ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠠᠵᠤ ᠠᠬᠤᠢ᠎ᠶ᠋ᠢᠨ ᠠᠵᠢᠯ᠎ᠤᠨ ᠲᠤᠬᠠᠢ ᠰᠠᠨᠠᠯ ᠰᠠᠨᠠᠭᠤᠯᠭ᠎ᠠ ᠬᠤᠷᠢᠶᠠᠵᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠢ᠎ᠠ ᠨᠠᠮ᠎ᠤᠨ ᠭᠠᠳᠠᠨᠠᠬᠢ ᠬᠥᠮᠦᠰ᠎ᠦᠨ ᠶᠠᠷᠢᠯᠴᠠᠬᠤ ᠬᠤᠷᠠᠯ ᠬᠤᠷᠠᠯᠳᠤᠭᠤᠯᠪᠠ ᠰᠢ᠎ᠵᠢᠨ᠎ᠫᠢᠩ ᠶᠠᠷᠢᠯᠴᠠᠬᠤ ᠬᠤᠷᠠᠯ᠎ᠢ ᠡᠷᠬᠢᠯᠡᠭ᠌ᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2025-12-10

ᠯᠢ ᠴᠢᠶᠠᠩ ᠬᠣᠯᠪᠣᠭ᠍ᠳᠠᠯ ᠪᠦᠬᠦᠢ ᠪᠠᠢᠳᠠᠯ᠎ᠢ ᠮᠡᠳᠡᠭ᠌ᠳᠡᠵᠦ  ᠼᠠᠢ ᠴᠢ   ᠳ᠋ᠢᠩ ᠱᠢᠤᠸᠠᠢ ᠱᠢᠶᠠᠩ ᠣᠷᠣᠯᠴᠠᠪᠠ

12 ᠰᠠᠷ᠎ᠠ᠎ᠶ᠋ᠢᠨ 3 ᠎ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠥᠩ ᠨᠠᠨ ᠬᠠᠶ᠎ᠳᠤ ᠨᠠᠮ᠎ᠤᠨ ᠭᠠᠳᠠᠨᠠᠬᠢ ᠬᠥᠮᠦᠰ᠎ᠦᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠨᠡ ᠵᠢᠯ᠎ᠦᠨ ᠠᠵᠤ ᠠᠬᠤᠶ᠎ᠶ᠋ᠢᠨ ᠪᠠᠢᠳᠠᠯ ᠪᠠ ᠢᠷᠡᠬᠦ᠌ ᠵᠢᠯ᠎ᠦᠨ ᠠᠵᠤ ᠠᠬᠤᠶ᠎ᠶ᠋ᠢᠨ ᠠᠵᠢᠯ᠎ᠤᠨ ᠲᠤᠬᠠᠶ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠶ᠎ᠠ᠂ ᠪᠥᠬᠥ᠌ ᠤᠯᠤᠰ᠎ᠤᠨ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠠᠷᠢᠭᠤᠴᠠᠯᠭᠠᠲᠠᠨ ᠪᠠ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢᠳ᠎ᠦᠨ ᠰᠠᠨᠠᠯ ᠰᠠᠨᠠᠭᠤᠯᠭ᠎ᠠ᠎ᠶ᠋ᠢ ᠰᠣᠨᠣᠰᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ ᠰᠢ᠎ᠵᠢᠨ᠎ᠫᠢᠩ ᠶᠠᠷᠢᠯᠴᠠᠬᠤ ᠬᠤᠷᠠᠯ᠎ᠢ ᠡᠷᠬᠢᠯᠡᠭ᠌ᠰᠡᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠤᠷᠳᠤ ᠬᠤᠭᠤᠴᠠᠭᠠᠨ ᠎ᠤ ᠲᠤᠷᠰᠢᠬᠢ ᠰᠠᠢᠵᠢᠷᠠᠵᠤ ᠪᠠᠢᠭ᠎ᠠ᠎ᠶᠢᠨ ᠲᠤᠯᠭᠠᠭᠤᠷᠢᠯᠠᠬᠤ ᠨᠥᠬᠥᠴᠡᠯ ᠪᠣᠯᠤᠨ ᠦᠨᠳᠦᠰᠦᠨ ᠬᠠᠨᠳᠤᠰᠢ ᠬᠤᠪᠢᠷᠠᠭ᠎ᠠ ᠦᠭᠡᠢ᠂ ᠢᠲᠡᠭᠡᠯ ᠵᠣᠷᠢᠭ᠎ᠢᠶᠠᠨ ᠪᠠᠲᠤᠳᠭᠠᠵᠤ᠂ ᠳᠠᠪᠠᠭᠤᠯᠢᠭ᠎ᠢᠶᠠᠨ ᠰᠠᠢᠲᠤᠷ ᠠᠱᠢᠭ᠍ᠯᠠᠵᠤ᠂ ᠥᠷᠢᠰᠥᠯᠳᠦᠭᠡᠨ᠎ᠢ ᠠᠷᠭᠠᠴᠠᠭᠠᠵᠤ᠂ ᠠᠵᠤ ᠠᠬᠤᠢ᠎ᠶ᠋ᠢᠨ ᠲᠣᠭ᠍ᠲᠠᠭᠤᠨ᠎ᠤ ᠳᠤᠮᠳᠠ ᠰᠠᠢᠵᠢᠷᠠᠬᠤ ᠬᠠᠨᠳᠤᠰᠢ᠎ᠶ᠋ᠢ ᠲᠠᠰᠤᠷᠠᠯᠳᠠ ᠦᠭᠡᠢ ᠪᠡᠬᠢᠵᠢᠭᠦᠯᠦᠨ ᠥᠷᠭᠡᠳᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠦᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠭᠡᠱᠢᠭᠦᠨ ᠯᠢ ᠴᠢᠶᠠᠩ᠂ ᠼᠠᠢ ᠴᠢ᠂ ᠳ᠋ᠢᠩ ᠱᠢᠤᠸᠠᠢ ᠱᠢᠶᠠᠩ ᠶᠠᠷᠢᠯᠴᠠᠬᠤ ᠬᠤᠷᠠᠯ᠎ᠳᠤ ᠣᠷᠣᠯᠴᠠᠪᠠ᠃ ᠯᠢ ᠴᠢᠶᠠᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠨᠠᠢᠳᠠᠯᠭ᠎ᠠ᠎ᠪᠠᠷ ᠡᠨᠡ ᠵᠢᠯ᠎ᠦᠨ ᠠᠵᠤ ᠠᠬᠤᠢ᠎ᠶ᠋ᠢᠨ ᠠᠵᠢᠯ᠎ᠤᠨ ᠬᠣᠯᠪᠣᠭ᠍ᠳᠠᠯ ᠪᠦᠬᠦᠢ ᠪᠠᠢᠳᠠᠯ᠎ᠢ ᠮᠡᠳᠡᠭ᠌ᠳᠡᠵᠦ᠍᠂ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ᠎ᠤᠨ ᠬᠣᠯᠪᠣᠭ᠍ᠳᠠᠯ ᠪᠦᠬᠦᠢ ᠪᠣᠳᠣᠯᠬᠢᠯᠠᠯ᠎ᠢ ᠲᠠᠨᠢᠯᠴᠠᠭᠤᠯᠪᠠ᠃

ᠶᠠᠷᠢᠯᠴᠠᠬᠤ ᠬᠤᠷᠠᠯ ᠳᠡᠭᠡᠷ᠎ᠡ᠂ ᠲᠤᠮᠳᠠᠳᠤ ᠤᠯᠤᠰ᠎ᠤᠨ ᠭᠣᠮᠢᠨᠳᠠᠩ᠎ᠤᠨ ᠬᠤᠪᠢᠰᠭᠠᠯᠲᠤ ᠬᠣᠷᠢᠶ᠎ᠠ᠎ᠶ᠋ᠢᠨ ᠲᠥᠪ ᠬᠣᠷᠢᠶ᠎ᠠ᠎ᠶ᠋ᠢᠨ ᠲᠡᠷᠢᠭᠦᠯᠡᠭ᠌ᠴᠢ ᠵᠧᠩ ᠵᠢᠶᠠᠨ ᠪᠠᠩ᠂ ᠲᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠲᠥᠪ ᠬᠣᠷᠢᠶ᠎ᠠ᠎ᠶ᠋ᠢᠨ ᠲᠡᠷᠢᠭᠦᠯᠡᠭ᠌ᠴᠢ ᠳ᠋ᠢᠩ ᠵᠥᠩ ᠯᠢ᠂ ᠲᠤᠮᠳᠠᠳᠤ ᠤᠯᠤᠰ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠲᠥᠪ ᠬᠣᠷᠢᠶ᠎ᠠ᠎ᠶ᠋ᠢᠨ ᠳᠡᠳ᠋ ᠲᠡᠷᠢᠭᠦᠯᠡᠭ᠌ᠴᠢ ᠰᠦᠨ ᠳ᠋ᠦᠩ ᠱᠧᠩ᠂ ᠲᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠲᠥᠪ ᠬᠣᠷᠢᠶ᠎ᠠ᠎ᠶ᠋ᠢᠨ ᠲᠡᠷᠢᠭᠦᠯᠡᠭ᠌ᠴᠢ ᠼᠠᠢ ᠳ᠋ᠠ ᠹᠸᠩ᠂ ᠲᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠲᠥᠪ ᠬᠣᠷᠢᠶ᠎ᠠ᠎ᠶ᠋ᠢᠨ ᠲᠡᠷᠢᠭᠦᠯᠡᠭ᠌ᠴᠢ ᠾᠧ ᠸᠧᠶ᠂ ᡁᠢᠬᠦ᠋ᠩᠳ᠋ᠠᠩ ᠨᠠᠮ᠎ᠤᠨ ᠲᠥᠪ ᠬᠣᠷᠢᠶ᠎ᠠ᠎ᠶ᠋ᠢᠨ ᠲᠡᠷᠢᠭᠦᠯᠡᠭ᠌ᠴᠢ ᠵᠢᠶᠠᠩ ᠽᠦᠸᠧ ᠵᠢᠶᠦ᠋ᠨ᠂ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠲᠥᠪ ᠬᠣᠷᠢᠶ᠎ᠠ᠎ᠶ᠋ᠢᠨ ᠲᠡᠷᠢᠭᠦᠯᠡᠭ᠌ᠴᠢ ᠦ᠋ ᠸᠧᠶ ᠬᠤᠸᠠ᠂ ᠲᠠᠢᠸᠠᠨ᠎ᠤ ᠠᠷᠠᠳᠴᠢᠯᠠᠯ᠎ᠢᠶᠠᠷ ᠥᠪᠡᠷᠲᠡᠭᠡᠨ ᠵᠠᠰᠠᠬᠤ ᠬᠣᠯᠪᠣᠭ᠎ᠠ᠎ᠶ᠋ᠢᠨ ᠲᠥᠪ ᠬᠣᠷᠢᠶ᠎ᠠ᠎ᠶ᠋ᠢᠨ ᠲᠡᠷᠢᠭᠦᠯᠡᠭ᠌ᠴᠢ ᠰᠣ᠌ ᠬᠣᠶ᠂ ᠪᠥᠬᠥ᠌ ᠤᠯᠤᠰ᠎ᠤᠨ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠲᠡᠷᠢᠭᠦᠯᠡᠭ᠌ᠴᠢ ᠭᠤᠤ ᠶᠦᠨ ᠯᠦᠩ᠂ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢ ᠭᠤᠤ ᠬᠣᠩ ᠵᠢᠶᠦ᠋ᠨ ᠤᠷᠢᠳ ᠬᠣᠵᠢᠳ ᠦᠭᠡ ᠬᠡᠯᠡᠪᠡ᠃ ᠲᠠᠳᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠣᠳᠣᠬᠠᠨ᠎ᠤ ᠠᠵᠤ ᠠᠬᠤᠶ᠎ᠶ᠋ᠢᠨ ᠪᠠᠢᠳᠠᠯ᠎ᠤᠨ ᠲᠤᠬᠠᠶ ᠵᠠᠳᠠᠯᠤᠯᠲᠠ ᠮᠠᠭᠠᠳᠯᠠᠯᠲᠠ ᠪᠠ ᠢᠷᠡᠬᠦ᠌ ᠵᠢᠯ᠎ᠦᠨ ᠠᠵᠤ ᠠᠬᠤᠶ᠎ᠶ᠋ᠢᠨ ᠠᠵᠢᠯ᠎ᠤᠨ ᠲᠤᠬᠠᠶ ᠲᠦᠯᠦᠪᠵᠢᠭᠦᠯᠭᠡ ᠪᠣᠳᠣᠯᠬᠢᠯᠠᠯ᠎ᠢ ᠪᠦᠷᠢᠮᠦᠰᠦᠨ ᠵᠥᠪᠱᠢᠶᠡᠷᠡᠵᠦ᠍ ᠪᠠᠢᠬᠤ ᠪᠥᠭᠡᠳ ᠠᠵᠤ ᠦᠶ᠋ᠯᠡᠰ᠎ᠦᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠂ ᠴᠢᠨᠠᠷ ᠰᠠᠢᠲᠠᠶ ᠬᠠᠩᠭᠠᠯᠭ᠎ᠠ᠎ᠶ᠋ᠢ ᠨᠡᠮᠡᠭ᠌ᠳᠡᠭᠦᠯᠬᠦ᠌᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠲᠣᠭ᠎ᠠ ᠪᠠᠷᠢᠮᠲᠠ᠎ᠶ᠋ᠢᠨ ᠡᠯᠧᠮᠧᠨ᠋ᠲ᠎ᠦᠨ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠢ ᠪᠠᠢᠭᠤᠯᠬᠤ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠬᠦ᠌᠂ ᠠᠷᠠᠳ ᠲᠦᠮᠡᠨ᠎ᠦ ᠡᠷᠡᠭᠦᠯ ᠮᠡᠨᠳᠦ ᠪᠤᠶᠠᠨ ᠵᠢᠷᠭᠠᠯ᠎ᠢ ᠨᠡᠮᠡᠭ᠌ᠳᠡᠭᠦᠯᠬᠦ᠌᠂ ᠴᠢᠨᠠᠷ ᠰᠠᠢᠲᠠᠶ ᠠᠵᠢᠯ ᠣᠯᠭᠣᠯᠲᠠ᠎ᠶ᠋ᠢ ᠠᠬᠢᠭᠤᠯᠬᠤ᠂ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠳᠡᠭᠡᠭ᠌ᠰᠢᠯᠡᠭᠦᠯᠬᠦ᠌ ᠵᠡᠷᠭᠡ ᠲᠠᠯ᠎ᠠ ᠪᠡᠷ ᠰᠠᠨᠠᠯ ᠪᠠ ᠰᠠᠨᠠᠭᠤᠯᠭ᠎ᠠ ᠳᠤᠷᠠᠳᠴᠠᠶ᠃

ᠤᠯᠠᠨ᠎ᠤ ᠬᠡᠯᠡᠭᠦ᠎ᠶᠢ ᠨᠠᠷᠢᠨ ᠬᠢᠨᠠᠮᠠᠭᠠᠢ ᠰᠣᠨᠣᠰᠤᠭ᠍ᠰᠠᠨ᠎ᠤ ᠳᠠᠷᠠᠭ᠎ᠠ᠂ ᠰᠢ᠎ᠵᠢᠨ᠎ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠤᠯᠠᠨ᠎ᠢᠶᠠᠷ᠎ᠢᠶᠠᠨ ᠡᠨᠡ ᠵᠢᠯ᠎ᠦᠨ ᠠᠵᠤ ᠠᠬᠤᠢ᠎ᠶ᠋ᠢᠨ ᠠᠵᠢᠯ᠎ᠤᠨ ᠣᠯᠤᠭ᠍ᠰᠠᠨ ᠠᠮᠵᠢᠯᠲᠠ᠎ᠶ᠋ᠢ ᠭᠦᠢᠴᠡᠳ ᠨᠤᠲᠠᠯᠠᠵᠤ᠂ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌ ᠲᠤᠬᠠᠢ ᠰᠠᠨᠠᠯ ᠰᠠᠨᠠᠭᠤᠯᠭ᠎ᠠ ᠳᠤᠷᠠᠳᠪᠠ᠂ ᠪᠢᠳᠡ ᠨᠠᠷᠢᠨ ᠬᠢᠨᠠᠮᠠᠭᠠᠢ ᠰᠤᠳᠤᠯᠤᠨ ᠬᠡᠷᠡᠭ᠌ᠯᠡᠨ᠎ᠡ ᠭᠡᠵᠦ ᠢᠯᠡᠳᠭᠡᠪᠡ᠃

ᠰᠢ᠎ᠵᠢᠨ᠎ᠫᠢᠩ᠂ ᠡᠨᠡ ᠵᠢᠯ ᠪᠣᠯ ᠲᠤᠢᠯ᠎ᠤᠨ ᠶᠡᠷᠦ ᠪᠤᠰᠤ᠎ᠶᠢᠨ ᠨᠢᠭᠡ ᠵᠢᠯ ᠪᠣᠯᠣᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠥᠷᠦᠨ ᠤᠷᠤᠭᠰᠢᠯᠠᠵᠤ᠂ ᠡᠷᠡᠯᠬᠡᠭᠯᠡᠨ ᠲᠡᠮᠡᠴᠡᠵᠦ᠂ ᠤᠯᠤᠰ᠎ᠤᠨ ᠳᠣᠲᠣᠭᠠᠳᠤ ᠭᠠᠳᠠᠭᠠᠳᠤ ᠬᠣᠶᠠᠷ ᠶᠡᠬᠡ ᠲᠠᠯ᠎ᠠ᠎ᠶᠢ ᠨᠢᠭᠡᠳᠦᠯᠲᠡᠢ ᠲᠥᠯᠥᠪᠵᠢᠭᠦᠯᠵᠦ᠂ ᠨᠡᠩ ᠢᠳᠡᠪᠬᠢᠲᠡᠢ ᠦᠷ᠎ᠡ ᠪᠦᠲᠦᠮᠵᠢᠲᠡᠢ ᠬᠣᠷᠸ᠎ᠠ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠬᠠᠷᠠᠯᠲᠠ᠎ᠶᠢ ᠤᠷᠤᠭᠰᠢᠲᠠᠢ ᠪᠡᠶᠡᠯᠡᠭᠦᠯᠬᠦ ᠪᠣᠯᠣᠨ᠎ᠠ᠃ ᠥᠩᠭᠡᠷᠡᠭᠰᠡᠨ 5 ᠵᠢᠯ᠎ᠳᠦ᠂ ᠪᠢᠳᠡ ᠡᠯ᠎ᠡ ᠵᠦᠢᠯ᠎ᠦᠨ ᠳᠠᠭᠠᠷᠢᠯᠲᠠ ᠥᠷᠢᠰᠦᠯᠳᠦᠭᠡᠨ᠎ᠢ ᠪᠦᠲᠦᠮᠵᠢᠲᠡᠶ ᠠᠷᠭᠠᠴᠠᠭᠠᠵᠤ᠂ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠴᠢᠬᠤᠯᠠ ᠶᠡᠬᠡ ᠰᠢᠨ᠎ᠡ ᠠᠮᠵᠢᠯᠲᠠ ᠣᠯᠬᠤ᠎ᠶᠢ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ ᠲᠡᠭᠦᠰ ᠠᠮᠵᠢᠯᠲᠠ᠎ᠲᠠᠢ ᠰᠡᠬᠦᠯ ᠰᠢᠪᠳᠤᠷᠠᠭᠠᠨ᠎ᠳᠠᠭᠠᠨ ᠤᠷᠤᠵᠤ᠂ ᠮᠠᠨ᠎ᠤ ᠤᠯᠤᠰ᠎ᠤᠨ ᠠᠵᠤ ᠠᠬᠤᠢ᠎ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠰᠢᠨ᠎ᠡ ᠳᠡᠭᠲᠡᠷ᠎ᠲᠦ ᠭᠠᠷᠪᠠ ᠭᠡᠵᠦ ᠵᠢᠭᠠᠵᠤ ᠭᠠᠷᠭᠠᠪᠠ᠃

ᠰᠢ᠎ᠵᠢᠨ᠎ᠫᠢᠩ᠂ ᠵᠢᠯ᠎ᠤᠨ ᠡᠬᠢᠨ᠎ᠡᠴᠡ ᠨᠠᠭᠠᠰᠢ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠣᠨ ᠨᠠᠮ ᠪᠦᠯᠦᠭ᠎ᠦᠨ ᠪᠤᠰᠤ ᠬᠥᠮᠥᠰ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢᠨ ᠲᠣᠭᠣᠷᠢᠨ᠎ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠠᠭᠤᠰᠤᠯᠴᠠᠭᠤᠯᠤᠨ ᠬᠥᠭᠵᠢᠭᠦᠯᠬᠦ᠂ ᠤᠯᠤᠰ᠎ᠤᠨ ᠳᠣᠲᠣᠭᠠᠳᠤ᠎ᠶᠢᠨ ᠬᠡᠷᠡᠭᠴᠡᠭᠡ᠎ᠶᠢ ᠪᠦᠬᠦ ᠲᠠᠯ᠎ᠠ᠎ᠪᠠᠷ ᠥᠷᠭᠡᠳᠬᠡᠬᠦ ᠵᠡᠷᠭᠡ ᠲᠠᠯ᠎ᠠ᠎ᠪᠡᠷ ᠢᠳᠡᠪᠬᠢᠲᠡᠢ ᠪᠠᠢᠴᠠᠭᠠᠨ ᠰᠤᠳᠤᠯᠤᠯᠲᠠ᠎ᠥᠷᠨᠢᠭᠦᠯᠵᠦ᠂ ᠬᠥᠬᠡᠮᠥ᠋ᠷᠡᠨ᠎ᠦ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠳᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠰᠠᠢᠲᠤᠷ ᠬᠢᠵᠦ᠂ ᠠᠵᠤ ᠠᠬᠤᠢ ᠨᠡᠢᠭᠡᠮ᠎ᠦᠨ ᠬᠥᠭᠵᠢᠯᠲᠡ ᠳᠤᠮᠳᠠᠬᠢ ᠵᠠᠷᠢᠮ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠤᠨ ᠲᠣᠭᠣᠷᠢᠨ᠎ᠳᠤ ᠴᠠᠭ ᠲᠤᠬᠠᠢ ᠳ᠋ᠤᠨᠢ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠪᠤᠳᠤᠯᠭ᠎ᠠ ᠳᠡᠪᠰᠢᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠴᠢᠬᠤᠯᠠ ᠯᠠᠪᠯᠠᠯᠲᠠ ᠬᠠᠩᠭᠠᠵᠠᠢ ᠭᠡᠵᠦ ᠵᠢᠭᠠᠵᠤ ᠭᠠᠷᠭᠠᠪᠠ᠃ ᠰᠢ᠎ᠵᠢᠨ᠎ᠫᠢᠩ ᠨᠠᠮ᠎ᠤᠨ ᠲᠥᠪ ᠬᠤᠷᠢᠶ᠎ᠠ᠎ᠵᠢᠨ ᠡᠮᠦᠨ᠎ᠡ᠎ᠡᠴᠡ ᠤᠯᠠᠨ᠎ᠳᠤ ᠲᠠᠯᠠᠷᠬᠠᠵᠤ ᠪᠠᠢᠬᠤ᠎ᠪᠠᠨ ᠢᠯᠡᠳᠬᠡᠪᠡ᠃

ᠰᠢ᠎ᠵᠢᠨ᠎ᠫᠢᠩ᠂ ᠢᠷᠡᠬᠦ ᠵᠢᠯ᠎ᠦᠨ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ ᠳ᠋ᠤ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠱᠢᠯᠠᠭᠤᠯᠵᠦ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠦ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠬᠦᠴᠦᠯᠡᠨ ᠠᠬᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠤᠯᠤᠰ᠎ᠤᠨ ᠳᠣᠲᠣᠭᠠᠳᠤ᠎ᠶᠢᠨ ᠠᠵᠤ ᠠᠬᠤᠢ᠎ᠶᠢᠨ ᠠᠵᠢᠯ ᠪᠣᠯᠣᠨ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠲᠡᠮᠡᠴᠡᠯ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ᠎ᠢ ᠨᠠᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠨᠠᠩ ᠢᠳᠡᠪᠬᠢᠲᠡᠢ ᠬᠣᠷᠸ᠎ᠠ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠲᠥᠷᠥ᠎ᠶᠢᠨ ᠪᠣᠳᠣᠯᠭ᠎ᠠ᠎ᠶᠢᠨ ᠪᠠᠷᠠᠯᠠᠯᠳᠤ ᠴᠢᠨᠠᠷ ᠬᠠᠨᠳᠤᠯᠭᠠᠲᠤ ᠴᠢᠨᠠᠷ ᠬᠠᠮᠵᠢᠯᠴᠠᠬᠤ ᠴᠢᠨᠠᠷ᠎ᠢ ᠴᠢᠩᠭᠠᠳᠬᠠᠵᠤ᠂ ᠦᠷᠭᠦᠯᠵᠢᠯᠡᠨ ᠳᠣᠲᠣᠭᠠᠳᠤ ᠬᠡᠷᠡᠭᠴᠡᠭᠡ᠎ᠶᠢ ᠥᠷᠭᠡᠳᠬᠡᠵᠦ᠂ ᠬᠠᠩᠭᠠᠯᠭ᠎ᠠ᠎ᠶᠢ ᠰᠢᠯᠢᠳᠡᠭᠵᠢᠭᠦᠯᠵᠦ᠂ ᠨᠡᠮᠡᠭᠳᠡᠯ᠎ᠤᠨ ᠭᠡᠮᠵᠢᠶ᠎ᠡ᠎ᠶᠢ ᠰᠢᠯᠢᠳᠡᠭᠵᠢᠬᠦᠯᠵᠦ᠂ ᠨᠦᠬᠡᠴᠡ᠎ᠶᠢ ᠠᠮᠢᠳᠤᠯᠢᠭᠵᠢᠭᠤᠯᠵᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶᠢ ᠭᠦᠨᠵᠡᠭᠡᠢᠷᠡᠭᠦᠯᠦᠨ ᠠᠬᠢᠭᠤᠯᠵᠤ᠂ ᠭᠣᠣᠯᠳᠠᠯᠭ᠎ᠠ᠎ᠲᠠᠢ ᠬᠦᠷᠢᠶᠡᠨ᠎ᠦ ᠠᠶᠤᠯ ᠲᠦᠭᠰᠢᠭᠦᠷᠢ᠎ᠶᠢ ᠦᠷᠭᠦᠯᠵᠢᠯᠡᠨ ᠰᠡᠷᠭᠡᠢᠯᠡᠨ ᠠᠷᠢᠯᠭᠠᠵᠤ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ ᠪᠡᠷ ᠬᠦᠴᠦᠯᠡᠵᠦ᠂ ᠠᠵᠤ ᠠᠬᠤᠢ᠎ᠶᠢᠨ ᠴᠢᠨᠠᠷ᠎ᠤᠨ ᠪᠦᠲᠦᠮᠵᠢᠲᠡᠶ ᠳᠡᠭᠡᠭᠰᠢᠯᠡᠯᠲᠡ ᠪᠠ ᠬᠡᠮᠵᠢᠶᠡᠨ᠎ᠦ ᠵᠣᠬᠢᠰᠲᠠᠢ ᠨᠡᠮᠡᠭᠳᠡᠯ᠎ᠢ ᠠᠬᠢᠭᠤᠯᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭᠲᠠᠭᠤᠨ ᠪᠠᠢᠳᠠᠯ᠎ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢ᠎ᠵᠢᠨ᠎ᠫᠢᠩ ᠡᠯ᠎ᠡ ᠠᠷᠠᠳᠴᠢᠯᠠᠭᠰᠠᠨ ᠨᠠᠮ ᠪᠦᠯᠦᠭ᠂ ᠪᠦᠬᠦ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠣᠨ ᠨᠠᠮ ᠪᠦᠯᠦᠭ᠎ᠦᠨ ᠪᠤᠰᠤ ᠬᠥᠮᠥᠰ᠎ᠲᠦ 3 ᠲᠠᠯ᠎ᠠ᠎ᠶᠢᠨ ᠬᠦᠰᠡᠯ ᠳᠤᠷᠠᠳᠪᠠ᠃ ᠨᠢᠭᠡ᠎ᠳᠦ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠤᠢᠯᠠᠭᠠᠨ᠎ᠠ᠃ ᠳᠣᠮᠳᠠᠳᠦ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ᠎ᠶᠢᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠣᠨᠣᠪᠴᠢᠲᠠᠢ ᠡᠵᠡᠮᠰᠢᠨ᠂ ᠨᠡᠪᠲᠡᠷᠡᠲᠡᠯ᠎ᠡ ᠣᠢᠯᠠᠭᠠᠵᠤ᠂ ᠢᠮᠠᠭᠲᠠ ᠳᠣᠮᠳᠠᠳᠦ ᠤᠯᠤᠰ᠎ᠤᠨ ᠡᠪ ᠬᠠᠮᠲᠦ ᠨᠠᠮ᠎ᠲᠠᠢ ᠰᠡᠳᠬᠢᠯ ᠨᠢᠭᠡᠳᠴᠤ᠂ ᠬᠠᠮᠲᠤ ᠵᠣᠭᠰᠣᠵᠤ᠂ ᠬᠠᠮᠲᠤ ᠠᠵᠢᠯᠯᠠᠬᠤ ᠬᠡᠷᠡᠭᠲᠡᠢ᠃ ᠬᠣᠶᠠᠷ᠎ᠲᠤ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢ ᠲᠣᠭᠲᠠᠭᠠᠨ ᠬᠡᠷᠡᠭᠵᠢᠭᠦᠯᠬᠦ᠎ᠳᠦ ᠢᠳᠡᠪᠬᠢᠲᠡᠢ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ᠎ᠢᠶᠠᠨ ᠡᠷᠭᠦᠨ᠎ᠡ᠃ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠂ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶᠢᠨ ᠵᠠᠬ᠎ᠠ ᠳᠡᠯᠭᠡᠭᠦᠷ᠎ᠢ ᠪᠠᠶ᠋ᠢᠭᠤᠯᠬᠤ ᠵᠡᠷᠭᠡ᠎ᠲᠠᠢ ᠤᠶᠠᠯᠳᠤᠭᠤᠯᠤᠨ ᠪᠠᠢᠴᠠᠭᠠᠨ ᠰᠤᠳᠤᠯᠤᠯᠲᠠ᠎ᠶᠢ ᠭᠦᠨᠵᠡᠭᠡᠢ ᠥᠷᠨᠢᠭᠦᠯᠵᠦ᠂ ᠦᠨ᠎ᠡ ᠴᠡᠨ᠎ᠡ᠎ᠲᠠᠢ᠂ ᠬᠦᠨᠳᠦ᠎ᠶᠢᠨ ᠵᠢᠩ ᠲᠠᠢ ᠰᠠᠨᠠᠯ ᠰᠠᠨᠠᠭᠤᠯᠭ᠎ᠠ᠎ᠶᠢ ᠳᠤᠷᠠᠳᠤᠨ ᠭᠠᠷᠭᠠᠨ᠎ᠠ᠃ ᠭᠤᠷᠪᠠ᠎ᠳᠤ ᠰᠡᠳᠬᠢᠯ ᠨᠢᠭᠡᠳᠤᠨ ᠬᠦᠴᠦ᠎ᠪᠡᠨ ᠬᠠᠮᠲᠤᠳᠬᠠᠵᠤ ᠠᠵᠤ ᠠᠬᠤᠢ᠎ᠶᠢᠨ ᠲᠣᠭᠲᠠᠭᠤᠨ᠎ᠢᠶᠠᠷ ᠰᠠᠢᠵᠢᠷᠠᠬᠤ᠎ᠶᠢ ᠠᠬᠢᠭᠤᠯᠤᠨ᠎ᠠ᠃ ᠨᠠᠮ ᠪᠠ ᠵᠠᠰᠠᠭ᠎ᠤᠨ ᠣᠷᠳᠣᠨ᠎ᠢ ᠬᠠᠮᠵᠢᠨ ᠲᠦᠷᠦ᠎ᠶᠢᠨ ᠪᠣᠳᠣᠯᠭ᠎ᠠ᠎ᠶᠢ ᠤᠬᠠᠭᠤᠯᠵᠤ᠂ ᠡᠭᠡᠳᠡᠷᠡᠭᠡ ᠮᠠᠳᠠᠭ ᠲᠡᠢ ᠠᠰᠠᠭᠤᠳᠠᠯ᠎ᠢ ᠰᠢᠢᠳᠪᠦᠷᠢᠯᠡᠨ᠂ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠬᠤ ᠠᠵᠢᠯ᠎ᠢ ᠰᠠᠢᠲᠤᠷ ᠬᠢᠵᠦ᠂ ᠥᠷᠭᠡᠨ ᠤᠯᠠᠨ ᠪᠦᠷᠢᠯᠳᠦᠭᠦᠨ ᠪᠠ ᠲᠡᠳᠡᠨ᠎ᠲᠠᠢ ᠬᠠᠷᠢᠯᠴᠠᠵᠤ ᠪᠠᠢᠭ᠎ᠠ ᠤᠯᠠᠨ ᠲᠦᠮᠡᠨ᠎ᠢ ᠬᠥᠲᠥᠯᠥᠨ ᠵᠢᠯᠤᠭᠣᠳᠴᠤ ᠢᠲᠡᠭᠡᠯ ᠵᠣᠷᠢᠭ᠋᠎ᠢ ᠨᠢ ᠪᠠᠲᠤᠳᠬᠠᠨ᠂ ᠴᠤᠭ ᠰᠦᠯᠳᠡ᠎ᠶᠢ ᠨᠢ ᠬᠥᠭᠵᠢᠭᠡᠵᠦ᠂ ᠬᠥᠭᠵᠢᠯᠲᠡ᠎ᠶᠢᠨ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠣᠯᠭᠠᠨ᠎ᠠ᠃

ᠯᠢᠦ ᠭᠦᠸᠧ ᠵᠦᠩ᠂ ᠯᠢ ᠭᠠᠨ ᠵᠢᠶᠸ᠂ ᠡᡁᠸ ᠯᠢ ᠹᠸᠩ᠂ ᠵᠠᠩ ᠭᠦᠸᠧ ᠴᠢᠩ᠂ ᠦ᠋ ᠵᠧᠩ ᠯᠦᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠡ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ᠃

ᠶᠠᠷᠢᠯᠴᠠᠬᠤ ᠬᠤᠷᠠᠯ᠎ᠳᠤ ᠣᠷᠣᠯᠴᠠᠭᠰᠠᠨ ᠨᠠᠮ᠎ᠤᠨ ᠭᠠᠳᠠᠨᠠᠬᠢ ᠬᠥᠮᠥᠰ᠎ᠲᠦ ᠪᠠᠰᠠ ᠱᠤᠤ ᠬᠣᠩ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠵᠦ᠍ ᠶᠦᠩ ᠰᠢᠨ᠂ ᠶᠠᠩ ᠵᠧᠨ ᠪᠣᠯᠣᠨ ᠵᠠᠩ ᠧᠨ ᠳᠢ᠂ ᠹᠠᠩ ᠭᠤᠸᠠᠩ ᠬᠤᠸᠠ᠂ ᠳᠦ ᠶᠢᠩ ᠹᠸᠨ ᠨᠠᠷ ᠪᠤᠢ᠃

ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 12 ᠰᠠᠷ᠎ᠠ᠎ᠶ᠋ᠢᠨ 8 ᠎ᠤ᠋ ᠴᠠᠬᠢᠯᠭᠠᠨ ᠮᠡᠳᠡᠭᠡ

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            