ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠭᠤᠸᠠᠩᠳᠦ᠋ᠩ᠎ᠳᠦ ᠱᠢᠨᠵᠢᠯᠡᠨ ᠪᠠᠢᠴᠠᠭᠠᠬᠤ᠎ᠳᠠᠭᠠᠨ ᠴᠢᠬᠤᠯᠠᠴᠢᠯᠠᠭ᠍ᠰᠠᠨ ᠨᠢ — ᠨᠠᠮ᠎ᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠱᠢᠯᠠᠭᠤᠯᠤᠨ ᠥᠭᠡᠷᠡᠴᠢᠯᠡᠯᠲᠡ ᠨᠡᠭᠡᠭᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭᠳᠡᠢ
ᠨᠡᠶ᠋ᠢᠲᠡᠯᠡᠭᠰᠡᠨ ᠴᠠᠭ᠄ 2025-11-12

ᠼᠠᠢ ᠴᠢ ᠪᠠᠷ᠎ᠠ ᠪᠣᠯᠵᠣ ᠱᠢᠨᠵᠢᠯᠡᠨ ᠪᠠᠢᠴᠠᠭᠠᠪᠠ

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠣᠢᠷ᠎ᠠ᠎ᠳᠤ ᠭᠤᠸᠠᠩᠳᠦ᠋ᠩ᠎ᠳᠦ ᠱᠢᠨᠵᠢᠯᠡᠨ ᠪᠠᠢᠴᠠᠭᠠᠬᠤ᠎ᠳᠠᠭᠠᠨ᠂ ᠭᠤᠸᠠᠩᠳᠦ᠋ᠩ ᠪᠣᠯ ᠥᠭᠡᠷᠡᠴᠢᠯᠡᠯᠲᠡ ᠨᠡᠭᠡᠭᠡᠯᠲᠡ᠎ᠶ᠋ᠢ ᠦᠷᠨᠢᠬᠦᠯᠦᠭᠰᠡᠨ ᠳᠦᠷᠦᠬᠦᠴᠢ ᠭᠠᠯᠠᠭᠤ᠂ ᠬᠣᠱᠢᠭᠤᠴᠢ ᠭᠠᠵᠠᠷ᠂ ᠲᠤᠷᠱᠢᠯᠲᠠ᠎ᠶ᠋ᠢᠨ ᠣᠷᠣᠨ ᠮᠥᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠱᠢᠯᠠᠭᠤᠯᠤᠨ᠂ ᠢᠷᠡᠭᠡᠳᠦᠶ᠎ᠶ᠋ᠢᠨ 5 ᠵᠢᠯ᠎ᠦᠨ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ ᠥᠭᠡᠷᠡᠴᠢᠯᠡᠯᠲᠡ ᠨᠡᠭᠡᠭᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠂ ᠤᠳᠠᠭᠠᠨ ᠳᠠᠭᠠᠭᠠᠮᠠᠭᠠᠢ ᠵᠢᠳᠬᠦᠯ ᠴᠢᠷᠮᠠᠢᠯᠭ᠎ᠠ ᠭᠠᠷᠭᠠᠵᠤ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠣᠳᠣᠬᠢᠴᠢᠯᠠᠯᠳᠠ᠎ᠶᠢᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

11 ᠰᠠᠷ᠎ᠠ᠎ᠶ᠋ᠢᠨ 7 ᠡᠴᠡ 8 ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠭᠤᠸᠠᠩᠳᠦ᠋ᠩ᠎ᠳᠦ ᠱᠢᠨᠵᠢᠯᠡᠨ ᠪᠠᠢᠴᠠᠭᠠᠪᠠ᠃ ᠵᠢᠷᠤᠬ ᠪᠤᠯ 7 ᠤ᠋ ᠦᠳᠡ᠎ᠶ᠋ᠢᠨ ᠬᠣᠢᠨ᠎ᠠ᠂ ᠰᠢ᠎ᠵᠢᠨ᠎ᠫᠢᠩ ᠮᠧᠢᠵᠧᠦ ᠬᠤᠳᠠ᠎ᠶ᠋ᠢᠨ ᠮᠧᠢ ᠱᠢᠶᠠᠨ ᠲᠣᠭᠣᠷᠢᠭ᠎ᠤᠨ ᠶᠠᠨ ᠶᠠᠩ ᠪᠠᠯᠭᠠᠰᠤᠨ᠎ᠳᠤ ᠪᠠᠢᠷᠢᠯᠠᠭ᠎ᠠ ᠶᠧ ᠵᠢᠶᠠᠨ ᠶᠢᠩ᠎ᠦᠨ ᠳᠤᠷᠠᠰᠭᠠᠯ᠎ᠤᠨ ᠤᠷᠳᠤᠨ᠎ᠳᠦ ᠲᠣᠭᠣᠷᠢᠨ ᠦᠵᠡᠬᠦ ᠳ᠋ᠡᠬᠡᠨ᠂ ᠠᠵᠢᠯᠳᠠᠳ ᠲᠠᠢ ᠲᠤᠳᠤᠨᠤ᠎ᠪᠡᠷ ᠶᠠᠷᠢᠯᠴᠠᠵᠦ ᠪᠠᠢᠭ᠎ᠠ ᠨᠢ᠃

ᠰᠢᠨᠬᠤᠸᠠ ᠬᠤᠷᠢᠶ᠎ᠠ᠎ᠶᠢᠨ ᠬᠡᠷᠡᠯ ᠵᠢᠷᠤᠬ (ᠰᠢᠶᠤᠤ ᠢ ᠰᠡᠬᠦᠳᠡᠷᠯᠡᠪᠡ)

11 ᠰᠠᠷ᠎ᠠ᠎ᠶ᠋ᠢᠨ 7 ᠡᠴᠡ 8 ᠤ᠋ ᠡᠳᠦᠷ ᠪᠣᠯᠲᠠᠯ᠎ᠠ᠂ ᠰᠢ᠎ᠵᠢᠨ᠎ᠫᠢᠩ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠭᠤᠸᠠᠩᠳᠦ᠋ᠩ ᠮᠤᠵᠢ᠎ᠶ᠋ᠢᠨ ᠨᠠᠮ᠎ᠤᠨ ᠬᠤᠷᠢᠶ᠎ᠠ᠎ᠶᠢᠨ ᠱᠦᠵᠢ ᠬᠤᠸᠠᠩ ᠺᠦᠨ ᠮᠢᠩ ᠪᠣᠯᠤᠨ ᠮᠤᠵᠢ᠎ᠶ᠋ᠢᠨ ᠳᠠᠷᠤᠭ᠎ᠠ ᠮᠸᠩ ᠹᠠᠨ ᠯᠢ᠎ᠶ᠋ᠢᠨ ᠪᠠᠷ᠎ᠠ ᠪᠤᠯᠤᠯᠭ᠎ᠠ᠎ᠲᠠᠶ᠎ᠪᠠᠷ ᠤᠷᠢᠳ ᠬᠣᠵᠢᠳ ᠮᠧᠢᠵᠧᠦ᠂ ᠭᠤᠸᠠᠩᠵᠧᠦ᠍᠎ᠳᠦ ᠱᠢᠨᠵᠢᠯᠡᠨ ᠪᠠᠢᠴᠠᠭᠠᠪᠠ᠃

7 ᠤ᠋ ᠦᠳᠡ᠎ᠶ᠋ᠢᠨ ᠬᠣᠢᠨ᠎ᠠ᠂ ᠰᠢ᠎ᠵᠢᠨ᠎ᠫᠢᠩ ᠮᠧᠢᠵᠧᠦ ᠬᠤᠳᠠ᠎ᠶ᠋ᠢᠨ ᠮᠧᠢ ᠱᠢᠶᠠᠨ ᠲᠣᠭᠣᠷᠢᠭ᠎ᠤᠨ ᠶᠠᠨ ᠶᠠᠩ ᠪᠠᠯᠭᠠᠰᠤᠨ ᠳ᠋ᠤ ᠪᠠᠢᠷᠢᠯᠠᠭ᠎ᠠ ᠶᠧ ᠵᠢᠶᠠᠨ ᠶᠢᠩ᠎ᠦᠨ ᠳᠤᠷᠠᠰᠭᠠᠯ᠎ᠤᠨ ᠬᠦᠷᠢᠶᠡᠯᠡᠩ᠎ᠳᠦ ᠬᠦᠷᠪᠡ᠃ ᠶᠧ ᠵᠢᠶᠠᠨ ᠶᠢᠩ᠎ᠦᠨ ᠳᠤᠷᠠᠰᠭᠠᠯ᠎ᠤᠨ ᠣᠷᠳᠣᠨ᠎ᠳᠤ᠂ ᠰᠢ᠎ᠵᠢᠨ᠎ᠫᠢᠩ ᠶᠧ ᠵᠢᠶᠠᠨ ᠶᠢᠩ᠎ᠦᠨ ᠬᠦᠷᠡᠯ ᠬᠦᠷᠦᠭ᠎ᠲᠦ ᠰᠠᠭ᠍ᠰᠤᠳᠦ ᠴᠡᠴᠡᠭ ᠬᠦᠷᠭᠡᠵᠦ᠂ ᠶᠧ ᠵᠢᠶᠠᠨ ᠶᠢᠩ᠎ᠦᠨ ᠨᠢᠭᠡ ᠨᠠᠰᠤᠨ᠎ᠤ ᠦᠢᠯᠡ ᠠᠵᠢᠯᠯᠠᠭ᠎ᠠ ᠵᠢᠨ ᠦᠵᠡᠬᠦᠯᠬᠡ᠎ᠶ᠋ᠢ ᠲᠣᠭᠣᠷᠢᠨ ᠦᠵᠡᠪᠡ᠃ ᠳᠠᠷᠠᠭ᠎ᠠ ᠨᠢ ᠶᠧ ᠵᠢᠶᠠᠨ ᠶᠢᠩ᠎ᠦᠨ ᠬᠠᠭᠤᠴᠢᠨ ᠰᠠᠭᠤᠴᠠ᠎ᠶ᠋ᠢ ᠲᠣᠭᠣᠷᠢᠨ ᠦᠵᠡᠪᠡ᠃ ᠰᠢ᠎ᠵᠢᠨ᠎ᠫᠢᠩ᠂ ᠮᠠᠨ᠎ᠤ ᠥᠨᠥᠳᠦᠷ᠎ᠦᠨ ᠣᠯᠤᠭ᠍ᠰᠠᠨ ᠠᠭᠤᠤ ᠶᠡᠬᠡ ᠠᠮᠵᠢᠯᠲᠠ ᠪᠦᠲᠦᠮᠵᠢ ᠪᠣᠯ ᠴᠥᠮ ᠮᠠᠤ ᠽᠸ ᠳ᠋ᠦᠩ ᠵᠡᠷᠭᠡ ᠠᠬᠠᠮᠠᠳ ᠨᠢᠭᠡ ᠦᠶ᠎ᠡ᠎ᠶ᠋ᠢᠨ ᠬᠤᠪᠢᠰᠭᠠᠯᠴᠢᠳ᠎ᠤᠨ ᠪᠠᠢᠭᠤᠯᠤᠭ᠍ᠰᠠᠨ ᠲᠦᠷᠦ᠍ ᠭᠦᠷᠦᠨ᠂ ᠬᠤᠷᠠᠮᠳᠤᠭᠤᠯᠤᠭ᠍ᠰᠠᠨ ᠥᠪ ᠬᠦᠷᠦᠩᠭᠡ ᠳᠡᠭᠡᠷ᠎ᠡ ᠪᠠᠢᠭᠤᠯᠤᠭᠳᠠᠭᠰᠠᠨ ᠶᠤᠮ᠃ ᠨᠠᠮ᠎ᠤᠨ ᠲᠡᠦᠬᠡ᠎ᠶ᠋ᠢᠨ ᠲᠤᠬᠠᠢ ᠤᠬᠠᠭᠤᠯᠭ᠎ᠠ ᠬᠥᠮᠦᠵᠢᠯ᠎ᠲᠡᠶ ᠤᠶᠠᠯᠳᠤᠭᠤᠯᠵᠤ᠂ ᠠᠬᠠᠮᠠᠳ ᠨᠢᠭᠡ ᠦᠶ᠎ᠡ᠎ᠶ᠋ᠢᠨ ᠦᠭᠡᠢᠭᠦᠦ ᠠᠩᠬᠢ᠎ᠶ᠋ᠢᠨ ᠬᠤᠪᠢᠰᠭᠠᠯᠴᠢᠳ᠎ᠤᠨ ᠦᠯᠢᠬᠡᠷ᠎ᠢ ᠰᠠᠢᠲᠤᠷ ᠶᠠᠷᠢᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ᠎ᠢ ᠬᠥᠮᠦᠵᠢᠭᠦᠯᠦᠨ ᠵᠢᠯᠣᠭᠣᠳᠴᠤ ᠬᠤᠪᠢᠰᠭᠠᠯ᠎ᠤᠨ ᠤᠳᠤᠮᠱᠢᠯ᠎ᠢ ᠤᠯᠠᠮᠵᠢᠯᠠᠵᠤ᠂ ᠬᠤᠪᠢᠰᠭᠠᠯᠳᠤ ᠤᠯᠠᠮᠵᠢᠯᠠᠯ᠎ᠢ ᠦᠷᠬᠦᠯᠵᠢᠯᠡᠨ ᠵᠠᠯᠭᠠᠮᠵᠢᠯᠠᠵᠤ᠂ ᠡᠭᠦᠷᠢᠳᠡ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠵᠤ ᠤᠷᠤᠬᠰᠢᠯᠠᠬᠤ ᠬᠡᠷᠡᠭᠳᠡᠢ ᠭᠡᠵᠦ ᠴᠢᠬᠤᠯᠠᠴᠢᠯᠠᠪᠠ᠃

11 ᠰᠠᠷ᠎ᠠ᠎ᠶ᠋ᠢᠨ 7 ᠡᠴᠡ 8 ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠭᠤᠸᠠᠩᠳᠦ᠋ᠩ᠎ᠳᠦ ᠱᠢᠨᠵᠢᠯᠡᠨ ᠪᠠᠢᠴᠠᠭᠠᠪᠠ᠃ ᠵᠢᠷᠤᠬ ᠪᠤᠯ 7 ᠤ᠋ ᠦᠳᠡ᠎ᠶ᠋ᠢᠨ ᠬᠣᠢᠨ᠎ᠠ᠂ ᠰᠢ᠎ᠵᠢᠨ᠎ᠫᠢᠩ ᠮᠧᠢᠵᠧᠦ ᠬᠤᠳᠠ᠎ᠶ᠋ᠢᠨ ᠮᠧᠢ ᠱᠢᠶᠠᠨ ᠲᠣᠭᠣᠷᠢᠭ᠎ᠤᠨ ᠶᠠᠨ ᠶᠠᠩ ᠪᠠᠯᠭᠠᠰᠤᠨ᠎ᠤ ᠨᠠᠨ ᠹᠦ ᠠᠯᠳᠠᠨ ᠵᠦᠷᠵᠢᠯᠢᠭ ᠳᠠᠷᠢᠬᠤ ᠰᠠᠭᠤᠷᠢᠨ᠎ᠳᠤ ᠰᠢᠨᠵᠢᠯᠡᠨ ᠪᠠᠢᠴᠠᠭᠠᠬᠤ᠎ᠳᠠᠭᠠᠨ᠂ ᠵᠢᠮᠢᠰ᠎ᠦᠨ ᠲᠠᠷᠢᠶᠠᠴᠢᠳ ᠪᠣᠯᠤᠨ ᠲᠠᠷᠢᠶᠠᠯᠠᠩ᠎ᠤᠨ ᠮᠡᠷᠭᠡᠵᠢᠯᠲᠡᠳ᠎ᠲᠡᠶ ᠳᠣᠲᠣᠨᠣ᠎ᠪᠠᠷ ᠶᠠᠷᠢᠯᠴᠠᠵᠦ ᠪᠠᠢᠭ᠎ᠠ ᠨᠢ᠃

ᠰᠢᠨᠬᠤᠸᠠ ᠬᠤᠷᠢᠶ᠎ᠠ᠎ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠬᠦᠳᠡᠷᠯᠡᠪᠡ

ᠠᠯᠳᠠᠨ ᠵᠦᠷᠵᠢᠯᠢᠭ ᠪᠣᠯ ᠮᠧᠢᠵᠧᠦ᠎ᠶ᠋ᠢᠨ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ ᠪᠤᠯᠤᠨ᠎ᠠ᠃ ᠤᠳᠤ ᠶᠠᠭ ᠰᠠᠢᠬᠠᠨ ᠬᠤᠷᠢᠶᠠᠯᠲᠠ᠎ᠶ᠋ᠢᠨ ᠤᠯᠠᠷᠢᠯ ᠪᠠᠢᠵᠦ᠂ ᠵᠦᠷᠵᠢᠯᠢᠭ᠎ᠦᠨ ᠬᠦᠷᠢᠶᠡᠯᠡᠩ᠎ᠳᠦ ᠵᠦᠷᠵᠢᠯᠢᠭ ᠵᠢᠮᠢᠰ ᠮᠤᠳᠤ᠎ᠪᠠᠨ ᠲᠠᠭᠠᠭᠠᠵᠤ ᠶᠠᠳᠠᠳᠠᠯ᠎ᠠ ᠰᠠᠭᠤᠬᠰᠠᠨ ᠬᠠᠷᠠᠬᠳᠠᠨ᠎ᠠ᠃ ᠰᠢ᠎ᠵᠢᠨ᠎ᠫᠢᠩ ᠶᠠᠨ ᠶᠠᠩ ᠪᠠᠯᠭᠠᠰᠤᠨ᠎ᠤ ᠨᠠᠨ ᠹᠦ ᠠᠯᠳᠠᠨ ᠵᠦᠷᠵᠢᠯᠢᠭ ᠳᠠᠷᠢᠬᠤ ᠰᠠᠭᠤᠷᠢᠨ᠎ᠳᠤ ᠬᠦᠷᠴᠦ᠍᠂ ᠦᠵᠡᠭᠦᠯᠭᠡ᠎ᠶ᠋ᠢᠨ ᠲᠢᠩᠬᠢᠮ᠎ᠳᠦ ᠭᠤᠸᠠᠩᠳᠦ᠋ᠩ ᠮᠤᠵᠢ ᠵᠢᠨ ᠬᠢᠨ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠭ᠍ᠰᠠᠨ ᠵᠡᠷᠭᠡ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠵᠦᠷᠵᠢᠯᠢᠭ ᠵᠢᠴᠢ ᠡᠳ᠋ᠱᠢᠭᠦᠯᠦᠭ᠌ᠰᠡᠨ ᠪᠦᠲᠦᠭᠡᠭ᠌ᠳᠡᠬᠦᠨ᠂ ᠰᠣᠶᠣᠯ᠎ᠤᠨ ᠪᠦᠳᠦᠬᠡᠯᠴᠢ ᠦᠢᠯᠡᠳᠬᠦᠨ᠎ᠢ ᠪᠠᠢᠴᠠᠭᠠᠨ ᠦᠵᠡᠪᠡ᠃ ᠲᠡᠷᠡ ᠵᠢᠮᠢᠰ᠎ᠦᠨ ᠤᠢ᠎ᠳᠤ ᠠᠯᠬᠤᠨ ᠤᠷᠤᠵᠤ᠂ ᠵᠢᠮᠢᠰ᠎ᠦᠨ ᠲᠠᠷᠢᠶᠠᠴᠢᠳ ᠪᠣᠯᠤᠨ ᠲᠠᠷᠢᠶᠠᠯᠠᠩ᠎ᠤᠨ ᠮᠡᠷᠭᠡᠵᠢᠯᠲᠡᠳ᠎ᠲᠡᠶ ᠳᠣᠲᠣᠨᠣ᠎ᠪᠠᠷ ᠶᠠᠷᠢᠯᠴᠠᠪᠠ᠃ ᠡᠨᠡ ᠵᠢᠯ ᠠᠯᠳᠠᠨ ᠵᠦᠷᠵᠢᠯᠢᠭ ᠡᠯᠪᠡᠭ ᠬᠤᠷᠢᠶᠠᠯᠲᠠ ᠣᠯᠵᠤ᠂ ᠪᠣᠷᠣᠯᠠᠭᠤᠯᠭ᠎ᠠ ᠰᠠᠭᠠᠳ ᠦᠭᠡᠢ ᠪᠠᠢᠬᠤ᠎ᠶᠢ ᠰᠣᠨᠣᠰᠤᠭᠠᠳ ᠰᠢ᠎ᠵᠢᠨ᠎ᠫᠢᠩ ᠮᠠᠰᠢ ᠪᠠᠶᠠᠷᠯᠠᠪᠠ᠃ ᠲᠡᠷᠡ᠂ ᠬᠥᠳᠡᠭᠡ ᠲᠣᠰᠭᠣᠨ᠎ᠤ ᠤᠨᠴᠠᠯᠢᠬ᠍ᠳᠤ ᠠᠵᠤ ᠦᠶ᠋ᠯᠡᠰ᠎ᠢ ᠬᠥᠭ᠌ᠵᠢᠭᠦᠯᠬᠦ᠌ ᠪᠣᠯ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠶ᠋ᠢᠨ ᠰᠠᠭᠤᠷᠢ ᠮᠥᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠷᠡᠭ᠌ᠯᠡᠭᠡᠨ᠎ᠢ ᠴᠢᠩᠭᠠᠳᠭᠠᠵᠤ᠂ ᠬᠥᠳᠡᠭᠡ ᠠᠵᠤ ᠠᠬᠤᠶ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠲᠠᠰᠤᠷᠠᠯᠲᠠ ᠥᠬᠡᠶ ᠤᠷᠲᠤᠳᠭᠠᠵᠤ᠂ ᠨᠡᠮᠡᠯᠲᠡ ᠥᠷᠲᠡᠭ᠎ᠢ ᠨᠡᠮᠡᠭ᠌ᠳᠡᠭᠦᠯᠵᠦ᠍᠂ ᠨᠠᠩ ᠣᠯᠠᠨ ᠲᠠᠷᠢᠶᠠᠴᠢᠨ ᠲᠦᠮᠡᠨ᠎ᠢ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠦᠨ ᠪᠠᠶᠠᠵᠢᠭᠤᠯᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠠᠶᠠᠷᠯᠠᠨ ᠰᠠᠯᠬᠤ ᠦᠶ᠎ᠡ᠎ᠳᠦ᠂ ᠰᠢ᠎ᠵᠢᠨ᠎ᠫᠢᠩ ᠲᠣᠰᠭᠣᠨ᠎ᠤ ᠠᠷᠠᠳ᠎ᠲᠠᠶ ᠳᠣᠲᠣᠨᠣ᠎ᠪᠠᠷ ᠰᠠᠯᠬᠤ ᠶᠣᠰᠣ ᠭᠦᠢᠴᠡᠳᠭᠡᠪᠡ᠃ ᠲᠡᠷᠡ᠂ ᠨᠠᠮ ᠪᠣᠯᠤᠨ ᠵᠠᠰᠠᠭ᠎ᠤᠨ ᠣᠷᠳᠣᠨ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠳᠤ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠦᠵᠡᠭᠦᠯᠬᠦ᠌᠎ᠪᠡᠨ ᠦᠷᠭᠦᠯᠵᠢᠯᠡᠨ ᠴᠢᠩᠭᠠᠳᠭᠠᠵᠦ᠂ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ ᠬᠡᠷᠡᠭ᠌ᠲᠡᠢ ᠭᠡᠵᠦ᠍ ᠵᠠᠬᠢᠪᠠ᠃ ᠲᠡᠷᠡ ᠨᠤᠲᠤᠭ᠎ᠤᠨ ᠠᠬ᠎ᠠ ᠳᠡᠭᠦᠦ᠍᠎ᠨᠡᠷ᠎ᠦᠨ ᠠᠮᠢᠳᠤᠷᠠᠯ ᠠᠯᠳᠠᠨ ᠵᠦᠷᠵᠢᠯᠢᠭ ᠱᠢᠭ ᠱᠢᠬᠢᠷᠯᠢᠭ ᠮᠥᠷᠲᠡᠭᠡᠨ ᠰᠠᠢᠨ ᠰᠠᠢᠬᠠᠨ ᠪᠣᠯᠬᠤ᠎ᠶ᠋ᠢ ᠵᠥᠩᠨᠡᠪᠡ᠃

8 ᠤ᠋ ᠦᠳᠡ᠎ᠶ᠋ᠢᠨ ᠡᠮᠦᠨ᠎ᠡ᠂ ᠰᠢ᠎ᠵᠢᠨ᠎ᠫᠢᠩ ᠭᠤᠸᠠᠩᠵᠧᠦ᠍᠎ᠳᠦ ᠭᠤᠸᠠᠩᠳᠦ᠋ᠩ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶᠢ ᠠᠭᠤᠰᠤᠯᠴᠠᠭᠤᠯᠤᠨ ᠬᠥᠭ᠌ᠵᠢᠬᠦᠯᠦᠭᠰᠡᠨ ᠦᠷ᠎ᠡ ᠪᠦᠲᠦᠭᠡᠯ᠎ᠦᠨ ᠦᠵᠡᠭᠦᠯᠭᠡ᠎ᠶ᠋ᠢ ᠪᠠᠢᠴᠠᠭᠠᠨ ᠦᠵᠡᠪᠡ᠃ ᠲᠠᠷᠠᠭ᠎ᠠ ᠨᠢ᠂ ᠭᠤᠸᠠᠩᠳᠦ᠋ᠩ ᠮᠤᠵᠢ᠎ᠶ᠋ᠢᠨ ᠨᠠᠮ᠎ᠤᠨ ᠬᠤᠷᠢᠶ᠎ᠠ ᠪᠣᠯᠤᠨ ᠮᠤᠵᠢ᠎ᠶ᠋ᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃ ᠲᠡᠷᠡ ᠭᠤᠸᠠᠩᠳᠦ᠋ᠩ᠎ᠦᠨ ᠡᠯ᠎ᠡ ᠲᠠᠯ᠎ᠠ᠎ᠶ᠋ᠢᠨ ᠣᠯᠤᠭ᠍ᠰᠠᠨ ᠠᠮᠵᠢᠯᠲᠠ ᠪᠦᠲᠦᠮᠵᠢ᠎ᠶ᠋ᠢ ᠨᠤᠲᠠᠯᠠᠵᠤ᠂ ᠳᠠᠷᠠᠭᠠᠴᠢ᠎ᠶ᠋ᠢᠨ ᠠᠯᠬᠤᠮ᠎ᠤᠨ ᠠᠵᠢᠯ᠎ᠳᠤ ᠱᠠᠭᠠᠷᠳᠠᠯᠭ᠎ᠠ ᠳᠤᠷᠠᠳᠪᠠ᠃

ᠰᠢ᠎ᠵᠢᠨ᠎ᠫᠢᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠯ ᠣᠳᠣᠬᠠᠨ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠪᠦᠬᠦ᠌ ᠨᠠᠮ ᠪᠦᠬᠦ᠌ ᠤᠯᠤᠰ᠎ᠤᠨ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠮᠥᠨ᠃ ᠤᠯᠠᠨ ᠲᠡᠰ ᠳᠠᠪᠬᠤᠷᠭ᠎ᠠ ᠤᠯᠠᠨ ᠠᠷᠭ᠎ᠠ ᠵᠠᠮ᠎ᠢᠶᠠᠷ ᠤᠬᠠᠭᠤᠯᠤᠨ ᠲᠠᠢᠯᠪᠤᠷᠢᠯᠠᠵᠤ ᠪᠣᠯᠪᠠᠰᠤᠷᠠᠭᠤᠯᠬᠤ᠎ᠪᠠᠷ ᠳᠠᠮᠵᠢᠨ᠂ ᠥᠷᠭᠡᠨ ᠤᠯᠠᠨ ᠺᠠᠳ᠋ᠷ ᠤᠯᠠᠨ ᠲᠦᠮᠡᠨ ᠤ᠋ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠬᠦ᠎ᠶᠢ ᠬᠦᠳᠦᠯᠦᠨ ᠵᠢᠯᠣᠭᠣᠳᠴᠤ᠌᠂ ᠬᠠᠮᠲᠤ᠎ᠶ᠋ᠢᠨ ᠲᠠᠨᠢᠯᠲᠠ᠎ᠶᠢ ᠤᠯᠠᠮ ᠨᠢᠭᠡ ᠠᠯᠬᠤᠮ ᠴᠢᠩᠭᠠᠳᠬᠠᠵᠤ᠂ ᠢᠲᠡᠭᠡᠯ ᠵᠣᠷᠢᠭ ᠵᠢᠡᠨ ᠨᠡᠮᠡᠭ᠌ᠳᠡᠭᠦᠯᠵᠦ᠍᠂ ᠡᠷᠴᠢ ᠵᠣᠷᠢᠭ᠎ᠢ ᠬᠦᠭᠵᠢᠬᠡᠬᠦ᠌ ᠬᠡᠷᠡᠭ᠌ᠲᠡᠢ᠃ ᠨᠠᠮ᠎ᠤᠨ ᠲᠥᠪ ᠬᠤᠷᠢᠶ᠎ᠠ᠎ᠶᠢᠨ ᠵᠣᠷᠢᠭ ᠰᠠᠨᠠᠭ᠎ᠠ᠎ᠶ᠋ᠢ ᠵᠦᠪ ᠤᠨᠤᠪᠴᠢᠳᠠᠢ ᠡᠵᠡᠮᠳᠡᠵᠦ᠍᠂ ᠺᠠᠳ᠋ᠷ ᠤᠯᠠᠨ ᠲᠦᠮᠡᠨ᠎ᠦ ᠠᠩᠬᠠᠷᠴᠤ᠌ ᠪᠠᠢᠭ᠎ᠠ ᠠᠰᠠᠭᠤᠳᠠᠯ᠎ᠳᠤ ᠴᠢᠭ᠌ᠯᠡᠭᠦᠯᠦᠨ ᠮᠠᠳᠠᠭ᠎ᠢ ᠲᠠᠢᠯᠪᠤᠷᠢᠯᠠᠨ ᠡᠭᠡᠳᠡᠷᠡᠭᠡᠨ᠎ᠢ ᠠᠷᠢᠯᠭᠠᠬᠤ ᠬᠡᠷᠡᠭ᠌ᠲᠡᠢ᠃ 

ᠭᠤᠸᠠᠩᠳᠦ᠋ᠩ ᠨᠢ ᠠᠵᠤ ᠠᠬᠤᠢ᠎ᠶ᠋ᠢᠨ ᠲᠤᠮᠤ ᠮᠤᠵᠢ ᠪᠠ ᠬᠥᠭ᠌ᠵᠢᠭ᠌ᠰᠡᠨ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠎ᠳᠠᠭᠠᠨ ᠥᠨᠳᠥᠷ ᠵᠣᠭ᠍ᠰᠣᠴᠠ᠂ ᠬᠤᠯᠠ ᠵᠢᠨ ᠬᠠᠷᠠᠴᠠ᠎ᠲᠠᠶ ᠪᠠᠢᠵᠤ᠂ ᠡᠮᠦᠨ᠎ᠡ ᠨᠢ ᠶᠠᠪᠤᠵᠤ᠂ ᠦᠯᠢᠭᠡᠷ ᠵᠢᠱ᠌ᠢᠶ᠎ᠡ ᠦᠵᠡᠭᠦᠯᠦᠨ᠂ ᠭᠤᠤᠯ ᠡᠭᠦᠷᠭᠡ᠎ᠶ᠋ᠢ ᠡᠭᠦᠷᠭᠡᠯᠡᠬᠦ᠌ ᠬᠠᠷᠢᠭᠤᠴᠠᠯᠭ᠎ᠠ ᠡᠭᠦᠷᠭᠡᠯᠡᠯ᠎ᠲᠡᠶ ᠪᠠᠢᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠰᠢ᠎ᠵᠢᠨ᠎ᠫᠢᠩ᠂ ᠭᠤᠸᠠᠩᠳᠦ᠋ᠩ ᠱᠢᠨ᠎ᠡ ᠳᠠᠪᠠᠭᠤᠯᠢᠭ᠎ᠢ ᠡᠭᠦᠳᠴᠦ᠍᠂ ᠱᠢᠨ᠎ᠡ ᠲᠠᠪᠠᠯᠳᠠ᠎ᠶ᠋ᠢ ᠪᠡᠶᠡᠯᠡᠭᠦᠯᠬᠦ᠌᠎ᠳᠦ ᠡᠷᠬᠡᠪᠰᠢ ᠥᠭᠡᠷᠡᠴᠢᠯᠡᠯᠲᠡ ᠨᠡᠭᠡᠭᠡᠯᠳᠠ᠎ᠶ᠋ᠢᠨ ᠵᠣᠷᠢᠭ ᠰᠠᠨᠠᠭ᠎ᠠ᠂ ᠣᠨᠴᠠᠭᠠᠢ ᠣᠷᠣᠨ᠎ᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠥᠭᠡᠷᠡᠴᠢᠯᠡᠯᠲᠡ ᠨᠡᠭᠡᠭᠡᠯᠳᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠪᠡᠷ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠪᠦᠲᠦᠮᠵᠢᠲᠡᠢ ᠵᠠᠬ᠎ᠠ ᠳᠡᠯᠭᠡᠭᠦᠷ ᠪᠠ ᠴᠢᠷᠮᠠᠢᠯᠭ᠎ᠠ ᠲᠠᠢ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠡᠯ᠎ᠡ ᠵᠦᠢᠯ᠎ᠦᠨ ᠥᠮᠴᠢᠯᠡᠯ᠎ᠦᠨ ᠠᠵᠤ ᠠᠬᠤᠢ᠎ᠶ᠋ᠢᠨ ᠳᠠᠪᠠᠭᠤᠯᠢᠭ ᠲᠠᠯ᠎ᠠ᠎ᠪᠠᠷ᠎ᠢᠶᠠᠨ ᠬᠠᠷᠢᠯᠴᠠᠨ ᠨᠥᠬᠥᠪᠥᠷᠢᠯᠡᠵᠦ᠍᠂ ᠬᠠᠮᠲᠤ᠎ᠪᠠᠷ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ᠃ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠶᠢ ᠪᠤᠳᠤᠯᠬᠢᠯᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠴᠢᠩᠭᠠᠳᠭᠠᠵᠤ᠂ ᠳᠡᠯᠡᠬᠡᠢ ᠳᠡᠭᠡᠷ᠎ᠡ ᠦᠷᠢᠰᠦᠯᠳᠦᠬᠦ᠌ ᠬᠦᠴᠦᠨ ᠪᠦᠬᠦᠢ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ ᠬᠡᠷᠡᠭᠲᠡᠢ᠃ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠂ ᠬᠤᠳᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠲᠦᠷᠢᠮ᠎ᠦᠨ ᠱᠢᠰᠲ᠋ᠧᠮ᠎ᠢ ᠲᠡᠭᠦᠯᠳᠡᠷᠵᠢᠭᠦᠯᠵᠦ᠍᠂ ᠬᠠᠮᠲᠤ᠎ᠪᠠᠷ ᠪᠠᠶᠠᠵᠢᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠲᠦᠷᠢᠮ᠎ᠦᠨ ᠬᠡᠯᠪᠡᠷᠢ᠎ᠶᠢᠨ ᠨᠡᠭᠡᠭᠡᠯᠲᠡ᠎ᠶ᠋ᠢ ᠯᠠᠪᠳᠠᠭᠤᠨ᠎ᠢᠶᠠᠷ ᠥᠷᠭᠡᠳᠭᠡᠵᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠳᠡᠭᠡᠭ᠌ᠰᠢᠯᠡᠭᠦᠯᠬᠦ᠌ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠢᠭᠤᠯᠬᠤ᠎ᠳᠤ ᠭᠦᠨᠵᠡᠭᠡᠶ ᠠᠭᠤᠰᠤᠯᠴᠠᠬᠤ ᠬᠡᠷᠡᠭᠲᠡᠢ᠃ ᠳᠣᠲᠣᠭᠠᠳᠤ ᠨᠡᠭᠡᠭᠡᠯᠳᠡ᠎ᠶ᠋ᠢ ᠦᠷᠭᠦᠯᠵᠢᠯᠡᠨ ᠰᠠᠢᠲᠤᠷ ᠠᠳᠭᠤᠵᠤ᠂ ᠲᠤᠰ ᠭᠠᠵᠠᠷ ᠣᠷᠣᠨ᠎ᠤ᠎ᠪᠠᠨ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌᠎ᠶ᠋ᠢ ᠠᠬᠢᠭᠤᠯᠬᠤ ᠮᠥᠷᠲᠡᠭᠡᠨ ᠪᠠᠰᠠ ᠳᠤᠮᠳᠠ ᠬᠡᠰᠡᠭ ᠪᠠᠷᠠᠭᠤᠨ ᠬᠡᠰᠡᠭ᠎ᠦᠨ ᠭᠠᠵᠠᠷ ᠣᠷᠣᠨ᠎ᠤ ᠠᠵᠤ ᠦᠢᠯᠡᠰ᠎ᠦᠨ ᠬᠥᠭ᠌ᠵᠢᠯᠲᠡ᠎ᠶ᠋ᠢ ᠲᠠᠢ᠌ᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢ᠎ᠵᠢᠨ᠎ᠫᠢᠩ᠂ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠢ ᠪᠦᠳᠦᠭᠡᠨ ᠪᠠᠢᠭᠤᠯᠬᠤ ᠨᠢ ᠭᠤᠸᠠᠩᠳᠦ᠋ᠩ᠎ᠳᠦ ᠠᠪᠴᠤ᠌ ᠬᠡᠯᠡᠪᠡᠯ ᠴᠢᠬᠤᠯᠠ ᠶᠡᠬᠡ ᠬᠠᠷᠢᠭᠤᠴᠠᠯᠭ᠎ᠠ ᠪᠣᠯᠬᠤ ᠪᠥᠭᠡᠳ ᠪᠠᠰᠠ ᠣᠯᠳᠠᠬᠤᠶ᠎ᠠ ᠪᠡᠷᠬᠡ ᠬᠥᠭ᠌ᠵᠢᠯᠲᠡ᠎ᠶ᠋ᠢᠨ ᠠᠵᠠ ᠲᠣᠬᠢᠶᠠᠯ ᠪᠣᠯᠤᠨ᠎ᠠ᠃ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠦᠬᠡᠳ  ᠲᠡᠯᠡᠬᠡᠢ ᠲᠡᠬᠡᠷ᠎ᠡ ᠦᠷᠢᠰᠦᠯᠳᠦᠬᠦ᠌ ᠬᠦᠴᠦᠨ᠎ᠪᠦᠬᠦᠢ ᠲᠡᠷᠢᠭᠦᠨ᠎ᠵᠡᠷᠬᠡ ᠵᠢᠨ ᠪᠤᠯᠤᠩ᠎ᠤᠨ ᠣᠷᠣᠨ ᠪᠠ ᠳᠡᠯᠡᠬᠡᠢ᠎ᠶ᠋ᠢᠨ ᠲᠡᠰ᠎ᠤᠨ ᠬᠤᠳᠠ᠎ᠶ᠋ᠢᠨ ᠪᠦᠯᠦᠭ᠌ᠵᠢᠯ᠎ᠢ ᠪᠦᠳᠦᠭᠡᠨ ᠪᠠᠢᠭᠤᠯᠬᠤ ᠬᠠᠷᠠᠯᠲᠠ᠎ᠶ᠋ᠢ ᠲᠣᠭ᠍ᠲᠠᠭᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠭᠣᠣᠯᠳᠠᠯᠭ᠎ᠠ᠎ᠲᠠᠶ ᠲᠠᠪᠠᠯᠳᠠ᠎ᠶ᠋ᠢ ᠴᠢᠷᠮᠠᠢᠨ ᠪᠡᠶᠡᠯᠡᠭᠦᠯᠵᠦ᠍᠂ ᠪᠦᠬᠦ᠌ ᠲᠠᠯ᠎ᠠ᠎ᠪᠠᠷ ᠠᠬᠢᠭᠤᠯᠬᠤ ᠬᠡᠷᠡᠭ᠌ᠲᠡᠢ᠃ ᠭᠤᠸᠠᠩᠳᠦ᠋ᠩ ᠱᠢᠶᠠᠩᠭᠠᠩ ᠣᠣᠮᠧᠨ᠎ᠦ ᠬᠠᠮᠲᠤᠷᠠᠯᠴᠠᠭ᠎ᠠ᠎ᠶ᠋ᠢ ᠬᠦᠴᠦᠯᠡᠨ ᠭᠦᠨᠵᠡᠭᠡᠢᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠠᠮᠲᠤᠷᠠᠯᠴᠠᠭ᠎ᠠ ᠪᠣᠯᠤᠨ ᠰᠠᠭᠤᠷᠢ ᠲᠥᠬᠥᠭᠡᠷᠦᠮᠵᠢ᠎ᠶ᠋ᠢᠨ ᠬᠣᠯᠪᠣᠯᠳᠤᠨ ᠨᠡᠪᠲᠡᠷᠡᠯᠴᠡᠬᠦ᠌᠎ᠶ᠋ᠢ ᠴᠢᠩᠭᠠᠳᠭᠠᠵᠤ᠂ ᠲᠦᠷᠢᠮ ᠲᠣᠭ᠍ᠲᠠᠴᠠ᠎ᠶ᠋ᠢᠨ 《ᠵᠥᠭᠡᠯᠡᠨ ᠬᠤᠯᠪᠤᠯᠳᠤᠨ ᠨᠡᠪᠲᠡᠷᠡᠯᠴᠡᠬᠦ》ᠵᠢ ᠠᠬᠢᠭᠤᠯᠵᠤ᠂ ᠬᠠᠤᠯᠢ ᠲᠣᠭ᠍ᠲᠠᠭᠠᠬᠤ᠂ ᠬᠠᠤᠯᠢ ᠬᠡᠷᠡᠭ᠌ᠵᠢᠭᠦᠯᠬᠦ᠌᠂ ᠬᠠᠤᠯᠢ ᠪᠠᠷᠢᠬᠤ ᠡᠯ᠎ᠡ ᠭᠣᠭ᠍ᠴᠣᠭ᠎ᠠ᠎ᠶ᠋ᠢᠨ ᠪᠦᠬᠦ᠌ ᠶᠠᠪᠤᠴᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠵᠠᠬ᠎ᠠ ᠳᠡᠯᠭᠡᠭᠦᠷ᠎ᠦᠨ ᠨᠢᠭᠡ ᠴᠤᠬ᠍ᠴᠠᠵᠢᠯᠳᠠ ᠵᠢᠨ ᠲᠦᠪᠱᠢᠨ᠎ᠢ ᠪᠦᠲᠦᠮᠵᠢᠲᠡᠢ ᠳᠡᠭᠡᠭ᠌ᠰᠢᠯᠡᠭᠦᠯᠵᠦ᠍᠂ ᠠᠵᠢᠯᠯᠠᠵᠤ ᠠᠮᠢᠳᠤᠷᠠᠵᠤ ᠵᠢᠭᠤᠯᠴᠢᠯᠠᠬᠤ᠎ᠳᠤ ᠲᠣᠬᠢᠲᠠᠢ ᠴᠢᠨᠠᠷ ᠰᠠᠢᠲᠠᠢ ᠠᠮᠢᠳᠤᠷᠠᠯ᠎ᠤᠨ ᠲᠣᠭᠣᠷᠢᠭ᠎ᠢ ᠪᠠᠢᠭᠤᠯᠵᠤ᠂ ᠱᠢᠶᠠᠩᠭᠠᠩ᠂ ᠣᠣᠮᠧᠨ᠎ᠦ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠡᠩ ᠰᠠᠢᠲᠤᠷ ᠠᠭᠤᠰᠤᠯᠴᠠᠬᠤ ᠪᠠ ᠦᠢᠯᠡᠴᠢᠯᠡᠬᠦ᠌᠎ᠶ᠋ᠢ ᠳᠡᠮᠵᠢᠬᠦ᠌ ᠬᠡᠷᠡᠭ᠌ᠲᠡᠢ᠃ ᠭᠤᠸᠠᠩᠳᠦ᠋ᠩ ᠭᠣᠣᠯ ᠬᠦᠴᠦᠨ ᠪᠠ ᠳᠠᠭᠠᠭᠤᠯᠤᠭᠴᠢ᠎ᠶᠢᠨ ᠦᠢᠯᠡᠳᠦᠯ᠎ᠢᠶᠡᠨ ᠪᠠᠳᠠᠷᠠᠭᠤᠯᠵᠤ᠂ ᠡᠯ᠎ᠡ ᠲᠠᠯ᠎ᠠ᠎ᠶ᠋ᠢᠨ ᠬᠢᠨ᠎ᠦ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠢᠴᠡᠳ ᠳᠠᠢ᠌ᠴᠢᠯᠠᠨ᠂ ᠥᠷᠭᠡᠨ ᠤᠯᠠᠨ ᠠᠵᠤ ᠠᠬᠤᠢᠯᠠᠯ᠂ ᠲᠤᠰᠭᠠᠢ ᠮᠡᠷᠭᠡᠵᠢᠯ᠎ᠦᠨ ᠦᠢᠯᠡᠴᠢᠯᠡᠭᠡᠨ᠎ᠦ ᠪᠠᠢᠭᠤᠯᠤᠮᠵᠢ᠂ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠪᠠ ᠡᠯ᠎ᠡ ᠲᠦᠷᠦᠯ᠎ᠦᠨ ᠴᠢᠳᠠᠪᠤᠷᠢᠲᠠᠨ᠎ᠤ ᠦᠢᠯᠡᠳᠦᠯ᠎ᠢ ᠪᠠᠳᠠᠷᠠᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠰᠢ᠎ᠵᠢᠨ᠎ᠫᠢᠩ᠂ ᠭᠤᠸᠠᠩᠳᠦ᠋ᠩ᠎ᠦᠨ ᠠᠵᠢᠯ᠎ᠢ ᠰᠠᠢᠲᠤᠷ ᠬᠢᠬᠦ᠌᠎ᠳᠦ ᠡᠷᠬᠡᠪᠰᠢ ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ ᠬᠡᠷᠡᠭ᠌ᠲᠡᠢ᠃ ᠺᠠᠳ᠋ᠷ᠎ᠭᠡᠬᠦ ᠡᠨᠡ ᠬᠦ᠌ ᠱᠢᠢᠳᠪᠦᠷᠢᠯᠡᠭ᠌ᠴᠢ ᠴᠢᠨᠠᠷᠲᠠᠢ ᠬᠦᠴᠦᠨ ᠵᠦᠢᠯ᠎ᠢ ᠠᠳᠭᠤᠵᠤ᠂  ᠱᠢᠯᠢᠳᠡᠭ᠎ᠢ ᠨᠢ ᠰᠣᠩᠭᠣᠨ ᠬᠦᠴᠦᠷᠭᠡᠭ᠎ᠢ ᠰᠢᠯᠢᠨ ᠤᠳᠤᠷᠢᠳᠬᠤ ᠪᠠᠭ᠎ᠢ ᠲᠤᠬᠢᠷᠠᠭᠤᠯᠵᠤ᠂ ᠨᠠᠮᠴᠢ ᠴᠢᠨᠠᠷ᠎ᠢᠶᠠᠷ ᠴᠢᠩᠭ᠎ᠠ᠂ ᠬᠠᠷᠠᠴᠠ ᠥᠷᠭᠡᠨ᠂ ᠱᠢᠨ᠎ᠡ᠎ᠶ᠋ᠢ ᠡᠭᠦᠳᠬᠦ᠌᠎ᠳᠡᠭᠡᠨ ᠴᠢᠳᠠᠮᠠᠭᠠᠢ᠂ ᠦᠨᠡᠨ ᠬᠦ᠌ ᠠᠳᠭᠤᠵᠤ ᠪᠣᠳᠠᠲᠠᠢ ᠠᠵᠢᠯᠯᠠᠬᠤ ᠺᠠᠳ᠋ᠷ᠎ᠤᠨ ᠡᠩᠨᠡᠭᠡ᠎ᠶ᠋ᠢ ᠪᠠᠢᠭᠤᠯᠬᠤ ᠬᠡᠷᠡᠭ᠌ᠲᠡᠢ᠃ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌᠎ᠶ᠋ᠢ ᠡᠷᠬᠡ᠎ᠶ᠋ᠢ ᠬᠡᠷᠡᠭᠵᠢᠬᠦᠯᠬᠦ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠢᠯᠵᠢᠷᠠᠬᠦ᠎ᠡᠴᠡ ᠵᠢᠷᠦᠬᠡᠱᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠪᠠᠷ ᠰᠠᠢ᠌ᠨ ᠰᠠᠢᠬᠠᠨ ᠬᠥᠭ᠌ᠵᠢᠯᠲᠡ᠎ᠶ᠋ᠢᠨ ᠣᠷᠴᠢᠨ ᠨᠦᠬᠦᠴᠡᠯ᠎ᠢ ᠪᠦᠷᠢᠯᠳᠦᠭᠦᠯᠬᠦ᠌᠎ᠶᠢ ᠬᠦᠳᠦᠯᠦᠨ ᠲᠠᠭᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠰᠢ᠎ᠵᠢᠨ᠎ᠫᠢᠩ᠂ ᠤᠳᠤ ᠵᠢᠯ᠎ᠦᠨ ᠡᠴᠦᠰ ᠪᠣᠯᠲᠠᠯ᠎ᠠ ᠪᠠᠰᠠ ᠰᠠᠷ᠎ᠠ ᠭᠠᠷᠤᠢ᠎ᠶ᠋ᠢᠨ ᠬᠤᠭᠤᠴᠠᠭ᠎ᠠ ᠪᠠᠢᠨ᠎ᠠ᠂ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠯᠢᠭ ᠣᠨᠣᠴᠠᠲᠠᠢ ᠨᠠᠢᠳᠠᠪᠤᠷᠢᠵᠢᠭᠤᠯᠵᠤ᠂ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠎ᠪᠠᠷ ᠬᠦᠴᠦᠯᠡᠵᠦ᠍᠂ ᠠᠷᠠᠳ᠎ᠲᠤ ᠠᠱᠢᠭ ᠬᠦᠷᠲᠡᠭᠡᠬᠦ᠌ ᠡᠯ᠎ᠡ ᠵᠦᠢᠯ᠎ᠦᠨ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠪᠣᠯᠤᠨ ᠲᠣᠭ᠍ᠲᠠᠭᠤᠨ᠎ᠢ ᠬᠠᠮᠠᠭᠠᠯᠠᠬᠤ ᠠᠵᠢᠯ᠎ᠢ ᠰᠠᠢᠲᠤᠷ ᠬᠢᠵᠦ᠍᠂ ᠪᠦᠬᠦ᠌ ᠵᠢᠯ᠎ᠦᠨ ᠬᠠᠷᠠᠯᠲᠠ ᠡᠭᠦᠷᠭᠡ᠎ᠪᠡᠨ ᠴᠢᠷᠮᠠᠢᠨ ᠪᠡᠶᠡᠯᠡᠭᠦᠯᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠥᠪ᠎ᠦᠨ ᠠᠯᠪᠠᠨ ᠲᠢᠩᠬᠢᠮ᠎ᠦᠨ ᠡᠷᠬᠢᠯᠡᠭ᠌ᠴᠢ ᠼᠠᠢ ᠴᠢ ᠪᠠᠷ᠎ᠠ ᠪᠤᠯᠵᠤ ᠱᠢᠨᠵᠢᠯᠡᠨ ᠪᠠᠢᠴᠠᠭᠠᠪᠠ᠃

ᠾᠧ ᠯᠢ ᠹᠸᠩ ᠵᠢᠴᠢ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠪᠠᠷ᠎ᠠ ᠪᠤᠯᠵᠤ ᠱᠢᠨᠵᠢᠯᠡᠨ ᠪᠠᠢᠴᠠᠭᠠᠪᠠ᠃

ᠱᠢᠨᠬᠤᠸᠠ ᠬᠤᠷᠢᠶ᠎ᠠ᠎ᠶᠢᠨ ᠭᠤᠸᠠᠩᠵᠧᠦ᠍᠎ᠶ᠋ᠢᠨ 11 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            