ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠦᠨᠡᠨ》 ᠰᠡᠳᠬᠦᠯ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠵᠣᠬᠢᠶᠠᠯ᠎ᠢ ᠨᠡᠢᠲᠡᠯᠡᠪᠡ ᠲᠤᠳᠤᠭᠠᠳᠤ ᠭᠡᠷᠡᠭᠴᠡᠭᠡ᠎ᠶᠢ ᠦᠷᠭᠡᠳᠭᠡᠬᠦ ᠪᠤᠯ ᠪᠠᠢᠯᠳᠤᠬᠤ ᠪᠤᠳᠤᠯᠭ᠎ᠠ᠎ᠶᠢᠨ ᠠᠷᠭ᠎ᠠ ᠬᠡᠮᠵᠢᠶ᠎ᠠ ᠮᠦᠨ
ᠨᠡᠶ᠋ᠢᠲᠡᠯᠡᠭᠰᠡᠨ ᠴᠠᠭ᠄ 2025-12-18

12 ᠰᠠᠷ᠎ᠠ᠎ᠶ᠋ᠢᠨ 16᠎ᠦ ᠡᠳᠦᠷ ᠬᠡᠪᠯᠡᠭ᠌ᠳᠡᠭᠰᠡᠨ 24 ᠳ᠋ᠤᠭᠡᠷ ᠬᠤᠭᠤᠴᠠᠭᠠᠨ᠎ᠤ 《ᠦᠨᠡᠨ》 ᠰᠡᠳᠬᠦᠯ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ᠎ᠦᠨ 《ᠳᠣᠲᠣᠭᠠᠳᠤ ᠬᠡᠷᠡᠭ᠌ᠴᠡᠭᠡ᠎ᠵᠢ ᠥᠷᠭᠡᠳᠭᠡᠬᠦ᠌ ᠪᠣᠯ ᠪᠠᠢᠯᠳᠤᠬᠤ ᠪᠣᠳᠣᠯᠭ᠎ᠠ᠎ᠶ᠋ᠢᠨ ᠠᠷᠭ᠎ᠠ ᠬᠡᠮᠵᠢᠶ᠎ᠡ ᠮᠥᠨ》ᠭᠡᠬᠦ ᠴᠢᠬᠤᠯᠠ ᠵᠤᠬᠢᠶᠠᠯ᠎ᠢ ᠨᠡᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ᠎ᠵᠢᠨ᠎ᠫᠢᠩ᠎ᠦᠨ 2015 ᠣᠨ᠎ᠤ 10 ᠰᠠᠷ᠎ᠠ᠎ᠡᠴᠡ 2025 ᠣᠨ᠎ᠤ 10 ᠰᠠᠷ᠎ᠠ ᠪᠣᠯᠲᠠᠯᠠᠬᠢ ᠬᠤᠭᠤᠴᠠᠭᠠᠨ᠎ᠳᠠᠬᠢ ᠬᠣᠯᠪᠣᠭ᠍ᠳᠠᠯ ᠪᠦᠬᠦᠢ ᠴᠢᠬᠤᠯᠠ ᠥᠭᠦᠯᠡᠯᠲᠡ᠎ᠶ᠋ᠢᠨ ᠬᠡᠰᠡᠭ᠌ᠯᠡᠯ ᠪᠣᠯᠤᠨ᠎ᠠ᠃

ᠵᠣᠬᠢᠶᠠᠯ᠎ᠳᠤ᠂ ᠳᠣᠲᠣᠭᠠᠳᠤ ᠬᠡᠷᠡᠭ᠌ᠴᠡᠭᠡ᠎ᠵᠢ ᠥᠷᠭᠡᠳᠭᠡᠬᠦ᠌ ᠨᠢ ᠠᠵᠤ ᠠᠬᠤᠢ᠎ᠶ᠋ᠢᠨ ᠲᠣᠭ᠍ᠲᠠᠭᠤᠨ ᠳ᠋ᠦ ᠬᠣᠯᠪᠣᠭ᠍ᠳᠠᠬᠤ ᠪᠥᠭᠡᠳ ᠪᠠᠰᠠ ᠠᠵᠤ ᠠᠬᠤᠢ᠎ᠶ᠋ᠢᠨ ᠠᠮᠤᠷ ᠲᠦᠪᠱᠢᠨ᠎ᠳ᠋ᠦ ᠬᠣᠯᠪᠣᠭ᠍ᠳᠠᠨ᠎ᠠ᠂ ᠲᠦᠷ ᠵᠠᠭᠤᠷ᠎ᠠ᠎ᠶ᠋ᠢᠨ ᠠᠷᠭ᠎ᠠ ᠪᠢᠰᠢ᠂ ᠬᠠᠷᠢᠨ ᠪᠠᠢᠯᠳᠤᠬᠤ ᠪᠤᠳᠤᠯᠭ᠎ᠠ᠎ᠶ᠋ᠢᠨ ᠠᠷᠭ᠎ᠠ ᠬᠡᠮᠵᠢᠶ᠎ᠡ ᠪᠣᠯᠤᠨ᠎ᠠ᠃ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌ ᠪᠣᠯ ᠮᠠᠨ᠎ᠤ ᠤᠯᠤᠰ᠎ᠤᠨ ᠠᠵᠤ ᠠᠬᠤᠢ᠎ᠶ᠋ᠢᠨ ᠤᠷᠳᠤ ᠬᠤᠭᠤᠴᠠᠭ᠎ᠠ᠎ᠪᠠᠷ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌᠎ᠶ᠋ᠢ ᠪᠠᠲᠤᠯᠠᠬᠤ ᠬᠡᠷᠡᠭ᠌ᠴᠡᠭᠡ ᠮᠥᠨ᠂ ᠪᠠᠰᠠ ᠴᠤ᠌ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢ᠌ᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶᠢ ᠬᠠᠩᠭᠠᠬᠤ ᠬᠡᠷᠡᠭ᠌ᠴᠡᠭᠡ ᠮᠥᠨ᠃ ᠳᠣᠲᠣᠭᠠᠳᠤ ᠬᠡᠷᠡᠭ᠌ᠴᠡᠭᠡ ᠢᠯᠠᠩᠭᠤᠶ᠎ᠠ ᠬᠡᠷᠡᠭ᠌ᠯᠡᠭᠡᠨ᠎ᠤ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠍᠂ ᠳᠣᠲᠣᠭᠠᠳᠤ ᠬᠡᠷᠡᠭ᠌ᠴᠡᠭᠡ᠎ᠶ᠋ᠢ ᠠᠵᠤ ᠠᠬᠤᠢ᠎ᠶ᠋ᠢᠨ ᠨᠡᠮᠡᠭ᠌ᠳᠡᠯ᠎ᠢ ᠳᠠᠢᠴᠢᠯᠠᠬᠤ ᠰᠠᠨᠠᠭᠠᠴᠢᠯᠠᠭᠠᠲᠤ ᠬᠦᠴᠦᠨ ᠪᠠ ᠲᠣᠭ᠍ᠲᠠᠪᠤᠷᠢᠵᠢᠭᠤᠯᠤᠬᠴᠢ ᠪᠣᠯᠭᠠᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠵᠣᠬᠢᠶᠠᠯ᠎ᠳᠤ᠂ ᠲᠣᠮᠣ ᠤᠯᠤᠰ᠎ᠤᠨ ᠠᠵᠤ ᠠᠬᠤᠶ᠎ᠶ᠋ᠢᠨ ᠳᠠᠪᠠᠭᠤᠯᠢᠭ ᠪᠣᠯ ᠳᠣᠲᠣᠭᠠᠳᠤ᠎ᠳᠠᠭᠠᠨ ᠤᠷᠴᠢᠯᠳᠤᠵᠤ ᠪᠣᠯᠬᠤ ᠶᠠᠪᠤᠳᠠᠯ ᠪᠣᠯᠤᠨ᠎ᠠ᠃ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠡᠨᠡ ᠬᠦ᠌ ᠪᠠᠢᠯᠳᠤᠬᠤ ᠪᠤᠳᠤᠯᠭ᠎ᠠ᠎ᠶ᠋ᠢᠨ ᠰᠠᠭᠤᠷᠢ ᠴᠡᠭ᠎ᠢ ᠪᠠᠲᠤ ᠡᠵᠡᠮᠳᠡᠵᠦ᠍᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭ᠌ᠯᠡᠭᠡ᠎ᠶ᠋ᠢᠨ ᠡᠯ᠎ᠡ ᠭᠣᠭ᠍ᠴᠣᠭ᠎ᠠ ᠨᠢ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠲᠦ ᠨᠡᠩ ᠢᠯᠡᠭᠦᠦ ᠲᠦᠱᠢᠭ᠌ᠯᠡᠬᠦ ᠰᠠᠢ᠌ᠨ ᠣᠷᠴᠢᠯ᠎ᠢ ᠪᠡᠶᠡᠯᠡᠭᠦᠯᠬᠦ᠌ ᠬᠡᠷᠡᠭ᠌ᠲᠡᠢ᠃ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠ ᠨᠡᠭᠡᠭᠡᠯᠳᠡ᠎ᠶ᠋ᠢ ᠥᠷᠭᠡᠳᠭᠡᠬᠦ᠌ ᠨᠢ ᠵᠥᠷᠢᠴᠡᠯᠳᠦᠬᠦ᠌ ᠦᠭᠡᠢ ᠶᠤᠮ᠃ ᠤᠯᠤᠰ᠎ᠤᠨ ᠳᠣᠲᠣᠭᠠᠳᠤ᠎ᠶ᠋ᠢᠨ ᠣᠷᠴᠢᠯ ᠬᠡᠳᠦᠢ ᠤᠷᠤᠭ᠍ᠰᠢᠲᠠᠢ ᠪᠣᠯᠬᠤ ᠲᠤᠳᠤᠮ ᠪᠦᠬᠦ᠌ ᠪᠥᠮᠪᠥᠷᠴᠡᠭ᠎ᠦᠨ ᠡᠬᠢ ᠪᠠᠶᠠᠯᠢᠭ᠎ᠤᠨ ᠡᠯᠧᠮᠧᠨ᠋ᠲ᠎ᠢ ᠲᠠᠲᠠᠬᠤ ᠬᠦᠴᠦᠨ᠎ᠦ ᠲᠠᠯᠠᠪᠤᠷ᠎ᠢ ᠲᠡᠳᠦᠢ ᠰᠠᠢ᠌ᠨ ᠪᠦᠷᠢᠯᠳᠦᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢᠶᠠᠷ ᠭᠣᠣᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ ᠬᠠᠷᠢᠯᠴᠠᠨ ᠠᠬᠢᠭᠤᠯᠴᠠᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠲᠡᠳᠦᠢ ᠠᠱᠢᠭ᠍ᠲᠠᠢ᠂ ᠤᠯᠠᠨ ᠤᠯᠤᠰ᠎ᠤᠨ ᠥᠷᠢᠰᠥᠯᠳᠦᠭᠡᠨ ᠪᠠ ᠬᠠᠮᠲᠤᠷᠠᠯᠴᠠᠭ᠎ᠠ᠎ᠳᠤ ᠣᠷᠣᠯᠴᠠᠬᠤ ᠱᠢᠨ᠎ᠡ ᠳᠠᠪᠠᠭᠤᠯᠢᠭ᠎ᠢ ᠪᠦᠷᠢᠯᠳᠦᠭᠦᠯᠬᠦ᠌᠎ᠳᠦ ᠲᠡᠳᠦᠢ ᠠᠱᠢᠭ᠍ᠲᠠᠢ ᠶᠤᠮ᠃ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠤᠳᠤᠯᠭ᠎ᠠ᠎ᠶ᠋ᠢ ᠬᠠᠩᠭᠠᠯᠭ᠎ᠠ᠎ᠶᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠯᠤᠭᠡ ᠣᠷᠭᠠᠨᠢᠭ᠎ᠢᠶᠠᠷ ᠤᠶᠠᠯᠳᠤᠭᠤᠯᠵᠤ᠂ ᠬᠠᠩᠭᠠᠯᠭ᠎ᠠ ᠬᠡᠷᠡᠭ᠌ᠴᠡᠭᠡ᠎ᠶ᠋ᠢᠨ ᠬᠣᠶᠠᠷ ᠲᠠᠯ᠎ᠠ᠎ᠳᠤ ᠵᠡᠷᠭᠡ᠎ᠪᠡᠷ ᠬᠦᠴᠦᠯᠡᠵᠦ᠍᠂ ᠵᠣᠬᠢᠴᠠᠭᠤᠯᠤᠨ ᠬᠠᠮᠵᠢᠯᠴᠠᠵᠤ᠂ ᠬᠡᠷᠡᠭ᠌ᠴᠡᠭᠡ᠎ᠪᠡᠷ ᠬᠠᠩᠭᠠᠯᠭ᠎ᠠ᠎ᠶ᠋ᠢ ᠳᠠᠢᠴᠢᠯᠠᠬᠤ᠂ ᠬᠠᠩᠭᠠᠯᠭ᠎ᠠ᠎ᠪᠠᠷ ᠬᠡᠷᠡᠭ᠌ᠴᠡᠭᠡ᠎ᠶ᠋ᠢ ᠡᠭᠦᠳᠬᠦ᠌ ᠨᠡᠩ ᠥᠨᠳᠥᠷ ᠲᠦᠪᠱᠢᠨ ᠪᠦᠬᠦᠢ ᠬᠥᠳᠡᠯᠦᠩᠭᠦᠢ ᠲᠡᠩᠴᠡᠭᠦᠷᠢ᠎ᠶ᠋ᠢ ᠪᠦᠷᠢᠯᠳᠦᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃

ᠵᠣᠬᠢᠶᠠᠯ᠎ᠳᠤ᠂ ᠶᠡᠷᠦᠩᠬᠡᠢ ᠬᠡᠷᠡᠭ᠌ᠴᠡᠭᠡ ᠬᠦᠷᠦᠯᠴᠡᠬᠦ᠌ ᠦᠭᠡᠢ ᠪᠠᠢᠬᠤ ᠪᠣᠯ ᠣᠳᠣᠬᠠᠨ᠎ᠤ ᠠᠵᠤ ᠠᠬᠤᠢ᠎ᠶ᠋ᠢᠨ ᠡᠷᠭᠢᠯᠲᠡ᠎ᠳᠦ ᠲᠤᠯᠭᠠᠷᠠᠵᠤ ᠪᠠᠢᠭ᠎ᠠ ᠲᠤᠪᠤᠢ᠌ᠮ᠎ᠠ ᠵᠥᠷᠢᠴᠡᠯ ᠪᠣᠯᠤᠨ᠎ᠠ᠃ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ᠎ᠶ᠋ᠢᠨ ᠬᠦᠳᠤᠯᠪᠤᠷᠢ᠎ᠶ᠋ᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠦᠷᠢᠨ ᠪᠦᠲᠦᠨ ᠳᠣᠲᠣᠭᠠᠳᠤ ᠬᠡᠷᠡᠭ᠌ᠴᠡᠭᠡ᠎ᠶ᠋ᠢᠨ ᠱᠢᠰᠲ᠋ᠧᠮ᠎ᠢ ᠲᠦᠷᠭᠡᠳᠭᠡᠨ ᠪᠤᠢ ᠪᠣᠯᠭᠠᠵᠤ᠂ ᠣᠷᠣᠯᠭ᠎ᠠ᠎ᠪᠠᠷ ᠲᠤᠯᠭᠠᠭᠤᠷᠢᠯᠠᠭ᠍ᠰᠠᠨ ᠬᠡᠷᠡᠭ᠌ᠯᠡᠭᠡᠨ᠎ᠦ ᠬᠡᠷᠡᠭ᠌ᠴᠡᠭᠡ᠂ ᠵᠤᠬᠢᠰᠳᠠᠢ ᠬᠠᠷᠢᠭᠤᠯᠠᠮᠵᠢ ᠪᠦᠬᠦᠢ ᠪᠡᠯᠡ ᠣᠷᠣᠭᠤᠯᠤᠯᠲᠠ᠎ᠶ᠋ᠢᠨ ᠬᠡᠷᠡᠭ᠌ᠴᠡᠭᠡ᠂ ᠡᠬᠡ ᠮᠥᠩᠭᠥ᠌ ᠪᠠ ᠥᠷᠢ ᠥᠭ᠌ᠴᠡᠭᠡ᠎ᠪᠡᠷ ᠬᠢᠵᠠᠭᠠᠷᠯᠠᠭ᠍ᠰᠠᠨ ᠮᠥᠩᠭᠥᠨ ᠭᠦᠢᠯᠭᠡᠭᠡᠨ᠎ᠤ ᠬᠡᠷᠡᠭ᠌ᠴᠡᠭᠡ᠎ᠶᠢ ᠬᠦᠴᠦᠯᠡᠨ ᠥᠷᠭᠡᠳᠭᠡᠬᠦ ᠬᠡᠷᠡᠭ᠌ᠲᠡᠢ᠃ ᠬᠡᠷᠡᠭ᠌ᠯᠡᠭᠡ ᠪᠣᠯ ᠮᠠᠨ᠎ᠤ ᠤᠯᠤᠰ᠎ᠤᠨ ᠠᠵᠤ ᠠᠬᠤᠢ᠎ᠶ᠋ᠢᠨ ᠨᠡᠮᠡᠭ᠌ᠳᠡᠯ᠎ᠤᠨ ᠴᠢᠬᠤᠯᠠ ᠬᠥᠳᠡᠯᠭᠡᠭᠦᠷ ᠮᠥᠨ᠂ ᠬᠡᠷᠡᠭ᠌ᠯᠡᠭᠡ᠎ᠶ᠋ᠢ ᠥᠷᠭᠡᠳᠭᠡᠬᠦ᠌᠎ᠶ᠋ᠢᠨ ᠬᠠᠮᠤᠭ᠎ᠤᠨ ᠦᠨᠳᠦᠰᠦᠨ ᠵᠦᠢᠯ ᠪᠣᠯ ᠠᠵᠢᠯ ᠣᠯᠭᠣᠯᠲᠠ᠎ᠶᠢ ᠠᠬᠢᠭᠤᠯᠬᠤ᠂ ᠨᠡᠢᠭᠡᠮ᠎ᠤᠨ ᠪᠠᠲᠤᠯᠠᠭ᠎ᠠ᠎ᠶᠢ ᠲᠡᠭᠦᠯᠳᠡᠷᠵᠢᠭᠦᠯᠬᠦ᠌᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠬᠦ᠌᠂ ᠳᠤᠮᠳᠠ ᠵᠡᠷᠭᠡ᠎ᠶ᠋ᠢᠨ ᠣᠷᠣᠯᠭ᠎ᠠ᠎ᠲᠠᠶ ᠬᠦᠮᠦᠰ᠎ᠢ ᠤᠯᠠᠰᠢᠷᠠᠭᠤᠯᠬᠤ᠂ ᠬᠠᠮᠲᠤ᠎ᠪᠠᠷ ᠪᠠᠶᠠᠵᠢᠬᠤ᠎ᠶ᠋ᠢ ᠯᠠᠪᠳᠠᠭᠤᠨ᠎ᠢᠶᠠᠷ ᠠᠬᠢᠭᠤᠯᠬᠤ ᠶᠠᠪᠤᠳᠠᠯ ᠪᠣᠯᠤᠨ᠎ᠠ᠃ ᠰᠠᠭᠤᠭᠠᠯᠢ ᠠᠷᠠᠳ᠎ᠤᠨ ᠬᠡᠷᠡᠭ᠌ᠯᠡᠭᠡ᠎ᠶ᠋ᠢ ᠥᠷᠭᠡᠳᠭᠡᠬᠦ᠌ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠰᠠᠭᠤᠭᠠᠯᠢ ᠠᠷᠠᠳ᠎ᠢ ᠲᠣᠭ᠍ᠲᠠᠪᠤᠷᠢᠲᠠᠢ ᠣᠷᠣᠯᠭ᠎ᠠ᠎ᠲᠠᠶ ᠪᠠᠢᠯᠭᠠᠨ ᠭᠡᠷᠡᠭᠯᠡᠭᠡ ᠬᠢᠵᠤ ᠲᠠᠢᠯᠬᠦ᠂ ᠰᠠᠨᠠᠭ᠎ᠠ ᠵᠣᠪᠠᠬᠤ ᠵᠦᠢᠯ ᠦᠭᠡᠢ ᠵᠣᠷᠢᠭ᠍ᠲᠠᠢ᠎ᠪᠠᠷ ᠬᠡᠷᠡᠭ᠌ᠯᠡᠭᠡ ᠬᠢᠬᠦ᠌᠂ ᠬᠡᠷᠡᠭ᠌ᠯᠡᠭᠡᠨ᠎ᠦ ᠣᠷᠴᠢᠨ ᠨᠥᠬᠥᠴᠡᠯ᠎ᠢ ᠱᠢᠯᠢᠳᠡᠭᠵᠢᠬᠥᠯᠥᠨ ᠬᠦᠷᠲᠡᠮᠵᠢ᠎ᠶ᠋ᠢᠨ ᠲᠦᠷᠦᠭ᠌ᠳᠡᠯ᠎ᠢ ᠨᠡᠮᠡᠭᠲᠡᠬᠥᠯᠵᠥ ᠬᠡᠷᠡᠭ᠌ᠯᠡᠭᠡ ᠬᠢᠬᠦ ᠲᠤᠷᠠᠳᠠᠢ ᠪᠣᠯᠭᠠᠬᠤ ᠬᠡᠷᠡᠭ᠌ᠲᠡᠢ᠃ ᠪᠡᠯᠡ ᠣᠷᠣᠭᠤᠯᠤᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠦᠨ ᠥᠷᠭᠡᠳᠭᠡᠵᠦ᠍᠂ ᠪᠦᠲᠦᠮᠵᠢᠲᠡᠢ ᠪᠡᠯᠡ ᠣᠷᠣᠭᠤᠯᠤᠯᠲᠠ᠎ᠶ᠋ᠢᠨ ᠣᠷᠣᠨ ᠵᠠᠢ᠎ᠶ᠋ᠢ ᠥᠷᠭᠡᠳᠭᠡᠨ᠂ ᠱᠢᠨ᠎ᠡ ᠮᠠᠶᠢᠭ᠎ᠤᠨ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠵᠣᠬᠢᠰᠲᠠᠢ᠎ᠪᠠᠷ ᠤᠷᠢᠳᠴᠢᠯᠠᠨ ᠪᠠᠢᠷᠢᠯᠠᠭᠤᠯᠵᠤ᠂ ᠳᠡᠭᠡᠳᠦ ᠮᠡᠷᠭᠡᠵᠢᠯ᠎ᠦᠨ ᠠᠵᠤ ᠦᠢᠯᠡᠰ ᠪᠠ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠬᠰᠡᠨ ᠠᠵᠤ ᠦᠢᠯᠡᠰ᠎ᠦᠨ ᠪᠡᠯᠡ ᠣᠷᠣᠭᠤᠯᠤᠯᠲᠠ᠎ᠶ᠋ᠢ ᠥᠷᠭᠡᠳᠭᠡᠨ᠂ ᠠᠷᠠᠳ᠎ᠤᠨ ᠪᠡᠯᠡ ᠣᠷᠣᠭᠤᠯᠤᠯᠲᠠ᠎ᠶ᠋ᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭ᠌ᠵᠢᠭᠡᠬᠦ᠌ ᠬᠡᠷᠡᠭ᠌ᠲᠡᠢ᠃ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠳᠦᠷᠢᠮ᠎ᠦᠨ ᠱᠢᠨ᠎ᠡ᠎ᠶ᠋ᠢ ᠡᠭᠦᠳᠬᠦ᠌᠎ᠶ᠋ᠢ ᠦᠷᠭᠦᠯᠵᠢᠯᠡᠨ ᠠᠬᠢᠭᠤᠯᠵᠤ᠂ ᠬᠠᠩᠭᠠᠯᠭ᠎ᠠ᠎ᠶ᠋ᠢ ᠬᠦᠯᠢᠶᠡᠰᠦᠯᠡᠬᠦ ᠲᠦᠭ᠌ᠵᠢᠷᠡᠯ᠎ᠤᠨ ᠴᠡᠭ᠂ ᠬᠣᠷᠢᠭ᠎ᠠ ᠴᠡᠭ᠂ ᠪᠠᠭᠤᠷᠠᠢ ᠲᠠᠯ᠎ᠠ᠎ᠶ᠋ᠢ ᠱᠢᠪᠲᠤᠯᠵᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠥᠷᠢᠰᠥᠯᠳᠦᠬᠦ᠌ ᠬᠦᠴᠦᠨ ᠪᠠ ᠠᠮᠤᠷ ᠲᠦᠪᠱᠢᠨ ᠴᠢᠨᠠᠷ᠎ᠢ ᠴᠢᠩᠭᠠᠳᠭᠠᠵᠤ᠂ ᠪᠡᠶ᠎ᠡ᠎ᠪᠡᠨ ᠳᠠᠭᠠᠭᠠᠵᠤ ᠡᠵᠡᠮᠳᠡᠵᠦ᠍ ᠪᠣᠯᠬᠤ᠂ ᠴᠢᠨᠠᠷ ᠰᠠᠢᠲᠠᠶ ᠬᠠᠩᠭᠠᠯᠭ᠎ᠠ᠎ᠪᠠᠷ ᠣᠳᠣ᠎ᠶ᠋ᠢᠨ ᠬᠡᠷᠡᠭ᠌ᠴᠡᠭᠡ᠎ᠶ᠋ᠢ ᠬᠠᠩᠭᠠᠨ ᠵᠤᠬᠢᠴᠠᠭᠤᠯᠵᠤ᠂ ᠱᠢᠨ᠎ᠡ ᠬᠡᠷᠡᠭ᠌ᠴᠡᠭᠡ᠎ᠶ᠋ᠢ ᠡᠭᠦᠳᠴᠦ᠍ ᠬᠥᠲᠥᠯᠥᠨ ᠳᠠᠭᠠᠭᠤᠯᠬᠤ ᠬᠡᠷᠡᠭ᠌ᠲᠡᠢ᠃ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠪᠠ ᠬᠡᠷᠡᠭ᠌ᠯᠡᠭᠡ᠎ᠶ᠋ᠢ ᠠᠬᠢᠭᠤᠯᠬᠤ᠂ ᠪᠤᠳᠠᠰ ᠲᠤ᠌ ᠪᠡᠯᠡ ᠣᠷᠣᠭᠤᠯᠬᠤ ᠪᠠ ᠬᠦᠮᠦᠨ᠎ᠳᠤ ᠪᠠᠯᠡ ᠤᠷᠤᠭᠤᠯᠬᠤ᠎ᠶᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠬᠠᠷᠱᠢᠯᠠᠵᠤ ᠪᠠᠢᠭ᠎ᠠ ᠬᠤᠷᠢᠭ᠎ᠠ ᠴᠡᠭ ᠲᠦᠭᠵᠢᠷᠠᠯ᠎ᠤᠨ ᠴᠡᠭ᠎ᠢ ᠡᠷᠡᠰ ᠠᠷᠢᠯᠭᠠᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃

(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 12 ᠰᠠᠷ᠎ᠠ᠎ᠶ᠋ᠢᠨ 15᠎ᠦ ᠴᠠᠬᠢᠯᠭᠠᠨ ᠮᠡᠳᠡᠭᠡ)

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            