎ᠡ ᠪᠠ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠲᠤᠮᠤ ᠳᠤᠮᠳᠠ ᠵᠢᠵᠢᠭ ᠬᠤᠳᠠ ᠪᠠ ᠵᠢᠵᠢᠭ ᠬᠤᠲᠠ ᠪᠠᠯᠭᠠᠰᠤ᠎ᠶ᠋ᠢ ᠵᠣᠬᠢᠴᠠᠩᠭᠤᠶ᠎ᠪᠠᠷ ᠬᠥᠭ᠌ᠵᠢᠭᠦᠯᠬᠦ᠂ ᠡᠷᠴᠢᠮᠯᠢᠭ᠌ ᠠᠪᠴᠠᠯᠳᠤᠩᠭᠤᠢ ᠪᠠᠢᠷᠢᠯᠠᠭᠤᠯᠬᠤ᠎ᠶ᠋ᠢ ᠠᠬᠢᠭᠤᠯᠤᠨ᠎ᠠ᠃ ᠱᠢᠶᠠᠨ᠎ᠤ ᠬᠤᠲᠠ᠎ᠪᠠᠷ ᠴᠢᠬᠤᠯᠠ ᠠᠴᠢᠶᠠᠯᠠᠪᠤᠷᠢ ᠪᠣᠯᠭᠠᠭ᠍ᠰᠠᠨ ᠬᠤᠲᠠ ᠪᠠᠯᠭᠠᠰᠤᠵᠢᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠥᠷᠥᠯ ᠬᠤᠪᠢᠶᠠᠨ ᠠᠬᠢᠭᠤᠯᠵᠤ᠂ ᠠᠵᠤ ᠦᠢᠯᠡᠰ᠎ᠤᠨ ᠲᠤᠯᠭᠠᠭᠤᠷᠢᠯᠠᠬᠤ ᠴᠢᠳᠠᠪᠤᠷᠢ ᠪᠣᠯᠤᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠬᠤᠲᠠ᠎ᠶ᠋ᠢᠨ ᠠᠭᠤᠯᠤᠭ᠍ᠳᠠᠬᠤᠨ᠎ᠤ ᠭᠡᠯᠪᠡᠷᠢᠳᠦ ᠬᠥᠭ᠌ᠵᠢᠯᠲᠡ᠎ᠶ᠋ᠢ ᠪᠠᠷᠢᠮᠲᠠᠯᠠᠵᠤ᠂ ᠬᠤᠲᠠ᠎ᠶ᠋ᠢᠨ ᠱᠢᠨᠡᠴᠢᠯᠡᠯᠲᠡ᠎ᠶ᠋ᠢ ᠶᠡᠭᠡ᠎ᠪᠠᠷ ᠬᠡᠷᠡᠭ᠌ᠵᠢᠭᠦᠯᠵᠦ᠍᠂ ᠱᠢᠨ᠎ᠡ᠎ᠶ᠋ᠢ ᠡᠭᠦᠳᠬᠦ᠂ ᠣᠷᠣᠱᠢᠨ ᠰᠠᠭᠤᠬᠤ᠎ᠳᠤ ᠲᠣᠬᠢᠷᠠᠮᠵᠢᠲᠠᠶ᠂ ᠦᠵᠡᠰᠭᠦᠯᠡᠩᠲᠦ ᠰᠠᠢᠬᠠᠨ᠂ ᠤᠶᠠᠨ ᠬᠠᠳᠠᠨ ᠴᠢᠨᠠᠷᠳᠡᠢ᠂ ᠪᠣᠯᠪᠠᠰᠤᠨ᠂ ᠣᠶᠤᠨᠴᠢ ᠣᠳᠣᠬᠢᠴᠢᠯᠠᠭ᠍ᠰᠠᠨ ᠠᠷᠠᠳ ᠲᠦᠮᠡᠨ᠎ᠤ ᠬᠤᠲᠠ᠎ᠶ᠋ᠢ ᠪᠦᠲᠦᠭᠡᠨ ᠪᠠᠢᠭᠤᠯᠤᠨ᠎ᠠ᠃ ᠬᠢᠯᠢ᠎ᠶ᠋ᠢᠨ ᠬᠤᠲᠠ ᠪᠠᠯᠭᠠᠰᠤᠨ᠎ᠤ ᠪᠦᠲᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ᠃

(32) ᠲᠠᠯᠠᠢ ᠲᠠᠩᠭᠢᠰ᠎ᠢ ᠨᠡᠭᠡᠭᠡᠨ ᠠᠱᠢᠭ᠍ᠯᠠᠬᠤ ᠪᠠ ᠬᠠᠮᠠᠭᠠᠯᠠᠬᠤ᠎ᠶ᠋ᠢ ᠴᠢᠩᠭᠠᠳᠭᠠᠨ᠎ᠠ᠃ ᠡᠬᠡ ᠬᠠᠭᠤᠷᠠᠶ ᠪᠠ ᠳᠠᠯᠠᠢ ᠲᠠᠩᠭᠢᠰ᠎ᠢ ᠨᠢᠭᠡᠳᠦᠯᠲᠡᠶ ᠲᠥᠯᠥᠪᠯᠡᠬᠦ᠌᠎ᠶ᠋ᠢ ᠪᠠᠷᠢᠮᠲᠠᠯᠠᠵᠤ᠂ ᠳᠠᠯᠠᠢ ᠲᠠᠩᠭᠢᠰ᠎ᠢ ᠲᠦᠯᠦᠪᠯᠡᠨ ᠵᠠᠰᠠᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠳᠠᠯᠠᠢ ᠲᠠᠩᠭᠢᠰ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠳᠠᠯᠠᠢ ᠲᠠᠩᠭᠢᠰ᠎ᠤᠨ ᠬᠦᠴᠦᠷᠬᠡᠭ ᠤᠯᠤᠰ᠎ᠢ ᠲᠦᠷᠭᠡᠯᠡᠨ ᠪᠠᠢᠭᠤᠯᠤᠨ᠎ᠠ᠃ ᠳᠠᠯᠠᠶ ᠲᠠᠩᠭᠢᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠦ᠍᠂ ᠳᠠᠯᠠᠶ ᠲᠠᠩᠭᠢᠰ᠎ᠤᠨ ᠲᠣᠨᠣᠭ᠍ᠯᠠᠯ ᠦᠢᠯᠡᠳᠬᠦ᠌ ᠦᠢᠯᠡᠰ᠎ᠤᠨ ᠳᠠᠪᠠᠭᠤᠯᠢᠭ᠎ᠢ ᠪᠠᠬᠢᠵᠢᠭᠦᠯᠦᠨ ᠳᠡᠭᠡᠭ᠌ᠰᠢᠯᠡᠭᠦᠯᠵᠦ᠍᠂ ᠲᠠᠯᠠᠢ ᠲᠠᠩᠭᠢᠰ᠎ᠤᠨ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠢ ᠪᠤᠵᠠᠭᠠᠢᠷᠠᠭᠤᠯᠵᠤ᠂ ᠤᠳᠤ ᠦᠶ᠎ᠡ᠎ᠶ᠋ᠢᠨ ᠤᠰᠤᠨ ᠵᠠᠮ᠎ᠤᠨ ᠲᠡᠭᠡᠭᠡᠪᠦᠷᠢ᠎ᠶ᠋ᠢᠨ ᠦᠢᠯᠡᠴᠢᠯᠡᠭᠡᠨ᠎ᠤ ᠦᠢᠯᠡᠰ᠎ᠢ ᠬᠥᠭ᠌ᠵᠢᠭᠦᠯᠦᠨ᠎ᠡ᠃ ᠳᠠᠯᠠᠢ ᠲᠠᠩᠭᠢᠰ᠎ᠤᠨ ᠪᠠᠢᠴᠠᠭᠠᠯᠲᠠ ᠪᠠ ᠠᠵᠢᠭ᠍ᠯᠠᠯᠲᠠ ᠬᠢᠨᠠᠨ ᠬᠡᠮᠵᠢᠯᠲᠡ᠎ᠶ᠋ᠢ ᠬᠡᠷᠡᠭ᠌ᠵᠢᠭᠦᠯᠵᠦ᠍᠂ ᠲᠠᠯᠠᠢ ᠲᠠᠩᠭᠢᠰ᠎ᠤᠨ ᠡᠨᠧᠷᠭᠢ᠎ᠶ᠋ᠢᠨ ᠰᠤᠷᠪᠤᠯᠵᠢ ᠡᠬᠢ ᠪᠠᠶᠠᠯᠢᠭ ᠪᠠ ᠲᠠᠯᠠᠢ᠎ᠶ᠋ᠢᠨ ᠣᠷᠣᠨ ᠲᠠᠯᠠᠢ᠎ᠶ᠋ᠢᠨ ᠠᠷᠠᠯ᠎ᠢ ᠨᠡᠭᠡᠭᠡᠨ ᠠᠱᠢᠭ᠍ᠯᠠᠬᠤ᠎ᠶ᠋ᠢ ᠠᠬᠢᠭᠤᠯᠵᠤ᠂ ᠭᠤᠤᠯᠳᠠᠯᠭ᠎ᠠ ᠲᠠᠢ ᠲᠠᠯᠠᠢ᠎ᠶ᠋ᠢᠨ ᠣᠷᠣᠨ᠎ᠤ ᠠᠮᠢ ᠠᠬᠤᠶ᠎ᠶ᠋ᠢᠨ ᠣᠷᠴᠢᠨ ᠨᠦᠭᠦᠴᠡᠯ᠎ᠢ ᠬᠠᠮᠠᠭᠠᠯᠠᠵᠤ ᠵᠠᠰᠠᠨ ᠰᠡᠷᠭᠦᠭᠡᠬᠦ᠌᠎ᠶ᠋ᠢ ᠴᠢᠩᠭᠠᠳᠭᠠᠨ᠎ᠠ᠃ ᠭᠦᠨ ᠳᠠᠯᠠᠢ ᠲᠦᠢᠯ᠎ᠤᠨ ᠣᠷᠣᠨ᠎ᠤ ᠱᠢᠨᠵᠢᠯᠡᠨ ᠪᠠᠢᠴᠠᠭᠠᠯᠳᠡ᠎ᠶ᠋ᠢ ᠲᠤᠯᠭᠠᠭᠤᠷᠢᠯᠠᠬᠤ ᠪᠠ ᠪᠠᠲᠤᠯᠠᠬᠤ ᠱᠢᠰᠲ᠋ᠧᠮ᠎ᠢ ᠴᠢᠩᠭᠠᠳᠭᠠᠨ᠎ᠠ᠃ ᠳᠠᠯᠠᠢ ᠲᠠᠩᠭᠢᠰ᠎ᠤᠨ ᠡᠷᠬᠡ ᠠᠱᠢᠭ ᠪᠠ ᠠᠮᠤᠷ ᠲᠦᠪᠱᠢᠨ᠎ᠢ ᠡᠷᠡᠰ ᠬᠠᠮᠠᠭᠠᠯᠠᠵᠤ᠂ ᠳᠠᠯᠠᠢ ᠲᠡᠭᠡᠷ᠎ᠡ ᠬᠠᠤᠯᠢ ᠬᠡᠷᠡᠭ᠌ᠵᠢᠭᠦᠯᠬᠦ᠌ ᠪᠠ ᠳᠠᠯᠠᠢ᠎ᠶ᠋ᠢᠨ ᠶᠠᠪᠤᠳᠠᠯ᠎ᠤᠨ ᠬᠠᠤᠯᠢ ᠪᠠᠷᠢᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃

ᠠᠷᠪᠠ᠂ ᠪᠦᠬᠦ᠌ ᠦᠨᠳᠦᠰᠦᠲᠡᠨ᠎ᠤ ᠰᠣᠶᠣᠯ᠎ᠤᠨ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠨᠡᠢᠬᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠦᠨ᠎ᠡ

ᠰᠣᠶᠣᠯ᠎ᠤᠨ ᠴᠡᠴᠡᠭ᠌ᠯᠡᠯ ᠬᠥᠭ᠌ᠵᠢᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠴᠢᠬᠤᠯᠠ ᠪᠡᠯᠭᠡ ᠲᠡᠮᠳᠡᠭ ᠮᠦᠨ᠃ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠠᠬᠢ ᠮᠠᠷᠺᠰ᠎ᠤᠨ ᠦᠵᠡᠯ᠎ᠤᠨ ᠵᠢᠯᠣᠭᠤᠳᠭᠤ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ᠎ᠶ᠋ᠢᠨ ᠪᠣᠯᠪᠠᠰᠤᠨ᠎ᠳᠤ ᠦᠨᠳᠦᠰᠦᠯᠡᠨ᠂ ᠮᠡᠳᠡᠭᠡ ᠵᠠᠩᠭᠢ᠎ᠶ᠋ᠢᠨ ᠮᠡᠷᠭᠡᠵᠢᠯ᠎ᠤᠨ ᠬᠥᠭ᠌ᠵᠢᠯᠲᠡ᠎ᠶ᠋ᠢᠨ ᠤᠷᠤᠰᠭᠠᠯ᠎ᠢ ᠳᠠᠭᠠᠵᠤ᠂ ᠬᠦᠴᠦᠷᠬᠡᠭ ᠶᠡᠭᠡ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠣᠶᠤᠨ ᠰᠠᠨᠠᠭᠠᠨ᠎ᠤ ᠨᠢᠭ᠍ᠲᠠᠷᠠᠭᠤᠯᠬᠤ ᠬᠦᠴᠦᠨ᠂ ᠥᠷᠲᠡᠭ᠎ᠤᠨ ᠤᠷᠢᠶᠠᠯᠠᠬᠤ ᠬᠦᠴᠦᠨ᠂ ᠳᠡᠯᠡᠬᠡᠶ ᠳᠡᠬᠡᠷ᠎ᠡ ᠨᠥᠯᠥᠭᠡᠯᠡᠬᠦ᠌ ᠬᠦᠴᠦᠨ ᠪᠦᠬᠦᠢ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠰᠣᠶᠣᠯ᠎ᠢ ᠬᠥᠭ᠌ᠵᠢᠭᠦᠯᠵᠦ᠍᠂ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ᠃

(33) ᠨᠡᠢᠭᠡᠮ ᠵᠢᠷᠤᠮ᠎ᠤᠨ ᠭᠤᠤᠯᠯᠠᠬᠤ ᠦᠷᠳᠡᠭ᠎ᠤᠨ ᠦᠵᠡᠯᠲᠡ᠎ᠶ᠋ᠢ ᠪᠠᠳᠠᠷᠠᠭᠤᠯᠤᠨ ᠦᠢᠯᠡᠳᠦᠯᠭᠡᠵᠢᠭᠦᠯᠦᠨ᠎ᠡ᠃ ᠨᠠᠮ᠎ᠤᠨ ᠱᠢᠨ᠎ᠡ ᠡᠭᠦᠳᠦᠯᠳᠡ᠎ᠶ᠋ᠢᠨ ᠤᠨᠤᠯ᠎ᠤᠨ ᠰᠤᠷᠤᠯᠴᠠᠯᠭ᠎ᠠ ᠪᠠ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠵᠦ᠍᠂ ᠰᠢ᠎ᠵᠢᠨ᠎ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠭᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ ᠰᠠᠨᠠᠭ᠎ᠠ᠎ᠶ᠋ᠢ ᠨᠢᠬ᠍ᠳᠠᠷᠠᠭᠤᠯᠤᠨ ᠰᠦᠭ ᠰᠦᠯᠳᠡ᠎ᠶ᠋ᠢ ᠪᠣᠰᠭᠠᠬᠤ᠎ᠶ᠋ᠢ ᠴᠥᠬᠦᠷᠡᠰᠢ ᠥᠬᠡᠶ ᠪᠠᠷᠢᠮᠲᠠᠯᠠᠨ᠎ᠠ᠃ ᠮᠠᠷᠺᠰ᠎ᠤᠨ ᠦᠵᠡᠯ᠎ᠤᠨ ᠤᠨᠤᠯ᠎ᠤᠨ ᠰᠤᠳᠤᠯᠭᠠᠨ ᠪᠠ ᠪᠠᠢᠭᠤᠯᠤᠯᠲᠠ᠎ᠶ᠋ᠢᠨ ᠢᠨᠵᠧᠨᠧᠷᠢᠩ᠎ᠢ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ ᠳᠤᠮᠳᠠᠳᠤ ᠤᠯᠤᠰ᠎ᠤᠨ ᠭᠦᠨ ᠤᠬᠠᠭᠠᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠪᠡᠶ᠎ᠡ᠎ᠪᠠᠨ ᠳᠠᠭᠠᠭᠠᠭ᠍ᠰᠠᠨ ᠮᠡᠳᠡᠯᠭᠡ᠎ᠶ᠋ᠢᠨ ᠱᠢᠰᠲ᠋ᠧᠮ᠎ᠢ ᠲᠦᠷᠭᠡᠯᠡᠨ ᠪᠠᠢᠭᠤᠯᠤᠨ᠎ᠠ᠃ ᠨᠡᠢᠭᠡᠮ ᠵᠢᠷᠤᠮ᠎ᠤᠨ ᠭᠤᠣᠯᠯᠠᠬᠤ ᠥᠷᠲᠡᠭ᠎ᠤᠨ ᠦᠵᠡᠯᠲᠡ᠎ᠪᠠᠷ ᠰᠣᠶᠣᠯ᠎ᠤᠨ ᠪᠠᠢᠭᠤᠯᠤᠯᠲᠠ᠎ᠶ᠋ᠢ ᠬᠥᠲᠥᠯᠥᠨ ᠲᠠᠭᠠᠭᠤᠯᠵᠦ᠍᠂ ᠰᠣᠶᠣᠯ᠎ᠤᠨ ᠵᠣᠷᠢᠭ ᠰᠠᠨᠠᠭ᠎ᠠ᠎ᠶ᠋ᠢ ᠬᠥᠮᠦᠵᠢᠭᠦᠯᠬᠦ᠂ ᠦᠵᠡᠯ ᠰᠡᠳᠭᠢᠯᠭᠡ᠎ᠶ᠋ᠢ ᠪᠤᠢᠵᠢᠭᠤᠯᠬᠤ ᠦᠢᠯᠡᠳᠦᠯ᠎ᠢ ᠪᠠᠳᠠᠷᠠᠭᠤᠯᠵᠤ᠂ ᠪᠦᠬᠦ᠌ ᠦᠨᠳᠦᠰᠦᠲᠡᠨ᠎ᠤ ᠤᠷᠮ᠎ᠠ ᠵᠤᠷᠢᠭ ᠪᠠᠳᠠᠷᠠᠩᠭᠤᠢ ᠵᠣᠷᠢᠭ ᠰᠠᠨᠠᠭᠠᠨ᠎ᠤ ᠴᠤᠭ ᠵᠢᠪᠬᠤᠭ᠎ᠠ᠎ᠶ᠋ᠢ ᠬᠠᠳᠠᠭᠠᠯᠠᠨ᠎ᠠ᠃ ᠦᠨᠡᠨᠴᠢ ᠢᠲᠡᠭᠡᠮᠵᠢ᠎ᠶ᠋ᠢᠨ ᠰᠣᠶᠣᠯ᠂ ᠠᠷᠢᠭᠤᠨ ᠴᠢᠬᠡᠴᠢ᠎ᠶ᠋ᠢᠨ ᠰᠣᠶᠣᠯ᠎ᠢ ᠪᠠᠳᠠᠷᠠᠭᠤᠯᠤᠨ᠎ᠠ᠃ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠰᠤᠷᠭᠠᠭᠤᠯᠢ᠎ᠶ᠋ᠢᠨ ᠬᠦᠷᠢᠶᠡᠨ᠎ᠤ ᠰᠣᠶᠣᠯ᠎ᠤᠨ ᠪᠠᠢᠭᠤᠯᠤᠯᠲᠠ᠎ᠶ᠋ᠢ ᠠᠬᠢᠭᠤᠯᠵᠤ᠂ ᠬᠤᠪᠢᠰᠭᠠᠯ᠎ᠤᠨ ᠡᠬᠢ ᠪᠠᠶᠠᠯᠢᠭ᠎ᠢ ᠰᠠᠢᠲᠤᠷ ᠠᠱᠢᠭ᠍ᠯᠠᠨ᠂ ᠵᠠᠯᠠᠭᠤᠴᠤᠳ ᠪᠠᠭᠠᠴᠤᠳ᠎ᠤᠨ ᠬᠦᠰᠡᠯᠡᠩ ᠢᠲᠡᠭᠡᠯ ᠵᠤᠷᠢᠭ᠎ᠤᠨ ᠬᠥᠮᠦᠵᠢᠯ᠎ᠢ ᠴᠢᠩᠭᠠᠳᠭᠠᠨ᠎ᠠ᠃ ᠬᠤᠳᠠ ᠬᠥᠳᠡᠭᠡ᠎ᠶ᠋ᠢᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠷᠠᠳ ᠲᠦᠮᠡᠨ᠎ᠤ ᠪᠣᠯᠪᠠᠰᠤᠨ᠎ᠤ ᠬᠡᠪ ᠪᠣᠯᠪᠠᠰᠤᠷᠠᠯ ᠪᠠ ᠨᠡᠢᠭᠡᠮ᠎ᠤᠨ ᠪᠣᠯᠪᠠᠰᠤᠨ᠎ᠤ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠰᠦᠯᠵᠢᠶᠡᠨ᠎ᠤ ᠠᠭᠤᠯᠭ᠎ᠠ᠎ᠶ᠋ᠢᠨ ᠪᠠᠢᠭᠤᠯᠤᠯᠲᠠ ᠪᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠮᠡᠳᠡᠭᠡ ᠵᠠᠩᠭᠢᠴᠢᠯᠠᠯᠳᠠ᠎ᠶ᠋ᠢᠨ ᠨᠥᠬᠦᠴᠡᠯ ᠳᠣᠤᠷᠠᠬᠢ ᠰᠣᠶᠣᠯ᠎ᠤᠨ ᠬᠦᠷᠢᠶᠡᠨ᠎ᠤ ᠵᠠᠰᠠᠯᠳᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃

(34) ᠰᠣᠶᠣᠯ᠎ᠤᠨ ᠠᠵᠢᠯ ᠦᠢᠯᠡᠰ᠎ᠢ ᠶᠡᠭᠡ᠎ᠪᠠᠷ ᠴᠡᠴᠡᠭ᠌ᠯᠡᠭᠦᠯᠦᠨ᠎ᠡ᠃ ᠰᠠᠢᠨ ᠰᠠᠢᠬᠠᠨ ᠰᠣᠶᠣᠯ᠎ᠤᠨ ᠠᠮᠢ ᠠᠬᠤᠶ᠎ᠶ᠋ᠢ ᠪᠤᠢ ᠪᠣᠯᠭᠠᠵᠤ᠂ ᠰᠣᠶᠣᠯ᠎ᠤᠨ ᠤᠤᠭᠠᠯ ᠡᠭᠦᠳᠦᠯᠲᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠭ᠎ᠠ ᠵᠣᠬᠢᠶᠠᠯ ᠤᠷᠠᠯᠢᠭ ᠵᠡᠷᠭᠡ ᠬᠦᠷᠢᠶᠡᠨ᠎ᠳᠠᠬᠢ ᠰᠣᠳᠣᠨ ᠪᠦᠲᠦᠭᠡᠯ᠎ᠤᠨ ᠵᠣᠬᠢᠶᠠᠨ ᠪᠦᠲᠦᠭᠡᠯᠭᠡ᠎ᠶ᠋ᠢ ᠠᠬᠢᠭᠤᠯᠤᠨ᠎ᠠ᠃ ᠬᠡᠪᠴᠢᠶ᠎ᠡ ᠨᠢ ᠠᠤᠭ᠎ᠠ ᠶᠡᠭᠡ᠂ ᠪᠦᠲᠦᠴᠡ ᠨᠢ ᠵᠦᠶ ᠵᠣᠬᠢᠰᠲᠠᠶ᠂ ᠵᠤᠷᠢᠭ᠍ᠳᠠᠢ᠎ᠪᠠᠷ ᠱᠢᠨ᠎ᠡ᠎ᠶ᠋ᠢ ᠡᠭᠦᠳᠬᠦ᠌ ᠥᠨᠳᠥᠷ ᠲᠦᠪᠱᠢᠨ ᠪᠦᠭᠦᠢ ᠰᠣᠶᠣᠯ᠎ᠤᠨ ᠴᠢᠳᠠᠪᠤᠷᠢᠲᠠᠨ᠎ᠤ ᠡᠩᠨᠡᠭᠡ᠎ᠶ᠋ᠢ ᠪᠤᠢᠵᠢᠭᠤᠯᠤᠨ ᠪᠤᠢ ᠪᠣᠯᠭᠠᠨ᠎ᠠ᠃ ᠤᠯᠠᠨ ᠲᠦᠮᠡᠨᠴᠢ ᠴᠢᠨᠠᠷᠲᠠᠶ ᠰᠣᠶᠣᠯ᠎ᠤᠨ ᠠᠵᠢᠯᠯᠠᠭ᠎ᠠ᠎ᠶ᠋ᠢ ᠥᠷᠭᠡᠨ᠎ᠢᠶᠠᠷ ᠥᠷᠨᠢᠭᠦᠯᠵᠦ᠍᠂ ᠢᠨᠲ᠋ᠧᠷ ᠰᠦᠯᠵᠢᠶᠡᠨ᠎ᠤ ᠨᠥᠬᠦᠴᠡᠯ ᠳᠣᠤᠷᠠᠭᠢ ᠱᠢᠨ᠎ᠡ ᠤᠯᠠᠨ ᠲᠦᠮᠡᠨᠴᠢ ᠤᠳᠭ᠎ᠠ ᠤᠷᠠᠯᠢᠭ᠎ᠢ ᠴᠡᠴᠡᠭ᠌ᠯᠡᠭᠦᠯᠦᠨ᠎ᠡ᠃ ᠭᠤᠤᠯ ᠤᠷᠤᠰᠭᠠᠯ᠎ᠤᠨ ᠵᠠᠭᠤᠴᠢᠯᠠᠭᠤᠷ᠎ᠤᠨ ᠱᠢᠰᠲ᠋ᠧᠮᠲᠦ ᠴᠢᠨᠠᠷᠲᠠᠶ ᠬᠤᠪᠢᠰᠤᠯᠲᠠ᠎ᠶ᠋ᠢ ᠭᠦᠨᠵᠡᠭᠡᠢᠷᠡᠭᠦᠯᠵᠦ᠍᠂ ᠰᠤᠨᠢᠨ ᠮᠡᠳᠡᠭᠡᠨ᠎ᠤ ᠤᠬᠠᠭᠤᠯᠭ᠎ᠠ ᠪᠠ ᠰᠦᠯᠵᠢᠶᠡᠨ᠎ᠤ ᠶᠠᠷᠢᠶ᠎ᠠ ᠬᠡᠯᠡᠯᠴᠡᠭᠡ᠎ᠶ᠋ᠢ ᠨᠢᠬᠡ ᠴᠤᠭ᠍ᠴᠠᠵᠢᠭᠤᠯᠤᠨ ᠬᠠᠮᠢᠶᠠᠷᠬᠤ᠎ᠶ᠋ᠢ ᠠᠬᠢᠭᠤᠯᠤᠨ᠂ ᠭᠤᠤᠯ ᠤᠷᠤᠰᠭᠠᠯ᠎ᠤᠨ ᠶᠠᠷᠢᠶ᠎ᠠ ᠬᠡᠯᠡᠯᠴᠡᠭᠡᠨ᠎ᠤ ᠬᠥᠲᠥᠯᠥᠨ ᠵᠢᠯᠣᠭᠤᠳᠭᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭ᠌ᠵᠢᠭᠦᠯᠬᠦ᠌ ᠢᠨᠵᠧᠨᠧᠷᠢᠩ᠎ᠢ ᠭᠦᠨᠵᠡᠭᠡᠢᠷᠡᠬᠦᠯᠦᠨ ᠬᠡᠷᠡᠭ᠌ᠵᠢᠭᠦᠯᠵᠦ᠍᠂ ᠰᠣᠶᠣᠯ᠎ᠤᠨ ᠥᠪ᠎ᠢ ᠱᠢᠰᠲ᠋ᠧᠮᠳᠦ ᠴᠢᠨᠠᠷᠲᠠᠶ ᠬᠠᠮᠠᠭᠠᠯᠠᠬᠤ ᠪᠠ ᠨᠢᠭᠡᠳᠦᠯᠲᠡᠶ ᠬᠢᠨᠠᠨ ᠬᠠᠮᠢᠶᠠᠷᠴᠤ᠌ ᠱᠢᠪᠠᠳᠠᠨ ᠪᠠᠢᠴᠠᠭᠠᠬᠤ᠎ᠶ᠋ᠢ ᠠᠬᠢᠭᠤᠯᠵᠤ᠂ ᠲᠡᠤᠬᠡ ᠰᠣᠶᠣᠯ᠎ᠤᠨ ᠨᠡᠷᠡᠳᠦ ᠬᠤᠳᠠ᠂ ᠵᠡᠭᠡᠯᠢ ᠲᠣᠭᠤᠷᠢᠭ᠂ ᠲᠣᠰᠭᠤᠨ ᠪᠠᠯᠭᠠᠰᠤ᠎ᠶ᠋ᠢ ᠪᠦᠲᠦᠮᠵᠢᠲᠡᠶ ᠬᠠᠮᠠᠭᠠᠯᠠᠬᠤ ᠪᠠ ᠠᠮᠢᠳᠤ ᠲᠦᠯᠦᠪ᠎ᠢᠶᠠᠷ ᠤᠯᠠᠮᠵᠢᠯᠠᠨ ᠵᠠᠯᠭᠠᠮᠵᠢᠯᠠᠬᠤ᠎ᠶ᠋ᠢ ᠴᠢᠩᠭᠠᠳᠭᠠᠨ᠎ᠠ᠃ ᠤᠯᠤᠰ᠎ᠤᠨ ᠰᠣᠶᠣᠯ᠎ᠤᠨ ᠴᠡᠴᠡᠷᠯᠢᠭ᠎ᠢ ᠰᠠᠢᠲᠤᠷ ᠪᠦᠳᠦᠭᠡᠨ ᠪᠠᠢᠭᠤᠯᠵᠤ ᠰᠠᠢᠲᠤᠷ ᠠᠱᠢᠭ᠍ᠯᠠᠨ᠎ᠠ᠃ ᠳᠤᠮᠳᠠᠳᠤ᠎ᠶ᠋ᠢᠨ ᠪᠣᠯᠪᠠᠰᠤᠨ᠎ᠤ ᠢᠯᠡᠳᠭᠡᠮᠵᠢ ᠲᠡᠮᠳᠡᠭ᠎ᠤᠨ ᠱᠢᠰᠲ᠋ᠧᠮ᠎ᠢ ᠪᠠᠢᠭᠤᠯᠤᠨ᠎ᠠ᠃ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌᠎ᠶ᠋ᠢ ᠪᠠᠷᠢᠮᠲᠠᠯᠠᠵᠤ᠂ ᠣᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠤ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠪᠢᠴᠢᠭ ᠨᠤᠮ᠎ᠢ ᠡᠷᠭᠢᠮᠯᠡᠬᠦ᠌ ᠨᠡᠢᠭᠡᠮ᠎ᠤᠨ ᠪᠠᠢᠭᠤᠯᠤᠯᠲᠠ᠎ᠶ᠋ᠢ ᠠᠬᠢᠭᠤᠯᠤᠨ᠎ᠠ᠃ ᠤᠯᠠᠨ ᠲᠦᠮᠡᠨ᠎ᠤ ᠪᠡᠶ᠎ᠡ᠎ᠶ᠋ᠢᠨ ᠲᠠᠮᠢᠷ ᠪᠠ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠲᠦᠷᠭᠡᠯᠡᠨ ᠪᠠᠢᠭᠤᠯᠤᠨ᠎ᠠ᠃

(35) ᠰᠣᠶᠣᠯ᠎ᠤᠨ ᠠᠵᠤ ᠦᠢᠯᠡᠰ᠎ᠢ ᠲᠦᠷᠭᠡᠯᠡᠨ ᠬᠥᠭ᠌ᠵᠢᠭᠦᠯᠦᠨ᠎ᠡ᠃ ᠰᠣᠶᠣᠯ᠎ᠤᠨ ᠬᠠᠮᠢᠶᠠᠷᠤᠯᠲᠠ᠎ᠶ᠋ᠢᠨ ᠪᠠᠢᠭᠤᠯᠤᠯ ᠪᠠ ᠦᠢᠯᠡᠳᠪᠦᠷᠢᠯᠡᠯ ᠡᠵᠡᠩᠨᠡᠯᠲᠡ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠰᠣᠶᠣᠯ᠎ᠤᠨ ᠠᠵᠤ ᠦᠢᠯᠡᠰ᠎ᠤᠨ ᠱᠢᠰᠲ᠋ᠧᠮ ᠪᠠ ᠵᠠᠬ᠎ᠠ ᠳᠡᠯᠭᠡᠭᠦᠷ᠎ᠤᠨ ᠱᠢᠰᠲ᠋ᠧᠮ᠎ᠢ ᠪᠦᠷᠢᠨᠱᠢᠭᠦᠯᠵᠦ᠍᠂ ᠱᠢᠯᠢᠳᠡᠭ ᠰᠣᠶᠣᠯ᠎ᠤᠨ ᠠᠵᠤ ᠠᠬᠤᠢᠯᠠᠯ ᠪᠠ ᠨᠡᠷᠡᠲᠦ ᠲᠡᠮᠳᠡᠭ᠎ᠢ ᠪᠤᠢᠵᠢᠭᠤᠯᠤᠨ᠂ ᠴᠢᠬᠤᠯᠠ ᠶᠡᠭᠡ ᠰᠣᠶᠣᠯ᠎ᠤᠨ ᠠᠵᠤ ᠦᠢᠯᠡᠰ᠎ᠤᠨ ᠲᠥᠰᠦᠯ᠎ᠢᠶᠠᠷ ᠳᠠᠢᠴᠢᠯᠠᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠰᠣᠶᠣᠯ᠎ᠤᠨ ᠠᠵᠤ ᠠᠬᠤᠢ᠎ᠶ᠋ᠢᠨ ᠢᠳᠡᠪᠬᠢᠲᠡᠢ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠨ᠎ᠡ᠃ ᠰᠣᠶᠣᠯ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠭᠤᠰᠤᠯᠴᠠᠯ᠎ᠢ ᠠᠬᠢᠭᠤᠯᠵᠤ᠂ ᠰᠣᠶᠣᠯ᠎ᠤᠨ ᠪᠠᠢᠭᠤᠯᠤᠯᠲᠠ᠎ᠳᠤ ᠳ᠋ᠢᠵᠢᠲ᠋ᠠᠯᠴᠢᠯᠠᠨ ᠤᠶᠤᠨᠴᠢᠯᠠᠨ ᠡᠨᠧᠷᠭᠢ ᠣᠯᠭᠤᠬᠤ᠂ ᠰᠣᠶᠣᠯ᠎ᠤᠨ ᠪᠠᠢᠭᠤᠯᠤᠯᠲᠠ᠎ᠶ᠋ᠢᠨ ᠮᠡᠳᠡᠭᠡ ᠵᠠᠩᠭᠢᠴᠢᠯᠡᠯᠳᠡ ᠲᠠᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠵᠤ᠂ ᠱᠢᠨ᠎ᠡ ᠮᠠᠶᠢᠭ᠎ᠤᠨ ᠰᠣᠶᠣᠯ᠎ᠤᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠬᠥᠭ᠌ᠵᠢᠭᠦᠯᠦᠨ᠎ᠡ᠃ ᠰᠦᠯᠵᠢᠶᠡᠨ᠎ᠤ ᠤᠳᠭ᠎ᠠ ᠵᠣᠬᠢᠶᠠᠯ᠂ ᠰᠦᠯᠵᠢᠶᠡᠨ᠎ᠤ ᠲᠣᠭ᠍ᠯᠠᠭᠠᠮ᠂ ᠰᠦᠯᠵᠢᠶᠡᠨ᠎ᠤ ᠲᠦᠷᠰᠦ ᠳᠠᠭᠤ ᠪᠢᠴᠢᠯᠬᠡ ᠵᠡᠷᠭᠡ᠎ᠶ᠋ᠢᠨ ᠡᠷᠡᠭᠦᠯ᠎ᠢᠶᠠᠷ ᠬᠥᠭ᠌ᠵᠢᠬᠦ᠌᠎ᠶ᠋ᠢ ᠬᠥᠲᠥᠯᠥᠨ ᠵᠢᠯᠣᠭᠤᠳᠴᠤ᠌ ᠵᠢᠷᠤᠮᠵᠢᠭᠤᠯᠤᠨ᠂ ᠨᠠᠰᠤᠨ᠎ᠳᠤ ᠦᠯᠦ᠍ ᠬᠦᠷᠦᠭ᠌ᠰᠡᠳ᠎ᠤᠨ ᠰᠦᠯᠵᠢᠶᠡᠨ᠎ᠤ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠵᠢᠭᠤᠯᠴᠢᠯᠠᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠴᠢᠨᠠᠷ ᠰᠠᠢᠲᠠᠶ ᠵᠢᠭᠤᠯᠴᠢᠯᠠᠯ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢ ᠪᠠᠶᠠᠯᠢᠬ᠍ᠵᠢᠭᠤᠯᠵᠤ᠂ ᠵᠢᠭᠤᠯᠴᠢᠯᠠᠯ᠎ᠤᠨ ᠦᠢᠯᠡᠴᠢᠯᠡᠭᠡᠨ᠎ᠤ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ᠎ᠡ᠃ ᠬᠢᠯᠢ᠎ᠪᠠᠷ ᠣᠷᠣᠵᠤ ᠢᠷᠡᠬᠡᠳ ᠵᠢᠭᠤᠯᠴᠢᠯᠠᠬᠤ᠎ᠶ᠋ᠢᠨ ᠲᠦᠳᠡᠴᠢᠯᠡᠯᠳᠡ ᠪᠠ ᠲᠡᠯᠡᠭᠡᠢᠴᠢᠯᠡᠯᠳᠡ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠦᠢᠯᠡᠰ᠎ᠢ ᠶᠡᠭᠡ᠎ᠪᠠᠷ ᠬᠥᠭ᠌ᠵᠢᠭᠦᠯᠵᠦ᠍᠂ ᠰᠣᠶᠣᠯ᠎ᠢᠶᠠᠷ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠡᠨᠧᠷᠭᠢ ᠣᠯᠭᠤᠨ᠎ᠠ᠃

(36) ᠳᠤᠮᠳᠠᠳᠤ᠎ᠶ᠋ᠢᠨ ᠪᠣᠯᠪᠠᠰᠤᠨ᠎ᠤ ᠤᠯᠠᠮᠵᠢᠯᠠᠨ ᠲᠠᠷᠬᠠᠭᠠᠬᠤ ᠬᠦᠴᠦᠨ ᠪᠠ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠦᠨ᠎ᠡ᠃ ᠣᠯᠠᠨ ᠤᠯᠤᠰ᠎ᠲᠤ ᠤᠯᠠᠮᠵᠢᠯᠠᠨ ᠲᠠᠷᠬᠠᠭᠠᠬᠤ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠤᠯᠠᠮᠵᠢᠯᠠᠨ ᠲᠠᠷᠬᠠᠭᠠᠬᠤ ᠠᠴᠢᠶᠠᠯᠠᠪᠤᠷᠢ ᠪᠠ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠴᠦ᠍᠂ ᠭᠤᠤᠯᠳᠠᠯᠭ᠎ᠠ ᠲᠠᠢ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠭᠤᠤᠯ ᠤᠷᠤᠰᠭᠠᠯ᠎ᠤᠨ ᠵᠠᠭᠤᠴᠢᠯᠠᠭᠤᠷ᠎ᠤᠨ ᠤᠯᠠᠨ ᠤᠯᠤᠰ᠎ᠲᠤ ᠤᠯᠠᠮᠵᠢᠯᠠᠨ ᠲᠠᠷᠬᠠᠭᠠᠬᠤ ᠴᠢᠳᠠᠪᠤᠷᠢ᠎ᠶ᠋ᠢ ᠴᠢᠩᠭᠠᠳᠭᠠᠵᠦ᠍᠂ ᠳᠡᠯᠡᠬᠡᠢ ᠳᠡᠭᠡᠷᠡᠬᠢ ᠦᠭᠦᠯᠡᠬᠦ᠌ ᠡᠷᠬᠡ᠎ᠪᠠᠨ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠂ ᠳᠤᠮᠳᠠᠳᠤ ᠤᠯᠤᠰ᠎ᠤᠨ ᠦᠯᠢᠭᠡᠷ᠎ᠢ ᠰᠠᠢᠬᠠᠨ ᠶᠠᠷᠢᠵᠤ᠂ ᠢᠲᠡᠭᠡᠮᠵᠢᠲᠡᠢ᠂ ᠬᠠᠢᠷᠠᠯᠠᠯᠲᠠᠢ᠂ ᠬᠦᠨᠳᠦᠳᠭᠡᠭᠦᠱᠢᠲᠡᠢ ᠳᠤᠮᠳᠠᠳᠤ ᠤᠯᠤᠰ᠎ᠤᠨ ᠲᠦᠷᠢ ᠲᠥᠷᠬᠦ᠌᠎ᠶ᠋ᠢ ᠢᠯᠡᠷᠡᠭᠦᠯᠦᠨ᠎ᠡ᠃ ᠣᠷᠣᠨ ᠪᠦᠰᠡ ᠪᠠ ᠤᠯᠤᠰ᠎ᠤᠨ ᠢᠯᠭᠠᠯ᠎ᠤᠨ ᠰᠤᠳᠤᠯᠭᠠᠨ᠎ᠢ ᠴᠢᠩᠭᠠᠳᠭᠠᠵᠤ᠂ ᠤᠯᠠᠨ ᠤᠯᠤᠰ᠎ᠲᠤ ᠤᠯᠠᠮᠵᠢᠯᠠᠨ ᠲᠠᠷᠬᠠᠭᠠᠬᠤ ᠦᠢᠯᠡᠳᠤᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠪᠣᠯᠪᠠᠰᠤᠨ᠎ᠤ ᠰᠣᠯᠢᠯᠴᠠᠭ᠎ᠠ ᠲᠤᠯᠢᠳᠠᠯᠭ᠎ᠠ᠎ᠶ᠋ᠢ ᠭᠦᠨᠵᠡᠭᠡᠢᠷᠡᠭᠦᠯᠵᠦ᠍᠂ ᠤᠯᠠᠨ ᠤᠯᠤᠰ᠎ᠤᠨ ᠬᠥᠮᠦᠨ ᠨᠡᠢᠭᠡᠮ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠥᠷᠭᠡᠨ᠎ᠢᠶᠠᠷ ᠥᠷᠨᠢᠭᠦᠯᠵᠦ᠍᠂ ᠨᠡᠩ ᠤᠯᠠᠨ ᠰᠣᠶᠣᠯ᠎ᠤᠨ ᠠᠵᠤ ᠠᠬᠤᠢᠯᠠᠯ ᠪᠠ ᠱᠢᠯᠢᠳᠡᠭ ᠰᠣᠶᠣᠯ᠎ᠤᠨ ᠪᠦᠲᠦᠭᠡᠭ᠌ᠳᠡᠬᠦᠨ᠎ᠤ ᠳᠡᠯᠡᠬᠡᠢ ᠳ᠋ᠠᠭᠢᠨ᠎ᠳᠤ ᠭᠠᠷᠴᠤ᠌ ᠤᠴᠢᠬᠤ᠎ᠶ᠋ᠢ ᠵᠣᠷᠢᠬ᠍ᠵᠢᠭᠤᠯᠤᠨ᠎ᠠ᠃

ᠠᠷᠪᠠᠨ ᠨᠢᠭᠡ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠠᠨ ᠴᠢᠩᠭᠠᠷᠠᠭᠤᠯᠵᠤ᠂ ᠪᠦᠬᠦ᠌ ᠠᠷᠠᠳ ᠲᠦᠮᠡᠨ᠎ᠤ ᠬᠠᠮᠲᠤ᠎ᠶ᠋ᠢᠨ ᠴᠢᠨᠡᠭᠡᠯᠢᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ

ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠬᠦ᠌ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠡᠭᠦᠰᠦᠯᠲᠡ ᠪᠠ ᠦᠷ᠎ᠡ ᠳ᠋ᠦᠩ ᠮᠥᠨ᠃ ᠪᠦᠬᠦ᠌ ᠬᠦᠴᠦ᠍᠎ᠪᠠᠷ᠎ᠢᠶᠠᠨ ᠴᠢᠷᠮᠠᠢᠬᠤ᠂ ᠴᠢᠳᠠᠯ᠎ᠤᠨ᠎ᠢᠶᠠᠨ ᠬᠢᠷᠢ ᠳᠣᠲᠣᠷ᠎ᠠ ᠬᠢᠬᠦ᠌᠎ᠶ᠋ᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯᠳᠤ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠦ᠍᠂ ᠠᠷᠠᠳ ᠣᠯᠠᠨ᠎ᠤ ᠪᠠᠴᠢᠮᠳᠠᠵᠦ᠍ ᠬᠦᠴᠢᠷᠳᠡᠵᠦ᠍ ᠵᠤᠪᠠᠵᠦ᠍ ᠬᠦᠰᠡᠵᠦ᠍ ᠪᠠᠢᠭ᠎ᠠ ᠠᠰᠠᠭᠤᠳᠡᠯ᠎ᠢ ᠰᠠᠢᠲᠤᠷ ᠱᠢᠢᠳᠪᠦᠷᠢᠯᠡᠵᠦ᠍᠂ ᠨᠡᠢᠭᠡᠮ᠎ᠤᠨ ᠴᠢᠨᠠᠷᠳᠠᠢ ᠱᠢᠯᠵᠢᠯᠲᠡ᠎ᠶ᠋ᠢᠨ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠠᠷᠠᠳ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ᠎ᠡ᠃

(37) ᠴᠢᠨᠠᠷ ᠰᠠᠢᠲᠠᠶ ᠪᠦᠭᠡᠳ ᠭᠦᠢᠴᠡᠳ ᠠᠵᠢᠯ ᠣᠯᠭᠤᠯᠲᠠ᠎ᠶ᠋ᠢ ᠠᠬᠢᠭᠤᠯᠤᠨ᠎ᠠ᠃ ᠠᠵᠢᠯ ᠣᠯᠭᠤᠯᠲᠠ᠎ᠶ᠋ᠢ ᠲᠡᠷᠢᠭᠦᠨ᠎ᠳᠤ ᠲᠠᠯᠪᠢᠬᠤ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢᠷᠡᠬᠦᠯᠦᠨ ᠬᠡᠷᠡᠭ᠌ᠵᠢᠭᠦᠯᠵᠦ᠍᠂ ᠠᠵᠢᠯ ᠣᠯᠭᠤᠯᠲᠠ᠎ᠶ᠋ᠢ ᠠᠬᠢᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠠᠵᠢᠯ ᠣᠯᠭᠤᠯᠲᠠ᠎ᠳᠤ ᠨᠥᠬᠦᠷᠰᠡᠭ ᠬᠡᠯᠪᠡᠷᠢ᠎ᠶ᠋ᠢᠨ ᠬᠥᠭ᠌ᠵᠢᠯᠲᠡ᠎ᠶ᠋ᠢᠨ ᠠᠷᠭ᠎ᠠ ᠮᠠᠶᠢᠭ᠎ᠢ ᠪᠤᠢ ᠪᠤᠯᠭᠠᠨ᠎ᠠ᠃ ᠠᠵᠤ ᠦᠢᠯᠡᠰ ᠪᠠ ᠠᠵᠢᠯ ᠣᠯᠭᠤᠯᠲᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠱᠢᠨ᠎ᠡ ᠠᠵᠢᠯ ᠮᠡᠷᠭᠡᠵᠢᠯ ᠱᠢᠨ᠎ᠡ ᠠᠵᠢᠯ᠎ᠤᠨ ᠪᠠᠢᠷᠢ᠎ᠶ᠋ᠢ ᠢᠳᠡᠪᠬᠢᠲᠡᠶ ᠪᠤᠢᠵᠢᠭᠤᠯᠵᠤ᠂ ᠠᠵᠤ ᠠᠬᠤᠢᠯᠠᠯ᠎ᠤᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠠᠵᠢᠯ᠎ᠤᠨ ᠪᠠᠢᠷᠢ᠎ᠶ᠋ᠢ ᠥᠷᠭᠡᠳᠭᠡᠬᠦ᠌᠎ᠶ᠋ᠢ ᠲᠡᠮᠵᠢᠨ᠎ᠠ᠃ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠬᠠᠩᠭᠠᠯᠭ᠎ᠠ ᠬᠡᠷᠡᠭ᠌ᠴᠡᠭᠡ᠎ᠶ᠋ᠢ ᠵᠣᠬᠢᠴᠠᠯᠳᠤᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠨᠠᠰᠤᠨ ᠲᠤᠷᠱᠢᠲᠠ᠎ᠶ᠋ᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠪᠣᠯᠪᠠᠰᠤᠷᠠᠭᠤᠯᠤᠯ᠎ᠤᠨ ᠲᠦᠷᠢᠮ᠎ᠢ ᠪᠦᠷᠢᠨᠱᠢᠭᠦᠯᠵᠦ᠍᠂ ᠠᠵᠢᠯ ᠰᠣᠩᠭᠤᠬᠤ ᠪᠠ ᠬᠥᠮᠦᠨ ᠬᠡᠷᠡᠭ᠌ᠯᠡᠬᠦ᠌ ᠦᠵᠡᠯᠲᠡ᠎ᠶ᠋ᠢ ᠬᠥᠲᠥᠯᠥᠨ ᠵᠢᠯᠣᠭᠤᠳᠭᠤ᠎ᠶ᠋ᠢ ᠴᠢᠩᠭᠠᠳᠭᠠᠵᠤ᠂ ᠪᠦᠲᠦᠴᠡ᠎ᠶ᠋ᠢᠨ ᠴᠢᠨᠠᠷᠲᠠᠶ ᠠᠵᠢᠯ ᠣᠯᠭᠤᠯᠲᠠ᠎ᠶ᠋ᠢᠨ ᠵᠥᠷᠢᠴᠡᠯ᠎ᠢ ᠬᠦᠴᠦᠯᠡᠨ ᠱᠢᠢᠳᠪᠦᠷᠢᠯᠡᠨ᠎ᠡ᠃ ᠠᠵᠢᠯ ᠣᠯᠭᠤᠯᠲᠠ᠎ᠶ᠋ᠢᠨ ᠳᠡᠮᠵᠢᠯᠭᠡ ᠪᠠ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠵᠦ᠍᠂ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠬᠥᠯᠥᠰᠥᠨ ᠠᠵᠢᠯᠴᠢᠳ᠂ ᠴᠡᠷᠢᠭ᠎ᠤᠨ ᠠᠯᠪᠠ᠎ᠠᠴᠠ ᠪᠠᠭᠤᠭ᠍ᠰᠠᠳ ᠵᠡᠷᠭᠡ ᠭᠤᠣᠯᠳᠠᠯᠭ᠎ᠠ ᠲᠠᠢ ᠬᠠᠮᠲᠤᠯᠢᠭ᠎ᠤᠨ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠵᠦ᠍᠂ ᠠᠮᠢᠳᠤᠯᠢᠭ ᠠᠵᠢᠯ ᠣᠯᠭᠤᠯᠲᠠ᠂ ᠠᠵᠢᠯ ᠣᠯᠭᠤᠯᠲᠠ᠎ᠶ᠋ᠢᠨ ᠱᠢᠨ᠎ᠡ ᠬᠡᠯᠪᠡᠷᠢ ᠪᠠᠢᠳᠠᠯ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠤᠨ᠎ᠠ᠃ ᠠᠳᠠᠯ ᠦᠢᠯᠡᠰ ᠴᠣᠭ᠍ᠴᠠᠯᠠᠬᠤ᠎ᠶ᠋ᠢ ᠳᠡᠮᠵᠢᠬᠦ᠌ ᠡᠷᠴᠢᠮ᠎ᠢᠶᠠᠨ ᠴᠢᠩᠭᠠᠷᠠᠭᠤᠯᠵᠤ᠂ ᠠᠳᠠᠯ ᠦᠢᠯᠡᠰ ᠴᠤᠬ᠍ᠴᠠᠯᠠᠬᠤ᠎ᠪᠠᠷ ᠠᠵᠢᠯ ᠣᠯᠭᠤᠯᠳᠠ᠎ᠶ᠋ᠢ ᠲᠠᠢᠴᠢᠯᠠᠬᠤ ᠦᠢᠯᠡᠳᠦᠯ᠎ᠢ ᠴᠢᠩᠭᠠᠷᠠᠭᠤᠯᠤᠨ᠎ᠠ᠃ ᠬᠥᠳᠡᠯᠮᠦᠷᠢ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ ᠪᠠ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠵᠥᠪᠳᠡᠯᠴᠡᠨ ᠵᠣᠬᠢᠴᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠥᠳᠡᠯᠮᠦᠷᠢᠴᠢᠳ᠎ᠤᠨ ᠡᠷᠬᠡ ᠠᠱᠢᠭ᠎ᠤᠨ ᠪᠠᠲᠤᠯᠠᠭ᠎ᠠ᠎ᠶ᠋ᠢ ᠴᠢᠩᠭᠠᠳᠭᠠᠵᠤ᠂ ᠡᠷᠬᠡ ᠲᠡᠭ᠌ᠰᠢ ᠡᠮᠬᠢ ᠵᠢᠷᠤᠮ ᠲᠠᠢ ᠠᠵᠢᠯ ᠣᠯᠭᠤᠯᠳᠡ᠎ᠶ᠋ᠢᠨ ᠣᠷᠴᠢᠨ ᠨᠥᠬᠦᠴᠡᠯ᠎ᠢ ᠪᠤᠢ ᠪᠣᠯᠭᠠᠨ᠎ᠠ᠃ ᠠᠵᠢᠯ ᠣᠯᠭᠤᠯᠲᠠ᠎ᠶ᠋ᠢᠨ ᠨᠥᠯᠥᠭᠡ᠎ᠶ᠋ᠢ ᠦᠨᠡᠯᠡᠨ ᠵᠢᠱ᠌ᠢᠬᠦ᠌ ᠪᠠ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠲᠡᠭᠦᠯᠳᠡᠷᠵᠢᠭᠦᠯᠵᠦ᠍᠂ ᠭᠠᠳᠠᠭᠠᠳᠤ ᠣᠷᠴᠢᠨ ᠨᠥᠬᠦᠴᠡᠯ᠎ᠤᠨ ᠬᠤᠪᠢᠷᠠᠯᠲᠠ ᠪᠠ ᠱᠢᠨ᠎ᠡ ᠮᠡᠷᠭᠡᠵᠢᠯ᠎ᠤᠨ ᠬᠥᠭ᠌ᠵᠢᠯᠲᠡ᠎ᠶ᠋ᠢᠨ ᠠᠵᠢᠯ ᠣᠯᠭᠤᠯᠲᠠ᠎ᠳᠤ ᠦᠵᠡᠭᠦᠯᠬᠦ᠌ ᠨᠥᠯᠥᠭᠡ᠎ᠶ᠋ᠢ ᠶᠡᠷᠦᠩᠬᠡᠢᠯᠡᠨ ᠠᠷᠭᠠᠴᠠᠨ᠎ᠠ᠃

(38) ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠦᠨ᠎ᠡ᠃ ᠬᠥᠳᠡᠯᠮᠦᠷᠢᠯᠡᠭ᠌ᠰᠡᠨ᠎ᠤ ᠬᠢᠨᠢ ᠬᠢᠷᠢ᠎ᠪᠠᠷ ᠬᠤᠪᠢᠶᠠᠷᠢᠯᠠᠬᠤ᠎ᠪᠠᠷ ᠭᠤᠣᠯ ᠴᠣᠭ᠍ᠴᠠ ᠪᠣᠯᠭᠠᠨ᠂ ᠣᠯᠠᠨ ᠲᠦᠷᠦᠯ᠎ᠤᠨ ᠬᠤᠪᠢᠶᠠᠷᠢᠯᠠᠯᠲᠠ᠎ᠶ᠋ᠢᠨ ᠠᠷᠭ᠎ᠠ ᠮᠠᠶᠢᠭ᠎ᠢ ᠵᠡᠷᠭᠡ᠎ᠪᠠᠷ ᠬᠡᠷᠡᠭ᠌ᠯᠡᠬᠦ᠌᠎ᠶ᠋ᠢ ᠪᠠᠷᠢᠮᠳᠠᠯᠠᠵᠤ᠂ ᠤᠯᠤᠰ ᠠᠷᠠᠳ᠎ᠤᠨ ᠣᠷᠣᠯᠭ᠎ᠠ᠎ᠶ᠋ᠢᠨ ᠬᠤᠪᠢᠶᠠᠷᠢᠯᠠᠯᠲᠠ᠎ᠳᠤ ᠡᠵᠡᠯᠡᠭᠦ᠌ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠵᠦ᠍᠂ ᠠᠩᠬᠠᠨ᠎ᠤ ᠬᠤᠪᠢᠶᠠᠷᠢᠯᠠᠯᠲᠠ᠎ᠳᠤ ᠡᠵᠡᠯᠡᠭᠦ᠌ ᠬᠥᠳᠡᠯᠮᠦᠷᠢ᠎ᠶ᠋ᠢᠨ ᠬᠥᠯᠥᠰᠥ᠍ ᠣᠯᠭᠤᠮᠵᠢ᠎ᠶ᠋ᠢᠨ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠦᠨ᠎ᠡ᠃ ᠡᠯ᠎ᠡ ᠲᠥᠷᠥᠯ᠎ᠤᠨ ᠡᠯᠧᠮᠧᠨ᠋ᠲ᠎ᠤᠨ ᠬᠤᠪᠢ ᠨᠡᠮᠡᠷᠢ᠎ᠶ᠋ᠢ ᠵᠠᠬ᠎ᠠ ᠳᠡᠯᠭᠡᠭᠦᠷ᠎ᠢᠶᠠᠷ ᠦᠨᠡᠯᠡᠬᠦᠯᠬᠦ᠂ ᠬᠤᠪᠢ ᠨᠡᠮᠡᠷᠢ᠎ᠪᠠᠷ ᠨᠢ ᠬᠦᠯᠦᠰᠦ ᠤᠯᠭᠤᠮᠵᠢ᠎ᠶ᠋ᠢ ᠨᠢ ᠲᠤᠭ᠍ᠲᠠᠭᠠᠬᠤ ᠠᠩᠬᠠᠨ᠎ᠤ ᠬᠤᠪᠢᠶᠠᠷᠢᠯᠠᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠢᠯᠡᠭᠦᠦ ᠬᠥᠳᠡᠯᠮᠦᠷᠢᠯᠡᠭ᠌ᠰᠡᠳ ᠨᠢ ᠢᠯᠡᠭᠦᠥ ᠤᠯᠬᠤ᠂ ᠮᠡᠷᠭᠡᠵᠢᠯ ᠰᠠᠢᠨ ᠨᠢ ᠢᠯᠡᠭᠦᠦ ᠤᠯᠬᠤ᠂ ᠱᠢᠨ᠎ᠡ᠎ᠶ᠋ᠢ ᠡᠭᠦᠳᠦᠭ᠌ᠰᠡᠳ ᠨᠢ ᠢᠯᠡᠭᠦᠦ ᠤᠯᠬᠤ᠎ᠶ᠋ᠢ ᠠᠬᠢᠭᠤᠯᠦᠨ᠎ᠡ᠃ ᠬᠥᠳᠡᠯᠮᠦᠷᠢᠴᠢᠳ᠎ᠤᠨ ᠴᠠᠯᠢᠩ᠎ᠢ ᠲᠣᠭ᠍ᠲᠠᠭᠠᠬᠤ᠂ ᠵᠦᠶ ᠵᠣᠬᠢᠰᠲᠠᠶ ᠨᠡᠮᠡᠭ᠌ᠳᠡᠭᠦᠯᠬᠦ᠂ ᠥᠭ᠌ᠬᠦ᠎ᠶ᠋ᠢ ᠪᠠᠳᠤᠯᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠴᠠᠯᠢᠩ᠎ᠢ ᠬᠠᠮᠲᠤ᠎ᠪᠠᠷ ᠵᠥᠪᠳᠡᠯᠴᠡᠬᠦ᠌ ᠳᠦᠷᠢᠮ᠎ᠢ ᠬᠡᠷᠡᠭ᠌ᠵᠢᠭᠦᠯᠵᠦ᠍᠂ ᠨᠠᠭᠠᠳᠤ ᠵᠠᠬ᠎ᠠ᠎ᠶ᠋ᠢᠨ ᠴᠠᠯᠢᠩ᠎ᠤᠨ ᠪᠠᠷᠢᠮᠵᠢᠶ᠎ᠠ᠎ᠶ᠋ᠢ ᠲᠣᠬᠢᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠠᠵᠤ ᠠᠬᠤᠢᠯᠠᠯ᠎ᠤᠨ ᠴᠠᠯᠢᠩ᠎ᠤᠨ ᠬᠤᠪᠢᠶᠠᠷᠢᠯᠠᠯᠲᠠ᠎ᠶ᠋ᠢᠨ ᠬᠤᠷᠸ᠎ᠠ ᠵᠢᠯᠣᠭᠤᠳᠣᠯᠭ᠎ᠠ᠎ᠶ᠋ᠢ ᠴᠢᠩᠭᠠᠳᠭᠠᠨ᠎ᠠ᠃ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠳ᠋ ᠬᠦᠷᠦᠩᠭᠡ᠎ᠶ᠋ᠢᠨ ᠴᠢᠨᠠᠷᠲᠠᠶ ᠣᠷᠣᠯᠭ᠎ᠠ᠎ᠶ᠋ᠢ ᠤᠯᠠᠨ ᠠᠷᠭ᠎ᠠ ᠵᠠᠮ᠎ᠢᠶᠠᠷ ᠨᠡᠮᠡᠭ᠌ᠳᠡᠭᠦᠯᠦᠨ᠎ᠡ᠃ ᠭᠠᠢᠯᠢ ᠲᠠᠲᠠᠪᠤᠷᠢ᠂ ᠨᠡᠢᠭᠡᠮ᠎ᠤᠨ ᠪᠠᠲᠤᠯᠠᠭ᠎ᠠ᠂ ᠱᠢᠯᠵᠢᠭᠦᠯᠦᠨ ᠥᠭ᠌ᠬᠦ ᠵᠡᠷᠭᠡ ᠲᠠᠬᠢᠨ ᠬᠤᠪᠢᠶᠠᠷᠢᠯᠠᠯᠲᠠ᠎ᠶ᠋ᠢᠨ ᠲᠣᠬᠢᠷᠠᠭᠤᠯᠤᠯᠳᠠ᠎ᠶ᠋ᠢ ᠴᠢᠩᠭᠠᠳᠭᠠᠨ᠎ᠠ᠃ ᠨᠡᠢᠲᠡ᠎ᠶ᠋ᠢᠨ ᠠᠰᠠᠷᠠᠮᠵᠢ ᠨᠢᠭᠦᠯᠡᠰᠦᠩᠭᠦᠶ᠎ᠶ᠋ᠢᠨ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠬᠤ ᠪᠠ ᠵᠢᠷᠤᠮᠵᠢᠭᠤᠯᠤᠨ᠎ᠠ᠃ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠡᠮᠬᠢ ᠵᠢᠷᠦᠮ ᠪᠠ ᠡᠳ᠋ ᠪᠠᠶᠠᠯᠢᠭ ᠬᠤᠷᠠᠮᠳᠤᠭᠤᠯᠬᠤ ᠲᠣᠭ᠍ᠲᠠᠴᠠ᠎ᠶ᠋ᠢ ᠵᠢᠷᠤᠮᠵᠢᠭᠤᠯᠵᠤ᠂ ᠠᠵᠢᠯᠴᠢ ᠬᠥᠳᠡᠯᠮᠦᠷᠢᠴᠢ᠎ᠪᠠᠷ ᠱᠢᠨ᠎ᠡ᠎ᠶ᠋ᠢ ᠡᠭᠦᠳᠴᠦ᠍ ᠬᠠᠤᠯᠢ ᠶᠣᠰᠣᠭᠠᠷ ᠪᠠᠶᠠᠵᠢᠬᠤ᠎ᠶ᠋ᠢ ᠳᠡᠮᠵᠢᠵᠦ᠍᠂ ᠤᠷᠢᠳ᠎ᠢᠶᠠᠷ ᠪᠠᠶᠠᠵᠢᠭ᠍ᠰᠠᠨ ᠨᠢ ᠰᠡᠭᠦᠯᠡᠷ ᠪᠠᠶᠠᠵᠢᠬᠤ᠎ᠪᠠᠨ ᠳᠠᠢᠴᠢᠯᠠᠭᠠᠳ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ᠎ᠶ᠋ᠢ ᠵᠣᠷᠢᠬ᠍ᠵᠢᠭᠤᠯᠤᠨ᠎ᠠ᠃ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠣᠷᠣᠯᠭ᠎ᠠ ᠪᠠᠭᠠᠲᠠᠢ ᠬᠠᠮᠳᠦᠯᠢᠭ᠋᠎ᠤᠨ ᠣᠷᠣᠯᠭ᠎ᠠ᠎ᠶ᠋ᠢ ᠪᠦᠲᠦᠮᠵᠢᠲᠡᠶ ᠨᠡᠮᠡᠭ᠌ᠳᠡᠭᠦᠯᠦᠨ᠂ ᠳᠤᠮᠳᠠ ᠵᠡᠷᠭᠡ᠎ᠶ᠋ᠢᠨ ᠣᠷᠣᠯᠭ᠎ᠠ ᠲᠠᠢ ᠬᠠᠮᠳᠤᠯᠢᠭ᠎ᠤᠨ ᠬᠡᠪᠴᠢᠶ᠎ᠡ᠎ᠶ᠋ᠢ ᠯᠠᠪᠳᠠᠭᠤᠨ᠎ᠢᠶᠠᠷ ᠥᠷᠭᠡᠳᠭᠡᠵᠦ᠍᠂ ᠬᠡᠲᠦ ᠥᠨᠳᠥᠷ ᠣᠷᠣᠯᠭ᠎ᠠ᠎ᠳᠤ ᠵᠦᠢ ᠵᠣᠬᠢᠰᠲᠠᠶ ᠲᠣᠬᠢᠷᠠᠭᠤᠯᠤᠯᠳᠡ ᠬᠢᠵᠦ᠍᠂ ᠬᠠᠤᠯᠢ ᠪᠤᠰᠤ ᠣᠷᠣᠯᠭ᠎ᠠ᠎ᠶ᠋ᠢ ᠴᠠᠭᠠᠵᠠᠯᠠᠵᠤ᠂ ᠠᠷᠤᠷ᠎ᠠ ᠬᠡᠯᠪᠡᠷᠢ᠎ᠶ᠋ᠢᠨ ᠬᠤᠪᠢᠶᠠᠷᠢᠯᠠᠯᠲᠠ᠎ᠶ᠋ᠢᠨ ᠪᠠᠢᠷᠢᠱᠢᠯ᠎ᠢ ᠪᠤᠢ ᠪᠣᠯᠭᠠᠬᠤ᠎ᠶ᠋ᠢ ᠠᠬᠢᠭᠤᠯᠤᠨ᠎ᠠ᠃

(39) ᠠᠷᠠᠳ ᠲᠦᠮᠡᠨ᠎ᠳᠤ ᠳᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠨ᠎ᠠ᠃ ᠱᠢᠨ᠎ᠡ ᠴᠠᠭ ᠦᠶ᠎ᠡ᠎ᠶ᠋ᠢᠨ ᠶᠣᠰᠣ ᠰᠤᠷᠲᠠᠬᠤᠨ᠎ᠢ ᠪᠤᠢ ᠪᠤᠯᠭᠠᠵᠦ᠍ ᠬᠥᠮᠦᠨ᠎ᠢ ᠬᠥᠮᠦᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠤᠨ ᠲᠠᠩᠬᠢᠮ ᠪᠣᠯᠤᠨ ᠨᠡᠢᠭᠡᠮ᠎ᠤᠨ ᠬᠢᠴᠢᠶᠡᠯ᠎ᠤᠨ ᠲᠠᠩᠬᠢᠮ᠎ᠢ ᠪᠦᠲᠦᠮᠵᠢᠲᠡᠶ ᠠᠭᠤᠰᠤᠯᠴᠠᠭᠤᠯᠬᠤ᠎ᠶ᠋ᠢ ᠠᠬᠢᠭᠤᠯᠵᠤ᠂ ᠪᠡᠶ᠎ᠡ᠎ᠶ᠋ᠢᠨ ᠲᠠᠮᠢᠷ᠂ ᠭᠤᠸ᠎ᠠ ᠰᠠᠢᠬᠠᠨ᠎ᠤ ᠬᠥᠮᠦᠵᠢᠯ᠂ ᠬᠥᠳᠡᠯᠮᠦᠷᠢ᠎ᠶ᠋ᠢᠨ ᠬᠥᠮᠦᠵᠢᠯ᠎ᠢ ᠴᠢᠩᠭᠠᠳᠭᠠᠵᠦ᠍᠂ ᠰᠤᠷᠭᠠᠨ ᠬᠥᠮᠦᠵᠢᠯ᠎ᠤᠨ ᠦᠨᠡᠯᠡᠯᠲᠡ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠬᠥᠮᠦᠨ ᠠᠮᠠ᠎ᠶ᠋ᠢᠨ ᠬᠤᠪᠢᠷᠠᠯᠲᠠ᠎ᠯᠤᠭ᠎ᠠ ᠵᠣᠬᠢᠴᠠᠯᠳᠤᠭ᠍ᠰᠠᠨ ᠰᠤᠷᠭᠠᠨ ᠬᠥᠮᠦᠵᠢᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠳᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠰᠤᠷᠭᠠᠭᠤᠯᠢ᠎ᠳᠤ ᠤᠷᠤᠬᠤ ᠨᠠᠰᠤᠨ᠎ᠤ ᠬᠥᠮᠦᠨ ᠠᠮᠠ᠎ᠶ᠋ᠢᠨ ᠴᠡᠪᠡᠷ ᠨᠡᠮᠡᠭ᠌ᠳᠡᠯ ᠲᠠᠢ ᠬᠤᠲᠠ ᠪᠠᠯᠭᠠᠰᠤᠨ᠎ᠤ ᠰᠤᠷᠭᠠᠨ ᠬᠥᠮᠦᠵᠢᠯ᠎ᠤᠨ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠥᠷᠭᠡᠳᠭᠡᠨ᠎ᠡ᠃ ᠰᠦᠢᠳᠭᠡᠯ ᠦᠯᠦ᠍ ᠬᠤᠷᠢᠶᠠᠬᠤ ᠰᠤᠷᠭᠠᠨ ᠬᠥᠮᠦᠵᠢᠯ᠎ᠤᠨ ᠬᠡᠪᠴᠢᠶ᠎ᠡ᠎ᠶ᠋ᠢ ᠯᠠᠪᠳᠠᠭᠤᠨ᠎ᠢᠶᠠᠷ ᠥᠷᠭᠡᠳᠭᠡᠵᠦ᠍᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠵᠢᠯ ᠬᠤᠭᠤᠴᠠᠭ᠎ᠠ᠎ᠶ᠋ᠢ ᠤᠷᠲᠤᠳᠭᠠᠬᠤ᠎ᠶ᠋ᠢ ᠰᠦᠪᠡᠭ᠌ᠴᠢᠯᠡᠨ᠎ᠡ᠃ ᠰᠠᠭᠤᠷᠢ ᠰᠤᠷᠭᠠᠨ ᠬᠥᠮᠦᠵᠢᠯ᠎ᠤᠨ ᠱᠢᠯᠢᠳᠡᠭ᠎ᠢ ᠨᠢ ᠥᠷᠭᠡᠳᠭᠡᠨ ᠴᠢᠨᠠᠷ᠎ᠢ ᠨᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠰᠠᠢᠲᠠᠶ ᠲᠡᠩᠴᠡᠭᠦᠷᠢᠲᠡᠶ ᠬᠥᠭ᠌ᠵᠢᠯᠲᠡ ᠪᠠ ᠰᠤᠷᠭᠠᠭᠤᠯᠢ᠎ᠳᠤ ᠤᠷᠤᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠴᠢᠨᠠᠷ ᠰᠠᠢᠲᠠᠶ ᠲᠦᠭᠡᠮᠡᠯ ᠬᠠᠷᠠᠭᠠᠯᠵᠠᠯᠲᠤ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠵᠦ᠍᠂ ᠡᠩ᠎ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠭᠠᠭᠤᠯᠢ ᠡᠷᠭᠢᠯᠡᠬᠦ᠌ ᠡᠬᠢ ᠪᠠᠶᠠᠯᠢᠭ᠎ᠢ ᠥᠷᠭᠡᠳᠭᠡᠵᠦ᠍᠂ ᠣᠨᠴᠠᠭᠠᠶ ᠰᠤᠷᠭᠠᠨ ᠬᠥᠮᠦᠵᠢᠯ᠂ ᠲᠤᠰᠭᠠᠶ ᠰᠤᠷᠭᠠᠨ ᠬᠥᠮᠦᠵᠢᠯ᠎ᠢ ᠰᠠᠢᠲᠤᠷ ᠡᠷᠬᠢᠯᠡᠨ᠎ᠠ᠃ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠴᠢᠨᠠᠷ᠎ᠢ ᠳᠡᠭᠡᠭ᠌ᠰᠢᠯᠡᠭᠦᠯᠦᠨ ᠬᠡᠪᠴᠢᠶ᠎ᠠ᠎ᠶ᠋ᠢ ᠥᠷᠭᠡᠳᠭᠡᠬᠦ᠌᠎ᠶ᠋ᠢ ᠠᠬᠢᠭᠤᠯᠵᠤ᠂ ᠴᠢᠨᠡᠷ ᠰᠠᠢᠳᠠᠢ ᠵᠢᠩᠬᠢᠨᠢ ᠠᠩᠭᠢ᠎ᠶ᠋ᠢᠨ ᠰᠤᠷᠭᠠᠨ ᠬᠥᠮᠦᠵᠢᠯ᠎ᠤᠨ ᠰᠤᠷᠤᠭ᠍ᠴᠢ ᠡᠯᠰᠡᠬᠦ᠌ ᠬᠡᠪᠴᠢᠶ᠎ᠡ᠎ᠶ᠋ᠢ ᠥᠷᠭᠡᠳᠭᠡᠨ᠎ᠡ᠃ ᠠᠵᠢᠯ ᠮᠡᠷᠭᠡᠵᠢᠯ᠎ᠤᠨ ᠰᠤᠷᠭᠠᠭᠤᠯᠢ᠎ᠶ᠋ᠢᠨ ᠰᠤᠷᠭᠠᠭᠤᠯᠢ ᠡᠷᠬᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠢᠯᠡ ᠲᠣᠳᠣ ᠤᠨᠴᠠᠯᠢᠭ ᠪᠦᠬᠦᠢ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ᠎ᠶ᠋ᠢ ᠪᠠᠢᠭᠤᠯᠤᠨ᠎ᠠ᠃ ᠠᠷᠠᠳ᠎ᠠᠴᠠ ᠡᠷᠬᠢᠯᠡᠭ᠌ᠰᠡᠨ ᠰᠤᠷᠭᠠᠨ ᠬᠥᠮᠦᠵᠢᠯ᠎ᠤᠨ ᠬᠥᠭ᠌ᠵᠢᠯᠲᠡ᠎ᠶ᠋ᠢ ᠬᠥᠲᠥᠯᠥᠨ ᠵᠢᠯᠣᠭᠤᠳᠴᠤ᠌ ᠵᠢᠷᠤᠮᠵᠢᠭᠤᠯᠤᠨ᠎ᠠ᠃ ᠥᠨᠳᠥᠷ ᠲᠦᠪᠱᠢᠨ ᠪᠦᠬᠦᠢ ᠰᠤᠷᠭᠠᠨ ᠬᠥᠮᠦᠵᠢᠯ᠎ᠤᠨ ᠭᠠᠳᠠᠭ᠍ᠰᠢ ᠨᠡᠭᠡᠭᠡᠯᠲᠡ ᠬᠢᠬᠦ᠌᠎ᠶ᠋ᠢ ᠥᠷᠭᠡᠳᠭᠡᠨ᠎ᠡ᠃ ᠰᠤᠷᠭᠠᠨ ᠬᠦᠮᠦᠵᠢᠯᠳᠡᠠ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠥᠨᠳᠥᠷ ᠲᠦᠪᠱᠢᠨ ᠪᠦᠬᠦᠢ ᠪᠠᠭ᠍ᠰᠢ᠎ᠶ᠋ᠢᠨ ᠡᠩᠨᠡᠭᠡ᠎ᠶ᠋ᠢ ᠬᠥᠮᠦᠵᠢᠭᠦᠯᠦᠨ ᠪᠤᠢᠵᠢᠭᠤᠯᠵᠤ᠂ ᠪᠠᠭ᠍ᠰᠢ᠎ᠶ᠋ᠢᠨ ᠬᠠᠷᠠᠭᠠᠯᠵᠠᠯ᠎ᠤᠨ ᠪᠠᠲᠤᠯᠠᠭ᠎ᠠ᠎ᠶ᠋ᠢ ᠴᠢᠩᠭᠠᠳᠭᠠᠨ᠎ᠠ᠃ ᠰᠤᠷᠭᠠᠭᠤᠯᠢ ᠭᠡᠷ ᠪᠦᠯᠢ ᠨᠡᠢᠭᠡᠮ ᠬᠠᠮᠵᠢᠯᠴᠠᠨ ᠬᠥᠮᠦᠨ ᠬᠥᠮᠦᠵᠢᠭᠦᠯᠬᠦ᠌ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠰᠤᠷᠭᠠᠨ ᠬᠥᠮᠦᠵᠢᠯ᠎ᠤᠨ ᠳ᠋ᠢᠵᠢᠲ᠋ᠠᠯᠴᠢᠯᠠᠯᠳᠠ᠎ᠶ᠋ᠢᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠢᠷᠡᠬᠦᠯᠦᠨ ᠬᠡᠷᠡᠭ᠌ᠵᠢᠭᠦᠯᠵᠦ᠍᠂ ᠨᠠᠰᠤᠨ ᠲᠤᠷᠱᠢᠳᠠ ᠰᠤᠷᠤᠯᠴᠠᠬᠤ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠱᠢᠯᠢᠳᠡᠭ᠌ᠵᠢᠭᠦᠯᠦᠨ᠎ᠡ᠃

(40) ᠨᠡᠢᠭᠡᠮ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠦᠨ᠎ᠠ᠃ ᠦᠨᠳᠤᠰᠤᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠢ ᠪᠦᠬᠦ᠌ ᠤᠯᠤᠰ᠎ᠲᠤ ᠨᠢᠭᠡᠳᠦᠯᠲᠡᠶ ᠲᠥᠯᠥᠪᠯᠡᠬᠦ᠌ ᠳᠦᠷᠢᠮ᠎ᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠵᠦ᠍᠂ ᠣᠯᠠᠨ ᠳᠡᠰ ᠳᠠᠪᠬᠤᠷᠭᠠᠳᠤ᠂ ᠣᠯᠠᠨ ᠲᠤᠯᠭᠠᠭᠤᠷᠢᠳᠤ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠤᠨ ᠱᠢᠰᠲ᠋ᠧᠮ᠎ᠢ ᠲᠦᠷᠭᠡᠯᠡᠨ ᠬᠥᠭ᠌ᠵᠢᠭᠦᠯᠵᠦ᠍᠂ ᠬᠠᠷᠠᠭᠠᠯᠵᠠᠯ᠎ᠢ ᠲᠣᠭ᠍ᠲᠠᠭᠠᠬᠤ ᠪᠠ ᠲᠣᠬᠢᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠰᠠᠭᠤᠷᠢ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦ᠎ᠶ᠋ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠦᠨ᠎ᠡ᠃ ᠤᠯᠠᠨ ᠲᠡᠰ ᠳᠠᠪᠬᠤᠷᠭᠠᠲᠤ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠵᠤ᠂ ᠦᠨᠳᠦᠰᠦᠨ ᠡᠮᠨᠡᠯᠭᠡ᠎ᠶ᠋ᠢᠨ ᠳᠠᠭᠠᠳᠭᠠᠯ᠎ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠯᠡᠬᠦ᠌᠎ᠶ᠋ᠢ ᠠᠬᠢᠭᠤᠯᠵᠤ᠂ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ᠂ ᠡᠮᠨᠡᠯᠭᠡ᠎ᠶ᠋ᠢᠨ ᠳᠠᠭᠠᠳᠭᠠᠯ᠎ᠤᠨ ᠵᠤᠭᠤᠰ ᠲᠦᠯᠦᠬᠦ᠌ ᠪᠠ ᠦᠯᠡᠳᠡᠪᠦᠷᠢ ᠪᠡᠯᠡ ᠮᠥᠩᠭᠦ᠎ᠶ᠋ᠢ ᠬᠡᠷᠡᠭ᠌ᠯᠡᠬᠦ᠌ ᠲᠦᠷᠦ᠍᠎ᠶ᠋ᠢᠨ ᠪᠤᠳᠤᠯᠭ᠎ᠠ᠎ᠶ᠋ᠢ ᠱᠢᠯᠢᠳᠡᠭ᠌ᠵᠢᠭᠦᠯᠦᠨ᠎ᠡ᠃ ᠠᠵᠢᠯ ᠠᠯᠳᠠᠯᠲᠠ᠂ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ᠎ᠤᠨ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠠᠵᠢᠯ ᠮᠡᠷᠭᠡᠵᠢᠯ᠎ᠤᠨ ᠬᠦᠨᠦᠭᠡᠯ᠎ᠤᠨ ᠪᠠᠲᠤᠯᠠᠭ᠎ᠠ᠎ᠶ᠋ᠢᠨ ᠲᠦᠷᠢᠮ᠎ᠢ ᠪᠠᠢᠭᠤᠯᠤᠨ ᠪᠦᠷᠢᠨᠱᠢᠭᠦᠯᠦᠨ᠎ᠠ᠃ ᠨᠡᠢᠭᠡᠮ᠎ᠤᠨ ᠳᠠᠭᠠᠳᠭᠠᠯ᠎ᠤᠨ ᠬᠠᠷᠢᠴᠠᠭ᠎ᠠ᠎ᠶ᠋ᠢ ᠱᠢᠯᠵᠢᠭᠦᠯᠦᠨ ᠵᠠᠯᠭᠠᠭᠤᠯᠬᠤ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠠᠮᠢᠳᠤᠯᠢᠭ᠎ᠢᠶᠠᠷ ᠠᠵᠢᠯ ᠣᠯᠤᠭ᠍ᠰᠠᠳ᠂ ᠬᠥᠯᠥᠰᠥᠨ ᠠᠵᠢᠯᠴᠢᠳ᠂ ᠱᠢᠨ᠎ᠡ ᠬᠡᠯᠪᠡᠷᠢ ᠪᠠᠢᠳᠠᠯ᠎ᠢᠶᠠᠷ ᠠᠵᠢᠯ ᠣᠯᠣᠭ᠍ᠰᠠᠳ᠎ᠤᠨ ᠳᠠᠭᠠᠳᠭᠠᠯ᠎ᠳᠤ ᠣᠷᠣᠯᠴᠠᠬᠤ ᠨᠤᠷᠮ᠎ᠠ᠎ᠶ᠋ᠢ ᠳᠡᠭᠡᠭ᠌ᠰᠢᠯᠡᠭᠦᠯᠦᠨ᠎ᠡ᠃ ᠨᠡᠢᠭᠡᠮ᠎ᠤᠨ ᠳᠠᠭᠠᠳᠭᠠᠯ᠎ᠤᠨ ᠨᠠᠷᠢᠨ ᠪᠤᠳᠤᠬᠤ ᠲᠦᠷᠢᠮ᠎ᠢ ᠪᠦᠷᠢᠨᠱᠢᠬᠦᠯᠵᠤ᠂ ᠦᠷᠭᠦᠯᠵᠢᠯᠡᠨ ᠤᠯᠤᠰ᠎ᠤᠨ ᠥᠮᠴᠢᠯᠡᠯ᠎ᠤᠨ ᠬᠦᠷᠦᠩᠭᠡ᠎ᠶ᠋ᠢ ᠰᠠᠯᠭᠠᠨ ᠱᠢᠯᠵᠢᠭᠦᠯᠵᠦ᠍ ᠨᠡᠢᠭᠡᠮ᠎ᠤᠨ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠲᠡᠭᠦᠯᠳᠡᠷᠵᠢᠭᠦᠯᠤᠨ᠂ ᠨᠡᠢᠭᠡᠮ᠎ᠤᠨ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠤᠷᠳᠤ ᠬᠤᠭᠤᠴᠠᠭ᠎ᠠ᠎ᠪᠠᠷ ᠪᠦᠲᠦᠮᠵᠢᠲᠡᠶ ᠴᠤᠭ᠍ᠯᠠᠭᠤᠯᠬᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠦᠷᠳᠡᠭ᠎ᠢ ᠪᠠᠲᠤᠯᠠᠵᠤ ᠦᠷᠳᠡᠭ᠎ᠢ ᠨᠡᠮᠡᠭ᠌ᠳᠡᠭᠦᠯᠬᠦ᠌ ᠪᠠ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ ᠶᠠᠪᠤᠭᠤᠯᠬᠤ ᠲᠣᠭ᠍ᠲᠠᠴᠠ᠎ᠶ᠋ᠢ ᠪᠦᠷᠢᠨᠱᠢᠭᠦᠯᠦᠨ᠎ᠠ᠃ ᠡᠯ᠎ᠡ ᠲᠦᠷᠦᠯ᠎ᠤᠨ ᠬᠤᠳᠠᠯᠳᠤᠭᠠᠨ᠎ᠤ ᠳᠠᠭᠠᠳᠭᠠᠯ᠎ᠤᠨ ᠨᠥᠬᠦᠪᠥᠷᠢ ᠪᠠᠲᠤᠯᠠᠭ᠎ᠠ᠎ᠶ᠋ᠢᠨ ᠦᠢᠯᠡᠳᠦᠯ᠎ᠢ ᠪᠠᠳᠠᠷᠠᠭᠤᠯᠤᠨ᠎ᠠ᠃ ᠪᠦᠬᠦ᠌ ᠤᠯᠤᠰ᠎ᠤᠨ ᠨᠢᠭᠡᠳᠦᠯᠲᠡᠶ ᠨᠡᠢᠭᠡᠮ᠎ᠤᠨ ᠳᠠᠭᠠᠳᠭᠠᠯ᠎ᠤᠨ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠲᠠᠪᠴᠠᠩ ᠪᠠ ᠭᠠᠷᠳᠠᠨ ᠭᠦᠢᠴᠡᠳᠭᠡᠬᠦ᠌ ᠬᠠᠮᠢᠶᠠᠷᠤᠯᠲᠠ ᠦᠢᠯᠡᠴᠢᠯᠡᠭᠡ᠎ᠶ᠋ᠢ ᠱᠢᠯᠢᠳᠡᠭ᠌ᠵᠢᠭᠦᠯᠦᠨ᠎ᠡ᠃ ᠨᠡᠢᠭᠡᠮ᠎ᠤᠨ ᠠᠪᠤᠷᠠᠨ ᠲᠤᠰᠠᠯᠠᠬᠤ ᠱᠢᠰᠲ᠋ᠧᠮ᠎ᠢ ᠪᠦᠷᠢᠨᠱᠢᠭᠦᠯᠦᠨ᠎ᠠ᠃ ᠭᠡᠷ᠎ᠲᠡᠭᠡᠨ ᠦᠯᠡᠳᠡᠭ᠌ᠰᠡᠨ ᠨᠠᠰᠤᠲᠠᠨ᠂ ᠬᠦᠴᠢᠷᠳᠡᠯ ᠲᠠᠢ ᠬᠡᠤᠬᠡᠳ᠂ ᠵᠡᠮᠳᠡᠭ᠌ᠴᠦᠳ ᠵᠡᠷᠭᠡ ᠬᠠᠮᠲᠤᠯᠢᠭ᠎ᠲᠤ ᠬᠠᠨᠳᠤᠭᠤᠯᠤᠭ᠍ᠰᠠᠨ ᠦᠢᠯᠡᠴᠢᠯᠡᠭᠡ ᠪᠠᠳᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠣᠷᠣᠱᠢᠭᠤᠯᠭ᠎ᠠ᠎ᠶ᠋ᠢᠨ ᠦᠨᠳᠦᠰᠦᠨ ᠦᠢᠯᠡᠴᠢᠯᠡᠭᠡᠨ᠎ᠤ ᠲᠦᠷᠢᠮ᠎ᠢ ᠪᠠᠢᠭᠤᠯᠤᠨ ᠪᠦᠷᠢᠨᠱᠢᠭᠦᠯᠦᠨ᠎ᠠ᠃ ᠡᠷᠡᠭ᠌ᠲᠡᠶ ᠡᠮᠡᠭ᠌ᠲᠡᠶ ᠡᠷᠬᠡ ᠲᠡᠭ᠌ᠰᠢ ᠪᠠᠢᠬᠤ ᠦᠨᠳᠦᠰᠦᠨ ᠤᠯᠤᠰ᠎ᠤᠨ ᠪᠤᠳᠤᠯᠭ᠎ᠠ᠎ᠶ᠋ᠢ ᠪᠠᠷᠢᠮᠲᠠᠯᠠᠵᠤ᠂ ᠡᠮᠡᠭ᠌ᠲᠡᠢᠴᠦᠳ ᠬᠡᠤᠬᠡᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠨ᠎ᠠ᠃ ᠴᠡᠷᠢᠭ᠎ᠤᠨ ᠠᠯᠪᠠ᠎ᠠᠴᠠ ᠪᠠᠭᠤᠭ᠍ᠰᠠᠳ᠎ᠤᠨ ᠦᠢᠯᠡᠴᠢᠯᠡᠭᠡ ᠪᠠᠲᠤᠯᠠᠭ᠎ᠠ᠎ᠶ᠋ᠢ ᠴᠢᠩᠭᠠᠳᠭᠠᠨ᠎ᠠ᠃

(41) ᠭᠡᠷ ᠪᠠᠢᠱᠢᠩ ᠭᠠᠵᠠᠷ ᠱᠢᠷᠣᠶ᠎ᠶ᠋ᠢᠨ ᠬᠦᠷᠦᠩᠭᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃ ᠭᠡᠷ ᠪᠠᠢᠱᠢᠩ ᠭᠠᠵᠠᠷ ᠱᠢᠷᠣᠶ᠎ᠶ᠋ᠢᠨ ᠬᠥᠷᠥᠩᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠵᠠᠭ᠍ᠪᠤᠷ᠎ᠢ ᠲᠦᠷᠭᠡᠯᠡᠨ ᠪᠠᠢᠭᠤᠯᠵᠤ᠂ ᠲᠠᠸᠠᠷ᠎ᠤᠨ ᠭᠡᠷ ᠪᠠᠢᠱᠢᠩ᠎ᠤᠨ ᠨᠡᠭᠡᠭᠡᠨ ᠭᠦᠭ᠌ᠵᠢᠭᠦᠯᠦᠯᠳᠠ᠂ ᠪᠡᠯᠡ ᠲᠣᠬᠢᠷᠠᠭᠤᠯᠭ᠎ᠠ᠂ ᠪᠣᠷᠣᠯᠠᠭᠤᠯᠤᠯᠳᠠ ᠵᠡᠷᠭᠡ᠎ᠶ᠋ᠢᠨ ᠰᠠᠭᠤᠷᠢ ᠳᠦᠷᠢᠮ᠎ᠢ ᠲᠡᠭᠦᠯᠳᠡᠷᠵᠢᠭᠦᠯᠦᠨ᠎ᠡ᠃ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ᠎ᠶ᠋ᠢᠨ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠍᠂ ᠬᠤᠲᠠ ᠪᠠᠯᠭᠠᠰᠤᠨ᠎ᠤ ᠴᠠᠯᠢᠩ ᠲᠠᠢ ᠬᠠᠮᠲᠤᠯᠢᠭ ᠪᠠ ᠡᠯ᠎ᠡ ᠲᠥᠷᠥᠯ᠎ᠤᠨ ᠬᠦᠴᠢᠷᠳᠡᠯ ᠲᠠᠢ ᠭᠡᠷ ᠪᠦᠯᠢ᠎ᠶ᠋ᠢᠨ ᠦᠨᠳᠦᠰᠦᠨ ᠣᠷᠣᠨ ᠰᠠᠭᠤᠴᠠ᠎ᠶ᠋ᠢᠨ ᠬᠡᠷᠡᠭ᠌ᠴᠡᠭᠡ᠎ᠶ᠋ᠢ ᠬᠠᠩᠭᠠᠨ᠎ᠠ᠃ ᠬᠤᠲᠠ᠎ᠶ᠋ᠢᠨ ᠪᠠᠢᠳᠠᠯ᠎ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍ ᠪᠠᠢᠭᠠᠳ ᠰᠠᠢᠵᠢᠷᠠᠭᠤᠯᠬᠤ ᠴᠢᠨᠠᠷᠲᠠᠶ ᠣᠷᠣᠨ ᠰᠠᠭᠤᠴᠠ᠎ᠶ᠋ᠢᠨ ᠬᠠᠩᠭᠠᠯᠭ᠎ᠠ᠎ᠶ᠋ᠢ ᠨᠡᠮᠡᠭ᠌ᠳᠡᠭᠦᠯᠤᠨ᠎ᠠ᠃ ᠠᠮᠤᠷ ᠲᠦᠪᠱᠢᠨ ᠲᠠᠭᠠᠯᠠᠮᠵᠢᠲᠠᠶ ᠨᠤᠭᠤᠭᠠᠨ ᠣᠶᠤᠨᠴᠢ 《ᠰᠠᠢᠨ ᠪᠠᠢᠱᠢᠩ》᠎ᠢ ᠪᠦᠳᠦᠬᠡᠨ ᠪᠠᠢᠭᠤᠯᠵᠤ᠂ ᠬᠡᠷ ᠪᠠᠢᠱᠢᠩ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ ᠪᠠ ᠠᠳᠠᠯ ᠠᠬᠤᠶ᠎ᠶ᠋ᠢᠨ ᠦᠢᠯᠡᠴᠢᠯᠡᠭᠡᠨ᠎ᠤ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠬᠡᠷ ᠪᠠᠢᠱᠢᠩ᠎ᠤᠨ ᠪᠥᠬᠦ᠌ ᠠᠮᠢ ᠨᠠᠰᠤᠨ᠎ᠤ ᠦᠶᠡᠯᠡᠯ᠎ᠤᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠲᠦᠷᠢᠮ᠎ᠢ ᠪᠠᠢᠭᠤᠯᠤᠨ᠎ᠠ᠃

(42) ᠡᠷᠡᠭᠦᠯ ᠡᠩᠬᠡ ᠳᠤᠮᠳᠠᠳᠤ ᠤᠯᠤᠰ᠎ᠢ ᠲᠦᠷᠭᠡᠯᠡᠨ ᠪᠠᠢᠭᠤᠯᠤᠨ᠎ᠠ᠃ ᠡᠷᠡᠭᠦᠯ ᠮᠡᠨᠳᠦ᠍᠎ᠶ᠋ᠢ ᠤᠷᠢᠳ᠎ᠢᠶᠠᠷ ᠬᠥᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠡᠷᠡᠭᠦᠯ ᠮᠡᠨᠳᠦ᠍᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠳᠦᠷᠢᠮ᠎ᠤᠨ ᠱᠢᠰᠲ᠋ᠧᠮ᠎ᠢ ᠪᠦᠷᠢᠨᠱᠢᠭᠦᠯᠵᠦ᠍᠂ ᠡᠬᠡ ᠤᠷᠤᠨᠴᠢ ᠡᠷᠡᠭᠦᠯ ᠬᠠᠮᠠᠭᠠᠯᠠᠯ᠎ᠤᠨ ᠬᠥᠳᠡᠯᠭᠡᠭᠡᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠬᠥᠮᠦᠨ ᠳᠤᠮᠳᠠᠴᠢ᠎ᠶ᠋ᠢᠨ ᠵᠢᠱ᠌ᠢᠯᠳᠡ ᠨᠠᠰᠤᠨ ᠬᠤᠲᠤᠭ ᠪᠠ ᠠᠷᠠᠳ ᠲᠦᠮᠡᠨ᠎ᠤ ᠡᠷᠡᠭᠦᠯ ᠮᠡᠨᠳᠦ᠍᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠴᠢᠳᠠᠪᠤᠷᠢ᠎ᠶ᠋ᠢ ᠴᠢᠩᠭᠠᠳᠭᠠᠵᠤ᠂ ᠡᠪᠡᠳᠴᠢᠨ ᠡᠮᠭᠡᠭ᠎ᠢ ᠰᠡᠷᠭᠡᠢᠯᠡᠨ ᠬᠢᠵᠠᠭᠠᠷᠯᠠᠬᠤ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠬᠢᠵᠠᠭᠠᠷᠯᠠᠨ᠎ᠠ᠃ ᠡᠮᠨᠡᠯᠭᠡ᠂ ᠡᠮᠨᠡᠯᠭᠡ᠎ᠶ᠋ᠢᠨ ᠳᠠᠭᠠᠳᠭᠠᠯ᠂ ᠡᠮ ᠡᠮᠨᠡᠯᠭᠡ᠎ᠶ᠋ᠢ ᠬᠠᠮᠵᠢᠯᠴᠠᠨ ᠬᠥᠭ᠌ᠵᠢᠬᠦᠯᠭᠦ᠌ ᠪᠠ ᠵᠠᠰᠠᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠱᠠᠲᠤ ᠬᠤᠪᠢᠶᠠᠨ ᠣᠨᠣᠱᠢᠯᠠᠨ ᠡᠮᠨᠡᠬᠦ᠌᠎ᠶ᠋ᠢ ᠠᠬᠢᠭᠤᠯᠤᠨ᠎ᠠ᠃ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷ᠎ᠢᠶᠠᠷ ᠤᠳᠤᠷᠢᠳᠤᠮᠵᠢ ᠪᠣᠯᠭᠠᠨ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠣᠷᠣᠨ ᠲᠤᠭ᠎ᠠ᠂ ᠦᠢᠯᠡᠴᠢᠯᠡᠭᠡᠨ᠎ᠤ ᠦᠨ᠎ᠡ ᠬᠠᠩᠰᠢ᠂ ᠴᠠᠯᠢᠩ ᠬᠥᠯᠥᠰᠥ᠎ᠶ᠋ᠢᠨ ᠳᠦᠷᠢᠮ᠂ ᠶᠡᠷᠦᠩᠬᠡᠢᠯᠡᠭ᠌ᠰᠡᠨ ᠬᠢᠨᠠᠯᠳᠡ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠱᠢᠶᠠᠨ ᠲᠣᠭᠤᠷᠢᠭ᠂ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠶ᠋ᠢᠨ ᠠᠵᠢᠯᠯᠠᠭᠠᠨ᠎ᠤ ᠪᠠᠲᠤᠯᠠᠭ᠎ᠠ᠎ᠶ᠋ᠢ ᠴᠢᠩᠭᠠᠳᠭᠠᠨ᠎ᠠ᠃ ᠡᠮᠴᠢᠯᠡᠭᠡᠨ᠎ᠤ ᠪᠠᠢᠭᠤᠯᠤᠮᠵᠢ᠎ᠶ᠋ᠢᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ ᠪᠠ ᠪᠠᠢᠷᠢᠯᠠᠭᠤᠯᠤᠯᠳᠠ᠎ᠶ᠋ᠢ ᠱᠢᠯᠢᠳᠡᠭ᠌ᠵᠢᠭᠦᠯᠵᠦ᠍᠂ ᠡᠮᠨᠡᠯᠭᠡ ᠡᠷᠡᠭᠦᠯ ᠬᠠᠮᠠᠭᠠᠯᠠᠯ᠎ᠤᠨ ᠰᠠᠭᠤᠷᠢ᠎ᠶ᠋ᠢ ᠪᠠᠬᠢᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠠᠷᠠᠳ ᠨᠡᠢᠳᠡ᠎ᠶ᠋ᠢᠨ ᠡᠷᠡᠭᠦᠯ ᠮᠡᠨᠳᠦ᠍᠎ᠶ᠋ᠢᠨ ᠳ᠋ᠢᠵᠢᠲ᠋ᠠᠯᠴᠢᠯᠠᠬ᠍ᠰᠠᠨ ᠤᠶᠤᠨᠴᠢᠯᠠᠬ᠍ᠰᠠᠨ ᠪᠠᠢᠭᠤᠯᠤᠯᠲᠠ᠎ᠶ᠋ᠢ ᠠᠬᠢᠭᠤᠯᠤᠨ᠎ᠠ᠃ ᠤᠵᠢᠭ ᠡᠪᠡᠳᠴᠢᠨ᠎ᠢ ᠶᠡᠷᠦᠩᠬᠡᠢᠯᠡᠨ ᠰᠡᠷᠭᠡᠢᠯᠡᠨ ᠬᠢᠵᠠᠭᠠᠷᠯᠠᠬᠤ᠎ᠶ᠋ᠢ ᠴᠢᠩᠭᠠᠳᠭᠠᠵᠤ᠂ ᠰᠡᠷᠭᠡᠢᠯᠡᠭᠦ᠌ ᠵᠠᠰᠠᠬᠤ ᠡᠷᠡᠭᠦᠯᠵᠢᠭᠦᠯᠭᠦ᠌ ᠬᠠᠮᠢᠶᠠᠷᠬᠤ ᠪᠥᠬᠦ᠌ ᠬᠡᠯᠬᠢᠶᠡᠨ᠎ᠤ ᠦᠢᠯᠡᠴᠢᠯᠡᠭᠡ᠎ᠶ᠋ᠢ ᠬᠥᠭ᠌ᠵᠢᠭᠦᠯᠦᠨ᠎ᠡ᠃ ᠲᠦᠷᠭᠡᠨ ᠡᠮᠴᠢᠯᠡᠭᠡ ᠲᠦᠷᠭᠡᠨ ᠠᠪᠤᠷᠠᠯᠲᠠ᠂ ᠴᠢᠰᠤᠨ᠎ᠤ ᠪᠠᠲᠤᠯᠠᠭ᠎ᠠ ᠪᠠ ᠪᠠᠴᠢᠮ ᠪᠠᠢᠳᠠᠯ᠎ᠢ ᠠᠷᠭᠠᠴᠠᠬᠤ ᠴᠢᠳᠠᠪᠤᠷᠢ᠎ᠶ᠋ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃ ᠡᠮᠨᠡᠯᠭᠡ ᠡᠷᠡᠭᠦᠯ ᠬᠠᠮᠠᠭᠠᠯᠠᠯ᠎ᠤᠨ ᠡᠩᠨᠡᠭᠡᠨ᠎ᠤ ᠴᠢᠳᠠᠪᠤᠷᠢ ᠪᠠ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠬᠢᠲᠠᠳ ᠡᠮ ᠡᠮᠨᠡᠯᠭᠡ᠎ᠶ᠋ᠢ ᠤᠯᠠᠮᠵᠢᠯᠠᠨ ᠵᠠᠯᠭᠠᠮᠵᠢᠯᠠᠬᠤ ᠪᠠ ᠬᠢᠳᠡᠳ ᠡᠮ ᠡᠮᠨᠡᠯᠬᠡ᠎ᠶ᠋ᠢᠨ ᠱᠢᠨ᠎ᠡ᠎ᠶ᠋ᠢ ᠡᠭᠦᠳᠭᠦ᠎ᠶ᠋ᠢ ᠠᠬᠢᠭᠤᠯᠵᠤ᠂ ᠬᠢᠲᠠᠳ ᠡᠮᠨᠡᠯᠭᠡ ᠪᠤᠯᠤᠨ ᠧᠦ᠋ᠷᠣᠫᠠ ᠡᠮᠨᠡᠯᠭᠡ᠎ᠶ᠋ᠢ ᠤᠶᠠᠯᠳᠤᠭᠤᠯᠬᠤ᠎ᠶ᠋ᠢ ᠠᠬᠢᠭᠤᠯᠤᠨ᠎ᠠ᠃ ᠱᠢᠨ᠎ᠡ᠎ᠪᠠᠷ ᠡᠭᠦᠳᠦᠭ᠌ᠰᠡᠨ ᠡᠮ ᠪᠠ ᠡᠮᠴᠢᠯᠡᠭᠡᠨ᠎ᠤ ᠪᠠᠭᠠᠵᠢ ᠬᠡᠷᠡᠭ᠌ᠰᠡᠯ᠎ᠤᠨ ᠬᠥᠭ᠌ᠵᠢᠯᠲᠡ᠎ᠶ᠋ᠢ ᠲᠡᠮᠵᠢᠨ᠎ᠠ᠃ ᠰᠡᠳᠭᠢᠴᠡ᠎ᠶ᠋ᠢᠨ ᠡᠷᠡᠭᠦᠯ ᠮᠡᠨᠳᠦ ᠪᠠ ᠣᠶᠣᠨ ᠮᠡᠳᠡᠷᠡᠯ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡ᠎ᠶ᠋ᠢ ᠴᠢᠩᠭᠠᠳᠭᠠᠨ᠎ᠠ᠃

(43) ᠬᠥᠮᠦᠨ ᠠᠮᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃ ᠪᠦᠬᠦ᠌ ᠬᠥᠮᠦᠰ᠂ ᠪᠦᠬᠦ᠌ ᠠᠮᠢ ᠨᠠᠰᠤᠨ᠎ᠤ ᠦᠶᠡᠯᠡᠯ᠎ᠢ ᠬᠠᠮᠤᠷᠤᠭ᠍ᠰᠠᠨ ᠬᠥᠮᠦᠨ ᠠᠮᠠ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠪᠦᠷᠢᠨᠱᠢᠭᠦᠯᠦᠨ᠎ᠠ᠃ ᠤᠷᠤᠭ᠍ᠯᠠᠬᠤ ᠦᠷᠡᠵᠢᠭᠦ᠌ ᠢᠳᠡᠪᠬᠢᠲᠡᠶ ᠦᠵᠡᠯᠲᠡ᠎ᠶ᠋ᠢ ᠰᠠᠨᠠᠭᠠᠴᠢᠯᠠᠵᠤ᠂ ᠦᠷᠡᠵᠢᠯ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ ᠪᠠ ᠤᠷᠮᠠᠱᠢᠭᠤᠯᠬᠤ ᠠᠷᠭ᠎ᠠ ᠬᠡᠮᠵᠢᠶ᠎ᠡ᠎ᠶ᠋ᠢ ᠱᠢᠯᠢᠳᠡᠭ᠌ᠵᠢᠭᠦᠯᠵᠦ᠍᠂ ᠬᠡᠤᠬᠡᠳ ᠪᠤᠢᠵᠢᠭᠤᠯᠬᠤ ᠨᠥᠬᠦᠪᠥᠷᠢ ᠪᠠ ᠬᠤᠪᠢ ᠬᠥᠮᠦᠨ᠎ᠤ ᠠᠱᠢᠭ ᠣᠷᠣᠯᠭ᠎ᠠ᠎ᠶ᠋ᠢᠨ ᠭᠠᠢᠯᠢ᠎ᠶ᠋ᠢᠨ ᠲᠤᠯᠭᠠᠨ ᠰᠠᠭᠤᠯᠭᠠᠬᠤ ᠲᠥᠷᠥ᠎ᠶ᠋ᠢᠨ ᠪᠣᠳᠣᠯᠭ᠎ᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠬᠡᠷ ᠪᠦᠯᠢ᠎ᠶ᠋ᠢᠨ ᠲᠦᠷᠦᠭᠦ᠌ ᠥᠰᠭᠡᠵᠦ᠍ ᠬᠦᠮᠦᠵᠢᠭᠦᠯᠭᠦ᠌ ᠰᠤᠷᠭᠠᠨ ᠬᠦᠮᠦᠵᠢᠭᠦᠯᠭᠦ᠌ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠤᠨ᠎ᠠ᠃ ᠦᠷᠡᠵᠢᠯ᠎ᠤᠨ ᠳᠠᠭᠠᠳᠭᠠᠯ᠎ᠤᠨ ᠲᠦᠷᠢᠮ᠎ᠢ ᠲᠡᠭᠦᠯᠳᠡᠷᠵᠢᠭᠦᠯᠵᠦ᠍᠂ ᠦᠷᠡᠵᠢᠯ᠎ᠤᠨ ᠠᠮᠠᠷᠠᠯᠲᠠ᠎ᠶ᠋ᠢᠨ ᠲᠦᠷᠢᠮ᠎ᠢ ᠨᠠᠢᠳᠠᠪᠤᠷᠢᠵᠢᠭᠤᠯᠵᠤ᠂ ᠵᠢᠷᠮᠦᠰᠦᠨ᠎ᠤ ᠠᠩᠬᠠᠨ᠎ᠤ ᠦᠶ᠎ᠠ᠎ᠶ᠋ᠢᠨ ᠬᠠᠯᠠᠮᠵᠢᠯᠠᠨ ᠬᠠᠢᠷᠠᠯᠠᠬᠤ ᠠᠵᠢᠯᠯᠠᠭ᠎ᠠ᠂ ᠵᠢᠷᠮᠦᠰᠦᠯᠡᠵᠦ᠍ ᠬᠦᠩᠬᠡᠵᠢᠬᠦ᠌ ᠴᠢᠳᠠᠪᠤᠷᠢ ᠪᠠ ᠵᠡᠷᠡᠮᠳᠡᠭ ᠬᠡᠤᠭᠡᠳ ᠲᠦᠷᠦᠭᠦ᠎ᠶ᠋ᠢ ᠰᠡᠷᠭᠡᠢᠯᠡᠨ ᠵᠠᠰᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠥᠯᠥᠪᠯᠡᠭᠡ᠎ᠶ᠋ᠢ ᠬᠡᠷᠡᠭ᠌ᠵᠢᠭᠦᠯᠦᠨ᠎ᠡ᠃ ᠨᠡᠢᠳᠡᠨ ᠰᠠᠭᠠᠲᠠᠭᠤᠯᠬᠤ ᠦᠢᠯᠡᠴᠢᠯᠡᠭᠡᠨ᠎ᠤ ᠨᠥᠬᠦᠪᠥᠷᠢ᠎ᠶ᠋ᠢᠨ ᠵᠢᠱ᠌ᠢᠶ᠎ᠡ ᠦᠵᠡᠭᠦᠯᠬᠦ᠌ ᠲᠤᠷᠱᠢᠯᠲᠠ᠎ᠶ᠋ᠢ ᠭᠦᠨᠵᠡᠭᠡᠢᠷᠡᠬᠦᠯᠦᠨ ᠥᠷᠨᠢᠭᠦᠯᠵᠦ᠍᠂ ᠨᠡᠢᠳᠡᠨ ᠰᠠᠭᠠᠳᠠᠭᠤᠯᠬᠤ ᠪᠠ ᠬᠡᠦᠬᠡᠳ ᠰᠠᠭᠠᠳᠠᠭᠤᠯᠬᠤ᠎ᠶ᠋ᠢ ᠨᠢᠭᠡ ᠴᠤᠬ᠍ᠴᠠᠵᠢᠭᠤᠯᠤᠬ᠍ᠰᠠᠨ ᠲᠦᠭᠡᠮᠡᠯ ᠬᠠᠷᠠᠭᠠᠯᠵᠠᠯᠳᠤ ᠦᠢᠯᠡᠴᠢᠯᠡᠭᠡ᠎ᠶ᠋ᠢ ᠬᠥᠭ᠌ᠵᠢᠭᠦᠯᠵᠦ᠍᠂ ᠬᠤᠯᠪᠣᠭ᠍ᠳᠠᠯ ᠪᠦᠬᠦᠢ ᠲᠦᠷᠢᠮ᠎ᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠦᠨ᠎ᠡ᠃ ᠡᠮᠡᠭ᠌ᠲᠡᠢᠴᠦᠳ ᠪᠠ ᠬᠡᠤᠬᠡᠳ᠎ᠤᠨ ᠡᠷᠡᠭᠦᠯ ᠮᠡᠨᠳᠦ᠍᠎ᠶ᠋ᠢᠨ ᠦᠢᠯᠡᠴᠢᠯᠡᠭᠡ᠎ᠶ᠋ᠢ ᠴᠢᠩᠭᠠᠳᠭᠠᠨ᠎ᠠ᠃ ᠬᠥᠮᠦᠨ ᠠᠮᠠ᠎ᠶ᠋ᠢᠨ ᠨᠠᠰᠤᠵᠢᠯᠲᠠ᠎ᠶ᠋ᠢ ᠢᠳᠡᠪᠬᠢᠲᠡᠶ ᠠᠷᠭᠠᠴᠠᠵᠤ᠂ ᠨᠠᠰᠤᠵᠢᠯ᠎ᠤᠨ ᠠᠰᠠᠷᠠᠮᠵᠢ᠎ᠶ᠋ᠢᠨ ᠠᠵᠢᠯ ᠦᠢᠯᠡᠰ ᠪᠠ ᠠᠵᠤ ᠦᠢᠯᠡᠰ᠎ᠢ ᠬᠠᠮᠵᠢᠯᠴᠠᠨ ᠬᠥᠭ᠌ᠵᠢᠭᠦᠯᠬᠦ᠌ ᠲᠦᠷᠦ᠍᠎ᠶ᠋ᠢᠨ ᠪᠤᠳᠤᠯᠭ᠎ᠠ ᠲᠣᠭ᠍ᠲᠠᠴᠠ᠎ᠶ᠋ᠢ ᠪᠦᠷᠢᠨᠱᠢᠭᠦᠯᠦᠨ᠎ᠠ᠃ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠍᠂ ᠬᠤᠲᠠ ᠬᠥᠳᠡᠭᠡ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠲᠣᠤᠷ᠎ᠢ ᠲᠡᠭᠦᠯᠳᠡᠷᠵᠢᠭᠦᠯᠵᠦ᠍᠂ ᠤᠯᠠᠨ ᠨᠡᠢᠲᠡ᠎ᠶ᠋ᠢᠨ ᠲᠥᠬᠦᠭᠡᠷᠦᠮᠵᠢ᠎ᠶ᠋ᠢᠨ ᠨᠠᠰᠤᠵᠢᠬ᠍ᠰᠠᠳ᠎ᠲᠤ ᠲᠣᠬᠢᠷᠠᠬᠤ ᠪᠠ ᠰᠠᠭᠠᠳ ᠦᠬᠡᠢ ᠪᠤᠯᠭᠠᠬᠤ ᠥᠭᠡᠷᠡᠴᠢᠯᠡᠯᠲᠡ᠎ᠶ᠋ᠢ ᠴᠢᠩᠭᠠᠳᠭᠠᠨ᠎ᠠ᠃ ᠡᠮᠨᠡᠭᠦ᠌ ᠪᠠ ᠪᠤᠢᠵᠢᠭᠤᠯᠬᠤ᠎ᠶ᠋ᠢ ᠤᠶᠠᠯᠳᠤᠭᠤᠯᠤᠭ᠍ᠰᠠᠨ᠂ ᠡᠮᠨᠡᠭᠦ᠌ ᠪᠠ ᠰᠤᠪᠢᠯᠠᠬᠤ᠎ᠶ᠋ᠢ ᠤᠶᠠᠯᠳᠤᠭᠤᠯᠤᠭ᠍ᠰᠨᠨ ᠦᠢᠯᠡᠴᠢᠯᠡᠭᠡ᠎ᠶ᠋ᠢ ᠬᠥᠭ᠌ᠵᠢᠭᠦᠯᠦᠨ᠎ᠡ᠃ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠢ ᠬᠡᠷᠡᠭ᠌ᠵᠢᠭᠦᠯᠵᠦ᠍᠂ ᠴᠢᠳᠠᠪᠤᠷᠢ᠎ᠪᠠᠨ ᠠᠯᠳᠠᠭ᠍ᠰᠠᠨ ᠪᠠ ᠤᠶᠤᠨ ᠴᠢᠳᠡᠪᠤᠷᠢ᠎ᠪᠠᠨ ᠠᠯᠳᠠᠭ᠍ᠰᠠᠨ ᠨᠠᠰᠤᠲᠠᠢᠴᠤᠳ᠎ᠢ ᠬᠠᠷᠠᠭᠠᠯᠵᠠᠨ ᠠᠰᠠᠷᠠᠬᠤ ᠱᠢᠰᠲ᠋ᠧᠮ᠎ᠢ ᠪᠦᠷᠢᠨᠱᠢᠬᠦᠯᠵᠦ᠍᠂ ᠡᠷᠡᠭᠦᠯᠵᠢᠭᠦᠯᠬᠦ᠌ ᠪᠠ ᠰᠤᠪᠢᠯᠠᠬᠤ᠂ ᠨᠠᠰᠤᠨ ᠡᠴᠦᠰ᠎ᠤᠨ ᠬᠠᠯᠠᠮᠵᠢᠯᠠᠯ ᠪᠠ ᠲᠠᠢᠪᠤᠱᠢᠷᠠᠭᠤᠯᠬᠤ ᠵᠠᠰᠠᠯᠭ᠎ᠠ᠎ᠶ᠋ᠢᠨ ᠦᠢᠯᠡᠴᠢᠯᠡᠭᠡᠨ᠎ᠤ ᠬᠠᠩᠭᠠᠯᠭ᠎ᠠ᠎ᠶ᠋ᠢ ᠥᠷᠭᠡᠳᠭᠡᠨ᠎ᠡ᠃ ᠬᠠᠤᠯᠢ᠎ᠪᠠᠷ ᠲᠣᠭ᠍ᠲᠠᠭᠠᠭ᠍ᠰᠠᠨ ᠠᠵᠢᠯ᠎ᠠᠴᠠ ᠪᠠᠭᠤᠵᠤ ᠠᠮᠠᠷᠠᠬᠤ ᠨᠠᠰᠤ᠎ᠶ᠋ᠢ ᠠᠭᠠᠵᠢᠮ᠎ᠢᠶᠠᠷ ᠱᠠᠲᠤᠯᠠᠨ ᠬᠤᠢᠱᠢᠯᠠᠭᠤᠯᠬᠤ᠎ᠶ᠋ᠢ ᠯᠠᠪᠳᠠᠭᠤᠨ ᠲᠤᠬᠢᠳᠠᠢ ᠬᠡᠷᠡᠭ᠌ᠵᠢᠭᠦᠯᠵᠦ᠍᠂ ᠠᠵᠢᠯ ᠣᠯᠭᠤᠯᠲᠠ᠂ ᠨᠡᠢᠭᠡᠮ᠎ᠤᠨ ᠳᠠᠭᠠᠳᠭᠠᠯ ᠵᠡᠷᠭᠡ ᠲᠠᠯ᠎ᠠ᠎ᠶ᠋ᠢᠨ ᠨᠠᠰᠤ ᠵᠢᠯ᠎ᠢ ᠬᠢᠵᠠᠭᠠᠷᠯᠠᠬᠤ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠵᠦ᠍᠂ ᠨᠠᠰᠤᠲᠠᠢᠴᠤᠳ᠎ᠤᠨ ᠬᠦᠮᠦᠨ᠎ᠤ ᠬᠦᠴᠦᠨ᠎ᠤ ᠡᠬᠢ ᠪᠠᠶᠠᠯᠢᠭ᠎ᠢ ᠢᠳᠡᠪᠬᠢᠲᠡᠢ ᠨᠡᠭᠡᠭᠡᠨ ᠠᠱᠢᠭ᠍ᠯᠠᠵᠦ᠍᠂ ᠪᠤᠭᠤᠷᠤᠯᠴᠤᠳ᠎ᠤᠨ ᠠᠵᠤ ᠠᠬᠤᠶ᠎ᠶ᠋ᠢ ᠬᠥᠭ᠌ᠵᠢᠭᠦᠯᠦᠨ᠎ᠡ᠃

(44) ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ᠎ᠶ᠋ᠢ ᠯᠠᠪᠳᠠᠭᠤᠨ᠎ᠢᠶᠠᠷ ᠠᠬᠢᠭᠤᠯᠤᠨ᠎ᠠ᠃ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ ᠦᠨᠡᠯᠡᠯᠲᠡ᠎ᠶ᠋ᠢᠨ ᠪᠠᠷᠢᠮᠵᠢᠶ᠎ᠠ᠎ᠶ᠋ᠢ ᠪᠠᠢᠭᠤᠯᠵᠤ᠂ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠬᠡᠪᠴᠢᠶ᠎ᠡ ᠪᠠ ᠠᠭᠤᠯᠭ᠎ᠠ᠎ᠶ᠋ᠢ ᠲᠡᠭᠦᠯᠳᠡᠷᠵᠢᠭᠦᠯᠵᠦ᠍᠂ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ᠎ᠶ᠋ᠢ ᠪᠡᠶᠡᠯᠡᠬᠦᠯᠬᠦ᠌ ᠬᠠᠷᠠᠯᠲᠠ᠂ ᠠᠷᠭ᠎ᠠ ᠵᠠᠮ᠂ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠨᠡᠩ ᠠᠷᠪᠢᠨ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠦᠨᠳᠦᠰᠦᠨ ᠱᠠᠲᠤᠨ᠎ᠳᠤ ᠪᠠᠭᠤᠯᠭᠠᠬᠤ᠂ ᠬᠥᠳᠡᠭᠡ ᠲᠣᠰᠭᠤᠨ᠎ᠳᠤ ᠨᠡᠢᠳᠡᠮ ᠬᠠᠩᠭᠠᠬᠤ᠂ ᠵᠠᠬ᠎ᠠ ᠬᠢᠵᠠᠭᠠᠷ ᠣᠷᠣᠨ ᠪᠣᠯᠤᠨ ᠠᠮᠢᠳᠤᠷᠠᠯ ᠨᠢ ᠬᠦᠴᠢᠷᠳᠡᠯ ᠲᠠᠢ ᠣᠯᠠᠨ ᠲᠦᠮᠡᠨ ᠲᠡᠢᠰᠢ ᠬᠡᠯᠪᠠᠢᠯᠭᠡᠬᠦ᠌᠎ᠶ᠋ᠢ ᠠᠬᠢᠭᠤᠯᠵᠦ᠍᠂ ᠪᠠᠢᠩᠭᠤ ᠰᠠᠭᠤᠭ᠎ᠠ ᠬᠥᠮᠦᠨ ᠠᠮᠠ᠎ᠯᠤᠭ᠎ᠠ ᠵᠣᠬᠢᠴᠠᠯᠳᠤᠭ᠍ᠰᠠᠨ ᠣᠯᠠᠨ ᠨᠡᠢᠲᠡ᠎ᠶ᠋ᠢᠨ ᠡᠬᠢ ᠪᠠᠶᠠᠯᠢᠭ᠎ᠢ ᠳᠣᠭᠢᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠱᠢᠶᠠᠨ᠎ᠤ ᠪᠦᠰᠡ᠎ᠶ᠋ᠢᠨ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠬᠠᠩᠭᠠᠯᠭ᠎ᠠ᠎ᠶ᠋ᠢ ᠨᠢᠭᠡᠳᠦᠯᠲᠡᠶ ᠲᠥᠯᠥᠪᠯᠡᠬᠦ᠌᠎ᠶ᠋ᠢ ᠴᠢᠩᠭᠠᠳᠭᠠᠵᠤ᠂ ᠣᠷᠣᠭᠤᠯᠤᠯᠲᠠ᠎ᠶ᠋ᠢ ᠪᠠᠲᠤᠯᠠᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠠᠵᠢᠯ ᠦᠢᠯᠡᠰ᠎ᠤᠨ ᠨᠢᠭᠡᠴᠢ᠎ᠶ᠋ᠢᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠦᠨ᠎ᠡ᠃

ᠠᠷᠪᠠᠨ ᠬᠤᠶᠠᠷ᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠶ᠋ᠢᠨ ᠨᠤᠭᠤᠭᠠᠨ ᠬᠤᠪᠢᠷᠠᠭᠤᠯᠤᠯᠳᠠ᠎ᠶ᠋ᠢ ᠲᠦᠷᠭᠡᠳᠭᠡᠵᠦ᠍᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠢᠭᠤᠯᠤᠨ᠎ᠠ

ᠨᠤᠭᠤᠭᠠᠨ ᠬᠥᠭ᠌ᠵᠢᠯᠲᠡ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠢᠯᠡ ᠲᠣᠳᠣ ᠳᠡᠪᠢᠰᠭᠡᠷ ᠦᠩᠭᠡ ᠮᠦᠨ᠃ ᠨᠣᠮᠢᠨ ᠤᠰᠤ ᠬᠦᠬᠡᠮᠳᠦᠭ ᠠᠭᠤᠯᠠ ᠪᠣᠯ ᠠᠯᠳᠠᠨ ᠠᠭᠤᠯᠠ ᠮᠦᠩᠭᠦᠨ ᠬᠠᠢᠷᠬᠠᠨ ᠮᠦᠨ ᠭᠡᠬᠦ᠌ ᠣᠢᠯᠠᠭᠠᠭ᠍ᠳᠠᠬᠤᠨ᠎ᠢ ᠪᠠᠲᠤ ᠪᠠᠬᠢ ᠪᠤᠢ ᠪᠣᠯᠭᠠᠨ ᠦᠢᠯᠡᠳᠦᠯᠭᠡᠵᠢᠭᠦᠯᠵᠦ᠍᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠌ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠰᠠᠭᠠᠷᠮᠠᠭ᠍ᠵᠢᠭᠤᠯᠬᠤ᠎ᠪᠠᠷ ᠬᠦᠳᠦᠯᠦᠮᠵᠢ ᠪᠣᠯᠭᠠᠵᠤ᠂ ᠨᠡᠬᠦᠷᠡᠰᠤᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠳᠡ᠎ᠶ᠋ᠢ ᠪᠠᠭᠤᠷᠠᠭᠤᠯᠬᠤ᠂ ᠪᠤᠬᠢᠷᠳᠤᠯ᠎ᠢ ᠪᠠᠭᠠᠰᠭᠠᠬᠤ᠂ ᠨᠤᠭᠤᠭᠠᠷᠠᠭᠤᠯᠤᠯᠳᠠ᠎ᠶ᠋ᠢ ᠦᠷᠭᠡᠳᠭᠡᠬᠦ᠂ ᠠᠵᠤ ᠠᠬᠤᠢ᠎ᠶ᠋ᠢ ᠨᠡᠮᠡᠭ᠌ᠳᠡᠬᠦᠯᠬᠦ᠌᠎ᠶ᠋ᠢ ᠬᠠᠮᠵᠢᠯᠴᠠᠭᠤᠯᠤᠨ ᠠᠬᠢᠭᠤᠯᠵᠦ᠍᠂ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠬᠢᠵᠢᠭᠦᠯᠵᠦ᠍᠂ ᠨᠤᠭᠤᠭᠠᠨ ᠬᠥᠭ᠌ᠵᠢᠯᠲᠡ᠎ᠶ᠋ᠢᠨ ᠬᠥᠳᠡᠯᠭᠡᠭ᠌ᠴᠢ ᠡᠨᠧᠷᠭᠢ᠎ᠶ᠋ᠢ ᠨᠡᠮᠡᠭ᠌ᠳᠡᠭᠦᠯᠦᠨ᠎ᠡ᠃

(45) ᠪᠣᠬᠢᠷᠲᠤᠯ᠎ᠢ ᠰᠡᠷᠭᠡᠢᠯᠡᠨ ᠵᠠᠰᠠᠬᠤ ᠪᠡᠷᠬᠡ ᠰᠡᠳᠦᠪ᠎ᠢ ᠱᠢᠢᠳᠪᠦᠷᠢᠯᠡᠬᠦ᠌ ᠪᠠ ᠠᠮᠢ ᠠᠬᠤᠶ᠎ᠶ᠋ᠢᠨ ᠱᠢᠰᠲ᠋ᠧᠮ᠎ᠢ ᠱᠢᠯᠢᠳᠡᠭ᠌ᠵᠢᠭᠦᠯᠬᠦ᠌᠎ᠶ᠋ᠢ ᠦᠷᠭᠦᠯᠵᠢᠯᠡᠨ ᠭᠦᠨᠵᠡᠭᠡᠢᠷᠡᠬᠦᠯᠦᠨ ᠠᠬᠢᠭᠤᠯᠤᠨ᠎ᠠ᠃ ᠠᠷᠠᠳ᠎ᠤᠨ ᠲᠥᠯᠥᠭᠡ ᠣᠷᠴᠢᠨ ᠠᠬᠤᠢ᠎ᠶ᠋ᠢ ᠬᠠᠮᠠᠭᠠᠯᠠᠬᠤ᠎ᠶ᠋ᠢ ᠪᠠᠷᠢᠮᠲᠠᠯᠠᠵᠤ᠂ ᠨᠠᠷᠢᠯᠢᠭ ᠣᠨᠣᠴᠠᠲᠠᠶ ᠱᠢᠨᠵᠢᠯᠡᠬᠦ᠌ ᠤᠬᠠᠭᠠᠨᠴᠢ ᠬᠠᠤᠯᠢ ᠶᠣᠰᠣᠭᠠᠷ ᠪᠣᠬᠢᠷᠲᠤᠯ᠎ᠢ ᠵᠠᠰᠠᠬᠤ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠡᠬᠢ ᠡᠭᠦᠰᠦᠯ᠎ᠠᠴᠠ ᠨᠢ ᠵᠠᠰᠠᠬᠤ᠎ᠶ᠋ᠢ ᠨᠠᠩ ᠢᠯᠡᠬᠦᠦ ᠴᠢᠬᠤᠯᠠᠴᠢᠯᠠᠵᠤ᠂ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠪᠠᠭᠤᠷᠠᠭᠤᠯᠬᠤ᠎ᠶ᠋ᠢ ᠬᠠᠮᠵᠢᠯᠴᠠᠭᠤᠯᠬᠤ᠂ ᠣᠯᠠᠨ ᠪᠣᠬᠢᠷᠲᠤᠭᠤᠯᠬᠤ ᠪᠣᠳᠠᠰ᠎ᠢ ᠬᠢᠵᠠᠭᠠᠷᠯᠠᠬᠤ᠎ᠶ᠋ᠢ ᠬᠠᠮᠵᠢᠯᠴᠠᠭᠤᠯᠬᠤ᠂ ᠣᠷᠣᠨ ᠪᠦᠰᠡ᠎ᠶ᠋ᠢᠨ ᠵᠠᠰᠠᠯᠲᠠ᠎ᠶ᠋ᠢ ᠬᠠᠮᠵᠢᠯᠴᠠᠭᠤᠯᠬᠤ᠎ᠶ᠋ᠢ ᠴᠢᠩᠭᠠᠳᠭᠠᠵᠤ᠂ ᠴᠡᠯᠮᠡᠭ ᠲᠡᠭ᠌ᠷᠢ᠂ ᠲᠤᠩᠭᠠᠯᠠᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠨ᠎ᠢ ᠭᠦᠨᠵᠡᠭᠡᠢᠷᠡᠬᠦᠯᠦᠨ ᠰᠠᠢᠲᠤᠷ ᠬᠢᠨ᠎ᠡ᠃ ᠪᠣᠬᠢᠷᠲᠤᠯ ᠭᠠᠳᠠᠭ᠍ᠰᠢᠯᠠᠭᠤᠯᠬᠤ ᠵᠥᠪᠱᠢᠶᠡᠷᠡᠯ᠎ᠤᠨ ᠳᠦᠷᠢᠮ᠎ᠢᠶᠠᠷ ᠭᠤᠣᠯᠯᠠᠭᠤᠯᠤᠭ᠍ᠰᠠᠨ ᠲᠣᠭ᠍ᠲᠠᠮᠠᠯ ᠪᠣᠬᠢᠷᠲᠤᠯ᠎ᠤᠨ ᠡᠬᠢ᠎ᠶ᠋ᠢ ᠬᠢᠨᠠᠨ ᠬᠠᠮᠢᠶᠠᠷᠬᠤ ᠳᠦᠷᠢᠮ᠎ᠢ ᠲᠦᠷᠭᠡᠯᠡᠨ ᠨᠠᠢᠳᠠᠪᠤᠷᠢᠵᠢᠭᠤᠯᠤᠨ᠎ᠠ᠃ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠵᠠᠰᠠᠬᠤ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠣᠷᠴᠢᠨ ᠠᠬᠤᠢ᠎ᠶ᠋ᠢᠨ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠱᠢᠨ᠎ᠡ ᠪᠣᠬᠢᠷᠲᠤᠭᠤᠯᠬᠤ ᠪᠣᠳᠠᠰ᠎ᠤᠨ ᠵᠠᠰᠠᠯᠳᠠ᠎ᠶ᠋ᠢ ᠭᠦᠨᠵᠡᠭᠡᠢᠷᠡᠬᠦᠯᠦᠨ ᠠᠬᠢᠭᠤᠯᠤᠨ᠎ᠠ᠃ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠪᠠᠷᠢᠮᠵᠢᠶ᠎ᠠ᠂ ᠬᠢᠨᠠᠨ ᠬᠡᠮᠵᠢᠬᠦ᠂ ᠦᠨᠡᠯᠡᠬᠦ᠌ ᠪᠠ ᠬᠢᠨᠠᠨ ᠱᠢᠯᠭᠠᠬᠤ ᠲᠦᠷᠢᠮ᠎ᠢ ᠲᠡᠭᠦᠯᠳᠡᠷᠵᠢᠭᠦᠯᠦᠨ᠎ᠡ᠃

ᠠᠭᠤᠯᠠ ᠤᠰᠤ ᠣᠶ ᠱᠢᠭᠤᠶ ᠲᠠᠷᠢᠶᠡᠨ ᠭᠠᠵᠠᠷ ᠨᠠᠭᠤᠷ ᠲᠤᠭᠤᠷᠢᠮ ᠡᠪᠡᠰᠦ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠠᠢ᠎ᠪᠠᠷ ᠵᠠᠰᠠᠬᠤ᠎ᠶ᠋ᠢ ᠪᠠᠷᠢᠮᠲᠠᠯᠠᠵᠤ᠂ ᠴᠢᠬᠤᠯᠠ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠪᠠ ᠵᠠᠰᠠᠨ ᠰᠡᠷᠭᠦᠭᠡᠬᠦ᠌ ᠴᠢᠬᠤᠯᠠ ᠶᠡᠭᠡ ᠢᠨᠵᠧᠨᠧᠷᠢᠩ᠎ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠤᠯᠤᠰ᠎ᠤᠨ ᠴᠡᠴᠡᠷᠯᠢᠭ᠎ᠢᠶᠠᠷ ᠭᠤᠤᠯ ᠴᠣᠭ᠍ᠴᠠ ᠪᠣᠯᠭᠠᠭ᠍ᠰᠠᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠱᠢᠰᠲ᠋ᠧᠮ᠎ᠤᠨ ᠪᠠᠢᠭᠤᠯᠤᠯᠲᠠ᠎ᠶ᠋ᠢ ᠪᠥᠬᠦ᠌ ᠲᠠᠯ᠎ᠠ᠎ᠪᠠᠷ ᠠᠬᠢᠭᠤᠯᠵᠤ᠂ ᠱᠢᠨ᠎ᠡ ᠤᠯᠤᠰ᠎ᠤᠨ ᠴᠡᠴᠡᠷᠯᠢᠭ᠎ᠢ ᠡᠮᠬᠢ ᠵᠢᠷᠤᠮ ᠲᠠᠢ ᠪᠠᠢᠭᠤᠯᠤᠨ᠎ᠠ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠠᠮᠢ ᠠᠬᠤᠶ᠎ᠶ᠋ᠢ ᠬᠠᠮᠠᠭᠠᠯᠠᠵᠦ᠍ ᠵᠠᠰᠠᠨ ᠰᠡᠷᠭᠦᠭᠡᠭ᠌ᠰᠡᠨ ᠦᠷ᠎ᠡ ᠪᠦᠲᠦᠮᠵᠢ᠎ᠶ᠋ᠢ ᠦᠨᠡᠯᠡᠨ ᠵᠢᠱ᠌ᠢᠭᠦ᠌ ᠠᠵᠢᠯ᠎ᠢ ᠥᠷᠨᠢᠭᠦᠯᠦᠨ᠎ᠡ᠃ ᠤᠯᠤᠰ᠎ᠤᠨ ᠨᠤᠲᠤᠭ ᠳᠡᠪᠢᠰᠭᠡᠷ᠎ᠢ ᠶᠡᠭᠡ ᠬᠡᠪᠴᠢᠶ᠎ᠡ᠎ᠪᠠᠷ ᠨᠣᠭᠤᠭᠠᠷᠠᠭᠤᠯᠬᠤ ᠠᠵᠢᠯᠯᠠᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠥᠷᠨᠢᠭᠦᠯᠵᠦ᠍᠂ 《ᠭᠤᠷᠪᠠᠨ ᠤᠮᠠᠷᠠᠲᠤ》᠎ᠶ᠋ᠢᠨ ᠢᠨᠵᠧᠨᠧᠷᠢᠩ᠎ᠤᠨ ᠪᠡᠷᠭᠡ ᠰᠡᠳᠦᠪ᠎ᠢ ᠱᠢᠢᠳᠪᠤᠷᠢᠯᠡᠭᠦ᠌ ᠳᠠᠢᠨ᠎ᠢ ᠰᠠᠢᠲᠤᠷ ᠬᠢᠨ᠎ᠠ᠃ ᠬᠥᠬᠡᠨᠠᠭᠤᠷ ᠲᠥᠪᠡᠳ᠎ᠤᠨ ᠥᠨᠳᠦᠷᠯᠢᠭ ᠵᠡᠷᠭᠡ ᠭᠠᠵᠠᠷ ᠣᠷᠣᠨ᠎ᠤ ᠠᠮᠢ ᠠᠬᠤᠶ᠎ᠶ᠋ᠢᠨ ᠬᠠᠯᠬᠠᠪᠴᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠣᠯᠠᠨ ᠡᠱᠢᠵᠢᠭ᠌ᠰᠡᠨ ᠠᠮᠢ ᠠᠬᠤᠢ᠎ᠶ᠋ᠢᠨ ᠨᠥᠬᠦᠪᠥᠷᠢ ᠦᠭ᠌ᠭᠦ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠠᠮᠢ ᠠᠬᠤᠢ᠎ᠶ᠋ᠢᠨ ᠪᠦᠲᠦᠭᠡᠭ᠌ᠳᠡᠬᠦᠨ᠎ᠤ ᠥᠷᠲᠡᠭ᠎ᠢ ᠪᠡᠶᠡᠯᠡᠭᠦᠯᠬᠦ᠌ ᠠᠷᠭ᠎ᠠ ᠵᠠᠮ᠎ᠢ ᠥᠷᠭᠡᠳᠭᠡᠨ᠎ᠡ᠃ ᠴᠢᠬᠤᠯᠠ ᠭᠤᠤᠯ ᠮᠥᠷᠡᠨ ᠨᠠᠭᠤᠷ ᠴᠥᠭᠦᠷᠥᠮ᠎ᠢ ᠱᠢᠰᠲ᠋ᠧᠮ᠎ᠲᠠᠢ᠎ᠪᠠᠷ ᠵᠠᠰᠠᠬᠤ ᠪᠠ ᠠᠮᠢ ᠠᠬᠤᠶ᠎ᠶ᠋ᠢ ᠨᠢ ᠬᠠᠮᠠᠭᠠᠯᠠᠬᠤ᠎ᠶ᠋ᠢ ᠴᠢᠩᠭᠠᠳᠭᠠᠨ᠎ᠠ᠃ ᠬᠥᠬᠡᠮᠥ᠋ᠷᠡᠨ᠎ᠳᠤ ᠵᠢᠭᠠᠰᠤ ᠠᠩᠨᠠᠬᠤ᠎ᠶ᠋ᠢ ᠠᠷᠪᠠᠨ ᠵᠢᠯ ᠴᠠᠭᠠᠵᠠᠯᠠᠬᠤ᠎ᠶ᠋ᠢ ᠰᠠᠢᠲᠤᠷ ᠬᠡᠷᠡᠭ᠌ᠵᠢᠭᠦᠯᠦᠨ᠎ᠡ᠃

(46) ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠱᠢᠰᠲ᠋ᠧᠮ᠎ᠢ ᠲᠦᠷᠭᠡᠯᠡᠨ ᠪᠠᠢᠭᠤᠯᠤᠨ᠎ᠠ᠃ ᠱᠢᠨ᠎ᠡ ᠡᠨᠧᠷᠭᠢ᠎ᠶ᠋ᠢᠨ ᠰᠤᠷᠪᠤᠯᠵᠢ᠎ᠶ᠋ᠢᠨ ᠬᠠᠩᠭᠠᠯᠭ᠎ᠠ᠎ᠶ᠋ᠢᠨ ᠬᠤᠪᠢ᠎ᠶ᠋ᠢᠨ ᠵᠢᠩ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠴᠢᠯᠠᠭᠤᠵᠢᠮᠠᠯ ᠡᠨᠧᠷᠭᠢ᠎ᠶ᠋ᠢᠨ ᠰᠤᠷᠪᠤᠯᠵᠢ᠎ᠶ᠋ᠢ ᠠᠮᠤᠷ ᠲᠦᠪᠱᠢᠨ ᠨᠠᠢᠳᠠᠪᠤᠷᠢᠲᠠᠶ ᠡᠮᠬᠢ ᠵᠢᠷᠤᠮ᠎ᠲᠠᠢ᠎ᠪᠠᠷ ᠣᠷᠣᠯᠠᠭᠤᠯᠬᠤ᠎ᠶ᠋ᠢ ᠠᠬᠢᠭᠤᠯᠵᠤ᠂ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠤ ᠱᠢᠰᠲ᠋ᠧᠮ᠎ᠢ ᠬᠦᠴᠦᠯᠡᠨ ᠪᠠᠢᠭᠤᠯᠵᠤ᠂ ᠡᠨᠧᠷᠭᠢ᠎ᠶ᠋ᠢᠨ ᠰᠤᠷᠪᠤᠯᠵᠢ᠎ᠶ᠋ᠢᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠤᠨ᠎ᠠ᠃ ᠰᠠᠯᠬᠢ ᠭᠡᠷᠡᠯ ᠤᠰᠤ ᠴᠥᠮ᠎ᠡ ᠵᠡᠷᠭᠡ ᠣᠯᠠᠨ ᠡᠨᠧᠷᠭᠢ᠎ᠶ᠋ᠢ ᠵᠡᠷᠭᠡ᠎ᠪᠠᠷ ᠬᠡᠷᠡᠭ᠌ᠯᠡᠭᠦ᠎ᠶ᠋ᠢ ᠪᠠᠷᠢᠮᠳᠠᠯᠠᠵᠦ᠍᠂ ᠲᠤᠬᠠᠶ᠎ᠶ᠋ᠢᠨ ᠭᠠᠵᠠᠷ᠎ᠲᠤᠨᠢ ᠪᠠᠭ᠍ᠳᠠᠭᠠᠨ ᠱᠢᠩᠭᠡᠭᠡᠬᠦ᠌ ᠪᠠ ᠭᠠᠳᠠᠭ᠍ᠰᠢ ᠬᠦᠷᠭᠡᠬᠦ᠌᠎ᠶ᠋ᠢ ᠨᠢᠭᠡᠳᠦᠯᠲᠡᠶ ᠲᠥᠯᠥᠪᠯᠡᠵᠦ᠍᠂ ᠠᠷᠢᠭᠤᠨ ᠴᠡᠪᠡᠷ ᠡᠨᠧᠷᠭᠢ᠎ᠶ᠋ᠢᠨ ᠰᠤᠷᠪᠤᠯᠵᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃ ᠴᠢᠯᠠᠭᠤᠵᠢᠮᠠᠯ ᠡᠨᠧᠷᠭᠢ᠎ᠶ᠋ᠢᠨ ᠰᠤᠷᠪᠤᠯᠵᠢ᠎ᠶ᠋ᠢ ᠠᠷᠢᠭᠤᠨ ᠴᠡᠪᠡᠷ ᠪᠦᠬᠡᠳ ᠥᠨᠳᠥᠷ ᠪᠦᠲᠦᠮᠵᠢᠲᠡᠶ᠎ᠪᠠᠷ ᠠᠱᠢᠭ᠍ᠯᠠᠬᠤ᠎ᠶ᠋ᠢ ᠴᠢᠩᠭᠠᠳᠭᠠᠵᠤ᠂ ᠨᠡᠭᠦᠷᠡᠰᠦᠨ ᠴᠠᠬᠢᠯᠭᠠᠨ᠎ᠢ ᠥᠭᠡᠷᠡᠴᠢᠯᠡᠨ ᠲᠡᠰ ᠳᠡᠪᠱᠢᠭᠦᠯᠬᠦ᠌ ᠪᠠ ᠲᠠᠷᠠᠬᠠᠶ ᠨᠡᠭᠦᠷᠡᠰᠦ᠎ᠶ᠋ᠢ ᠣᠷᠣᠯᠠᠭᠤᠯᠬᠤ᠎ᠶ᠋ᠢ ᠠᠬᠢᠭᠤᠯᠤᠨ᠎ᠠ᠃ ᠴᠠᠬᠢᠯᠭᠠᠨ ᠬᠦᠴᠦᠨ᠎ᠤ ᠱᠢᠰᠲ᠋ᠧᠮ᠎ᠤᠨ ᠬᠠᠷᠢᠯᠴᠠᠨ ᠨᠥᠬᠦᠪᠥᠷᠢᠯᠡᠨ ᠬᠠᠷᠢᠯᠴᠠᠨ ᠲᠤᠰᠠᠯᠠᠬᠤ ᠪᠠ ᠠᠮᠤᠷ ᠲᠦᠪᠱᠢᠨ᠎ᠤ ᠤᠶᠠᠨ ᠬᠠᠳᠠᠨ ᠴᠢᠨᠠᠷ᠎ᠤᠨ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠤᠰᠤ ᠲᠠᠲᠠᠵᠤ ᠡᠨᠧᠷᠭᠢ ᠬᠠᠳᠠᠭᠠᠯᠠᠬᠤ᠎ᠶ᠋ᠢ ᠱᠢᠨᠵᠢᠯᠡᠬᠦ᠌ ᠤᠬᠠᠭᠠᠨᠴᠢ᠎ᠪᠠᠷ ᠪᠠᠢᠷᠢᠯᠠᠭᠤᠯᠵᠦ᠍᠂ ᠱᠢᠨ᠎ᠡ ᠬᠡᠯᠪᠡᠷᠢ᠎ᠶ᠋ᠢᠨ ᠨᠦᠭᠡᠴᠡ ᠡᠨᠧᠷᠭᠢ᠎ᠶ᠋ᠢ ᠶᠡᠭᠡ᠎ᠪᠠᠷ ᠬᠥᠭ᠌ᠵᠢᠭᠦᠯᠵᠦ᠍᠂ ᠤᠶᠤᠨᠴᠢ ᠴᠠᠬᠢᠯᠭᠠᠨ ᠲᠣᠤᠷ ᠪᠠ ᠪᠢᠴᠢᠯ ᠴᠠᠬᠢᠯᠭᠠᠨ ᠲᠣᠤᠷ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠦᠵᠤᠬᠦᠷ᠎ᠤᠨ ᠡᠨᠧᠷᠬᠢ᠎ᠶ᠋ᠢᠨ ᠬᠡᠷᠡᠭ᠌ᠯᠡᠯᠳᠡ᠎ᠶ᠋ᠢᠨ ᠴᠠᠬᠢᠯᠭᠠᠨᠵᠢᠭᠤᠯᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠡᠨᠧᠷᠭᠢ᠎ᠶ᠋ᠢᠨ ᠰᠤᠷᠪᠤᠯᠵᠢ᠎ᠶ᠋ᠢᠨ ᠬᠡᠷᠡᠭ᠌ᠯᠡᠭᠡ᠎ᠶ᠋ᠢ ᠨᠣᠭᠤᠭᠠᠨᠵᠢᠭᠤᠯᠬᠤ ᠪᠠ ᠨᠡᠭᠦᠷᠡᠰᠦᠲᠥ᠋ᠷᠥᠭ᠌ᠴᠢ ᠪᠠᠭᠠᠲᠠᠢ ᠪᠣᠯᠭᠠᠬᠤ᠎ᠶ᠋ᠢ ᠠᠬᠢᠭᠤᠯᠤᠨ᠎ᠠ᠃ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠱᠢᠰᠲ᠋ᠧᠮ᠎ᠳᠤ ᠵᠣᠬᠢᠴᠠᠭ᠍ᠰᠠᠨ ᠵᠠᠬ᠎ᠠ ᠳᠡᠯᠭᠡᠭᠦᠷ ᠪᠠ ᠦᠨ᠎ᠡ ᠬᠠᠩᠰᠢ᠎ᠶ᠋ᠢᠨ ᠲᠣᠭ᠍ᠲᠠᠴᠠ᠎ᠶ᠋ᠢ ᠲᠦᠷᠭᠡᠯᠡᠨ ᠪᠦᠷᠢᠨᠱᠢᠭᠦᠯᠦᠨ᠎ᠠ᠃

(47) ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠤᠷᠬᠢᠯ ᠬᠡᠮᠵᠢᠭ᠌ᠳᠡᠯ᠎ᠳᠤᠨᠢ ᠬᠦᠷᠭᠡᠭᠦ᠎ᠶ᠋ᠢ ᠢᠳᠡᠪᠬᠢᠲᠡᠶ ᠪᠥᠭᠡᠳ ᠯᠠᠪᠳᠠᠭᠤᠨ ᠳᠤᠬᠢᠳᠠᠢ ᠠᠬᠢᠭᠤᠯᠬᠤ ᠪᠠ ᠪᠡᠶᠡᠯᠡᠭᠦᠯᠦᠨ᠎ᠠ᠃ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠶᠡᠷᠦᠩᠬᠡᠶ ᠬᠡᠮᠵᠢᠶ᠎ᠡ ᠪᠠ ᠬᠦᠴᠦᠯᠡᠴᠡ᠎ᠶ᠋ᠢᠨ ᠬᠤᠤᠰ ᠬᠢᠵᠠᠭᠠᠷᠯᠠᠯ᠎ᠤᠨ ᠲᠦᠷᠢᠮ᠎ᠢ ᠬᠡᠷᠡᠭ᠌ᠵᠢᠭᠦᠯᠦᠨ᠎ᠡ᠃ ᠡᠨᠧᠷᠭᠢ ᠠᠷᠪᠢᠯᠠᠵᠤ ᠨᠡᠬᠦᠷᠡᠰᠤᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠳᠡ᠎ᠶ᠋ᠢ ᠪᠠᠭᠤᠷᠠᠭᠤᠯᠬᠤ ᠥᠭᠡᠷᠡᠴᠢᠯᠡᠯᠲᠡ᠎ᠶ᠋ᠢ ᠭᠦᠨᠵᠡᠭᠡᠢᠷᠡᠬᠦᠯᠦᠨ ᠬᠡᠷᠡᠭ᠌ᠵᠢᠭᠦᠯᠦᠨ᠎ᠡ᠃ ᠨᠡᠭᠦᠷᠡᠰᠦ ᠪᠠ ᠴᠢᠯᠠᠭᠤᠨ ᠲᠤᠰᠤᠨ᠎ᠤ ᠬᠡᠷᠡᠭ᠌ᠯᠡᠭᠡ᠎ᠶ᠋ᠢ ᠤᠷᠬᠢᠯ ᠬᠡᠮᠵᠢᠭ᠌ᠳᠡᠯ᠎ᠳᠤᠨᠢ ᠬᠦᠷᠭᠡᠭᠦ᠎ᠶ᠋ᠢ ᠠᠬᠢᠭᠤᠯᠤᠨ᠎ᠠ᠃ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠡᠮᠵᠢᠶ᠎ᠠ᠎ᠶ᠋ᠢ ᠪᠦᠷᠢᠳᠭᠡᠵᠦ᠍ ᠲᠤᠭᠠᠴᠠᠭ᠎ᠠ ᠬᠢᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠣᠷᠣᠨ ᠨᠤᠲᠤᠭ᠎ᠤᠨ ᠨᠡᠭᠦᠷᠡᠰᠦᠲᠥ᠋ᠷᠥᠭ᠌ᠴᠢ᠎ᠶ᠋ᠢ ᠬᠢᠨᠠᠨ ᠱᠢᠯᠭᠠᠬᠤ᠂ ᠠᠵᠢᠯ ᠲᠥᠷᠥᠯ᠎ᠤᠨ ᠨᠡᠭᠦᠷᠡᠰᠦᠲᠥ᠋ᠷᠥᠭ᠌ᠴᠢ᠎ᠶ᠋ᠢ ᠬᠠᠮᠢᠶᠠᠷᠤᠨ ᠡᠵᠡᠮᠳᠡᠬᠦ᠂ ᠠᠵᠤ ᠠᠬᠤᠢᠯᠠᠯ᠎ᠤᠨ ᠨᠡᠭᠦᠷᠡᠰᠦᠲᠥ᠋ᠷᠥᠭ᠌ᠴᠢ᠎ᠶ᠋ᠢ ᠬᠠᠮᠢᠶᠠᠷᠬᠤ᠂ ᠲᠦᠰᠦᠯ᠎ᠤᠨ ᠨᠡᠭᠦᠷᠡᠰᠦᠲᠥ᠋ᠷᠥᠭ᠌ᠴᠢ᠎ᠶ᠋ᠢ ᠦᠨᠡᠯᠡᠬᠦ᠂ ᠦᠢᠯᠡᠳᠬᠦᠨ᠎ᠤ ᠨᠡᠭᠦᠷᠡᠰᠦᠲᠥ᠋ᠷᠥᠭ᠌ᠴᠢ᠎ᠶ᠋ᠢᠨ ᠤᠯᠠ ᠮᠥᠷ ᠵᠡᠷᠭᠡ᠎ᠶ᠋ᠢᠨ ᠲᠦᠷᠦ᠍᠎ᠶ᠋ᠢᠨ ᠪᠤᠳᠤᠯᠭ᠎ᠠ ᠲᠦᠷᠢᠮ᠎ᠢ ᠯᠠᠪᠳᠠᠭᠤᠨ᠎ᠢᠶᠠᠷ ᠬᠡᠷᠡᠭ᠌ᠵᠢᠭᠦᠯᠦᠨ᠎ᠡ᠃ ᠲᠠᠷᠬᠠᠮᠠᠯ ᠮᠠᠶᠢᠭ᠎ᠤᠨ ᠡᠨᠧᠷᠭᠢ᠎ᠶ᠋ᠢᠨ ᠰᠤᠷᠪᠤᠯᠵᠢ᠎ᠶ᠋ᠢ ᠬᠥᠭ᠌ᠵᠢᠭᠦᠯᠵᠦ᠍᠂ ᠨᠡᠭᠦᠷᠡᠰᠦᠲᠥ᠋ᠷᠥᠭ᠌ᠴᠢ ᠦᠯᠦ᠍ ᠭᠠᠳᠠᠬ᠍ᠰᠢᠯᠠᠭᠤᠯᠬᠤ ᠦᠢᠯᠡᠳᠪᠦᠷᠢ ᠪᠠ ᠬᠦᠷᠢᠶᠡᠯᠡᠩ ᠲᠣᠭᠤᠷᠢᠭ᠎ᠢ ᠪᠦᠲᠦᠭᠡᠨ ᠪᠠᠢᠭᠤᠯᠤᠨ᠎ᠠ᠃ ᠪᠦᠬᠦ᠌ ᠤᠯᠤᠰ᠎ᠤᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠬᠦᠯᠡᠮᠵᠢ᠎ᠶ᠋ᠢᠨ ᠬᠡᠢ ᠪᠡᠶᠡᠲᠦ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠰᠠᠢᠨ ᠳᠤᠷ᠎ᠠ᠎ᠠᠴᠠ᠎ᠪᠠᠨ ᠪᠠᠭᠠᠰᠭᠠᠬᠤ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭᠠᠳᠠᠢ ᠪᠠᠷᠢᠮᠵᠢᠶ᠎ᠠ᠎ᠶ᠋ᠢᠨ ᠱᠢᠰᠲ᠋ᠧᠮ᠎ᠢ ᠪᠠᠢᠭᠤᠯᠤᠨ ᠪᠦᠷᠢᠨᠱᠢᠭᠦᠯᠵᠦ᠍᠂ ᠤᠯᠠᠨ ᠤᠯᠤᠰ᠎ᠤᠨ ᠲᠦᠷᠢᠮᠯᠡᠯ ᠪᠠᠷᠢᠮᠵᠢᠶ᠎ᠠ᠎ᠶ᠋ᠢ ᠲᠡᠭᠦᠯᠳᠡᠷᠵᠢᠭᠦᠯᠬᠦ᠌ ᠪᠠ ᠵᠣᠯᠭᠠᠯᠳᠤᠭᠤᠯᠤᠨ ᠬᠠᠷᠢᠯᠴᠠᠨ ᠮᠡᠳᠡᠷᠡᠬᠦ᠌᠎ᠶ᠋ᠢ ᠠᠬᠢᠭᠤᠯᠬᠤ ᠪᠦᠬᠡᠳ ᠬᠥᠲᠥᠯᠥᠨ ᠳᠠᠭᠠᠭᠤᠯᠤᠨ᠎ᠠ᠃ ᠠᠭᠤᠷ ᠠᠮᠢᠰᠭᠤᠯ᠎ᠤᠨ ᠬᠤᠪᠢᠷᠠᠯᠲᠠ᠎ᠳᠤ ᠵᠣᠬᠢᠴᠠᠬᠤ ᠠᠵᠢᠯ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠬᠤ ᠢᠯᠠᠩᠭᠤᠶ᠎ᠠ ᠬᠡᠳᠦ ᠬᠡᠴᠡᠭᠦᠦ ᠴᠠᠭ ᠠᠭᠤᠷ᠎ᠢ ᠠᠷᠭᠠᠴᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃

(48) ᠨᠤᠭᠤᠭᠠᠨ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠲᠦᠷᠭᠡᠯᠡᠨ ᠪᠤᠢ ᠪᠣᠯᠭᠠᠨ᠎ᠠ᠃ ᠠᠮᠢ ᠠᠬᠤᠢ᠎ᠶ᠋ᠢᠨ ᠣᠷᠴᠢᠨ ᠨᠦᠬᠦᠴᠡᠯ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌᠎ᠶ᠋ᠢ ᠭᠦᠨᠵᠡᠭᠡᠢᠷᠡᠬᠦᠯᠦᠨ ᠠᠬᠢᠭᠤᠯᠵᠤ᠂ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢᠨ ᠲᠥᠯᠥᠪᠵᠢᠭᠦᠯᠭᠡ᠎ᠯᠦᠭᠡ ᠵᠣᠯᠭᠠᠯᠳᠤᠭᠤᠯᠬᠤ᠎ᠶ᠋ᠢ ᠴᠢᠩᠭᠠᠳᠭᠠᠵᠤ᠂ ᠠᠵᠤ ᠦᠢᠯᠡᠰ᠎ᠤᠨ ᠪᠠᠢᠷᠢᠯᠠᠭᠤᠯᠤᠯᠳᠠ᠎ᠶ᠋ᠢ ᠬᠠᠮᠵᠢᠯᠴᠠᠨ ᠱᠢᠯᠢᠳᠡᠭ᠌ᠵᠢᠭᠦᠯᠦᠨ᠎ᠡ᠃ ᠠᠵᠤ ᠦᠢᠯᠡᠳᠪᠦᠷᠢ᠂ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠂ ᠵᠠᠮ ᠲᠡᠭᠡᠭᠡᠪᠦᠷᠢ᠂ ᠡᠨᠧᠷᠭᠢ᠎ᠶ᠋ᠢᠨ ᠰᠤᠷᠪᠤᠯᠵᠢ ᠵᠡᠷᠭᠡ ᠭᠤᠤᠯᠳᠠᠯᠭ᠎ᠠ ᠲᠠᠢ ᠬᠦᠷᠢᠶᠡᠨ᠎ᠤ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠳᠠᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠤᠨ᠎ᠠ᠃ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ᠎ᠶ᠋ᠢ ᠬᠠᠮᠢᠶᠠᠷᠬᠤ ᠪᠠ ᠪᠦᠬᠦ᠌ ᠲᠠᠯ᠎ᠠ᠎ᠪᠠᠷ ᠠᠷᠪᠢᠯᠠᠬᠤ ᠳᠦᠷᠢᠮ᠎ᠢ ᠲᠡᠭᠦᠯᠳᠡᠷᠵᠢᠭᠦᠯᠦᠨ᠂ ᠬᠤᠭ ᠨᠣᠪᠰᠢ᠎ᠶ᠋ᠢ ᠲᠦᠷᠦᠯ ᠬᠤᠪᠢᠶᠠᠬᠤ ᠪᠠ ᠡᠬᠢ ᠪᠠᠶᠠᠯᠢᠬ᠍ᠵᠢᠭᠤᠯᠤᠨ ᠠᠱᠢᠭ᠍ᠯᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠬᠦᠯᠵᠦ᠍᠂ ᠤᠷᠴᠢᠯ ᠠᠵᠤ ᠠᠬᠤᠢ᠎ᠶ᠋ᠢᠨ ᠬᠦᠭ᠌ᠵᠢᠯᠳᠠ᠎ᠶ᠋ᠢ ᠠᠬᠢᠭᠤᠯᠤᠨ᠎ᠠ᠃ ᠤᠯᠤᠰ᠎ᠤᠨ ᠠᠮᠢ ᠠᠬᠤᠢ᠎ᠶ᠋ᠢᠨ ᠪᠤᠯᠪᠠᠰᠦᠨ᠎ᠤ ᠳᠤᠷᠱᠢᠯᠲᠠ᠎ᠶ᠋ᠢᠨ ᠤᠷᠤᠨ᠎ᠢ ᠦᠷᠭᠦᠯᠵᠢᠯᠡᠨ ᠪᠦᠳᠦᠬᠡᠨ ᠪᠠᠢᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠲᠦᠷᠦᠭᠦᠯᠡᠬᠦ᠌ ᠣᠷᠣᠨ᠎ᠢ ᠪᠦᠲᠦᠭᠡᠨ ᠪᠠᠢᠭᠤᠯᠵᠤ᠂ ᠨᠤᠭᠤᠭᠠᠨ ᠬᠥᠭ᠌ᠵᠢᠯᠲᠡ᠎ᠶ᠋ᠢᠨ ᠥᠨᠳᠦᠷᠯᠢᠭ ᠭᠠᠵᠠᠷ᠎ᠢ ᠪᠤᠢ ᠪᠤᠯᠭᠠᠨ᠎ᠠ᠃ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭᠠᠳᠠᠢ ᠬᠥᠭ᠌ᠵᠢᠯᠲᠡ᠎ᠶ᠋ᠢ ᠠᠬᠢᠭᠤᠯᠬᠤ ᠡᠳ᠋᠎ᠤᠨ ᠵᠠᠰᠠᠭ ᠭᠠᠢᠯᠢ᠂ ᠮᠥᠩᠭᠦᠨ ᠭᠦᠢᠯᠭᠡᠭᠡ᠂ ᠪᠡᠯᠡ ᠣᠷᠣᠭᠤᠯᠤᠯᠲᠠ᠂ ᠦᠨ᠎ᠡ ᠬᠠᠩᠰᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠣᠷᠴᠢᠨ ᠠᠬᠤᠶ᠎ᠶ᠋ᠢᠨ ᠬᠠᠮᠠᠭᠠᠯᠠᠯᠲᠠ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠤᠨ᠎ᠠ᠃ ᠨᠤᠭᠤᠭᠠᠨ ᠬᠡᠷᠡᠭ᠌ᠯᠡᠭᠡ᠎ᠶ᠋ᠢ ᠤᠷᠮᠠᠱᠢᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭᠠᠳᠠᠢ ᠠᠮᠢᠳᠤᠷᠠᠯ᠎ᠤᠨ ᠠᠷᠭ᠎ᠠ ᠮᠠᠶᠢᠭ᠎ᠢ ᠳᠡᠯᠭᠡᠷᠡᠭᠦᠯᠦᠨ᠎ᠡ᠃

ᠠᠷᠪᠠᠨ ᠭᠤᠷᠪᠠ᠂ ᠤᠯᠤᠰ᠎ᠤᠨ ᠠᠮᠤᠷ ᠲᠦᠪᠱᠢᠨ᠎ᠤ ᠱᠢᠰᠲ᠋ᠧᠮ ᠪᠠ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ᠂ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠲᠦᠭᠡᠨ ᠪᠠᠢᠭᠤᠯᠤᠨ᠎ᠠ

ᠠᠮᠤᠷ ᠠᠮᠤᠭᠤᠯᠠᠩ ᠳᠤᠮᠳᠠᠳᠤ ᠤᠯᠤᠰ᠎ᠢ ᠪᠦᠳᠤᠭᠡᠨ ᠪᠠᠢᠭᠤᠯᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠴᠢᠬᠤᠯᠠ ᠠᠭᠤᠯᠭ᠎ᠠ ᠮᠦᠨ᠃ ᠤᠯᠤᠰ᠎ᠤᠨ ᠶᠡᠷᠦᠩᠬᠡᠶ ᠴᠤᠭ᠍ᠴᠠ᠎ᠶ᠋ᠢᠨ ᠠᠮᠤᠷ ᠲᠦᠪᠱᠢᠨ᠎ᠤ ᠦᠵᠡᠯᠲᠡ᠎ᠶ᠋ᠢ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ᠎ᠤᠨ ᠨᠡᠢᠭᠡᠮ᠎ᠤᠨ ᠵᠠᠰᠠᠯᠳᠠ᠎ᠶ᠋ᠢᠨ ᠵᠠᠮ᠎ᠢᠶᠠᠷ ᠵᠠᠮᠨᠠᠵᠤ᠂ ᠨᠡᠢᠭᠡᠮ᠎ᠤᠨ ᠦᠷᠨᠢᠬᠦᠨ ᠪᠠᠳᠠᠷᠠᠩᠭᠤᠢ ᠪᠥᠭᠡᠳ ᠡᠮᠬᠢ ᠵᠢᠷᠤᠮ ᠲᠠᠢ ᠪᠠᠢᠬᠤ᠎ᠶ᠋ᠢ ᠦᠨᠡᠨ ᠬᠦ᠌ ᠪᠠᠳᠤᠯᠠᠨ᠎ᠠ᠃

(49) ᠤᠯᠤᠰ᠎ᠤᠨ ᠠᠮᠤᠷ ᠲᠦᠪᠱᠢᠨ᠎ᠤ ᠱᠢᠰᠲ᠋ᠧᠮ᠎ᠢ ᠪᠦᠷᠢᠨᠱᠢᠭᠦᠯᠦᠨ᠎ᠡ᠃ ᠲᠥᠪᠯᠡᠷᠡᠩᠭᠦᠶ ᠨᠢᠭᠡᠳᠦᠯᠲᠡᠶ᠂ ᠥᠨᠳᠥᠷ ᠪᠦᠲᠦᠮᠵᠢᠲᠡᠶ ᠡᠷᠬᠡ ᠰᠦᠷ ᠲᠠᠢ ᠤᠯᠤᠰ᠎ᠤᠨ ᠠᠮᠤᠷ ᠲᠦᠪᠱᠢᠨ᠎ᠤ ᠤᠳᠤᠷᠢᠳᠭᠤ ᠪᠠᠢᠭᠤᠯᠤᠯ᠎ᠢ ᠪᠠᠬᠢᠵᠢᠭᠦᠯᠦᠨ᠂ ᠱᠢᠨ᠎ᠡ ᠠᠮᠤᠷ ᠲᠦᠪᠱᠢᠨ᠎ᠤ ᠪᠠᠢᠷᠢᠱᠢᠯ᠎ᠢ ᠲᠦᠷᠭᠡᠯᠡᠨ ᠪᠠᠢᠭᠤᠯᠵᠤ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠪᠠ ᠴᠣᠭ᠍ᠴᠠᠯᠠᠬᠤ ᠪᠠᠢᠯᠳᠤᠬᠤ ᠪᠤᠳᠤᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠴᠢᠩᠭᠠᠳᠭᠠᠨ᠎ᠠ᠃ ᠪᠠᠢᠯᠳᠤᠬᠤ ᠪᠣᠳᠣᠯᠭ᠎ᠠ᠎ᠪᠠᠷ ᠤᠳᠤᠷᠢᠳᠤᠮᠵᠢ ᠪᠣᠯᠭᠠᠬᠤ᠂ ᠲᠥᠷᠥ᠎ᠶ᠋ᠢᠨ ᠪᠣᠳᠣᠯᠭ᠎ᠠ᠎ᠪᠠᠷ ᠭᠠᠷᠳᠠᠴᠠ ᠪᠣᠯᠭᠠᠬᠤ᠂ ᠬᠠᠤᠯᠢ᠎ᠪᠠᠷ ᠵᠠᠰᠠᠬᠤ᠎ᠪᠠᠷ ᠪᠠᠲᠤᠯᠠᠭ᠎ᠠ ᠪᠣᠯᠭᠠᠬᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠪᠠᠷ ᠦᠷ᠎ᠡ ᠳ᠋ᠦᠩ ᠪᠣᠯᠭᠠᠬᠤ᠎ᠶ᠋ᠢ ᠪᠠᠷᠢᠮᠲᠠᠯᠠᠵᠤ᠂ ᠤᠯᠤᠰ᠎ᠤᠨ ᠠᠮᠤᠷ ᠲᠦᠪᠱᠢᠨ᠎ᠤ ᠬᠠᠤᠯᠢ᠎ᠪᠠᠷ ᠵᠠᠰᠠᠬᠤ ᠱᠢᠰᠲ᠋ᠧᠮ᠂ ᠪᠠᠢᠯᠳᠤᠬᠤ ᠪᠤᠳᠤᠯᠭ᠎ᠠ᠎ᠶ᠋ᠢᠨ ᠱᠢᠰᠲ᠋ᠧᠮ᠂ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠤᠯᠤᠰ᠎ᠤᠨ ᠠᠮᠤᠷ ᠲᠦᠪᠱᠢᠨ᠎ᠤ ᠭᠤᠤᠯᠳᠠᠯᠭ᠎ᠠ ᠲᠠᠢ ᠬᠦᠷᠢᠶ᠎ᠡ ᠪᠠ ᠴᠢᠬᠤᠯᠠ ᠲᠤᠰᠭᠠᠶ ᠠᠵᠢᠯ᠎ᠢ ᠵᠣᠬᠢᠴᠠᠭᠤᠯᠬᠤ ᠲᠣᠭ᠍ᠲᠠᠴᠠ᠎ᠶ᠋ᠢ ᠴᠢᠩᠭᠠᠳᠭᠠᠵᠤ᠂ ᠪᠠᠴᠢᠮ ᠪᠠᠢᠳᠠᠯ᠎ᠢ ᠠᠷᠭᠠᠴᠠᠬᠤ ᠬᠤᠪᠢᠷᠠᠯᠲᠠ᠎ᠶ᠋ᠢ ᠠᠷᠭᠠᠴᠠᠬᠤ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠤᠯᠤᠰ᠎ᠤᠨ ᠠᠮᠤᠷ ᠲᠦᠪᠱᠢᠨ᠎ᠤ ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠤᠨ᠂ ᠪᠦᠬᠦ᠌ ᠬᠡᠯᠬᠢᠶ᠎ᠡ ᠪᠦᠬᠦ᠌ ᠡᠯᠧᠮᠧᠨ᠋ᠲ᠎ᠤᠨ ᠬᠠᠮᠵᠢᠯᠴᠠᠵᠤ ᠬᠤᠯᠪᠣᠯᠳᠤᠨ ᠬᠥᠳᠡᠯᠣᠯᠴᠡᠬᠦ᠌᠎ᠶ᠋ᠢ ᠠᠬᠢᠭᠤᠯᠵᠤ᠂ ᠱᠢᠰᠲ᠋ᠧᠮ᠎ᠤᠨ ᠨᠡᠢᠯᠡᠯ ᠬᠦᠴᠦᠨ᠎ᠢ ᠪᠦᠷᠢᠯᠳᠦᠭᠦᠯᠦᠨ᠎ᠡ᠃ ᠭᠠᠳᠠᠭᠠᠳᠤ᠎ᠳᠤ ᠬᠤᠯᠪᠣᠭ᠍ᠳᠠᠬᠤ ᠤᠯᠤᠰ᠎ᠤᠨ ᠠᠮᠤᠷ ᠲᠦᠪᠱᠢᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠭᠠᠳᠠᠭᠠᠳᠤ᠎ᠳᠠᠬᠢ ᠠᠮᠤᠷ ᠲᠦᠪᠱᠢᠨ᠎ᠢ ᠪᠠᠲᠤᠯᠠᠬᠤ ᠱᠢᠰᠲ᠋ᠧᠮ᠎ᠢ ᠪᠠᠢᠭᠤᠯᠤᠨ᠂ ᠵᠠᠯᠬᠠᠭᠠᠯ᠎ᠢ ᠡᠰᠡᠷᠭᠦᠴᠡᠬᠦ᠂ ᠭᠠᠷ ᠲᠦᠷᠦᠭᠦ᠎ᠶ᠋ᠢ ᠡᠰᠡᠷᠭᠦᠴᠡᠬᠦ᠂ 《ᠤᠷᠲᠤ ᠴᠠᠷᠪᠠᠭᠤᠲᠤ ᠬᠠᠷᠢᠶᠠᠯᠠᠯ》᠎ᠢ ᠡᠰᠡᠷᠭᠦᠴᠡᠬᠦ᠌ ᠲᠡᠮᠡᠴᠡᠯ᠎ᠢ ᠴᠢᠩᠭᠠᠳᠭᠠᠵᠤ᠂ ᠠᠮᠤᠷ ᠲᠦᠪᠱᠢᠨ᠎ᠤ ᠲᠠᠯ᠎ᠠ᠎ᠪᠠᠷ ᠬᠢ ᠤᠯᠠᠨ ᠤᠯᠤᠰ᠎ᠤᠨ ᠬᠠᠤᠯᠢ ᠬᠡᠷᠡᠭ᠌ᠵᠢᠭᠦᠯᠬᠦ᠌ ᠬᠠᠮᠲᠤᠷᠠᠯᠴᠠᠭ᠎ᠠ᠎ᠶ᠋ᠢ ᠬᠦᠨᠵᠡᠬᠡᠢᠷᠡᠬᠦᠯᠦᠨ᠂ ᠪᠦᠬᠦ᠌ ᠪᠥᠮᠪᠥᠷᠴᠡᠭ᠎ᠤᠨ ᠠᠮᠤᠷ ᠲᠦᠪᠱᠢᠨ᠎ᠤ ᠵᠠᠰᠠᠯᠲᠠ᠎ᠶ᠋ᠢ ᠳᠡᠬᠦᠯᠳᠡᠷᠵᠢᠬᠦᠯᠬᠦ᠌᠎ᠶ᠋ᠢ ᠠᠬᠢᠭᠤᠯᠤᠨ᠎ᠠ᠃ ᠤᠯᠤᠰ᠎ᠤᠨ ᠠᠮᠤᠷ ᠲᠦᠪᠱᠢᠨ᠎ᠤ ᠬᠥᠮᠦᠵᠢᠯ᠎ᠢ ᠴᠢᠩᠭᠠᠳᠭᠠᠵᠤ᠂ ᠠᠷᠠᠳ ᠲᠦᠮᠡᠨ᠎ᠤ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠨ᠎ᠠ᠃

(50) ᠭᠤᠣᠯᠳᠠᠯᠭ᠎ᠠ ᠲᠠᠢ ᠬᠦᠷᠢᠶᠡᠨ᠎ᠳᠠᠬᠢ ᠤᠯᠤᠰ᠎ᠤᠨ ᠠᠮᠤᠷ ᠲᠦᠪᠱᠢᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠪᠣᠳᠠᠲᠤ ᠪᠠᠢᠯᠳᠤᠭᠠᠨ ᠪᠤᠳᠠᠳᠤ ᠬᠡᠷᠡᠭ᠌ᠴᠡᠬᠡᠨ᠎ᠳᠤ ᠳᠤᠬᠢᠷᠠᠬᠤ ᠤᠯᠤᠰ᠎ᠤᠨ ᠠᠮᠤᠷ ᠲᠦᠪᠱᠢᠨ᠎ᠤ ᠴᠢᠳᠠᠪᠤᠷᠢ᠎ᠶ᠋ᠢ ᠳᠠᠪᠲᠠᠨ ᠪᠣᠯᠪᠠᠰᠤᠷᠠᠭᠤᠯᠵᠤ᠂ ᠤᠯᠤᠰ ᠣᠷᠣᠨ᠎ᠤ ᠥᠨᠢ ᠤᠳᠠᠭᠠᠨ ᠠᠮᠤᠷ ᠲᠦᠪᠱᠢᠨ ᠪᠠᠢᠬᠤ᠂ ᠠᠵᠤ ᠠᠬᠤᠶ᠎ᠶ᠋ᠢᠨ ᠡᠷᠡᠭᠦᠯ ᠪᠦᠬᠡᠳ ᠲᠣᠭ᠍ᠲᠠᠭᠤᠨ ᠪᠠᠢᠬᠤ᠂ ᠠᠷᠠᠳ ᠲᠦᠮᠡᠨ᠎ᠤ ᠠᠮᠤᠷ ᠲᠠᠢᠪᠤᠩ ᠠᠵᠤ ᠲᠦᠷᠦᠭᠦ᠎ᠳᠤ ᠬᠤᠯᠪᠣᠭ᠍ᠳᠠᠬᠤ ᠴᠢᠬᠤᠯᠠ ᠶᠡᠭᠡ ᠠᠮᠤᠷ ᠲᠦᠪᠱᠢᠨ᠎ᠢ ᠲᠤᠪᠤᠢᠯᠭᠠᠨ ᠪᠠᠲᠤᠯᠠᠵᠤ᠂ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠬᠠᠮᠠᠭᠠᠯᠠᠬᠤ᠎ᠶ᠋ᠢ ᠲᠡᠷᠢᠭᠦᠨ ᠪᠠᠢᠷᠢᠨ᠎ᠳᠤ ᠲᠠᠯᠪᠢᠨ᠎ᠠ᠃ ᠤᠯᠤᠰ᠎ᠤᠨ ᠠᠮᠤᠷ ᠲᠦᠪᠱᠢᠨ᠎ᠤ ᠰᠠᠭᠤᠷᠢ ᠪᠠᠲᠤᠯᠠᠭ᠎ᠠ᠎ᠶ᠋ᠢ ᠪᠠᠲᠤᠳᠭᠠᠵᠤ᠂ ᠠᠮᠤ ᠪᠤᠳᠠᠭ᠎ᠠ᠂ ᠡᠨᠧᠷᠭᠢ᠎ᠶ᠋ᠢᠨ ᠰᠤᠷᠪᠤᠯᠵᠢ ᠡᠬᠢ ᠪᠠᠶᠠᠯᠢᠭ᠂ ᠴᠢᠬᠤᠯᠠ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠂ ᠴᠢᠬᠤᠯᠠ ᠶᠡᠭᠡ ᠰᠠᠭᠤᠷᠢ ᠲᠥᠬᠦᠭᠡᠷᠦᠮᠵᠢ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠵᠤ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠢᠨ ᠱᠢᠨᠵᠢᠯᠡᠵᠦ᠍ ᠨᠡᠭᠡᠭᠡᠨ ᠠᠱᠢᠭ᠍ᠯᠠᠬᠤ ᠪᠠ ᠨᠥᠭᠡᠴᠡᠯᠡᠬᠦ᠌᠎ᠶ᠋ᠢ ᠴᠢᠩᠭᠠᠳᠭᠠᠵᠤ᠂ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠮᠤᠷ ᠲᠦᠪᠱᠢᠨ᠎ᠢᠶᠠᠷ ᠠᠱᠢᠭ᠍ᠯᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠪᠠᠢᠯᠳᠣᠬᠤ ᠪᠣᠳᠣᠯᠭ᠎ᠠ᠎ᠶ᠋ᠢᠨ ᠨᠡᠪᠳᠡᠷᠡᠭᠦ᠌ ᠵᠠᠮ᠎ᠤᠨ ᠠᠮᠣᠷ ᠲᠦᠪᠱᠢᠨ᠎ᠢ ᠬᠠᠮᠠᠭᠠᠯᠠᠵᠤ᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠥᠷᠥᠴᠡ ᠭᠠᠵᠠᠷ᠎ᠤᠨ ᠪᠦᠳᠦᠬᠡᠨ ᠪᠠᠢᠭᠤᠯᠤᠯᠳᠠ ᠪᠠ ᠵᠠᠩᠭᠢᠯᠠᠭ᠎ᠠ᠎ᠶ᠋ᠢᠨ ᠠᠵᠤ ᠦᠢᠯᠡᠰ᠎ᠤᠨ ᠨᠥᠭᠡᠴᠡ ᠪᠡᠯᠡᠳᠭᠡᠯ᠎ᠢ ᠠᠬᠢᠭᠤᠯᠤᠨ᠎ᠠ᠃ ᠰᠦᠯᠵᠢᠶ᠎ᠡ᠂ ᠳ᠋ᠠᠢᠲ᠋ᠠ᠂ ᠵᠤᠬᠢᠶᠠᠮᠡᠯ ᠣᠶᠤᠯᠢᠬ᠂ ᠠᠮᠢᠳᠤ ᠪᠣᠳᠠᠰ᠂ ᠠᠮᠢ ᠠᠬᠤᠶ᠂ ᠴᠥᠮ᠎ᠡ᠂ ᠰᠠᠨᠰᠠᠷ᠂ ᠬᠦᠨ ᠲᠠᠯᠠᠢ᠂ ᠲᠦᠢᠯ᠎ᠤᠨ ᠣᠷᠣᠨ᠂ ᠳᠣᠤᠷ᠎ᠠ ᠠᠭᠠᠷ ᠵᠡᠷᠭᠡ ᠱᠢᠨ᠎ᠡ᠎ᠪᠠᠷ ᠬᠥᠭ᠌ᠵᠢᠭ᠌ᠰᠡᠨ ᠬᠦᠷᠢᠶᠡᠨ᠎ᠳᠠᠬᠢ ᠤᠯᠤᠰ᠎ᠤᠨ ᠠᠮᠤᠷ ᠲᠦᠪᠱᠢᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠭᠤᠣᠯᠳᠠᠯᠭ᠎ᠠ ᠲᠠᠢ ᠬᠦᠷᠢᠶᠡᠨ᠎ᠳᠠᠬᠢ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠭᠡᠷ ᠪᠠᠢᠱᠢᠩ ᠭᠠᠵᠠᠷ ᠱᠢᠷᠤᠢ᠎ᠶ᠋ᠢᠨ ᠬᠦᠷᠦᠩᠭᠡ᠂ ᠤᠷᠤᠨ ᠨᠤᠲᠤᠭ᠎ᠤᠨ ᠵᠠᠰᠠᠭ᠎ᠤᠨ ᠤᠷᠳᠤᠨ᠎ᠤ ᠥᠷᠢ ᠦᠭ᠌ᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ᠎ᠤ ᠪᠠᠢᠭᠤᠯᠤᠮᠵᠢ ᠵᠡᠷᠭᠡ᠎ᠶ᠋ᠢᠨ ᠠᠶᠤᠯ ᠲᠦᠭ᠌ᠰᠢᠭᠦᠷᠢ᠎ᠶ᠋ᠢ ᠡᠮᠬᠢ ᠵᠢᠷᠤᠮ᠎ᠲᠠᠢ᠎ᠪᠠᠷ ᠠᠷᠢᠯᠭᠠᠬᠤ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠱᠢᠰᠲ᠋ᠧᠮ᠎ᠤᠨ ᠴᠢᠨᠠᠷᠲᠠᠶ ᠠᠶᠤᠯ ᠲᠦᠭ᠌ᠰᠢᠭᠦᠷᠢ᠎ᠶ᠋ᠢ ᠴᠢᠩᠭ᠎ᠠ ᠰᠡᠷᠭᠡᠢᠯᠡᠨ᠎ᠡ᠃

(51) ᠣᠯᠠᠨ ᠨᠡᠢᠲᠡ᠎ᠶ᠋ᠢᠨ ᠠᠮᠤᠷ ᠲᠦᠪᠱᠢᠨ᠎ᠤ ᠵᠠᠰᠠᠯᠲᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠣᠯᠠᠨ ᠨᠡᠢᠲᠡ᠎ᠶ᠋ᠢᠨ ᠠᠮᠤᠷ ᠲᠦᠪᠱᠢᠨ᠎ᠤ ᠱᠢᠰᠲ᠋ᠧᠮ᠎ᠢ ᠲᠡᠭᠦᠯᠳᠡᠷᠵᠢᠭᠦᠯᠵᠦ᠍᠂ ᠣᠯᠠᠨ ᠨᠡᠢᠲᠡ᠎ᠶ᠋ᠢᠨ ᠠᠮᠤᠷ ᠲᠦᠪᠱᠢᠨ᠎ᠤ ᠵᠠᠰᠠᠯᠲᠠ᠎ᠶ᠋ᠢᠨ ᠵᠠᠭ᠍ᠪᠤᠷ᠎ᠢ ᠬᠡᠷᠡᠭ᠎ᠠᠴᠠ ᠡᠮᠦᠨ᠎ᠡ ᠤᠷᠢᠳᠴᠢᠯᠠᠨ ᠰᠡᠷᠭᠡᠢᠯᠡᠬᠦ᠌ ᠳᠠᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠤᠨ᠎ᠠ᠃ ᠴᠠᠭ ᠠᠭᠤᠷ᠂ ᠤᠰᠤᠨ ᠵᠦᠶ᠂ ᠭᠠᠵᠠᠷ᠎ᠤᠨ ᠭᠠᠢ ᠭᠠᠮᠱᠢᠭ᠎ᠢ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠵᠤ᠂ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠠᠬᠤ ᠪᠠ ᠬᠦᠨᠳᠦ ᠶᠡᠭᠡ ᠭᠡᠨᠡᠳᠲᠡ ᠡᠭᠦᠰᠦᠭ᠌ᠰᠡᠨ ᠣᠯᠠᠨ ᠨᠡᠢᠲᠡ᠎ᠶ᠋ᠢᠨ ᠬᠡᠷᠡᠭ᠎ᠢ ᠱᠢᠢᠳᠪᠦᠷᠢᠯᠡᠬᠦ᠌ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠪᠠᠴᠢᠮ ᠪᠠᠢᠳᠠᠯ᠎ᠢ ᠠᠷᠭᠠᠴᠠᠬᠤ ᠵᠢᠯᠣᠭᠤᠳᠣᠯᠭ᠎ᠠ᠂ ᠠᠶᠤᠯ ᠦᠭᠡᠢ ᠦᠢᠯᠡᠳᠪᠦᠷᠢᠯᠡᠯ᠂ ᠢᠳᠡᠭᠡᠨ᠎ᠤ ᠵᠦᠢᠯ ᠡᠮ᠎ᠤᠨ ᠵᠦᠢᠯ᠎ᠤᠨ ᠠᠮᠤᠷ ᠲᠦᠪᠱᠢᠨ ᠵᠡᠷᠭᠡ ᠠᠵᠢᠯ᠎ᠢ ᠴᠢᠩᠭᠠᠳᠭᠠᠨ᠎ᠠ᠃ ᠴᠢᠬᠤᠯᠠ ᠰᠠᠭᠤᠷᠢ ᠲᠥᠬᠦᠭᠡᠷᠦᠮᠵᠢ᠎ᠶ᠋ᠢᠨ ᠮᠥᠨ ᠴᠢᠨᠠᠷ᠎ᠤᠨ ᠠᠮᠤᠷ ᠲᠦᠪᠱᠢᠨ᠎ᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠬᠦᠨᠳᠦ ᠶᠡᠭᠡ ᠤᠨᠴᠠ ᠶᠡᠭᠡ ᠠᠳᠡᠯ ᠭᠠᠷᠬᠤ᠎ᠶ᠋ᠢ ᠪᠦᠲᠦᠮᠵᠢᠲᠡᠢ ᠬᠤᠷᠢᠭ᠍ᠯᠠᠨ᠎ᠠ᠃ ᠨᠡᠢᠭᠡᠮ᠎ᠤᠨ ᠠᠮᠤᠷ ᠲᠦᠪᠱᠢᠨ᠎ᠢ ᠪᠦᠬᠦᠯᠢ ᠴᠣᠭ᠍ᠴᠠ᠎ᠪᠠᠷ ᠨᠢ ᠰᠡᠷᠭᠡᠢᠯᠡᠨ ᠡᠵᠡᠮᠳᠡᠬᠦ᠌ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠨᠡᠢᠭᠡᠮ᠎ᠤᠨ ᠲᠣᠭ᠍ᠲᠠᠭᠤᠨ ᠪᠠᠢᠳᠠᠯ᠎ᠢ ᠬᠠᠮᠠᠭᠠᠯᠠᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠥᠨ᠂ ᠣᠯᠠᠨ᠎ᠢᠶᠠᠷ᠎ᠢᠶᠠᠨ ᠰᠡᠷᠭᠡᠢᠯᠡᠵᠦ᠍ ᠣᠯᠠᠨ᠎ᠢᠶᠠᠷ᠎ᠢᠶᠠᠨ ᠵᠠᠰᠠᠬᠤ ᠬᠦᠴᠦᠨ᠎ᠢ ᠬᠥᠭ᠌ᠵᠢᠭᠦᠯᠦᠨ ᠪᠤᠵᠠᠭᠠᠢᠷᠠᠭᠤᠯᠵᠤ᠂ ᠬᠠᠷ᠎ᠠ ᠬᠠᠷᠭᠢᠰ ᠬᠦᠴᠦᠨ᠎ᠢ ᠠᠷᠢᠯᠭᠠᠬᠤ ᠪᠠᠢᠩᠭᠤᠵᠢᠬ᠍ᠰᠠᠨ ᠲᠣᠭ᠍ᠲᠠᠴᠠ᠎ᠶ᠋ᠢ ᠪᠦᠷᠢᠨᠱᠢᠬᠦᠯᠵᠦ᠍᠂ ᠴᠠᠬᠢᠯᠭᠠᠨ ᠬᠤᠯᠪᠣᠭ᠎ᠠ ᠰᠦᠯᠵᠢᠶᠡᠨ᠎ᠤ ᠮᠡᠬᠡᠯᠡᠯ᠂ ᠬᠤᠤᠷᠳᠤ ᠡᠳ᠋᠎ᠤᠨ ᠶᠠᠯᠠᠳᠤ ᠠᠵᠢᠯᠯᠠᠭ᠎ᠠ ᠵᠡᠷᠬᠡ᠎ᠶ᠋ᠢ ᠰᠡᠷᠭᠡᠢᠯᠡᠬᠦ᠌ ᠪᠠ ᠲᠡᠬᠦᠨ᠎ᠳᠤ ᠴᠣᠬᠢᠯᠲᠠ ᠥᠭ᠌ᠬᠦ ᠡᠷᠴᠢᠮ᠎ᠢ ᠴᠢᠩᠭᠠᠷᠠᠭᠤᠯᠤᠨ᠎ᠠ᠃ ᠶᠡᠷᠦᠩᠬᠡᠢᠯᠡᠨ ᠵᠠᠰᠠᠬᠤ ᠲᠥᠪ᠎ᠢ ᠵᠢᠷᠤᠮᠵᠢᠭᠤᠯᠬᠤ ᠪᠠᠢᠭᠤᠯᠤᠯᠲᠠ᠎ᠶ᠋ᠢ ᠠᠬᠢᠭᠤᠯᠤᠨ᠎ᠠ᠃ ᠰᠦᠯᠵᠢᠶᠡᠨ᠎ᠤ ᠤᠷᠤᠨ ᠵᠠᠢ᠎ᠶ᠋ᠢᠨ ᠠᠮᠤᠷ ᠲᠦᠪᠱᠢᠨ᠎ᠢ ᠶᠡᠷᠦᠩᠬᠡᠢᠯᠡᠨ ᠵᠠᠰᠠᠬᠤ ᠠᠵᠢᠯ᠎ᠢ ᠭᠦᠨᠵᠡᠭᠡᠢᠷᠡᠭᠦᠯᠵᠦ᠍᠂ ᠬᠤᠪᠢ ᠬᠥᠮᠦᠨ᠎ᠤ ᠮᠡᠳᠡᠭᠡ ᠵᠠᠩᠭᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠨᠡᠰᠦᠠ᠎ᠳᠤ ᠤᠢ᠍ᠯᠦ᠍ ᠬᠦᠷᠦᠭ᠌ᠰᠡᠦᠠ᠎ᠤᠨ ᠬᠠᠤᠯᠢ᠎ᠠᠴᠠ ᠵᠥᠷᠢᠴᠡᠵᠦ᠍ ᠶᠠᠯᠠᠲᠤ ᠠᠵᠢᠯᠯᠠᠭ᠎ᠠ ᠬᠢᠬᠦ᠌᠎ᠶ᠋ᠢ ᠤᠷᠢᠳᠴᠢᠯᠠᠨ ᠰᠡᠷᠭᠡᠢᠯᠡᠬᠦ᠌ ᠪᠠ ᠵᠠᠰᠠᠬᠤ ᠠᠵᠢᠯ᠎ᠢ ᠴᠢᠩᠭᠠᠳᠭᠠᠨ᠎ᠠ᠃ ᠠᠭᠤᠴᠢᠯᠠᠬᠤ ᠪᠠ ᠴᠢᠩᠭ᠎ᠠ ᠱᠢᠢᠳᠭᠡᠬᠦ᠌᠎ᠶ᠋ᠢ ᠬᠤᠤᠰᠯᠠᠭᠤᠯᠤᠬ᠍ᠰᠠᠨ ᠡᠷᠡᠭᠦᠦ᠍᠎ᠶ᠋ᠢᠨ ᠬᠡᠷᠡᠭ᠎ᠤᠨ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠲᠤᠭᠤᠱᠢᠯᠠᠭᠤᠯᠵᠤ᠂ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠵᠠᠯᠬᠠᠭᠠᠨ ᠱᠢᠢᠳᠭᠡᠵᠦ᠍᠂ ᠡᠷᠡᠭᠦᠤ ᠱᠢᠢᠳᠭᠡᠯ᠎ᠢ ᠬᠦᠢᠴᠡᠳᠭᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃

(52) ᠨᠡᠢᠭᠡᠮ᠎ᠤᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠱᠢᠰᠲ᠋ᠧᠮ ᠲᠠᠢ ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠢᠯᠡᠨ ᠵᠠᠰᠠᠬᠤ᠂ ᠡᠬᠢ ᠡᠭᠦᠰᠦᠯ᠎ᠠᠴᠠ ᠨᠢ ᠵᠠᠰᠠᠬᠤ᠎ᠶ᠋ᠢ ᠪᠠᠷᠢᠮᠲᠠᠯᠠᠨ᠂ ᠬᠠᠮᠲᠤ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠌ ᠨᠡᠢᠭᠡᠮ᠎ᠤᠨ ᠵᠠᠰᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠨᠡᠢᠭᠡᠮ᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠤᠨ᠎ᠠ᠃ ᠨᠡᠢᠭᠡᠮ᠎ᠤᠨ ᠠᠵᠢᠯ᠎ᠤᠨ ᠪᠠᠢᠭᠤᠯᠤᠯ ᠲᠣᠭ᠍ᠲᠠᠴᠠ᠎ᠶ᠋ᠢ ᠪᠦᠷᠢᠨᠱᠢᠭᠦᠯᠵᠦ᠍᠂ ᠨᠡᠢᠭᠡᠮ᠎ᠤᠨ ᠵᠠᠰᠠᠯᠲᠠ᠎ᠶ᠋ᠢᠨ ᠲᠦᠷᠦ᠍᠎ᠶ᠋ᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠱᠢᠨ᠎ᠡ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠂ ᠱᠢᠨ᠎ᠡ ᠨᠡᠢᠭᠡᠮ᠎ᠤᠨ ᠵᠣᠬᠢᠶᠠᠨ ᠪᠠᠢᠭᠤᠯᠤᠯᠲᠠ᠂ ᠱᠢᠨ᠎ᠡ ᠬᠡᠯᠪᠡᠷᠢ ᠪᠠᠢᠳᠠᠯ᠎ᠢᠶᠠᠷ ᠠᠵᠢᠯ ᠣᠯᠣᠭ᠍ᠰᠠᠨ ᠬᠠᠮᠲᠤᠯᠢᠭ᠎ᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢ ᠪᠤᠢᠵᠢᠭᠤᠯᠵᠤ ᠬᠠᠮᠢᠶᠠᠷᠬᠤ᠎ᠶ᠋ᠢ ᠴᠢᠩᠭᠠᠳᠭᠠᠵᠤ᠂ ᠠᠵᠢᠯ ᠲᠦᠷᠦᠯ᠎ᠤᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠤᠨ ᠥᠭᠡᠷᠡᠴᠢᠯᠡᠯᠲᠡ ᠬᠦᠭ᠌ᠵᠢᠯᠳᠠ᠎ᠶ᠋ᠢ ᠠᠬᠢᠭᠤᠯᠤᠨ᠎ᠠ᠃ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠪᠠ ᠦᠨᠳᠦᠰᠦᠨ ᠱᠠᠲᠤᠨ᠎ᠤ ᠵᠠᠰᠠᠭ᠎ᠤᠨ ᠡᠷᠭᠡ᠎ᠶ᠋ᠢᠨ ᠪᠠᠢᠭᠤᠯᠤᠯᠲᠠ᠎ᠶ᠋ᠢ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠨ᠂ ᠱᠢᠶᠠᠩ ᠪᠠᠯᠭᠠᠰᠤ (ᠵᠡᠭᠡᠯᠢ ᠭᠤᠳᠤᠮᠵᠢ)᠎ᠶᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠵᠦᠢᠯᠡᠰ᠎ᠤᠨ ᠳᠤᠲᠤᠷᠬᠠᠢ ᠬᠠᠭᠤᠳᠠᠰᠤ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠲᠣᠰᠭᠤᠨ (ᠨᠡᠢᠭᠡᠮ ᠲᠣᠭᠤᠷᠢᠭ)᠎ᠤ ᠠᠵᠢᠯ᠎ᠤᠨ ᠵᠦᠢᠯᠡᠰ᠎ᠤᠨ ᠤᠷᠤᠬᠤ ᠵᠥᠪᠱᠢᠶᠡᠷᠡᠯ᠎ᠤᠨ ᠳᠦᠷᠢᠮ᠎ᠢ ᠪᠦᠷᠢᠨᠱᠢᠭᠦᠯᠦᠨ᠎ᠡ᠃ ᠱᠢᠨ᠎ᠡ ᠴᠠᠭ ᠦᠶ᠎ᠡ᠎ᠶ᠋ᠢᠨ 《ᠹᠧᠩᠴᠢᠶᠣᠤ᠎ᠶ᠋ᠢᠨ ᠲᠤᠷᠱᠢᠯᠭ᠎ᠠ》᠎ᠶ᠋ᠢ ᠪᠠᠷᠢᠮᠲᠠᠯᠠᠨ ᠬᠥᠭ᠌ᠵᠢᠭᠦᠯᠵᠦ᠍᠂ ᠬᠥᠳᠡᠭᠡ ᠳᠤᠰᠭᠤᠨ᠎ᠤ ᠵᠠᠰᠠᠯᠳᠠ᠎ᠶ᠋ᠢ ᠴᠢᠩᠭᠠᠳᠭᠠᠨ᠂ ᠨᠡᠢᠭᠡᠮ ᠲᠣᠭᠤᠷᠢᠭ᠎ᠤᠨ ᠵᠠᠰᠠᠯᠲᠠ᠎ᠶ᠋ᠢ ᠲᠡᠭᠦᠯᠳᠡᠷᠵᠢᠭᠦᠯᠦᠨ᠎ᠡ᠃ ᠠᠷᠠᠳ ᠣᠯᠠᠨ᠎ᠤ ᠪᠡᠶᠡᠴᠢ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠡᠯ᠎ᠡ ᠲᠠᠯ᠎ᠠ᠎ᠶ᠋ᠢᠨ ᠬᠢᠨ᠎ᠢ ᠬᠥᠲᠥᠯᠥᠨ ᠵᠢᠯᠣᠭᠤᠳᠴᠤ᠌ ᠪᠠᠢᠭᠠᠳ ᠨᠡᠢᠭᠡᠮ᠎ᠤᠨ ᠵᠠᠰᠠᠯᠲᠠ᠎ᠳᠤ ᠡᠮᠬᠢ ᠵᠢᠷᠤᠮ᠎ᠲᠠᠢ᠎ᠪᠠᠷ ᠣᠷᠣᠯᠴᠠᠭᠤᠯᠦᠨ᠎ᠡ᠃ ᠰᠦᠯᠵᠢᠶᠡᠨ ᠳᠡᠬᠡᠷ᠎ᠡ ᠪᠠ ᠰᠦᠯᠵᠢᠶᠡᠨ ᠭᠠᠳᠠᠨ᠎ᠠ ᠬᠠᠮᠵᠢᠯᠴᠠᠨ ᠵᠠᠰᠠᠬᠤ᠎ᠶ᠋ᠢ ᠠᠬᠢᠭᠤᠯᠤᠨ᠎ᠠ᠃ ᠦᠨᠳᠦᠰᠦᠨ ᠱᠠᠲᠤᠨ᠎ᠤ ᠦᠢᠯᠡᠴᠢᠯᠡᠭᠡ ᠬᠠᠮᠢᠶᠠᠷᠤᠯᠲᠠ᠎ᠶ᠋ᠢᠨ ᠬᠦᠴᠦᠨ᠎ᠤ ᠲᠣᠬᠢᠷᠠᠭᠤᠯᠤᠯᠲᠠ᠎ᠶ᠋ᠢ ᠴᠢᠩᠭᠠᠳᠭᠠᠵᠤ᠂ ᠦᠢᠯᠡᠴᠢᠯᠡᠭᠡᠨ᠎ᠤ ᠲᠦᠬᠦᠬᠡᠷᠦᠮᠵᠢ ᠪᠠ ᠵᠠᠷᠤᠳᠠᠯ᠎ᠤᠨ ᠪᠠᠲᠤᠯᠠᠭ᠎ᠠ᠎ᠶ᠋ᠢᠨ ᠳᠤᠭ᠍ᠳᠠᠴᠠ᠎ᠶ᠋ᠢ ᠲᠡᠭᠦᠯᠳᠡᠷᠵᠢᠭᠦᠯᠦᠨ᠎ᠡ᠃ ᠬᠤᠲᠠ᠎ᠶ᠋ᠢᠨ ᠠᠷᠠᠳ᠎ᠤᠨ ᠨᠡᠢᠲᠡ᠎ᠶ᠋ᠢᠨ ᠬᠡᠷ᠎ᠡ᠂ ᠲᠤᠰᠭᠤᠨ᠎ᠤ ᠳᠦᠷᠢᠮ ᠠᠷᠠᠳ᠎ᠤᠨ ᠭᠡᠷ᠎ᠡ ᠵᠡᠷᠭᠡ᠎ᠶ᠋ᠢᠨ ᠦᠢᠯᠡᠳᠦᠯ᠎ᠢ ᠪᠠᠳᠠᠷᠠᠭᠤᠯᠦᠨ᠂ ᠭᠡᠷ ᠪᠦᠯᠢ ᠭᠡᠷ᠎ᠤᠨ ᠰᠤᠷᠭᠠᠯ ᠭᠡᠷ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠭᠤᠴᠢᠨ ᠬᠡᠪ ᠵᠠᠩᠱᠢᠯ᠎ᠢ ᠦᠭᠡᠷᠡᠴᠢᠯᠡᠬᠦ᠌᠎ᠶ᠋ᠢ ᠠᠬᠢᠭᠤᠯᠤᠨ᠂ ᠬᠤᠷᠢᠮ ᠪᠡᠯᠪᠠᠰᠦᠷᠡᠯ ᠳᠤᠮᠳᠠᠬᠢ ᠪᠤᠯᠬᠢ ᠳᠠᠳᠭᠠᠯ ᠵᠡᠷᠭᠡ ᠠᠰᠠᠭᠤᠳᠠᠯ᠎ᠢ ᠪᠦᠲᠦᠮᠵᠢᠲᠡᠶ ᠵᠠᠰᠠᠨ᠎ᠠ᠃

ᠣᠯᠠᠨ ᠲᠦᠮᠡᠨ᠎ᠢ ᠨᠢᠬ᠍ᠳᠡᠷᠠᠭᠤᠯᠤᠨ ᠤᠯᠠᠨ ᠲᠦᠮᠡᠨ᠎ᠳᠤ ᠦᠢᠯᠡᠴᠢᠯᠡᠬᠦ᠌ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠤ᠂ ᠨᠡᠢᠭᠡᠮ᠎ᠤᠨ ᠵᠠᠰᠠᠯᠲᠠ᠎ᠶ᠋ᠢᠨ ᠤᠯᠠᠨ ᠲᠦᠮᠡᠨᠴᠢ ᠰᠠᠭᠤᠷᠢ᠎ᠶ᠋ᠢ ᠪᠠᠬᠢᠵᠢᠭᠦᠯᠦᠨ᠎ᠡ᠃ ᠦᠵᠡᠯ ᠰᠠᠨᠠᠭ᠎ᠠ ᠤᠯᠤᠰ ᠲᠥᠷᠥ᠎ᠶ᠋ᠢᠨ ᠬᠦᠲᠦᠯᠦᠨ ᠳᠠᠭᠠᠭᠤᠯᠭ᠎ᠠ᠎ᠶ᠋ᠢ ᠴᠢᠩᠭᠠᠳᠭᠠᠵᠤ᠂ ᠡᠯ᠎ᠡ ᠲᠥᠷᠥᠯ᠎ᠤᠨ ᠨᠡᠢᠭᠡᠮ᠎ᠤᠨ ᠬᠠᠮᠳᠤᠯᠢᠬ᠎ᠤᠨ ᠦᠢᠯᠡᠴᠢᠯᠡᠭᠡ ᠬᠠᠮᠢᠶᠠᠷᠤᠯᠲᠠ᠎ᠶ᠋ᠢ ᠰᠠᠢᠵᠢᠷᠠᠭᠤᠯᠤᠨ᠂ ᠠᠱᠢᠭ ᠲᠤᠰᠠ᠎ᠶ᠋ᠢᠨ ᠬᠠᠷᠢᠴᠠᠭ᠎ᠠ᠎ᠶ᠋ᠢ ᠵᠣᠬᠢᠴᠠᠭᠤᠯᠬᠤ᠂ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠬᠤ ᠲᠦᠷᠢᠮ᠎ᠢ ᠪᠦᠷᠢᠨᠱᠢᠬᠦᠯᠵᠦ᠍᠂ ᠬᠦᠴᠢᠷᠳᠡᠯ ᠲᠠᠢ ᠬᠠᠮᠳᠤᠯᠢᠬ ᠪᠠ ᠪᠠᠭᠤᠷᠠᠢ ᠬᠠᠮᠲᠤᠯᠢᠭ᠎ᠢ ᠬᠠᠯᠠᠮᠵᠢᠯᠠᠨ ᠬᠠᠢᠷᠠᠯᠠᠨ᠎ᠠ᠃ ᠨᠡᠢᠭᠡᠮ᠎ᠤᠨ ᠰᠡᠳᠭᠢᠴᠡ᠎ᠶ᠋ᠢᠨ ᠦᠢᠯᠡᠴᠢᠯᠡᠭᠡᠨ᠎ᠤ ᠱᠢᠰᠲ᠋ᠧᠮ ᠪᠠ ᠰᠡᠳᠭᠢᠴᠡ᠎ᠶ᠋ᠢᠨ ᠬᠢᠮᠤᠷᠠᠯ᠎ᠳᠤ ᠭᠠᠷ ᠲᠦᠷᠦᠬᠦ᠌ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠬᠤᠲᠠ᠎ᠶ᠋ᠢᠨ ᠠᠷᠠᠳ᠎ᠤᠨ ᠬᠠᠯᠠᠭᠤᠨ ᠤᠲᠠᠰᠤ ᠵᠡᠷᠭᠡ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠠᠪᠴᠠᠩ᠎ᠤᠨ ᠴᠢᠳᠠᠮᠵᠢ᠎ᠶ᠋ᠢ ᠴᠢᠩᠭᠠᠷᠠᠭᠤᠯᠤᠨ᠂ 《ᠠᠷᠠᠳ ᠲᠦᠮᠡᠨ ᠶᠠᠮᠠᠷ ᠬᠦᠰᠡᠯ ᠱᠠᠭᠠᠷᠳᠠᠯᠭ᠎ᠠ ᠪᠠᠢᠪᠠᠯ᠂ ᠪᠢᠳᠡ ᠶᠠᠮᠠᠷ ᠬᠠᠷᠢᠭᠤ ᠲᠤᠰᠭᠠᠯ ᠭᠠᠷᠭᠠᠬᠤ》᠎ᠶ᠋ᠢ ᠠᠬᠢᠭᠤᠯᠤᠨ᠎ᠠ᠃ ᠰᠠᠢᠨ ᠳᠤᠷ᠎ᠠ᠎ᠶ᠋ᠢᠨ ᠦᠢᠯᠡᠴᠢᠯᠡᠭᠡ᠎ᠶ᠋ᠢ ᠬᠥᠭ᠌ᠵᠢᠭᠦᠯᠦᠨ᠂ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠵᠠᠬᠢᠳᠠᠯ ᠰᠤᠷᠪᠤᠯᠵᠢᠯᠠᠭ᠎ᠠ᠎ᠶ᠋ᠢᠨ ᠠᠵᠢᠯ᠎ᠤᠨ ᠬᠠᠤᠯᠢ᠎ᠪᠠᠷ ᠵᠠᠰᠠᠬᠤ᠎ᠶ᠋ᠢ ᠠᠬᠢᠭᠤᠯᠤᠨ᠎ᠠ᠃ ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠠᠴᠠ ᠨᠢ ᠠᠷᠢᠯᠭᠠᠬᠤ᠂ ᠤᠯᠠᠨ ᠡᠱᠢᠴᠢᠯᠡᠨ ᠠᠷᠢᠯᠭᠠᠬᠤ᠂ ᠡᠮᠬᠢ ᠵᠢᠷᠤᠮ᠎ᠲᠠᠢ᠎ᠪᠠᠷ ᠠᠷᠢᠯᠭᠠᠬᠤ᠎ᠶ᠋ᠢ ᠬᠦᠨᠵᠡᠬᠡᠢᠷᠡᠬᠦᠯᠦᠨ ᠠᠬᠢᠭᠤᠯᠤᠨ᠎ᠠ᠃ ᠨᠡᠢᠭᠡᠮ᠎ᠤᠨ ᠠᠵᠢᠯᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠲᠤᠰᠭᠠᠢᠵᠢᠭ᠍ᠰᠠᠨ ᠦᠢᠯᠡᠴᠢᠯᠡᠭᠡᠨ᠎ᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃

ᠠᠷᠪᠠᠨ ᠳᠦᠷᠪᠡ᠂ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠬᠤᠭᠤᠴᠠᠭ᠎ᠠ ᠶᠤᠰᠤᠭᠠᠷ ᠪᠡᠶᠡᠯᠡᠭᠦᠯᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠣᠳᠣᠬᠢᠴᠢᠯᠠᠯᠲᠠ᠎ᠶ᠋ᠢ ᠴᠢᠨᠠᠷ ᠰᠠᠢᠲᠠᠢ ᠠᠬᠢᠭᠤᠯᠤᠨ᠎ᠠ

ᠪᠠᠲᠤ ᠪᠠᠬᠢ ᠤᠯᠤᠰ᠎ᠤᠨ ᠪᠠᠲᠤᠯᠠᠨ ᠬᠠᠮᠠᠭᠠᠯᠠᠯᠲᠠ ᠪᠠ ᠬᠦᠴᠦᠷᠬᠡᠭ ᠶᠡᠭᠡ ᠴᠡᠷᠢᠭ ᠠᠩᠬᠢ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠦᠱᠢᠭ ᠲᠤᠯᠭᠠᠭᠤᠷᠢ ᠮᠦᠨ᠃ ᠰᠢ᠎ᠵᠢᠨ᠎ᠫᠢᠩ᠎ᠤᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠴᠡᠷᠢᠭ᠎ᠤᠨ ᠶᠠᠪᠤᠳᠠᠯ᠎ᠤᠨ ᠪᠠᠢᠯᠳᠤᠬᠤ ᠪᠣᠳᠣᠯᠭ᠎ᠠ᠎ᠶ᠋ᠢᠨ ᠴᠢᠭ᠌ᠯᠡᠯᠲᠡ᠎ᠶ᠋ᠢ ᠲᠤᠭᠤᠱᠢᠯᠠᠭᠤᠯᠵᠤ᠂ ᠠᠷᠠᠳ᠎ᠤᠨ ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠬᠠᠷᠢᠭᠤᠴᠠᠬᠤ ᠲᠦᠷᠢᠮ᠎ᠢ ᠲᠤᠭᠤᠱᠢᠯᠠᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢᠨ ᠱᠢᠨ᠎ᠡ 《ᠭᠤᠷᠪᠠᠨ ᠠᠯᠬᠤᠮ᠎ᠢᠶᠠᠷ ᠶᠠᠪᠤᠬᠤ》 ᠪᠠᠢᠯᠳᠤᠬᠤ ᠪᠣᠳᠣᠯᠭ᠎ᠠ᠎ᠶ᠋ᠢᠨ ᠶᠣᠰᠣᠭᠠᠷ ᠤᠯᠤᠰ ᠲᠥᠷᠥ᠎ᠪᠠᠷ ᠴᠡᠷᠢᠭ᠎ᠢ ᠪᠠᠢᠭᠤᠯᠬᠤ᠂ ᠥᠭᠡᠷᠡᠴᠢᠯᠡᠯᠲᠡ᠎ᠪᠠᠷ ᠴᠡᠷᠢᠭ᠎ᠢ ᠬᠦᠴᠦᠷᠬᠡᠭ᠌ᠵᠢᠭᠦᠯᠬᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠴᠡᠷᠢᠭ᠎ᠢ ᠬᠦᠴᠦᠷᠬᠡᠭ᠌ᠵᠢᠭᠦᠯᠬᠦ᠂ ᠴᠢᠳᠠᠪᠤᠷᠢᠲᠠᠨ᠎ᠢᠶᠠᠷ ᠴᠡᠷᠢᠭ᠎ᠢ ᠬᠦᠴᠦᠷᠬᠡᠭ᠌ᠵᠢᠭᠦᠯᠬᠦ᠂ ᠬᠠᠤᠯᠢ ᠶᠣᠰᠣᠭᠠᠷ ᠴᠡᠷᠢᠭ᠎ᠢ ᠵᠠᠰᠠᠬᠤ᠎ᠶ᠋ᠢ ᠠᠬᠢᠭᠤᠯᠵᠤ᠂ ᠲᠡᠮᠡᠴᠡᠯ ᠬᠢᠬᠦ᠌᠎ᠶ᠋ᠢᠨ ᠳᠠᠭᠠᠤ ᠳᠠᠢᠨ᠎ᠳᠤ ᠪᠡᠯᠡᠳᠭᠡᠬᠦ᠌ ᠪᠠ ᠪᠦᠲᠦᠭᠡᠨ ᠪᠠᠢᠭᠤᠯᠤᠯᠲᠠ ᠬᠢᠵᠦ᠍᠂ ᠮᠧᠬᠠᠨᠢᠬ᠍ᠴᠢᠯᠠᠯᠲᠠ ᠮᠡᠳᠡᠭᠡ ᠵᠠᠩᠭᠢᠴᠢᠯᠠᠯᠲᠠ ᠤᠶᠤᠨᠴᠢᠯᠠᠯᠲᠠ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠲᠦᠷᠭᠡᠳᠭᠡᠵᠦ᠍᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃

(53) ᠲᠡᠷᠢᠭᠦᠨ᠎ᠤ ᠲᠠᠢᠴᠢᠨ ᠬᠦᠴᠦᠨ᠎ᠤ ᠪᠠᠢᠭᠤᠯᠤᠯᠲᠠ᠎ᠶ᠋ᠢ ᠲᠦᠷᠭᠡᠳᠭᠡᠨ᠎ᠡ᠃ ᠪᠠᠢᠯᠳᠤᠬᠤ ᠪᠣᠳᠣᠯᠭ᠎ᠠ᠎ᠶ᠋ᠢᠨ ᠰᠦᠷᠳᠡᠭᠦᠯᠬᠦ᠌ ᠬᠦᠴᠦᠨ᠎ᠢ ᠪᠤᠵᠠᠭᠠᠢᠷᠠᠭᠤᠯᠵᠤ᠂ ᠪᠦᠬᠦ᠌ ᠪᠦᠮᠪᠤᠷᠴᠡᠭ᠎ᠤᠨ ᠪᠠᠢᠯᠳᠤᠬᠤ ᠪᠤᠳᠤᠯᠭ᠎ᠠ᠎ᠶ᠋ᠢᠨ ᠲᠡᠩᠴᠡᠬᠦᠷᠢ ᠪᠤᠯᠤᠨ ᠲᠤᠬ᠍ᠳᠠᠭᠤᠨ ᠪᠠᠢᠳᠡᠯ᠎ᠢ ᠬᠠᠮᠠᠭᠠᠯᠠᠨ᠎ᠠ᠃ ᠱᠢᠨ᠎ᠡ ᠬᠦᠷᠢᠶ᠎ᠡ ᠱᠢᠨ᠎ᠡ ᠴᠢᠨᠠᠷ᠎ᠤᠨ ᠪᠠᠢᠯᠳᠤᠬᠤ ᠬᠦᠴᠦᠨ᠎ᠤ ᠬᠡᠪᠴᠢᠶᠡᠵᠢᠭ᠌ᠰᠡᠨ᠂ ᠪᠣᠳᠠᠲᠤ ᠳᠠᠢᠨ᠎ᠤ ᠮᠠᠶᠢᠭ᠎ᠤᠨ᠂ ᠱᠢᠰᠲ᠋ᠧᠮᠵᠢᠭ᠌ᠰᠡᠨ ᠬᠥᠭ᠌ᠵᠢᠯᠲᠡ᠎ᠶ᠋ᠢ ᠠᠬᠢᠭᠤᠯᠤᠨ᠂ ᠬᠥᠮᠦᠨ ᠦᠭᠡᠢ ᠣᠶᠤᠨᠴᠢ ᠪᠠᠢᠯᠳᠤᠬᠤ ᠬᠦᠴᠦᠨ ᠵᠢᠴᠢ ᠬᠢᠵᠠᠭᠠᠷᠯᠠᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠵᠦ᠍᠂ ᠤᠯᠠᠮᠵᠢᠯᠠᠯᠲᠤ ᠪᠠᠢᠯᠳᠤᠬᠤ ᠬᠦᠴᠦᠨ᠎ᠢ ᠳᠡᠰ ᠳᠡᠪᠱᠢᠭᠦᠯᠦᠨ ᠥᠭᠡᠷᠡᠴᠢᠯᠡᠬᠦ᠌᠎ᠶ᠋ᠢ ᠴᠢᠩᠭᠠᠳᠭᠠᠨ᠎ᠠ᠃ ᠰᠦᠯᠵᠢᠶᠡᠨ᠎ᠤ ᠮᠡᠳᠡᠭᠡ ᠵᠠᠩᠭᠢ᠎ᠶ᠋ᠢᠨ ᠱᠢᠰᠲ᠋ᠧᠮ᠎ᠤᠨ ᠪᠠᠢᠭᠤᠯᠤᠯᠲᠠ ᠬᠡᠷᠡᠭ᠌ᠯᠡᠯᠲᠡ᠎ᠶ᠋ᠢ ᠨᠢᠭᠡᠳᠦᠯᠲᠡᠶ ᠲᠥᠯᠥᠪᠯᠡᠨ᠂ ᠳ᠋ᠠᠢᠲ᠋ᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠎ᠶ᠋ᠢ ᠴᠢᠩᠭᠠᠳᠭᠠᠵᠤ᠂ ᠤᠶᠤᠨᠴᠢᠯᠠᠭ᠍ᠰᠠᠨ ᠴᠡᠷᠢᠭ᠎ᠤᠨ ᠶᠠᠪᠤᠳᠠᠯ᠎ᠤᠨ ᠱᠢᠰᠲ᠋ᠧᠮ᠎ᠢ ᠪᠠᠢᠭᠤᠯᠤᠨ᠎ᠠ᠃ ᠣᠳᠣᠬᠢᠴᠢᠯᠠᠭ᠍ᠰᠠᠨ ᠠᠷᠤ ᠲᠠᠯ᠎ᠠ᠎ᠶ᠋ᠢᠨ ᠦᠢᠯᠡᠴᠢᠯᠡᠭᠡ᠎ᠶ᠋ᠢ ᠲᠦᠷᠭᠡᠯᠡᠨ ᠪᠠᠢᠭᠤᠯᠤᠨ᠎ᠠ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠭ᠌ᠵᠢᠯᠲᠡ᠎ᠶ᠋ᠢᠨ ᠴᠢᠬᠤᠯᠠ ᠶᠡᠭᠡ ᠢᠨᠵᠧᠨᠧᠷᠢᠩ᠎ᠢ ᠬᠡᠷᠡᠭ᠌ᠵᠢᠭᠦᠯᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠲᠡᠷᠢᠭᠦᠨ᠎ᠤ ᠮᠡᠷᠭᠡᠵᠢᠯ᠎ᠤᠨ ᠬᠤᠪᠢᠷᠠᠭᠤᠯᠤᠯᠳᠠ᠎ᠶ᠋ᠢ ᠲᠦᠷᠬᠡᠳᠭᠡᠵᠦ᠍᠂ ᠲᠡᠷᠢᠭᠦᠨ᠎ᠤ ᠵᠡᠪᠰᠡᠭ ᠲᠣᠨᠣᠭ᠍ᠯᠠᠯ᠎ᠤᠨ ᠬᠥᠭ᠌ᠵᠢᠯᠲᠡ᠎ᠶ᠋ᠢ ᠲᠦᠷᠭᠡᠳᠭᠡᠨ᠎ᠡ᠃ ᠴᠡᠷᠢᠭ᠎ᠤᠨ ᠶᠠᠪᠤᠳᠠᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠲᠥᠷᠥ᠎ᠶ᠋ᠢᠨ ᠪᠣᠳᠣᠯᠭ᠎ᠠ ᠳᠦᠷᠢᠮ᠎ᠢ ᠱᠢᠯᠢᠳᠡᠭ᠌ᠵᠢᠭᠦᠯᠦᠨ᠂ ᠴᠡᠷᠢᠭ᠎ᠤᠨ ᠶᠡᠭᠡ ᠳᠡᠭᠡᠳᠦ ᠰᠤᠷᠭᠠᠭᠤᠯᠢ᠎ᠶ᠋ᠢᠨ ᠰᠤᠷᠭᠠᠭᠤᠯᠢ ᠡᠷᠬᠢᠯᠡᠵᠤ ᠬᠥᠮᠦᠨ ᠬᠥᠮᠦᠵᠢᠭᠦᠯᠬᠦ᠌ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠦᠨᠳᠤᠷ ᠭᠡᠪ ᠴᠢᠨᠠᠷ ᠪᠦᠬᠦᠢ ᠲᠤᠰᠭᠠᠢ᠌ᠵᠢᠬ᠍ᠰᠠᠨ ᠱᠢᠨ᠎ᠠ ᠭᠡᠯᠪᠡᠷᠢ᠎ᠶ᠋ᠢᠨ ᠴᠡᠷᠢᠭ᠎ᠤᠨ ᠶᠠᠪᠤᠳᠠᠯ᠎ᠤᠨ ᠴᠢᠳᠠᠪᠤᠷᠢᠳᠠᠨ᠎ᠤ ᠡᠩᠨᠡᠭᠡ᠎ᠶ᠋ᠢ ᠪᠤᠢ ᠪᠣᠯᠭᠠᠨ᠎ᠠ᠃ ᠴᠡᠷᠢᠭ᠎ᠤᠨ ᠶᠠᠪᠤᠳᠠᠯ᠎ᠤᠨ ᠤᠨᠤᠯ᠎ᠤᠨ ᠣᠳᠣᠬᠢᠴᠢᠯᠠᠯᠲᠠ᠎ᠶ᠋ᠢ ᠠᠬᠢᠭᠤᠯᠬᠤ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠪᠠᠢᠯᠳᠤᠬᠤ ᠪᠣᠳᠣᠯᠭ᠎ᠠ᠎ᠶ᠋ᠢᠨ ᠪᠠ ᠳᠠᠢᠨ ᠬᠢᠬᠦ᠌ ᠲᠥᠯᠥᠪᠯᠡᠭᠡ᠎ᠶ᠋ᠢ ᠭᠦᠨᠵᠡᠭᠡᠢᠷᠡᠭᠦᠯᠵᠦ᠍᠂ ᠪᠤᠳᠠᠳᠤ ᠳᠠᠢᠨ᠎ᠤ ᠮᠠᠶᠢᠭ᠎ᠤᠨ ᠴᠡᠷᠢᠭ᠎ᠤᠨ ᠰᠤᠷᠭᠠᠭᠤᠯᠢᠯᠠᠯ᠎ᠢ ᠯᠠᠪᠳᠠᠭᠤᠨ ᠪᠠᠲᠤᠲᠠᠶ ᠠᠬᠢᠭᠤᠯᠵᠤ᠂ ᠪᠠᠢᠯᠳᠤᠬᠤ ᠴᠢᠳᠠᠪᠤᠷᠢ᠎ᠶ᠋ᠢᠨ ᠱᠢᠰᠲ᠋ᠧᠮ᠎ᠤᠨ ᠬᠤᠷᠠᠮᠠᠯ᠎ᠢ ᠴᠢᠩᠭᠠᠳᠭᠠᠵᠤ᠂ ᠲᠠᠢᠴᠢᠨ ᠬᠦᠴᠦᠨ᠎ᠤ ᠪᠠᠢᠭᠤᠯᠤᠯᠲᠠ ᠪᠠ ᠬᠡᠷᠡᠭ᠌ᠯᠡᠯᠲᠡ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠴᠡᠷᠢᠭ᠎ᠤᠨ ᠶᠠᠪᠤᠳᠠᠯ᠎ᠤᠨ ᠲᠡᠮᠡᠴᠡᠯ᠎ᠤᠨ ᠬᠠᠨᠳᠤᠯᠭᠠᠲᠤ ᠴᠢᠨᠠᠷ᠂ ᠰᠠᠨᠠᠭᠠᠴᠢᠯᠠᠭᠠᠲᠤ ᠴᠢᠨᠠᠷ᠂ ᠴᠤᠭ᠍ᠴᠠᠯᠠᠨ ᠪᠠᠢᠭᠤᠯᠬᠤ ᠬᠦᠴᠦᠨ᠎ᠢ ᠴᠢᠩᠭᠠᠳᠭᠠᠨ᠎ᠠ᠃

(54) ᠴᠡᠷᠢᠭ᠎ᠤᠨ ᠶᠠᠪᠤᠳᠠᠯ᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠤᠨ᠎ᠠ᠃ ᠠᠷᠠᠳ᠎ᠤᠨ ᠴᠡᠷᠢᠭ ᠠᠩᠭᠢ᠎ᠶ᠋ᠢᠨ ᠤᠳᠤᠷᠢᠳᠤᠨ ᠬᠠᠮᠢᠶᠠᠷᠬᠤ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠠᠮᠲᠤᠷᠠᠭ᠍ᠰᠠᠨ ᠪᠠᠢᠯᠳᠤᠭᠠᠨ ᠬᠢᠬᠦ᠌ ᠱᠢᠰᠲ᠋ᠧᠮ᠎ᠢ ᠲᠣᠬᠢᠷᠠᠭᠤᠯᠤᠨ ᠱᠢᠯᠢᠳᠡᠭ᠌ᠵᠢᠭᠦᠯᠦᠨ᠎ᠡ᠃ ᠪᠠᠢᠯᠳᠤᠬᠤ ᠪᠤᠳᠤᠯᠭ᠎ᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠨ ᠰᠠᠢᠵᠢᠷᠠᠭᠤᠯᠵᠤ᠂ ᠲᠡᠮᠡᠴᠡᠯ ᠬᠢᠬᠦ᠌ ᠪᠦᠲᠦᠭᠡᠨ ᠪᠠᠢᠭᠤᠯᠤᠯᠲᠠ ᠬᠢᠬᠦ᠌ ᠪᠠ ᠳᠠᠢᠨ᠎ᠳᠤ ᠪᠡᠯᠡᠳᠭᠡᠬᠦ᠌᠎ᠶ᠋ᠢ ᠨᠢᠭᠡᠳᠦᠯᠲᠡᠶ ᠲᠥᠯᠥᠪᠯᠡᠬᠦ᠌᠎ᠶ᠋ᠢ ᠭᠦᠨᠵᠡᠭᠡᠢᠷᠡᠭᠦᠯᠵᠦ᠍᠂ ᠪᠠᠢᠯᠳᠤᠬᠤ ᠬᠡᠷᠡᠭ᠌ᠴᠡᠭᠡ᠎ᠪᠠᠷ ᠭᠦᠳᠤᠯᠤᠭᠦᠯᠬᠦ᠌᠎ᠶ᠋ᠢ ᠴᠢᠩᠭᠠᠷᠠᠭᠤᠯᠵᠤ᠂ ᠬᠠᠮᠢᠶᠠᠷᠤᠯᠲᠠ᠎ᠶ᠋ᠢᠨ ᠠᠷᠭ᠎ᠠ ᠬᠡᠮᠵᠢᠶ᠎ᠡ ᠠᠷᠭ᠎ᠠ ᠪᠠᠷᠢᠯ᠎ᠤᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠴᠡᠷᠢᠭ᠎ᠤᠨ ᠶᠠᠪᠤᠳᠠᠯ᠎ᠤᠨ ᠱᠢᠰᠲ᠋ᠧᠮ᠎ᠤᠨ ᠠᠵᠢᠯᠯᠠᠭᠠᠨ᠎ᠤ ᠦᠢᠯᠡᠳᠦᠯ ᠴᠢᠳᠠᠪᠤᠷᠢ ᠪᠠ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠡᠬᠢ ᠪᠠᠶᠠᠯᠢᠭ᠎ᠤᠨ ᠬᠡᠷᠡᠭ᠌ᠯᠡᠯᠲᠡ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ᠃ ᠴᠢᠬᠤᠯᠠ ᠶᠡᠭᠡ ᠪᠤᠳᠤᠯᠭ᠎ᠠ ᠲᠤᠭ᠍ᠳᠠᠭᠠᠬᠤ᠎ᠳᠤ ᠵᠥᠪᠯᠡᠯᠭᠡ ᠥᠭ᠌ᠬᠦ ᠦᠨᠡᠯᠡᠨ ᠵᠢᠱ᠌ᠢᠯᠳᠠ ᠬᠢᠬᠦ᠌ ᠪᠠ ᠴᠢᠬᠤᠯᠠ ᠶᠡᠭᠡ ᠲᠦᠰᠦᠯ᠎ᠢ ᠬᠢᠨᠠᠨ ᠬᠠᠮᠢᠶᠠᠷᠬᠤ᠎ᠶ᠋ᠢ ᠴᠢᠩᠭᠠᠳᠭᠠᠵᠤ᠂ ᠴᠡᠷᠢᠭ᠎ᠤᠨ ᠵᠠᠷᠤᠳᠠᠯ᠎ᠤᠨ ᠳᠦᠰᠦᠪ᠎ᠤᠨ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠵᠤ᠂ ᠴᠡᠷᠢᠭ᠎ᠤᠨ ᠶᠠᠪᠤᠳᠠᠯ᠎ᠤᠨ ᠬᠤᠳᠠᠯᠳᠤᠨ ᠠᠪᠬᠤ ᠳᠦᠷᠢᠮ᠎ᠢ ᠰᠠᠢᠵᠢᠷᠠᠭᠤᠯᠵᠤ᠂ ᠴᠡᠷᠢᠭ ᠠᠩᠭᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠪᠦᠷᠢᠳᠭᠡᠵᠦ᠍ ᠦᠨᠡᠯᠡᠨ ᠵᠢᠱ᠌ᠢᠬᠦ᠌ ᠱᠢᠰᠲ᠋ᠧᠮ᠎ᠢ ᠲᠡᠭᠦᠯᠳᠡᠷᠵᠢᠭᠦᠯᠦᠨ᠂ ᠠᠵᠢᠯᠴᠢ ᠠᠷᠪᠢᠴᠢ᠎ᠪᠠᠷ ᠴᠡᠷᠢᠭ ᠪᠠᠢᠭᠤᠯᠬᠤ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠦᠷ᠎ᠡ ᠠᠱᠢᠭ᠎ᠢᠶᠠᠷ ᠦᠨᠳᠦᠷ᠂ ᠥᠪᠡᠷ᠎ᠤᠨ ᠥᠷᠲᠡᠭ᠎ᠢᠶᠠᠷ ᠳᠣᠣᠷ᠎ᠠ᠂ ᠦᠷᠭᠦᠯᠵᠢᠯᠡᠬᠦ᠋ᠢᠴᠡ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠨ᠎ᠠ᠃ ᠤᠯᠤᠰ ᠲᠥᠷᠥ᠎ᠶ᠋ᠢᠨ ᠴᠡᠭ᠌ᠴᠡᠯᠡᠯᠲᠡ ᠪᠣᠯᠪᠠᠰᠤᠷᠠᠭᠤᠯᠤᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠱᠢᠯᠢᠳᠡᠭ ᠤᠯᠠᠮᠵᠢᠯᠠᠯ᠎ᠢ ᠪᠠᠳᠠᠷᠠᠭᠤᠯᠤᠨ᠂ ᠭᠤᠤᠯᠳᠠᠯᠭ᠎ᠠ ᠲᠠᠢ ᠠᠵᠢᠯ ᠲᠦᠷᠦᠯ ᠪᠠ ᠬᠦᠷᠢᠶᠠᠨ᠎ᠳᠠᠬᠢ ᠴᠡᠭ᠌ᠴᠡᠯᠡᠨ ᠵᠠᠰᠠᠬᠤ ᠠᠵᠢᠯ᠎ᠢ ᠴᠢᠩᠭᠠᠳᠭᠠᠨ᠎ᠠ᠃ ᠴᠡᠷᠢᠭ ᠠᠩᠭᠢ᠎ᠶ᠋ᠢᠨ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠭᠦᠨᠵᠡᠭᠡᠢᠷᠡᠬᠦᠯᠦᠨ ᠠᠬᠢᠭᠤᠯᠵᠤ᠂ ᠬᠠᠤᠯᠢ ᠲᠣᠭ᠍ᠲᠠᠭᠠᠯ ᠳᠦᠷᠢᠮ᠎ᠤᠨ ᠬᠠᠩᠭᠠᠯᠭ᠎ᠠ ᠪᠠ ᠬᠡᠷᠡᠭ᠌ᠵᠢᠭᠦᠯᠦᠯᠲᠡ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠴᠡᠷᠢᠭ᠎ᠤᠨ ᠶᠠᠪᠤᠳᠠᠯ᠎ᠤᠨ ᠬᠠᠤᠯᠢ᠎ᠪᠠᠷ ᠵᠠᠰᠠᠬᠤ ᠱᠢᠰᠲ᠋ᠧᠮ᠎ᠢ ᠲᠡᠭᠦᠯᠳᠡᠷᠵᠢᠭᠦᠯᠦᠨ᠎ᠡ᠃ 

(55) ᠨᠢᠭᠡ ᠴᠤᠭ᠍ᠴᠠᠵᠢᠭ᠍ᠰᠠᠨ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠰᠲ᠋ᠧᠮ ᠪᠠ ᠴᠢᠳᠠᠪᠤᠷᠢ᠎ᠶ᠋ᠢ ᠪᠠᠬᠢᠵᠢᠭᠦᠯᠦᠨ ᠳᠡᠭᠡᠭ᠌ᠰᠢᠯᠡᠭᠦᠯᠦᠨ᠎ᠡ᠃ ᠴᠡᠷᠢᠭ ᠠᠩᠬᠢ ᠪᠠ ᠣᠷᠣᠨ ᠨᠤᠲᠤᠭ ᠠᠯᠤᠰᠯᠠᠭ᠍ᠰᠠᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠲᠣᠰ ᠲᠣᠰ᠎ᠤᠨ ᠡᠭᠦᠷᠭᠡ ᠲᠣᠱᠢᠶᠠᠯ᠎ᠢᠶᠠᠨ ᠬᠥᠢᠴᠡᠳᠭᠡᠬᠦ᠂ ᠨᠢᠭ᠍ᠲᠠ ᠬᠠᠮᠵᠢᠯᠴᠠᠬᠤ᠂ ᠵᠢᠷᠤᠮᠵᠢᠭᠤᠨ ᠪᠥᠭᠡᠳ ᠡᠮᠬᠢ ᠵᠢᠷᠤᠮ ᠲᠠᠢ ᠴᠡᠷᠢᠭ ᠠᠩᠬᠢ ᠪᠠ ᠣᠷᠣᠨ ᠨᠤᠲᠤᠭ ᠠᠯᠤᠰᠯᠠᠭ᠍ᠰᠠᠨ ᠠᠵᠢᠯ᠎ᠤᠨ ᠪᠠᠢᠷᠢᠱᠢᠯ᠎ᠢ ᠪᠠᠢᠭᠤᠯᠤᠨ᠎ᠠ᠃ ᠱᠢᠨ᠎ᠡ᠎ᠪᠠᠷ ᠬᠥᠭ᠌ᠵᠢᠭ᠌ᠰᠡᠨ ᠬᠦᠷᠢᠶᠡᠨ᠎ᠳᠠᠬᠢ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ ᠪᠠ ᠱᠢᠨ᠎ᠡ ᠴᠢᠨᠠᠷ᠎ᠤᠨ ᠲᠠᠢᠴᠢᠨ ᠬᠦᠴᠦᠨ᠎ᠤ ᠥᠨᠳᠥᠷ ᠪᠦᠲᠦᠮᠵᠢᠲᠡᠶ ᠠᠭᠤᠰᠤᠯᠴᠠᠵᠤ᠂ ᠬᠤᠤᠰ ᠴᠢᠭ᠌ᠯᠡᠯ᠎ᠢᠶᠠᠷ ᠳᠠᠢᠴᠢᠯᠠᠬᠤ᠎ᠶ᠋ᠢ ᠠᠬᠢᠭᠤᠯᠤᠨ᠎ᠠ᠃ ᠲᠡᠷᠢᠭᠦᠨ᠎ᠤ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠠᠵᠤ ᠥᠢᠯᠡᠳᠪᠦᠷᠢ᠎ᠶ᠋ᠢᠨ ᠱᠢᠰᠲ᠋ᠧᠮ᠎ᠢ ᠪᠠᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠠᠵᠤ ᠥᠢᠯᠡᠳᠪᠦᠷᠢ᠎ᠶ᠋ᠢᠨ ᠪᠠᠢᠷᠢᠯᠠᠭᠤᠯᠤᠯᠳᠠ᠎ᠶ᠋ᠢ ᠱᠢᠯᠢᠳᠡᠭ᠌ᠵᠢᠭᠦᠯᠦᠨ᠂ ᠴᠡᠷᠢᠭ᠎ᠤᠨ ᠬᠡᠷᠡᠭ᠌ᠯᠡᠭᠡ ᠪᠠ ᠠᠷᠠᠳ᠎ᠤᠨ ᠬᠡᠷᠡᠭ᠌ᠯᠡᠭᠡ᠎ᠶ᠋ᠢᠨ ᠪᠠᠷᠢᠮᠵᠢᠶ᠎ᠠ᠎ᠶ᠋ᠢ ᠨᠡᠢᠳᠡᠮᠵᠢᠬᠦᠯᠬᠦ᠌᠎ᠶ᠋ᠢ ᠠᠬᠢᠭᠤᠯᠤᠨ᠎ᠠ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠴᠡᠷᠢᠭ᠎ᠤᠨ ᠶᠠᠪᠤᠳᠠᠯ᠎ᠤᠨ ᠬᠡᠷᠡᠭ᠌ᠴᠡᠭᠡ᠎ᠶ᠋ᠢ ᠳᠤᠷᠠᠳᠤᠨ ᠮᠡᠳᠡᠭᠦᠯᠬᠦ᠌ ᠪᠠ ᠴᠡᠷᠢᠭ ᠠᠩᠬᠢ ᠬᠢᠭᠡᠳ ᠣᠷᠣᠨ ᠨᠤᠲᠤᠭ᠎ᠢ ᠵᠣᠯᠭᠠᠯᠳᠤᠭᠤᠯᠬᠤ᠎ᠶ᠋ᠢ ᠴᠢᠩᠭᠠᠳᠭᠠᠨ᠂ ᠴᠢᠬᠤᠯᠠ ᠶᠡᠭᠡ ᠰᠠᠭᠤᠷᠢ ᠲᠥᠬᠦᠭᠡᠷᠦᠮᠵᠢ᠎ᠳᠤ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ᠎ᠶ᠋ᠢ ᠠᠬᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢ ᠤᠷᠢᠳᠴᠢᠯᠠᠨ ᠲᠣᠭ᠍ᠲᠠᠭᠠᠬᠤ ᠠᠵᠢᠯ᠎ᠢ ᠴᠢᠩᠭᠠᠳᠭᠠᠨ᠎ᠠ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠨ᠂ ᠪᠡᠯᠡᠳᠭᠡᠯ ᠬᠦᠴᠦᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠣᠳᠣ ᠦᠶ᠎ᠡ᠎ᠶ᠋ᠢᠨ ᠬᠢᠯᠢ ᠲᠠᠯᠠᠢ ᠠᠭᠠᠷ᠎ᠤᠨ ᠰᠡᠷᠭᠡᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠠᠨ ᠬᠠᠮᠲᠤᠳᠭᠠᠨ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠤ ᠰᠡᠷᠭᠡᠢᠯᠡᠯᠲᠡ᠎ᠶ᠋ᠢ ᠪᠠᠬᠢᠵᠢᠭᠦᠯᠬᠦ᠌᠎ᠶ᠋ᠢ ᠠᠬᠢᠭᠤᠯᠤᠨ᠎ᠠ᠃ ᠠᠷᠠᠳ ᠨᠡᠢᠲᠡ᠎ᠶ᠋ᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠢ ᠭᠦᠨᠵᠡᠭᠡᠢᠷᠡᠭᠦᠯᠵᠦ᠍᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠪᠠᠬᠢᠵᠢᠭᠦᠯᠦᠨ᠎ᠡ᠃

ᠠᠷᠪᠠᠨ ᠲᠠᠪᠤ᠂ ᠪᠦᠬᠦ᠌ ᠨᠠᠮ ᠪᠦᠬᠦ᠌ ᠤᠯᠤᠰ᠎ᠤᠨ ᠦᠨᠳᠤᠰᠤᠳᠠᠨ᠎ᠨᠦᠭᠦᠳ᠎ᠤᠨ ᠠᠷᠠᠳ ᠲᠦᠮᠠᠨ ᠪᠦᠯᠬᠦᠮᠳᠡᠵᠡᠭᠡᠵᠦ᠍᠂ ᠠᠷᠪᠠᠨ ᠲᠠᠪᠤᠳᠤᠭᠠᠷ ᠲᠠᠪᠤᠨ ᠵᠢᠯ᠎ᠤᠨ ᠲᠦᠯᠦᠪᠵᠢᠭᠦᠯᠭᠡ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠳᠡᠮᠡᠴᠡᠨ᠎ᠡ

ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠶ᠋ᠢᠨ ᠦᠨᠳᠦᠰᠦᠨ ᠪᠠᠲᠤᠯᠠᠭ᠎ᠠ ᠮᠦᠨ᠃ ᠨᠠᠮ᠎ᠤᠨ ᠥᠪᠡᠷ᠎ᠤᠨ ᠪᠡᠶ᠎ᠡ᠎ᠳᠡᠭᠡᠨ ᠬᠢᠬᠦ᠌ ᠬᠤᠪᠢᠰᠭᠠᠯ᠎ᠢᠶᠠᠷ ᠨᠡᠢᠭᠡᠮ᠎ᠤᠨ ᠬᠤᠪᠢᠰᠭᠠᠯ᠎ᠢ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠴᠥᠬᠦᠷᠡᠰᠢ ᠦᠭᠡᠢ ᠠᠬᠢᠭᠤᠯᠵᠤ᠂ ᠨᠠᠮ᠎ᠤᠨ ᠤᠯᠤᠰ ᠲᠥᠷᠥ᠎ᠶ᠋ᠢᠨ ᠤᠳᠤᠷᠢᠳᠭᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ᠎ᠢ ᠵᠣᠬᠢᠶᠠᠨ ᠪᠠᠢᠭᠤᠯᠬᠤ ᠬᠦᠴᠦᠨ᠂ ᠨᠡᠢᠭᠡᠮ ᠨᠡᠢᠲᠡ᠎ᠶ᠋ᠢ ᠤᠷᠢᠶᠠᠯᠠᠬᠤ ᠬᠦᠴᠦᠨ᠎ᠢ ᠴᠢᠩᠭᠠᠷᠠᠭᠤᠯᠤᠨ᠂ ᠨᠠᠮ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠤᠳᠤᠷᠢᠳᠭᠤ ᠴᠢᠳᠠᠪᠤᠷᠢ ᠪᠠ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠰᠦᠷ ᠳᠠᠯᠠᠢᠴᠠᠲᠠᠶ ᠬᠦᠴᠦᠨ ᠴᠢᠳᠠᠯ᠎ᠢ ᠨᠢᠭ᠍ᠲᠠᠷᠠᠭᠤᠯᠤᠨ᠎ᠠ᠃

(56) ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠨ᠎ᠠ᠃ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠳᠡᠭᠡᠭ᠌ᠰᠢ ᠳᠣᠭᠤᠭ᠍ᠰᠢ ᠨᠡᠪᠲᠡᠷᠡᠯᠴᠡᠭ᠌ᠰᠡᠨ ᠪᠦᠭᠡᠳ ᠬᠡᠷᠡᠭ᠌ᠵᠢᠭᠦᠯᠦᠯᠲᠡ ᠨᠢ ᠬᠦᠴᠦᠲᠠᠢ ᠪᠠᠢᠬᠤ᠎ᠶ᠋ᠢ ᠦᠨᠡᠨ ᠬᠦ᠌ ᠪᠠᠲᠤᠯᠠᠨ᠎ᠠ᠃ ᠨᠠᠮ᠎ᠤᠨ ᠱᠢᠨ᠎ᠡ ᠡᠭᠦᠳᠦᠯᠲᠡ᠎ᠶ᠋ᠢᠨ ᠤᠨᠤᠯ᠎ᠢᠶᠠᠷ ᠦᠷᠭᠦᠯᠵᠢᠯᠡᠨ ᠦᠵᠡᠯ ᠰᠠᠨᠠᠭ᠎ᠠ᠎ᠪᠠᠨ ᠨᠢᠭᠡᠳᠭᠡᠨ᠂ ᠵᠣᠷᠢᠭ ᠰᠠᠨᠠᠭ᠎ᠠ᠎ᠪᠠᠨ ᠨᠢᠭᠡᠳᠭᠡᠵᠦ᠍᠂ ᠦᠢᠯᠡ ᠠᠵᠢᠯᠯᠠᠭ᠎ᠠ᠎ᠪᠠᠨ ᠨᠢᠭᠡᠳᠭᠡᠨ᠎ᠡ᠃ ᠨᠠᠮ᠎ᠤᠨ ᠳᠣᠲᠣᠭᠠᠳᠤ᠎ᠶ᠋ᠢᠨ ᠠᠷᠠᠳᠴᠢᠯᠠᠯ᠎ᠢ ᠬᠥᠭ᠌ᠵᠢᠭᠦᠯᠵᠦ᠍᠂ ᠠᠷᠠᠳᠴᠢᠯᠠᠯ ᠲᠥᠪᠯᠡᠷᠡᠯ᠎ᠤᠨ ᠶᠣᠰᠣ᠎ᠶ᠋ᠢ ᠪᠦᠷᠢᠨᠱᠢᠭᠦᠯᠦᠨ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠪᠤᠳᠤᠯᠭ᠎ᠠ ᠲᠣᠭ᠍ᠲᠠᠭᠠᠬᠤ᠂ ᠠᠷᠠᠳᠴᠢᠯᠠᠯ᠎ᠢᠶᠠᠷ ᠪᠤᠳᠤᠯᠭ᠎ᠠ ᠲᠣᠭ᠍ᠲᠠᠭᠠᠬᠤ᠂ ᠬᠠᠤᠯᠢ ᠶᠣᠰᠣᠭᠠᠷ ᠪᠤᠳᠤᠯᠭ᠎ᠠ ᠲᠣᠭ᠍ᠲᠠᠭᠠᠬᠤ᠎ᠶ᠋ᠢ ᠪᠠᠷᠢᠮᠲᠠᠯᠠᠨ᠎ᠠ᠃ ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ᠎ᠶ᠋ᠢ ᠪᠠᠷᠢᠮᠲᠠᠯᠠᠵᠤ᠂ ᠤᠯᠤᠰ ᠲᠥᠷᠥ᠎ᠶ᠋ᠢᠨ ᠪᠠᠷᠢᠮᠵᠢᠶ᠎ᠠ᠎ᠶ᠋ᠢ ᠲᠡᠷᠢᠭᠦᠨ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠨ᠂ ᠵᠠᠰᠠᠭ᠎ᠤᠨ ᠠᠵᠢᠯ᠎ᠤᠨ ᠠᠮᠵᠢᠯᠲᠠ᠎ᠶ᠋ᠢᠨ ᠲᠤᠬᠠᠶ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠺᠠᠳ᠋ᠷ᠎ᠢ ᠬᠢᠨᠠᠨ ᠱᠢᠯᠭᠠᠵᠤ ᠦᠨᠡᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠤᠳᠤ᠎ᠶ᠋ᠢᠨ ᠲᠤᠱᠢᠶᠠᠯ᠎ᠢᠶᠠᠨ ᠡᠭᠦᠷᠭᠡᠯᠡᠵᠦ᠍ ᠳᠡᠢᠯᠬᠦ᠌ ᠦᠭᠡᠢ ᠺᠠᠳ᠋ᠷ᠎ᠲᠤ ᠲᠤᠬᠢᠷᠠᠭᠤᠯᠤᠯᠳᠠ ᠬᠢᠵᠦ᠍᠂ ᠤᠳᠤᠷᠢᠳᠭᠤ ᠺᠠᠳ᠋ᠷᠴᠤᠳ᠎ᠤᠨ ᠲᠠᠪᠱᠢᠵᠤ ᠪᠤᠯᠬᠤ ᠮᠦᠷᠲᠡᠭᠡᠨ ᠪᠠᠭᠤᠵᠤ ᠪᠤᠯᠬᠤ᠎ᠶ᠋ᠢ ᠬᠡᠪ᠎ᠤᠨ ᠪᠠᠢᠳᠠᠯ ᠪᠣᠯᠭᠠᠬᠤ᠎ᠶ᠋ᠢ ᠠᠬᠢᠭᠤᠯᠤᠨ᠎ᠠ᠃ ᠬᠥᠮᠦᠵᠢᠯ ᠪᠣᠯᠪᠠᠰᠤᠷᠠᠭᠤᠯᠤᠯ ᠪᠠ ᠦᠢᠯᠡᠳᠦᠯᠭᠡ᠎ᠶ᠋ᠢᠨ ᠳᠠᠪᠲᠠᠯᠲᠠ᠎ᠶ᠋ᠢ ᠴᠢᠩᠭᠠᠳᠭᠠᠵᠤ᠂ ᠺᠠᠳ᠋ᠷ᠎ᠤᠨ ᠡᠩᠨᠡᠭᠡ᠎ᠶ᠋ᠢᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠴᠢᠩᠭ᠎ᠠ ᠬᠠᠮᠢᠶᠠᠷᠬᠤ ᠪᠠ ᠬᠠᠯᠠᠮᠵᠢᠯᠠᠨ ᠬᠠᠢᠷᠠᠯᠠᠬᠤ᠎ᠶ᠋ᠢ ᠤᠶᠠᠯᠳᠤᠭᠤᠯᠤᠨ᠂ ᠤᠷᠮᠠᠱᠢᠭᠤᠯᠬᠤ ᠪᠠ ᠬᠢᠵᠠᠭᠠᠷᠯᠠᠬᠤ᠎ᠶ᠋ᠢ ᠵᠡᠷᠭᠡ᠎ᠪᠠᠷ ᠴᠢᠬᠤᠯᠠᠴᠢᠯᠠᠵᠤ᠂ ᠺᠠᠳ᠋ᠷ᠎ᠤᠨ ᠡᠩᠨᠡᠭᠡ᠎ᠶ᠋ᠢᠨ ᠳᠣᠲᠣᠭᠠᠳᠤ ᠬᠥᠳᠡᠯᠭᠡᠭ᠌ᠴᠢ ᠬᠦᠴᠦᠨ ᠪᠠ ᠪᠦᠬᠦᠯᠢ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃ ᠡᠯ᠎ᠡ ᠬᠦᠷᠢᠶᠡᠨ᠎ᠳᠠᠬᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠦᠷᠦ᠍᠎ᠶ᠋ᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶ᠋ᠢᠨ ᠴᠢᠳᠠᠮᠵᠢ᠎ᠶ᠋ᠢ ᠴᠢᠩᠭᠠᠷᠠᠭᠤᠯᠤᠨ᠂ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢ ᠪᠠᠳᠠᠷᠠᠭᠤᠯᠤᠨ᠎ᠠ᠃ ᠲᠥᠪ ᠬᠤᠷᠢᠶᠠᠨ᠎ᠤ ᠨᠠᠢ᠍ᠮᠠᠨ ᠵᠤᠷᠪᠤᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠦᠷᠡᠰᠢ ᠦᠭᠡᠢ ᠨᠠᠢᠳᠠᠪᠤᠷᠢᠵᠢᠭᠤᠯᠵᠤ᠂ ᠡᠯ᠎ᠡ ᠵᠦᠢᠯ᠎ᠤᠨ ᠲᠥᠪ ᠪᠤᠰᠤ ᠰᠤᠷᠲᠠᠯ᠎ᠢ ᠡᠷᠡᠰ ᠬᠤᠷᠢᠭ᠍ᠯᠠᠨ ᠵᠣᠭ᠍ᠰᠣᠭᠠᠵᠤ᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠬᠤ ᠪᠠ ᠤᠷᠲᠤ ᠬᠤᠭᠤᠴᠠᠭ᠎ᠠ᠎ᠪᠠᠷ ᠪᠦᠲᠦᠮᠵᠢᠲᠡᠶ ᠪᠠᠢᠯᠭᠠᠬᠤ᠎ᠶ᠋ᠢ ᠠᠬᠢᠭᠤᠯᠤᠨ᠎ᠠ᠃ ᠬᠡᠯᠪᠡᠷᠢ᠎ᠶ᠋ᠢᠨ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠠᠵᠢᠯ᠎ᠢ ᠭᠦᠨᠵᠡᠭᠡᠢᠷᠡᠬᠦᠯᠦᠨ ᠥᠷᠨᠢᠭᠦᠯᠦᠨ᠎ᠡ᠃ ᠨᠠᠮ ᠪᠠ ᠤᠯᠤᠰ᠎ᠤᠨ ᠬᠢᠨᠠᠯᠲᠠ ᠲᠠᠯᠪᠢᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠡᠷᠬᠡ᠎ᠶ᠋ᠢᠨ ᠲᠤᠬᠢᠷᠠᠭᠤᠯᠤᠯᠳᠠ᠂ ᠠᠵᠢᠯᠯᠠᠭᠠᠨ᠎ᠢ ᠵᠢᠷᠤᠮᠵᠢᠭᠤᠯᠬᠤ ᠪᠠ ᠲᠡᠭᠦᠨ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠨ᠎ᠠ᠃ ᠢᠯᠵᠢᠷᠠᠯ᠎ᠢ ᠡᠰᠡᠷᠭᠦᠴᠡᠬᠦ᠌ ᠠᠵᠢᠯ᠎ᠢ ᠡᠭᠦᠷᠢᠳᠡ ᠵᠤᠬ᠍ᠰᠤᠰᠢ ᠦᠭᠡᠢ ᠬᠢᠬᠦ᠌ ᠰᠡᠷᠬᠡᠭ ᠳᠠᠨᠢᠯᠳᠠ ᠪᠠ ᠡᠷᠡᠰ ᠵᠤᠷᠢᠭ᠎ᠢᠶᠠᠷ ᠢᠯᠵᠢᠷᠠᠬᠦ᠌ ᠵᠤᠷᠢᠬ ᠦᠭᠡᠢ᠂ ᠢᠯᠵᠢᠷᠠᠵᠤ ᠳᠡᠢᠯᠬᠦ᠌ ᠦᠭᠡᠢ᠂ ᠢᠯᠵᠢᠷᠠᠬᠦ᠌᠎ᠶ᠋ᠢ ᠪᠤᠳᠤᠬᠤ ᠦᠭᠡᠢ ᠪᠤᠯᠭᠠᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠳᠠᠢᠨ᠂ ᠤᠳᠠᠭᠠᠨ ᠳᠠᠭᠠᠭᠠᠮᠠᠭᠠᠶ ᠳᠠᠢᠨ᠂ ᠪᠦᠬᠦ᠌ ᠲᠠᠯ᠎ᠠ᠎ᠶ᠋ᠢᠨ ᠲᠠᠢᠨ᠎ᠢ ᠡᠷᠡᠰ ᠰᠠᠢᠲᠤᠷ ᠬᠢᠨ᠎ᠠ᠃ ᠴᠡᠪᠡᠷ ᠠᠷᠢᠭᠤᠨ ᠲᠥᠪ ᠴᠢᠬᠡᠴᠢ ᠤᠯᠤᠰ ᠲᠥᠷᠥ᠎ᠶ᠋ᠢᠨ ᠠᠮᠢ ᠠᠬᠤᠶ᠎ᠶ᠋ᠢ ᠪᠤᠢ ᠪᠣᠯᠭᠠᠨ᠎ᠠ᠃

(57) ᠨᠡᠢᠭᠡᠮ ᠵᠢᠷᠤᠮ᠎ᠤᠨ ᠠᠷᠠᠳᠴᠢᠯᠠᠯ ᠪᠠ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠠᠬᠢᠭᠤᠯᠤᠨ᠎ᠠ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠤᠯᠤᠰ ᠲᠥᠷᠥ᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠨ᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠠᠵᠢᠯᠯᠠᠭᠤᠯᠵᠤ᠂ ᠲᠦᠷᠦ᠍᠎ᠶ᠋ᠢᠨ ᠪᠠᠢᠭᠤᠯᠭ᠎ᠠ᠎ᠶ᠋ᠢᠨ ᠬᠠᠤᠯᠢ ᠶᠣᠰᠣᠭᠠᠷ ᠡᠷᠬᠡ᠎ᠪᠠᠨ ᠬᠡᠷᠡᠭ᠌ᠵᠢᠭᠦᠯᠬᠦ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠦᠨᠡᠨ ᠬᠦ᠌ ᠪᠠᠲᠤᠯᠠᠵᠤ᠂ ᠠᠷᠠᠳ ᠤᠯᠠᠨ᠎ᠤ ᠠᠷᠠᠳᠴᠢᠯᠠᠯ᠎ᠤᠨ ᠡᠷᠬᠡ᠂ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ ᠪᠠ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠥ᠎ᠶ᠋ᠢᠨ ᠵᠥᠪᠯᠡᠯᠭᠡ ᠬᠢᠬᠦ᠌ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠲᠤᠰᠭᠠᠶ ᠵᠥᠪᠯᠡᠭᠦ᠌ ᠪᠠᠢᠭᠤᠯᠤᠮᠵᠢ ᠪᠣᠯᠬᠤ ᠦᠢᠯᠡᠳᠦᠯ᠎ᠢ ᠪᠠᠳᠠᠷᠠᠭᠤᠯᠵᠤ᠂ ᠡᠯ᠎ᠡ ᠵᠦᠢᠯ᠎ᠤᠨ ᠵᠥᠪᠯᠡᠬᠦ᠌ ᠠᠷᠭ᠎ᠠ ᠵᠠᠮ᠎ᠤᠨ ᠬᠠᠮᠲᠤᠷᠠᠨ ᠬᠠᠮᠵᠢᠯᠴᠠᠬᠤ᠎ᠶ᠋ᠢ ᠴᠢᠩᠭᠠᠳᠭᠠᠵᠤ᠂ ᠵᠥᠪᠯᠡᠬᠦ᠌ ᠠᠷᠠᠳᠴᠢᠯᠠᠯ᠎ᠢ ᠥᠷᠭᠡᠨ ᠳᠡᠯᠭᠡᠷᠡᠩᠭᠦᠢ ᠣᠯᠠᠨ ᠳᠡᠰ ᠳᠠᠪᠬᠤᠷᠭ᠎ᠠ᠎ᠪᠠᠷ ᠳᠦᠷᠢᠮᠵᠢᠭᠦᠯᠦᠨ ᠬᠥᠭ᠌ᠵᠢᠭᠦᠯᠬᠦ᠌᠎ᠶ᠋ᠢ ᠠᠬᠢᠭᠤᠯᠤᠨ᠎ᠠ᠃ ᠦᠨᠳᠦᠰᠦᠨ ᠱᠠᠲᠤᠨ᠎ᠤ ᠠᠷᠠᠳᠴᠢᠯᠠᠯ᠎ᠤᠨ ᠲᠦᠷᠢᠮ᠎ᠢ ᠪᠦᠷᠢᠨᠱᠢᠭᠦᠯᠵᠦ᠍᠂ ᠠᠷᠠᠳ ᠲᠦᠮᠡᠨ᠎ᠤ ᠦᠨᠳᠦᠰᠦᠨ ᠱᠠᠲᠤᠨ᠎ᠤ ᠤᠯᠠᠨ ᠨᠡᠢᠲᠡ᠎ᠶ᠋ᠢᠨ ᠬᠡᠷᠡᠭ ᠶᠠᠪᠤᠳᠠᠯ ᠪᠠ ᠨᠡᠢᠲᠡ᠎ᠶ᠋ᠢᠨ ᠠᠰᠠᠷᠠᠮᠵᠢ᠎ᠶ᠋ᠢᠨ ᠦᠢᠯᠡᠰ᠎ᠢ ᠬᠠᠤᠯᠢ ᠶᠣᠰᠣᠭᠠᠷ ᠬᠠᠮᠢᠶᠠᠷᠬᠤ᠎ᠶ᠋ᠢ ᠪᠠᠲᠤᠯᠠᠨ᠎ᠠ᠃ ᠠᠷᠠᠳ᠎ᠤᠨ ᠰᠠᠨᠠᠭ᠎ᠠ᠎ᠶ᠋ᠢ ᠱᠢᠩᠭᠡᠭᠡᠨ ᠠᠪᠬᠤ᠂ ᠠᠷᠠᠳ᠎ᠤᠨ ᠤᠶᠤᠨ ᠤᠬᠠᠭᠠᠨ᠎ᠢ ᠲᠥᠪᠯᠡᠷᠡᠭᠦᠯᠬᠦ᠌ ᠠᠵᠢᠯ᠎ᠤᠨ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭ᠌ᠲᠡᠢᠴᠦᠳ᠎ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ᠎ᠤ ᠡᠪᠯᠡᠯ ᠪᠦᠯᠬᠦᠮ᠎ᠤᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢ ᠨᠡᠩ ᠰᠠᠢᠨ ᠪᠠᠳᠠᠷᠠᠭᠤᠯᠵᠤ᠂ ᠠᠵᠤ ᠦᠢᠯᠡᠰ᠎ᠤᠨ ᠠᠵᠢᠯᠴᠢᠨ᠎ᠤ ᠡᠩᠨᠡᠭᠡ᠎ᠶ᠋ᠢᠨ ᠪᠠᠢᠭᠤᠯᠤᠯᠲᠠ᠂ ᠵᠠᠯᠠᠭᠤᠴᠤᠳ ᠪᠠᠭᠠᠴᠤᠳ᠎ᠤᠨ ᠬᠥᠭ᠌ᠵᠢᠯᠲᠡ᠂ ᠡᠮᠡᠭ᠌ᠲᠡᠢᠴᠦᠳ ᠬᠡᠦᠬᠡᠳ᠎ᠤᠨ ᠦᠢᠯᠡᠰ᠎ᠤᠨ ᠬᠥᠭ᠌ᠵᠢᠯᠲᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠨ᠎ᠠ᠃ ᠬᠥᠮᠦᠨ᠎ᠤ ᠡᠷᠬᠡ᠎ᠶ᠋ᠢᠨ ᠦᠢᠯᠡᠰ᠎ᠤᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠤᠨ᠎ᠠ᠃ ᠶᠡᠭᠡ ᠨᠢᠭᠡᠳᠦᠮᠡᠯ ᠹᠷᠣᠨᠲ᠎ᠤᠨ ᠠᠵᠢᠯ᠎ᠤᠨ ᠪᠠᠢᠷᠢᠱᠢᠯ᠎ᠢ ᠲᠡᠭᠦᠯᠳᠡᠷᠵᠢᠭᠦᠯᠵᠦ᠍᠂ ᠬᠠᠮᠤᠭ᠎ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ᠎ᠢ ᠪᠠᠬᠢᠵᠢᠭᠦᠯᠦᠨ ᠬᠥᠭ᠌ᠵᠢᠭᠦᠯᠦᠨ᠎ᠡ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ᠃ ᠮᠠᠨ᠎ᠤ ᠤᠯᠤᠰ᠎ᠤᠨ ᠱᠠᠱᠢᠨ ᠰᠤᠷᠲᠠᠬᠤᠨ᠎ᠤ ᠳᠤᠮᠳᠠᠳᠤ ᠤᠯᠤᠰᠴᠢᠯᠠᠬᠤ ᠴᠢᠭ᠌ᠯᠡᠯ᠎ᠢ ᠪᠠᠷᠢᠮᠲᠠᠯᠠᠵᠤ᠂ ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠤᠨ ᠵᠠᠰᠠᠯᠲᠠ᠎ᠶ᠋ᠢ ᠬᠠᠤᠯᠢ᠎ᠪᠠᠷ ᠵᠠᠰᠠᠬᠤ᠎ᠶ᠋ᠢ ᠴᠢᠩᠭᠠᠳᠭᠠᠨ᠎ᠠ᠃ ᠬᠠᠷᠢᠶᠠᠲᠤ ᠨᠠᠷ᠎ᠤᠨ ᠶᠠᠪᠤᠳᠠᠯ᠎ᠤᠨ ᠲᠤᠬᠠᠶ ᠨᠠᠮ᠎ᠤᠨ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠬᠠᠷᠢᠶᠠᠲᠤ ᠨᠠᠷ᠎ᠤᠨ ᠰᠡᠳᠭᠢᠯ ᠬᠠᠷᠢᠶᠠᠲᠤ ᠨᠠᠷ᠎ᠤᠨ ᠬᠦᠴᠦᠨ᠎ᠢ ᠨᠡᠩ ᠰᠠᠢᠨ ᠨᠢᠭ᠍ᠲᠠᠷᠠᠭᠤᠯᠤᠨ᠎ᠠ᠃

ᠪᠦᠬᠦ᠌ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠬᠠᠤᠯᠢ᠎ᠶ᠋ᠢ ᠴᠢᠩᠭ᠎ᠠ ᠬᠡᠷᠡᠭ᠌ᠵᠢᠭᠦᠯᠬᠦ᠂ ᠲᠦᠪ ᠭᠤᠤᠯᠴᠢ ᠪᠡᠷ ᠬᠠᠤᠯᠢ ᠪᠠᠷᠢᠬᠤ᠂ ᠠᠷᠠᠳ ᠨᠡᠢᠲᠡ᠎ᠪᠠᠷ᠎ᠢᠶᠠᠨ ᠬᠠᠤᠯᠢ᠎ᠶ᠋ᠢ ᠰᠠᠬᠢᠬᠤ᠎ᠶ᠋ᠢ ᠬᠠᠮᠵᠢᠯᠴᠠᠨ ᠠᠬᠢᠭᠤᠯᠤᠨ᠎ᠠ᠃ ᠦᠨᠳᠦᠰᠦᠨ ᠬᠠᠤᠯᠢ ᠬᠠᠤᠯᠢ ᠴᠠᠭᠠᠵᠠ᠎ᠶ᠋ᠢᠨ ᠬᠡᠷᠡᠭ᠌ᠵᠢᠭᠦᠯᠦᠯᠲᠡ ᠪᠠ ᠬᠢᠨᠠᠯᠲᠠ᠎ᠶ᠋ᠢ ᠴᠢᠩᠭᠠᠳᠭᠠᠵᠤ᠂ ᠤᠯᠤᠰ᠎ᠤᠨ ᠬᠠᠤᠯᠢ᠎ᠪᠠᠷ ᠵᠠᠰᠠᠬᠤ᠎ᠶ᠋ᠢᠨ ᠨᠢᠭᠡᠳᠦᠯ᠎ᠢ ᠬᠠᠮᠠᠭᠠᠯᠠᠬᠤ ᠲᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠬᠠᠤᠯᠢ ᠲᠣᠭ᠍ᠲᠠᠭᠠᠬᠤ ᠲᠥᠯᠥᠪᠵᠢᠭᠦᠯᠭᠡ ᠪᠠ ᠬᠠᠤᠯᠢ ᠲᠣᠭ᠍ᠲᠠᠭᠠᠬᠤ ᠬᠢᠨᠠᠨ ᠪᠠᠢᠴᠠᠭᠠᠯᠲᠠ᠎ᠶ᠋ᠢ ᠴᠢᠩᠭᠠᠳᠭᠠᠵᠤ᠂ ᠬᠠᠤᠯᠢ ᠲᠣᠭ᠍ᠲᠠᠭᠠᠬᠤ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠳᠠᠩᠰᠠᠯᠠᠭᠤᠯᠵᠤ ᠬᠢᠨᠠᠨ ᠪᠠᠢᠴᠠᠭᠠᠬᠤ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠦᠨᠡᠨ ᠪᠣᠳᠠᠲᠠᠶ᠎ᠪᠠᠷ ᠱᠢᠢᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠤᠯᠤᠰ ᠲᠦᠷᠦ᠍ ᠬᠠᠤᠯᠢ ᠴᠠᠭᠠᠵᠠ᠎ᠶ᠋ᠢᠨ ᠠᠵᠢᠯ᠎ᠤᠨ ᠳ᠋ᠢᠵᠢᠲ᠋ᠠᠯᠴᠢᠯᠠᠭ᠍ᠰᠠᠨ ᠲᠠᠪᠴᠠᠩ᠎ᠤᠨ ᠪᠠᠢᠭᠤᠯᠤᠯᠲᠠ᠎ᠶ᠋ᠢ ᠠᠬᠢᠭᠤᠯᠵᠤ᠂ ᠰᠠᠯᠠᠭ᠎ᠠ ᠮᠥᠴᠢᠷ ᠠᠯᠤᠰᠯᠠᠭ᠍ᠰᠠᠨ ᠬᠠᠤᠯᠢ ᠬᠡᠷᠡᠭ᠌ᠵᠢᠭᠦᠯᠦᠯᠲᠡ ᠬᠠᠤᠯᠢ ᠪᠠᠷᠢᠯᠲᠠ᠎ᠶ᠋ᠢᠨ ᠬᠠᠮᠵᠢᠯᠴᠠᠭ᠎ᠠ ᠪᠠ ᠬᠢᠨᠠᠯᠲᠠ᠎ᠶ᠋ᠢ ᠴᠢᠩᠭᠠᠳᠭᠠᠨ᠎ᠠ᠃ ᠬᠠᠤᠯᠢ ᠪᠠᠷᠢᠬᠤ ᠡᠷᠬᠡ᠎ᠶ᠋ᠢᠨ ᠠᠵᠢᠯᠯᠠᠭᠠᠨ᠎ᠢ ᠵᠢᠷᠤᠮᠵᠢᠭᠤᠯᠵᠤ᠂ ᠬᠠᠤᠯᠢ ᠪᠠᠷᠢᠯᠲᠠ᠎ᠶ᠋ᠢᠨ ᠲᠥᠪ ᠭᠤᠤᠯᠴᠢ᠎ᠶ᠋ᠢ ᠪᠡᠶᠡᠯᠡᠭᠦᠯᠬᠦ᠌ ᠪᠠ ᠦᠨᠡᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠠᠤᠯᠢ ᠪᠠᠷᠢᠬᠤ ᠲᠠᠰᠣᠯᠣᠨ ᠲᠣᠭ᠍ᠲᠠᠭᠠᠯᠲᠠ᠎ᠶ᠋ᠢᠨ ᠲᠥᠪ ᠭᠤᠤᠯᠴᠢ ᠴᠢᠨᠠᠷ᠂ ᠲᠣᠭ᠍ᠲᠠᠪᠤᠷᠢᠲᠤ ᠴᠢᠨᠠᠷ᠂ ᠡᠷᠬᠡ ᠰᠦᠷᠲᠦ ᠴᠢᠨᠠᠷ᠎ᠢ ᠳᠡᠭᠡᠭ᠌ᠰᠢᠯᠡᠭᠦᠯᠦᠨ᠎ᠡ᠃ ᠪᠠᠢᠴᠠᠭᠠᠬᠤ ᠬᠢᠨᠠᠯᠲᠠ᠎ᠶ᠋ᠢ ᠴᠢᠩᠭᠠᠳᠭᠠᠵᠤ᠂ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢ ᠴᠢᠩᠭᠠᠳᠭᠠᠨ᠎ᠠ᠃ ᠬᠥᠮᠦᠨ᠎ᠤ ᠪᠡᠶ᠎ᠡ᠎ᠶ᠋ᠢᠨ ᠡᠷᠬᠡ᠂ ᠡᠳ᠋ ᠬᠥᠷᠥᠩᠭᠡ᠎ᠶ᠋ᠢᠨ ᠡᠷᠬᠡ᠂ ᠬᠥᠮᠦᠨ᠎ᠤ ᠭᠡᠮ᠎ᠤᠨ ᠡᠷᠬᠡ᠎ᠶ᠋ᠢ ᠬᠠᠤᠯᠢ ᠶᠣᠰᠣᠭᠠᠷ ᠪᠠᠲᠤᠯᠠᠵᠤ᠂ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠦᠯᠲᠡ᠎ᠶ᠋ᠢ ᠵᠢᠷᠤᠮᠵᠢᠭᠤᠯᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠭᠦᠯᠦᠨ᠂ ᠲᠣᠭ᠍ᠲᠠᠭᠠᠯ᠎ᠠᠴᠠ ᠵᠥᠷᠢᠴᠡᠨ ᠣᠨᠳᠣᠤ ᠭᠠᠵᠠᠷ᠎ᠲᠤ ᠬᠠᠤᠯᠢ ᠬᠡᠷᠡᠭ᠌ᠵᠢᠭᠦᠯᠬᠦ᠂ ᠠᠱᠢᠭ ᠬᠠᠷᠠᠬᠤ ᠴᠢᠨᠠᠷᠲᠠᠶ᠎ᠪᠠᠷ ᠬᠠᠤᠯᠢ ᠬᠡᠷᠡᠭ᠌ᠵᠢᠭᠦᠯᠬᠦ᠌᠎ᠶ᠋ᠢ ᠰᠡᠷᠭᠡᠢᠯᠡᠨ ᠵᠠᠯᠠᠷᠠᠭᠤᠯᠤᠨ᠎ᠠ᠃ ᠤᠯᠤᠰ᠎ᠤᠨ ᠭᠦᠢᠴᠡᠳᠭᠡᠬᠦ᠌ ᠪᠠᠢᠭᠤᠯᠤᠯ᠎ᠢ ᠪᠦᠷᠢᠨᠱᠢᠭᠦᠯᠵᠦ᠍᠂ 《ᠭᠦᠢᠴᠡᠳᠭᠡᠬᠦ᠌᠎ᠳᠤ ᠬᠦᠴᠢᠷᠲᠡᠶ》 ᠪᠠᠢᠬᠤ ᠠᠰᠠᠭᠤᠳᠠᠯ᠎ᠢ ᠪᠦᠲᠦᠮᠵᠢᠲᠡᠶ ᠱᠢᠢᠳᠪᠦᠷᠢᠯᠡᠨ᠎ᠡ᠃ ᠭᠠᠳᠠᠭᠠᠳᠤ᠎ᠳᠤ ᠬᠤᠯᠪᠣᠭ᠍ᠳᠠᠬᠤ ᠬᠠᠤᠯᠢ᠎ᠪᠠᠷ ᠵᠠᠰᠠᠬᠤ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠵᠦ᠍᠂ ᠤᠯᠠᠨ ᠤᠯᠤᠰ᠎ᠤᠨ ᠬᠤᠳᠠᠯᠳᠤᠭᠠᠨ᠎ᠤ ᠶᠠᠪᠤᠳᠠᠯ᠎ᠤᠨ ᠡᠶᠡᠳᠡᠭᠦᠯᠭᠡ ᠬᠢᠬᠦ᠂ ᠬᠥᠨᠳᠡᠯᠡᠨ᠎ᠠᠴᠠ ᠲᠠᠰᠤᠯᠬᠤ᠂ ᠵᠠᠷᠭᠤᠯᠳᠤᠬᠤ ᠵᠡᠷᠭᠡ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠤᠳᠤᠷᠢᠳᠭᠤ ᠺᠠᠳ᠋ᠷᠴᠤᠳ᠎ᠤᠨ ᠬᠠᠤᠯᠢ ᠶᠣᠰᠣᠭᠠᠷ ᠠᠵᠢᠯᠯᠠᠬᠤ᠎ᠳᠤ ᠬᠢᠨᠠᠯᠲᠠ ᠲᠠᠯᠪᠢᠵᠤ ᠪᠠᠢᠴᠠᠭᠠᠯᠲᠠ ᠬᠢᠬᠦ᠌᠎ᠶ᠋ᠢ ᠴᠢᠩᠭᠠᠳᠭᠠᠵᠤ᠂ ᠶᠡᠷᠦᠩᠬᠡᠢᠯᠡᠭ᠌ᠰᠡᠨ ᠴᠢᠨᠠᠷᠲᠠᠶ ᠬᠠᠤᠯᠢ᠎ᠪᠠᠷ ᠵᠠᠰᠠᠬᠤ᠎ᠶ᠋ᠢ ᠦᠨᠡᠯᠡᠬᠦ᠌ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠬᠠᠤᠯᠢ᠎ᠪᠠᠷ ᠵᠠᠰᠠᠬᠤ ᠨᠡᠢᠭᠡᠮ᠎ᠤᠨ ᠪᠠᠢᠭᠤᠯᠤᠯᠲᠠ᠎ᠶ᠋ᠢ ᠠᠬᠢᠭᠤᠯᠵᠤ᠂ ᠨᠡᠢᠭᠡᠮ ᠳᠠᠶᠠᠭᠠᠷ᠎ᠢᠶᠠᠨ ᠬᠠᠤᠯᠢ᠎ᠪᠠᠷ ᠵᠠᠰᠠᠬᠤ᠎ᠶ᠋ᠢ ᠡᠷᠬᠢᠮᠯᠡᠬᠦ᠂ ᠲᠦᠷᠢᠮᠯᠡᠯ᠎ᠢ ᠬᠢᠴᠢᠶᠡᠩᠭᠦ᠋ᠢᠯᠡᠨ ᠰᠠᠬᠢᠬᠤ᠂ ᠭᠡᠷ᠎ᠡ᠎ᠶ᠋ᠢ ᠬᠦᠨᠳᠦᠳᠭᠡᠬᠦ᠂ ᠲᠥᠪ ᠭᠤᠤᠯᠴᠢ᠎ᠶ᠋ᠢ ᠬᠠᠮᠠᠭᠠᠯᠠᠬᠤ ᠰᠠᠢᠨ ᠰᠠᠢᠬᠠᠨ ᠣᠷᠴᠢᠨ ᠨᠥᠬᠦᠴᠡᠯ᠎ᠢ ᠪᠤᠢ ᠪᠣᠯᠭᠠᠨ᠎ᠠ᠃

(58) ᠱᠢᠶᠠᠩᠭᠠᠩ᠂ ᠣᠣᠮᠧᠨ᠎ᠤ ᠤᠷᠳᠤ ᠬᠤᠭᠤᠴᠠᠭᠠᠨ᠎ᠤ ᠴᠡᠴᠡᠭ᠌ᠯᠡᠯ ᠬᠥᠭ᠌ᠵᠢᠯ ᠪᠠ ᠲᠣᠭ᠍ᠲᠠᠭᠤᠨ ᠪᠠᠢᠳᠠᠯ᠎ᠢ ᠠᠬᠢᠭᠤᠯᠤᠨ᠎ᠠ᠃ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》᠂ 《ᠱᠢᠶᠠᠩᠭᠠᠩ᠎ᠤᠨ ᠬᠥᠮᠦᠨ᠎ᠢᠶᠠᠷ ᠱᠢᠶᠠᠩᠭᠠᠩ᠎ᠢ ᠵᠠᠰᠠᠭᠤᠯᠬᠤ》᠂ 《ᠣᠣᠮᠧᠨ᠎ᠤ ᠬᠥᠮᠦᠨ᠎ᠢᠶᠠᠷ ᠣᠣᠮᠧᠨ᠎ᠢ ᠵᠠᠰᠠᠭᠤᠯᠬᠤ》᠂ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭ᠌ᠯᠡᠯᠲᠡ᠎ᠶ᠋ᠢ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ 《ᠡᠬᠡ ᠤᠷᠤᠨᠴᠢ ᠬᠦᠮᠦᠰ᠎ᠢᠶᠠᠷ ᠱᠢᠶᠠᠩᠭᠠᠩ᠎ᠢ ᠵᠠᠰᠠᠭᠤᠯᠬᠤ》᠂ 《ᠡᠬᠡ ᠤᠷᠤᠨᠴᠢ ᠬᠦᠮᠦᠰ᠎ᠢᠶᠠᠷ ᠣᠣᠮᠧᠨ᠎ᠢ ᠵᠠᠰᠠᠭᠤᠯᠬᠤ》 ᠵᠠᠷᠴᠢᠮ᠎ᠢ ᠨᠠᠢᠳᠠᠪᠤᠷᠢᠵᠢᠭᠤᠯᠵᠤ᠂ ᠱᠢᠶᠠᠩᠭᠠᠩ ᠣᠣᠮᠧᠨ᠎ᠢ ᠬᠠᠤᠯᠢ ᠶᠣᠰᠣᠭᠠᠷ ᠵᠠᠰᠠᠬᠤ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠱᠢᠶᠠᠩᠭᠠᠩ ᠣᠣᠮᠧᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠤᠨ᠎ᠠ᠃ ᠱᠢᠶᠠᠩᠭᠠᠩ ᠣᠣᠮᠧᠨ᠎ᠤ ᠤᠯᠤᠰ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠨᠠᠩ ᠰᠠᠢᠨ ᠠᠭᠤᠰᠤᠨ ᠤᠷᠤᠬᠤ ᠪᠠ ᠦᠢᠯᠡᠴᠢᠯᠡᠬᠦ᠌᠎ᠶ᠋ᠢ ᠳᠠᠮᠵᠢᠵᠤ᠂ ᠱᠢᠶᠠᠩᠭᠠᠩ ᠣᠣᠮᠧᠨ ᠬᠢᠭᠡᠳ ᠳᠣᠲᠣᠷ᠎ᠠ ᠭᠠᠵᠠᠷ᠎ᠤᠨ ᠠᠵᠤ ᠠᠬᠤᠶ ᠠᠷᠠᠯᠵᠢᠶ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠬᠦᠮᠦᠨ ᠨᠡᠢᠭᠡᠮ ᠵᠡᠷᠭᠡ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠱᠢᠶᠠᠩᠭᠠᠩ ᠣᠣᠮᠧᠨ᠎ᠤ ᠰᠠᠭᠤᠭᠠᠯᠢ ᠠᠷᠠᠳ᠎ᠤᠨ ᠳᠣᠲᠣᠷ᠎ᠠ ᠭᠠᠵᠠᠷ᠎ᠲᠤ ᠠᠵᠢᠯ ᠦᠢᠯᠡᠰ ᠡᠷᠬᠢᠯᠡᠬᠦ᠌ ᠪᠠ ᠠᠮᠢᠳᠤᠷᠠᠬᠤ᠎ᠳᠤ ᠲᠦᠬᠦᠮ ᠦᠵᠡᠭᠦᠯᠬᠦ᠌ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠦᠨ᠎ᠡ᠃ ᠱᠢᠶᠠᠩᠭᠠᠩ ᠣᠣᠮᠧᠨ᠎ᠤ ᠡᠬᠡ ᠤᠯᠤᠰ᠎ᠢᠶᠠᠨ ᠲᠦᠱᠢᠵᠦ᠍᠂ ᠳᠡᠯᠡᠬᠡᠢ ᠳ᠋ᠠᠬᠢᠨ ᠲᠠᠢ ᠨᠡᠪᠲᠡᠷᠡᠯᠴᠡᠬᠦ᠌ ᠥᠪᠡᠷᠮᠢᠴᠡ ᠳᠠᠪᠠᠭᠤᠯᠢᠭ ᠪᠠ ᠴᠢᠬᠤᠯᠠ ᠦᠢᠯᠡᠳᠦᠯ᠎ᠢ ᠪᠠᠳᠠᠷᠠᠭᠤᠯᠤᠨ᠂ ᠱᠢᠶᠠᠩᠭᠠᠩ᠎ᠤᠨ ᠣᠯᠠᠨ ᠤᠯᠤᠰ᠎ᠤᠨ ᠮᠥᠩᠭᠦᠨ ᠭᠦᠢᠯᠭᠡᠭᠡ᠂ ᠤᠰᠤᠨ ᠵᠠᠮ᠎ᠤᠨ ᠲᠡᠭᠡᠭᠡᠪᠦᠷᠢ᠂ ᠠᠷᠠᠯᠵᠢᠶᠠᠨ᠎ᠤ ᠲᠥᠪ ᠪᠤᠯᠬᠤ ᠪᠠᠢᠷᠢ ᠰᠠᠭᠤᠷᠢ᠎ᠶ᠋ᠢ ᠪᠠᠬᠢᠵᠢᠭᠦᠯᠦᠨ ᠳᠡᠭᠡᠭ᠌ᠰᠢᠯᠡᠭᠦᠯᠵᠦ᠍᠂ ᠱᠢᠶᠠᠩᠭᠠᠩ᠎ᠤᠨ ᠣᠯᠠᠨ ᠤᠯᠤᠰ᠎ᠤᠨ ᠱᠢᠨ᠎ᠡ᠎ᠶ᠋ᠢ ᠡᠭᠦᠳᠬᠦ᠌ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠥᠪ ᠪᠠᠢᠭᠤᠯᠬᠤ᠎ᠶ᠋ᠢ ᠳᠡᠮᠵᠢᠵᠤ᠂ ᠣᠣᠮᠧᠨ᠎ᠤ 《ᠨᠢᠭᠡ ᠲᠦᠪ᠂ ᠨᠢᠭᠡ ᠲᠠᠪᠴᠠᠩ᠂ ᠨᠢᠭᠡ ᠰᠠᠭᠤᠷᠢᠨ ᠭᠠᠵᠠᠷ》᠎ᠤᠨ ᠦᠢᠯᠡᠳᠦᠯ᠎ᠢ ᠲᠠᠰᠤᠷᠠᠯᠲᠠ ᠦᠭᠡᠢ ᠢᠯᠡᠷᠡᠭᠦᠯᠵᠦ᠍᠂ ᠣᠣᠮᠧᠨ᠎ᠤ ᠠᠵᠤ ᠠᠬᠤᠶ᠎ᠶ᠋ᠢᠨ ᠵᠤᠬᠢᠰᠳᠠᠢ ᠤᠯᠠᠨ ᠡᠱᠢᠵᠢᠭ᠌ᠰᠡᠨ ᠬᠥᠭ᠌ᠵᠢᠯᠲᠡ᠎ᠶ᠋ᠢ ᠠᠬᠢᠭᠤᠯᠵᠤ᠂ ᠱᠢᠶᠠᠩᠭᠠᠩ ᠣᠣᠮᠧᠨ᠎ᠤ ᠤᠯᠠᠨ ᠤᠯᠤᠰ᠎ᠤᠨ ᠳᠡᠭᠡᠳᠦ ᠲᠡᠰ᠎ᠤᠨ ᠴᠢᠳᠠᠪᠤᠷᠢᠲᠠᠨ ᠬᠤᠷᠠᠨ ᠴᠤᠭ᠍ᠯᠠᠷᠠᠭ᠍ᠰᠠᠨ ᠥᠨᠳᠦᠷᠯᠢᠭ ᠭᠠᠵᠠᠷ ᠪᠠᠢᠭᠤᠯᠬᠤ᠎ᠶ᠋ᠢ ᠲᠡᠮᠵᠢᠨ᠎ᠠ᠃

(59) ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠬᠠᠷᠢᠴᠠᠭ᠎ᠠ᠎ᠶ᠋ᠢᠨ ᠨᠠᠢᠷᠠᠮᠳᠠᠯ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠡᠬᠡ ᠣᠯᠤᠰ᠎ᠢᠶᠠᠨ ᠨᠢᠭᠡᠳᠭᠡᠬᠦ᠌ ᠶᠡᠭᠡ ᠦᠢᠯᠡᠰ᠎ᠢ ᠠᠬᠢᠭᠤᠯᠤᠨ᠎ᠠ᠃ ᠱᠢᠨ᠎ᠡ ᠴᠠᠭ ᠦᠶ᠎ᠡ᠎ᠶ᠋ᠢᠨ ᠨᠠᠮ᠎ᠤᠨ ᠲᠠᠢᠸᠠᠨ᠎ᠤ ᠠᠰᠠᠭᠤᠳᠠᠯ᠎ᠢ ᠱᠢᠢᠳᠪᠦᠷᠢᠯᠡᠬᠦ᠌ ᠶᠡᠷᠦᠩᠬᠡᠶ ᠠᠷᠭ᠎ᠠ ᠪᠣᠳᠣᠯᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠬᠠᠭᠠᠴᠠᠭᠤᠯᠬᠤ ᠬᠦᠴᠦᠨ᠎ᠳᠤ ᠡᠷᠡᠰ ᠴᠣᠬᠢᠯᠲᠠ ᠥᠭ᠌ᠴᠦ᠂ ᠭᠠᠳᠠᠭᠠᠳᠤ᠎ᠶ᠋ᠢᠨ ᠬᠦᠴᠦᠨ᠎ᠤ ᠭᠠᠷ ᠲᠦᠷᠦᠭᠦ᠎ᠶ᠋ᠢ ᠡᠰᠡᠷᠭᠦᠴᠡᠵᠤ᠂ ᠲᠠᠢᠸᠠᠨ ᠬᠤᠭᠤᠯᠠᠶ᠎ᠶ᠋ᠢᠨ ᠡᠩᠬᠡ ᠲᠠᠢᠪᠤᠩ ᠲᠣᠭ᠍ᠲᠠᠭᠤᠨ ᠪᠠᠢᠳᠠᠯ᠎ᠢ ᠬᠠᠮᠠᠭᠠᠯᠠᠵᠤ᠂ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠬᠠᠷᠢᠴᠠᠭᠠᠨ᠎ᠤ ᠭᠤᠤᠯᠯᠠᠬᠤ ᠡᠷᠬᠡ ᠰᠠᠨᠠᠭᠠᠴᠢᠯᠠᠭᠠᠲᠤ ᠡᠷᠬᠡ᠎ᠶ᠋ᠢ ᠪᠠᠲᠤ ᠡᠵᠡᠮᠳᠡᠨ᠎ᠡ᠃ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠳᠤᠮᠳᠠᠳᠤ᠎ᠶ᠋ᠢᠨ ᠰᠣᠶᠣᠯ᠎ᠢ ᠬᠠᠮᠲᠤ᠎ᠪᠠᠷ ᠤᠯᠠᠮᠵᠢᠯᠠᠨ ᠪᠠᠳᠠᠷᠠᠭᠤᠯᠤᠨ᠎ᠠ᠃ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠠᠭᠤᠰᠤᠯᠴᠠᠨ ᠬᠥᠭ᠌ᠵᠢᠬᠦ᠌ ᠵᠢᠱ᠌ᠢᠶ᠎ᠡ ᠦᠵᠡᠭᠦᠯᠬᠦ᠌ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠴᠢᠨᠠᠷ ᠰᠠᠢᠲᠠᠶ ᠠᠬᠢᠭᠤᠯᠵᠤ᠂ ᠠᠵᠤ ᠦᠢᠯᠡᠰ᠎ᠤᠨ ᠬᠠᠮᠲᠤᠷᠠᠯᠴᠠᠭ᠎ᠠ᠎ᠶ᠋ᠢ ᠴᠢᠩᠭᠠᠳᠭᠠᠨ᠂ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭ᠎ᠠ᠎ᠶ᠋ᠢ ᠠᠬᠢᠭᠤᠯᠤᠨ᠎ᠠ᠃ ᠲᠠᠢᠸᠠᠨ᠎ᠤ ᠠᠬ᠎ᠠ ᠳᠡᠭᠦᠦ ᠨᠡᠷ᠎ᠤᠨ ᠠᠳᠠᠯᠢ ᠲᠡᠭ᠌ᠰᠢ ᠬᠠᠷᠠᠭᠠᠯᠵᠠᠯ ᠬᠦᠷᠲᠡᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠲᠠᠢᠸᠠᠨ᠎ᠤ ᠠᠬ᠎ᠠ ᠳᠡᠭᠦᠦ ᠨᠡᠷ᠎ᠤᠨ ᠡᠬᠡ ᠬᠠᠭᠤᠷᠠᠶ᠎ᠳᠤ ᠰᠤᠷᠤᠯᠴᠠᠬᠤ᠂ ᠠᠵᠢᠯᠯᠠᠬᠤ᠂ ᠠᠮᠢᠳᠤᠷᠠᠬᠤ᠎ᠳᠤ ᠨᠡᠩ ᠰᠠᠢᠨ ᠨᠥᠬᠦᠴᠡᠯ ᠡᠭᠦᠳᠤᠨ ᠦᠭ᠌ᠴᠦ᠂ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠠᠬ᠎ᠠ ᠳᠡᠭᠦᠦ ᠨᠡᠷ᠎ᠤᠨ ᠠᠵᠠ ᠵᠢᠷᠭᠠᠯ᠎ᠢ ᠨᠡᠮᠡᠭ᠌ᠳᠡᠭᠦᠯᠦᠨ᠎ᠡ᠃

(60) ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠤᠨ᠎ᠠ᠃ ᠡᠷᠬᠡ ᠲᠡᠭ᠌ᠰᠢ ᠡᠮᠬᠢ ᠵᠢᠷᠤᠮ ᠲᠠᠢ ᠳᠡᠯᠡᠬᠡᠶ᠎ᠶ᠋ᠢᠨ ᠣᠯᠠᠨ ᠲᠦᠢᠯᠱᠢᠷᠠᠯᠲᠠ᠂ ᠲᠦᠭᠡᠮᠡᠯ ᠬᠠᠷᠠᠭᠠᠯᠵᠠᠯ ᠲᠠᠢ ᠪᠠᠭ᠍ᠲᠠᠭᠠᠮᠵᠢᠲᠠᠶ ᠪᠠᠢᠬᠤ ᠠᠵᠤ ᠠᠬᠤᠢ᠎ᠶ᠋ᠢᠨ ᠳᠡᠯᠡᠬᠡᠢᠴᠢᠯᠡᠯᠳᠡ᠎ᠶ᠋ᠢ ᠰᠠᠨᠠᠭᠠᠴᠢᠯᠠᠨ᠂ ᠪᠦᠬᠦ᠌ ᠪᠥᠮᠪᠥᠷᠴᠡᠭ᠎ᠤᠨ ᠬᠠᠨᠢᠲᠠᠨ᠎ᠤ ᠬᠠᠷᠢᠴᠠᠭ᠎ᠠ᠎ᠶ᠋ᠢᠨ ᠲᠣᠣᠷ᠎ᠢ ᠥᠷᠭᠡᠳᠭᠡᠵᠦ᠍᠂ ᠱᠢᠨ᠎ᠡ ᠬᠡᠯᠪᠡᠷᠢ᠎ᠶ᠋ᠢᠨ ᠤᠯᠠᠨ ᠤᠯᠤᠰ᠎ᠤᠨ ᠬᠠᠷᠢᠴᠠᠭ᠎ᠠ᠎ᠶ᠋ᠢ ᠪᠠᠢᠭᠤᠯᠬᠤ᠎ᠶ᠋ᠢ ᠠᠬᠢᠭᠤᠯᠤᠨ᠎ᠠ᠃ ᠬᠦᠷᠰᠢ ᠵᠡᠷᠭᠡᠯᠡᠳᠡᠭᠡ᠎ᠶ᠋ᠢᠨ ᠬᠥᠭ᠌ᠵᠢᠯᠲᠡ᠎ᠶ᠋ᠢᠨ ᠠᠭᠤᠰᠤᠯᠴᠠᠯ᠎ᠢ ᠭᠦᠨᠵᠡᠭᠡᠢᠷᠡᠭᠦᠯᠵᠦ᠍᠂ ᠬᠠᠮᠲᠤ᠎ᠶ᠋ᠢᠨ ᠠᠮᠤᠷ ᠲᠦᠪᠱᠢᠨ᠎ᠢ ᠴᠢᠩᠭᠠᠳᠭᠠᠵᠤ᠂ ᠪᠠᠢᠯᠳᠤᠬᠤ ᠪᠤᠳᠤᠯᠭ᠎ᠠ᠎ᠶ᠋ᠢᠨ ᠢᠲᠡᠭᠡᠯᠴᠡᠭᠡ᠎ᠪᠠᠨ ᠪᠠᠬᠢᠵᠢᠭᠦᠯᠵᠦ᠍᠂ ᠬᠦᠷᠰᠢ ᠵᠡᠷᠬᠡᠯᠡᠳᠡᠭᠡ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠤᠨ᠎ᠠ᠃ ᠲᠣᠮᠣ ᠤᠯᠤᠰ᠎ᠤᠨ ᠬᠠᠷᠢᠴᠠᠭ᠎ᠠ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠶ᠋ᠢ ᠬᠠᠮᠠᠭᠠᠯᠠᠵᠤ᠂ ᠬᠥᠭ᠌ᠵᠢᠵᠦ᠍ ᠪᠠᠢᠭ᠎ᠠ ᠤᠯᠤᠰ᠎ᠤᠳ᠎ᠯᠤᠭ᠎ᠠ᠎ᠶ᠋ᠢᠨ ᠪᠦᠯᠬᠦᠮᠳᠡᠯ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠤ᠂ ᠪᠦᠬᠦ᠌ ᠪᠥᠮᠪᠥᠷᠴᠡᠭ᠎ᠤᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠤᠨ ᠠᠮᠤᠷ ᠲᠦᠪᠱᠢᠨ᠎ᠤ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠤᠨ ᠪᠣᠯᠪᠠᠰᠤᠨ᠎ᠤ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠤᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠨᠠᠢᠳᠠᠪᠤᠷᠢᠵᠢᠭᠤᠯᠵᠤ᠂ ᠤᠯᠠᠨ ᠤᠯᠤᠰ᠎ᠤᠨ ᠡᠮᠬᠢ ᠵᠢᠷᠤᠮ᠎ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭ᠌ᠯᠡᠯ᠎ᠢᠶᠠᠷ ᠬᠥᠭ᠌ᠵᠢᠭᠦ᠎ᠶ᠋ᠢ ᠬᠦᠳᠦᠯᠦᠨ ᠳᠠᠭᠠᠭᠤᠯᠤᠨ᠎ᠠ᠃ ᠪᠦᠬᠦ᠌ ᠪᠥᠮᠪᠥᠷᠴᠡᠭ᠎ᠤᠨ ᠬᠥᠭ᠌ᠵᠢᠵᠦ᠍ ᠪᠠᠢᠭ᠎ᠠ ᠤᠯᠤᠰ᠎ᠤᠳ᠎ᠤᠨ ᠬᠤᠯᠪᠣᠭᠠᠯᠠᠨ ᠬᠦᠴᠦᠷᠬᠡᠭ᠌ᠵᠢᠬᠦ᠌᠎ᠶ᠋ᠢ ᠳᠡᠮᠵᠢᠵᠦ᠍᠂ ᠭᠠᠳᠠᠭᠠᠳᠤ᠎ᠶ᠋ᠢ ᠲᠤᠰᠠᠯᠠᠬᠤ ᠡᠷᠴᠢᠮ᠎ᠢᠶᠠᠨ ᠴᠢᠩᠭᠠᠷᠠᠭᠤᠯᠵᠤ᠂ ᠨᠡᠩ ᠠᠷᠪᠢᠨ ᠤᠯᠠᠨ ᠤᠯᠤᠰ᠎ᠤᠨ ᠤᠯᠠᠨ ᠨᠡᠢᠲᠡ᠎ᠶ᠋ᠢᠨ ᠦᠢᠯᠡᠳᠬᠦᠨ᠎ᠢ ᠬᠠᠩᠭᠠᠨ᠎ᠠ᠃ ᠡᠵᠡᠷᠬᠡᠭ᠌ᠯᠡᠬᠦ᠌ ᠡᠵᠡᠷᠬᠡᠭ᠌ᠯᠡᠨ ᠬᠠᠷᠭᠢᠰᠯᠠᠬᠤ ᠡᠵᠡᠷᠬᠡᠭ᠌ᠯᠡᠨ ᠳᠠᠷᠤᠯᠠᠬᠤ ᠠᠵᠢᠯᠯᠠᠭ᠎ᠠ᠎ᠶ᠋ᠢ ᠡᠷᠡᠰ ᠡᠰᠡᠷᠭᠦᠴᠡᠵᠦ᠍᠂ ᠣᠯᠠᠨ ᠤᠯᠤᠰ᠎ᠤᠨ ᠲᠥᠪ ᠭᠤᠤᠯᠴᠢ ᠱᠢᠳᠤᠷᠭᠤ ᠶᠣᠰᠣ᠎ᠶ᠋ᠢ ᠬᠠᠮᠠᠭᠠᠯᠠᠵᠤ᠂ ᠡᠯ᠎ᠡ ᠤᠯᠤᠰ᠎ᠤᠨ ᠠᠷᠠᠳ ᠲᠦᠮᠡᠨ᠎ᠤ ᠬᠠᠮᠲᠤ᠎ᠶ᠋ᠢᠨ ᠠᠱᠢᠭ ᠲᠤᠰᠠ᠎ᠶ᠋ᠢ ᠬᠠᠮᠠᠭᠠᠯᠠᠨ᠎ᠠ᠃ ᠪᠦᠬᠦ᠌ ᠬᠥᠮᠦᠨ ᠲᠥᠷᠥᠯᠬᠢᠲᠡᠨ᠎ᠤ ᠬᠠᠮᠲᠤ᠎ᠶ᠋ᠢᠨ ᠥᠷᠲᠡᠭ᠎ᠢ ᠪᠠᠳᠠᠷᠠᠭᠤᠯᠵᠤ᠂ ᠥᠨᠢ ᠤᠳᠠᠭᠠᠨ ᠡᠩᠬᠡ ᠲᠠᠢᠪᠤᠩ᠂ ᠨᠡᠢᠳᠡᠮ ᠠᠮᠤᠷ ᠲᠦᠪᠱᠢᠨ᠂ ᠬᠠᠮᠲᠤ᠎ᠪᠠᠷ ᠴᠡᠴᠡᠭ᠌ᠯᠡᠨ ᠬᠥᠭ᠌ᠵᠢᠭ᠌ᠰᠡᠨ᠂ ᠨᠡᠭᠡᠭᠡᠯᠲᠡᠲᠡᠶ ᠪᠠᠭ᠍ᠲᠠᠭᠠᠮᠵᠢᠲᠠᠶ᠂ ᠠᠷᠢᠭᠤᠨ ᠴᠡᠪᠡᠷ ᠦᠵᠡᠰᠭᠦᠯᠡᠩᠲᠦ ᠰᠠᠢᠬᠠᠨ ᠳᠡᠯᠡᠬᠡᠶ ᠶᠢᠷᠲᠢᠨᠴᠦ᠍᠎ᠶ᠋ᠢ ᠪᠦᠳᠦᠬᠡᠨ ᠪᠠᠢᠭᠤᠯᠬᠤ᠎ᠶ᠋ᠢ ᠠᠬᠢᠭᠤᠯᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠳᠤ ᠳᠤᠮᠳᠠᠳᠤ ᠤᠯᠤᠰ᠎ᠤᠨ ᠬᠤᠪᠢ ᠨᠡᠮᠡᠷᠢ᠎ᠶ᠋ᠢ ᠦᠵᠡᠭᠦᠯᠦᠨ᠎ᠡ᠃

(61) ᠨᠡᠢᠭᠡᠮ ᠲᠠᠶᠠᠭᠠᠷ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠳᠤ ᠣᠷᠣᠯᠴᠠᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠢᠴᠡᠳ ᠲᠠᠢᠴᠢᠯᠠᠨ᠎ᠠ᠃ ᠲᠤᠰ ᠤᠳᠠᠭᠠᠨ᠎ᠤ ᠪᠦᠭᠦᠳᠡ ᠬᠤᠷᠠᠯ᠎ᠤᠨ ᠵᠣᠷᠢᠭ ᠰᠠᠨᠠᠭ᠎ᠠ ᠶᠣᠰᠣᠭᠠᠷ᠂ ᠤᠯᠤᠰ᠎ᠤᠨ ᠪᠠ ᠣᠷᠣᠨ ᠨᠤᠲᠤᠭ᠎ᠤᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠲᠣᠪᠴᠢ ᠵᠢᠴᠢ ᠲᠤᠰᠭᠠᠶ ᠲᠥᠯᠥᠪᠵᠢᠭᠦᠯᠭᠡ ᠵᠡᠷᠭᠡ᠎ᠶ᠋ᠢ ᠲᠣᠭ᠍ᠲᠠᠭᠠᠵᠤ᠂ ᠪᠠᠢᠷᠢ ᠲᠣᠭ᠍ᠲᠠᠭᠠᠯᠲᠠ ᠨᠢ ᠣᠨᠣᠪᠴᠢᠲᠠᠶ᠂ ᠵᠠᠭᠠᠭ ᠬᠢᠵᠠᠭᠠᠷ ᠨᠢ ᠲᠣᠳᠣᠷᠬᠠᠶ᠂ ᠴᠢᠳᠠᠮᠵᠢ ᠨᠢ ᠬᠠᠷᠢᠯᠴᠠᠨ ᠨᠥᠬᠦᠪᠥᠷᠢᠯᠡᠭ᠌ᠰᠡᠨ᠂ ᠨᠢᠭᠡᠳᠦᠯᠲᠡᠶ ᠪᠦᠭᠡᠳ ᠵᠣᠯᠭᠠᠯᠳᠤᠭ᠍ᠰᠠᠨ ᠤᠯᠤᠰ᠎ᠤᠨ ᠲᠥᠯᠥᠪᠵᠢᠭᠦᠯᠭᠡ᠎ᠶ᠋ᠢᠨ ᠱᠢᠰᠲ᠋ᠧᠮ᠎ᠢ ᠪᠦᠷᠢᠯᠳᠦᠭᠦᠯᠦᠨ᠎ᠡ᠃ ᠲᠥᠯᠥᠪᠵᠢᠭᠦᠯᠭᠡ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠬᠢᠨᠠᠨ ᠬᠡᠮᠵᠢᠵᠦ᠍ ᠦᠨᠡᠯᠡᠨ ᠵᠢᠱ᠌ᠢᠬᠦ᠌ ᠪᠠ ᠲᠡᠭᠦᠨ᠎ᠳᠤ ᠬᠢᠨᠠᠯᠲᠠ ᠲᠠᠯᠪᠢᠬᠤ᠎ᠪᠠᠨ ᠴᠢᠩᠭᠠᠳᠭᠠᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠵᠣᠬᠢᠴᠠᠭᠤᠯᠭ᠎ᠠ ᠪᠠ ᠠᠵᠢᠯ᠎ᠤᠨ ᠬᠠᠮᠵᠢᠯᠴᠠᠭ᠎ᠠ᠎ᠶ᠋ᠢᠨ ᠲᠣᠭ᠍ᠲᠠᠴᠠ᠎ᠶ᠋ᠢ ᠪᠦᠷᠢᠨᠱᠢᠬᠦᠯᠵᠤ᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠶ ᠭᠠᠵᠠᠷ᠎ᠲᠤᠨᠢ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠨ᠎ᠠ᠃ ᠬᠥᠳᠡᠯᠮᠦᠷᠢ᠎ᠶ᠋ᠢ ᠬᠦᠨᠳᠦᠳᠭᠡᠬᠦ᠂ ᠮᠡᠳᠡᠯᠭᠡ᠎ᠶ᠋ᠢ ᠬᠦᠨᠳᠦᠳᠭᠡᠬᠦ᠂ ᠴᠢᠳᠠᠪᠤᠷᠢᠲᠠᠨ᠎ᠢ ᠬᠦᠨᠳᠦᠳᠭᠡᠬᠦ᠂ ᠡᠭᠦᠳᠦᠨ ᠪᠦᠲᠦᠭᠡᠯᠲᠡ᠎ᠶ᠋ᠢ ᠬᠦᠨᠳᠦᠳᠭᠡᠬᠦ᠌ ᠴᠢᠭ᠌ᠯᠡᠯᠲᠡ᠎ᠶ᠋ᠢ ᠲᠤᠭᠤᠱᠢᠯᠠᠭᠤᠯᠵᠤ᠂ ᠨᠡᠢᠭᠡᠮ ᠲᠠᠶᠠᠭᠠᠷ᠎ᠤᠨ ᠠᠵᠢᠯ ᠬᠢᠵᠦ᠍ ᠠᠳᠠᠯ ᠦᠢᠯᠡᠰ ᠴᠣᠭ᠍ᠴᠠᠯᠠᠬᠤ᠂ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠬᠥᠮᠦᠨ ᠪᠦᠬᠦᠨ᠎ᠤ ᠠᠪᠢᠶᠠᠰ ᠴᠢᠳᠠᠪᠤᠷᠢ᠎ᠶ᠋ᠢ ᠪᠦᠷᠢᠨ ᠪᠠᠳᠠᠷᠠᠭᠤᠯᠬᠤ᠂ ᠡᠷᠳᠡᠮ ᠴᠢᠳᠠᠪᠤᠷᠢ᠎ᠶ᠋ᠢ ᠬᠦᠢᠴᠡᠳ ᠬᠡᠷᠡᠭ᠌ᠯᠡᠬᠦ᠂ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠬᠦ᠂ ᠬᠦᠴᠦ᠍᠎ᠪᠠᠨ ᠬᠠᠮᠲᠤᠳᠭᠠᠨ ᠤᠷᠤᠭ᠍ᠰᠢᠯᠠᠨ ᠳᠠᠪᠱᠢᠬᠤ ᠠᠮᠢᠳᠤᠯᠢᠭ ᠪᠠᠢᠳᠠᠯ᠎ᠢ ᠪᠤᠢ ᠪᠣᠯᠭᠠᠨ᠎ᠠ᠃

ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠢ᠎ᠵᠢᠨ᠎ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠢᠯᠡᠭᠦᠦ ᠨᠢᠭ᠍ᠲᠠᠷᠠᠨ ᠪᠦᠯᠬᠦᠮᠳᠡᠵᠦ᠍᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠲᠥᠯᠥᠭᠡ ᠬᠠᠮᠲᠤ᠎ᠪᠠᠷ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠦᠨ ᠨᠡᠭᠡᠭᠡᠶ᠎ᠠ᠃ 

(ᠰᠢᠨᠬᠤᠸᠠ ᠬᠣᠷᠢᠶ᠎ᠠ᠎ᠶᠢᠨ ᠪᠡᠭᠡᠵᠢᠩ᠎ᠤᠨ 10 ᠰᠠᠷ᠎ᠠ᠎ᠶᠢᠨ 28᠎ᠤ ᠴᠠᠬᠢᠯᠭᠠᠨ ᠮᠡᠳᠡᠭᠡ᠂ ᠲᠤᠮᠳᠠᠳᠤ ᠤᠯᠤᠰ᠎ᠤᠨ ᠦᠨᠳᠦᠰᠤᠳᠠᠨ᠎ᠦ ᠬᠡᠯᠡᠨ᠎ᠦ ᠤᠷᠴᠢᠭᠤᠯᠭ᠎ᠠ᠎ᠶᠢᠨ ᠲᠤᠪᠴᠢᠶ᠎ᠠ ᠤᠷᠴᠢᠭᠤᠯᠪᠠ)

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            