ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 11 ᠳ᠋ᠦ᠍ᠭᠡᠷ ᠰᠠᠷ᠎ᠠ᠎ᠶᠢᠨ 28 ᠤ ᠡᠳᠦᠷ᠎ᠦᠨ ᠴᠠᠬᠢᠯᠭᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ 11 ᠳ᠋ᠦ᠍ᠭᠡᠷ ᠰᠠᠷ᠎ᠠ᠎ᠶᠢᠨ 28 ᠤ ᠡᠳᠦᠷ ᠬᠤᠷᠠᠯᠳᠤᠭᠠᠨ ᠬᠤᠷᠠᠯᠳᠤᠭᠤᠯᠵᠤ᠂ 《ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠥᠷᠨᠢᠭᠦᠯᠦᠭᠰᠡᠨ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ)᠎ᠶᠢ ᠲᠣᠭᠣᠷᠢᠨ ᠪᠠᠢᠴᠠᠭᠠᠭᠰᠠᠨ ᠪᠠᠢᠳᠠᠯ᠎ᠤᠨ ᠲᠤᠬᠠᠢ ᠶᠡᠷᠦᠩᠬᠡᠢᠯᠡᠭᠰᠡᠨ ᠮᠡᠳᠡᠭᠦᠯᠦᠯᠲᠡ》᠎ᠶᠢ ᠬᠢᠨᠠᠨ ᠵᠥᠪᠯᠡᠪᠡ᠃ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ ᠰᠢ᠎ᠵᠢᠨ᠎ᠫᠢᠩ ᠬᠤᠷᠠᠯᠳᠤᠭᠠᠨ᠎ᠢ ᠡᠷᠬᠢᠯᠡᠪᠡ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠲᠣᠭᠣᠷᠢᠨ ᠪᠠᠢᠴᠠᠭᠠᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠲᠠᠪᠤᠳᠤᠭᠠᠷ᠂ ᠵᠢᠷᠭᠤᠳᠤᠭᠠᠷ ᠡᠭᠡᠯᠵᠢ᠎ᠶᠢᠨ ᠲᠣᠭᠣᠷᠢᠨ ᠪᠠᠢᠴᠠᠭᠠᠯᠲᠠ᠎ᠶᠢ ᠪᠠᠢᠷᠢᠯᠠᠭᠤᠯᠤᠨ ᠥᠷᠨᠢᠭᠦᠯᠵᠦ᠂ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠳᠠ ᠪᠦᠬᠦᠨ᠎ᠳᠦ ᠪᠦᠷᠬᠦᠭᠦᠯᠬᠦ᠎ᠶᠢ ᠪᠡᠶᠡᠯᠡᠭᠦᠯᠪᠡ᠃ ᠲᠣᠭᠣᠷᠢᠨ ᠪᠠᠢᠴᠠᠭᠠᠯᠲᠠ᠎ᠠᠴᠠ ᠦᠵᠡᠪᠡᠯ᠂ ᠡᠯ᠎ᠡ ᠮᠤᠵᠢ ᠣᠷᠣᠨ ᠬᠤᠳᠠ᠎ᠶᠢᠨ ᠠᠵᠢᠯ ᠰᠢᠨ᠎ᠡ ᠠᠬᠢᠴᠠ ᠪᠠ ᠦᠷ᠎ᠡ ᠪᠦᠲᠦᠮᠵᠢ ᠣᠯᠣᠭᠰᠠᠨ ᠪᠣᠯᠪᠠᠴᠤ ᠪᠠᠰᠠ ᠡᠳᠦᠢ ᠲᠡᠳᠦᠢ ᠠᠰᠠᠭᠤᠳᠠᠯ ᠣᠷᠣᠰᠢᠵᠤ ᠪᠠᠢᠨ᠎ᠠ᠂ ᠡᠷᠬᠡᠪᠰᠢ ᠤᠯᠤᠰ ᠲᠦᠷᠦ᠎ᠶᠢᠨ ᠲᠠᠯ᠎ᠠ᠎ᠪᠠᠷ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠲᠥᠪ ᠴᠢᠩᠭ᠎ᠠ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠠᠵᠢᠯ᠎ᠢ ᠦᠨᠡᠨ ᠪᠣᠳᠠᠲᠠᠢ᠎ᠪᠠᠷ ᠴᠢᠩᠭ᠎ᠠ ᠪᠥᠭᠡᠳ ᠰᠠᠢᠲᠤᠷ ᠠᠳᠬᠤᠵᠤ᠂ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠵᠤ᠂ ᠡᠳᠦᠷ ᠲᠤᠳᠤᠮ᠎ᠤᠨ ᠬᠢᠨᠠᠯᠲᠠ᠎ᠶᠢ ᠴᠢᠩᠭᠠᠳᠬᠠᠵᠤ᠂ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ᠎ᠶᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ ᠯᠦ᠍ᠭᠡ ᠤᠶᠠᠯᠳᠤᠭᠤᠯᠵᠤ᠂ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ᠂ ᠤᠯᠤᠰ ᠲᠦᠷᠦ᠎ᠶᠢᠨ ᠠᠮᠢ ᠠᠬᠤᠢ᠎ᠶᠢ ᠴᠡᠪᠡᠷᠰᠢᠭᠦᠯᠬᠦ᠂ ᠤᠳᠤᠷᠢᠳᠬᠤ ᠪᠠᠭ᠎ᠤᠨ ᠪᠠᠢᠭᠤᠯᠤᠯᠲᠠ᠎ᠶᠢ ᠴᠢᠩᠭᠠᠳᠬᠠᠬᠤ᠎ᠶᠢᠨ ᠴᠢᠬᠤᠯᠠ ᠭᠠᠷᠳᠠᠴᠠ ᠪᠣᠯᠭᠠᠵᠤ᠂ ᠴᠡᠭᠴᠡᠯᠡᠨ ᠰᠠᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ᠎ᠪᠡᠷ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠴᠢᠬᠤᠯᠠᠴᠢᠯᠠᠬᠤ᠎ᠳᠤ᠎ᠪᠠᠨ᠂ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠣᠲᠠ᠎ᠶᠢᠨ ᠨᠠᠮ᠎ᠤᠨ ᠬᠣᠷᠢᠶ᠎ᠠ ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠤᠰ ᠭᠠᠵᠠᠷ ᠣᠷᠣᠨ᠎ᠳᠤ ᠨᠢ ᠴᠢᠭᠯᠡᠭᠦᠯᠵᠦ ᠳᠤᠷᠠᠳᠤᠭᠰᠠᠨ ᠨᠠᠮ᠎ᠤᠨ ᠲᠥᠪ ᠬᠣᠷᠢᠶ᠎ᠠ᠎ᠶᠢᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠶᠢ ᠪᠠᠲᠤ ᠡᠵᠡᠮᠳᠡᠵᠦ᠂ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠪᠠᠨ ᠢᠮᠠᠭᠲᠠ ᠰᠠᠢᠲᠤᠷ ᠠᠳᠬᠤᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠬᠦ ᠬᠡᠷᠡᠭᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠰᠢᠨ᠎ᠡ ᠬᠥᠭᠵᠢᠯᠲᠡ᠎ᠶᠢᠨ ᠣᠨᠣᠯᠵᠢᠬᠤᠨ᠎ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠺᠠᠳ᠋ᠷ᠎ᠢ ᠰᠢᠯᠭᠠᠨ ᠬᠢᠨᠠᠵᠤ ᠦᠨᠡᠯᠡᠬᠦ ᠲᠣᠭᠲᠠᠴᠠ᠎ᠶᠢ ᠲᠡᠭᠦᠯᠳᠡᠷᠵᠢᠭᠦᠯᠦᠨ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠬᠦ᠂ ᠦᠨᠡᠨ ᠬᠦ᠌ ᠠᠳᠬᠤᠵᠤ ᠪᠣᠳᠠᠲᠠᠢ᠎ᠪᠠᠷ ᠠᠵᠢᠯᠯᠠᠬᠤ᠎ᠶᠢ ᠪᠠᠷᠢᠮᠲᠠᠯᠠᠬᠤ ᠬᠡᠷᠡᠭᠲᠡᠢ᠃ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ᠎ᠶᠢ ᠤᠷᠲᠤ ᠬᠤᠭᠤᠴᠠᠭ᠎ᠠ᠎ᠪᠠᠷ ᠪᠠᠷᠢᠮᠲᠠᠯᠠᠨ ᠠᠬᠢᠭᠤᠯᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠴᠢᠩᠭ᠎ᠠ ᠪᠣᠳᠠᠲᠠᠢᠵᠢᠭᠤᠯᠵᠤ᠂ 《ᠨᠢᠭᠡᠳᠦᠭᠡᠷ ᠭᠠᠷ》᠎ᠲᠤ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠲᠥᠪ ᠬᠣᠷᠢᠶ᠎ᠠ᠎ᠶᠢᠨ ᠨᠠᠢ᠍ᠮᠠᠨ ᠵᠤᠷᠪᠤᠰ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠭᠰᠠᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠡᠷᠬᠡ᠎ᠶᠢᠨ ᠲᠣᠬᠢᠷᠠᠭᠤᠯᠤᠯᠲᠠ᠂ ᠠᠵᠢᠯᠯᠠᠭᠠᠨ᠎ᠤ ᠵᠢᠷᠤᠮᠵᠢᠯ ᠪᠠ ᠬᠢᠨᠠᠯᠲᠠ᠎ᠶᠢ ᠴᠢᠩᠭᠠᠳᠬᠠᠵᠤ᠂ ᠢᠯᠵᠢᠷᠡᠯ᠎ᠢ ᠡᠰᠡᠷᠭᠦᠴᠡᠬᠦ ᠥᠨᠳᠥᠷ ᠳᠠᠷᠤᠯᠲᠠᠲᠤ ᠪᠠᠢᠳᠠᠯ᠎ᠢ ᠪᠠᠲᠤᠯᠠᠵᠤ᠂ ᠢᠯᠵᠢᠷᠡᠯ ᠡᠭᠦᠰᠬᠦ ᠬᠥᠷᠥᠰᠥ ᠰᠢᠷᠣᠢ ᠪᠠ ᠨᠥᠬᠥᠴᠡᠯ᠎ᠢ ᠡᠷᠡᠰ ᠠᠷᠢᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ᠎ᠶᠢ ᠪᠤᠢ ᠪᠣᠯᠭᠠᠬᠤ ᠬᠡᠷᠡᠭᠲᠡᠢ᠃ ᠤᠳᠤᠷᠢᠳᠬᠤ ᠪᠠᠭ ᠪᠠ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠵᠤ᠂ ᠠᠷᠠᠳᠴᠢᠯᠠᠯ ᠲᠥᠪᠯᠡᠷᠡᠯ᠎ᠦᠨ ᠳᠦᠷᠢᠮ᠎ᠢ ᠪᠦᠷᠢᠨᠰᠢᠭᠦᠯᠦᠨ ᠨᠠᠢᠳᠠᠪᠤᠷᠢᠵᠢᠭᠤᠯᠵᠤ᠂ ᠬᠥᠮᠥᠨ ᠬᠡᠷᠡᠭᠯᠡᠬᠦ ᠵᠥᠪ ᠤᠳᠤᠷᠢᠳᠤᠮᠵᠢ᠎ᠶᠢ ᠪᠠᠷᠢᠮᠲᠠᠯᠠᠨ᠂ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠵᠦ ᠠᠵᠢᠯ ᠪᠦᠲᠦᠭᠡᠬᠦ᠎ᠶᠢ ᠨᠢ ᠬᠥᠲᠥᠯᠥᠨ ᠵᠢᠯᠤᠭᠣᠳᠴᠤ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ᠴᠠᠭ ᠢᠮᠠᠭᠲᠠ ᠰᠠᠨᠠᠭᠠᠰᠢᠷᠠᠨ ᠠᠵᠢᠯᠯᠠᠬᠤ ᠬᠠᠷᠢᠭᠤᠴᠠᠯᠭᠠᠲᠤ ᠰᠡᠳᠬᠢᠯᠭᠡ᠎ᠪᠡᠨ ᠴᠢᠩᠭᠠᠷᠠᠭᠤᠯᠵᠤ᠂ ᠡᠯ᠎ᠡ ᠵᠦᠢᠯ᠎ᠦᠨ ᠲᠦᠭᠰᠢᠭᠦᠷᠢ᠎ᠶᠢ ᠪᠦᠲᠦᠮᠵᠢᠲᠡᠶ᠎ᠪᠡᠷ ᠰᠡᠷᠭᠡᠢᠯᠡᠨ ᠠᠷᠢᠯᠭᠠᠵᠤ᠂ ᠨᠡᠢᠭᠡᠮ᠎ᠦᠨ ᠵᠠᠰᠠᠯᠲᠠ᠎ᠶᠢᠨ ᠲᠣᠭᠲᠠᠯᠴᠠᠭ᠎ᠠ᠎ᠶᠢ ᠲᠡᠭᠦᠯᠳᠡᠷᠵᠢᠭᠦᠯᠬᠦ ᠬᠡᠷᠡᠭᠲᠡᠢ᠃ ᠲᠣᠭᠣᠷᠢᠨ ᠪᠠᠢᠴᠠᠭᠠᠯᠲᠠ᠎ᠶᠢᠨ ᠦᠷ᠎ᠡ ᠪᠦᠲᠦᠭᠡᠯ᠎ᠢ ᠶᠡᠷᠦᠩᠬᠡᠢᠯᠡᠨ ᠰᠠᠢᠲᠤᠷ ᠬᠡᠷᠡᠭᠯᠡᠵᠦ᠂ ᠲᠣᠭᠣᠷᠢᠨ ᠪᠠᠢᠴᠠᠭᠠᠯᠲᠠ᠎ᠪᠠᠷ ᠢᠯᠡᠷᠡᠭᠦᠯᠦᠭᠰᠡᠨ ᠨᠡᠢᠲᠡᠴᠢ ᠴᠢᠨᠠᠷᠲᠠᠢ ᠠᠰᠠᠭᠤᠳᠠᠯ᠎ᠢ ᠭᠦᠨᠵᠡᠭᠡᠢ ᠰᠤᠳᠤᠯᠤᠨ ᠰᠢᠢᠳᠪᠦᠷᠢᠯᠡᠵᠦ᠂ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠪᠡᠨ ᠠᠬᠢᠭᠤᠯᠵᠤ᠂ ᠦᠩᠭᠡᠨ ᠲᠠᠯ᠎ᠠ ᠪᠠ ᠦᠨᠳᠦᠰᠦ ᠰᠤᠷᠪᠤᠯᠵᠢ᠎ᠶᠢ ᠨᠢ ᠵᠡᠷᠭᠡ᠎ᠪᠡᠷ ᠵᠠᠰᠠᠬᠤ᠎ᠶᠢ ᠠᠬᠢᠭᠤᠯᠬᠤ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠪᠠᠰᠠ ᠪᠤᠰᠤᠳ ᠵᠦᠢᠯᠡᠰ᠎ᠢ ᠰᠤᠳᠤᠯᠵᠠᠢ᠃