ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠪᠤᠯᠤᠨ ᠰᠠᠮᠤᠶᠠ᠎ᠶᠢᠨ ᠤᠯᠤᠰ᠎ᠤᠨ ᠲᠡᠷᠢᠭᠦᠨ ᠲᠦᠶᠢᠮᠠᠯᠠᠢ ᠠᠯᠢᠹᠠᠨᠣ᠋ ᠳᠤᠮᠳᠠᠳᠤ ᠰᠠᠮᠤᠶᠠ᠎ᠶᠢᠨ ᠬᠠᠷᠢᠯᠴᠠᠭ᠎ᠠ ᠪᠠᠢᠭᠤᠯᠤᠭ᠍ᠰᠠᠨ 50 ᠵᠢᠯ᠎ᠦᠨ ᠤᠢ ᠳ᠋ᠤ ᠵᠤᠷᠢᠭᠤᠯᠤᠨ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ
ᠨᠡᠶ᠋ᠢᠲᠡᠯᠡᠭᠰᠡᠨ ᠴᠠᠭ᠄ 2025-11-12

ᠯᠢ ᠴᠢᠶᠠᠩ ᠪᠣᠯᠤᠨ ᠰᠠᠮᠤᠶᠠ᠎ᠶᠢᠨ ᠶᠡᠷᠦᠩᠬᠡᠢ ᠰᠠᠢᠳ ᠯᠠᠦ᠋ᠯᠢ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠠᠢ

11 ᠰᠠᠷ᠎ᠠ᠎ᠶ᠋ᠢᠨ 6 ᠎ᠤ ᠡᠳᠦᠷ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠪᠣᠯᠤᠨ ᠰᠠᠮᠤᠶᠠ ᠲᠤᠰᠠᠭᠠᠷ ᠲᠣᠭ᠍ᠲᠠᠨᠢᠭ᠍ᠰᠠᠨ ᠤᠯᠤᠰ᠎ᠤᠨ ᠲᠡᠷᠢᠭᠦᠨ ᠲᠦᠶᠢᠮᠠᠯᠠᠢ ᠠᠯᠢᠹᠠᠨᠤ᠋ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠳᠤᠮᠳᠠᠳᠤ ᠰᠠᠮᠤᠶᠠ ᠬᠣᠶᠠᠷ ᠤᠯᠤᠰ᠎ᠤᠨ ᠬᠠᠷᠢᠯᠴᠠᠭ᠎ᠠ ᠪᠠᠢᠭᠤᠯᠤᠭ᠍ᠰᠠᠨ 50 ᠵᠢᠯ᠎ᠦᠨ ᠤᠢ᠎ᠶ᠋ᠢ ᠪᠡᠯᠭᠡᠯᠡᠪᠡ᠃

ᠰᠢ᠎ᠵᠢᠨ᠎ᠫᠢᠩ᠂ ᠳᠤᠮᠳᠠᠳᠤ ᠤᠯᠤᠰ ᠪᠣᠯᠤᠨ ᠰᠠᠮᠤᠶᠠ᠎ᠶ᠋ᠢᠨ ᠨᠥᠬᠥᠷᠰᠡᠭ ᠶᠠᠪᠤᠯᠴᠠᠭ᠎ᠠ ᠥᠨᠢ ᠤᠳᠠᠭᠠᠨ ᠲᠡᠦᠬᠡ᠎ᠲᠡᠶ ᠶᠤᠮ᠃ ᠳᠤᠮᠳᠠᠳᠤ ᠰᠠᠮᠤᠶᠠ ᠬᠠᠷᠢᠯᠴᠠᠭ᠎ᠠ ᠪᠠᠢᠭᠤᠯᠤᠭ᠍ᠰᠠᠨ ᠬᠠᠭᠠᠰ ᠵᠠᠭᠤᠨ᠎ᠤ ᠲᠤᠷᠰᠢ᠂ ᠬᠣᠶᠠᠷ ᠤᠯᠤᠰ ᠢᠮᠠᠭ᠍ᠲᠠ ᠬᠠᠷᠢᠯᠴᠠᠨ ᠬᠦᠨᠳᠦᠳᠭᠡᠵᠦ᠍᠂ ᠡᠷᠬᠡ ᠲᠡᠭ᠌ᠰᠢ᠎ᠪᠡᠷ ᠬᠠᠨᠳᠤᠵᠤ᠂ ᠲᠤᠰ ᠲᠤᠰ᠎ᠦᠨ᠎ᠢᠶᠡᠨ ᠤᠯᠤᠰ᠎ᠤᠨ ᠲᠤᠰᠠᠭᠠᠷ ᠲᠣᠭ᠍ᠲᠠᠨᠢᠯ ᠪᠣᠯᠤᠨ ᠡᠷᠬᠡ ᠮᠡᠳᠡᠯ᠎ᠢᠶᠡᠨ ᠬᠠᠮᠠᠭᠠᠯᠠᠬᠤ᠎ᠶ᠋ᠢ ᠡᠷᠡᠰ ᠲᠡᠮᠵᠢᠯᠴᠡᠵᠤ᠂ ᠬᠣᠶᠠᠷ ᠲᠠᠯ᠎ᠠ᠎ᠶ᠋ᠢᠨ ᠤᠯᠤᠰ ᠲᠦᠷᠦ᠍᠎ᠶ᠋ᠢᠨ ᠢᠲᠡᠭᠡᠯᠴᠡᠭᠡ ᠲᠠᠰᠤᠷᠠᠯᠳᠡ ᠦᠭᠡᠢ ᠭᠦᠨᠵᠡᠭᠡᠢᠷᠡᠵᠦ᠍᠂ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠰᠣᠶᠣᠯ ᠢᠷᠭᠡᠨᠱᠢᠯ᠎ᠦᠨ ᠰᠣᠯᠢᠯᠴᠠᠭ᠎ᠠ ᠦᠷᠭᠦᠯᠵᠢᠯᠡᠨ ᠥᠷᠭᠡᠵᠢᠵᠦ᠍᠂ ᠬᠣᠶᠠᠷ ᠤᠯᠤᠰ᠎ᠤᠨ ᠠᠷᠠᠳ ᠲᠦᠮᠡᠨ᠎ᠦ ᠠᠵᠠ ᠵᠢᠷᠭᠠᠯ ᠨᠡᠮᠡᠭ᠌ᠳᠡᠪᠡ ᠭᠡᠵᠤ ᠵᠢᠭᠠᠵᠤ ᠭᠠᠷᠭᠠᠵᠠᠢ᠃

ᠰᠢ᠎ᠵᠢᠨ᠎ᠫᠢᠩ᠂ ᠪᠢ ᠳᠤᠮᠳᠠᠳᠤ ᠰᠠᠮᠤᠶᠠ᠎ᠶᠢᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠨ᠎ᠠ᠂ ᠳᠤᠷᠠᠲᠠᠶ᠎ᠠ ᠤᠯᠤᠰ᠎ᠤᠨ ᠲᠡᠷᠢᠭᠦᠨ ᠲᠦᠶᠢᠮᠠᠯᠠᠢ ᠠᠯᠢᠹᠠᠨᠤ᠋᠎ᠲᠡᠶ ᠬᠠᠮᠲᠤ᠎ᠪᠠᠷ ᠴᠢᠷᠮᠠᠢᠵᠤ᠂ ᠬᠣᠶᠠᠷ ᠤᠯᠤᠰ᠎ᠤᠨ ᠬᠠᠷᠢᠯᠴᠠᠭ᠎ᠠ ᠪᠠᠢᠭᠤᠯᠤᠭ᠍ᠰᠠᠨ 50 ᠵᠢᠯ᠎ᠦᠨ ᠣᠶ᠎ᠪᠠᠷ ᠠᠵᠠ ᠲᠣᠬᠢᠶᠠᠯ ᠪᠣᠯᠭᠠᠵᠤ᠂ ᠤᠯᠠᠮᠵᠢᠯᠠᠯᠲᠤ ᠨᠥᠬᠥᠷᠯᠡᠯ᠎ᠢᠶᠡᠨ ᠦᠷᠭᠦᠯᠵᠢᠯᠡᠭᠦᠯᠵᠦ᠍᠂ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠳᠤᠮᠳᠠᠳᠤ ᠰᠠᠮᠤᠶᠠ᠎ᠶᠢᠨ ᠪᠥᠬᠥ᠌ ᠲᠠᠯ᠎ᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ ᠭᠡᠵᠦ᠍ ᠴᠢᠬᠤᠯᠠᠴᠢᠯᠠᠪᠠ᠃

ᠲᠦᠶᠢᠮᠠᠯᠠᠢ ᠠᠯᠢᠹᠠᠨᠤ᠋᠂ ᠰᠠᠮᠤᠶᠠ ᠳᠤᠮᠳᠠᠳᠤ ᠬᠠᠷᠢᠯᠴᠠᠭ᠎ᠠ ᠪᠠᠢᠭᠤᠯᠤᠭ᠍ᠰᠠᠨ 50 ᠵᠢᠯ᠎ᠦᠨ ᠲᠤᠷᠰᠢ᠂ ᠬᠣᠶᠠᠷ ᠲᠠᠯ᠎ᠠ᠎ᠶ᠋ᠢᠨ ᠬᠠᠷᠢᠯᠴᠠᠭ᠎ᠠ ᠦᠷᠭᠦᠯᠵᠢᠯᠡᠨ ᠢᠳᠡᠪᠬᠢᠲᠡᠶ ᠤᠷᠤᠭᠰᠢ ᠬᠥᠭ᠌ᠵᠢᠵᠦ᠍᠂ ᠬᠣᠶᠠᠷ ᠤᠯᠤᠰ᠎ᠤᠨ ᠨᠥᠬᠥᠷᠰᠡᠭ ᠬᠠᠮᠲᠤᠷᠠᠯᠴᠠᠭ᠎ᠠ ᠲᠠᠰᠤᠷᠠᠯᠲᠠ ᠥᠬᠡᠶ ᠥᠷᠭᠡᠵᠢᠪᠡ᠃ ᠳᠤᠮᠳᠠᠳᠤ᠎ᠤᠯᠤᠰ ᠤᠷᠳᠤ ᠬᠤᠭᠤᠴᠠᠭᠠᠨ᠎ᠤ ᠲᠤᠷᠰᠢ ᠰᠠᠮᠤᠶᠠ᠎ᠶᠢᠨ ᠡᠷᠬᠡ ᠮᠡᠳᠡᠯ ᠪᠣᠯᠤᠨ ᠲᠤᠰᠠᠭᠠᠷ ᠲᠣᠭ᠍ᠲᠠᠨᠢᠯ᠎ᠢ ᠬᠦᠨᠳᠦᠳᠭᠡᠵᠦ᠍᠂ ᠲᠡᠷᠡᠴᠢᠯᠡᠨ ᠰᠠᠮᠤᠶᠠ᠎ᠶᠢᠨ ᠠᠵᠤ ᠠᠬᠤᠢ ᠨᠡᠢᠭᠡᠮ᠎ᠦᠨ ᠦᠷᠭᠦᠯᠵᠢᠯᠡᠬᠦ᠌ ᠬᠥᠭ᠌ᠵᠢᠯᠲᠡ᠎ᠳᠦ ᠡᠷᠬᠢᠮ ᠨᠠᠨᠳᠢᠨ ᠳᠡᠮᠵᠢᠯᠭᠡ ᠦᠵᠡᠭᠦᠯᠦᠭ᠌ᠰᠡᠨ᠎ᠳᠦ ᠰᠠᠮᠤᠶᠠ᠎ᠶᠢᠨ ᠬᠢᠨ ᠴᠢᠩ ᠰᠡᠳᠭᠢᠯ᠎ᠡᠴᠡ᠎ᠪᠡᠨ ᠲᠠᠯᠠᠷᠬᠠᠵᠤ ᠪᠠᠢᠨ᠎ᠠ᠃ ᠰᠠᠮᠤᠶᠠ ᠳᠤᠮᠳᠠᠳᠤ᠎ᠶ᠋ᠢᠨ ᠬᠠᠷᠢᠯᠴᠠᠭ᠎ᠠ ᠲᠠᠰᠤᠷᠠᠯᠲᠠ ᠦᠭᠡᠢ ᠱᠢᠨ᠎ᠡ ᠳᠡᠭ᠌ᠲᠡᠷ᠎ᠲᠦ ᠭᠠᠷᠴᠤ᠌᠂ ᠬᠣᠶᠠᠷ ᠤᠯᠤᠰ᠎ᠤᠨ ᠠᠷᠠᠳ ᠲᠦᠮᠡᠨ᠎ᠦ ᠨᠥᠬᠥᠷᠯᠡᠯ ᠦᠷᠭᠦᠯᠵᠢᠯᠡᠨ ᠭᠦᠨᠵᠡᠭᠡᠢᠷᠡᠵᠦ᠍᠂ ᠬᠣᠶᠠᠷ ᠤᠯᠤᠰ᠎ᠤᠨ ᠨᠡᠩ ᠴᠡᠴᠡᠭ᠌ᠯᠡᠨ ᠬᠥᠭ᠌ᠵᠢᠬᠦ᠌ ᠪᠠ ᠡᠩᠬᠡ ᠲᠠᠢᠪᠤᠩ ᠢᠷᠡᠭᠡᠳᠦᠢ᠎ᠳᠦ ᠬᠦᠴᠦᠨ ᠨᠡᠮᠡᠷᠢᠯᠡᠬᠦ᠌᠎ᠶ᠋ᠢ ᠢᠲᠡᠭᠡᠵᠦ᠍ ᠪᠠᠢᠨ᠎ᠠ ᠭᠡᠵᠦ᠍ ᠢᠯᠡᠳᠭᠡᠪᠡ᠃

ᠲᠤᠰ ᠡᠳᠦᠷ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠪᠣᠯᠤᠨ ᠰᠠᠮᠤᠶᠠ᠎ᠶᠢᠨ ᠶᠡᠷᠦᠩᠬᠡᠢ ᠰᠠᠢᠳ ᠯᠠᠦ᠋ᠯᠢ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠳᠤᠮᠳᠠᠳᠤ ᠤᠯᠤᠰ ᠳᠤᠮᠳᠠᠳᠤ ᠰᠠᠮᠤᠶᠠ᠎ᠶᠢᠨ ᠬᠠᠷᠢᠯᠴᠠᠭᠠᠨ᠎ᠤ ᠬᠥᠭ᠌ᠵᠢᠯᠲᠡ᠎ᠶ᠋ᠢ ᠳᠡᠭᠡᠳᠦ ᠬᠡᠮᠵᠢᠶ᠎ᠠ᠎ᠪᠡᠷ ᠴᠢᠬᠤᠯᠠᠴᠢᠯᠠᠵᠤ᠂ ᠳᠤᠷᠠᠲᠠᠶ᠎ᠠ ᠰᠠᠮᠤᠶᠠ᠎ᠶᠢᠨ ᠬᠢᠨ ᠲᠡᠶ ᠬᠠᠮᠲᠤ᠎ᠪᠠᠷ ᠴᠢᠷᠮᠠᠢᠵᠤ᠂ ᠬᠠᠷᠢᠯᠴᠠᠭ᠎ᠠ ᠪᠠᠢᠭᠤᠯᠤᠭ᠍ᠰᠠᠨ 50 ᠵᠢᠯ᠎ᠦᠨ ᠤᠢ᠎ᠪᠠᠷ ᠠᠵᠠ ᠲᠣᠬᠢᠶᠠᠯ ᠪᠣᠯᠭᠠᠵᠤ᠂ ᠡᠯ᠎ᠡ ᠬᠦᠷᠢᠶᠡᠨ᠎ᠦ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠥᠷᠭᠡᠳᠭᠡᠵᠦ᠍᠂ ᠳᠤᠮᠳᠠᠳᠤ ᠰᠠᠮᠤᠶᠠ᠎ᠶᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠲᠠᠰᠤᠷᠠᠯᠳᠠ ᠦᠭᠡᠢ ᠤᠷᠤᠬ᠍ᠰᠢ ᠬᠥᠭ᠌ᠵᠢᠬᠦ᠌᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃

ᠯᠠᠦ᠋ᠯᠢ᠂ ᠰᠠᠮᠤᠶᠠ ᠳᠤᠮᠳᠠᠳᠤ᠎ᠶ᠋ᠢᠨ ᠬᠠᠷᠢᠯᠴᠠᠭ᠎ᠠ ᠪᠠᠢᠭᠤᠯᠤᠭ᠍ᠰᠠᠨ 50 ᠵᠢᠯ᠎ᠦᠨ ᠤᠢ ᠪᠣᠯ ᠬᠣᠶᠠᠷ ᠤᠯᠤᠰ᠎ᠤᠨ ᠬᠠᠷᠢᠯᠴᠠᠭᠠᠨ᠎ᠤ ᠴᠢᠬᠤᠯᠠ ᠬᠥᠱᠢᠢ᠎ᠡ ᠲᠡᠮᠳᠡᠭ ᠪᠣᠯᠤᠨ᠎ᠠ᠃ ᠰᠠᠮᠤᠶᠠ᠎ᠶᠢᠨ ᠬᠢᠨ ᠳᠤᠷᠠᠲᠠᠶ᠎ᠠ ᠳᠤᠮᠳᠠᠳᠤ ᠤᠯᠤᠰ᠎ᠲᠠᠶ ᠬᠠᠮᠲᠤ᠎ᠪᠠᠷ ᠴᠢᠷᠮᠠᠢᠵᠤ᠂ ᠬᠠᠨᠢᠲᠠᠨ᠎ᠤ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠣᠶᠠᠷ ᠲᠠᠯ᠎ᠠ᠎ᠶ᠋ᠢᠨ ᠬᠠᠷᠢᠯᠴᠠᠭ᠎ᠠ᠎ᠶ᠋ᠢᠨ ᠲᠠᠰᠤᠷᠠᠯᠳᠠ ᠦᠭᠡᠢ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢᠳᠤᠷ ᠪᠤᠶᠠᠨ ᠦᠢᠯᠡᠳᠦᠨ᠎ᠡ ᠭᠡᠵᠦ᠍ ᠢᠯᠡᠳᠭᠡᠪᠡ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ 11 ᠰᠠᠷ᠎ᠠ᠎ᠶ᠋ᠢᠨ 6 ᠎ᠤ ᠴᠠᠬᠢᠯᠭᠠᠨ ᠮᠡᠳᠡᠭᠡ

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            