ᠪᠥᠬᠥ ᠬᠦᠴᠦᠨ᠎ᠢᠶᠡᠷ᠎ᠢᠶᠡᠨ ᠭᠠᠯ᠎ᠤᠨ ᠭᠠᠮᠰᠢᠭ᠋᠎ᠢ ᠠᠷᠢᠯᠭᠠᠬᠤ᠎ᠪᠠᠷ ᠴᠢᠷᠮᠠᠢᠵᠤ ᠭᠠᠯ᠎ᠤᠨ ᠭᠠᠮᠰᠢᠭ᠋᠎ᠤᠨ ᠡᠨᠳᠡᠯ ᠰᠢᠷᠬᠠᠲᠤᠯ᠎ᠤᠨ ᠬᠣᠬᠢᠷᠠᠯ᠎ᠢ ᠬᠠᠮᠤᠭ᠎ᠤᠨ ᠳᠣᠣᠷ᠎ᠠ ᠬᠡᠮᠵᠢᠶᠡᠨ᠎ᠳᠦ ᠬᠦᠷᠲᠡᠯ᠎ᠡ ᠪᠠᠭᠠᠰᠬᠠᠬᠤ ᠬᠡᠷᠡᠭᠲᠡᠢ ᠭᠡᠵᠦ ᠱᠠᠭᠠᠷᠳᠠᠵᠠᠢ
11 ᠰᠠᠷ᠎ᠠ᠎ᠶᠢᠨ 26 ᠤ᠋ ᠦᠳᠡ᠎ᠶᠢᠨ ᠬᠣᠢᠨ᠎ᠠ᠂ ᠰᠢᠶᠠᠩᠭᠠᠩ᠎ᠤᠨ ᠰᠢᠨ ᠵᠢᠶᠸ᠎ᠶᠢᠨ ᠳ᠋ᠠᠪᠦ᠋ᠶᠢᠨ ᠨᠡᠢᠲᠡ᠎ᠶᠢᠨ ᠪᠠᠢᠰᠢᠩ ᠪᠤᠯᠬᠤ ᠬᠣᠩ ᠹᠦ ᠶᠤᠸᠠᠨ᠎ᠤ ᠬᠡᠳᠦᠨ ᠣᠷᠣᠨ ᠰᠠᠭᠤᠴᠠ᠎ᠶᠢᠨ ᠠᠰᠠᠷ᠎ᠲᠤ ᠭᠠᠯ᠎ᠤᠨ ᠭᠠᠮᠰᠢᠭ ᠭᠠᠷᠴᠤ᠂ ᠬᠥᠮᠥᠨ ᠬᠠᠷ᠎ᠠ ᠬᠦᠨᠳᠦ ᠶᠡᠬᠡᠪᠡᠷ ᠦᠬᠦᠵᠦ ᠰᠢᠷᠬᠠᠲᠤᠪᠠ᠃
ᠡᠨᠳᠡᠯ ᠭᠠᠷᠤᠭᠰᠠᠨ᠎ᠤ ᠳᠠᠷᠠᠭ᠎ᠠ᠂ ᠳᠣᠮᠳᠠᠳᠦ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭᠴᠢ ᠰᠢ᠎ᠵᠢᠨ᠎ᠫᠢᠩ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠤ᠂ ᠲᠡᠷᠡ ᠳᠠᠷᠤᠢ᠎ᠳᠤ᠎ᠨᠢ ᠭᠠᠯ᠎ᠤᠨ ᠭᠠᠮᠰᠢᠭ᠋᠎ᠡᠴᠡ ᠠᠪᠤᠷᠠᠬᠤ ᠪᠠ ᠬᠥᠮᠥᠨ ᠬᠠᠷ᠎ᠠ ᠦᠬᠦᠵᠦ ᠰᠢᠷᠬᠠᠲᠤᠭᠰᠠᠨ ᠵᠡᠷᠭᠡ ᠪᠠᠢᠳᠠᠯ᠎ᠢ ᠣᠢᠯᠠᠭᠠᠵᠤ᠂ ᠲᠥᠪ᠎ᠦᠨ ᠵᠠᠰᠠᠭ᠎ᠤᠨ ᠣᠷᠳᠣᠨ᠎ᠤ ᠰᠢᠶᠠᠩᠭᠠᠩ᠎ᠳᠤ ᠰᠠᠭᠤᠭ᠎ᠠ ᠬᠣᠯᠪᠣᠭ᠎ᠠ ᠠᠪᠬᠤ ᠠᠯᠪᠠᠨ ᠭᠡᠷ᠎ᠦᠨ ᠬᠠᠷᠢᠭᠤᠴᠠᠯᠭᠠᠲᠠᠨ᠎ᠳᠤ ᠵᠢᠭᠠᠪᠤᠷᠢ ᠥᠭᠴᠦ᠂ ᠲᠡᠭᠦᠨ᠎ᠦ ᠡᠨᠳᠡᠭᠰᠡᠳ ᠪᠣᠯᠣᠨ ᠪᠡᠶ᠎ᠡ ᠦᠷᠡᠭᠳᠡᠭᠰᠡᠨ ᠭᠠᠯ ᠤᠨᠲᠠᠷᠠᠭᠠᠭ᠍ᠴᠢᠳᠦ ᠢᠯᠡᠷᠬᠡᠢᠯᠡᠭᠰᠡᠨ ᠭᠠᠰᠢᠭᠤᠳᠠᠯ᠂ ᠡᠨᠳᠡᠭᠰᠡᠳ᠎ᠦᠨ ᠭᠡᠷ ᠪᠦᠯᠢ᠎ᠶᠢᠨ ᠭᠢᠨ ᠪᠣᠯᠣᠨ ᠭᠠᠮᠰᠢᠭ᠍ᠳᠠᠭᠰᠠᠨ ᠬᠥᠮᠥᠰ᠎ᠢ ᠲᠣᠬᠣᠨᠢᠭᠤᠯᠵᠤ ᠪᠠᠢᠬᠤ᠎ᠶᠢ ᠰᠢᠶᠠᠩᠭᠠᠩ ᠣᠨᠴᠠᠭᠠᠶ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠯᠢ ᠵᠢᠶᠠ ᠴᠤᠤᠳᠤ ᠳᠠᠮᠵᠢᠭᠤᠯᠵᠤ᠂ ᠲᠥᠪ᠎ᠦᠨ ᠰᠢᠶᠠᠩᠭᠠᠩ ᠣᠣᠮᠧᠨ᠎ᠦ ᠠᠵᠢᠯ᠎ᠤᠨ ᠠᠯᠪᠠᠨ ᠭᠡᠷ᠂ ᠲᠥᠪ᠎ᠦᠨ ᠵᠠᠰᠠᠭ᠎ᠤᠨ ᠣᠷᠳᠣᠨ᠎ᠤ ᠰᠢᠶᠠᠩᠭᠠᠩ᠎ᠳᠤ ᠰᠠᠭᠤᠭ᠎ᠠ ᠬᠣᠯᠪᠣᠭ᠎ᠠ ᠠᠪᠬᠤ ᠠᠯᠪᠠᠨ ᠭᠡᠷ᠎ᠡᠴᠡ ᠰᠢᠶᠠᠩᠭᠠᠩᠣᠨᠴᠠᠭᠠᠶ ᠵᠠᠰᠠᠭ ᠵᠠᠬᠢᠷᠭᠠᠨ᠎ᠤ ᠣᠷᠣᠨ᠎ᠤ ᠵᠠᠰᠠᠭ᠎ᠤᠨ ᠣᠷᠳᠣᠨ᠎ᠤ ᠭᠠᠯ᠎ᠤᠨ ᠭᠠᠮᠰᠢᠭ᠎ᠢ ᠪᠥᠬᠥ ᠬᠦᠴᠦᠨ᠎ᠢᠶᠡᠷ᠎ᠢᠶᠡᠨ ᠠᠷᠢᠯᠭᠠᠬᠤ᠎ᠶᠢ ᠳᠡᠮᠵᠢᠵᠦ᠂ ᠠᠷᠭ᠎ᠠ ᠪᠦᠬᠦᠨ᠎ᠢ ᠰᠦᠪᠡᠭᠴᠢᠯᠡᠵᠦ ᠪᠠᠢᠭᠠᠳ ᠬᠥᠮᠥᠰ᠎ᠢ ᠡᠷᠢᠵᠦ ᠠᠪᠤᠷᠠᠬᠤ᠂ ᠰᠢᠷᠬᠠᠲᠤᠭᠰᠠᠳ᠎ᠢ ᠠᠪᠤᠷᠠᠨ ᠡᠮᠴᠢᠯᠡᠬᠦ᠂ ᠬᠣᠢᠲᠤᠬᠢ ᠶᠠᠪᠤᠳᠠᠯ ᠢ ᠲᠣᠬᠣᠨᠢᠭᠤᠯᠬᠤ ᠵᠡᠷᠭᠡ ᠠᠵᠢᠯ᠎ᠢ ᠰᠠᠢᠲᠤᠷ ᠬᠢᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠣᠷᠣᠨ ᠨᠤᠲᠤᠭ᠎ᠤᠨ ᠬᠢᠨ ᠴᠢᠬᠤᠯᠠᠲᠠᠢ ᠲᠤᠰᠠᠯᠠᠮᠵᠢ ᠬᠠᠩᠭᠠᠵᠤ᠂ ᠭᠠᠯ ᠤᠨ ᠭᠠᠮᠰᠢᠭ᠋᠎ᠤᠨ ᠡᠨᠳᠡᠯ ᠰᠢᠷᠬᠠᠲᠤᠯ᠎ᠤᠨ ᠬᠣᠬᠢᠷᠠᠯ᠎ᠢ ᠬᠠᠮᠤᠭ᠎ᠤᠨ ᠳᠣᠣᠷ᠎ᠠ ᠬᠡᠮᠵᠢᠶᠡᠨ᠎ᠳᠦ ᠬᠦᠷᠳᠡᠯ᠎ᠠ ᠪᠠᠭᠠᠰᠬᠠᠬᠤ᠎ᠪᠠᠷ ᠴᠢᠷᠮᠠᠢᠬᠤ ᠬᠡᠷᠡᠭᠲᠡᠢ ᠭᠡᠵᠦ ᠱᠠᠭᠠᠷᠳᠠᠪᠠ᠃
ᠰᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ᠎ᠤᠨ ᠣᠷᠳᠣᠨ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠲᠣᠭᠲᠡᠴᠡ᠎ᠶᠢ ᠨᠢᠭᠡᠨᠲᠡ ᠡᠬᠢᠯᠡᠭᠦᠯᠵᠦ᠂ ᠲᠥᠪ᠎ᠦᠨ ᠵᠠᠰᠠᠭ᠎ᠤᠨ ᠣᠷᠳᠣᠨ᠎ᠤ ᠰᠢᠶᠠᠩᠭᠠᠩ᠎ᠳᠤ ᠰᠠᠭᠤᠭ᠎ᠠ ᠬᠣᠯᠪᠣᠭ᠎ᠠ ᠠᠪᠬᠤ ᠠᠯᠪᠠᠨ ᠭᠡᠷ ᠪᠠᠴᠢᠮ ᠪᠠᠢᠳᠠᠯ᠎ᠢ ᠠᠷᠭᠠᠴᠠᠭᠠᠬᠤ ᠲᠤᠰᠬᠠᠢ ᠠᠩᠭᠢ ᠪᠠᠢᠭᠤᠯᠵᠤ᠂ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ᠎ᠤᠨ ᠣᠷᠳᠣᠨ᠎ᠲᠠᠢ ᠨᠢᠭ᠍ᠲᠠ ᠨᠡᠪᠲᠡᠷᠡᠯᠴᠡᠵᠦ᠂ ᠠᠪᠤᠷᠠᠨ ᠲᠤᠰᠠᠯᠠᠬᠤ ᠠᠵᠢᠯ᠎ᠢ ᠰᠠᠢᠲᠤᠷ ᠬᠢᠬᠦ᠎ᠶᠢ ᠪᠦᠬᠦ ᠬᠦᠴᠦᠨ᠎ᠢᠶᠡᠷ᠎ᠢᠶᠡᠨ ᠳᠡᠮᠵᠢᠵᠤ ᠪᠤᠢ᠃ ᠣᠳᠣᠬᠠᠨ᠎ᠳᠤ᠂ ᠬᠣᠯᠪᠣᠭᠳᠠᠯ ᠪᠦᠬᠦᠢ ᠠᠵᠢᠯ ᠶᠠᠭ ᠶᠠᠪᠤᠭᠳᠠᠵᠤ ᠪᠠᠢᠨ᠎ᠠ᠃
ᠰᠢᠨᠬᠤᠸᠠ ᠬᠣᠷᠢᠶ᠎ᠡ᠎ᠶᠢᠨ ᠪᠡᠭᠡᠵᠢᠩ᠎ᠦᠨ 11 ᠰᠠᠷ᠎ᠠ᠎ᠶᠢᠨ 26 ᠤ᠋ ᠴᠠᠬᠢᠯᠭᠠᠨ ᠮᠡᠳᠡᠭᠡ