11 ᠰᠠᠷ᠎ᠠ᠎ᠶ᠋ᠢᠨ 25 ᠤ᠋ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠢᠷᠡᠭ᠌ᠰᠡᠨ ᠲᠤᠩᠭ᠎ᠠ᠎ᠶ᠋ᠢᠨ ᠤᠯᠤᠰ᠎ᠤᠨ ᠸᠠᠩ ᠲᠦᠫᠦ᠋ ᠵᠢᠷᠭᠤᠳᠤᠭᠠᠷ᠎ᠲᠠᠶ ᠠᠭᠤᠯᠵᠠᠪᠠ᠃

11 ᠰᠠᠷ᠎ᠠ᠎ᠶ᠋ᠢᠨ 25 ᠤ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠢᠷᠡᠭ᠌ᠰᠡᠨ ᠲᠤᠩᠭ᠎ᠠ᠎ᠶ᠋ᠢᠨ ᠤᠯᠤᠰ᠎ᠤᠨ ᠸᠠᠩ ᠲᠦᠫᠦ᠋ ᠵᠢᠷᠭᠤᠳᠤᠭᠠᠷ᠎ᠲᠠᠶ ᠠᠭᠤᠯᠵᠠᠪᠠ᠃ ᠵᠢᠷᠤᠭ ᠪᠤᠯ ᠰᠢ᠎ᠵᠢᠨ᠎ᠫᠢᠩ ᠬᠠᠳᠤᠨ ᠫᠸᠩ ᠯᠢ ᠶᠤᠸᠠᠨ᠎ᠲᠠᠢ᠎ᠪᠠᠨ ᠲᠦᠫᠦ᠋ ᠵᠢᠷᠭᠤᠳᠤᠭᠠᠷ ᠪᠣᠯᠣᠨ ᠸᠠᠩ᠎ᠤᠨ ᠬᠠᠳᠤᠨ ᠨᠠᠨᠠᠰᠢᠫᠠᠤ᠋ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ
ᠰᠢ᠎ᠵᠢᠨ᠎ᠫᠢᠩ᠂ ᠳᠤᠮᠳᠠᠳᠤ ᠤᠯᠤᠰ ᠪᠣᠯᠤᠨ ᠲᠤᠩᠭ᠎ᠠ ᠪᠣᠯ ᠰᠠᠯᠬᠢ ᠪᠣᠷᠣᠭᠠᠨ᠎ᠢ ᠲᠤᠭᠤᠯᠵᠤ᠂ ᠵᠣᠪᠠᠭᠤᠷᠢ ᠵᠦᠳᠡᠭᠦᠷᠢ᠎ᠪᠡᠨ ᠬᠠᠮᠲᠤᠳᠭᠠᠭ᠍ᠰᠠᠨ ᠵᠢᠩᠬᠢᠨᠢ ᠨᠠᠢᠵᠠ ᠮᠥᠨ᠂ ᠬᠣᠶᠠᠷ ᠤᠯᠤᠰ᠎ᠤᠨ ᠨᠥᠬᠥᠷᠯᠡᠯ ᠥᠨᠢ ᠤᠳᠠᠭᠠᠨ ᠲᠡᠦᠬᠡ᠎ᠲᠡᠶ ᠶᠤᠮ᠃ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ᠎ᠠᠴᠠ ᠨᠠᠭᠠᠰᠢ᠂ ᠬᠣᠶᠠᠷ ᠲᠠᠯ᠎ᠠ᠎ᠪᠠᠷ᠎ᠢᠶᠠᠨ ᠢᠮᠠᠭ᠍ᠲᠠ ᠬᠠᠷᠢᠯᠴᠠᠨ ᠬᠦᠨᠳᠦᠳᠭᠡᠵᠦ᠍᠂ ᠡᠷᠬᠡ ᠲᠡᠭ᠌ᠰᠢ᠎ᠪᠡᠷ ᠬᠠᠨᠳᠤᠯᠴᠠᠵᠤ᠂ ᠲᠤᠰ ᠲᠤᠰ᠎ᠤᠨ᠎ᠢᠶᠠᠨ ᠭᠣᠣᠯᠯᠠᠭ᠍ᠴᠢ ᠠᠱᠢᠭ ᠲᠤᠰᠠ ᠪᠣᠯᠤᠨ ᠠᠩᠬᠠᠷᠴᠤ᠌ ᠪᠠᠢᠭ᠎ᠠ ᠴᠢᠬᠤᠯᠠ ᠶᠡᠬᠡ ᠠᠰᠠᠭᠤᠳᠠᠯ᠎ᠢ ᠡᠷᠡᠰ ᠲᠡᠮᠵᠢᠵᠥ᠍᠂ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ ᠲᠠᠰᠤᠷᠠᠯᠳᠡ ᠦᠭᠡᠢ ᠭᠦᠨᠵᠡᠭᠡᠢᠷᠡᠵᠦ᠍᠂ ᠠᠳᠠᠯᠢ ᠪᠤᠰᠤ ᠨᠡᠢᠭᠡᠮ᠎ᠦᠨ ᠪᠠᠢᠭᠤᠯᠤᠯ᠂ ᠠᠳᠠᠯᠢ ᠪᠤᠰᠤ ᠶᠡᠬᠡ ᠪᠠᠭ᠎ᠠ ᠤᠯᠤᠰ᠎ᠤᠨ ᠨᠥᠬᠥᠷᠰᠡᠭ ᠬᠠᠮᠲᠤᠷᠠᠯᠴᠠᠭᠠᠨ᠎ᠤ ᠦᠯᠢᠭᠡᠷ ᠵᠢᠱ᠌ᠢᠶ᠎ᠡ᠎ᠶᠢ ᠪᠤᠢ ᠪᠣᠯᠭᠠᠪᠠ᠃ ᠳᠡᠯᠡᠬᠡᠢ᠎ᠶ᠋ᠢᠨ ᠪᠠᠢᠳᠠᠯ ᠶᠠᠭᠠᠬᠢᠵᠤ ᠬᠤᠪᠢᠷᠠᠭ᠍ᠰᠠᠨ ᠴᠤ᠌᠂ ᠳᠤᠮᠳᠠᠳᠤ ᠤᠯᠤᠰ ᠢᠮᠠᠭ᠍ᠲᠠ ᠲᠤᠩᠭ᠎ᠠ᠎ᠶ᠋ᠢᠨ ᠢᠲᠡᠭᠡᠮᠵᠢᠲᠡᠢ ᠰᠠᠢ᠌ᠨ ᠬᠠᠨᠢᠲᠠᠨ ᠪᠠᠢᠵᠤ᠂ ᠲᠤᠩᠭ᠎ᠠ᠎ᠶ᠋ᠢᠨ ᠤᠯᠤᠰ᠎ᠤᠨ ᠲᠤᠰᠠᠭᠠᠷ ᠲᠣᠭ᠍ᠲᠠᠨᠢᠯ ᠪᠣᠯᠤᠨ ᠡᠷᠬᠡ ᠮᠡᠳᠡᠯ᠎ᠢᠶᠡᠨ ᠬᠠᠮᠠᠭᠠᠯᠠᠬᠤ᠎ᠶ᠋ᠢ ᠢᠮᠠᠭ᠍ᠲᠠ ᠳᠡᠮᠵᠢᠨ᠎ᠠ᠃ ᠳᠤᠮᠳᠠᠳᠤ ᠤᠯᠤᠰ ᠳᠤᠷᠠᠲᠠᠶ᠎ᠠ ᠲᠤᠩᠭ᠎ᠠ᠎ᠶ᠋ᠢᠨ ᠬᠢᠨ᠎ᠲᠡᠶ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠵᠣᠯᠭᠠᠯᠴᠠᠭ᠎ᠠ᠎ᠪᠠᠨ ᠴᠢᠩᠭᠠᠳᠭᠠᠵᠤ᠂ ᠠᠷᠠᠯᠵᠢᠶ᠎ᠠ ᠪᠡᠯᠡ ᠣᠷᠣᠭᠤᠯᠤᠯᠲᠠ᠂ ᠬᠥᠳᠡᠭᠡ ᠠᠵᠤ ᠠᠬᠤᠢ ᠵᠢᠭᠠᠰᠤᠨ᠎ᠤ ᠦᠢᠯᠡᠰ᠂ ᠰᠠᠭᠤᠷᠢ ᠲᠥᠬᠥᠭᠡᠷᠦᠮᠵᠢ᠂ ᠴᠡᠪᠡᠷ ᠡᠨᠧᠷᠭᠢ᠂ ᠡᠮᠴᠢᠯᠡᠭᠡ ᠡᠷᠡᠭᠦᠯ ᠬᠠᠮᠠᠭᠠᠯᠠᠯ᠂ ᠵᠢᠭᠤᠯᠴᠢᠯᠠᠯ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ ᠵᠡᠷᠭᠡ ᠲᠠᠯ᠎ᠠ᠎ᠶ᠋ᠢᠨ ᠬᠠᠮᠲᠤᠷᠠᠯᠴᠠᠭ᠎ᠠ᠎ᠪᠠᠨ ᠥᠷᠭᠡᠳᠭᠡᠵᠦ᠍᠂ ᠰᠤᠷᠭᠠᠨ ᠬᠥᠮᠦᠵᠢᠯ᠂ ᠪᠡᠶ᠎ᠡ᠎ᠶ᠋ᠢᠨ ᠲᠠᠮᠢᠷ᠂ ᠵᠠᠯᠠᠭᠤᠴᠤᠳ᠂ ᠵᠠᠭᠤᠴᠢᠯᠠᠭᠤᠷ᠂ ᠣᠷᠣᠨ ᠨᠤᠲᠤᠭ ᠵᠡᠷᠭᠡ ᠬᠦᠷᠢᠶᠡᠨ᠎ᠦ ᠰᠣᠯᠢᠯᠴᠠᠭ᠎ᠠ᠎ᠪᠠᠨ ᠥᠷᠭᠡᠳᠭᠡᠵᠦ᠍᠂ ᠬᠥᠭ᠌ᠵᠢᠵᠦ᠍ ᠪᠠᠢᠭ᠎ᠠ ᠤᠯᠤᠰ᠎ᠤᠳ᠎ᠤᠨ ᠬᠠᠮᠲᠤᠷᠠᠯᠴᠠᠭᠠᠨ᠎ᠤ ᠪᠣᠷᠣ ᠲᠥᠯᠥᠪ᠎ᠦᠨ ᠳᠣᠲᠣᠷ᠎ᠠ ᠲᠤᠩᠭ᠎ᠠ᠎ᠶ᠋ᠢᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠷᠭᠦᠯᠵᠢᠯᠡᠨ ᠬᠠᠪᠰᠤᠷᠤᠯᠭ᠎ᠠ ᠦᠵᠡᠭᠦᠯᠦᠨ᠎ᠡ᠃ ᠲᠤᠩᠭ᠎ᠠ᠎ᠶ᠋ᠢᠨ ᠡᠯ᠎ᠡ ᠡᠲᠡᠭᠡᠳ᠎ᠦᠨ ᠬᠥᠮᠦᠰ᠎ᠦᠨ ᠳᠤᠮᠳᠠᠳᠤ ᠤᠯᠤᠰ᠎ᠲᠤ ᠢᠷᠡᠵᠦ᠍ ᠲᠣᠭᠣᠷᠢᠨ ᠦᠵᠡᠵᠦ᠍ ᠱᠢᠨᠵᠢᠯᠡᠨ ᠪᠠᠢᠴᠠᠭᠠᠵᠤ᠂ ᠲᠦᠷᠦ᠍᠎ᠶ᠋ᠢ ᠵᠠᠰᠠᠬᠤ ᠪᠠ ᠬᠥᠭ᠌ᠵᠢᠯᠲᠡ᠎ᠶ᠋ᠢᠨ ᠲᠤᠷᠱᠢᠯᠭ᠎ᠠ᠎ᠶ᠋ᠢᠨ ᠰᠣᠯᠢᠯᠴᠠᠭ᠎ᠠ᠎ᠪᠠᠨ ᠴᠢᠩᠭᠠᠳᠭᠠᠵᠤ᠂ ᠳᠤᠮᠳᠠᠳᠤ ᠤᠯᠤᠰ᠎ᠤᠨ ᠲᠤᠬᠠᠢ ᠪᠦᠬᠦ᠌ ᠲᠠᠯ᠎ᠠ᠎ᠶ᠋ᠢᠨ ᠣᠢᠯᠠᠭᠠᠯᠲᠠ᠎ᠪᠠᠨ ᠨᠡᠮᠡᠭ᠌ᠳᠡᠭᠦᠯᠬᠦ᠎ᠶᠢ ᠪᠠᠶᠠᠷᠯᠠᠨ ᠤᠭ᠍ᠲᠤᠵᠤ ᠪᠠᠢᠨ᠎ᠠ ᠭᠡᠵᠦ ᠵᠢᠭᠠᠵᠤ ᠭᠠᠷᠭᠠᠪᠠ᠃
ᠰᠢ᠎ᠵᠢᠨ᠎ᠫᠢᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠠᠴᠠ ᠳᠤᠮᠳᠠᠳᠤ ᠤᠯᠤᠰ᠎ᠤᠨ ᠢᠷᠡᠭᠡᠳᠦᠢ᠎ᠶ᠋ᠢᠨ 5 ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠵᠦ᠍ ᠲᠥᠯᠥᠪᠯᠡᠭᠡ ᠪᠣᠯᠤᠨ ᠪᠠᠢᠯᠳᠤᠬᠤ ᠪᠤᠳᠤᠯᠭ᠎ᠠ᠎ᠶ᠋ᠢᠨ ᠵᠢᠷᠤᠭ ᠲᠥᠯᠥᠪᠯᠡᠭᠡ ᠬᠢᠪᠡ᠃ ᠳᠤᠮᠳᠠᠳᠤ ᠤᠯᠤᠰ ᠴᠢᠨᠠᠷ ᠰᠠᠢᠲᠠᠶ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠳᠠᠯ᠎ᠠ ᠪᠡᠷ ᠭᠦᠨᠵᠡᠭᠡᠢᠷᠡᠭᠦᠯᠵᠦ᠍᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠦ᠍᠂ ᠳᠡᠯᠡᠬᠡᠶ᠎ᠶ᠋ᠢᠨ ᠡᠯ᠎ᠡ ᠤᠯᠤᠰ᠎ᠲᠠᠶ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠬᠠᠮᠲᠤ᠎ᠪᠠᠷ ᠡᠳ᠋ᠯᠡᠨ᠎ᠡ᠃ ᠳᠤᠮᠳᠠᠳᠤ᠎ᠶ᠋ᠢᠨ ᠬᠢᠨ ᠪᠦᠬᠦ᠌ ᠪᠥᠮᠪᠥᠷᠴᠡᠭ᠎ᠦᠨ ᠳᠦᠷᠪᠡᠨ ᠶᠡᠬᠡ ᠰᠠᠨᠠᠭᠠᠴᠢᠯᠠᠭ᠎ᠠ᠎ᠶ᠋ᠢ ᠳᠤᠷᠠᠳᠤᠭ᠍ᠰᠠᠨ ᠨᠢ ᠳᠠᠷᠤᠢ ᠳᠡᠯᠡᠬᠡᠢ᠎ᠶ᠋ᠢᠨ ᠡᠯ᠎ᠡ ᠤᠯᠤᠰ᠎ᠤᠨ ᠬᠥᠭ᠌ᠵᠢᠯᠲᠡ᠎ᠶ᠋ᠢ ᠬᠠᠮᠲᠤ᠎ᠪᠠᠷ ᠡᠷᠢᠯᠬᠢᠯᠡᠵᠦ᠍᠂ ᠡᠩᠬᠡ ᠲᠠᠢᠪᠤᠩ᠎ᠢ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠬᠤ᠎ᠶ᠋ᠢᠨ ᠲᠥᠯᠥᠭᠡ ᠶᠤᠮ᠃ ᠳᠤᠷᠠᠲᠠᠶ᠎ᠠ ᠲᠤᠩᠭᠠᠯᠤᠭᠠ ᠪᠦᠬᠦ᠌ ᠪᠥᠮᠪᠥᠷᠴᠡᠭ᠎ᠦᠨ ᠲᠦᠷᠪᠡᠨ ᠶᠡᠬᠡ ᠰᠠᠨᠠᠭᠠᠴᠢᠯᠠᠭ᠎ᠠ᠎ᠶ᠋ᠢ ᠬᠠᠮᠲᠤ᠎ᠪᠠᠷ ᠦᠢᠯᠡᠳᠦᠯᠭᠡᠵᠢᠭᠦᠯᠵᠦ᠍᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠨ ᠰᠠᠢᠬᠠᠨ ᠠᠮᠢᠳᠤᠷᠠᠯ᠎ᠢ ᠡᠭᠦᠳᠦᠨ ᠥᠭ᠌ᠴᠦ᠂ ᠳᠤᠮᠳᠠᠳᠤ ᠤᠯᠤᠰ — ᠨᠣᠮᠣᠬᠠᠨ ᠲᠠᠯᠠᠢ᠎ᠶ᠋ᠢᠨ ᠠᠷᠠᠯᠲᠤ ᠤᠯᠤᠰ᠎ᠤᠳ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠬᠠᠮᠲᠤ᠎ᠪᠠᠷ ᠪᠠᠢᠭᠤᠯᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠤᠨ᠎ᠠ ᠭᠡᠵᠦ᠍ ᠴᠢᠬᠤᠯᠠᠴᠢᠯᠠᠪᠠ᠃
ᠲᠦᠫᠦ᠋ ᠵᠢᠷᠭᠤᠳᠤᠭᠠᠷ᠂ ᠲᠤᠩᠭ᠎ᠠ ᠪᠣᠯᠣᠨ ᠳᠤᠮᠳᠠᠳᠤ ᠤᠯᠤᠰ᠎ᠤᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ ᠲᠦᠷᠭᠡᠨ ᠬᠥᠭᠵᠢᠯᠲᠡ᠎ᠲᠠᠢ ᠪᠣᠯᠪᠠ᠂ ᠳᠤᠮᠳᠠᠳᠤ ᠤᠯᠤᠰ᠎ᠤᠨ ᠤᠷᠳᠤ ᠬᠤᠭᠤᠴᠠᠭᠠᠨ᠎ᠤ ᠲᠤᠷᠰᠢ ᠲᠤᠩᠭ᠎ᠠ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠬᠠᠷᠠᠮ ᠦᠭᠡᠢ ᠳᠡᠮᠵᠢᠯᠭᠡ ᠦᠵᠡᠭᠦᠯᠦᠭᠰᠡᠨ᠎ᠳᠦ ᠲᠠᠯᠠᠷᠬᠠᠵᠤ ᠪᠠᠢᠨ᠎ᠠ᠃ ᠲᠤᠩᠭ᠎ᠠ᠎ᠶᠢᠨ ᠬᠢᠨ ᠳᠤᠮᠳᠠᠳᠤ ᠤᠯᠤᠰ ᠯᠤᠭ᠎ᠠ᠎ᠶᠢᠨ ᠬᠠᠷᠢᠯᠴᠠᠭ᠎ᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠬᠢᠴᠢᠶᠡᠩᠭᠦᠢᠯᠡᠨ ᠵᠢᠷᠤᠮᠯᠠᠵᠤ᠂ ᠶᠠᠮᠠᠷᠪᠠ ᠬᠡᠯᠪᠡᠷᠢ᠎ᠶᠢᠨ 《ᠲᠠᠢᠸᠠᠨ᠎ᠢ ᠲᠤᠰᠠᠭᠠᠷ ᠲᠣᠭᠲᠠᠨᠢᠭᠤᠯᠬᠤ》᠎ᠶᠢ ᠡᠷᠡᠰ ᠡᠰᠡᠷᠭᠦᠴᠡᠵᠦ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠤᠯᠤᠰ᠎ᠤᠨ ᠨᠢᠭᠡᠳᠦᠯ᠎ᠢᠶᠡᠨ ᠪᠡᠶᠡᠯᠡᠭᠦᠯᠬᠦ᠎ᠶᠢ ᠡᠷᠡᠰ ᠲᠡᠮᠵᠢᠨ᠎ᠠ᠃ ᠲᠤᠩᠭ᠎ᠠ᠎ᠶᠢᠨ ᠲᠠᠯ᠎ᠠ ᠵᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ᠂ ᠴᠡᠪᠡᠷ ᠡᠨᠧᠷᠭᠢ᠂ ᠰᠤᠷᠭᠠᠨ ᠬᠥᠮᠦᠵᠢᠯ᠂ ᠡᠮᠴᠢᠯᠡᠭᠡ᠂ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠬᠦᠷᠢᠶᠡᠨ᠎ᠦ ᠬᠠᠮᠲᠤᠷᠠᠯᠴᠠᠭ᠎ᠠ᠎ᠪᠠᠨ ᠥᠷᠭᠡᠳᠬᠡᠵᠦ᠂ ᠬᠣᠶᠠᠷ ᠤᠯᠤᠰ᠎ᠤᠨ ᠬᠠᠷᠢᠯᠴᠠᠭ᠎ᠠ ᠨᠡᠩ ᠤᠯᠠᠨ ᠪᠣᠳᠠᠲᠦ ᠦᠷ᠎ᠡ ᠪᠦᠲᠦᠭᠡᠯ ᠣᠯᠬᠤ᠎ᠶᠢ ᠲᠦᠯᠬᠢᠨ ᠠᠬᠢᠭᠤᠯᠤᠨ᠎ᠠ᠃ ᠲᠤᠩᠭ᠎ᠠ᠎ᠶᠢᠨ ᠬᠢᠨ ᠳᠤᠮᠳᠠᠳᠤ ᠤᠯᠤᠰ ᠲᠡᠷᠢᠭᠦᠯᠡᠭᠴᠢ ᠰᠢ᠎ᠵᠢᠨ᠎ᠫᠢᠩ᠎ᠤᠨ ᠤᠳᠤᠷᠢᠳᠤᠯᠭ᠎ᠠ ᠳᠣᠣᠷ᠎ᠠ ᠠᠭᠤᠤ ᠶᠡᠬᠡ ᠠᠮᠵᠢᠯᠲᠠ ᠣᠯᠣᠭᠰᠠᠨ᠎ᠳᠤ ᠪᠠᠶᠠᠷ ᠬᠦᠷᠭᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠷᠦ᠎ᠶᠢ ᠵᠠᠰᠠᠬᠤ ᠲᠤᠬᠠᠢ ᠠᠮᠵᠢᠯᠲᠠ ᠳᠠᠢ ᠲᠤᠷᠰᠢᠯᠭ᠎ᠠ᠎ᠶᠢ ᠰᠤᠷᠤᠯᠴᠠᠬᠤ᠎ᠶᠢ ᠬᠦᠰᠡᠵᠦ ᠪᠠᠢᠨ᠎ᠠ᠃ ᠲᠤᠩᠭ᠎ᠠ᠎ᠶᠢᠨ ᠬᠢᠨ ᠲᠡᠷᠢᠭᠦᠯᠡᠭᠴᠢ ᠰᠢ᠎ᠵᠢᠨ᠎ᠫᠢᠩ᠎ᠤᠨ ᠳᠤᠷᠠᠳᠤᠭᠰᠠᠨ ᠪᠦᠬᠦ ᠪᠥᠮᠪᠥᠷᠴᠡᠭ᠎ᠦᠨ ᠳᠦᠷᠪᠡᠨ ᠶᠡᠬᠡ ᠰᠠᠨᠠᠭᠠᠴᠢᠯᠠᠭ᠎ᠠ᠎ᠶᠢ ᠳᠡᠮᠵᠢᠵᠦ᠂ ᠳᠤᠷᠠᠲᠠᠶ᠎ᠠ ᠳᠤᠮᠳᠠᠳᠤ᠎ᠶᠢᠨ ᠲᠠᠯ᠎ᠠ᠎ᠲᠠᠢ ᠣᠯᠣᠯᠴᠠᠭ᠎ᠠ ᠬᠠᠮᠵᠢᠯᠴᠠᠭ᠎ᠠ᠎ᠪᠠᠨ ᠴᠢᠩᠭᠠᠳᠬᠠᠵᠤ᠂ ᠠᠭᠤᠷ ᠠᠮᠢᠰᠬᠤᠯ᠎ᠤᠨ ᠬᠤᠪᠢᠷᠠᠯᠲᠠ ᠵᠡᠷᠭᠡ ᠪᠦᠬᠦ ᠪᠥᠮᠪᠥᠷᠴᠡᠭ᠎ᠦᠨ ᠴᠢᠨᠠᠷᠲᠠᠢ ᠥᠷᠢᠰᠦᠯᠳᠦᠭᠡᠨ᠎ᠢ ᠬᠠᠮᠲᠤ ᠪᠠᠷ ᠠᠷᠭᠠᠴᠡᠭᠠᠨᠠ ᠭᠡᠵᠦ ᠢᠯᠡᠳᠬᠡᠪᠡ᠃
ᠠᠶ᠋ᠢᠯᠴᠢᠯᠠᠯᠲᠠ᠎ᠶᠢᠨ ᠬᠤᠭᠤᠴᠠᠭᠠᠨ᠎ᠳᠤ᠂ ᠬᠣᠶᠠᠷ ᠲᠠᠯ᠎ᠠ᠎ᠪᠠᠷ᠎ᠢᠶᠠᠨ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠲᠤᠩᠭ᠎ᠠ ᠸᠠᠩᠲᠤ ᠤᠯᠤᠰ᠎ᠤᠨ ᠬᠠᠮᠲᠤᠷᠠᠭᠰᠠᠨ ᠢᠯᠡᠷᠬᠡᠢᠯᠡᠯᠲᠡ》᠎ᠶᠢ ᠨᠡᠢᠲᠡᠯᠡᠪᠡ᠃
ᠠᠭᠤᠯᠵᠠᠯᠲᠠ᠎ᠶᠢᠨ ᠲᠠᠷᠠᠭ᠎ᠠ᠂ ᠬᠣᠶᠠᠷ ᠤᠯᠤᠰ᠎ᠤᠨ ᠲᠡᠷᠢᠭᠦᠨ ᠠᠵᠤ ᠠᠬᠤᠢ ᠠᠷᠠᠯᠵᠢᠶ᠎ᠠ᠂ ᠡᠮᠴᠢᠯᠡᠭᠡ᠂ ᠰᠤᠷᠭᠠᠨ ᠬᠥᠮᠦᠵᠢᠯ᠂ ᠬᠥᠭᠵᠢᠯᠲᠡ ᠵᠡᠷᠭᠡ ᠬᠦᠷᠢᠶᠡᠨ᠎ᠦ ᠤᠯᠠᠨ ᠬᠤᠪᠢ ᠬᠠᠮᠲᠤᠷᠠᠯᠴᠠᠭᠠᠨ᠎ᠤ ᠪᠢᠴᠢᠭ ᠮᠠᠲᠧᠷᠢᠶᠠᠯ᠎ᠳᠤ ᠭᠠᠷᠤᠨ ᠦᠰᠦᠭ ᠵᠢᠷᠤᠬᠤ᠎ᠶᠢ ᠬᠠᠮᠲᠤ ᠪᠠᠷ ᠭᠡᠷᠡᠴᠢᠯᠡᠪᠡ᠃
ᠠᠭᠤᠯᠵᠠᠯᠲᠠ᠎ᠠᠴᠠ ᠡᠮᠦᠨ᠎ᠡ᠂ ᠰᠢ᠎ᠵᠢᠨ᠎ᠫᠢᠩ ᠬᠠᠳᠤᠨ ᠫᠸᠩ ᠯᠢ ᠶᠤᠸᠠᠨ᠎ᠲᠠᠢ᠎ᠪᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠢᠲᠤ ᠶᠡᠬᠡ ᠲᠢᠩᠬᠢᠮ᠎ᠳᠦ ᠲᠦᠫᠦ᠋ ᠵᠢᠷᠭᠤᠳᠤᠭᠠᠷ ᠪᠣᠯᠣᠨ ᠸᠠᠩ᠎ᠤᠨ ᠬᠠᠳᠤᠨ ᠨᠠᠨᠠᠰᠢᠫᠠᠤ᠋ᠶᠢ ᠤᠭᠲᠤᠬᠤ ᠶᠣᠰᠣᠯᠠᠯ ᠶᠠᠪᠤᠭᠤᠯᠪᠠ᠃
ᠲᠢᠶᠠᠨ ᠠᠨ ᠮᠧᠨ ᠠᠭᠤᠳᠠᠮ ᠲᠠᠯᠠᠪᠠᠢ᠎ᠳᠤ ᠶᠣᠰᠣᠯᠠᠯ᠎ᠤᠨ ᠫᠤᠤ᠎ᠶᠢ 21 ᠳᠤᠤᠭᠠᠷᠭᠠᠵᠤ᠂ ᠶᠣᠰᠣᠯᠠᠯ᠎ᠤᠨ ᠴᠡᠷᠢᠭ ᠮᠥᠷᠯᠡᠨ ᠵᠤᠭᠰᠤᠵᠤ ᠶᠣᠰᠣᠯᠠᠪᠠ᠃ ᠬᠣᠶᠠᠷ ᠤᠯᠤᠰ᠎ᠤᠨ ᠲᠡᠷᠢᠭᠦᠨ ᠰᠢᠯᠭᠠᠨ ᠦᠵᠡᠬᠦ ᠲᠠᠢᠰᠠᠨ᠎ᠳᠤ ᠭᠠᠷᠴᠤ᠂ ᠴᠡᠷᠢᠭ᠎ᠦᠨ ᠬᠥᠭᠵᠢᠮ᠎ᠦᠨ ᠠᠩᠭᠢ᠎ᠡᠴᠡ ᠳᠤᠮᠳᠠᠳᠤ ᠲᠤᠩᠭ᠎ᠠ ᠬᠣᠶᠠᠷ ᠤᠯᠤᠰ᠎ᠤᠨ ᠤᠯᠤᠰ᠎ᠤᠨ ᠰᠦᠯᠳᠡ ᠳᠠᠭᠤᠤ᠎ᠶᠢ ᠬᠥᠭᠵᠢᠮᠳᠡᠪᠡ᠃ ᠲᠦᠫᠦ᠋ ᠵᠢᠷᠭᠤᠳᠤᠭᠠᠷ ᠰᠢ᠎ᠵᠢᠨ᠎ᠫᠢᠩ᠎ᠤᠨ ᠪᠠᠷ᠎ᠠ ᠪᠤᠯᠤᠯᠭ᠎ᠠ᠎ᠲᠠᠢ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠦᠨ ᠶᠣᠰᠣᠯᠠᠯ᠎ᠤᠨ ᠠᠩᠭᠢ᠎ᠶᠢ ᠰᠢᠯᠭᠠᠨ ᠦᠵᠡᠭᠰᠡᠨ ᠪᠥᠭᠡᠳ ᠵᠢᠭ᠍ᠰᠠᠭᠠᠯ᠎ᠢ ᠰᠣᠨᠢᠷᠬᠠᠪᠠ᠃
ᠲᠤᠰ ᠡᠳᠦᠷ᠎ᠦᠨ ᠦᠳᠡ᠎ᠳᠦ᠂ ᠰᠢ᠎ᠵᠢᠨ᠎ᠫᠢᠩ ᠪᠣᠯᠣᠨ ᠫᠸᠩ ᠯᠢ ᠶᠤᠸᠠᠨ ᠲᠦᠫᠦ᠋ ᠵᠢᠷᠭᠤᠳᠤᠭᠠᠷ ᠪᠤᠯᠤᠨ ᠲᠡᠭᠦᠨ᠎ᠤ ᠬᠠᠲᠦᠨᠢ ᠤᠭᠲᠤᠬᠤ ᠳᠠᠶ᠋ᠢᠯᠠᠯᠭ᠎ᠠ ᠬᠢᠪᠡ᠃
ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃
ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 11 ᠰᠠᠷ᠎ᠠ᠎ᠶ᠋ᠢᠨ 25 ᠤ᠋ ᠴᠠᠬᠢᠯᠭᠠᠨ ᠮᠡᠳᠡᠭᠡ