ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 11 ᠳ᠋ᠦ᠍ᠭᠡᠷ ᠰᠠᠷ᠎ᠠ᠎ᠶᠢᠨ 25 ᠤ ᠡᠳᠦᠷ᠎ᠦᠨ ᠴᠠᠬᠢᠯᠭᠠᠨ ᠮᠡᠳᠡᠭᠡ 11 ᠳ᠋ᠦ᠍ᠭᠡᠷ ᠰᠠᠷ᠎ᠠ᠎ᠶᠢᠨ 25 ᠤ ᠡᠳᠦᠷ᠂ ᠳᠣᠯᠣᠳᠤᠭᠠᠷ ᠬᠤᠭᠤᠴᠠᠭᠠᠨ᠎ᠤ ᠳᠤᠮᠳᠠᠳᠤ ᠤᠷᠤᠰ᠎ᠤᠨ ᠡᠨᠧᠷᠭᠢ᠎ᠶᠢᠨ ᠬᠤᠳᠠᠯᠳᠤᠭᠠᠨ᠎ᠤ ᠶᠠᠪᠤᠳᠠᠯ᠎ᠤᠨ ᠶᠠᠷᠢᠶᠠᠨ᠎ᠤ ᠲᠠᠪᠴᠠᠩ ᠪᠡᠭᠡᠵᠢᠩ᠎ᠳᠦ ᠶᠠᠪᠤᠭᠳᠠᠪᠠ᠃ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠲᠣᠰ ᠶᠠᠷᠢᠶᠠᠨ᠎ᠤ ᠲᠠᠪᠴᠠᠩ᠎ᠳᠤ ᠪᠠᠶᠠᠷ᠎ᠤᠨ ᠵᠠᠬᠢᠳᠠᠯ ᠢᠯᠡᠭᠡᠪᠡ᠃
ᠰᠢ᠎ᠵᠢᠨ᠎ᠫᠢᠩ ᠵᠢᠭᠠᠵᠤ ᠭᠠᠷᠭᠠᠬᠤ᠎ᠳᠤ᠎ᠪᠠᠨ᠂ ᠳᠤᠮᠳᠠᠳᠤ ᠣᠷᠣᠰ᠎ᠤᠨ ᠡᠨᠧᠷᠭᠢ᠎ᠶᠢᠨ ᠬᠠᠮᠲᠤᠷᠠᠯᠴᠠᠭ᠎ᠠ᠎ᠪᠠᠨ ᠡᠷᠲᠡ ᠡᠬᠢᠯᠡᠭᠦᠯᠵᠦ᠂ ᠰᠠᠢᠨ ᠰᠠᠭᠤᠷᠢ ᠲᠠᠢ ᠪᠠᠢᠭ᠎ᠠ ᠨᠢ ᠬᠣᠶᠠᠷ ᠲᠠᠯ᠎ᠠ᠎ᠶᠢᠨ ᠬᠠᠷᠢᠯᠴᠠᠨ ᠠᠰᠢᠭ᠍ᠲᠠᠢ ᠬᠠᠮᠲᠤᠷᠠᠯᠴᠠᠭᠠᠨ᠎ᠤ ᠦᠯᠢᠭᠡᠷ ᠵᠢᠱ᠌ᠢᠶ᠎ᠡ ᠪᠣᠯᠵᠤ᠂ ᠬᠣᠶᠠᠷ ᠤᠯᠤᠰ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠠᠬᠢᠭᠤᠯᠬᠤ᠂ ᠬᠣᠶᠠᠷ ᠤᠯᠤᠰ᠎ᠤᠨ ᠠᠷᠠᠳ ᠲᠦᠮᠡᠨ᠎ᠦ ᠪᠤᠶᠠᠨ ᠵᠢᠷᠭᠠᠯ᠎ᠢ ᠨᠡᠮᠡᠭᠳᠡᠭᠦᠯᠬᠦ᠎ᠳᠦ ᠢᠳᠡᠪᠬᠢᠲᠡᠢ ᠦᠢᠯᠡᠳᠦᠯ ᠭᠠᠷᠭᠠᠵᠠᠢ ᠭᠡᠪᠡ᠃
ᠰᠢ᠎ᠵᠢᠨ᠎ᠫᠢᠩ ᠴᠢᠬᠤᠯᠠᠴᠢᠯᠠᠬᠤ᠎ᠳᠤ᠎ᠪᠠᠨ᠂ ᠳᠤᠮᠳᠠᠳᠤ᠎ᠶᠢᠨ ᠲᠠᠯ᠎ᠠ ᠳᠤᠷᠠᠲᠠᠶ᠎ᠠ ᠤᠷᠤᠰ᠎ᠤᠨ ᠲᠠᠯ᠎ᠠ ᠯᠤᠭ᠎ᠠ ᠴᠢᠷᠮᠠᠢᠵᠤ ᠪᠠᠢᠭᠠᠳ ᠪᠦᠬᠦ ᠲᠠᠯ᠎ᠠ᠎ᠶᠢᠨ ᠡᠨᠧᠷᠭᠢ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠪᠠᠨ ᠦᠷᠭᠦᠯᠵᠢᠯᠡᠨ ᠪᠡᠬᠢᠵᠢᠭᠦᠯᠵᠦ᠂ ᠪᠦᠬᠦ ᠪᠥᠮᠪᠥᠷᠴᠡᠭ᠎ᠦᠨ ᠡᠨᠧᠷᠭᠢ᠎ᠶᠢᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶᠡᠨ᠎ᠦ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ᠎ᠶᠢ ᠬᠠᠮᠲᠤ᠎ᠪᠠᠷ ᠬᠠᠮᠠᠭᠠᠯᠠᠵᠤ᠂ ᠨᠡᠩ ᠡᠷᠬᠡ ᠲᠡᠭᠰᠢ ᠲᠥᠪ ᠭᠣᠣᠯᠴᠢ᠂ ᠲᠡᠩᠴᠡᠭᠦᠷᠢᠲᠡᠢ ᠲᠦᠭᠡᠮᠡᠯ ᠬᠠᠷᠠᠭᠠᠯᠵᠠᠯᠲᠤ ᠪᠦᠬᠦ ᠪᠥᠮᠪᠥᠷᠴᠡᠭ᠎ᠦᠨ ᠡᠨᠧᠷᠭᠢ᠎ᠶᠢᠨ ᠵᠠᠰᠠᠯᠲᠠ᠎ᠶᠢᠨ ᠲᠣᠭᠲᠠᠯᠴᠠᠭ᠎ᠠ ᠪᠠᠶ᠋ᠢᠭᠤᠯᠬᠤ᠎ᠶᠢ ᠠᠬᠢᠭᠤᠯᠵᠤ᠂ ᠳᠡᠯᠡᠬᠡᠢ᠎ᠶᠢᠨ ᠡᠨᠧᠷᠭᠢ᠎ᠶᠢᠨ ᠠᠮᠤᠷ ᠲᠦᠪᠰᠢᠨ ᠪᠠ ᠨᠣᠭᠣᠭᠠᠨ ᠳᠣᠣᠷ᠎ᠠ ᠨᠡᠭᠦᠷᠡᠰᠦᠲᠥ᠋ᠷᠥᠭᠴᠢᠲᠦ ᠰᠢᠯᠵᠢᠯᠲᠡ᠎ᠶᠢ ᠨᠡᠩ ᠲᠣᠭᠲᠠᠭᠤᠨ ᠪᠣᠯᠭᠠᠨ᠎ᠠ ᠭᠡᠪᠡ᠃
ᠲᠤᠬᠠᠢ᠎ᠶᠢᠨ ᠡᠳᠦᠷ᠂ ᠤᠷᠤᠰ᠎ᠤᠨ ᠬᠣᠯᠪᠣᠭᠠᠨ᠎ᠤ ᠶᠡᠷᠦᠩᠬᠡᠢᠯᠡᠭᠴᠢ ᠫᠦᠲ᠋ᠢᠨ ᠪᠠᠰᠠ ᠳᠣᠯᠣᠳᠤᠭᠠᠷ ᠬᠤᠭᠤᠴᠠᠭᠠᠨ᠎ᠤ ᠳᠤᠮᠳᠠᠳᠤ ᠤᠷᠤᠰ᠎ᠤᠨ ᠡᠨᠧᠷᠭᠢ᠎ᠶᠢᠨ ᠬᠤᠳᠠᠯᠳᠤᠭᠠᠨ᠎ᠤ ᠶᠠᠪᠤᠳᠠᠯ᠎ᠤᠨ ᠶᠠᠷᠢᠶᠠᠨ᠎ᠤ ᠲᠠᠪᠴᠠᠩ᠎ᠳᠤ ᠪᠠᠶᠠᠷ᠎ᠤᠨ ᠵᠠᠬᠢᠳᠠᠯ ᠢᠯᠡᠭᠡᠪᠡ᠃