ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠹᠢᠵᠢ᠎ᠶᠢᠨ ᠶᠡᠷᠦᠩᠬᠡᠢᠯᠡᠭ᠌ᠴᠢ ᠯᠠᠯᠠᠪᠠᠷᠠᠸᠸ᠎ᠲᠠᠢ ᠳᠤᠮᠳᠠᠳᠤ ᠹᠢᠵᠢ᠎ᠶᠢᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 50 ᠵᠢᠯ᠎ᠦᠨ ᠣᠶ ᠳ᠋ᠤ ᠵᠤᠷᠢᠭᠤᠯᠤᠨ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ
ᠨᠡᠶ᠋ᠢᠲᠡᠯᠡᠭᠰᠡᠨ ᠴᠠᠭ᠄ 2025-11-06

ᠯᠢ ᠴᠢᠶᠠᠩ ᠪᠣᠯᠤᠨ ᠹᠢᠵᠢ᠎ᠶᠢᠨ ᠶᠡᠷᠦᠩᠬᠡᠢ ᠰᠠᠢᠳ ᠯᠠᠨᠪᠦ᠋ᠺᠠ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠠᠢ

11 ᠰᠠᠷ᠎ᠠ᠎ᠶ᠋ᠢᠨ 5 ᠎ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠪᠣᠯᠤᠨ ᠪᠥᠬᠥᠳᠡ ᠨᠠᠢᠷᠠᠮᠳᠠᠬᠤ ᠹᠢᠵᠢ ᠤᠯᠤᠰ᠎ᠤᠨ ᠶᠡᠷᠦᠩᠬᠡᠢᠯᠡᠭ᠌ᠴᠢ ᠯᠠᠯᠠᠪᠠᠷᠠᠸᠸ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠳᠤᠮᠳᠠᠳᠤ ᠹᠢᠵᠢ ᠬᠣᠶᠠᠷ ᠤᠯᠤᠰ᠎ᠤᠨ ᠬᠠᠷᠢᠯᠴᠠᠭ᠎ᠠ ᠪᠠᠢᠭᠤᠯᠤᠭ᠍ᠰᠠᠨ 50 ᠵᠢᠯ᠎ᠦᠨ ᠣᠶ᠎ᠶ᠋ᠢ ᠪᠡᠯᠭᠡᠯᠡᠪᠡ᠃

ᠰᠢ᠎ᠵᠢᠨ᠎ᠫᠢᠩ᠂ ᠹᠢᠵᠢ ᠪᠣᠯ ᠱᠢᠨ᠎ᠡ ᠳᠤᠮᠳᠠᠳᠤ ᠤᠯᠤᠰ᠎ᠲᠠᠶ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ ᠠᠩᠬᠠᠳᠠᠭ᠍ᠴᠢ ᠨᠣᠮᠣᠬᠠᠨ ᠲᠠᠯᠠᠢ᠎ᠶ᠋ᠢᠨ ᠠᠷᠠᠯᠲᠤ ᠤᠯᠤᠰ ᠪᠣᠯᠤᠨ᠎ᠠ᠃ ᠳᠤᠮᠳᠠᠳᠤ ᠹᠢᠵᠢ ᠬᠠᠷᠢᠯᠴᠠᠭ᠎ᠠ ᠪᠠᠢᠭᠤᠯᠤᠭ᠍ᠰᠠᠨ ᠬᠠᠭᠠᠰ ᠵᠠᠭᠤᠨ᠎ᠤ ᠲᠤᠷᠰᠢ᠂ ᠳᠡᠯᠡᠬᠡᠢ᠎ᠶ᠋ᠢᠨ ᠪᠠᠢᠳᠠᠯ ᠶᠠᠭᠠᠬᠢᠵᠤ ᠬᠤᠪᠢᠷᠠᠭ᠍ᠰᠠᠨ ᠴᠤ᠌᠂ ᠬᠣᠶᠠᠷ ᠤᠯᠤᠰ ᠢᠮᠠᠭ᠍ᠲᠠ ᠬᠠᠷᠢᠯᠴᠠᠨ ᠬᠦᠨᠳᠦᠳᠭᠡᠵᠦ᠍᠂ ᠡᠷᠬᠡ ᠲᠡᠭ᠌ᠰᠢ᠎ᠪᠡᠷ ᠬᠠᠨᠳᠤᠯᠴᠠᠵᠤ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠵᠥ᠍᠂ ᠲᠤᠰ ᠲᠤᠰ᠎ᠤᠨ᠎ᠢᠶᠠᠨ ᠤᠯᠤᠰ᠎ᠤᠨ ᠪᠠᠢᠳᠠᠯ᠎ᠳᠤ ᠨᠡᠢᠴᠡᠭ᠌ᠰᠡᠨ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠳᠡᠮᠵᠢᠭ᠌ᠰᠡᠭᠡᠷ ᠢᠷᠡᠪᠡ᠃ ᠤᠢ᠍ᠢᠷ᠎ᠠ᠎ᠶ᠋ᠢᠨ ᠵᠢᠯ᠎ᠡᠴᠡ᠂ ᠬᠣᠶᠠᠷ ᠲᠠᠯ᠎ᠠ᠎ᠪᠠᠷ᠎ᠢᠶᠠᠨ 《ᠨᠢᠭᠡ ᠪᠦᠰᠡ ᠨᠢᠭᠡ ᠵᠠᠮ》᠎ᠢ᠋ ᠬᠠᠮᠲᠤ᠎ᠪᠠᠷ ᠴᠢᠨᠠᠷ ᠰᠠᠢᠲᠠᠢ ᠪᠦᠳᠦᠭᠡᠨ ᠪᠠᠢᠭᠤᠯᠤᠭᠠᠳ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠠᠱᠢᠭ ᠬᠦᠷᠲᠡᠭᠡᠵᠦ᠍᠂ ᠳᠤᠮᠳᠠᠳᠤ ᠹᠢᠵᠢ᠎ᠶᠢᠨ ᠨᠥᠬᠥᠷᠯᠡᠯ ᠬᠥᠮᠦᠰ᠎ᠦᠨ ᠰᠡᠳᠭᠢᠯ᠎ᠳᠦ ᠨᠡᠩ ᠭᠦᠨ ᠬᠠᠳᠠᠩᠱᠢᠵᠠᠢ ᠭᠡᠵᠦ ᠵᠢᠭᠠᠵᠤ ᠭᠠᠷᠭᠠᠪᠠ᠃

ᠰᠢ᠎ᠵᠢᠨ᠎ᠫᠢᠩ᠂ ᠪᠢ ᠳᠤᠮᠳᠠᠳᠤ ᠹᠢᠵᠢ᠎ᠶᠢᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠨ᠎ᠠ᠂ ᠳᠤᠷᠠᠲᠠᠶ᠎ᠠ ᠶᠡᠷᠦᠩᠬᠡᠢᠯᠡᠭ᠌ᠴᠢ ᠯᠠᠯᠠᠪᠠᠷᠠᠸᠸ ᠲᠠᠢ ᠬᠠᠮᠲᠤ᠎ᠪᠠᠷ ᠴᠢᠷᠮᠠᠢᠵᠤ᠂ ᠬᠣᠶᠠᠷ ᠤᠯᠤᠰ᠎ᠤᠨ ᠬᠠᠷᠢᠯᠴᠠᠭ᠎ᠠ ᠪᠠᠢᠭᠤᠯᠤᠭ᠍ᠰᠠᠨ 50 ᠵᠢᠯ᠎ᠦᠨ ᠤᠢ᠎ᠪᠠᠷ ᠠᠵᠠ ᠲᠣᠬᠢᠶᠠᠯ ᠪᠣᠯᠭᠠᠵᠤ᠂ ᠬᠣᠶᠠᠷ ᠲᠠᠯ᠎ᠠ᠎ᠶ᠋ᠢᠨ ᠤᠯᠤᠰ ᠲᠦᠷᠦ᠍᠎ᠶ᠋ᠢᠨ ᠢᠲᠡᠭᠡᠯᠴᠡᠭᠡ᠎ᠪᠡᠨ ᠨᠡᠮᠡᠭ᠌ᠳᠡᠭᠦᠯᠵᠦ᠍᠂ ᠡᠯ᠎ᠡ ᠬᠦᠷᠢᠶᠡᠨ᠎ᠦ ᠬᠠᠮᠲᠤᠷᠠᠯᠴᠠᠭ᠎ᠠ᠎ᠵᠢ ᠥᠷᠭᠡᠳᠭᠡᠵᠦ᠍᠂ ᠳᠤᠮᠳᠠᠳᠤ ᠹᠢᠵᠢ᠎ᠶᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠤᠨ᠎ᠠ ᠭᠡᠵᠦ᠍ ᠴᠢᠬᠤᠯᠠᠴᠢᠯᠠᠪᠠ᠃

ᠯᠠᠯᠠᠪᠠᠷᠠᠸᠸ᠂ ᠹᠢᠵᠢ ᠳᠤᠮᠳᠠᠳᠤ᠎ᠶᠢᠨ ᠬᠠᠷᠢᠯᠴᠠᠭ᠎ᠠ ᠪᠠᠢᠭᠤᠯᠤᠭ᠍ᠰᠠᠨ 50 ᠵᠢᠯ᠎ᠦᠨ ᠤᠢ ᠪᠣᠯ ᠬᠣᠶᠠᠷ ᠤᠯᠤᠰ᠎ᠤᠨ ᠬᠠᠷᠢᠯᠴᠠᠭᠠᠨ᠎ᠤ ᠴᠢᠬᠤᠯᠠ ᠬᠥᠱᠢᠢ᠎ᠡ ᠲᠡᠮᠳᠡᠭ ᠪᠣᠯᠤᠨ᠎ᠠ᠃ ᠬᠣᠶᠠᠷ ᠤᠯᠤᠰ᠎ᠢᠶᠠᠷ᠎ᠢᠶᠠᠨ ᠬᠠᠷᠢᠯᠴᠠᠨ ᠬᠦᠨᠳᠦᠳᠭᠡᠬᠦ᠌᠂ ᠬᠠᠮᠲᠤ᠎ᠶ᠋ᠢᠨ ᠠᠱᠢᠭ ᠲᠤᠰᠠ ᠵᠢᠴᠢ ᠡᠩᠬᠡ ᠲᠠᠢᠪᠤᠩ ᠪᠠ ᠬᠥᠭ᠌ᠵᠢᠯ ᠴᠡᠴᠡᠭ᠌ᠯᠡᠯ᠎ᠦᠨ ᠲᠤᠬᠠᠢ ᠬᠠᠮᠲᠤ᠎ᠶ᠋ᠢᠨ ᠬᠦᠰᠡᠯ ᠡᠷᠡᠮᠡᠯᠵᠡᠯ᠎ᠦᠨ ᠰᠠᠭᠤᠷᠢᠨ ᠳᠡᠭᠡᠷ᠎ᠡ᠂ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢ ᠪᠠᠢᠭᠤᠯᠵᠤ᠂ ᠬᠠᠮᠲᠤᠷᠠᠯᠴᠠᠭᠠᠨ᠎ᠤ ᠬᠦᠷᠢᠶ᠎ᠡ᠎ᠪᠡᠨ ᠲᠠᠰᠤᠷᠠᠯᠲᠠ ᠦᠭᠡᠢ ᠥᠷᠭᠡᠳᠭᠡᠵᠦ᠍᠂ ᠭᠠᠵᠠᠷ ᠣᠷᠣᠨ ᠪᠣᠯᠤᠨ ᠤᠯᠠᠨ ᠤᠯᠤᠰ᠎ᠤᠨ ᠥᠷᠢᠰᠥᠯᠳᠦᠭᠡᠨ᠎ᠢ ᠠᠷᠭᠠᠴᠠᠭᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃ ᠹᠢᠵᠢ ᠳᠤᠮᠳᠠᠳᠤ᠎ᠶ᠋ᠢᠨ ᠬᠠᠷᠢᠯᠴᠠᠭ᠎ᠠ᠎ᠶ᠋ᠢᠨ ᠬᠥᠭ᠌ᠵᠢᠯᠲᠡ ᠨᠡᠩ ᠭᠦᠨᠵᠡᠭᠡᠢᠷᠡᠵᠦ᠍᠂ ᠨᠡᠩ ᠠᠮᠢᠵᠢᠷᠠᠯ᠎ᠤᠨ ᠬᠦᠴᠦᠨ᠎ᠲᠡᠶ ᠪᠤᠯᠵᠤ᠂ ᠠᠯᠤᠰ ᠢᠷᠡᠭᠡᠳᠦᠢ ᠨᠡᠩ ᠭᠡᠭᠡᠨ ᠰᠠᠷᠠᠭᠤᠯ ᠪᠣᠯᠬᠤ᠎ᠶ᠋ᠢ ᠪᠠᠲᠤ ᠢᠲᠡᠭᠡᠵᠦ᠍ ᠪᠠᠢᠨ᠎ᠠ ᠭᠡᠵᠦ᠍ ᠢᠯᠡᠳᠭᠡᠪᠡ᠃

ᠲᠤᠰ ᠡᠳᠦᠷ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠪᠣᠯᠤᠨ ᠹᠢᠵᠢ᠎ᠶ᠋ᠢᠨ ᠶᠡᠷᠦᠩᠬᠡᠢ ᠰᠠᠢᠳ ᠯᠠᠨᠪᠦ᠋ᠺᠠ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠳᠤᠮᠳᠠᠳᠤ ᠤᠯᠤᠰ ᠳᠤᠮᠳᠠᠳᠤ ᠹᠢᠵᠢ᠎ᠶᠢᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠹᠢᠵᠢ᠎ᠶᠢᠨ ᠬᠢᠨ ᠲᠠᠶ ᠬᠠᠮᠲᠤ᠎ᠪᠠᠷ ᠴᠢᠷᠮᠠᠢᠵᠤ ᠪᠠᠢᠭᠠᠳ ᠬᠠᠷᠢᠯᠴᠠᠭ᠎ᠠ ᠪᠠᠢᠭᠤᠯᠤᠭ᠍ᠰᠠᠨ 50 ᠵᠢᠯ᠎ᠦᠨ ᠤᠢ᠎ᠪᠠᠷ ᠠᠵᠠ ᠲᠣᠬᠢᠶᠠᠯ ᠪᠣᠯᠭᠠᠵᠤ᠂ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠪᠠᠨ ᠥᠷᠭᠡᠳᠭᠡᠨ ᠭᠦᠨᠵᠡᠭᠡᠢᠷᠡᠭᠦᠯᠵᠦ᠍᠂ ᠳᠤᠮᠳᠠᠳᠤ ᠹᠢᠵᠢ᠎ᠶᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠲᠠᠰᠤᠷᠠᠯᠲᠠ ᠦᠭᠡᠢ ᠤᠷᠤᠭ᠍ᠰᠢ ᠬᠥᠭ᠌ᠵᠢᠬᠦ᠌᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃

ᠯᠠᠨᠪᠦ᠋ᠺᠠ᠂ ᠹᠢᠵᠢ᠎ᠶ᠋ᠢᠨ ᠬᠢᠨ ᠳᠤᠮᠳᠠᠳᠤ ᠤᠯᠤᠰ᠎ᠯᠤᠭ᠎ᠠ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠪᠠᠨ ᠨᠠᠨᠳᠢᠩᠨᠠᠵᠤ᠂ ᠬᠣᠶᠠᠷ ᠲᠠᠯ᠎ᠠ᠎ᠶ᠋ᠢᠨ ᠡᠯ᠎ᠡ ᠬᠦᠷᠢᠶᠡᠨ᠎ᠦ ᠬᠠᠮᠲᠤᠷᠠᠯᠴᠠᠭ᠎ᠠ ᠦᠷᠭᠦᠯᠵᠢᠯᠡᠨ ᠬᠣᠶᠠᠷ ᠤᠯᠤᠰ᠎ᠤᠨ ᠠᠷᠠᠳ ᠲᠦᠮᠡᠨ᠎ᠳᠦ ᠦᠨᠡᠨ ᠪᠣᠳᠠᠲᠠᠢ ᠠᠱᠢᠭ ᠬᠦᠷᠲᠡᠭᠡᠵᠦ᠍ ᠪᠠᠢᠨ᠎ᠠ᠃ ᠹᠢᠵᠢ᠎ᠶᠢᠨ ᠬᠢᠨ ᠳᠤᠮᠳᠠᠳᠤ ᠤᠯᠤᠰ᠎ᠯᠤᠭ᠎ᠠ ᠨᠢᠭ᠍ᠲᠠ ᠬᠠᠮᠲᠤᠷᠠᠯᠴᠠᠵᠤ᠂ ᠬᠣᠶᠠᠷ ᠤᠯᠤᠰ᠎ᠤᠨ ᠬᠠᠷᠢᠯᠴᠠᠨ ᠬᠦᠨᠳᠦᠳᠭᠡᠬᠦ᠌᠂ ᠥᠨᠢ ᠤᠳᠠᠭᠠᠨ ᠨᠥᠬᠥᠷᠰᠡᠭ ᠪᠠᠢᠬᠤ᠂ ᠬᠠᠮᠲᠤ᠎ᠪᠠᠷ ᠬᠥᠭ᠌ᠵᠢᠬᠦ᠌ ᠬᠠᠨᠢᠲᠠᠨ᠎ᠤ ᠬᠠᠷᠢᠯᠴᠠᠭ᠎ᠠ᠎ᠶ᠋ᠢ ᠭᠦᠨᠵᠡᠭᠡᠢᠷᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠦ ᠢᠯᠡᠳᠭᠡᠪᠡ᠃

ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 11 ᠰᠠᠷ᠎ᠠ᠎ᠶ᠋ᠢᠨ 5 ᠎ᠤ᠋ ᠴᠠᠬᠢᠯᠭᠠᠨ ᠮᠡᠳᠡᠭᠡ

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            