ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠲᠤᠬᠠᠢ ᠵᠣᠬᠢᠶᠠᠯ᠎ᠤᠨ ᠰᠤᠩᠭᠤᠮᠠᠯ》᠎ᠤᠨ ᠨᠢᠭᠡᠳᠦᠭᠡᠷ ᠪᠤᠳᠢ᠎ᠶ᠋ᠢ ᠬᠡᠪᠯᠡᠨ ᠲᠠᠷᠬᠠᠭᠠᠪᠠ
ᠨᠡᠶ᠋ᠢᠲᠡᠯᠡᠭᠰᠡᠨ ᠴᠠᠭ᠄ 2025-11-18

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠨᠠᠢᠷᠠᠭᠤᠯᠤᠭ᠍ᠰᠠᠨ 《ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠲᠤᠬᠠᠢ ᠵᠣᠬᠢᠶᠠᠯ᠎ᠤᠨ ᠰᠤᠩᠭᠤᠮᠠᠯ》 ᠎ᠤᠨ ᠨᠢᠭᠡᠳᠦᠭᠡᠷ ᠪᠣᠲᠢ᠎ᠶ᠋ᠢ ᠣᠢᠷ᠎ᠠ᠎ᠳᠤ ᠲᠥᠪ᠎ᠦᠨ ᠲᠤᠯᠭᠤᠷ ᠪᠢᠴᠢᠭ᠎ᠦᠨ ᠬᠡᠪᠯᠡᠯ᠎ᠦᠨ ᠬᠣᠷᠢᠶ᠎ᠠ᠎ᠡᠴᠡ ᠬᠡᠪᠯᠡᠭᠦᠯᠵᠦ᠍᠂ ᠪᠥᠬᠥ᠌ ᠤᠯᠤᠰ᠎ᠲᠤ ᠲᠠᠷᠬᠠᠭᠠᠪᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠨᠠᠮ ᠪᠣᠯᠤᠨ ᠤᠯᠤᠰ᠎ᠤᠨ ᠥᠨᠢ ᠤᠳᠠᠭᠠᠨ ᠠᠮᠤᠷ ᠲᠣᠭ᠍ᠲᠠᠭᠤᠨ᠎ᠲᠠᠶ ᠬᠣᠯᠪᠣᠭ᠍ᠳᠠᠬᠤ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ᠎ᠡᠴᠡ ᠬᠠᠤᠯᠢ᠎ᠪᠠᠷ ᠵᠠᠰᠠᠬᠤ ᠪᠠᠢᠷᠢ ᠲᠤᠭᠳᠠᠭᠠᠯᠳᠠ ᠬᠢᠵᠤ᠂ ᠬᠠᠤᠯᠢ᠎ᠪᠠᠷ ᠵᠠᠰᠠᠬᠤ᠎ᠶᠢ ᠪᠠᠢᠷᠢᠱᠢᠭᠤᠯᠵᠤ᠂ ᠬᠠᠤᠯᠢ᠎ᠪᠠᠷ ᠵᠠᠰᠠᠬᠤ᠎ᠶᠢ ᠴᠢᠩᠭ᠎ᠠ ᠬᠡᠷᠡᠭ᠌ᠵᠢᠭᠦᠯᠵᠦ᠍᠂ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠲᠣᠳᠣᠷᠬᠠᠢ ᠳᠤᠷᠠᠳᠤᠭ᠍ᠰᠠᠨ ᠪᠥᠭᠡᠳ ᠲᠡᠭᠦᠨ᠎ᠢ 《ᠳᠦᠷᠪᠡᠨ ᠪᠦᠬᠦ᠌ ᠲᠠᠯ᠎ᠠ》᠎ᠶᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠳᠤ ᠣᠷᠣᠭᠤᠯᠤᠨ ᠬᠦᠴᠦᠲᠡᠢ ᠠᠬᠢᠭᠤᠯᠵᠤ᠂ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠪᠠᠢᠭᠤᠯᠤᠯᠲᠠ᠎ᠳᠤ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠲᠡᠦᠬᠡᠲᠦ ᠴᠢᠨᠠᠷᠲᠠᠢ ᠠᠮᠵᠢᠯᠲᠠ ᠤᠯᠬᠤ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠨᠤᠯ ᠪᠣᠯᠤᠨ ᠦᠢᠯᠡᠳᠦᠯᠭᠡ᠎ᠶ᠋ᠢᠨ ᠱᠢᠨ᠎ᠡ ᠦᠰᠦᠷᠦᠯᠲᠡ᠎ᠶ᠋ᠢ ᠪᠡᠶᠡᠯᠡᠭᠦᠯᠵᠦ᠍᠂ ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠪᠦᠷᠢᠯᠳᠦᠭᠦᠯᠪᠡ᠃ ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠪᠣᠯ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠥᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠨᠠᠮ᠎ᠡᠴᠡ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠤᠳᠤᠷᠢᠳᠤᠭ᠍ᠰᠠᠨ ᠡᠯᠪᠡᠭ ᠪᠠᠶᠠᠯᠢᠭ ᠦᠢᠯᠡᠳᠦᠯᠭᠡ ᠪᠠ ᠡᠷᠬᠢᠮ ᠨᠠᠨᠳᠢᠨ ᠲᠤᠷᠱᠢᠯᠭ᠎ᠠ᠎ᠶ᠋ᠢᠨ ᠲᠤᠬᠠᠢ ᠱᠢᠨᠵᠢᠯᠡᠬᠦ᠌ ᠤᠬᠠᠭᠠᠨᠴᠢ ᠳ᠋ᠦᠩᠨᠡᠯᠲᠡ ᠮᠥᠨ᠂ ᠮᠠᠨ᠎ᠤ ᠨᠠᠮ᠎ᠤᠨ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠪᠠᠢᠭᠤᠯᠤᠯᠲᠠ ᠪᠠ ᠬᠥᠮᠦᠨ ᠲᠥᠷᠥᠯᠬᠢᠲᠡᠨ᠎ᠦ ᠬᠠᠤᠯᠢ᠎ᠪᠠᠷ ᠵᠠᠰᠠᠬᠤ ᠪᠣᠯᠪᠠᠰᠤᠨ᠎ᠤ ᠬᠥᠭ᠌ᠵᠢᠯᠲᠡ᠎ᠶ᠋ᠢᠨ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ ᠲᠡᠦᠬᠡ᠎ᠶ᠋ᠢᠨ ᠰᠢᠨ᠎ᠠ ᠦᠨᠳᠦᠷᠴᠡ᠎ᠳᠦ ᠬᠦᠷᠴᠦ᠍᠂ ᠮᠠᠷᠺᠰ᠎ᠤᠨ ᠦᠵᠡᠯ᠎ᠦᠨ ᠬᠠᠤᠯᠢ᠎ᠪᠠᠷ ᠵᠠᠰᠠᠬᠤ ᠤᠨᠤᠯ᠎ᠢ ᠬᠥᠭ᠌ᠵᠢᠭᠦᠯᠬᠦ᠌᠎ᠳᠦ ᠴᠢᠬᠤᠯᠠ ᠶᠡᠬᠡ ᠤᠤᠭᠠᠯ ᠡᠭᠦᠳᠦᠯᠲᠡ᠎ᠶ᠋ᠢᠨ ᠴᠢᠨᠠᠷᠲᠠᠢ᠂ ᠬᠤᠷᠠᠮᠠᠯ ᠴᠢᠨᠠᠷᠲᠠᠢ ᠬᠤᠪᠢ ᠨᠡᠮᠡᠷᠢ ᠦᠵᠡᠭᠦᠯᠵᠦ᠍᠂ ᠱᠢᠨ᠎ᠡ ᠴᠠᠭ ᠦᠶ᠎ᠡ᠎ᠳᠦ ᠪᠦᠬᠥ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠠᠬᠢᠭᠤᠯᠬᠤ᠂ ᠬᠠᠤᠯᠢ᠎ᠪᠠᠷ ᠵᠠᠰᠠᠬᠤ ᠵᠠᠮ ᠳᠡᠭᠡᠷ᠎ᠠ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠥ᠌ ᠲᠠᠯ᠎ᠠ᠎ᠪᠠᠷ ᠪᠦᠳᠤᠭᠡᠨ ᠪᠠᠢᠭᠤᠯᠬᠤ᠎ᠳᠤ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭ᠌ᠯᠡᠭᠦᠷ ᠬᠠᠩᠭᠠᠪᠠ᠃

《ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠲᠤᠬᠠᠢ ᠵᠣᠬᠢᠶᠠᠯ᠎ᠤᠨ ᠰᠤᠩᠭᠤᠮᠠᠯ》᠎ᠤᠨ ᠨᠢᠭᠡᠳᠦᠭᠡᠷ ᠪᠤᠳᠢ᠎ᠳᠤ ᠰᠢ᠎ᠵᠢᠨ᠎ᠫᠢᠩ ᠨᠥᠬᠥᠷ᠎ᠦᠨ 2012 ᠣᠨ᠎ᠤ 12 ᠰᠠᠷ᠎ᠠ᠎ᠡᠴᠡ 2025 ᠣᠨ᠎ᠤ 2 ᠰᠠᠷ᠎ᠠ ᠪᠣᠯᠲᠠᠯᠠᠬᠢ ᠬᠤᠭᠤᠴᠠᠭᠠᠨ᠎ᠳᠠᠬᠢ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠬᠠᠮᠤᠭ᠎ᠤᠨ ᠴᠢᠬᠤᠯᠠ᠂ ᠬᠠᠮᠤᠭ᠎ᠤᠨ ᠦᠨᠳᠦᠰᠦᠨ ᠪᠦᠲᠦᠭᠡᠯ᠎ᠢ ᠴᠠᠭ᠎ᠤᠨ ᠳᠠᠷᠠᠭᠠᠯᠠᠯ᠎ᠢᠶᠠᠷ ᠨᠠᠢᠷᠠᠭᠤᠯᠤᠨ ᠵᠢᠭ᠍ᠰᠠᠭᠠᠵᠤ᠂ ᠮᠡᠳᠡᠭᠦᠯᠦᠯᠳᠡ᠂ ᠶᠠᠷᠢᠶ᠎ᠠ᠂ ᠶᠠᠷᠢᠶ᠎ᠠ ᠢᠯᠡᠳᠭᠡᠯ᠂ ᠵᠢᠭᠠᠪᠤᠷᠢ᠂ ᠴᠣᠬᠣᠯᠠᠪᠤᠷᠢ ᠵᠡᠷᠭᠡ 69 ᠵᠣᠬᠢᠶᠠᠯ᠎ᠢ ᠣᠷᠣᠭᠤᠯᠵᠠᠢ᠃ ᠬᠡᠰᠡᠭ ᠵᠣᠬᠢᠶᠠᠯ᠎ᠢ ᠠᠩᠬ᠎ᠠ ᠤᠳᠠᠭ᠎ᠠ ᠢᠯᠡ ᠨᠡᠢᠲᠡᠯᠡᠵᠦ᠍ ᠪᠠᠢᠨ᠎ᠠ᠃

《ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠲᠤᠬᠠᠢ ᠵᠣᠬᠢᠶᠠᠯ᠎ᠤᠨ ᠰᠤᠩᠭᠤᠮᠠᠯ》᠎ᠤᠨ ᠨᠢᠭᠡᠳᠦᠭᠡᠷ ᠪᠤᠳᠢ᠎ᠶ᠋ᠢ ᠬᠡᠪᠯᠡᠨ ᠲᠠᠷᠬᠠᠭᠠᠭᠰᠠᠨ ᠨᠢ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠎ᠳᠤ ᠡᠷᠬᠡ ᠰᠦᠷᠲᠦ ᠵᠢᠭᠠᠬᠤ ᠮᠠᠲ᠋ᠧᠷᠢᠶᠠᠯ ᠬᠠᠩᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ᠎ᠦ 《ᠬᠣᠶᠠᠷ᠎ᠢ ᠲᠣᠭ᠍ᠲᠠᠭᠠᠭᠰᠠᠨ》᠎ᠤ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》᠎ᠢᠶᠠᠨ ᠴᠢᠩᠭᠠᠳᠬᠠᠵᠤ᠂ 《ᠳᠥᠷᠪᠡᠨ ᠢᠲᠡᠭᠡᠯ》᠎ᠢᠶᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠤ᠂ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠢᠭ᠍ᠲᠠᠷᠠᠨ ᠪᠦᠯᠬᠦᠮᠳᠡᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠱᠢᠰᠲ᠋ᠧᠮ᠎ᠢ ᠪᠠᠢᠭᠤᠯᠬᠤ᠂ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠢ ᠪᠦᠲᠦᠭᠡᠨ ᠪᠠᠢᠭᠤᠯᠵᠤ᠂ ᠱᠢᠨ᠎ᠡ ᠴᠠᠭ ᠦᠶ᠎ᠡ᠎ᠶ᠋ᠢᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠴᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ ᠲᠤ᠌ ᠬᠦᠴᠦᠲᠡᠢ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭᠠᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃

ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 11 ᠰᠠᠷ᠎ᠠ᠎ᠶ᠋ᠢᠨ 16 ᠎ᠤ ᠴᠠᠬᠢᠯᠭᠠᠨ ᠮᠡᠳᠡᠭᠡ

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            