ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠨᠠᠰᠤᠨ᠎ᠳᠤ ᠦᠯᠦ᠍ ᠬᠦᠷᠦᠭ᠌ᠰᠡᠳ᠎ᠦᠨ ᠦᠵᠡᠯ ᠰᠠᠨᠠᠭ᠎ᠠ ᠶᠣᠰᠣ ᠰᠤᠷᠲᠠᠬᠤᠨ᠎ᠤ ᠪᠠᠢᠭᠤᠯᠤᠯᠲᠠ᠎ᠳᠤ ᠴᠢᠬᠤᠯᠠ ᠵᠢᠭᠠᠪᠤᠷᠢ ᠥᠭ᠌ᠴᠦ ᠴᠢᠬᠤᠯᠠᠴᠢᠯᠠᠭ᠍ᠰᠠᠨ ᠨᠢ ᠨᠠᠰᠤᠨ᠎ᠳᠤ ᠦᠯᠦ᠍ ᠬᠦᠷᠦᠭ᠌ᠰᠡᠳ᠎ᠦᠨ ᠦᠵᠡᠯ ᠰᠠᠨᠠᠭ᠎ᠠ ᠶᠣᠰᠣ ᠰᠤᠷᠲᠠᠬᠤᠨ᠎ᠤ ᠪᠠᠢᠭᠤᠯᠤᠯᠲᠠ᠎ᠶ᠋ᠢ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠰᠠᠭᠤᠷᠢᠯᠠᠬᠤ ᠴᠢᠨᠠᠷᠲᠠᠢ ᠠᠵᠢᠯ ᠪᠣᠯᠭᠠᠨ ᠠᠳᠭᠤᠬᠤ᠎ᠶ᠋ᠢ ᠪᠠᠷᠢᠮᠲᠠᠯᠠᠵᠤ ᠬᠦᠴᠦ᠍᠎ᠪᠠᠨ ᠬᠠᠮᠲᠤᠳᠬᠠᠨ ᠨᠠᠰᠤᠨ᠎ᠳᠤ ᠥᠯᠥ᠍ ᠭᠦᠷᠦᠭ᠌ᠰᠡᠳ᠎ᠦᠨ ᠡᠷᠡᠭᠦᠯ᠎ᠢᠶᠡᠷ ᠦᠰᠦᠨ ᠪᠣᠢᠵᠢᠬᠤ᠎ᠳᠦ ᠰᠠᠢᠨ ᠰᠠᠢᠬᠠᠨ ᠨᠡᠢᠭᠡᠮ᠎ᠦᠨ ᠣᠷᠴᠢᠨ ᠨᠦᠬᠦᠴᠡᠯ᠎ᠢ ᠪᠣᠶ ᠪᠣᠯᠭᠠᠵᠤ ᠥᠭᠬᠦ ᠬᠡᠷᠡᠭᠲᠡᠢ ᠼᠠᠢ ᠴᠢ ᠶᠠᠷᠢᠯᠴᠠᠬᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2025-12-18

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠤᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠣᠢᠷ᠎ᠠ᠎ᠳᠤ ᠨᠠᠰᠤᠨ᠎ᠳᠦ ᠥᠯᠥ᠍ ᠬᠦᠷᠦᠭ᠌ᠰᠡᠳ᠎ᠦᠨ ᠦᠵᠡᠯ ᠰᠠᠨᠠᠭ᠎ᠠ ᠶᠣᠰᠣ ᠰᠤᠷᠲᠠᠬᠤᠨ᠎ᠤ ᠪᠠᠢᠭᠤᠯᠤᠯᠲᠠ᠎ᠳᠤ ᠴᠢᠬᠤᠯᠠ ᠵᠢᠭᠠᠪᠤᠷᠢ ᠥᠭ᠌ᠴᠡᠶ᠃ ᠲᠡᠷᠡ᠂ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ ᠨᠠᠮ᠎ᠤᠨ ᠲᠥᠪ ᠬᠣᠷᠢᠶ᠎ᠠ ᠨᠠᠰᠤᠨ᠎ᠳᠤ ᠥᠯᠥ᠍ ᠬᠦᠷᠦᠭ᠌ᠰᠡᠳ᠎ᠦᠨ ᠦᠵᠡᠯ ᠰᠠᠨᠠᠭ᠎ᠠ ᠶᠣᠰᠣ ᠰᠤᠷᠲᠠᠬᠤᠨ᠎ᠤ ᠪᠠᠢᠭᠤᠯᠤᠯᠲᠠ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠡᠯ᠎ᠡ ᠵᠦᠶ᠋ᠯ᠎ᠦᠨ ᠠᠵᠢᠯ᠎ᠤᠨ ᠱᠢᠨ᠎ᠡ ᠠᠬᠢᠴᠠ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠪᠠ ᠭᠡᠵᠦ ᠵᠢᠭᠠᠵᠤ ᠭᠠᠷᠭᠠᠪᠠ᠃

ᠰᠢ᠎ᠵᠢᠨ᠎ᠫᠢᠩ᠂ ᠱᠢᠨ᠎ᠡ ᠠᠶᠠᠨ᠎ᠳᠤ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠵᠤ᠂ ᠨᠠᠰᠤᠨ᠎ᠳᠤ ᠦᠯᠦ᠍ ᠬᠦᠷᠦᠭ᠌ᠰᠡᠳ᠎ᠦᠨ ᠦᠵᠡᠯ ᠰᠠᠨᠠᠭ᠎ᠠ ᠶᠣᠰᠣ ᠰᠤᠷᠲᠠᠬᠤᠨ ᠎ᠤ ᠪᠠᠢᠭᠤᠯᠤᠯᠲᠠ᠎ᠶ᠋ᠢ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ᠂ ᠰᠠᠭᠤᠷᠢᠯᠠᠬᠤ ᠴᠢᠨᠠᠷᠲᠠᠢ ᠠᠵᠢᠯ ᠪᠣᠯᠭᠠᠨ ᠠᠳᠭᠤᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠨᠳᠦᠰᠦ᠎ᠶ᠋ᠢ ᠪᠣᠢᠵᠢᠭᠤᠯᠵᠤ ᠰᠦᠭ ᠰᠦᠨᠡᠰᠦ᠎ᠶ᠋ᠢ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠰᠤᠷᠭᠠᠭᠤᠯᠢ ᠭᠡᠷ ᠪᠦᠯᠢ ᠨᠡᠢᠭᠡᠮ ᠬᠠᠮᠵᠢᠯᠴᠠᠨ ᠬᠥᠮᠦᠨ ᠬᠥᠮᠦᠵᠢᠭᠦᠯᠬᠦ᠌ ᠲᠣᠭ᠍ᠲᠠᠴᠠ᠎ᠶ᠋ᠢ ᠪᠦᠷᠢᠨᠱᠢᠬᠦᠯᠵᠤ᠂ ᠥᠷᠭᠡᠨ ᠤᠯᠠᠨ ᠨᠠᠰᠤᠨ᠎ᠳᠤ ᠦᠯᠦ᠍ ᠬᠦᠷᠦᠭ᠌ᠰᠡᠳ᠎ᠢ ᠰᠤᠷᠭᠠᠨ ᠬᠦᠮᠦᠵᠢᠭᠦᠯᠵᠦ ᠬᠦᠲᠦᠯᠦᠨ ᠵᠢᠯᠤᠭᠤᠳᠴᠤ ᠪᠠᠢᠭᠠᠳ ᠠᠯᠤᠰ ᠬᠡᠳᠦ᠍᠎ᠶ᠋ᠢᠨ ᠬᠦᠰᠡᠯᠡᠩ᠎ᠲᠠᠢ ᠪᠤᠯᠭᠠᠵᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠤᠨ ᠦᠵᠡᠯᠲᠡ᠎ᠶ᠋ᠢ ᠦᠢᠯᠡᠳᠦᠯᠭᠡᠵᠢᠭᠦᠯᠵᠦ᠍᠂ ᠰᠠᠢ᠌ᠨ ᠰᠠᠢᠬᠠᠨ ᠶᠣᠰᠣ ᠰᠤᠷᠲᠠᠬᠤᠨ ᠵᠠᠩ ᠴᠢᠨᠠᠷ ᠪᠠ ᠦᠢᠯᠡ ᠠᠵᠢᠯᠯᠠᠭ᠎ᠠ᠎ᠶ᠋ᠢᠨ ᠳᠠᠳᠭᠠᠯ ᠲᠠᠢ ᠪᠤᠯᠭᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠦᠬᠦ᠌ ᠲᠠᠯ᠎ᠠ᠎ᠪᠠᠷ ᠬᠥᠭ᠌ᠵᠢᠭ᠌ᠰᠡᠨ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ ᠪᠣᠯᠭᠠᠬᠤ᠎ᠪᠠᠷ ᠴᠢᠷᠮᠠᠢᠬᠤ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠪᠣᠯᠤᠨ ᠤᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠬᠦᠴᠦ᠍᠎ᠪᠡᠨ ᠬᠠᠮᠲᠤᠳᠭᠠᠨ ᠨᠠᠰᠤᠨ᠎ᠳᠤ ᠦᠯᠦ᠍ ᠬᠦᠷᠦᠭ᠌ᠰᠡᠳ᠎ᠦᠨ ᠡᠷᠡᠭᠦᠯ᠎ᠢᠶᠡᠷ ᠦᠰᠦᠨ ᠪᠣᠢᠵᠢᠬᠤ᠎ᠳᠤ ᠰᠠᠢ᠌ᠨ ᠰᠠᠢᠬᠠᠨ ᠨᠡᠢᠭᠡᠮ᠎ᠦᠨ ᠣᠷᠴᠢᠨ ᠨᠦᠬᠦᠴᠡᠯ᠎ᠢ ᠪᠤᠢ ᠪᠤᠯᠭᠠᠵᠤ ᠥᠭ᠌ᠬᠦ ᠬᠡᠷᠡᠭ᠌ᠲᠡᠢ ᠭᠡᠵᠦ᠍ ᠴᠢᠬᠤᠯᠠᠴᠢᠯᠠᠪᠠ᠃

ᠨᠠᠰᠤᠨ᠎ᠳᠤ ᠥᠯᠥ᠍ ᠭᠦᠷᠦᠭ᠌ᠰᠡᠳ᠎ᠦᠨ ᠦᠵᠡᠯ ᠰᠠᠨᠠᠭ᠎ᠠ ᠶᠣᠰᠣ ᠰᠤᠷᠲᠠᠬᠤᠨ᠎ᠤ ᠪᠠᠢᠭᠤᠯᠤᠯᠲᠠ᠎ᠶ᠋ᠢᠨ ᠠᠵᠢᠯ᠎ᠤᠨ ᠶᠠᠷᠢᠯᠴᠠᠬᠤ ᠬᠤᠷᠠᠯ 12 ᠰᠠᠷ᠎ᠠ᠎ᠶ᠋ᠢᠨ 15᠎ᠤ ᠡᠳᠦᠷ ᠪᠡᠭᠡᠵᠢᠩ᠎ᠳᠦ ᠬᠤᠷᠠᠯᠳᠤᠪᠠ᠃ ᠬᠤᠷᠠᠯ ᠳᠡᠭᠡᠷ᠎ᠡ ᠰᠢ᠎ᠵᠢᠨ᠎ᠫᠢᠩ᠎ᠦᠨ ᠴᠢᠬᠤᠯᠠ ᠵᠢᠭᠠᠪᠤᠷᠢ᠎ᠶ᠋ᠢ ᠤᠯᠠᠮᠵᠢᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ ᠼᠠᠢ ᠴᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠼᠠᠢ ᠴᠢ ᠶᠠᠷᠢᠶᠠᠨ᠎ᠳᠠᠭᠠᠨ᠂ ᠶᠡᠷᠦᠩᠬᠡᠶ ᠱᠦᠵᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ ᠰᠤᠳᠤ ᠮᠡᠷᠭᠡᠨ᠂ ᠭᠦᠨ ᠭᠦᠨᠵᠡᠭᠡᠶ ᠪᠠᠢᠵᠤ᠂ ᠮᠠᠰᠢ ᠴᠢᠩᠭ᠎ᠠ ᠤᠯᠤᠰ ᠲᠥᠷᠥ᠎ᠶ᠋ᠢᠨ ᠴᠢᠨᠠᠷ᠂ ᠦᠵᠡᠯ ᠰᠠᠨᠠᠭᠠᠴᠢ ᠴᠢᠨᠠᠷ᠂ ᠬᠠᠨᠳᠤᠯᠭᠠᠳᠤ ᠴᠢᠨᠠᠷ᠂ ᠵᠢᠯᠣᠭᠣᠳᠭᠤ ᠴᠢᠨᠠᠷ᠎ᠲᠠᠶ ᠶᠤᠮ᠂ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠼᠠᠢ ᠴᠢ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠨᠠᠰᠤᠨ᠎ᠳᠤ ᠥᠯᠥ ᠬᠦᠷᠦᠭᠰᠡᠳ᠎ᠦᠨ ᠦᠵᠡᠯ ᠰᠠᠨᠠᠭ᠎ᠠ ᠶᠣᠰᠣ᠌ ᠰᠤᠷᠳᠠᠬᠤᠨ ᠤ᠋ ᠪᠠᠢᠭᠤᠯᠤᠯᠲᠠ᠎ᠶᠢ ᠴᠢᠬᠤᠯᠠ ᠪᠠᠢᠷᠢᠨ᠎ᠳᠤ ᠲᠠᠯᠪᠢᠵᠤ᠂ ᠶᠡᠷᠦᠩᠬᠡᠢ ᠱᠦᠵᠢ ᠰᠢ ᠎ᠶᠢᠨ ᠫᠢᠩ ᠠᠯᠢ ᠣᠯᠠᠨ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠦᠭᠴᠦ᠂ ᠰᠢᠨ᠎ᠡ ᠴᠠᠭ ᠦᠶ᠎ᠡ᠎ᠳᠦ ᠨᠠᠰᠤᠨ᠎ᠳᠤ ᠥᠯᠥ ᠭᠦᠷᠦᠭᠰᠡᠳ᠎ᠦᠨ ᠦᠵᠡᠯ ᠰᠠᠨᠠᠭ᠎ᠠ ᠶᠣᠰᠣ᠌ ᠰᠤᠷᠳᠠᠬᠤᠨ ᠤ᠋ ᠪᠠᠢᠭᠤᠯᠤᠯᠲᠠ᠎ᠶᠢ ᠴᠢᠩᠭᠠᠳᠬᠠᠨ ᠰᠠᠢᠵᠢᠷᠠᠭᠤᠯᠬᠤ ᠵᠥᠪ ᠴᠢᠭᠯᠡᠯ᠂ ᠡᠭᠦᠷᠭᠡ ᠬᠠᠷᠢᠭᠤᠴᠠᠯᠭ᠎ᠠ ᠪᠠ ᠠᠷᠭ᠎ᠠ ᠵᠠᠮ᠎ᠢ ᠭᠦᠨᠵᠡᠭᠡᠢ ᠲᠣᠳᠣᠷᠬᠠᠢᠯᠠᠨ ᠥᠭᠦᠯᠡᠵᠦ᠂ ᠨᠠᠰᠤᠨ᠎ᠳᠤ ᠥᠯᠥ ᠭᠦᠷᠦᠭᠰᠡᠳ᠎ᠦᠨ ᠦᠵᠡᠯ ᠰᠠᠨᠠᠭ᠎ᠠ ᠶᠣᠰᠣ᠌ ᠰᠤᠷᠳᠠᠬᠤᠨ ᠤ᠋ ᠪᠠᠢᠭᠤᠯᠤᠯᠲᠠ᠎ᠶᠢᠨ ᠠᠵᠢᠯ᠎ᠢ ᠰᠠᠢᠲᠤᠷ ᠬᠢᠬᠦ᠎ᠳᠦ ᠦᠨᠳᠦᠰᠦᠨ ᠵᠢᠷᠤᠮᠯᠠᠯ ᠬᠠᠨᠭᠭᠠᠵᠠᠢ ᠭᠡᠵᠤ ᠵᠢᠭᠠᠵᠤ ᠭᠠᠷᠭᠠᠪᠠ᠃

ᠼᠠᠢ ᠴᠢ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢ᠎ᠶᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠵᠢᠨ᠎ᠫᠢᠩ᠎ᠤᠨ ᠨᠠᠰᠤᠨ᠎ᠳᠤ ᠥᠯᠥ ᠬᠦᠷᠦᠭᠰᠡᠳ᠎ᠦᠨ ᠦᠵᠡᠯ ᠰᠠᠨᠠᠭ᠎ᠠ ᠶᠣᠰᠣ᠌ ᠰᠤᠷᠳᠠᠬᠤᠨ ᠤ᠋ ᠪᠠᠢᠭᠤᠯᠤᠯᠲᠠ᠎ᠶᠢᠨ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠪᠥᠬᠥ ᠲᠠᠯ᠎ᠠ ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠶᠣᠰᠣ᠌ ᠰᠤᠷᠳᠠᠬᠤᠨ ᠵᠢᠡᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠵᠤ᠂ ᠰᠤᠷᠭᠠᠭᠤᠯᠢ ᠭᠡᠷ ᠪᠦᠯᠢ ᠨᠡᠢᠭᠡᠮ ᠬᠠᠮᠵᠢᠯᠴᠠᠨ ᠬᠥᠮᠥᠨ ᠬᠥᠮᠥᠵᠢᠭᠦᠯᠬᠦ ᠲᠣᠭᠲᠡᠴᠡ᠎ᠶᠢ ᠪᠦᠷᠢᠨᠰᠢᠭᠦᠯᠵᠦ᠂ ᠥᠷᠭᠡᠨ ᠣᠯᠠᠨ ᠨᠠᠰᠤᠨ᠎ᠳᠤ ᠥᠯᠥ ᠭᠦᠷᠦᠭᠰᠡᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢᠭᠠᠳ ᠨᠡᠢᠭᠡᠮ ᠵᠢᠷᠤᠮ᠎ᠤᠨ ᠭᠣᠣᠯᠯᠠᠭᠴᠢ ᠥᠷᠲᠡᠭ᠎ᠦᠨ ᠦᠵᠡᠯᠲᠡ᠎ᠶᠢ ᠦᠢᠯᠡᠳᠦᠯᠭᠡᠵᠢᠭᠦᠯᠵᠦ᠂ ᠬᠦᠰᠡᠯᠡᠩ ᠢᠲᠡᠭᠡᠯ ᠪᠢᠰᠢᠷᠡᠯ᠎ᠢ ᠨᠢ ᠪᠠᠲᠤᠳᠬᠠᠨ᠂ ᠤᠯᠤᠰ᠎ᠢᠶᠠᠨ ᠬᠠᠢᠷᠠᠯᠠᠬᠤ ᠰᠡᠳᠬᠢᠯᠭᠡ᠎ᠶᠢ ᠨᠢ ᠵᠤᠵᠠᠭᠠᠳᠬᠠᠵᠤ᠂ ᠵᠠᠩ ᠮᠣᠷᠠᠯ᠎ᠤᠨ ᠪᠣᠯᠪᠠᠰᠤᠷᠠᠯ᠎ᠢ ᠨᠢ ᠴᠢᠩᠭᠠᠳᠬᠠᠨ᠂ ᠮᠡᠳᠡᠯᠭᠡ ᠲᠠᠨᠢᠯᠲᠠ᠎ᠶᠢ ᠨᠢ ᠨᠡᠮᠡᠭᠳᠡᠭᠦᠯᠵᠤ᠂ ᠲᠡᠮᠡᠴᠡᠯ᠎ᠦᠨ ᠵᠣᠷᠢᠭ᠋ ᠰᠠᠨᠠᠭ᠎ᠠ᠎ᠶᠢ ᠨᠢ ᠬᠥᠮᠥᠵᠢᠭᠦᠯᠤᠨ᠂ ᠶᠡᠷᠦᠩᠬᠡᠢᠯᠡᠭᠰᠡᠨ ᠬᠡᠪ ᠪᠤᠯᠪᠠᠰᠤᠷᠠᠯ᠎ᠢ ᠨᠢ ᠴᠢᠩᠭᠠᠷᠠᠭᠤᠯᠬᠤ ᠬᠡᠷᠡᠭᠳᠡᠢ᠃ ᠰᠤᠷᠭᠠᠭᠤᠯᠢ᠎ᠶᠢᠨ ᠬᠥᠮᠥᠨ ᠬᠥᠮᠥᠵᠢᠭᠦᠯᠬᠦ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠵᠤ᠂ ᠶᠣᠰᠣ᠌ ᠰᠤᠷᠲᠠᠬᠤᠨ᠎ᠤ ᠬᠥᠮᠦᠵᠢᠯ᠎ᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ 《ᠲᠠᠪᠤᠨ ᠬᠥᠮᠦᠵᠢᠯ》᠎ᠢ ᠠᠭᠤᠰᠤᠯᠴᠠᠭᠤᠯᠬᠤ᠎ᠶᠢ ᠴᠢᠬᠤᠯᠠᠴᠢᠯᠠᠬᠤ ᠬᠡᠷᠡᠭᠳᠡᠢ᠃ ᠭᠡᠷ ᠪᠦᠯᠢ᠎ᠶᠢᠨ ᠬᠥᠮᠦᠵᠢᠯ᠎ᠢ ᠴᠢᠬᠤᠯᠠᠴᠢᠯᠠᠨ ᠴᠢᠩᠭᠠᠳᠬᠠᠵᠤ᠂ ᠭᠡᠷ ᠪᠦᠯᠢ᠎ᠶᠢᠨ ᠬᠥᠮᠦᠵᠢᠯ᠎ᠦᠨ ᠰᠠᠭᠤᠷᠢᠯᠠᠬᠤ ᠦᠢᠯᠡᠳᠦᠯ᠎ᠢ ᠪᠠᠳᠠᠷᠠᠭᠤᠯᠬᠤ ᠬᠡᠷᠡᠭᠳᠡᠢ᠃ ᠰᠠᠢᠨ ᠰᠠᠢᠬᠠᠨ ᠨᠡᠢᠭᠡᠮ᠎ᠦᠨ ᠰᠣᠶᠣᠯ᠎ᠤᠨ ᠣᠷᠴᠢᠨ ᠨᠥᠬᠥᠴᠡᠯ᠎ᠢ ᠢᠳᠡᠪᠬᠢᠲᠡᠢ ᠪᠤᠢ ᠪᠣᠯᠭᠠᠵᠤ᠂ ᠬᠡᠦᠬᠡᠳ᠎ᠦᠳ᠎ᠲᠦ ᠰᠢᠯᠢᠳᠡᠭ ᠰᠠᠢᠨ ᠰᠣᠶᠣᠯ᠎ᠤᠨ ᠦᠢᠯᠡᠳᠭᠦᠨ᠎ᠢ ᠵᠤᠬᠢᠶᠠᠨ ᠪᠦᠳᠦᠭᠡᠵᠦ ᠦᠢᠯᠡᠳᠪᠦᠷᠢᠯᠡᠬᠦ ᠪᠡᠷ ᠴᠢᠷᠮᠠᠢᠵᠤ᠂ ᠰᠠᠢᠨ ᠰᠣᠶᠣᠯ᠎ᠤᠨ ᠦᠢᠯᠡᠴᠢᠯᠡᠭᠡ ᠬᠠᠩᠭᠠᠬᠤ ᠬᠡᠷᠡᠭᠳᠡᠢ᠃ ᠰᠦᠯᠵᠢᠶ᠎ᠡ᠎ᠪᠡᠷ ᠬᠥᠮᠥᠨ ᠬᠥᠮᠥᠵᠢᠭᠦᠯᠬᠦ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠵᠦ᠂ ᠨᠠᠰᠤᠨ᠎ᠳᠦ ᠦᠯᠦ ᠬᠦᠷᠦᠭᠰᠡᠳ᠎ᠦᠨ ᠰᠦᠯᠵᠢᠶᠡᠨ᠎ᠦ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠬᠡᠷᠡᠭᠳᠡᠢ᠃ ᠨᠠᠰᠤᠨ᠎ᠳᠤ ᠦᠯᠤ ᠬᠥᠷᠦᠭᠰᠡᠳ᠎ᠦᠨ ᠪᠡᠶ᠎ᠡ ᠰᠡᠳᠬᠢᠯ᠎ᠦᠨ ᠡᠷᠡᠭᠦᠯ ᠮᠡᠨᠳᠤ᠎ᠶᠢ ᠠᠬᠢᠭᠤᠯᠵᠤ᠂ ᠨᠠᠰᠤᠨ᠎ᠳᠤ ᠦᠯᠤ ᠬᠥᠷᠦᠭᠰᠡᠳ᠎ᠦᠨ ᠰᠡᠳᠬᠢᠴᠡ ᠵᠢᠨ ᠡᠷᠡᠭᠦᠯ ᠮᠡᠨᠲᠦ ᠵᠢᠨ ᠦᠢᠯᠡᠴᠢᠯᠡᠭᠡᠨ᠎ᠤ ᠰᠢᠰᠲᠸᠮ᠎ᠢ ᠲᠦᠷᠭᠡᠳᠬᠡᠨ ᠪᠠᠢᠭᠤᠯᠬᠤ ᠬᠡᠷᠡᠭᠳᠡᠢ᠃ ᠨᠠᠰᠤᠨ᠎ᠳᠤ ᠦᠯᠤ ᠬᠥᠷᠦᠭᠰᠡᠳ᠎ᠢ ᠬᠠᠮᠠᠭᠠᠯᠠᠬᠤ ᠪᠠ ᠬᠠᠤᠯᠢ᠎ᠶᠢ ᠵᠥᠷᠢᠴᠡᠵᠦ ᠶᠠᠯ᠎ᠠ ᠬᠢᠬᠦ᠎ᠶᠢ ᠰᠡᠷᠭᠡᠢᠯᠡᠨ ᠵᠠᠰᠠᠬᠤ᠎ᠶᠢ ᠴᠢᠩᠭᠠᠳᠬᠠᠵᠤ᠂ ᠨᠠᠰᠤᠨ᠎ᠳᠤ ᠦᠯᠤ ᠬᠥᠷᠦᠭᠰᠡᠳ᠎ᠢ ᠬᠥᠲᠥᠯᠥᠨ ᠵᠢᠯᠤᠭᠣᠳᠴᠤ ᠬᠠᠤᠯᠢ ᠪᠡᠷ ᠵᠠᠰᠠᠬᠤ ᠦᠵᠡᠯᠳᠡ ᠲᠡᠢ ᠪᠤᠯᠭᠠᠬᠤ ᠬᠡᠷᠡᠭᠳᠡᠢ᠃ ᠨᠠᠰᠤᠨ᠎ᠳᠤ ᠦᠯᠤ ᠬᠥᠷᠦᠭᠰᠡᠳ᠎ᠦᠨ ᠦᠵᠡᠯ ᠰᠠᠨᠠᠭ᠎ᠠ ᠶᠣᠰᠣ᠌ ᠰᠤᠷᠳᠠᠬᠤᠨ ᠤ᠋ ᠪᠠᠢᠭᠤᠯᠤᠯᠲᠠ᠎ᠳᠠᠬᠢ ᠨᠠᠮ᠎ᠤᠨ ᠤᠳᠤᠷᠢᠳᠤᠯᠭ᠎ᠠ᠎ᠶᠢ ᠴᠢᠩᠭᠠᠳᠬᠠᠵᠤ᠂ ᠰᠠᠢᠨ ᠰᠠᠢᠬᠠᠨ ᠨᠡᠢᠭᠡᠮ᠎ᠦᠨ ᠣᠷᠴᠢᠨ ᠨᠥᠬᠥᠴᠡᠯ᠎ᠢ ᠪᠤᠢ ᠪᠣᠯᠭᠠᠵᠤ᠂ ᠨᠠᠰᠤᠨ᠎ᠳᠤ ᠦᠯᠤ ᠬᠥᠷᠦᠭᠰᠡᠳ᠎ᠦᠨ ᠡᠷᠡᠭᠦᠯ᠎ᠢᠶᠡᠷ ᠦᠰᠦᠨ ᠪᠣᠢᠵᠢᠬᠤ᠂ ᠪᠦᠬᠦ ᠲᠠᠯ᠎ᠠ᠎ᠪᠠᠷ ᠬᠦᠭᠵᠢᠬᠦ᠎ᠶᠢ ᠬᠠᠮᠳᠦ ᠪᠡᠷ ᠠᠬᠢᠭᠤᠯᠬᠤ ᠬᠡᠷᠡᠭᠳᠡᠢ ᠭᠡᠵᠤ ᠴᠢᠬᠤᠯᠠᠴᠢᠯᠠᠪᠠ᠃

ᠯᠢ ᠱᠥ᠍ ᠯᠧᠢ ᠶᠠᠷᠢᠯᠴᠠᠬᠤ ᠬᠤᠷᠠᠯ᠎ᠢ ᠡᠷᠭᠢᠯᠡᠪᠡ᠃

ᠲᠥᠪ᠎ᠦᠨ ᠰᠦᠯᠵᠢᠶᠡᠨ᠎ᠦ ᠠᠮᠤᠷ ᠲᠦᠪᠰᠢᠨ ᠪᠤᠯᠤᠨ ᠮᠡᠳᠡᠭᠡ ᠵᠠᠨᠭᠭᠢᠴᠢᠯᠠᠯᠲᠠ ᠵᠢᠨ ᠬᠤᠷᠢᠶ᠎ᠠ ᠵᠢᠨ ᠠᠯᠪᠠᠨ ᠭᠡᠷ᠂ ᠰᠤᠷᠭᠠᠨ ᠬᠥᠮᠦᠵᠢᠯ᠎ᠦᠨ ᠶᠠᠮᠤᠨ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ᠂ ᠪᠦᠬᠦ ᠤᠯᠤᠰ᠎ᠤᠨ ᠡᠮᠡᠭᠲᠡᠢᠴᠦᠳ᠎ᠦᠨ ᠬᠣᠯᠪᠣᠭ᠎ᠠ᠂ ᠪᠡᠭᠡᠵᠢᠩ ᠬᠤᠳᠠ᠎ᠶᠢᠨ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣᠰ ᠬᠤᠳᠠ᠎ᠶᠢᠨ ᠬᠠᠷᠢᠭᠤᠴᠠᠯᠭᠠᠲᠠᠨ᠂ ᠨᠠᠰᠤᠨ᠎ᠳᠤ ᠦᠯᠦ ᠬᠦᠷᠦᠭᠰᠡᠳ᠎ᠦᠨ ᠦᠵᠡᠯ ᠰᠠᠨᠠᠭ᠎ᠠ ᠶᠣᠰᠣ᠌ ᠰᠤᠷᠲᠠᠬᠤᠨ᠎ᠤ ᠪᠠᠢᠭᠤᠯᠤᠯᠲᠠ᠎ᠶᠢᠨ ᠦᠨᠳᠦᠰᠦᠨ ᠱᠠᠲᠤᠨ᠎ᠤ ᠠᠵᠢᠯᠲᠠᠳ᠎ᠤᠨ ᠲᠥᠯᠥᠭᠡᠯᠡᠭᠴᠢ ᠦᠭᠡ ᠬᠡᠯᠡᠵᠡᠢ᠃

ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 12 ᠰᠠᠷ᠎ᠠ᠎ᠶ᠋ᠢᠨ 15᠎ᠤ ᠴᠠᠬᠢᠯᠭᠠᠨ ᠮᠡᠳᠡᠭᠡ

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            