11 ᠰᠠᠷ᠎ᠠ᠎ᠶ᠋ᠢᠨ 12 ᠤ᠋ᠨ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠢᠷᠡᠭ᠌ᠰᠡᠨ ᠢᠰᠫᠠᠨᠢ᠎ᠶ᠋ᠢᠨ ᠤᠯᠤᠰ᠎ᠤᠨ ᠸᠠᠩ ᠹᠢᠯᠢᠫᠸᠢ ᠵᠢᠷᠭᠤᠳᠤᠭᠠᠷ ᠲᠠᠢ ᠠᠭᠤᠯᠵᠠᠪᠠ᠃

11 ᠰᠠᠷ᠎ᠠ᠎ᠶ᠋ᠢᠨ 12 ᠤ᠋ᠨ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠢᠷᠡᠭ᠌ᠰᠡᠨ ᠢᠰᠫᠠᠨᠢ᠎ᠶ᠋ᠢᠨ ᠤᠯᠤᠰ᠎ᠤᠨ ᠸᠠᠩ ᠹᠢᠯᠢᠫᠸᠢ ᠵᠢᠷᠭᠤᠳᠤᠭᠠᠷ ᠲᠠᠢ ᠠᠭᠤᠯᠵᠠᠪᠠ᠃ ᠵᠢᠷᠤᠭ ᠪᠤᠯ ᠰᠢ᠎ᠵᠢᠨ᠎ᠫᠢᠩ ᠬᠠᠳᠤᠨ ᠫᠸᠩ ᠯᠢ ᠶᠤᠸᠠᠨ ᠲᠠᠢ᠎ᠪᠠᠨ ᠹᠢᠯᠢᠫᠸᠢ ᠵᠢᠷᠭᠤᠳᠤᠭᠠᠷ ᠪᠣᠯᠤᠨ ᠸᠠᠩ᠎ᠤᠨ ᠬᠠᠳᠤᠨ ᠯᠠᠢ᠌ᠳᠢᠱᠢᠶᠠ ᠲᠠᠢ ᠬᠠᠮᠳᠤ ᠰᠠᠭᠦᠳᠡᠷ ᠲᠠᠳᠠᠭᠤᠯᠵᠤ ᠪᠠᠢᠭ᠎ᠠ ᠨᠢ᠃
ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠬᠤᠸᠠᠩ ᠵᠢᠩ ᠸᠸᠨ ᠰᠡᠭᠦᠳᠡᠷᠯᠡᠪᠡ
ᠰᠢ᠎ᠵᠢᠨ᠎ᠫᠢᠩ ᠹᠢᠯᠢᠫᠸᠢ ᠵᠢᠷᠭᠤᠳᠤᠭᠠᠷ ᠤᠯᠤᠰ᠎ᠤᠨ ᠸᠠᠩ᠎ᠤᠨ ᠳᠤᠮᠳᠠᠳᠤ ᠤᠯᠤᠰ᠎ᠲᠤ ᠠᠢᠯᠴᠢᠯᠠᠬᠤ᠎ᠪᠠᠷ ᠢᠷᠡᠭ᠌ᠰᠡᠨ᠎ᠢ ᠪᠠᠶᠠᠷᠯᠠᠨ ᠤᠭ᠍ᠲᠤᠵᠤ ᠪᠠᠢᠨ᠎ᠠ᠂ ᠳᠤᠮᠳᠠᠳᠤ ᠤᠯᠤᠰ ᠪᠣᠯᠤᠨ ᠢᠰᠫᠠᠨᠢ ᠴᠥᠮ ᠭᠦᠨ ᠵᠤᠵᠠᠭᠠᠨ ᠲᠡᠦᠬᠡ ᠰᠣᠶᠣᠯ᠎ᠤᠨ ᠤᠤᠷ ᠲᠤᠨᠳᠠᠰᠤ ᠲᠠᠢ ᠶᠤᠮ᠃ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 50 ᠭᠠᠷᠤᠶ ᠵᠢᠯ᠎ᠦᠨ ᠲᠤᠷᠰᠢ᠂ ᠬᠣᠶᠠᠷ ᠤᠯᠤᠰ᠎ᠢᠶᠠᠷ᠎ᠢᠶᠠᠨ ᠪᠠᠢᠯᠳᠤᠬᠤ ᠪᠣᠳᠣᠯᠭ᠎ᠠ᠎ᠶ᠋ᠢᠨ ᠦᠨᠳᠦᠷᠴᠡ ᠪᠣᠯᠤᠨ ᠠᠯᠤᠰ ᠬᠡᠲᠦ᠍᠎ᠶ᠋ᠢᠨ ᠬᠠᠷᠠᠭᠠᠰᠤ᠎ᠡᠴᠡ ᠬᠣᠶᠠᠷ ᠲᠠᠯ᠎ᠠ᠎ᠶ᠋ᠢᠨ ᠬᠠᠷᠢᠯᠴᠠᠭ᠎ᠠ᠎ᠳᠤ ᠬᠠᠨᠳᠤᠬᠤ ᠪᠠ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠬᠠᠷᠢᠯᠴᠠᠨ ᠬᠦᠨᠳᠦᠳᠭᠡᠵᠦ᠍᠂ ᠬᠠᠷᠢᠯᠴᠠᠨ ᠳᠡᠮᠵᠢᠵᠦ᠍᠂ ᠬᠠᠷᠢᠯᠴᠠᠨ ᠠᠮᠵᠢᠯᠲᠠ ᠪᠦᠲᠦᠮᠵᠢ ᠣᠯᠵᠤ᠂ ᠠᠳᠠᠯᠢ ᠪᠤᠰᠤ ᠲᠡᠦᠬᠡ ᠰᠣᠶᠣᠯ᠂ ᠠᠳᠠᠯᠢ ᠪᠤᠰᠤ ᠨᠡᠢᠭᠡᠮ᠎ᠦᠨ ᠪᠠᠢᠭᠤᠯᠤᠯ ᠪᠦᠬᠦᠢ ᠤᠯᠤᠰ᠎ᠤᠳ᠎ᠤᠨ ᠨᠥᠬᠥᠷᠰᠡᠭ᠎ᠢᠶᠡᠷ ᠶᠠᠪᠤᠯᠴᠠᠬᠤ᠂ ᠬᠥᠭ᠌ᠵᠢᠯᠲᠡ᠎ᠶ᠋ᠢ ᠬᠠᠮᠲᠤ᠎ᠪᠠᠷ ᠰᠦᠪᠡᠭ᠌ᠴᠢᠯᠡᠬᠦ᠌ ᠬᠡᠪ ᠳᠠᠭᠤᠷᠢᠶᠠᠯ᠎ᠢ ᠪᠣᠶ ᠪᠣᠯᠭᠠᠭ᠍ᠰᠠᠨ ᠪᠥᠭᠡᠳ ᠪᠠᠰᠠ ᠪᠥᠬᠥ᠌ ᠪᠥᠮᠪᠥᠷᠴᠡᠭ᠎ᠦᠨ ᠨᠡᠭᠡᠭᠡᠯᠲᠡ ᠬᠢᠵᠦ᠍ ᠬᠠᠮᠲᠤᠷᠠᠯᠴᠠᠬᠤ᠎ᠶ᠋ᠢ ᠠᠬᠢᠭᠤᠯᠬᠤ᠂ ᠣᠯᠠᠨ ᠤᠯᠤᠰ᠎ᠤᠨ ᠲᠥᠪ ᠭᠤᠤᠯᠴᠢ ᠱᠢᠳᠤᠷᠭᠤ ᠶᠣᠰᠣ᠎ᠶ᠋ᠢ ᠬᠠᠮᠠᠭᠠᠯᠠᠬᠤ᠎ᠳᠤ ᠴᠢᠬᠤᠯᠠ ᠦᠢᠯᠡᠳᠦᠯ ᠦᠵᠡᠭᠦᠯᠪᠡ᠃ ᠢᠰᠫᠠᠨᠢ᠎ᠶ᠋ᠢᠨ ᠸᠠᠩ᠎ᠤᠨ ᠤᠭ᠍ᠰᠠᠭ᠎ᠠ ᠳᠤᠮᠳᠠᠳᠤ ᠢᠰᠫᠠᠨᠢ᠎ᠶ᠋ᠢᠨ ᠬᠠᠷᠢᠯᠴᠠᠭ᠎ᠠ᠎ᠶ᠋ᠢᠨ ᠬᠥᠭ᠌ᠵᠢᠯᠲᠡ᠎ᠳᠦ ᠲᠤᠪᠤᠢ᠌ᠮ᠎ᠠ ᠬᠤᠪᠢ ᠨᠡᠮᠡᠷᠢ ᠦᠵᠡᠭᠦᠯᠪᠡ᠃ ᠬᠣᠶᠠᠷ ᠤᠯᠤᠰ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ ᠪᠠᠢᠭᠤᠯᠤᠭ᠍ᠰᠠᠨ 20 ᠵᠢᠯ᠎ᠦᠨ ᠤᠢ᠎ᠪᠠᠨ ᠤᠭ᠍ᠲᠤᠵᠤ ᠪᠠᠢᠬᠤ ᠲᠠᠱᠢᠷᠠᠮᠳ᠋ᠤ᠂ ᠹᠢᠯᠢᠫᠸᠢ ᠵᠢᠷᠭᠤᠳᠤᠭᠠᠷ ᠤᠯᠤᠰ᠎ᠤᠨ ᠸᠠᠩ ᠳᠤᠮᠳᠠᠳᠤ ᠤᠯᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠵᠦ᠍ ᠪᠠᠢᠭ᠎ᠠ ᠨᠢ ᠬᠣᠶᠠᠷ ᠤᠯᠤᠰ᠎ᠤᠨ ᠨᠥᠬᠥᠷᠰᠡᠭ ᠬᠠᠮᠲᠤᠷᠠᠯᠴᠠᠭ᠎ᠠ᠎ᠶ᠋ᠢᠨ ᠲᠠᠰᠤᠷᠠᠯᠳᠡ ᠦᠭᠡᠢ ᠤᠷᠤᠬ᠍ᠰᠢ ᠬᠥᠭ᠌ᠵᠢᠬᠦ᠌᠎ᠶ᠋ᠢ ᠠᠬᠢᠭᠤᠯᠬᠤ᠎ᠳᠤ ᠴᠢᠬᠤᠯᠠ ᠠᠴᠢ ᠬᠣᠯᠪᠣᠭ᠍ᠳᠠᠯ ᠲᠠᠢ ᠶᠤᠮ ᠭᠡᠵᠦ ᠵᠢᠭᠠᠵᠤ ᠭᠠᠷᠭᠠᠪᠠ᠃
ᠰᠢ᠎ᠵᠢᠨ᠎ᠫᠢᠩ᠂ ᠳᠤᠮᠳᠠᠳᠤ ᠤᠯᠤᠰ ᠢᠰᠫᠠᠨᠢᠯᠤᠭᠠᠶ᠋ᠢᠨ ᠤᠯᠠᠮᠵᠢᠯᠠᠯᠲᠤ ᠨᠥᠬᠥᠷᠯᠡᠯ᠎ᠢᠶᠡᠨ ᠨᠠᠨᠳᠢᠩᠨᠠᠵᠤ᠂ ᠢᠰᠫᠠᠨᠢ᠎ᠶ᠋ᠢᠨ ᠳᠡᠯᠡᠬᠡᠢ᠎ᠶ᠋ᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠳᠠᠬᠢ ᠥᠪᠡᠷᠮᠢᠴᠡ ᠦᠢᠯᠡᠳᠦᠯ᠎ᠢ ᠴᠢᠬᠤᠯᠠᠴᠢᠯᠠᠵᠤ᠂ ᠳᠤᠷᠠᠲᠠᠶ᠎ᠠ ᠢᠰᠫᠠᠨᠢ ᠲᠠᠢ ᠬᠠᠮᠲᠤ᠎ᠪᠠᠷ ᠨᠡᠩ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ ᠲᠡᠢ᠂ ᠨᠡᠩ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ ᠲᠡᠢ᠂ ᠲᠡᠯᠡᠬᠡᠢ ᠳ᠋ᠡᠬᠢᠨ᠎ᠳᠤ ᠨᠡᠩ ᠨᠥᠯᠥᠭᠡᠯᠡᠬᠦ᠌ ᠬᠦᠴᠦᠨ ᠲᠡᠢ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢ ᠭᠠᠷ ᠬᠣᠯᠪᠣᠨ ᠪᠠᠢᠭᠤᠯᠤᠨ᠎ᠠ᠃ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠳᠡᠮᠵᠢᠬᠦ᠌᠎ᠪᠡᠨ ᠤᠯᠠᠮ ᠪᠠᠲᠤᠳᠭᠠᠵᠤ᠂ ᠳᠡᠭᠡᠳᠦ ᠳᠠᠪᠬᠤᠷᠭ᠎ᠠ᠎ᠶ᠋ᠢᠨ ᠶᠠᠪᠤᠯᠴᠠᠭ᠎ᠠ᠎ᠵᠢᠨ ᠬᠠᠨᠳᠤᠰᠢ᠎ᠶᠢ ᠪᠠᠲᠤᠯᠠᠵᠤ᠂ ᠪᠠᠢᠯᠳᠤᠬᠤ ᠪᠤᠳᠤᠯᠭ᠎ᠠ᠎ᠶ᠋ᠢᠨ ᠵᠢᠯᠣᠭᠣᠳᠤᠮᠵᠢ᠎ᠪᠠᠨ ᠴᠢᠩᠭᠠᠳᠭᠠᠵᠤ᠂ ᠬᠣᠶᠠᠷ ᠤᠯᠤᠰ᠎ᠤᠨ ᠬᠠᠷᠢᠯᠴᠠᠭ᠎ᠠ ᠢᠮᠠᠭ᠍ᠲᠠ ᠵᠥᠪ ᠵᠠᠮ᠎ᠢᠶᠠᠷ ᠵᠠᠮᠨᠠᠬᠤ᠎ᠶ᠋ᠢ ᠪᠠᠲᠤᠯᠠᠶ᠎ᠠ᠃ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠤᠯᠠᠮ ᠠᠬᠢᠭᠤᠯᠵᠤ᠂ ᠳᠤᠮᠳᠠᠳᠤ ᠤᠯᠤᠰ ᠳᠤᠷᠠᠲᠠᠶ᠎ᠠ ᠢᠰᠫᠠᠨᠢ᠎ᠶ᠋ᠢᠨ ᠨᠡᠩ ᠤᠯᠠᠨ ᠴᠢᠨᠠᠷ ᠰᠠᠢᠲᠠᠢ ᠦᠢᠯᠡᠳᠬᠦᠨ᠎ᠢ ᠣᠷᠣᠭᠤᠯᠵᠤ᠂ ᠱᠢᠨ᠎ᠡ ᠡᠨᠧᠷᠭᠢ᠂ ᠲᠣᠭᠠᠴᠢᠯᠠᠭ᠍ᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠬᠠᠮᠲᠤᠷᠠᠯᠴᠠᠭᠠᠨ᠎ᠤ ᠲᠠᠯᠳᠠ ᠬᠦᠴᠦᠨ᠎ᠢ ᠠᠭᠤᠳᠠᠯᠵᠤ᠂ ᠬᠠᠷᠢᠯᠴᠠᠨ ᠪᠡᠯᠡ ᠣᠷᠣᠭᠤᠯᠤᠯᠲᠠ᠎ᠪᠠᠨ ᠥᠷᠭᠡᠳᠭᠡᠵᠦ᠍᠂ ᠨᠡᠩ ᠤᠯᠠᠨ ᠪᠡᠯᠭᠡ ᠲᠡᠮᠳᠡᠭ᠎ᠦᠨ ᠴᠢᠨᠠᠷᠲᠠᠢ ᠲᠦᠷᠦᠯ ᠵᠦᠢᠯ᠎ᠢ ᠴᠣᠭ᠍ᠴᠠᠯᠠᠶ᠎ᠠ᠃ ᠬᠣᠶᠠᠷ ᠲᠠᠯ᠎ᠠ᠎ᠪᠠᠷ᠎ᠢᠶᠠᠨ ᠪᠠᠰᠠ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠵᠦ᠍᠂ ᠯᠠᠲ᠋ᠢᠨ ᠠᠮᠧᠷᠢᠺᠠ ᠵᠡᠷᠭᠡ ᠭᠤᠷᠪᠠᠳᠠᠬᠢ ᠡᠲᠡᠭᠡᠳ᠎ᠦᠨ ᠵᠠᠬ᠎ᠠ ᠳᠡᠯᠭᠡᠭᠦᠷ᠎ᠢ ᠬᠠᠮᠲᠤ᠎ᠪᠠᠷ ᠨᠡᠭᠡᠭᠡᠵᠦ᠍ ᠪᠣᠯᠤᠨ᠎ᠠ᠃ ᠠᠷᠠᠳ᠎ᠤᠨ ᠰᠡᠳᠭᠢᠯ᠎ᠦᠨ ᠨᠡᠪᠲᠡᠷᠡᠯᠴᠡᠭᠡ᠎ᠶ᠋ᠢ ᠤᠯᠠᠮ ᠠᠬᠢᠭᠤᠯᠵᠤ᠂ ᠰᠣᠶᠣᠯ ᠰᠤᠷᠭᠠᠨ ᠬᠥᠮᠦᠵᠢᠯ᠎ᠦᠨ ᠬᠦᠷᠢᠶᠡᠨ᠎ᠳ᠋ᠡᠬᠢ ᠰᠣᠯᠢᠯᠴᠠᠭ᠎ᠠ᠎ᠶ᠋ᠢ ᠴᠢᠩᠭᠠᠳᠭᠠᠵᠤ᠂ ᠲᠤᠰ ᠲᠤᠰ᠎ᠤᠨ᠎ᠢᠶᠠᠨ ᠨᠦᠬᠦᠬᠡ ᠤᠯᠤᠰ᠎ᠲᠠᠬᠢ ᠰᠣᠶᠣᠯ ᠪᠠ ᠦᠭᠡ ᠬᠡᠯᠡᠨ᠎ᠦ ᠪᠠᠢᠭᠤᠯᠤᠮᠵᠢ᠎ᠶ᠋ᠢ ᠰᠠᠢᠲᠤᠷ ᠡᠷᠬᠢᠯᠡᠬᠦ᠌᠎ᠶ᠋ᠢ ᠬᠠᠷᠢᠯᠴᠠᠨ ᠳᠡᠮᠵᠢᠶ᠎ᠡ᠃ ᠳᠤᠮᠳᠠᠳᠤ ᠤᠯᠤᠰ ᠢᠰᠫᠠᠨᠢ᠎ᠳᠤ ᠦᠯᠦ ᠸᠢᠰᠠᠯᠠᠬᠤ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠬᠥᠮᠦᠰ᠎ᠦᠨ ᠶᠠᠪᠤᠯᠴᠠᠭ᠎ᠠ᠎ᠳᠤ ᠲᠥᠬᠥᠮ ᠦᠵᠡᠭᠦᠯᠵᠦ᠍᠂ ᠬᠣᠶᠠᠷ ᠤᠯᠤᠰ᠎ᠤᠨ ᠠᠷᠠᠳ ᠣᠯᠠᠨ᠎ᠢ ᠶᠠᠪᠤᠬᠤ ᠲᠤᠲᠤᠮ ᠳᠣᠲᠣᠨᠣ ᠪᠣᠯᠭᠠᠨ᠎ᠠ ᠭᠡᠵᠦ ᠴᠢᠬᠤᠯᠠᠴᠢᠯᠠᠪᠠ᠃
ᠰᠢ᠎ᠵᠢᠨ᠎ᠫᠢᠩ᠂ ᠡᠨᠡ ᠵᠢᠯ ᠪᠣᠯ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠪᠠᠢᠭᠤᠯᠤᠭ᠍ᠳᠠᠭ᠍ᠰᠠᠨ 80 ᠵᠢᠯ᠎ᠦᠨ ᠤᠢ ᠪᠣᠯᠤᠨ᠎ᠠ᠃ ᠣᠳᠣᠬᠠᠨ᠎ᠤ ᠳᠡᠯᠡᠬᠡᠢ ᠶᠢᠷᠲᠢᠨᠴᠦ᠍ ᠱᠢᠨ᠎ᠡ ᠣᠷᠣᠭ᠎ᠠ ᠪᠤᠰᠭᠠᠭ᠎ᠠ ᠬᠤᠪᠢᠰᠤᠯᠲᠠ᠎ᠶ᠋ᠢᠨ ᠬᠤᠭᠤᠴᠠᠭᠠᠨ᠎ᠳᠤ ᠣᠷᠣᠵᠤ᠂ ᠡᠩᠬᠡ ᠲᠠᠢᠪᠤᠩ ᠪᠣᠯᠤᠨ ᠬᠥᠭ᠌ᠵᠢᠯᠲᠡ᠎ᠶ᠋ᠢᠨ ᠦᠢᠯᠡᠰ᠎ᠦᠨ ᠡᠭᠦᠷᠭᠡ ᠬᠦᠨᠳᠦ ᠵᠠᠮ ᠬᠤᠯᠠ ᠪᠠᠢᠬᠰᠠᠭᠠᠷ᠃ ᠮᠢᠨᠦ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ᠎ᠪᠠᠷ ᠳᠤᠷᠠᠳᠤᠭ᠍ᠰᠠᠨ᠎ᠨᠢ ᠡᠯ᠎ᠡ ᠤᠯᠤᠰ᠎ᠤᠨ ᠬᠢᠨ ᠨᠡᠢᠭᠡᠮ᠎ᠦᠨ ᠪᠠᠢᠭᠤᠯᠤᠯ᠎ᠤᠨ ᠵᠥᠷᠢᠶ᠎ᠡ ᠪᠣᠯᠤᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠵᠥᠷᠢᠯᠳᠦᠭᠡᠨ᠎ᠢ ᠳᠠᠪᠠᠵᠤ᠂ ᠶᠠᠷᠢᠯᠴᠠᠭ᠎ᠠ ᠪᠠ ᠵᠥᠪᠳᠡᠯᠴᠡᠭᠡ᠎ᠪᠡᠷ ᠳᠡᠮᠵᠢᠨ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠵᠤ᠂ ᠬᠠᠮᠲᠤ᠎ᠪᠠᠷ ᠡᠯ᠎ᠡ ᠤᠯᠤᠰ᠎ᠤᠨ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠢ ᠪᠣᠳᠠᠲᠤ ᠠᠬᠤᠶ ᠪᠣᠯᠭᠠᠨ ᠬᠤᠪᠢᠷᠠᠭᠤᠯᠬᠤ᠎ᠶ᠋ᠢ ᠬᠦᠰᠡᠭ᠌ᠰᠡᠨ ᠶᠠᠪᠤᠳᠠᠯ ᠪᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠢᠰᠫᠠᠨᠢ ᠲᠠᠢ ᠬᠠᠮᠲᠤ᠎ᠪᠠᠷ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠤᠯᠠᠨ ᠤᠯᠤᠰ᠎ᠤᠨ ᠬᠡᠷᠡᠭ ᠶᠠᠪᠤᠳᠠᠯ ᠳᠤᠮᠳᠠ ᠭᠣᠣᠯᠯᠠᠬᠤ ᠦᠢᠯᠡᠳᠦᠯ᠎ᠢᠶᠡᠨ ᠪᠠᠳᠠᠷᠠᠭᠤᠯᠬᠤ᠎ᠶ᠋ᠢ ᠲᠠᠮᠵᠢᠵᠤ᠂ ᠴᠢᠯᠥᠭᠡᠲᠦ ᠠᠷᠠᠯᠵᠢᠶᠠᠨ᠎ᠤ ᠲᠦᠷᠢᠮ ᠪᠣᠯᠤᠨ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠡᠮᠬᠢ ᠳᠢᠭᠯᠢᠮ᠎ᠢ ᠬᠠᠮᠠᠭᠠᠯᠠᠵᠤ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃
ᠹᠢᠯᠢᠫᠸᠢ ᠵᠢᠷᠭᠤᠳᠤᠭᠠᠷ᠂ ᠢᠰᠫᠠᠨᠢ ᠳᠤᠮᠳᠠᠳᠤ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ 20 ᠵᠢᠯ᠎ᠦᠨ ᠤᠢ ᠬᠦᠷᠴᠤ ᠢᠷᠡᠬᠦ ᠲᠠᠱᠢᠷᠠᠮᠳ᠋ᠤ ᠳᠤᠮᠳᠠᠳᠤ ᠤᠯᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠭ᠌ᠰᠡᠨ᠎ᠳᠡᠭᠡᠨ ᠮᠠᠰᠢ ᠪᠠᠶᠠᠷ ᠲᠠᠢ ᠪᠠᠢᠨ᠎ᠠ᠃ ᠢᠰᠫᠠᠨᠢ ᠪᠣᠯᠤᠨ ᠳᠤᠮᠳᠠᠳᠤ ᠤᠯᠤᠰ᠎ᠤᠨ ᠨᠥᠬᠥᠷᠰᠡᠭ ᠶᠠᠪᠤᠯᠴᠠᠭ᠎ᠠ ᠥᠨᠢ ᠤᠳᠠᠭᠠᠨ ᠲᠡᠦᠬᠡ ᠲᠡᠢ ᠶᠤᠮ᠂ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ᠎ᠠᠴᠠ ᠨᠠᠭᠠᠰᠢ᠂ ᠬᠣᠶᠠᠷ ᠤᠯᠤᠰ ᠢᠮᠠᠭ᠍ᠲᠠ ᠬᠠᠷᠢᠯᠴᠠᠨ ᠢᠲᠡᠭᠡᠯᠴᠡᠵᠦ᠍᠂ ᠬᠠᠷᠢᠯᠴᠠᠨ ᠬᠦᠨᠳᠦᠳᠭᠡᠵᠦ᠍᠂ ᠬᠠᠮᠲᠤ᠎ᠪᠠᠷ ᠬᠥᠭ᠌ᠵᠢᠨ ᠴᠡᠴᠡᠭ᠌ᠯᠡᠬᠦ᠌᠎ᠪᠡᠷ ᠴᠢᠷᠮᠠᠢᠪᠠ᠃ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠤ᠂ ᠬᠥᠮᠦᠰ᠎ᠢ ᠪᠢᠱᠢᠷᠡᠭᠦᠯᠦᠨᠡ᠂ ᠢᠯᠠᠩᠭᠤᠶ᠎ᠠ ᠶᠠᠳᠠᠭᠤ᠎ᠠᠴᠠ ᠠᠩᠭᠢᠵᠢᠷᠠᠭᠤᠯᠤᠭᠰᠠᠨ ᠪᠠ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠦ ᠬᠥᠭ᠌ᠵᠢᠯᠲᠡ᠎ᠶ᠋ᠢᠨ ᠲᠠᠯ᠎ᠠ᠎ᠪᠠᠷ ᠬᠢ ᠠᠮᠵᠢᠯᠲᠠ ᠲᠠᠢ ᠲᠤᠷᠱᠢᠯᠭ᠎ᠠ ᠨᠢ ᠲᠤᠯᠢ ᠪᠣᠯᠭᠠᠭᠤᠱᠢᠲᠠᠢ ᠶᠤᠮ᠃ ᠢᠰᠫᠠᠨᠢ᠎ᠶ᠋ᠢᠨ ᠵᠠᠰᠠᠭ᠎ᠤᠨ ᠣᠷᠳᠣᠨ ᠨᠢᠭᠡ ᠳᠤᠮᠳᠠᠳᠤ ᠤᠯᠤᠰ ᠪᠠᠢᠬᠤ ᠲᠥᠷᠥ᠎ᠶ᠋ᠢᠨ ᠪᠣᠳᠣᠯᠭ᠎ᠠ᠎ᠶ᠋ᠢ ᠭᠤᠢᠪᠢᠰᠢ ᠥᠬᠡᠶ ᠬᠡᠷᠡᠭ᠌ᠵᠢᠭᠦᠯᠵᠦ᠍᠂ ᠤᠯᠤᠰ᠎ᠤᠨ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ ᠪᠠᠨ ᠬᠠᠮᠠᠭᠠᠯᠠᠬᠤ᠎ᠶ᠋ᠢ ᠳᠡᠮᠵᠢᠵᠦ᠍᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠣᠶᠠᠷ ᠤᠯᠤᠰ᠎ᠤᠨ ᠪᠥᠬᠥ᠌ ᠲᠠᠯ᠎ᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠲᠠᠰᠤᠷᠠᠯᠲᠠ ᠥᠬᠡᠶ ᠤᠷᠤᠭ᠍ᠰᠢ ᠬᠥᠭ᠌ᠵᠢᠬᠦ᠌᠎ᠶ᠋ᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠠᠩ ᠣᠯᠠᠨ ᠪᠤᠶᠠᠨ ᠦᠶ᠋ᠯᠡᠳᠴᠦ᠍᠂ ᠳᠡᠯᠡᠬᠡᠶ᠎ᠶ᠋ᠢᠨ ᠡᠩᠬᠡ ᠲᠠᠢᠪᠤᠩ ᠲᠣᠭ᠍ᠲᠠᠭᠤᠨ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ᠎ᠤᠨ ᠠᠵᠤ ᠠᠬᠤᠢᠯᠠᠯ᠎ᠤᠨ ᠪᠡᠯᠡ ᠣᠷᠣᠭᠤᠯᠤᠯᠲᠠ ᠢᠰᠫᠠᠨᠢ᠎ᠶ᠋ᠢᠨ ᠠᠵᠤ ᠠᠬᠤᠢ᠎ᠶ᠋ᠢᠨ ᠬᠥᠭ᠌ᠵᠢᠯᠲᠡ ᠪᠣᠯᠤᠨ ᠪᠣᠬᠢᠷᠲᠤᠯ ᠦᠭᠡᠢ ᠳᠡᠢᠰᠢ ᠬᠡᠯᠪᠡᠷᠢ ᠪᠠᠨ ᠬᠤᠪᠢᠷᠠᠭᠤᠯᠬᠤ᠎ᠶ᠋ᠢ ᠬᠦᠴᠦᠲᠡᠢ ᠠᠬᠢᠭᠤᠯᠪᠠ᠃ ᠢᠰᠫᠠᠨᠢ᠎ᠶᠢᠨ ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠨᠢᠭ᠍ᠲᠠ ᠶᠠᠪᠤᠯᠴᠠᠭ᠎ᠠ᠎ᠪᠠᠨ ᠪᠠᠲᠤᠯᠠᠵᠤ᠂ ᠳᠤᠮᠳᠠᠳᠤ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢ ᠬᠡᠷᠡᠭᠵᠢᠬᠦᠯᠬᠦ ᠴᠢᠬᠤᠯᠠ ᠠᠵᠠ ᠲᠣᠬᠢᠶᠠᠯ᠎ᠢ ᠡᠵᠡᠮᠳᠡᠵᠦ᠍᠂ ᠠᠵᠤ ᠠᠬᠤᠢ ᠠᠷᠠᠯᠵᠢᠶ᠎ᠠ᠂ ᠠᠵᠤ ᠦᠢᠯᠡᠳᠪᠦᠷᠢ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠪᠣᠬᠢᠷᠲᠤᠯ ᠦᠭᠡᠢ ᠡᠨᠧᠷᠭᠢ ᠵᠡᠷᠭᠡ ᠬᠦᠷᠢᠶᠡᠨ᠎ᠳ᠋ᠡᠬᠢ ᠬᠠᠮᠲᠤᠷᠠᠯᠴᠠᠭ᠎ᠠ᠎ᠪᠠᠨ ᠴᠢᠩᠭᠠᠳᠭᠠᠨ᠎ᠠ᠃ ᠳᠤᠮᠳᠠᠳᠤ᠎ᠶ᠋ᠢᠨ ᠲᠠᠯ᠎ᠠ᠎ᠶᠢᠨ ᠬᠢᠨ᠎ᠤ ᠢᠰᠫᠠᠨᠢ᠎ᠳᠤ ᠦᠯᠦ ᠸᠢᠰᠠᠯᠠᠬᠤ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠦᠭ᠌ᠰᠡᠨ᠎ᠳᠦ ᠲᠠᠯᠠᠷᠬᠠᠵᠤ ᠪᠠᠢᠨ᠎ᠠ᠂ ᠳᠤᠷᠠᠲᠠᠶ᠎ᠠ ᠰᠣᠶᠣᠯ᠂ ᠦᠭᠡ ᠬᠡᠯᠡ᠂ ᠵᠢᠭᠤᠯᠴᠢᠯᠠᠯ᠎ᠤᠨ ᠬᠦᠷᠢᠶᠡᠨ᠎ᠳ᠋ᠡᠬᠢ ᠰᠣᠯᠢᠯᠴᠠᠭ᠎ᠠ᠎ᠪᠠᠨ ᠨᠢᠭ᠍ᠲᠠᠷᠠᠭᠤᠯᠵᠤ᠂ ᠠᠷᠠᠳ ᠲᠦᠮᠡᠨ᠎ᠦ ᠨᠥᠬᠥᠷᠯᠡᠯ᠎ᠢ ᠵᠤᠵᠠᠭᠠᠳᠭᠠᠨ᠎ᠠ᠃ ᠲᠡᠦᠬᠡ ᠤᠷᠤᠭ᠍ᠰᠢᠯᠠᠬᠤ᠎ᠠᠴᠠ ᠪᠢᠰᠢ ᠤᠬᠤᠷᠢᠵᠤ ᠪᠣᠯᠬᠤ ᠦᠭᠡᠢ᠃ ᠢᠰᠫᠠᠨᠢ ᠳᠤᠮᠳᠠᠳᠤ ᠬᠣᠶᠠᠷ ᠤᠯᠤᠰ᠎ᠤᠨ ᠮᠠᠰᠢ ᠤᠯᠠᠨ ᠳᠡᠯᠡᠬᠡᠢ᠎ᠶ᠋ᠢᠨ ᠠᠰᠠᠭᠤᠳᠠᠯ᠎ᠤᠨ ᠲᠤᠬᠠᠢ ᠣᠢᠯᠠᠭᠠᠭ᠍ᠳᠠᠬᠤᠨ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠵᠤ᠂ ᠴᠦᠮ ᠤᠯᠠᠨ ᠲᠠᠯᠠᠲᠤ ᠦᠵᠡᠯ᠎ᠢ ᠲᠡᠮᠵᠢᠵᠥ᠍᠂ ᠶᠠᠷᠢᠯᠴᠠᠭ᠎ᠠ ᠵᠥᠪᠳᠡᠯᠴᠡᠭᠡ᠎ᠪᠡᠷ ᠲᠠᠮᠵᠢᠨ ᠮᠠᠷᠭᠤᠯᠳᠤᠭᠠᠨ᠎ᠢ ᠱᠢᠢᠳᠪᠦᠷᠢᠯᠡᠬᠦ᠌᠎ᠶ᠋ᠢ ᠲᠡᠮᠵᠢᠨ᠎ᠡ᠃ ᠢᠰᠫᠠᠨᠢ᠎ᠶ᠋ᠢᠨ ᠬᠢᠨ ᠲᠡᠷᠢᠭᠦᠯᠡᠭ᠌ᠴᠢ ᠰᠢ᠎ᠵᠢᠨ᠎ᠫᠢᠩ᠎ᠦᠨ ᠳᠤᠷᠠᠳᠤᠭ᠍ᠰᠠᠨ ᠪᠦᠬᠦ᠌ ᠪᠥᠮᠪᠥᠷᠴᠡᠭ᠎ᠦᠨ ᠲᠦᠷᠪᠡᠨ ᠶᠡᠬᠡ ᠰᠠᠨᠠᠭᠠᠴᠢᠯᠠᠭ᠎ᠠ᠎ᠶ᠋ᠢ ᠳᠡᠭᠡᠳᠦ ᠬᠡᠮᠵᠢᠶ᠎ᠡ᠎ᠪᠡᠷ ᠮᠠᠭ᠍ᠲᠠᠨ ᠰᠠᠢᠱᠢᠶᠠᠵᠤ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ᠎ᠪᠠᠷ ᠳᠡᠯᠡᠬᠡᠢ᠎ᠶ᠋ᠢᠨ ᠪᠠᠢᠳᠠᠯ᠎ᠳᠠᠬᠢ ᠲᠣᠭ᠍ᠳᠠᠭᠠᠯᠳᠤ ᠪᠤᠰᠤ ᠴᠢᠨᠠᠷ᠎ᠢ ᠠᠷᠭᠠᠴᠠᠭᠠᠵᠤ᠂ ᠤᠯᠠᠨ ᠤᠯᠤᠰ᠎ᠤᠨ ᠠᠷᠠᠯᠵᠢᠶᠠᠨ᠎ᠤ ᠡᠮᠬᠢ ᠳᠢᠭ᠌ᠯᠢᠮ᠎ᠢ ᠬᠠᠮᠠᠭᠠᠯᠠᠵᠤ᠂ ᠪᠦᠬᠦ᠌ ᠪᠥᠮᠪᠥᠷᠴᠡᠭ᠎ᠦᠨ ᠠᠵᠤ ᠠᠬᠤᠢ᠎ᠶ᠋ᠢᠨ ᠲᠣᠭ᠍ᠲᠠᠭᠤᠨ ᠬᠥᠭ᠌ᠵᠢᠯᠲᠡ᠎ᠶ᠋ᠢ ᠠᠬᠢᠭᠤᠯᠤᠨ᠎ᠠ ᠭᠡᠵᠦ ᠢᠯᠡᠳᠬᠡᠪᠡ᠃
ᠠᠭᠤᠯᠵᠠᠯᠲᠠ᠎ᠶ᠋ᠢᠨ ᠳᠠᠷᠠᠭ᠎ᠠ᠂ ᠬᠣᠶᠠᠷ ᠤᠯᠤᠰ᠎ᠤᠨ ᠲᠡᠷᠢᠭᠦᠨ ᠠᠵᠤ ᠠᠬᠤᠢ ᠠᠷᠠᠯᠵᠢᠶ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠰᠤᠷᠭᠠᠨ ᠬᠥᠮᠦᠵᠢᠯ ᠵᠡᠷᠭᠡ ᠬᠦᠷᠢᠶᠡᠨ᠎ᠳᠡᠬᠢ 10 ᠬᠤᠪᠢ ᠬᠠᠮᠲᠤᠷᠠᠯᠴᠠᠭᠠᠨ᠎ᠤ ᠪᠢᠴᠢᠭ᠎ᠲᠦ ᠭᠠᠷᠤᠨ ᠦᠰᠦᠭ ᠵᠢᠷᠤᠬᠤ᠎ᠶ᠋ᠢ ᠬᠠᠮᠲᠤ᠎ᠪᠠᠷ ᠭᠡᠷᠡᠴᠢᠯᠡᠪᠡ᠃
ᠠᠭᠤᠯᠵᠠᠯᠲᠠ᠎ᠠᠴᠠ ᠡᠮᠦᠨ᠎ᠡ᠂ ᠰᠢ᠎ᠵᠢᠨ᠎ᠫᠢᠩ ᠬᠠᠳᠤᠨ ᠫᠸᠩ ᠯᠢ ᠶᠤᠸᠠᠨ ᠲᠠᠢ᠎ᠪᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠵᠡᠭᠦᠨ ᠡᠭᠦᠳᠡᠨ᠎ᠦ ᠭᠠᠳᠠᠨᠠᠬᠢ ᠠᠭᠤᠳᠠᠮ ᠲᠠᠯᠠᠪᠠᠢ᠎ᠳᠤ ᠹᠢᠯᠢᠫᠸᠢ ᠵᠢᠷᠭᠤᠳᠤᠭᠠᠷ ᠪᠣᠯᠤᠨ ᠸᠠᠩ᠎ᠤᠨ ᠬᠠᠳᠤᠨ ᠯᠠᠢ᠌ᠳᠢᠱᠢᠶᠠᠶᠢ ᠤᠭ᠍ᠲᠤᠬᠤ ᠶᠣᠰᠣᠯᠠᠯ ᠶᠠᠪᠤᠭᠤᠯᠪᠠ᠃
ᠹᠢᠯᠢᠫᠸᠢ ᠵᠢᠷᠭᠤᠳᠤᠭᠠᠷ ᠬᠦᠷᠴᠦ᠍ ᠢᠷᠡᠬᠦ᠌ ᠦᠶ᠎ᠠ᠎ᠳᠦ ᠶᠣᠰᠣᠯᠠᠯ᠎ᠤᠨ ᠴᠡᠷᠢᠭ ᠮᠥᠷᠯᠡᠨ ᠵᠣᠭ᠍ᠰᠣᠵᠤ ᠶᠣᠰᠣᠯᠠᠪᠠ᠃ ᠰᠢ᠎ᠵᠢᠨ᠎ᠫᠢᠩ ᠪᠤᠯᠤᠨ ᠹᠢᠯᠢᠫᠸᠢ ᠵᠢᠷᠭᠤᠳᠤᠭᠠᠷ ᠱᠢᠯᠭᠠᠨ ᠦᠵᠡᠬᠦ᠌ ᠲᠠᠢᠰᠠᠨ᠎ᠳᠤ ᠭᠠᠷᠴᠤ᠌᠂ ᠴᠡᠷᠢᠭ᠎ᠦᠨ ᠬᠥᠭ᠌ᠵᠢᠮ᠎ᠦᠨ ᠠᠩᠬᠢ ᠳᠤᠮᠳᠠᠳᠤ ᠢᠰᠫᠠᠨᠢ ᠬᠣᠶᠠᠷ ᠤᠯᠤᠰ᠎ᠤᠨ ᠤᠯᠤᠰ᠎ᠤᠨ ᠰᠦᠯᠳᠡ ᠳᠠᠭᠤᠤ᠎ᠶ᠋ᠢ ᠬᠥᠭ᠌ᠵᠢᠮᠳᠡᠵᠦ᠍᠂ ᠲᠢᠶᠠᠨ ᠠᠨ ᠮᠸᠨ ᠲᠠᠯᠠᠪᠠᠢ᠎ᠳᠤ ᠶᠣᠰᠣᠯᠠᠯ᠎ᠤᠨ ᠫᠤᠤ᠎ᠶ᠋ᠢ 21 ᠤᠳᠠᠭ᠎ᠠ ᠳᠤᠤᠭᠠᠷᠭᠠᠪᠠ᠃ ᠹᠢᠯᠢᠫᠸᠢ ᠵᠢᠷᠭᠤᠳᠤᠭᠠᠷ ᠰᠢ᠎ᠵᠢᠨ᠎ᠫᠢᠩ᠎ᠦᠨ ᠪᠠᠷ᠎ᠠ ᠪᠤᠯᠤᠯᠭ᠎ᠠ ᠲᠠᠢ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠶᠣᠰᠣᠯᠠᠯ᠎ᠤᠨ ᠠᠩᠬᠢ᠎ᠶ᠋ᠢ ᠱᠢᠯᠭᠠᠨ ᠦᠵᠡᠭ᠌ᠰᠡᠨ ᠪᠥᠭᠡᠳ ᠵᠢᠭ᠍ᠰᠠᠭᠠᠯ᠎ᠢ ᠰᠣᠨᠢᠷᠬᠠᠪᠠ᠃
ᠲᠤᠰ ᠤᠷᠤᠢ᠂ ᠰᠢ᠎ᠵᠢᠨ᠎ᠫᠢᠩ ᠪᠣᠯᠤᠨ ᠫᠸᠩ ᠯᠢ ᠶᠤᠸᠠᠨ ᠹᠢᠯᠢᠫᠸᠢ ᠵᠢᠷᠭᠤᠳᠤᠭᠠᠷ ᠪᠣᠯᠤᠨ ᠲᠡᠭᠦᠨ᠎ᠦ ᠬᠠᠳᠤᠨ᠎ᠢ ᠤᠭ᠍ᠲᠤᠬᠤ ᠳᠠᠢᠯᠠᠯᠭ᠎ᠠ ᠬᠢᠪᠡ᠃
ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃
ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 11 ᠰᠠᠷ᠎ᠠ᠎ᠶ᠋ᠢᠨ 12 ᠤ᠋ᠨ ᠴᠠᠬᠢᠯᠭᠠᠨ ᠮᠡᠳᠡᠭᠡ