ᠣᠢᠷ᠎ᠠ᠎ᠳᠤ᠂ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠬᠢᠲᠠᠳ ᠰᠤᠳᠤᠯᠤᠯ᠎ᠤᠨ ᠵᠠᠯᠠᠭᠤ ᠡᠷᠳᠡᠮᠲᠡᠳ᠎ᠲᠦ ᠬᠠᠷᠢᠭᠤ ᠵᠠᠬᠢᠳᠠᠯ ᠢᠯᠡᠭᠡᠵᠦ᠂ ᠲᠡᠳᠡ ᠨᠡᠷ᠎ᠢ ᠳᠤᠮᠳᠠᠳᠤ ᠭᠠᠳᠠᠭᠠᠳᠤ᠎ᠶᠢᠨ ᠪᠣᠯᠪᠠᠰᠤᠨ᠎ᠢ ᠠᠭᠤᠰᠤᠯᠴᠠᠭᠤᠯᠤᠨ ᠨᠡᠪᠲᠡᠷᠡᠭᠦᠯᠬᠦ ᠰᠠᠢᠨ ᠡᠯᠴᠢᠨ ᠪᠣᠯᠣᠭᠠᠷᠠᠢ ᠭᠡᠵᠦ ᠵᠣᠷᠢᠭ᠍ᠵᠢᠭᠤᠯᠪᠠ᠃
ᠰᠢ᠎ᠵᠢᠨ᠎ᠫᠢᠩ᠂ ᠲᠠ ᠨᠠᠷ᠎ᠤᠨ ᠬᠢᠲᠠᠳ ᠬᠡᠯᠡ᠎ᠶᠢ ᠪᠠᠬᠠᠷᠬᠠᠵᠤ᠂ ᠳᠤᠮᠳᠠᠳᠤ ᠤᠯᠤᠰ᠎ᠤᠨ ᠰᠣᠶᠣᠯ᠎ᠢ ᠬᠠᠢᠷᠠᠯᠠᠵᠤ᠂ ᠬᠢᠲᠠᠳ ᠰᠤᠳᠤᠯᠤᠯ᠎ᠤᠨ ᠰᠤᠳᠤᠯᠭᠠᠨ ᠪᠣᠯᠣᠨ ᠪᠣᠯᠪᠠᠰᠤᠨ᠎ᠢᠶᠠᠨ ᠬᠠᠷᠢᠯᠴᠠᠨ ᠲᠣᠯᠢᠳᠠᠬᠤ ᠵᠡᠷᠭᠡ ᠲᠠᠯ᠎ᠠ᠎ᠪᠠᠷ ᠢᠳᠡᠪᠬᠢᠲᠡᠢ ᠦᠢᠯᠡᠳᠦᠯ ᠪᠠᠳᠠᠷᠠᠭᠤᠯᠵᠤ ᠪᠠᠢᠬᠤ᠎ᠶᠢ ᠮᠡᠳᠡᠪᠡ᠂ ᠡᠭᠦᠨ᠎ᠢ ᠪᠢ ᠮᠠᠭᠲᠠᠨ ᠰᠠᠢᠰᠢᠶᠠᠵᠤ ᠪᠠᠢᠬᠤ᠎ᠪᠠᠨ ᠢᠯᠡᠳᠭᠡᠵᠦ ᠪᠠᠢᠨ᠎ᠠ ᠭᠡᠵᠦ ᠵᠢᠭᠠᠵᠤ ᠭᠠᠷᠭᠠᠪᠠ᠃
ᠰᠢ᠎ᠵᠢᠨ᠎ᠫᠢᠩ᠂ ᠬᠢᠲᠠᠳ ᠰᠤᠳᠤᠯᠤᠯ ᠪᠣᠯ ᠳᠤᠮᠳᠠᠳᠤ ᠤᠯᠤᠰ᠎ᠡᠴᠡ ᠢᠷᠡᠯᠲᠡ ᠲᠠᠢ᠂ ᠳᠡᠯᠡᠬᠡᠢ ᠳ᠋ᠠᠬᠢᠨ᠎ᠳᠤ ᠬᠠᠷᠢᠶᠠᠯᠠᠭᠳᠠᠨᠡ᠂ ᠪᠥᠬᠥ ᠬᠥᠮᠥᠨ ᠲᠥᠷᠥᠯᠬᠢᠲᠡᠨ᠎ᠦ ᠬᠠᠮᠲᠤ᠎ᠶᠢᠨ ᠣᠶᠤᠨ ᠰᠠᠨᠠᠭᠠᠨ᠎ᠤ ᠥᠪ ᠬᠥᠷᠥᠩᠭᠡ ᠮᠥᠨ᠃ ᠲᠠ ᠨᠠᠷ᠎ᠤᠨ ᠦᠷᠭᠦᠯᠵᠢᠯᠡᠨ ᠬᠢᠲᠠᠳ ᠰᠤᠳᠤᠯᠤᠯ ᠲᠠᠢ ᠬᠠᠨᠢᠯᠠᠵᠤ᠂ ᠳᠤᠮᠳᠠᠳᠤ ᠤᠯᠤᠰ᠎ᠯᠤᠭ᠎ᠠ ᠬᠠᠮᠲᠤ ᠠᠶᠠᠯᠠᠵᠤ᠂ ᠰᠤᠳᠤᠯᠤᠨ ᠲᠠᠢᠯᠪᠤᠷᠢᠯᠠᠬᠤ᠎ᠪᠠᠨ ᠴᠢᠩᠭᠠᠳᠬᠠᠵᠤ᠂ ᠳᠡᠯᠡᠬᠡᠢ ᠳ᠋ᠠᠬᠢᠨ᠎ᠳᠤ ᠦᠨᠡᠨ ᠪᠣᠳᠠᠲᠠᠢ᠂ ᠪᠣᠰᠣᠭ᠎ᠠ ᠴᠣᠭᠴᠠᠲᠤ᠂ ᠪᠦᠬᠦ ᠲᠠᠯ᠎ᠠ᠎ᠶᠢᠨ ᠳᠤᠮᠳᠠᠳᠤ ᠤᠯᠤᠰ᠎ᠢ ᠲᠠᠨᠢᠯᠴᠠᠭᠤᠯᠵᠤ᠂ ᠳᠤᠮᠳᠠᠳᠤ ᠭᠠᠳᠠᠭᠠᠳᠤ᠎ᠶᠢᠨ ᠪᠣᠯᠪᠠᠰᠤᠨ᠎ᠢ ᠠᠭᠤᠰᠤᠯᠴᠠᠭᠤᠯᠤᠨ ᠨᠡᠪᠲᠡᠷᠡᠭᠦᠯᠬᠦ ᠰᠠᠢᠨ ᠡᠯᠴᠢᠨ ᠪᠣᠯᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠢᠭᠤᠯᠬᠤ᠎ᠶᠢ ᠠᠬᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠎ᠶᠢ ᠬᠦᠰᠡᠵᠦ ᠪᠠᠢᠨ᠎ᠠ ᠭᠡᠵᠦ ᠴᠢᠬᠤᠯᠠᠴᠢᠯᠠᠪᠠ᠃
11 ᠰᠠᠷ᠎ᠠ᠎ᠶᠢᠨ 14 ᠡᠴᠡ 16 ᠤ᠋ ᠡᠳᠦᠷ ᠪᠣᠯᠲᠠᠯ᠎ᠠ᠂ 2025 ᠣᠨ᠎ᠤ ᠳᠡᠯᠡᠬᠡᠢ᠎ᠶᠢᠨ ᠬᠢᠲᠠᠳ ᠬᠡᠯᠡᠨ᠎ᠦ ᠶᠡᠬᠡ ᠬᠤᠷᠠᠯ ᠪᠡᠭᠡᠵᠢᠩ᠎ᠳᠦ ᠶᠠᠪᠤᠭᠳᠠᠬᠤ ᠪᠤᠯᠤᠨ᠎ᠠ᠃ ᠤᠷᠢᠯᠭ᠎ᠠ᠎ᠪᠠᠷ ᠬᠤᠷᠠᠯ᠎ᠳᠤ ᠣᠷᠣᠯᠴᠠᠬᠤ 51 ᠤᠯᠤᠰ᠎ᠤᠨ 61 ᠨᠡᠷᠡᠰ ᠬᠢᠳᠡᠳᠰᠤᠳᠤᠯᠤᠯᠤᠨ ᠵᠠᠯᠠᠭᠤ ᠡᠷᠳᠡᠮᠲᠡᠨ ᠣᠢᠷ᠎ᠠ᠎ᠳᠤ ᠲᠡᠷᠢᠭᠦᠯᠡᠭᠴᠢ ᠰᠢ᠎ᠵᠢᠨ᠎ᠫᠢᠩ᠎ᠳᠦ ᠵᠠᠬᠢᠳᠠᠯ ᠪᠢᠴᠢᠵᠦ᠂ ᠳᠤᠮᠳᠠᠳᠤ ᠤᠯᠤᠰ᠎ᠤᠨ ᠲᠤᠬᠠᠢ ᠰᠤᠳᠤᠯᠭᠠᠨ᠎ᠢ ᠦᠷᠨᠢᠭᠦᠯᠦᠭᠰᠡᠨ ᠥᠩᠭᠡᠷᠡᠯᠲᠡ ᠪᠠ ᠲᠥᠷᠥᠭᠳᠡᠯ᠎ᠢᠶᠡᠨ ᠬᠤᠪᠢᠶᠠᠯᠴᠠᠵᠤ᠂ ᠳᠤᠮᠳᠠᠳᠤ ᠤᠯᠤᠰ᠎ᠤᠨ ᠲᠤᠬᠠᠢ ᠴᠢᠨᠠᠭᠰᠢᠳᠠ ᠰᠠᠢᠲᠤᠷ ᠰᠤᠳᠤᠯᠵᠤ᠂ ᠪᠣᠯᠪᠠᠰᠤᠨ᠎ᠤ ᠨᠡᠪᠲᠡᠷᠡᠯᠴᠡᠭᠡ᠎ᠶᠢᠨ ᠬᠥᠭᠥᠷᠭᠡ ᠬᠤᠯᠪᠤᠭᠠᠰᠤ᠎ᠶᠢᠨ ᠦᠢᠯᠡᠳᠦᠯ᠎ᠢ ᠪᠠᠳᠠᠷᠠᠭᠤᠯᠬᠤ ᠬᠦᠰᠡᠯ ᠡᠷᠡᠮᠡᠯᠵᠡᠯ᠎ᠢᠶᠡᠨ ᠢᠯᠡᠳᠬᠡᠵᠠᠢ᠃
ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 11 ᠰᠠᠷ᠎ᠠ᠎ᠶᠢᠨ 13 ᠤ᠋ ᠴᠠᠬᠢᠯᠭᠠᠨ ᠮᠡᠳᠡᠭᠡ