ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠨᠠᠮ᠎ᠤᠨ ᠬᠣᠷᠢᠳᠤᠭᠠᠷ ᠬᠤᠭᠤᠴᠠᠭᠠᠨ᠎ᠤ ᠲᠦᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠢ ᠥᠨᠳᠥᠷ ᠪᠠᠷᠢᠮᠵᠢᠶ᠎ᠠ᠎ᠪᠠᠷ ᠪᠦᠳᠦᠭᠡᠨ ᠪᠠᠢᠭᠤᠯᠬᠤ ᠭᠡᠷᠡᠭᠳᠠᠢ
ᠨᠡᠶ᠋ᠢᠲᠡᠯᠡᠭᠰᠡᠨ ᠴᠠᠭ᠄ 2025-11-12

ᠼᠠᠢ ᠴᠢ ᠬᠠᠷᠢᠭᠤ ᠮᠡᠳᠡᠭᠦᠯᠦᠯᠲᠡ᠎ᠶ᠋ᠢᠨ ᠬᠤᠷᠠᠯ᠎ᠳᠤ ᠣᠷᠣᠯᠴᠠᠵᠠᠢ

ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠭᠤ᠎ᠳᠠᠭᠠᠨ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠢ ᠪᠥᠲᠥᠭᠡᠨ ᠪᠠᠢᠭᠤᠯᠬᠤ ᠪᠣᠯ ᠨᠠᠮ᠎ᠤᠨ ᠲᠥᠪ ᠬᠣᠷᠢᠶ᠎ᠠ᠎ᠶᠢᠨ ᠱᠢᠨ᠎ᠡ ᠴᠠᠭ ᠦᠶ᠎ᠡ᠎ᠳᠦ ᠥᠭᠡᠷᠡᠴᠢᠯᠡᠯᠲᠡ ᠨᠡᠭᠡᠭᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠳᠦ ᠬᠠᠨᠳᠤᠭᠤᠯᠵᠤ ᠭᠠᠷᠭᠠᠭ᠍ᠰᠠᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠣᠯᠤᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠡᠯ᠎ᠡ ᠱᠠᠳᠤ ᠡᠯ᠎ᠡ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ ᠨᠢᠭ᠍ᠲᠠ ᠬᠠᠮᠵᠢᠯᠴᠠᠵᠤ᠂ ᠰᠠᠨᠠᠭᠠᠴᠢᠯᠠᠭ᠎ᠠ᠎ᠡᠴᠡ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠦᠷᠭᠦᠯᠵᠢᠯᠡᠨ ᠴᠢᠷᠮᠠᠢᠵᠦ ᠪᠠᠢᠭᠠᠳ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠳᠦᠭᠡᠨ ᠪᠠᠢᠭᠤᠯᠤᠯᠲᠠ᠎ᠶ᠋ᠢᠨ ᠬᠠᠷᠠᠯᠲᠠ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃ 

11 ᠰᠠᠷ᠎ᠠ᠎ᠶ᠋ᠢᠨ 6 ᠎ᠤ᠋ ᠡᠳᠦᠷ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠬᠠᠢᠨᠠᠨ᠎ᠤ ᠰᠠᠨᠶᠠ᠎ᠳᠤ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ  ᠰᠣᠨᠣᠰᠴᠤ᠂ ᠴᠢᠬᠤᠯᠠ ᠶᠠᠷᠢᠶ᠎ᠠ ᠲᠠᠯᠪᠢᠪᠠ᠃

ᠰᠢᠨᠬᠤᠸᠠ ᠬᠣᠷᠢᠶ᠎ᠠ᠎ᠶᠢᠨ ᠰᠤᠷᠪᠤᠯᠵᠢᠯᠠᠬᠴᠢ ᠶᠠᠨ ᠶᠠᠨ ᠰᠡᠬᠦᠳᠡᠷᠯᠡᠪᠡ

11 ᠰᠠᠷ᠎ᠠ᠎ᠶ᠋ᠢᠨ 6 ᠎ᠤ᠋ ᠦᠳᠡ᠎ᠶ᠋ᠢᠨ ᠡᠮᠦᠨ᠎ᠡ᠂ ᠰᠢ᠎ᠵᠢᠨ᠎ᠫᠢᠩ ᠬᠠᠢᠨᠠᠨ ᠮᠤᠵᠢ᠎ᠶ᠋ᠢᠨ ᠰᠠᠨᠶᠠ ᠬᠣᠲᠠ᠎ᠳᠤ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠵᠧᠩ ᠱᠠᠨ ᠵᠢᠶᠧ᠂ ᠬᠠᠢᠨᠠᠨ ᠮᠤᠵᠢ᠎ᠶ᠋ᠢᠨ ᠨᠠᠮ᠎ᠤᠨ ᠬᠣᠷᠢᠶ᠎ᠠ᠎ᠶᠢᠨ ᠱᠦᠵᠢ ᠹᠸᠩ ᠹᠸᠢ ᠬᠠᠷᠢᠭᠤ ᠮᠡᠳᠡᠭᠦᠯᠦᠯᠲᠡ ᠬᠢᠵᠠᠢ᠃

ᠬᠠᠷᠢᠭᠤ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ᠂ ᠰᠢ᠎ᠵᠢᠨ᠎ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ᠎ᠤᠨ ᠲᠥᠪ ᠬᠣᠷᠢᠶ᠎ᠠ᠎ᠡᠴᠡ ᠡᠨᠡ ᠵᠢᠯ᠎ᠦᠨ 12 ᠰᠠᠷ᠎ᠠ᠎ᠶ᠋ᠢᠨ 18 ᠤ᠋ ᠡᠳᠦᠷ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠢ ᠪᠦᠬᠦ᠌ ᠠᠷᠠᠯ᠎ᠢᠶᠠᠷ ᠨᠢ ᠪᠣᠭᠣᠮᠲᠠ ᠬᠠᠭᠠᠵᠤ ᠠᠵᠢᠯᠯᠠᠭᠤᠯᠬᠤ᠎ᠪᠠᠷ ᠲᠤᠬᠳᠠᠪᠠ᠂ ᠡᠨᠡ ᠪᠣᠯ ᠮᠠᠨ᠎ᠤ ᠤᠯᠤᠰ᠎ᠤᠨ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ᠎ᠪᠡᠨ ᠡᠷᠡᠰ ᠭᠤᠢᠪᠢᠰᠢ ᠦᠭᠡᠢ ᠥᠷᠭᠡᠳᠭᠡᠵᠦ᠍᠂ ᠨᠡᠭᠡᠭᠡᠯᠲᠡᠲᠦ ᠮᠠᠶᠢᠭ᠎ᠤᠨ ᠳᠡᠯᠡᠬᠡᠢ᠎ᠶ᠋ᠢᠨ ᠠᠵᠤ ᠠᠬᠤᠢ᠎ᠶ᠋ᠢ ᠪᠠᠢᠭᠤᠯᠬᠤ᠎ᠶ᠋ᠢ ᠠᠬᠢᠭᠤᠯᠬᠤ ᠪᠡᠯᠭᠡ ᠲᠡᠮᠳᠡᠭ᠎ᠦᠨ ᠴᠢᠨᠠᠷᠲᠠᠢ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠱᠠᠲᠤ ᠡᠯ᠎ᠡ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ ᠨᠠᠷᠢᠨ ᠨᠢᠮᠪᠠᠶ ᠪᠡᠯᠡᠳᠭᠡᠵᠦ᠍᠂ ᠲᠣᠭ᠍ᠲᠠᠭᠤᠨ ᠪᠥᠭᠡᠳ ᠡᠮᠬᠢ ᠵᠢᠷᠤᠮ᠎ᠲᠠᠶ ᠪᠠᠢᠬᠤ᠎ᠶ᠋ᠢ ᠪᠠᠲᠤᠯᠠᠬᠤ ᠬᠡᠷᠡᠭ᠌ᠲᠡᠶ ᠭᠡᠵᠤ ᠵᠢᠭᠠᠵᠤ ᠭᠠᠷᠭᠠᠪᠠ᠃

ᠰᠢ᠎ᠵᠢᠨ᠎ᠫᠢᠩ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠢ ᠪᠦᠳᠦᠬᠡᠨ ᠪᠠᠢᠭᠤᠯᠬᠤ ᠪᠠᠢᠯᠳᠤᠬᠤ ᠪᠤᠳᠤᠯᠭ᠎ᠠ᠎ᠶ᠋ᠢᠨ ᠬᠠᠷᠠᠯᠲᠠ ᠪᠣᠯ ᠳᠠᠷᠤᠢ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠢ ᠮᠠᠨ᠎ᠤ ᠤᠯᠤᠰ᠎ᠤᠨ ᠱᠢᠨ᠎ᠡ ᠴᠠᠭ ᠦᠶ᠎ᠡ᠎ᠶ᠋ᠢᠨ ᠭᠠᠳᠠᠭᠠᠳᠤ ᠨᠡᠬᠡᠬᠡᠯᠳᠡ᠎ᠶ᠋ᠢ ᠬᠦᠳᠦᠯᠦᠨ ᠳᠠᠭᠠᠭᠤᠯᠬᠤ ᠴᠢᠬᠤᠯᠠ ᠡᠭᠦᠳᠡ ᠪᠣᠯᠭᠠᠨ ᠪᠦᠳᠦᠬᠡᠨ ᠪᠠᠢᠭᠤᠯᠬᠤ ᠶᠠᠪᠤᠳᠠᠯ ᠪᠣᠯᠤᠨ᠎ᠠ᠃ ᠡᠨᠡ ᠬᠦ᠌ ᠪᠠᠢᠯᠳᠤᠬᠤ ᠪᠤᠳᠤᠯᠭ᠎ᠠ᠎ᠶ᠋ᠢᠨ ᠬᠠᠷᠠᠯᠲᠠ᠎ᠶ᠋ᠢ ᠭᠤᠢᠪᠢᠰᠢ ᠦᠭᠡᠢ ᠪᠠᠷᠢᠮᠲᠠᠯᠠᠵᠤ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠳᠦᠭᠡᠨ ᠪᠠᠢᠭᠤᠯᠤᠯᠲᠠ᠎ᠶ᠋ᠢᠨ ᠶᠡᠷᠦᠩᠬᠡᠢ ᠲᠥᠰᠦᠯ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠬᠠᠤᠯᠢ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠦᠵᠡᠯ ᠰᠠᠨᠠᠭ᠎ᠠ᠎ᠪᠠᠨ ᠴᠢᠯᠥᠭᠡᠯᠡᠵᠦ᠍᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠴᠦ᠍᠂ ᠠᠯᠬᠤᠮ ᠲᠠᠷᠠᠭ᠎ᠠ ᠬᠤᠪᠢᠶᠠᠨ᠂ ᠱᠠᠳᠤ ᠬᠤᠪᠢᠶᠠᠨ ᠥᠨᠳᠥᠷ ᠲᠦᠪᠱᠢᠨ ᠪᠦᠬᠦᠢ ᠴᠢᠯᠥᠭᠡᠲᠦ ᠠᠷᠠᠯᠵᠢᠶᠠᠨ᠎ᠤ ᠭᠠᠷᠠᠮ᠎ᠲᠠᠶ ᠵᠣᠬᠢᠴᠠᠭ᠍ᠰᠠᠨ ᠲᠦᠷᠦ᠍᠎ᠶ᠋ᠢᠨ ᠪᠤᠳᠤᠯᠭ᠎ᠠ ᠪᠠᠢᠭᠤᠯᠤᠯ᠎ᠦᠨ ᠱᠢᠰᠲ᠋ᠧᠮ᠎ᠢ ᠪᠠᠢᠭᠤᠯᠬᠤ ᠬᠡᠷᠡᠭ᠌ᠲᠡᠢ᠃ ᠪᠠᠢᠭᠤᠯᠤᠯ᠎ᠦᠨ ᠬᠡᠯᠪᠡᠷᠢ᠎ᠶᠢᠨ ᠨᠡᠭᠡᠭᠡᠯᠲᠡ᠎ᠶ᠋ᠢ ᠯᠠᠪᠳᠠᠭᠤᠨ᠎ᠢᠶᠠᠷ ᠥᠷᠭᠡᠳᠭᠡᠵᠦ᠍᠂ ᠠᠷᠠᠯᠵᠢᠶ᠎ᠠ ᠪᠡᠯᠡ ᠣᠷᠣᠭᠤᠯᠤᠯᠲᠠ᠎ᠶᠢ ᠴᠢᠯᠦᠭᠡᠳᠠᠢ ᠪᠤᠯᠭᠠᠬᠤ ᠳᠦᠭᠦᠮ ᠳᠦᠳᠡ ᠪᠤᠯᠭᠠᠬᠤ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠬᠡᠷᠡᠭ᠌ᠲᠡᠢ᠃ ᠲᠠᠸᠠᠷ ᠪᠠ ᠡᠯᠧᠮᠧᠨ᠋ᠲ᠎ᠦᠨ ᠭᠦᠢᠯᠭᠡᠭᠡᠨ᠎ᠦ ᠬᠡᠯᠪᠡᠷᠢ᠎ᠶ᠋ᠢᠨ ᠨᠡᠭᠡᠭᠡᠯᠲᠡ᠎ᠶ᠋ᠢ ᠭᠦᠨᠵᠡᠭᠡᠢ ᠠᠬᠢᠭᠤᠯᠵᠤ᠂ ᠦᠢᠯᠡᠳᠪᠦᠷᠢᠯᠡᠯ᠎ᠦᠨ ᠡᠯᠧᠮᠧᠨ᠋ᠲ᠎ᠦᠨ ᠬᠢᠯᠢ ᠠᠯᠤᠰᠯᠠᠨ ᠱᠢᠯᠵᠢᠬᠦ᠌᠎ᠶ᠋ᠢ ᠨᠡᠩ ᠰᠠᠢᠲᠤᠷ ᠠᠬᠢᠭᠤᠯᠬᠤ ᠬᠡᠷᠡᠭᠲᠡᠢ᠃ ᠨᠡᠩ ᠨᠡᠭᠡᠭᠡᠯᠲᠡᠲᠡᠢ ᠴᠢᠳᠠᠪᠤᠷᠢᠲᠠᠨ᠎ᠤ ᠲᠣᠭ᠍ᠲᠠᠴᠠ᠎ᠶ᠋ᠢ ᠪᠠᠢᠭᠤᠯᠵᠤ᠂ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠳᠦᠭᠡᠨ ᠪᠠᠢᠭᠤᠯᠤᠯᠲᠠ᠎ᠳᠤ ᠬᠦᠴᠦᠲᠡᠢ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠵᠠᠰᠠᠭ ᠵᠠᠬᠢᠷᠭᠠᠨ᠎ᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶ᠋ᠢ ᠱᠢᠯᠢᠳᠡᠭ᠌ᠵᠢᠭᠦᠯᠦᠨ᠂ ᠵᠠᠬ᠎ᠠ ᠳᠡᠯᠭᠡᠭᠦᠷᠴᠢᠯᠡᠭ᠌ᠰᠡᠨ ᠬᠠᠤᠯᠢ ᠪᠡᠷ ᠵᠠᠰᠠᠬᠤ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢ᠎ᠵᠢᠨ᠎ᠫᠢᠩ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠢ ᠥᠨᠳᠥᠷ ᠪᠠᠷᠢᠮᠵᠢᠶ᠎ᠠ᠎ᠪᠠᠷ ᠪᠦᠳᠦᠭᠡᠨ ᠪᠠᠢᠭᠤᠯᠬᠤ᠎ᠶ᠋ᠢᠨ ᠭᠣᠣᠯ ᠵᠣᠷᠢᠯᠭ᠎ᠠ ᠪᠣᠯ ᠬᠠᠢᠨᠠᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠪᠦᠬᠦ᠌ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠬᠦᠴᠦᠨ ᠨᠡᠮᠡᠷᠢᠯᠡᠬᠦ᠌᠎ᠶ᠋ᠢᠨ ᠲᠥᠯᠥᠭᠡ ᠶᠤᠮ᠃ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ 《ᠭᠤᠷᠪᠠᠨ ᠣᠷᠣᠨ ᠨᠢᠭᠡ ᠲᠥᠪ》᠎ᠢ ᠪᠦᠳᠦᠭᠡᠨ ᠪᠠᠢᠭᠤᠯᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠤᠨ᠂ ᠬᠠᠢᠨᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠲᠡᠢ᠃ ᠬᠠᠢᠨᠠᠨ᠎ᠤ ᠣᠨᠴᠠᠯᠢᠭ ᠪᠠ ᠳᠠᠪᠠᠭᠤᠯᠢᠭ᠎ᠲᠠᠶ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠬᠦᠴᠦᠯᠡᠨ ᠪᠠᠢᠭᠤᠯᠵᠤ᠂ ᠭᠣᠣᠯᠯᠠᠬᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠰ ᠳᠡᠪᠱᠢᠭᠦᠯᠬᠦ᠌᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠬᠤ᠎ᠪᠠᠷ ᠴᠢᠷᠮᠠᠢᠬᠤ ᠬᠡᠷᠡᠭᠲᠡᠢ᠃ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠯᠤᠭ᠎ᠠ᠎ᠶ᠋ᠢᠨ ᠬᠣᠯᠪᠣᠭᠠᠯᠠᠨ ᠬᠥᠭ᠌ᠵᠢᠬᠦ᠌᠎ᠶ᠋ᠢ ᠴᠢᠩᠭᠠᠳᠭᠠᠵᠤ᠂ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠬᠥᠬᠡᠮᠥ᠋ᠷᠡᠨ᠎ᠦ ᠠᠵᠤ ᠠᠬᠤᠢ᠎ᠶ᠋ᠢᠨ ᠪᠦᠰᠡ ᠵᠡᠷᠭᠡ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠭᠡᠨ ᠪᠠᠢᠭᠤᠯᠬᠤ᠎ᠳᠤ ᠭᠦᠨᠵᠡᠭᠡᠢ ᠠᠭᠤᠰᠤᠯᠴᠠᠵᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ᠎ᠶ᠋ᠢ ᠠᠬᠢᠭᠤᠯᠬᠤ᠎ᠳᠤ ᠳᠠᠢᠴᠢᠯᠠᠬᠤ ᠦᠢᠯᠡᠳᠦᠯ ᠦᠵᠡᠭᠦᠯᠬᠦ ᠬᠡᠷᠡᠭᠲᠡᠢ᠃ ᠠᠮᠢ ᠠᠬᠤᠢ ᠪᠣᠯ ᠬᠠᠢᠨᠠᠨ᠎ᠤ ᠨᠢᠭᠡ ᠶᠡᠬᠡ ᠳᠠᠪᠠᠭᠤᠯᠢᠭ ᠮᠥᠨ᠂ ᠡᠨᠡ ᠬᠦ᠌ ᠰᠠᠭᠤᠷᠢ᠎ᠶ᠋ᠢ ᠰᠠᠢᠲᠤᠷ ᠰᠠᠬᠢᠨ ᠬᠠᠮᠠᠭᠠᠯᠠᠵᠤ᠂ ᠡᠬᠡ ᠬᠠᠭᠤᠷᠠᠢ ᠳᠠᠯᠠᠢ ᠲᠠᠩᠭᠢᠰ᠎ᠢ ᠨᠢᠭᠡᠳᠦᠯᠲᠡᠢ ᠲᠥᠯᠥᠪᠵᠢᠭᠦᠯᠬᠦ᠌᠎ᠶ᠋ᠢ ᠪᠠᠷᠢᠮᠲᠠᠯᠠᠨ᠂ ᠣᠷᠴᠢᠨ ᠲᠣᠭᠣᠷᠢᠨ᠎ᠤ ᠳᠤᠪᠤᠢ᠌ᠮ᠎ᠠ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠰᠠᠢᠲᠤᠷ ᠠᠳᠭᠤᠵᠤ᠂ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠲᠤᠷᠱᠢᠯᠲᠠ᠎ᠶ᠋ᠢᠨ ᠣᠷᠣᠨ᠎ᠢ ᠴᠢᠨᠠᠷ ᠰᠠᠢᠲᠠᠢ ᠪᠦᠳᠦᠬᠡᠨ ᠪᠠᠢᠭᠤᠯᠬᠤ ᠬᠡᠷᠡᠭ᠌ᠲᠡᠢ᠃ ᠲᠦᠭᠡᠮᠡᠯ ᠬᠠᠷᠠᠭᠠᠯᠵᠠᠯᠳᠤ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠠᠷᠠᠳ ᠣᠯᠠᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠠᠢᠲᠤᠷ ᠱᠢᠶ᠋ᠳᠪᠦᠷᠢᠯᠡᠵᠦ᠍᠂ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠳᠡᠢ ᠭᠡᠵᠦ ᠵᠢᠭᠠᠵᠤ ᠭᠠᠷᠭᠠᠪᠠ᠃

ᠰᠢ᠎ᠵᠢᠨ᠎ᠫᠢᠩ᠂ ᠨᠡᠭᠡᠭᠡᠯᠳᠠ᠎ᠶ᠋ᠢ ᠥᠷᠭᠡᠳᠭᠡᠬᠦ᠌ ᠲᠤᠳᠤᠮ ᠬᠥᠭ᠌ᠵᠢᠯᠲᠡ ᠪᠠ ᠠᠮᠤᠷ ᠲᠦᠪᠱᠢᠨ᠎ᠢ  ᠤᠯᠠᠮ ᠨᠢᠭᠡᠳᠦᠯᠲᠡᠢ ᠲᠥᠯᠥᠪᠵᠢᠭᠦᠯᠵᠦ᠍᠂ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠢ᠃ ᠨᠡᠭᠡᠭᠡᠯᠲᠡ ᠬᠢᠬᠦ ᠠᠢᠵᠠᠮ ᠪᠣᠯᠤᠨ ᠠᠬᠢᠴᠠ᠎ᠶ᠋ᠢ ᠱᠢᠨᠵᠢᠯᠡᠬᠦ᠌ ᠤᠬᠠᠭᠠᠨᠴᠢ ᠡᠮᠬᠢ ᠵᠢᠷᠤᠮ᠎ᠲᠠᠶ ᠲᠤᠬᠢᠷᠠᠭᠤᠯᠵᠤ᠂ ᠠᠶᠤᠯ ᠲᠦᠭ᠌ᠰᠢᠭᠦᠷᠢ᠎ᠶ᠋ᠢ ᠢᠯᠭᠠᠨ ᠲᠠᠨᠢᠬᠤ ᠪᠠ ᠰᠡᠷᠭᠡᠢᠯᠡᠬᠦ᠌᠎ᠶ᠋ᠢ ᠴᠢᠩᠭᠠᠳᠭᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠠᠯᠬᠤᠮ ᠠᠯᠬᠤᠮ᠎ᠢᠶᠠᠷ ᠤᠷᠤᠭ᠍ᠰᠢᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠰᠢ᠎ᠵᠢᠨ᠎ᠫᠢᠩ᠂ ᠡᠭᠦᠷᠢᠳᠡ ᠵᠤᠬ᠍ᠰᠤᠰᠢ ᠦᠭᠡᠢ ᠪᠠᠢᠬᠤ ᠰᠡᠷᠭᠡᠭ ᠪᠤᠳᠤᠯ ᠪᠠ ᠡᠷᠡᠰ ᠵᠤᠷᠢᠭ ᠵᠢᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠵᠦ᠍᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠢᠷᠮᠠᠢᠨ ᠪᠤᠢ ᠪᠣᠯᠭᠠᠬᠤ ᠬᠡᠷᠡᠭ᠌ᠲᠡᠢ᠃ ᠢᠯᠵᠢᠷᠠᠬᠦ᠎ᠡᠴᠡ ᠵᠢᠷᠦᠬᠡᠱᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶ᠋ᠢ ᠪᠤᠳᠤᠬᠤ ᠦᠭᠡᠢ ᠪᠠᠢᠬᠤ ᠠᠵᠢᠯ᠎ᠤᠨ ᠲᠣᠭ᠍ᠲᠠᠴᠠ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠢᠯᠵᠢᠷᠠᠯ᠎ᠤᠨ ᠡᠭᠦᠰᠦᠨ ᠳᠡᠯᠭᠡᠷᠡᠬᠦ᠌ ᠬᠥᠷᠥᠰᠥ᠍ ᠱᠢᠷᠣᠢ ᠪᠠ ᠨᠥᠬᠥᠴᠡᠯ᠎ᠢ ᠬᠦᠴᠦᠯᠡᠨ ᠠᠷᠢᠯᠭᠠᠬᠤ ᠬᠡᠷᠡᠭᠳᠠᠢ᠃ ᠡᠯ᠎ᠡ ᠱᠠᠲᠤᠨ᠎ᠤ ᠺᠠᠳ᠋ᠷ᠎ᠢ ᠬᠦᠳᠦᠯᠥᠨ ᠳᠠᠭᠠᠭᠤᠯᠵᠤ ᠪᠠᠢᠭᠠᠳ ᠲᠦᠷᠢᠮ᠎ᠢ ᠵᠢᠷᠤᠮᠯᠠᠨ ᠰᠠᠬᠢᠯᠭ᠎ᠠ ᠪᠠᠲᠤ᠎ᠶ᠋ᠢ ᠰᠠᠬᠢᠭ᠍ᠰᠠᠨ ᠤᠷᠢᠲᠠᠯ ᠳᠣᠣᠷ᠎ᠠ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠴᠢᠳᠠᠮᠠᠭᠠᠢ ᠠᠵᠢᠯᠯᠠᠵᠤ᠂ ᠯᠠᠪᠳᠠᠭᠤᠨ ᠪᠠᠲᠤᠲᠠᠢ ᠲᠡᠮᠡᠴᠡᠯ᠎ᠢᠶᠡᠷ ᠦᠢᠯᠡᠳᠦᠯᠭᠡ ᠪᠠ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠠᠵᠢᠯ᠎ᠤᠨ ᠠᠮᠵᠢᠯᠲᠠ᠎ᠶ᠋ᠢ ᠡᠭᠦᠳᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠰᠢ᠎ᠵᠢᠨ᠎ᠫᠢᠩ᠂ ᠣᠳᠣᠬᠠᠨ᠎ᠳᠤ ᠬᠠᠢᠨᠠᠨ᠎ᠤ ᠬᠢᠨ 《ᠴᠠᠬᠤᠯᠠᠢ》 ᠲᠠᠢᠹᠧᠩ ᠰᠠᠯᠬᠢᠨ᠎ᠤ ᠬᠠᠨᠳᠤᠰᠢ᠎ᠶ᠋ᠢ ᠴᠢᠩᠭ᠎ᠠ ᠠᠩᠬᠠᠷᠴᠤ᠌᠂ ᠬᠣᠯᠪᠣᠭ᠍ᠳᠠᠯ ᠪᠥᠬᠥᠶ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ ᠰᠡᠷᠭᠡᠢᠯᠡᠬᠦ᠌ ᠪᠠ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠠᠵᠢᠯ᠎ᠢ ᠦᠨᠡᠨ ᠬᠦ᠌ ᠰᠠᠢᠲᠤᠷ ᠬᠢᠵᠦ᠍᠂ ᠬᠣᠬᠢᠷᠠᠯ᠎ᠢ ᠬᠠᠮᠤᠭ᠎ᠤᠨ ᠳᠤᠤᠷ᠎ᠠ ᠬᠡᠮᠵᠢᠶᠡᠨ᠎ᠳᠦ ᠬᠦᠷᠲᠡᠯ᠎ᠡ ᠪᠠᠭᠤᠷᠠᠭᠤᠯᠬᠤ᠎ᠶ᠋ᠢ ᠪᠠᠲᠤᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠨᠠᠮ᠎ᠤᠨ ᠲᠥᠪ᠎ᠬᠣᠷᠢᠶ᠎ᠠ᠎ᠶᠢᠨ ᠠᠯᠪᠠᠨ ᠲᠢᠩᠬᠢᠮ᠎ᠦᠨ ᠡᠷᠬᠢᠯᠡᠭ᠌ᠴᠢ ᠼᠠᠢ ᠴᠢ ᠬᠠᠷᠢᠭᠤ ᠮᠡᠳᠡᠭᠦᠯᠦᠯᠲᠡ ᠶ᠋ᠢᠨ ᠬᠤᠷᠠᠯ᠎ᠳᠤ ᠣᠷᠣᠯᠴᠠᠪᠠ᠃

ᠾᠧ ᠯᠢ ᠹᠸᠩ ᠵᠢᠴᠢ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠬᠠᠢᠨᠠᠨ ᠮᠤᠵᠢ᠎ᠶ᠋ᠢᠨ ᠬᠠᠷᠢᠭᠤᠴᠠᠯᠭᠠᠲᠠᠨ ᠨᠥᠬᠥᠳ ᠬᠠᠷᠢᠭᠤ ᠮᠡᠳᠡᠭᠦᠯᠦᠯᠲᠡ᠎ᠶ᠋ᠢᠨ ᠬᠤᠷᠠᠯ᠎ᠳᠤ ᠣᠷᠣᠯᠴᠠᠪᠠ᠃

ᠱᠢᠨᠬᠤᠸᠠ ᠬᠣᠷᠢᠶ᠎ᠠ᠎ᠶᠢᠨ ᠰᠠᠨᠶᠠ᠎ᠶᠢᠨ 11 ᠰᠠᠷ᠎ᠠ᠎ᠶ᠋ᠢᠨ 6 ᠎ᠤ᠋ ᠴᠠᠬᠢᠯᠭᠠᠨ ᠮᠡᠳᠡᠭᠡ

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            