ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ ᠪᠡᠭᠡᠵᠢᠩ᠎ᠳᠦ ᠬᠤᠷᠠᠯᠳᠤᠪᠠ
ᠨᠡᠶ᠋ᠢᠲᠡᠯᠡᠭᠰᠡᠨ ᠴᠠᠭ᠄ 2025-12-12

ᠰᠢ᠎ᠵᠢᠨ᠎ᠫᠢᠩ ᠴᠢᠬᠤᠯᠠ ᠶᠠᠷᠢᠶ᠎ᠠ ᠲᠠᠯᠪᠢᠵᠤ  ᠯᠢ ᠴᠢᠶᠠᠩ ᠳ᠋ᠦᠩᠨᠡᠯᠲᠡ᠎ᠶᠢᠨ ᠶᠠᠷᠢᠶ᠎ᠠ ᠲᠠᠯᠪᠢᠪᠠ 

ᠵᠤᠤ ᠯᠸ ᠵᠢᠢ   ᠸᠠᠩ ᠬ᠍ᠤ ᠨᠢᠩ   ᠼᠠᠢ ᠴᠢ   ᠳ᠋ᠢᠩ ᠰᠢᠤᠸᠠᠢ ᠰᠢᠶᠠᠩ   ᠯᠢ ᠰᠢ ᠬᠤᠷᠠᠯ᠎ᠳᠤ ᠣᠷᠣᠯᠴᠠᠵᠠᠢ 

ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ 12 ᠰᠠᠷ᠎ᠠ᠎ᠶᠢᠨ 10 ᠡᠴᠡ 11 ᠎ᠤ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭᠴᠢ ᠰᠢ᠎ᠵᠢᠨ᠎ᠫᠢᠩ ᠬᠤᠷᠠᠯ᠎ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃ ᠳᠣᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠠ᠎ᠶᠢᠨ ᠤᠯᠤᠰ ᠳᠦᠷᠦ᠎ᠶᠢᠨ ᠲᠣᠪᠴᠢᠶ᠎ᠡ᠎ᠶᠢᠨ ᠪᠠᠢ᠍ᠢᠨᠭᠭᠤ᠎ᠶᠢᠨ ᠭᠡᠰᠢᠭᠦᠨ ᠯᠢ ᠴᠢᠶᠠᠩ᠂ ᠵᠣᠣ ᠯᠧ ᠵᠢᠢ᠂ ᠸᠠᠩ ᠬ᠍ᠤ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠬᠤᠷᠠᠯ᠎ᠳᠤ ᠣᠷᠣᠯᠴᠠᠪᠠ᠃ 

12 ᠰᠠᠷ᠎ᠠ᠎ᠶᠢᠨ 10 ᠡᠴᠡ 11 ᠎ᠤ ᠡᠳᠦᠷ ᠪᠣᠯᠲᠠᠯ᠎ᠠ᠂ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ ᠪᠡᠭᠡᠵᠢᠩ᠎ᠳᠦ ᠬᠤᠷᠠᠯᠳᠤᠪᠠ᠃ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭᠴᠢ ᠰᠢ᠎ᠵᠢᠨ᠎ᠫᠢᠩ ᠬᠤᠷᠠᠯ᠎ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃

ᠱᠢᠨᠬᠤᠸᠠ ᠬᠣᠷᠢᠶ᠎ᠠ᠎ᠶ᠋ᠢᠨ ᠰᠣᠷᠪᠣᠯᠵᠢᠯᠠᠭ᠍ᠴᠢ ᠶᠠᠨ ᠶᠠᠨ ᠰᠡᠭᠦᠳᠡᠷᠯᠡᠪᠡ

ᠰᠢ᠎ᠵᠢᠨ᠎ᠫᠢᠩ ᠴᠢᠬᠤᠯᠠ ᠶᠠᠷᠢᠶᠠᠨ᠎ᠳᠠᠭᠠᠨ 2025 ᠣᠨ᠎ᠤ ᠠᠵᠤ ᠠᠬᠤᠢ᠎ᠶᠢᠨ ᠠᠵᠢᠯ᠎ᠢ ᠳ᠋ᠦᠩᠨᠡᠵᠦ᠂ ᠣᠳᠣᠬᠠᠨ᠎ᠤ ᠠᠵᠤ ᠠᠬᠤᠢ᠎ᠶᠢᠨ ᠪᠠᠢᠳᠠᠯ᠎ᠢ ᠵᠠᠳᠠᠯᠵᠤ᠂ 2026 ᠣᠨ᠎ᠤ ᠠᠵᠤ ᠠᠬᠤᠢ᠎ᠶᠢᠨ ᠠᠵᠢᠯ᠎ᠢ ᠪᠠᠢᠷᠢᠯᠠᠭᠤᠯᠪᠠ᠃ ᠯᠢ ᠴᠢᠶᠠᠩ ᠳ᠋ᠦᠩᠨᠡᠯᠲᠡ᠎ᠶᠢᠨ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠢᠷᠡᠬᠦ ᠵᠢᠯ᠎ᠦᠨ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ᠃ 

ᠬᠤᠷᠠᠯ᠎ᠡᠴᠡ᠂ ᠡᠨᠡ ᠵᠢᠯ ᠪᠣᠯ ᠲᠤᠢᠯ᠎ᠤᠨ ᠶᠡᠷᠦ ᠪᠤᠰᠤ᠎ᠶᠢᠨ ᠨᠢᠭᠡ ᠵᠢᠯ ᠪᠣᠯᠣᠨ᠎ᠠ᠃ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠥᠷᠴᠦ ᠤᠷᠤᠭᠰᠢᠯᠠᠨ᠂ ᠡᠷᠡᠯᠭᠡᠭᠯᠡᠨ ᠲᠡᠮᠡᠴᠡᠵᠦ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠭᠤᠢᠪᠢᠰᠢ ᠦᠭᠡᠢ ᠲᠤᠭᠤᠰᠢᠯᠠᠭᠤᠯᠤᠨ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ ᠬᠣᠶᠠᠷ ᠶᠡᠬᠡ ᠲᠠᠯ᠎ᠠ᠎ᠶᠢ ᠨᠢᠭᠡᠳᠦᠯᠲᠡᠢ ᠲᠥᠯᠥᠪᠵᠢᠭᠦᠯᠵᠦ᠂ ᠨᠡᠩ ᠢᠳᠡᠪᠬᠢᠲᠡᠢ ᠦᠷ᠎ᠡ ᠪᠦᠳᠦᠮᠵᠢᠳᠠᠢ ᠬᠣᠷᠸ᠎ᠠ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠬᠠᠷᠠᠯᠲᠠ᠎ᠶᠢ ᠤᠷᠤᠭᠰᠢᠲᠠᠢ ᠪᠡᠶᠡᠯᠡᠭᠦᠯᠬᠦ ᠪᠤᠯᠤᠨ᠎ᠠ᠃ ᠮᠠᠨ᠎ᠤ ᠤᠯᠤᠰ᠎ᠤᠨ ᠠᠵᠤ ᠠᠬᠤᠢ ᠳᠠᠷᠤᠯᠳᠠ᠎ᠶᠢ ᠳᠠᠭᠠᠭᠠᠨ ᠤᠷᠤᠭᠰᠢᠯᠠᠵᠤ᠂ ᠰᠢᠨ᠎ᠡ ᠪᠤᠯᠤᠨ ᠰᠢᠯᠢᠳᠡᠭ ᠲᠡᠢᠰᠢ ᠬᠥᠭᠵᠢᠵᠦ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠸᠮ᠎ᠤᠨ ᠪᠠᠢᠭᠤᠯᠤᠯᠲᠠ ᠦᠷᠭᠦᠯᠵᠢᠯᠡᠨ ᠠᠬᠢᠵᠤ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ᠎ᠢ ᠠᠯᠬᠤᠵᠤ᠂ ᠭᠣᠣᠯᠳᠠᠯᠭ᠎ᠠ᠎ᠲᠠᠢ ᠬᠦᠷᠢᠶᠡᠨ᠎ᠦ ᠠᠶᠤᠯ ᠲᠦᠭᠰᠢᠭᠦᠷᠢ᠎ᠶᠢ ᠠᠷᠢᠯᠭᠠᠬᠤ ᠠᠵᠢᠯ ᠢᠳᠡᠪᠬᠢᠲᠡᠢ ᠠᠬᠢᠴᠠ᠎ᠲᠠᠢ ᠪᠣᠯᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠨᠡᠩ ᠡᠷᠴᠢᠮᠲᠡᠢ ᠪᠣᠯᠪᠠ᠃ ᠥᠩᠭᠡᠷᠡᠭᠰᠡᠨ 5 ᠵᠢᠯ᠎ᠳᠦ᠂ ᠪᠢᠳᠡ ᠡᠯ᠎ᠡ ᠵᠦᠢᠯ᠎ᠦᠨ ᠳᠠᠭᠠᠷᠢᠯᠲᠠ ᠥᠷᠢᠰᠦᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠴᠢᠬᠤᠯᠠ ᠶᠡᠬᠡ ᠰᠢᠨ᠎ᠡ ᠠᠮᠵᠢᠯᠲᠠ ᠣᠯᠬᠤ᠎ᠶᠢ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠠᠮᠵᠢᠯᠲᠠᠲᠠᠢ ᠰᠢᠪᠳᠤᠷᠠᠭᠠᠨ᠎ᠳᠠᠭᠠᠨ ᠤᠷᠤᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢᠨ ᠰᠢᠨ᠎ᠡ ᠠᠶᠠᠨ ᠰᠠᠢᠨ ᠰᠠᠢᠬᠠᠨ ᠡᠬᠢᠯᠡᠯᠲᠡ᠎ᠶᠢ ᠪᠡᠶᠡᠯᠡᠭᠦᠯᠵᠠᠢ᠎ᠭᠡᠵᠤ ᠵᠢᠭᠠᠵᠤ ᠭᠠᠷᠭᠠᠪᠠ᠃ 

ᠬᠤᠷᠠᠯ᠎ᠡᠴᠡ᠂ ᠦᠢᠯᠡᠳᠦᠯᠭᠡ᠎ᠪᠡᠷ ᠳᠠᠮᠵᠢᠨ᠂ ᠪᠢᠳᠡ ᠰᠢᠨ᠎ᠡ ᠪᠠᠢᠳᠠᠯ᠎ᠤᠨ ᠳᠣᠣᠷᠠᠬᠢ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ᠎ᠲᠤᠬᠠᠢ ᠪᠠᠰᠠ ᠰᠢᠨ᠎ᠡ ᠲᠠᠨᠢᠯᠲᠠ ᠪᠠ ᠣᠢᠯᠠᠭᠠᠯᠲᠠ᠎ᠲᠠᠢ ᠪᠣᠯᠪᠠ᠄ ᠡᠷᠬᠡᠪᠰᠢ ᠠᠵᠤ ᠠᠬᠤᠢ᠎ᠶᠢᠨ ᠲᠠᠯᠳᠠ ᠬᠦᠴᠦᠨ᠎ᠢ ᠭᠦᠢᠴᠡᠳ ᠠᠭᠤᠳᠠᠯᠵᠤ᠂ ᠡᠷᠬᠡᠪᠰᠢ ᠲᠦᠷᠦ᠎ᠶᠢᠨ ᠪᠣᠳᠣᠯᠭ᠎ᠠ᠎ᠪᠠᠷ ᠳᠡᠮᠵᠢᠬᠦ ᠪᠠ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠶᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠡᠷᠬᠡᠪᠰᠢ 《ᠠᠮᠢᠳᠤᠯᠢᠭ᠋ ᠪᠠᠢᠯᠭᠠᠬᠤ》 ᠮᠥᠷᠲᠡᠭᠡᠨ 《ᠰᠠᠢᠲᠤᠷ ᠬᠠᠮᠢᠶᠠᠷᠬᠤ》᠎ᠶᠢ ᠪᠡᠶᠡᠯᠡᠭᠦᠯᠵᠦ᠂ ᠡᠷᠬᠡᠪᠰᠢ ᠪᠣᠳᠠᠰ᠎ᠲᠤ ᠪᠡᠯᠡ ᠣᠷᠣᠭᠤᠯᠬᠤ ᠪᠠ ᠬᠥᠮᠥᠨ᠎ᠳᠦ ᠪᠡᠯᠡ ᠣᠷᠣᠭᠤᠯᠬᠤ᠎ᠶᠢ ᠨᠢᠭ᠍ᠲᠠ ᠤᠶᠠᠯᠳᠤᠭᠤᠯᠬᠤ᠎ᠶᠢ ᠪᠠᠷᠢᠮᠲᠠᠯᠠᠵᠤ᠂ ᠡᠷᠬᠡᠪᠰᠢ ᠳᠣᠲᠣᠷ ᠲᠠᠮᠢᠷ᠎ᠢᠶᠠᠨ ᠬᠠᠲᠠᠭᠤᠵᠢᠯᠲᠠᠢ ᠪᠣᠯᠪᠠᠰᠤᠷᠠᠭᠤᠯᠬᠤ ᠪᠡᠷ ᠳᠠᠮᠵᠢᠨ ᠭᠠᠳᠠᠭᠠᠳᠤ᠎ᠶᠢᠨ ᠥᠷᠢᠰᠦᠯᠳᠦᠭᠡᠨ᠎ᠢ ᠠᠷᠭᠠᠴᠠᠭᠠᠬᠤ ᠬᠡᠷᠡᠭᠲᠡᠢ ᠭᠡᠵᠤ ᠦᠵᠡᠪᠡ᠃ 

ᠬᠤᠷᠠᠯ᠎ᠡᠴᠡ᠂ ᠮᠠᠨ᠎ᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠶᠢᠨ ᠳᠤᠮᠳᠠᠬᠢ ᠬᠠᠭᠤᠴᠢᠨ ᠠᠰᠠᠭᠤᠳᠠᠯ᠂ ᠰᠢᠨ᠎ᠡ ᠥᠷᠢᠰᠦᠯᠳᠦᠭᠡᠨ ᠮᠥᠨ ᠬᠦ᠌ ᠴᠥᠭᠡᠨ ᠪᠤᠰᠤ ᠪᠠᠢᠵᠤ᠂ ᠭᠠᠳᠠᠭᠠᠳᠤ ᠣᠷᠴᠢᠨ ᠨᠦᠭᠦᠴᠡᠯ᠎ᠤᠨ ᠬᠤᠪᠢᠷᠠᠯᠲᠠ᠎ᠶᠢᠨ ᠨᠥᠯᠥᠭᠡ ᠭᠦᠨᠵᠡᠭᠡᠢᠷᠡᠵᠦ᠂ ᠤᠯᠤᠰ᠎ᠤᠨ ᠳᠣᠲᠣᠭᠠᠳᠤ᠎ᠶᠢᠨ ᠬᠠᠩᠭᠠᠯᠭ᠎ᠠ ᠬᠦᠴᠦᠷᠬᠡᠭ ᠬᠡᠷᠡᠭᠴᠡᠭᠡ ᠪᠠᠭᠤᠷᠠᠢ ᠪᠠᠢᠬᠤ ᠵᠥᠷᠢᠴᠡᠯ ᠲᠣᠪᠣᠢᠮ᠎ᠠ ᠪᠠᠢᠵᠤ᠂ ᠭᠣᠣᠯᠳᠠᠯᠭ᠎ᠠ᠎ᠲᠠᠢ ᠬᠦᠷᠢᠶᠡᠨ᠎ᠳᠡᠬᠢ ᠠᠶᠤᠯ ᠲᠦᠭᠰᠢᠭᠦᠷᠢ ᠭᠡᠮ ᠰᠣᠭᠣᠭ ᠨᠡᠯᠢᠶᠡᠳ ᠤᠯᠠᠨ ᠪᠠᠢᠨ᠎ᠠ᠃ ᠡᠳᠡᠭᠡᠷ᠎ᠦᠨ ᠣᠯᠠᠩᠬᠢ ᠨᠢ ᠬᠥᠭᠵᠢᠯᠲᠡ᠎ᠶᠢᠨ ᠳᠤᠮᠳᠠᠬᠢ᠂ ᠬᠡᠯᠪᠡᠷᠢ᠎ᠪᠡᠨ ᠬᠤᠪᠢᠷᠠᠭᠤᠯᠬᠤ ᠶᠠᠪᠤᠴᠠ᠎ᠳᠠᠬᠢ ᠠᠰᠠᠭᠤᠳᠠᠯ ᠪᠠᠢᠵᠤ᠂ ᠴᠢᠷᠮᠠᠢᠯᠭ᠎ᠠ᠎ᠪᠠᠷ ᠲᠠᠮᠵᠢᠨ ᠰᠢᠢᠳᠪᠦᠷᠢᠯᠡᠵᠦ ᠪᠣᠯᠬᠤ ᠶᠤᠮ᠂ ᠮᠠᠨ᠎ᠤ ᠤᠯᠤᠰ᠎ᠤᠨ ᠠᠵᠤ ᠠᠬᠤᠢ ᠤᠷᠳᠤ ᠬᠤᠭᠤᠴᠠᠭᠠᠨ᠎ᠦ ᠲᠤᠷᠰᠢ ᠰᠠᠢᠵᠢᠷᠠᠯᠳᠠ ᠲᠠᠢ ᠪᠠᠢᠭ᠎ᠠ᠎ᠶᠢᠨ ᠲᠤᠯᠭᠠᠭᠤᠷᠢᠯᠠᠬᠤ ᠨᠥᠬᠥᠴᠡᠯ ᠪᠠ ᠦᠨᠳᠦᠰᠦᠨ ᠬᠠᠨᠳᠤᠰᠢ ᠬᠤᠪᠢᠷᠠᠭ᠎ᠠ ᠦᠭᠡᠢ ᠶᠤᠮ᠃ ᠢᠲᠡᠭᠡᠯ ᠵᠣᠷᠢᠭ᠋᠎ᠢᠶᠠᠨ ᠪᠠᠲᠤᠳᠬᠠᠵᠤ᠂ ᠳᠠᠪᠠᠭᠤᠯᠢᠭ᠋᠎ᠢᠶᠠᠨ ᠰᠠᠢᠲᠤᠷ ᠠᠰᠢᠭ᠍ᠯᠠᠵᠤ᠂ ᠥᠷᠢᠰᠦᠯᠳᠦᠭᠡᠨ᠎ᠢ ᠠᠷᠭᠠᠴᠠᠭᠠᠵᠤ᠂ ᠠᠵᠤ ᠠᠬᠤᠢ᠎ᠶᠢᠨ ᠲᠣᠭᠲᠠᠭᠤᠨ᠎ᠤ ᠳᠤᠮᠳᠠ ᠰᠠᠢᠵᠢᠷᠠᠬᠤ ᠬᠠᠨᠳᠤᠰᠢ᠎ᠶᠢ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠬᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃

ᠬᠤᠷᠠᠯ᠎ᠡᠴᠡ᠂ ᠢᠷᠡᠬᠦ ᠵᠢᠯ᠎ᠦᠨ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ᠎ᠳᠤ᠂ ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶᠢᠨ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠭᠦᠢᠴᠡᠳ ᠵᠦᠪ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠬᠦᠴᠦᠯᠡᠨ ᠠᠬᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠤᠯᠤᠰ᠎ᠤᠨ ᠳᠣᠲᠣᠭᠠᠳᠤ᠎ᠶᠢᠨ ᠠᠵᠤ ᠠᠬᠤᠢ᠎ᠶᠢᠨ ᠠᠵᠢᠯ ᠪᠣᠯᠣᠨ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠲᠡᠮᠡᠴᠡᠯ᠎ᠢ ᠨᠡᠩ ᠰᠠᠢᠲᠤᠷ ᠨᠢᠭᠡᠳᠦᠯᠲᠡᠢ ᠲᠦᠯᠦᠪᠵᠢᠭᠦᠯᠵᠤ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠨᠡᠩ ᠢᠳᠡᠪᠬᠢᠲᠡᠢ ᠦᠷ᠎ᠡ ᠪᠦᠳᠦᠮᠵᠢᠳᠠᠢ ᠬᠣᠷᠸ᠎ᠠ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠲᠥᠷᠥ᠎ᠶᠢᠨ ᠪᠣᠳᠣᠯᠭ᠎ᠠ᠎ᠶᠢᠨ ᠪᠠᠷᠠᠯᠠᠯᠳᠦ ᠴᠢᠨᠠᠷ ᠬᠠᠨᠳᠤᠯᠭᠠᠲᠤ ᠴᠢᠨᠠᠷ ᠬᠠᠮᠵᠢᠯᠴᠠᠬᠤ ᠴᠢᠨᠠᠷ᠎ᠢ ᠴᠢᠩᠭᠠᠳᠬᠠᠵᠤ᠂ ᠦᠷᠭᠦᠯᠵᠢᠯᠡᠨ ᠳᠣᠲᠣᠭᠠᠳᠤ ᠬᠡᠷᠡᠭᠴᠡᠭᠡ᠎ᠪᠡᠨ ᠥᠷᠭᠡᠳᠬᠡᠨ᠂ ᠬᠠᠩᠭᠠᠯᠭ᠎ᠠ᠎ᠶᠢ ᠰᠢᠯᠢᠳᠡᠭᠵᠢᠭᠦᠯᠵᠤ᠂ ᠨᠡᠮᠡᠭᠳᠡᠯ᠎ᠦᠨ ᠬᠡᠮᠵᠢᠶ᠎ᠡ᠎ᠶᠢ ᠰᠢᠯᠢᠳᠡᠭᠵᠢᠭᠦᠯᠤᠨ᠂ ᠬᠠᠳᠠᠭᠠᠯᠠᠯᠲᠠ᠎ᠶᠢᠨ ᠬᠡᠮᠵᠢᠶ᠎ᠡ᠎ᠶᠢ ᠬᠦᠭᠵᠢᠭᠡᠵᠤ᠂ ᠭᠠᠵᠠᠷ ᠣᠷᠣᠨ᠎ᠤ ᠪᠠᠢᠳᠠᠯ᠎ᠳᠤ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶᠢ ᠭᠦᠨᠵᠡᠭᠡᠢᠷᠡᠭᠦᠯᠦᠨ ᠠᠬᠢᠭᠤᠯᠵᠤ᠂ ᠭᠣᠣᠯᠳᠠᠯᠭ᠎ᠠ᠎ᠲᠠᠢ ᠬᠦᠷᠢᠶᠡᠨ᠎ᠳᠡᠬᠢ ᠠᠶᠤᠯ ᠲᠦᠭᠰᠢᠭᠦᠷᠢ᠎ᠶᠢ ᠦᠷᠭᠦᠯᠵᠢᠯᠡᠨ ᠰᠡᠷᠭᠡᠢᠯᠡᠨ ᠠᠷᠢᠯᠭᠠᠵᠤ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠎ᠪᠠᠷ ᠬᠦᠴᠦᠯᠡᠨ ᠴᠢᠷᠮᠠᠢᠵᠤ᠂ ᠠᠵᠤ ᠠᠬᠤᠢ᠎ᠶᠢᠨ ᠴᠢᠨᠠᠷ᠎ᠤᠨ ᠪᠦᠲᠦᠮᠵᠢᠲᠡᠶ ᠳᠡᠭᠡᠭᠰᠢᠯᠡᠯᠳᠠ ᠪᠠ ᠲᠣᠭᠠᠨ᠎ᠦ᠎ᠵᠣᠬᠢᠰᠲᠠᠢ ᠨᠡᠮᠡᠭᠳᠡᠯ᠎ᠢ ᠪᠡᠶᠡᠯᠡᠭᠦᠯᠬᠦ᠎ᠶᠢ ᠠᠬᠢᠭᠤᠯᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭᠲᠠᠭᠤᠨ᠎ᠢ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠰᠠᠢᠨ ᠰᠠᠢᠬᠠᠨ ᠡᠬᠢᠯᠡᠯᠲᠡ᠎ᠶᠢ ᠪᠡᠶᠡᠯᠡᠭᠦᠯᠬᠦ ᠬᠡᠷᠡᠭᠳᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠢᠷᠡᠬᠦ ᠵᠢᠯ᠎ᠦᠨ ᠠᠵᠤ ᠠᠬᠤᠢ᠎ᠶᠢᠨ ᠠᠵᠢᠯ᠎ᠳᠤ ᠲᠦᠷᠦ᠎ᠶᠢᠨ ᠪᠣᠳᠣᠯᠭ᠎ᠠ᠎ᠶᠢᠨ ᠬᠠᠨᠳᠤᠰᠢ᠎ᠶᠢᠨ ᠲᠠᠯ᠎ᠠ᠎ᠪᠠᠷ᠂ ᠲᠣᠭᠲᠠᠭᠤᠨ᠎ᠤ ᠳᠤᠮᠳᠠ ᠤᠷᠤᠭᠰᠢᠯᠠᠬᠤ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠪᠠᠷᠢᠮᠲᠠᠯᠠᠵᠤ᠂ ᠨᠦᠭᠡᠴᠡᠯᠡᠬᠦ᠌ ᠲᠦᠷᠦ᠎ᠶᠢᠨ ᠪᠣᠳᠣᠯᠭ᠎ᠠ ᠪᠠ ᠨᠡᠮᠡᠭᠳᠡᠬᠦᠯᠬᠦ ᠲᠦᠷᠦ᠎ᠶᠢᠨ ᠪᠣᠳᠣᠯᠭ᠎ᠠ᠎ᠶᠢᠨ ᠬᠤᠷᠠᠮᠠᠯ ᠦᠢᠯᠡᠳᠦᠯ᠎ᠢ ᠪᠠᠳᠠᠷᠠᠭᠤᠯᠵᠤ᠂ ᠦᠶᠡᠯᠡᠯ᠎ᠦᠨ ᠬᠤᠭᠤᠴᠠᠭ᠎ᠠ᠎ᠶᠢ ᠰᠦᠷᠬᠦ ᠪᠠ ᠦᠶᠡᠯᠡᠯ᠎ᠦᠨ ᠬᠤᠭᠤᠴᠠᠭ᠎ᠠ᠎ᠶᠢ ᠠᠯᠤᠰᠯᠠᠨ ᠲᠣᠬᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠬᠣᠷᠸ᠎ᠠ ᠠᠵᠤ ᠠᠬᠤᠢ᠎ᠶᠢᠨ ᠵᠠᠰᠠᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠡᠷᠡᠭᠲᠡᠢ᠃ ᠨᠡᠩ ᠢᠳᠡᠪᠬᠢᠲᠡᠢ ᠡᠳ᠋᠎ᠦᠨ ᠵᠠᠰᠠᠭ᠎ᠤᠨ ᠲᠦᠷᠦ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ ᠴᠢᠬᠤᠯᠠ ᠪᠦᠬᠦᠢ ᠡᠳ᠋᠎ᠦᠨ ᠵᠠᠰᠠᠭ᠎ᠤᠨ ᠤᠯᠠᠭᠠᠨ ᠲᠣᠭ᠎ᠠ᠂ ᠦᠷᠢ ᠥᠭᠴᠡᠭᠡᠨ᠎ᠦ ᠶᠡᠷᠦᠩᠬᠡᠢ ᠬᠡᠪᠴᠢᠶ᠎ᠡ ᠪᠠ ᠵᠠᠷᠤᠯᠭ᠎ᠠ᠎ᠶᠢᠨ ᠶᠡᠷᠦᠩᠬᠡᠢ ᠬᠡᠮᠵᠢᠶ᠎ᠡ᠎ᠶᠢ ᠪᠠᠲᠤᠯᠠᠵᠤ᠂ ᠡᠳ᠋᠎ᠦᠨ ᠵᠠᠰᠠᠭ᠎ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ᠎ᠶᠢ ᠴᠢᠩᠭᠠᠳᠬᠠᠵᠤ᠂ ᠡᠳ᠋᠎ᠦᠨ ᠵᠠᠰᠠᠭ᠎ᠤᠨ ᠵᠠᠷᠤᠯᠭ᠎ᠠ᠎ᠶᠢᠨ ᠪᠦᠲᠦᠴᠡ᠎ᠶᠢ ᠰᠢᠯᠢᠳᠡᠭᠵᠢᠭᠦᠯᠵᠦ᠂ ᠭᠠᠢᠯᠢ ᠲᠠᠲᠠᠪᠤᠷᠢ᠎ᠶᠢᠨ ᠬᠠᠷᠠᠭᠠᠯᠵᠠᠯ᠂ ᠡᠳ᠋᠎ᠦᠨ ᠵᠠᠰᠠᠭ᠎ᠤᠨ ᠨᠥᠬᠥᠪᠦᠷᠢ᠎ᠶᠢᠨ ᠲᠦᠷᠦ᠎ᠶᠢᠨ ᠪᠣᠳᠣᠯᠭ᠎ᠠ᠎ᠶᠢ ᠵᠢᠷᠤᠮᠵᠢᠭᠤᠯᠬᠤ ᠬᠡᠷᠡᠭᠲᠡᠢ᠃ ᠣᠷᠣᠨ ᠨᠤᠲᠤᠭ᠎ᠤᠨ ᠡᠳ᠋᠎ᠦᠨ ᠵᠠᠰᠠᠭ᠎ᠤᠨ ᠬᠦᠴᠢᠷᠳᠡᠯ᠎ᠢ ᠰᠢᠢᠳᠪᠦᠷᠢᠯᠡᠬᠦ᠎ᠶᠢ ᠴᠢᠬᠤᠯᠠᠴᠢᠯᠠᠵᠤ᠂ ᠦᠨᠳᠦᠰᠦᠨ ᠱᠠᠲᠤᠨ᠎ᠤ 《ᠭᠤᠷᠪᠠ᠎ᠶᠢ ᠪᠠᠲᠤᠯᠠᠬᠤ》 ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠡᠳ᠋᠎ᠦᠨ ᠵᠠᠰᠠᠭ ᠠᠵᠤ ᠠᠬᠤᠢ᠎ᠶᠢᠨ ᠰᠠᠬᠢᠯᠭ᠎ᠠ ᠪᠠᠲᠤ᠎ᠶᠢ ᠴᠢᠩᠳᠠᠯᠠᠵᠤ᠂ ᠨᠠᠮ ᠵᠠᠰᠠᠭ᠎ᠤᠨ ᠪᠠᠢᠭᠤᠯᠭ᠎ᠠ᠎ᠶᠢᠨ ᠠᠷᠪᠢᠯᠠᠨ ᠭᠠᠮᠨᠠᠬᠤ᠎ᠶᠢ ᠪᠠᠷᠢᠮᠲᠠᠯᠠᠬᠤ ᠬᠡᠷᠡᠭᠲᠡᠢ᠃ ᠵᠣᠬᠢᠰᠲᠠᠢ ᠠᠭᠤᠵᠢᠭᠤ ᠪᠠᠢᠯᠭᠠᠬᠤ ᠵᠣᠭᠣᠰᠤᠨ᠎ᠤ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ ᠠᠵᠤ ᠠᠬᠤᠢ᠎ᠶᠢᠨ ᠲᠣᠭᠲᠠᠭᠤᠨ ᠨᠡᠮᠡᠭᠳᠡᠬᠦ᠂ ᠪᠠᠷᠠᠭᠠᠨ᠎ᠤ ᠦᠨ᠎ᠡ᠎ᠶᠢᠨ ᠵᠣᠬᠢᠰᠲᠠᠢ ᠳᠡᠭᠡᠭᠰᠢᠯᠡᠬᠦ᠎ᠶᠢ ᠠᠬᠢᠭᠤᠯᠬᠤ ᠶᠠᠪᠤᠳᠠᠯ᠎ᠢ ᠵᠣᠭᠣᠰᠤᠨ᠎ᠤ ᠲᠦᠷᠦ᠎ᠶᠢᠨ ᠪᠣᠳᠣᠯᠭ᠎ᠠ᠎ᠶᠢᠨ ᠴᠢᠬᠤᠯᠠ ᠪᠣᠳᠣᠯᠬᠢᠯᠠᠯ ᠪᠣᠯᠭᠠᠵᠤ᠂ ᠪᠡᠯᠡᠳᠬᠡᠯ ᠬᠦᠦ ᠮᠥᠩᠭᠥ᠎ᠶᠢ ᠪᠠᠭᠤᠷᠠᠭᠤᠯᠬᠤ ᠵᠡᠷᠭᠡ ᠤᠯᠠᠨ ᠵᠦᠢᠯ᠎ᠦᠨ ᠲᠦᠷᠦ᠎ᠶᠢᠨ ᠪᠣᠳᠣᠯᠭ᠎ᠠ᠎ᠶᠢᠨ ᠪᠠᠭᠠᠵᠢ᠎ᠶᠢ ᠠᠮᠢᠳᠤᠯᠢᠭ᠋ ᠪᠥᠭᠡᠳ ᠥᠨᠳᠥᠷ ᠪᠦᠲᠦᠮᠵᠢᠲᠡᠶ ᠬᠡᠷᠡᠭᠯᠡᠵᠦ᠂ ᠭᠦᠢᠯᠭᠡᠭᠡᠨ᠎ᠦ ᠴᠢᠨᠠᠷ᠎ᠢᠶᠠᠷ ᠭᠦᠢᠴᠡᠳ ᠪᠠᠢᠬᠤ᠎ᠶᠢ ᠪᠠᠲᠤᠯᠠᠵᠤ᠂ ᠵᠣᠭᠣᠰᠤᠨ᠎ᠤ ᠲᠦᠷᠦ᠎ᠶᠢᠨ ᠪᠣᠳᠣᠯᠭ᠎ᠠ᠎ᠶᠢᠨ ᠳᠠᠮᠵᠢᠭᠤᠯᠬᠤ ᠲᠣᠭᠲᠡᠴᠡ᠎ᠶᠢ ᠰᠠᠭᠠᠳ ᠦᠭᠡᠢ ᠨᠠᠪᠲᠠᠷᠡᠭᠦᠯᠵᠦ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢ ᠬᠥᠲᠥᠯᠥᠨ ᠵᠢᠯᠤᠭᠣᠳᠴᠤ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠳᠤᠮᠳᠠ ᠪᠠᠭ᠎ᠠ ᠵᠢᠵᠢᠭ ᠠᠵᠤ ᠠᠬᠤᠢᠯᠠᠯ ᠵᠡᠷᠭᠡ ᠭᠣᠣᠯᠳᠠᠯᠭ᠎ᠠ᠎ᠲᠠᠢ ᠬᠦᠷᠢᠶ᠎ᠡ᠎ᠶᠢ ᠬᠦᠴᠦᠯᠡᠨ ᠳᠡᠮᠵᠢᠭᠦ ᠬᠡᠷᠡᠭᠲᠡᠢ᠃ ᠠᠷᠠᠳ᠎ᠤᠨ ᠵᠣᠭᠣᠰᠤᠨ᠎ᠤ ᠭᠤᠪᠢᠭᠤᠯᠭ᠎ᠠ᠎ᠶᠢᠨ ᠨᠤᠷᠮ᠎ᠠ᠎ᠶᠢ ᠵᠣᠬᠢᠰᠲᠠᠢ ᠲᠡᠩᠴᠡᠭᠦᠷᠢᠲᠡᠢ ᠲᠦᠪᠰᠢᠨ᠎ᠳᠦ ᠦᠨᠳᠦᠰᠦᠨ᠎ᠳᠡᠭᠡᠨ ᠲᠣᠭᠲᠠᠭᠤᠨ ᠪᠠᠢᠯᠭᠠᠬᠤ ᠬᠡᠷᠡᠭᠲᠡᠢ᠃ ᠬᠣᠷᠸ᠎ᠠ ᠲᠦᠷᠦ᠎ᠶᠢᠨ ᠪᠣᠳᠣᠯᠭ᠎ᠠ᠎ᠶᠢᠨ ᠬᠠᠨᠳᠤᠰᠢ᠎ᠶᠢᠨ ᠨᠢᠭᠡᠳᠦᠯᠲᠦ ᠴᠢᠨᠠᠷ ᠪᠠ ᠪᠦᠲᠦᠮᠵᠢᠲᠦ ᠴᠢᠨᠠᠷ᠎ᠢ ᠴᠢᠩᠭᠠᠳᠬᠠᠬᠤ ᠬᠡᠷᠡᠭᠲᠡᠢ᠃ ᠡᠯ᠎ᠡ ᠲᠥᠷᠥᠯ᠎ᠦᠨ ᠠᠵᠤ ᠠᠬᠤᠢ᠎ᠶᠢᠨ ᠲᠥᠷᠥ᠎ᠶᠢᠨ ᠪᠣᠳᠣᠯᠭ᠎ᠠ ᠪᠠ ᠠᠵᠤ ᠠᠬᠤᠢ᠎ᠶᠢᠨ ᠪᠤᠰᠤ ᠲᠥᠷᠥ᠎ᠶᠢᠨ ᠪᠣᠳᠣᠯᠭ᠎ᠠ᠂ ᠨᠦᠭᠡᠴᠡᠯᠡᠬᠦ᠌ ᠲᠥᠷᠥ᠎ᠶᠢᠨ ᠪᠣᠳᠣᠯᠭ᠎ᠠ ᠪᠠ ᠨᠡᠮᠡᠭᠳᠡᠬᠦᠯᠬᠦ ᠲᠥᠷᠥ᠎ᠶᠢᠨ ᠪᠣᠳᠣᠯᠭ᠎ᠠ᠎ᠶᠢ ᠬᠣᠷᠸ᠎ᠠ ᠲᠥᠷᠥ᠎ᠶᠢᠨ ᠪᠣᠳᠣᠯᠭ᠎ᠠ᠎ᠶᠢᠨ ᠬᠠᠨᠳᠤᠰᠢ᠎ᠶᠢᠨ ᠨᠢᠭᠡᠳᠦᠯᠲᠦ ᠴᠢᠨᠠᠷᠲᠠᠢ ᠦᠨᠡᠯᠡᠨ ᠵᠢᠱ᠌ᠢᠯᠲᠡ᠎ᠳᠦ ᠤᠷᠤᠭᠤᠯᠬᠤ ᠬᠡᠷᠡᠭᠲᠡᠢ᠃ ᠵᠢᠱ᠌ᠢᠭᠰᠡᠨ ᠬᠠᠮᠢᠶᠠᠷᠤᠯᠲᠠ᠎ᠶᠢᠨ ᠲᠣᠭᠲᠡᠴᠡ᠎ᠶᠢ ᠪᠦᠷᠢᠨᠰᠢᠭᠦᠯᠵᠤ᠂ ᠨᠡᠢᠭᠡᠮ᠎ᠦᠨ ᠢᠲᠡᠭᠡᠯ᠎ᠢ ᠳᠡᠭᠡᠭᠰᠢᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃ 

ᠬᠤᠷᠠᠯ᠎ᠠᠴᠠ᠂ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ ᠳᠣᠣᠷᠠᠬᠢ ᠭᠣᠣᠯᠳᠠᠯᠭ᠎ᠠ᠎ᠲᠠᠶ ᠡᠭᠦᠷᠭᠡ᠎ᠶ᠋ᠢ ᠰᠠᠢᠲᠤᠷ ᠠᠳᠭᠤᠬᠤ ᠬᠡᠷᠡᠭᠲᠡᠢ ᠭᠡᠵᠦ ᠲᠤᠭᠲᠠᠪᠠ᠃ 

ᠨᠢᠭᠡ᠎ᠳᠦ᠂ ᠳᠣᠲᠣᠭᠠᠳᠤ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠪᠠᠢᠭᠤᠯᠬᠤ ᠬᠡᠷᠡᠭᠲᠡᠢ᠃ ᠬᠡᠷᠡᠭ᠌ᠯᠡᠭᠡ᠎ᠶ᠋ᠢ ᠬᠥᠭ᠌ᠵᠢᠭᠡᠬᠦ᠌ ᠲᠤᠰᠭᠠᠢ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠲᠥᠯᠥᠪᠯᠡᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ ᠬᠡᠷᠡᠭᠲᠡᠢ᠃ ᠴᠢᠨᠠᠷ ᠰᠠᠢᠲᠠᠢ ᠲᠠᠸᠠᠷ ᠪᠠ ᠦᠢᠯᠡᠴᠢᠯᠡᠭᠡᠨ᠎ᠦ ᠬᠠᠩᠭᠠᠯᠭ᠎ᠠ᠎ᠶ᠋ᠢ ᠥᠷᠭᠡᠳᠭᠡᠬᠦ ᠬᠡᠷᠡᠭᠲᠡᠢ᠃ 《ᠬᠣᠶᠠᠷ ᠱᠢᠨ᠎ᠡ》 ᠲᠥᠷᠥ᠎ᠶ᠋ᠢᠨ ᠪᠣᠳᠣᠯᠭ᠎ᠠ᠎ᠶ᠋ᠢᠨ ᠬᠡᠷᠡᠭ᠌ᠵᠢᠭᠦᠯᠦᠯᠲᠡ᠎ᠶ᠋ᠢ ᠱᠢᠯᠢᠳᠡᠭ᠌ᠵᠢᠭᠦᠯᠬᠦ ᠬᠡᠷᠡᠭᠲᠡᠢ᠃ ᠬᠡᠷᠡᠭ᠌ᠯᠡᠭᠡ᠎ᠶᠢᠨ ᠬᠦᠷᠢᠶᠡᠨ᠎ᠳᠡᠬᠢ ᠵᠣᠬᠢᠰ ᠥᠬᠡᠶ ᠬᠢᠵᠠᠭᠠᠷᠯᠠᠯ᠎ᠤᠨ ᠠᠷᠭ᠎ᠠ ᠬᠡᠮᠵᠢᠶ᠎ᠡ᠎ᠶ᠋ᠢ ᠠᠷᠢᠯᠭᠠᠵᠤ᠂ ᠦᠶ᠋ᠯᠡᠴᠢᠯᠡᠭᠡ ᠬᠡᠷᠡᠭ᠌ᠯᠡᠭᠡ᠎ᠶᠢᠨ ᠳᠠᠯᠳᠠ ᠬᠦᠴᠦᠨ᠎ᠢ ᠪᠠᠳᠠᠷᠠᠭᠤᠯᠬᠤ ᠬᠡᠷᠡᠭᠲᠡᠢ᠃ ᠪᠡᠯᠡ ᠣᠷᠣᠭᠤᠯᠤᠯᠲᠠ᠎ᠶ᠋ᠢᠨ ᠪᠠᠭᠤᠷᠠᠯᠲᠠ᠎ᠶ᠋ᠢ ᠵᠣᠭ᠍ᠰᠣᠭᠠᠵᠤ ᠲᠣᠭ᠍ᠲᠠᠭᠤᠨ ᠪᠣᠯᠬᠤ᠎ᠶ᠋ᠢ ᠠᠬᠢᠭᠤᠯᠵᠤ᠂ ᠲᠥᠪ᠎ᠦᠨ ᠲᠥᠰᠦᠪ᠎ᠦᠨ ᠳᠣᠲᠣᠷᠠᠬᠢ ᠪᠡᠯᠡ ᠣᠷᠣᠭᠤᠯᠤᠯᠲᠠ᠎ᠶ᠋ᠢᠨ ᠬᠡᠪᠴᠢᠶ᠎ᠡ᠎ᠶ᠋ᠢ ᠵᠣᠬᠢᠰᠲᠠᠢ ᠨᠡᠮᠡᠭ᠌ᠳᠡᠭᠦᠯᠵᠦ᠍᠂ 《ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶᠢᠨ ᠬᠡᠷᠡᠭᠵᠢᠭᠦᠯᠦᠯᠲᠡ ᠪᠤᠯᠤᠨ ᠭᠤᠤᠯᠳᠠᠯᠭ᠎ᠠ ᠲᠠᠢ ᠬᠦᠷᠢᠶᠡᠨ᠎ᠳᠡᠬᠢ ᠠᠮᠤᠷ ᠲᠦᠪᠰᠢᠨ᠎ᠤ ᠴᠢᠳᠠᠪᠦᠷᠢ᠎ᠶᠢᠨ ᠪᠠᠢᠭᠤᠯᠤᠯᠲᠠ᠎ᠶᠢ ᠠᠬᠢᠭᠤᠯᠬᠤ》 ᠲᠦᠷᠦᠯ ᠵᠦᠢᠯ᠎ᠢ ᠱᠢᠯᠢᠳᠡᠭ᠌ᠵᠢᠭᠦᠯᠦᠨ ᠬᠡᠷᠡᠭ᠌ᠵᠢᠭᠦᠯᠵᠦ᠍᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠭᠠᠢ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠬᠡᠷᠡᠭ᠌ᠴᠡᠭᠡ᠎ᠶ᠋ᠢᠨ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠵᠦ᠍᠂ ᠱᠢᠨ᠎ᠡ ᠬᠡᠯᠪᠡᠷᠢ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠴᠢᠨᠠᠷᠲᠠᠢ ᠮᠥᠩᠭᠥᠨ ᠭᠦᠢᠯᠭᠡᠭᠡᠨ᠎ᠦ ᠪᠠᠭᠠᠵᠢ᠎ᠶ᠋ᠢᠨ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠠᠷᠠᠳ᠎ᠤᠨ ᠪᠡᠯᠡ ᠣᠷᠣᠭᠤᠯᠤᠯᠲᠠ᠎ᠶ᠋ᠢᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠢ ᠬᠥᠭ᠌ᠵᠢᠭᠡᠬᠦ ᠬᠡᠷᠡᠭᠲᠡᠢ᠃ ᠬᠣᠲᠠ᠎ᠶ᠋ᠢᠨ ᠱᠢᠨᠡᠴᠢᠯᠡᠯᠲᠡ᠎ᠶ᠋ᠢ ᠴᠢᠨᠠᠷ ᠰᠠᠢᠲᠠᠶ ᠠᠬᠢᠭᠤᠯᠬᠤ ᠬᠡᠷᠡᠭ᠌ᠲᠡᠶ᠃ 

ᠬᠣᠶᠠᠷ᠎ᠲᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠬᠥᠳᠡᠯᠭᠡᠬᠦ᠌ ᠡᠨᠧᠷᠭᠢ᠎ᠶ᠋ᠢ ᠱᠠᠯᠠᠪᠳᠠᠨ ᠪᠣᠢᠵᠢᠭᠤᠯᠵᠤ ᠪᠤᠵᠠᠭᠠᠢᠷᠠᠭᠤᠯᠬᠤ ᠬᠡᠷᠡᠭᠲᠡᠢ᠃ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ ᠲᠥᠰᠦᠯ᠎ᠢ ᠲᠣᠭ᠍ᠲᠠᠭᠠᠬᠤ ᠬᠡᠷᠡᠭᠲᠡᠢ᠃ ᠪᠡᠭᠡᠵᠢᠩ (ᠪᠡᠭᠡᠵᠢᠩ ᠲᠢᠶᠠᠨᠵᠢᠨ ᠾᠧᠪᠧᠢ)᠂ ᠱᠠᠩᠬᠠᠢ (ᠬᠥᠬᠡᠮᠥ᠋ᠷᠡᠨ᠎ᠦ ᠭᠤᠷᠪᠠᠯᠵᠢᠨ ᠬᠣᠢᠭ)᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠤ ᠣᠯᠠᠨ ᠤᠯᠤᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠠᠢᠭᠤᠯᠬᠤ ᠬᠡᠷᠡᠭᠲᠡᠢ᠃ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠳᠦᠷᠢᠮ᠎ᠢ ᠲᠡᠭᠦᠯᠳᠡᠷᠵᠢᠭᠦᠯᠬᠦ ᠬᠡᠷᠡᠭᠲᠡᠢ᠃ ᠦᠢᠯᠡᠴᠢᠯᠡᠭᠡᠨ᠎ᠦ ᠦᠢᠯᠡᠰ᠎ᠦᠨ ᠴᠢᠳᠠᠮᠵᠢ᠎ᠪᠠᠨ ᠥᠷᠭᠡᠳᠭᠡᠨ ᠶᠠᠰᠤ ᠴᠢᠨᠠᠷ᠎ᠢᠶᠠᠨ ᠳᠡᠭᠡᠭ᠌ᠰᠢᠯᠡᠭᠦᠯᠬᠦ᠌ ᠠᠵᠢᠯᠯᠠᠭᠠᠨ᠎ᠤ ᠲᠥᠰᠦᠯ᠎ᠢ ᠲᠣᠭ᠍ᠲᠠᠭᠠᠬᠤ ᠬᠡᠷᠡᠭᠲᠡᠢ᠃ ᠱᠢᠨ᠎ᠡ ᠨᠢᠭᠡ ᠡᠭᠡᠯᠵᠢ᠎ᠶ᠋ᠢᠨ ᠭᠣᠣᠯᠳᠠᠯᠭ᠎ᠠ᠎ᠲᠠᠶ ᠠᠵᠤ ᠦᠢᠯᠡᠰ᠎ᠦᠨ ᠬᠡᠯᠬᠢᠶ᠎ᠡ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠠᠵᠢᠯᠯᠠᠭ᠎ᠠ᠎ᠶ᠋ᠢ ᠬᠡᠷᠡᠭ᠌ᠵᠢᠭᠦᠯᠬᠦ ᠬᠡᠷᠡᠭᠲᠡᠢ᠃ 《ᠵᠣᠬᠢᠶᠠᠮᠠᠯ ᠣᠶᠤᠨ ᠴᠢᠳᠠᠪᠤᠷᠢ +》᠎ᠶᠢ ᠭᠦᠨᠵᠡᠭᠡᠢᠷᠡᠭᠦᠯᠦᠨ ᠥᠷᠭᠡᠳᠭᠡᠵᠦ᠍᠂ ᠵᠣᠬᠢᠶᠠᠮᠠᠯ ᠣᠶᠤᠨ ᠴᠢᠳᠠᠪᠤᠷᠢ᠎ᠶ᠋ᠢᠨ ᠵᠠᠰᠠᠯᠲᠠ᠎ᠶ᠋ᠢ ᠲᠡᠭᠦᠯᠳᠡᠷᠵᠢᠭᠦᠯᠬᠦ ᠬᠡᠷᠡᠭᠲᠡᠢ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡ᠎ᠶ᠋ᠢᠨ ᠱᠢᠨ᠎ᠡ᠎ᠶ᠋ᠢ ᠡᠭᠦᠳᠬᠦ ᠬᠡᠷᠡᠭᠲᠡᠢ᠃ 

ᠭᠤᠷᠪᠠ᠎ᠳᠤ᠂ ᠥᠭᠡᠷᠡᠴᠢᠯᠡᠯᠲᠡ᠎ᠵᠢᠨ ᠪᠣᠭᠣᠮᠲᠠ ᠱᠢᠪᠲᠤᠯᠬᠤ᠎ᠶ᠋ᠢ ᠪᠠᠷᠢᠮᠲᠠᠯᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠠᠮᠢᠵᠢᠷᠠᠯ᠎ᠤᠨ ᠬᠦᠴᠦᠨ᠎ᠢ ᠴᠢᠩᠭᠠᠳᠭᠠᠬᠤ ᠬᠡᠷᠡᠭ᠌ᠲᠡᠢ᠃ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢᠨ ᠲᠦᠷᠢᠮ᠎ᠢ ᠲᠣᠭ᠍ᠲᠠᠭᠠᠵᠤ᠂ 《ᠳᠣᠲᠣᠭᠠᠳᠤ᠎ᠶᠢᠨ》 ᠥᠷᠢᠰᠥᠯᠳᠦᠭᠡᠨ᠎ᠢ ᠭᠦᠨᠵᠡᠭᠡᠢ ᠴᠡᠭ᠌ᠴᠡᠯᠡᠨ ᠵᠠᠰᠠᠬᠤ ᠬᠡᠷᠡᠭᠲᠡᠢ᠃ ᠤᠯᠤᠰ᠎ᠤᠨ ᠥᠮᠴᠢᠯᠡᠯ᠎ᠦᠨ ᠡᠳ᠋ ᠬᠦᠷᠦᠨᠭ᠌ᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠲᠥᠰᠦᠯ᠎ᠢ ᠲᠣᠭ᠍ᠲᠠᠭᠠᠨ ᠬᠡᠷᠡᠭ᠌ᠵᠢᠭᠦᠯᠵᠦ᠍᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶ᠋ᠢ ᠠᠬᠢᠭᠤᠯᠬᠤ ᠬᠠᠤᠯᠢ᠎ᠶ᠋ᠢᠨ ᠢᠵᠢ ᠪᠦᠷᠢᠳᠦᠬᠦᠯᠬᠦ᠌ ᠬᠠᠤᠯᠢ ᠲᠣᠭ᠍ᠲᠠᠭᠠᠯ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠬᠦ ᠬᠡᠷᠡᠭᠲᠡᠢ᠃ ᠠᠵᠤ ᠠᠬᠤᠢᠯᠠᠯ᠎ᠳᠤ ᠥᠷᠢᠲᠦᠵᠦ᠍ ᠪᠠᠢᠭ᠎ᠠ ᠳᠠᠩᠰᠠᠨ᠎ᠳᠠᠬᠢ ᠵᠣᠭᠣᠰ᠎ᠢ ᠱᠠᠯᠠᠪᠳᠠᠨ ᠠᠷᠢᠯᠭᠠᠬᠤ ᠬᠡᠷᠡᠭᠲᠡᠢ᠃ ᠲᠠᠪᠴᠠᠩ᠎ᠤᠨ ᠠᠵᠤ ᠠᠬᠤᠢᠯᠠᠯ ᠪᠠ ᠲᠠᠪᠴᠠᠩ᠎ᠤᠨ ᠳᠣᠲᠣᠷᠠᠬᠢ ᠡᠵᠡᠩᠨᠡᠭ᠌ᠴᠢ᠂ ᠬᠥᠳᠡᠯᠮᠦᠷᠢᠴᠢᠳ᠎ᠦᠨ ᠬᠠᠮᠲᠤ᠎ᠪᠠᠷ ᠠᠱᠢᠭ ᠬᠦᠷᠳᠡᠬᠦ᠌ ᠬᠥᠭ᠌ᠵᠢᠯᠲᠡ᠎ᠶ᠋ᠢ ᠠᠬᠢᠭᠤᠯᠬᠤ ᠬᠡᠷᠡᠭᠲᠡᠢ᠃ ᠡᠯᠧᠮᠧᠨ᠋ᠲ᠎ᠢ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢ ᠥᠷᠭᠡᠳᠭᠡᠬᠦ ᠬᠡᠷᠡᠭᠲᠡᠢ᠃ ᠣᠷᠣᠨ ᠨᠤᠲᠤᠭ᠎ᠤᠨ ᠭᠠᠢᠯᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠢ᠃ ᠳᠤᠮᠳᠠ ᠪᠠᠭ᠎ᠠ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ ᠲᠣᠭ᠎ᠠ ᠬᠡᠮᠵᠢᠶ᠎ᠡ᠎ᠶ᠋ᠢ ᠪᠠᠭᠠᠰᠭᠠᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠭᠦᠨᠵᠡᠭᠡᠶ ᠠᠬᠢᠭᠤᠯᠵᠤ᠂ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠪᠠᠯᠠ ᠣᠷᠣᠭᠤᠯᠵᠤ ᠪᠠᠯᠠ ᠬᠤᠷᠠᠮᠳᠤᠭᠤᠯᠬᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ ᠬᠡᠷᠡᠭᠲᠡᠢ᠃ 

ᠲᠦᠷᠪᠡ᠎ᠳᠦ᠂ ᠭᠠᠳᠠᠭᠠᠳᠤ ᠨᠡᠬᠡᠬᠡᠯᠳᠡ᠎ᠶᠢ ᠪᠠᠷᠢᠮᠲᠠᠯᠠᠵᠤ᠂ ᠤᠯᠠᠨ ᠬᠦᠷᠢᠶᠡᠨ᠎ᠳᠡᠬᠢ ᠬᠠᠮᠲᠤᠷᠠᠯᠴᠠᠭ᠎ᠠ ᠬᠢᠵᠦ᠍ ᠬᠠᠮᠲᠤ᠎ᠪᠠᠷ ᠠᠱᠢᠭ ᠬᠦᠷᠳᠡᠬᠦ᠌᠎ᠶ᠋ᠢ ᠠᠬᠢᠭᠤᠯᠬᠤ ᠬᠡᠷᠡᠭᠲᠡᠢ᠃ ᠳᠦᠷᠢᠮ᠎ᠦᠨ ᠬᠡᠯᠪᠡᠷᠢ᠎ᠶ᠋ᠢᠨ ᠨᠡᠭᠡᠭᠡᠯᠲᠡ᠎ᠶ᠋ᠢ ᠯᠠᠪᠳᠠᠭᠤᠨ ᠠᠬᠢᠭᠤᠯᠵᠤ᠂ ᠦᠢᠯᠡᠴᠢᠯᠡᠭᠡᠨ᠎ᠦ ᠬᠦᠷᠢᠶᠡᠨ᠎ᠳᠡᠬᠢ ᠪᠡᠶ᠎ᠡ᠎ᠪᠡᠨ ᠳᠠᠭᠠᠭᠠᠵᠤ ᠨᠡᠭᠡᠭᠡᠯᠲᠡ ᠬᠢᠬᠦ᠌᠎ᠶ᠋ᠢ ᠡᠮᠬᠢ ᠵᠢᠷᠤᠮ᠎ᠲᠠᠶ᠎ᠥᠷᠭᠡᠳᠭᠡᠨ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠠᠢᠷᠢᠰᠢᠭᠤᠯᠤᠯᠲᠠ᠎ᠶ᠋ᠢᠨ ᠬᠡᠪᠴᠢᠶ᠎ᠡ᠎ᠶ᠋ᠢ ᠱᠢᠯᠢᠳᠡᠭ᠌ᠵᠢᠭᠦᠯᠵᠦ᠍᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠷᠠᠯᠵᠢᠶ᠎ᠠ ᠪᠡᠯᠡ ᠣᠷᠣᠭᠤᠯᠤᠯᠲᠠ᠎ᠶ᠋ᠢ ᠨᠢᠭᠡ ᠴᠤᠭ᠍ᠴᠠᠵᠢᠭᠤᠯᠬᠤ᠂ ᠳᠣᠲᠣᠭᠠᠳᠤ ᠭᠠᠳᠠᠭᠠᠳᠤ ᠠᠷᠠᠯᠵᠢᠶ᠎ᠠ᠎ᠶ᠋ᠢ ᠨᠢᠭᠡ ᠴᠤᠭ᠍ᠴᠠᠵᠢᠭᠤᠯᠬᠤ ᠬᠥᠭ᠌ᠵᠢᠯᠲᠡ᠎ᠶ᠋ᠢ ᠠᠬᠢᠭᠤᠯᠬᠤ ᠬᠡᠷᠡᠭᠲᠡᠢ᠃ ᠦᠢᠯᠡᠴᠢᠯᠡᠭᠡ᠎ᠶᠢᠨ ᠭᠠᠳᠠᠭᠠᠳᠦ᠎ᠳᠤ ᠭᠠᠷᠭᠠᠬᠤ᠎ᠶᠢ ᠵᠣᠷᠢᠭ᠍ᠵᠢᠭᠤᠯᠤᠨ ᠳᠡᠮᠵᠢᠵᠦ᠍᠂ ᠲᠣᠭᠠᠴᠢᠯᠠᠭ᠍ᠰᠠᠨ ᠠᠷᠠᠯᠵᠢᠶ᠎ᠠ᠂ ᠪᠣᠬᠢᠷᠲᠤᠯ ᠥᠬᠡᠶ ᠠᠷᠠᠯᠵᠢᠶ᠎ᠠ᠎ᠶ᠋ᠢ ᠢᠳᠡᠪᠬᠢᠲᠡᠶ ᠬᠥᠭ᠌ᠵᠢᠭᠦᠯᠬᠦ ᠬᠡᠷᠡᠭᠲᠡᠢ᠃ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶ᠋ᠢ ᠠᠬᠢᠭᠤᠯᠬᠤ ᠪᠠᠢᠭᠤᠯᠤᠯ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ ᠬᠡᠷᠡᠭᠲᠡᠢ᠃ ᠭᠠᠳᠠᠭᠠᠳᠤ᠎ᠳᠠᠬᠢ ᠶᠡᠷᠦᠩᠬᠡᠢᠯᠡᠭ᠌ᠰᠡᠨ ᠦᠢᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠢ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠢᠭᠤᠯᠬᠤ ᠠᠵᠢᠯ᠎ᠤᠨ ᠴᠢᠨᠠᠷ ᠰᠠᠢᠲᠠᠢ ᠬᠦᠭᠵᠢᠯᠲᠡ᠎ᠶᠢ ᠠᠬᠢᠭᠤᠯᠬᠤ ᠬᠡᠷᠡᠭᠲᠡᠢ᠃ ᠨᠡᠩ ᠤᠯᠠᠨ ᠣᠷᠣᠨ ᠪᠦᠰᠡ ᠪᠣᠯᠤᠨ ᠬᠣᠶᠠᠷ ᠲᠠᠯ᠎ᠠ᠎ᠶ᠋ᠢᠨ ᠠᠷᠠᠯᠵᠢᠶᠠᠨ᠎ᠤ ᠪᠡᠯᠡ ᠣᠷᠣᠭᠤᠯᠤᠯᠲᠠ᠎ᠶ᠋ᠢᠨ ᠬᠡᠯᠡᠯᠴᠡᠭᠡᠷ᠎ᠢ ᠵᠥᠪᠳᠡᠯᠴᠡᠨ ᠲᠣᠭ᠍ᠲᠠᠬᠤ᠎ᠶ᠋ᠢ ᠠᠬᠢᠭᠤᠯᠬᠤ ᠬᠡᠷᠡᠭᠲᠡᠢ᠃ 

ᠲᠠᠪᠤ᠎ᠳᠤ᠂ ᠵᠣᠬᠢᠴᠠᠩᠭᠤᠶ ᠬᠥᠭ᠌ᠵᠢᠯᠲᠡ᠎ᠶ᠋ᠢ ᠪᠠᠷᠢᠮᠲᠠᠯᠠᠵᠤ᠂ ᠬᠣᠲᠠ ᠬᠥᠳᠡᠭᠡ᠎ᠶ᠋ᠢᠨ ᠠᠭᠤᠰᠤᠯᠴᠠᠬᠤ ᠪᠠ ᠣᠷᠣᠨ ᠪᠦᠰᠡ᠎ᠶ᠋ᠢᠨ ᠬᠣᠯᠪᠣᠭᠠᠯᠠᠨ ᠬᠥᠳᠡᠯᠦᠯᠴᠡᠬᠦ᠌᠎ᠶ᠋ᠢ ᠠᠬᠢᠭᠤᠯᠬᠤ ᠬᠡᠷᠡᠭᠲᠡᠢ᠃ ᠱᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭᠠᠭ᠍ᠰᠠᠨ ᠬᠣᠲᠠ ᠪᠠᠯᠭᠠᠰᠤᠵᠢᠯᠲᠠ᠎ᠶ᠋ᠢᠨ ᠪᠥᠲᠥᠭᠡᠨ ᠪᠠᠢᠭᠤᠯᠤᠯᠲᠠ ᠪᠠ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭᠲᠡᠢ᠃ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠠᠮᠤ ᠪᠤᠳᠠᠭᠠᠨ᠎ᠤ ᠦᠢᠯᠡᠳᠪᠦᠷᠢᠯᠡᠯ᠎ᠢ ᠤᠭᠳᠤ ᠰᠤᠯᠠᠷᠠᠭᠤᠯᠤᠯ ᠦᠭᠡᠢ ᠰᠠᠢᠲᠤᠷ ᠠᠳᠭᠤᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠨ᠎ᠡ ᠬᠠᠩᠰᠢ᠎ᠶ᠋ᠢ ᠵᠣᠬᠢᠰᠲᠠᠢ ᠲᠦᠪᠱᠢᠨ᠎ᠳᠦ ᠪᠠᠢᠯᠭᠠᠬᠤ᠎ᠶ᠋ᠢ ᠠᠬᠢᠭᠤᠯᠬᠤ ᠬᠡᠷᠡᠭᠲᠡᠢ᠃ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠪᠠᠢ᠌ᠩᠭᠤᠵᠢᠬ᠍ᠰᠠᠠ ᠬᠠᠪᠰᠤᠷᠤᠨ ᠲᠡᠳᠬᠦᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠳᠤ ᠣᠷᠣᠭᠤᠯᠤᠨ ᠨᠢᠭᠡᠳᠦᠯᠲᠡᠢ ᠲᠥᠯᠥᠪᠵᠢᠭᠦᠯᠦᠨ ᠬᠡᠷᠡᠭ᠌ᠵᠢᠭᠦᠯᠵᠦ᠂ ᠬᠡᠪᠴᠢᠶᠡᠵᠢᠯ᠎ᠦᠨ ᠴᠢᠨᠠᠷᠲᠠᠢ ᠲᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠠᠪᠤᠳᠠᠯ ᠡᠭᠦᠰᠬᠦ ᠦᠬᠡᠢ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠠᠵᠤ ᠠᠬᠤᠢ᠎ᠶ᠋ᠢᠨ ᠲᠤᠮᠤ ᠮᠤᠵᠢ᠎ᠶ᠋ᠢᠨ ᠨᠢᠷᠤᠭᠤ ᠲᠤᠯᠭᠠᠭᠤᠷᠢ᠎ᠶᠢᠨ ᠦᠢᠯᠡᠳᠦᠯ ᠵᠢᠡᠨ ᠪᠠᠳᠠᠷᠠᠭᠤᠯᠬᠤ᠎ᠶᠢ ᠲᠡᠮᠵᠢᠬᠦ ᠬᠡᠷᠡᠭᠲᠡᠢ᠃ ᠭᠣᠣᠯᠳᠠᠯᠭ᠎ᠠ᠎ᠲᠠᠶ ᠬᠤᠳᠠ᠎ᠶ᠋ᠢᠨ ᠰᠦᠷᠦᠭᠵᠢᠯ᠎ᠦᠨ ᠵᠣᠬᠢᠴᠠᠯᠳᠤᠨ ᠬᠣᠯᠪᠣᠯᠳᠤᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠵᠠᠰᠠᠭ ᠵᠠᠬᠢᠷᠭᠠᠨ᠎ᠤ ᠣᠷᠣᠨ ᠠᠯᠤᠰᠯᠠᠭ᠍ᠰᠠᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ ᠬᠡᠷᠡᠭᠲᠡᠢ᠃ ᠭᠣᠣᠯ ᠪᠣᠯᠬᠤ ᠳᠠᠯᠠᠢ᠎ᠶ᠋ᠢᠨ ᠪᠤᠯᠤᠩ᠎ᠤᠨ ᠪᠦᠬᠦᠯᠢ ᠴᠣᠭ᠍ᠴᠠ᠎ᠶ᠋ᠢᠨ ᠲᠥᠯᠥᠪᠵᠢᠭᠦᠯᠭᠡ᠎ᠶ᠋ᠢ ᠴᠢᠩᠭᠠᠳᠭᠠᠵᠤ᠂ ᠳᠠᠯᠠᠢ ᠲᠠᠩᠭᠢᠰ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭᠲᠡᠢ᠃ 

ᠵᠢᠷᠭᠤᠭ᠎ᠠ᠎ᠳᠤ᠂ 《ᠬᠤᠤᠰ ᠨᠡᠭᠦᠷᠡᠰᠦᠲᠥ᠋ᠷᠥᠭ᠌ᠴᠢ》᠎ᠪᠡᠷ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠪᠥᠬᠥ᠌ ᠲᠠᠯ᠎ᠠ᠎ᠪᠠᠷ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠬᠤ ᠬᠡᠷᠡᠭᠲᠡᠢ᠃ ᠭᠣᠣᠯᠳᠠᠯᠭ᠎ᠠ᠎ᠲᠠᠶ ᠠᠵᠢᠯ ᠲᠦᠷᠦᠯ᠎ᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ᠎ᠶᠢ ᠪᠠᠭᠠᠰᠭᠠᠬᠤ ᠥᠭᠡᠷᠡᠴᠢᠯᠡᠯᠲᠡ᠎ᠶ᠋ᠢ ᠭᠦᠨᠵᠡᠭᠡᠢ ᠠᠬᠢᠭᠤᠯᠬᠤ ᠬᠡᠷᠡᠭᠲᠡᠢ᠃ ᠡᠨᠧᠷᠭᠢ᠎ᠶ᠋ᠢᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢ ᠲᠣᠭ᠍ᠲᠠᠭᠠᠵᠤ᠂ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠲᠦᠷᠭᠡᠳᠭᠡᠵᠦ᠍᠂ ᠪᠤᠬᠢᠷᠳᠤᠯ ᠦᠭᠡᠢ ᠴᠠᠬᠢᠯᠭᠠᠨ᠎ᠤ ᠬᠡᠷᠡᠭ᠌ᠯᠡᠯᠲᠡ᠎ᠶ᠋ᠢ ᠥᠷᠭᠡᠳᠭᠡᠬᠦ ᠬᠡᠷᠡᠭᠲᠡᠢ᠃ ᠪᠦᠬᠦ᠌ ᠤᠯᠤᠰ᠎ᠤᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠴᠢᠩᠭᠠᠳᠬᠠᠬᠤ ᠬᠡᠷᠡᠭᠲᠡᠢ᠃ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠵᠠᠰᠠᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠬᠦᠬᠡ ᠤᠭᠲᠠᠷᠭᠤᠢ᠂ ᠬᠦᠬᠡᠮᠳᠦᠭ ᠤᠰᠤ᠂ ᠠᠷᠢᠭᠤᠨ ᠬᠥᠷᠥᠰᠥ᠎ᠶ᠋ᠢᠨ ᠬᠠᠮᠠᠭᠠᠯᠠᠯᠲᠠ᠎ᠶᠢᠨ ᠲᠠᠢᠯᠠᠯᠳᠤᠭᠠᠨ᠎ᠢ ᠭᠦᠨᠵᠡᠭᠡᠢ ᠰᠠᠢᠲᠤᠷ ᠬᠢᠵᠦ᠍᠂ ᠱᠢᠨ᠎ᠡ ᠪᠣᠬᠢᠷ ᠪᠣᠳᠠᠰ᠎ᠤᠨ ᠵᠠᠰᠠᠯᠲᠠ᠎ᠶᠢ ᠴᠢᠩᠭᠠᠳᠭᠠᠬᠤ ᠬᠡᠷᠡᠭᠲᠡᠢ᠃ 《ᠤᠮᠠᠷᠠᠲᠤ᠎ᠶᠢᠨ ᠭᠤᠷᠪᠠᠨ ᠤᠷᠤᠨ》᠎ᠤ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠯᠠᠪᠳᠠᠭᠤᠨ ᠪᠠᠲᠤᠲᠠᠶ ᠠᠬᠢᠭᠤᠯᠵᠤ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠢ ᠨᠡᠢᠳᠭᠡᠨ ᠱᠢᠯᠢᠳᠡᠭ᠌ᠵᠢᠭᠦᠯᠬᠦ᠎ᠶᠢ ᠬᠡᠷᠡᠭᠵᠢᠭᠦᠯᠬᠦ ᠬᠡᠷᠡᠭᠲᠡᠢ᠃ ᠴᠠᠭ ᠠᠭᠤᠷ᠎ᠢ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠤᠮᠠᠷᠠᠲᠤ ᠣᠷᠣᠨ᠎ᠤ ᠦᠶᠡᠷ᠎ᠢ ᠰᠡᠷᠭᠡᠢᠯᠡᠵᠦ᠍ ᠤᠰᠤᠲᠤᠯ᠎ᠢ ᠠᠷᠢᠯᠭᠠᠨ ᠭᠠᠮᠱᠢᠭ᠎ᠲᠠᠶ ᠲᠡᠮᠡᠴᠡᠬᠦ᠌ ᠰᠠᠭᠤᠷᠢ ᠲᠥᠬᠥᠭᠡᠷᠦᠮᠵᠢ᠎ᠶ᠋ᠢᠨ ᠳᠤᠲᠠᠭᠤᠳᠠᠯ᠎ᠢ ᠱᠠᠯᠠᠪᠳᠠᠨ ᠨᠥᠬᠥᠪᠥᠷᠢᠯᠡᠵᠦ᠍᠂ ᠬᠠᠴᠢᠨ ᠴᠠᠭ ᠠᠭᠤᠷ᠎ᠢ ᠠᠷᠭᠠᠴᠠᠭᠠᠬᠤ ᠴᠢᠳᠠᠪᠤᠷᠢ᠎ᠵᠢ ᠳᠡᠭᠡᠭ᠌ᠰᠢᠯᠡᠭᠦᠯᠬᠦ ᠬᠡᠷᠡᠭᠲᠡᠢ᠃ 

ᠳᠣᠯᠣᠭ᠎ᠠ᠎ᠳᠤ᠂ ᠠᠷᠠᠳ᠎ᠤᠨ ᠠᠮᠢᠳᠤᠷᠠᠯ᠎ᠢ ᠲᠡᠷᠢᠬᠦᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠠᠷᠠᠳ ᠣᠯᠠᠨ᠎ᠳᠤ ᠢᠯᠡᠭᠦᠬᠡᠨ ᠪᠣᠳᠠᠲᠤ ᠶᠠᠪᠤᠳᠠᠯ ᠬᠢᠬᠦ᠎ᠪᠡᠷ ᠴᠢᠷᠮᠠᠢᠬᠤ ᠬᠡᠷᠡᠭᠲᠡᠢ᠃ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠵᠤ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠬᠥᠯᠥᠰᠥᠨ ᠲᠠᠷᠢᠶᠠᠴᠢᠳ ᠵᠡᠷᠭᠡ ᠭᠣᠣᠯᠳᠠᠯᠭ᠎ᠠ᠎ᠲᠠᠶ ᠬᠥᠮᠦᠰ᠎ᠲᠦ ᠠᠵᠢᠯ ᠣᠯᠭᠣᠬᠤ᠎ᠶ᠋ᠢ ᠲᠣᠭ᠍ᠲᠠᠪᠤᠷᠢᠵᠢᠭᠤᠯᠵᠤ᠂ ᠠᠮᠢᠳᠤᠯᠢᠭ᠎ᠢᠶᠠᠷ ᠠᠵᠢᠯ ᠣᠯᠤᠭ᠍ᠰᠠᠳ᠂ ᠱᠢᠨ᠎ᠡ ᠠᠵᠢᠯ ᠣᠯᠭᠣᠯᠲᠠ᠎ᠶ᠋ᠢᠨ ᠬᠡᠯᠪᠡᠷᠢ᠎ᠶ᠋ᠢᠨ ᠬᠥᠮᠦᠰ᠎ᠦᠨ ᠠᠵᠢᠯᠳᠠᠨ ᠠᠵᠢᠯᠴᠢᠨ᠎ᠤ ᠳᠠᠭᠠᠳᠭᠠᠯ᠎ᠳᠤ ᠣᠷᠣᠯᠴᠠᠬᠤ᠎ᠶ᠋ᠢ ᠵᠣᠷᠢᠭ᠍ᠵᠢᠭᠤᠯᠤᠨ ᠲᠡᠮᠵᠢᠬᠦ ᠬᠡᠷᠡᠭᠲᠡᠢ᠃ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠪᠠᠢᠷᠢᠱᠢᠭᠤᠯᠤᠯᠲᠠ ᠪᠦᠲᠦᠴᠡ᠎ᠶ᠋ᠢᠨ ᠲᠣᠬᠢᠷᠠᠭᠤᠯᠤᠯᠲᠠ᠎ᠶ᠋ᠢ ᠠᠬᠢᠭᠤᠯᠵᠤ᠂ ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠡᠷᠳᠡᠮ᠎ᠦᠨ ᠴᠣᠯᠠ᠎ᠶ᠋ᠢᠨ ᠬᠠᠩᠭᠠᠯᠭ᠎ᠠ ᠪᠠ ᠴᠢᠨᠠᠷ ᠰᠠᠢᠲᠠᠶ ᠶᠡᠬᠡ ᠳᠡᠭᠡᠳᠦ ᠰᠤᠷᠭᠠᠭᠤᠯᠢ᠎ᠶ᠋ᠢᠨ ᠵᠢᠩᠬᠢᠨᠢ ᠠᠩᠭᠢ᠎ᠶ᠋ᠢᠨ ᠰᠣᠷᠣᠭ᠍ᠴᠢ ᠡᠯᠰᠡᠬᠦ᠌ ᠲᠤᠭ᠎ᠠ᠎ᠶ᠋ᠢ ᠨᠡᠮᠡᠭ᠌ᠳᠡᠭᠦᠯᠬᠦ ᠬᠡᠷᠡᠭᠲᠡᠢ᠃ ᠡᠮ᠎ᠦᠨ ᠵᠦᠶ᠋ᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠶ᠋ᠢ ᠱᠢᠯᠢᠳᠡᠭ᠌ᠵᠢᠭᠦᠯᠵᠦ᠍᠂ ᠡᠮ ᠡᠮᠨᠡᠯᠭᠡ᠎ᠶᠢᠨ ᠳᠠᠭᠠᠳᠭᠠᠯ᠎ᠤᠨ ᠲᠣᠭᠠᠴᠠᠭ᠎ᠠ ᠬᠢᠬᠦ᠌ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ ᠬᠡᠷᠡᠭᠲᠡᠢ᠃ ᠡᠷᠡᠭᠦᠯᠵᠢᠯ ᠰᠤᠪᠢᠯᠠᠯᠲᠠ᠎ᠶ᠋ᠢᠨ ᠪᠠᠭᠲᠠᠭᠠᠮᠵᠢ᠎ᠶᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠦᠷᠢᠮ᠎ᠢ ᠬᠡᠷᠡᠭ᠌ᠵᠢᠭᠦᠯᠦᠨ᠂ ᠬᠦᠴᠢᠷᠳᠡᠯᠲᠡᠶ ᠬᠥᠮᠦᠰ᠎ᠢ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠬᠤ ᠬᠡᠷᠡᠭᠲᠡᠢ᠃ ᠢᠳᠡᠪᠬᠢᠲᠡᠶ ᠤᠷᠤᠭ᠍ᠯᠠᠵᠤ ᠬᠡᠦᠬᠡᠳ ᠠᠪᠬᠤ ᠦᠵᠡᠯᠲᠡ᠎ᠶ᠋ᠢ ᠰᠠᠨᠠᠭᠠᠴᠢᠯᠠᠵᠤ᠂ ᠱᠢᠨ᠎ᠡ ᠪᠡᠷ ᠮᠡᠨᠳᠦᠯᠡᠭᠰᠡᠨ ᠬᠥᠮᠦᠨ ᠠᠮᠠ᠎ᠶ᠋ᠢᠨ ᠬᠡᠪᠴᠢᠶ᠎ᠡ᠎ᠶ᠋ᠢ ᠴᠢᠷᠮᠠᠢᠨ ᠲᠣᠭ᠍ᠲᠠᠪᠤᠷᠢᠵᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ᠂ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠡᠴᠡ ᠠᠪᠤᠷᠠᠬᠤ᠂ ᠢᠳᠡᠭᠡᠨ ᠡᠮ᠎ᠦᠨ ᠵᠦᠢᠯᠡᠰ᠎ᠦᠨ ᠠᠮᠤᠷ ᠲᠦᠪᠱᠢᠨ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ ᠬᠡᠷᠡᠭᠲᠡᠢ᠃

ᠨᠠᠢ᠍ᠮᠠ᠎ᠳᠤ᠂ ᠬᠣᠷᠢᠭ᠎ᠠ ᠱᠤᠭᠤᠮ᠎ᠢ ᠪᠠᠲᠤ ᠰᠠᠬᠢᠬᠤ᠎ᠶ᠋ᠢ ᠪᠠᠷᠢᠮᠲᠠᠯᠠᠵᠤ᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠢᠳᠡᠪᠬᠢᠲᠡᠢ ᠯᠠᠪᠳᠠᠭᠤᠨ᠎ᠠᠷᠢᠯᠭᠠᠬᠤ ᠬᠡᠷᠡᠭᠲᠡᠢ᠃ ᠭᠡᠷ ᠭᠠᠵᠠᠷ᠎ᠤᠨ ᠬᠦᠷᠦᠨᠭ᠌ᠭᠡ᠎ᠶ᠋ᠢᠨ ᠵᠠᠬ᠎ᠠ ᠳᠡᠯᠭᠡᠭᠦᠷ᠎ᠢ ᠬᠦᠴᠦᠯᠡᠨ ᠲᠣᠭ᠍ᠲᠠᠪᠤᠷᠢᠵᠢᠭᠤᠯᠵᠤ᠂ ᠬᠤᠳᠠ᠎ᠶ᠋ᠢᠨ ᠪᠠᠢᠳᠠᠯ᠎ᠳᠤ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭ᠌ᠵᠢᠭᠦᠯᠵᠦ᠍ ᠨᠡᠮᠡᠭ᠌ᠳᠡᠯ᠎ᠢ ᠬᠢᠵᠠᠭᠠᠷᠯᠠᠨ᠂ ᠬᠥᠮᠥᠷᠭᠡᠯᠡᠯᠲᠡ᠎ᠶ᠋ᠢ ᠪᠠᠭᠠᠰᠭᠠᠵᠤ᠂ ᠬᠠᠩᠭᠠᠯᠭ᠎ᠠ᠎ᠶ᠋ᠢ ᠱᠢᠯᠢᠳᠡᠭ᠌ᠵᠢᠭᠦᠯᠦᠨ᠂ ᠨᠦᠬᠡᠴᠡ ᠲᠠᠸᠠᠷ᠎ᠤᠨ ᠭᠡᠷ ᠪᠠᠢᠱᠢᠩ᠎ᠢ ᠬᠤᠳᠠᠯᠳᠤᠨ ᠠᠪᠴᠤ᠌ ᠪᠠᠲᠤᠯᠠᠭ᠎ᠠ᠎ᠶ᠋ᠢᠨ ᠴᠢᠨᠠᠷᠲᠠᠢ ᠣᠷᠣᠨ ᠰᠠᠭᠤᠴᠠ ᠵᠡᠷᠭᠡ᠎ᠳᠦ ᠭᠣᠣᠯᠳᠠᠯᠭ᠎ᠠ᠎ᠲᠠᠶ ᠬᠡᠷᠡᠭᠯᠡᠬᠦ᠌᠎ᠶ᠋ᠢ ᠵᠣᠷᠢᠭ᠍ᠵᠢᠭᠤᠯᠬᠤ ᠬᠡᠷᠡᠭᠲᠡᠢ᠃ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ 《ᠰᠠᠢᠨ ᠬᠡᠷ ᠪᠠᠢᠱᠢᠩ》᠎ᠤᠨ ᠪᠥᠲᠥᠭᠡᠨ ᠪᠠᠢᠭᠤᠯᠤᠯᠲᠠ᠎ᠶ᠋ᠢ ᠡᠮᠬᠢ ᠵᠢᠷᠤᠮ᠎ᠲᠠᠶ ᠠᠬᠢᠭᠤᠯᠬᠤ ᠬᠡᠷᠡᠭᠲᠡᠢ᠃ ᠭᠡᠷ ᠭᠠᠵᠠᠷ᠎ᠤᠨ ᠬᠥᠷᠥᠩᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠵᠠᠭ᠍ᠪᠤᠷ᠎ᠢ ᠲᠦᠷᠭᠡᠳᠭᠡᠨ ᠪᠠᠢᠭᠤᠯᠬᠤ ᠬᠡᠷᠡᠭᠲᠡᠢ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠦᠷᠢ ᠥᠭ᠌ᠴᠡᠭᠡᠨ᠎ᠦ ᠲᠦᠭ᠌ᠰᠢᠭᠦᠷᠢ᠎ᠶ᠋ᠢ ᠢᠳᠡᠪᠬᠢᠲᠡᠢ ᠪᠥᠭᠡᠳ ᠡᠮᠬᠢ ᠵᠢᠷᠤᠮ᠎ᠲᠠᠶ ᠠᠷᠢᠯᠭᠠᠵᠤ᠂ ᠡᠯ᠎ᠡ ᠭᠠᠵᠠᠷ᠎ᠤᠨ ᠰᠠᠨᠠᠭᠠᠴᠢᠯᠠᠭ᠎ᠠ᠎ᠡᠴᠡ᠎ᠪᠠᠨ ᠦᠷᠢ ᠥᠭ᠌ᠴᠡᠭᠡ᠎ᠪᠡᠨ ᠠᠷᠢᠯᠭᠠᠬᠤ᠎ᠶ᠋ᠢ ᠱᠠᠯᠠᠪᠳᠠᠭᠤᠯᠵᠤ᠂ ᠲᠣᠭ᠍ᠲᠠᠭᠠᠯ᠎ᠢ ᠵᠥᠷᠢᠴᠡᠨ ᠲᠠᠮ ᠦᠷᠢ ᠥᠭ᠌ᠴᠡᠭᠡ᠎ᠶ᠋ᠢ ᠱᠢᠨ᠎ᠡ᠎ᠪᠡᠷ ᠨᠡᠮᠡᠭ᠌ᠳᠡᠭᠦᠯᠵᠦ᠍ ᠪᠣᠯᠬᠤ ᠦᠭᠡᠢ᠃ ᠥᠷᠢ ᠥᠭ᠌ᠴᠡᠭᠡ᠎ᠶ᠋ᠢ ᠳᠠᠬᠢᠨ ᠨᠡᠢᠳᠭᠡᠬᠦ ᠪᠠ ᠰᠣᠯᠢᠬᠤ ᠠᠷᠭ᠎ᠠ᠎ᠶ᠋ᠢ ᠱᠢᠯᠢᠳᠡᠭ᠌ᠵᠢᠭᠦᠯᠵᠦ᠍᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭᠯᠡᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠪᠠᠯᠠ ᠬᠤᠷᠠᠮᠳᠤᠭᠤᠯᠬᠤ ᠲᠠᠪᠴᠠᠩ᠎ᠤᠨ ᠡᠵᠡᠩᠨᠡᠯᠲᠡ᠎ᠶ᠋ᠢᠨ ᠴᠢᠨᠠᠷᠲᠠᠶ ᠥᠷᠢ ᠥᠭ᠌ᠴᠡᠭᠡ᠎ᠶ᠋ᠢᠨ ᠲᠦᠭ᠌ᠰᠢᠭᠦᠷᠢ᠎ᠶ᠋ᠢ ᠠᠷᠢᠯᠭᠠᠬᠤ ᠬᠡᠷᠡᠭᠲᠡᠢ᠃

ᠬᠤᠷᠠᠯ᠎ᠡᠴᠡ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠤᠬᠠᠮᠰᠠᠷ᠎ᠡᠴᠡ᠎ᠪᠠᠨ ᠨᠠᠮ᠎ᠤᠨ ᠲᠥᠪ ᠬᠤᠷᠢᠶ᠎ᠠ᠎ᠵᠢᠨ ᠪᠠᠢᠳᠠᠯ᠎ᠤᠨ ᠲᠤᠬᠠᠢ ᠱᠢᠨᠵᠢᠯᠡᠬᠦ᠌ ᠤᠬᠠᠭᠠᠨᠴᠢ ᠮᠠᠭᠠᠳᠯᠠᠯᠲᠠ᠎ᠲᠠᠶ ᠨᠢᠭᠡᠳᠭᠡᠵᠦ᠍᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠶᠡᠬᠡ ᠬᠠᠨᠳᠤᠰᠢ᠎ᠶ᠋ᠢ ᠡᠵᠡᠮᠳᠡᠵᠦ᠍᠂ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠲᠤᠬᠠᠢ ᠢᠲᠡᠭᠡᠯ᠎ᠢᠶᠡᠨ ᠪᠠᠲᠤᠳᠭᠠᠬᠤ ᠬᠡᠷᠡᠭ᠌ᠲᠡᠢ᠃ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ᠎ᠤᠨ ᠶᠡᠷᠦᠩᠬᠡᠢ ᠱᠠᠭᠠᠷᠳᠠᠯᠭ᠎ᠠ ᠪᠣᠯᠤᠨ ᠲᠦᠷᠦ᠍᠎ᠶ᠋ᠢᠨ ᠪᠤᠳᠤᠯᠭ᠎ᠠ᠎ᠶ᠋ᠢᠨ ᠬᠠᠨᠳᠤᠰᠢ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠢᠳᠡᠪᠬᠢᠲᠡᠢ ᠪᠣᠳᠠᠲᠠᠢ᠎ᠶ᠋ᠢ ᠡᠷᠬᠢᠮᠯᠡᠬᠦ᠌ ᠬᠠᠷᠠᠯᠲᠠ᠎ᠶ᠋ᠢᠨ ᠤᠳᠤᠷᠢᠳᠤᠮᠵᠢ᠎ᠶ᠋ᠢ ᠪᠠᠷᠢᠮᠲᠠᠯᠠᠵᠤ᠂ ᠣᠷᠣᠱᠢᠵᠤ ᠪᠠᠢᠭ᠎ᠠ ᠬᠦᠴᠢᠷ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠶᠠᠰᠤ ᠴᠢᠨᠠᠷ᠎ᠢ ᠪᠦᠲᠦᠮᠵᠢᠲᠡᠢ ᠳᠡᠭᠡᠭ᠌ᠰᠢᠯᠡᠭᠦᠯᠬᠦ᠌ ᠲᠠᠯ᠎ᠠ᠎ᠪᠠᠷ ᠨᠡᠩ ᠶᠡᠬᠡ ᠱᠢᠪᠲᠤᠯᠤᠯᠲᠠ ᠭᠠᠷᠭᠠᠵᠤ᠂ ᠰᠠᠭᠤᠭᠠᠯᠢ ᠠᠷᠠᠳ ᠪᠣᠯᠤᠨ ᠠᠵᠤ ᠠᠬᠤᠢᠯᠠᠯ᠎ᠤᠨ ᠬᠦᠷᠲᠡᠮᠵᠢ᠎ᠶ᠋ᠢᠨ ᠲᠦᠷᠦᠭ᠌ᠳᠡᠯ᠎ᠢ ᠨᠡᠮᠡᠭ᠌ᠳᠡᠭᠦᠯᠬᠦ᠌ ᠬᠡᠷᠡᠭ᠌ᠲᠡᠢ; ᠥᠭᠡᠷᠡᠴᠢᠯᠡᠯᠲᠡ ᠬᠢᠭᠡᠳ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠬᠤ ᠦᠶ᠋ᠯᠡᠳᠦᠯ᠎ᠢ ᠴᠢᠩᠭᠠᠳᠬᠠᠵᠤ᠂ ᠠᠵᠤ ᠠᠬᠤᠶ᠎ᠶ᠋ᠢᠨ ᠡᠷᠬᠢᠯᠲᠡ ᠪᠠ ᠵᠠᠬ᠎ᠠ ᠳᠡᠯᠭᠡᠭᠦᠷ᠎ᠦᠨ ᠵᠢᠱ᠌ᠢᠯᠲᠡ᠎ᠶ᠋ᠢᠨ ᠦᠷᠭᠦᠯᠵᠢᠯᠡᠨ ᠰᠠᠢᠵᠢᠷᠠᠬᠤ᠎ᠶ᠋ᠢ ᠠᠬᠢᠭᠤᠯᠬᠤ ᠬᠡᠷᠡᠭᠲᠡᠢ᠃ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ᠎ᠤᠨ ᠵᠠᠩᠭᠢᠯᠠᠭ᠎ᠠ᠎ᠶ᠋ᠢᠨ ᠬᠦᠴᠦᠯᠡᠬᠦ᠌ ᠴᠡᠭ᠎ᠢ ᠪᠦᠬᠦ ᠲᠠᠯ᠎ᠡ ᠳᠤᠮᠳᠠ ᠲᠠᠯᠪᠢᠨ ᠡᠵᠡᠮᠳᠡᠵᠦ᠍᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢ ᠬᠦᠴᠦᠷᠬᠡᠭ᠌ᠵᠢᠭᠦᠯᠬᠦ᠌᠎ᠶ᠋ᠢᠨ ᠲᠣᠭᠣᠷᠢᠨ᠎ᠳᠤ ᠳᠣᠲᠣᠭᠠᠳᠤ ᠬᠡᠷᠡᠭ᠌ᠴᠡᠭᠡ᠎ᠶ᠋ᠢᠨ ᠨᠡᠮᠡᠭ᠌ᠳᠡᠯ᠎ᠦᠨ ᠱᠢᠨ᠎ᠡ ᠣᠷᠣᠨ ᠵᠠᠢ᠎ᠶ᠋ᠢ ᠥᠷᠭᠡᠳᠭᠡᠬᠦ᠌ ᠬᠡᠷᠡᠭ᠌ᠲᠡᠢ; ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠲᠣᠭᠣᠷᠢᠨ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭᠲᠡᠢ; ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠎ᠶ᠋ᠢᠨ ᠲᠣᠭᠣᠷᠢᠨ᠎ᠳᠤ᠂ ᠭᠤᠢᠪᠢᠰᠢ ᠥᠬᠡᠶ᠎ᠪᠡᠷ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍ ᠨᠡᠭᠡᠭᠡᠯᠲᠡ᠎ᠶ᠋ᠢ ᠥᠷᠭᠡᠳᠭᠡᠬᠦ ᠬᠡᠷᠡᠭᠲᠡᠢ; ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠲᠠᠰᠤᠷᠠᠯᠲᠠ ᠦᠭᠡᠢ ᠨᠡᠮᠡᠭ᠌ᠳᠡᠭᠦᠯᠬᠦ᠌᠎ᠶ᠋ᠢᠨ ᠲᠣᠭᠣᠷᠢᠨ᠎ᠳᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠬᠤ ᠬᠡᠷᠡᠭᠲᠡᠢ; ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠰᠠᠬᠢᠬᠤ᠎ᠶ᠋ᠢᠨ ᠲᠣᠭᠣᠷᠢᠨ᠎ᠳᠤ᠂ ᠭᠤᠤᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠠᠷᠢᠯᠭᠠᠬᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠬᠤᠷᠠᠯ᠎ᠡᠴᠡ᠂ ᠠᠵᠤ ᠠᠬᠤᠢ᠎ᠶ᠋ᠢᠨ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠨᠢᠭᠡᠳᠦᠯᠲᠡᠢ ᠵᠣᠷᠢᠯᠲᠠ ᠪᠣᠯᠤᠨ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠢ᠃ ᠨᠠᠮ᠎ᠤᠨ ᠲᠥᠪ ᠬᠤᠷᠢᠶ᠎ᠠ᠎ᠵᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠵᠤ᠂ ᠢᠷᠡᠬᠦ᠌ ᠵᠢᠯ᠎ᠦᠨ ᠠᠵᠤ ᠠᠬᠤᠶ᠎ᠶ᠋ᠢᠨ ᠠᠵᠢᠯ᠎ᠤᠨ ᠲᠤᠬᠠᠶ ᠨᠠᠮ᠎ᠤᠨ ᠲᠥᠪ ᠬᠤᠷᠢᠶ᠎ᠠ᠎ᠵᠢᠨ ᠰᠡᠳᠭᠢᠴᠡ᠂ ᠡᠭᠦᠷᠭᠡ᠂ ᠲᠥᠷᠥ᠎ᠶ᠋ᠢᠨ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ ᠬᠡᠷᠡᠭ᠌ᠲᠡᠶ᠃ ᠵᠥᠪ ᠠᠵᠢᠯ᠎ᠤᠨ ᠪᠦᠲᠦᠮᠵᠢ᠎ᠶ᠋ᠢᠨ ᠲᠤᠬᠠᠢ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠠᠷᠠᠳ ᠲᠦᠮᠡᠨ᠎ᠦ ᠲᠥᠯᠥᠭᠡ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠵᠤ ᠠᠵᠢᠯ᠎ᠤᠨ ᠪᠦᠲᠦᠮᠵᠢ ᠭᠠᠷᠭᠠᠬᠤ᠎ᠶ᠋ᠢ ᠪᠠᠷᠢᠮᠲᠠᠯᠠᠵᠤ᠂ ᠤᠬᠠᠮᠰᠠᠷ᠎ᠡᠴᠡ᠎ᠪᠠᠨ ᠵᠢᠮ᠎ᠡ ᠶᠣᠰᠣ᠎ᠪᠠᠷ ᠠᠵᠢᠯᠯᠠᠵᠤ᠂ ᠵᠥᠷᠢᠶᠡᠴᠢᠯᠡᠭᠰᠡᠨ ᠬᠢᠨᠠᠨ ᠱᠢᠯᠭᠠᠵᠤ ᠦᠨᠡᠯᠡᠬᠦ᠌ ᠱᠢᠰᠲ᠋ᠧᠮ᠎ᠢ ᠲᠡᠭᠦᠯᠳᠡᠷᠵᠢᠭᠦᠯᠬᠦ᠌ ᠬᠡᠷᠡᠭ᠌ᠲᠡᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠡ ᠬᠤᠷᠠᠯ᠎ᠤᠨ 《ᠰᠠᠨᠠᠭᠤᠯᠭ᠎ᠠ》 ᠶᠣᠰᠣᠭᠠᠷ ᠤᠯᠤᠰ ᠪᠠ ᠣᠷᠣᠨ ᠨᠤᠲᠤᠭ᠎ᠤᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ ᠵᠢᠴᠢ ᠲᠤᠰᠭᠠᠢ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ᠂ ᠴᠢᠨᠠᠷ ᠰᠠᠢᠲᠠᠢ᠂ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠰᠠᠢᠨ ᠰᠠᠢᠬᠠᠨ ᠤᠯᠤᠰ ᠲᠥᠷᠥ᠎ᠶ᠋ᠢᠨ ᠣᠷᠴᠢᠨ ᠨᠥᠬᠥᠴᠡᠯ᠂ ᠴᠢᠳᠠᠪᠤᠷᠢᠲᠠᠨ᠎ᠤ ᠣᠷᠴᠢᠨ ᠨᠥᠬᠥᠴᠡᠯ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠂ ᠶᠠᠷᠢᠶ᠎ᠠ ᠬᠡᠯᠡᠯᠴᠡᠭᠡᠨ᠎ᠦ ᠣᠷᠴᠢᠨ ᠨᠥᠬᠥᠴᠡᠯ᠎ᠢ ᠪᠣᠶ ᠪᠣᠯᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠲᠠᠢᠯᠤᠮᠵᠢ᠎ᠶ᠋ᠢ ᠴᠢᠩᠭᠠᠳᠭᠠᠨ᠂ ᠨᠡᠢᠭᠡᠮ᠎ᠦᠨ ᠢᠳᠡᠪᠬᠢ ᠬᠦᠴᠦᠨ᠎ᠢ ᠭᠦᠶ᠋ᠴᠡᠳ ᠬᠥᠭ᠌ᠵᠢᠭᠡᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃

ᠬᠤᠷᠠᠯ᠎ᠡᠴᠡ᠂ ᠤᠨ᠎ᠤ ᠰᠡᠬᠦᠯᠴᠢ ᠵᠢᠯ᠎ᠦᠨ ᠡᠬᠢᠨ᠎ᠦ ᠴᠢᠬᠤᠯᠠ ᠠᠷᠠᠳ᠎ᠤᠨ ᠠᠮᠢᠳᠤᠷᠠᠯ᠎ᠤᠨ ᠲᠠᠸᠠᠷ᠎ᠤᠨ ᠬᠠᠩᠭᠠᠯᠭ᠎ᠠ᠎ᠶ᠋ᠢ ᠪᠠᠲᠤᠯᠠᠬᠤ ᠠᠵᠢᠯ᠎ᠢ ᠰᠠᠢᠲᠤᠷ ᠬᠢᠵᠦ᠍᠂ ᠬᠦᠴᠢᠷᠳᠡᠯᠲᠡᠢ ᠤᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠢ ᠬᠠᠯᠠᠮᠵᠢᠯᠠᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭ᠌ᠲᠡᠢ ᠭᠡᠵᠦ ᠱᠠᠭᠠᠷᠳᠠᠪᠠ᠃

ᠬᠤᠷᠠᠯ᠎ᠡᠴᠡ᠂ ᠪᠦᠬᠦ᠌ ᠨᠠᠮ ᠪᠦᠬᠦ᠌ ᠨᠡᠢᠭᠡᠮ᠎ᠢᠶᠡᠷ᠎ᠢᠶᠡᠨ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠠᠶᠠᠭᠠᠷ᠎ᠢᠶᠠᠨ ᠰᠡᠳᠭᠢᠯ ᠨᠢᠭᠡᠳᠴᠦ᠍᠂ ᠡᠷᠡᠮᠡᠬᠡᠢᠯᠡᠨ ᠤᠷᠤᠭ᠍ᠰᠢᠯᠠᠵᠤ᠂ ᠢᠷᠡᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠪᠡᠨ ᠴᠢᠷᠮᠠᠢᠨ ᠪᠡᠶᠡᠯᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠵᠦ᠂ ᠠᠨᠭᠬᠠᠨ᠎ᠤ ᠠᠯᠬᠤᠭ᠎ᠠ᠎ᠶᠢ ᠰᠠᠢᠲᠤᠷ ᠠᠯᠬᠤᠬᠤ᠎ᠶ᠋ᠢ ᠪᠠᠲᠤᠯᠠᠬᠤ ᠬᠡᠷᠡᠭ᠌ᠲᠡᠢ ᠭᠡᠵᠦ᠍ ᠤᠷᠢᠶᠠᠯᠠᠪᠠ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠳᠡᠳ᠋ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠬᠣᠯᠪᠣᠭ᠍ᠳᠠᠯ ᠪᠦᠬᠦᠢ ᠤᠳᠤᠷᠢᠳᠭᠤ ᠨᠥᠬᠥᠳ᠂ ᠲᠦᠷᠦ᠍᠎ᠶ᠋ᠢᠨ ᠶᠠᠪᠤᠳᠠᠯ᠎ᠤᠨ ᠭᠡᠱᠢᠭᠦᠨ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠵᠢᠨ ᠳᠠᠷᠤᠭ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠵᠢᠨ ᠪᠠᠢᠴᠠᠭᠠᠬᠤ ᠳᠠᠷᠤᠭ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠣᠯᠪᠣᠭ᠍ᠳᠠᠯ ᠪᠦᠬᠦᠢ ᠤᠳᠤᠷᠢᠳᠭᠤ ᠨᠥᠬᠥᠳ ᠵᠢᠴᠢ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠭᠡᠱᠢᠭᠦᠳ ᠬᠤᠷᠠᠯ᠎ᠳᠤ ᠣᠷᠣᠯᠴᠠᠪᠠ᠃

ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠪᠣᠯᠤᠨ ᠲᠤᠰᠠᠭᠠᠷ ᠲᠥᠯᠥᠪᠯᠡᠭᠡᠲᠦ ᠬᠤᠳᠠ᠂ ᠱᠢᠨᠵᠢᠶᠠᠩ᠎ᠤᠨ ᠦᠢᠯᠡᠳᠪᠦᠷᠢᠯᠡᠯ ᠪᠦᠳᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠨᠠᠮ ᠵᠠᠰᠠᠭ᠎ᠤᠨ ᠭᠣᠣᠯ ᠬᠠᠷᠢᠭᠤᠴᠠᠯᠭᠠᠲᠠᠨ ᠨᠥᠬᠥᠳ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠬᠣᠯᠪᠣᠭ᠍ᠳᠠᠯ ᠪᠦᠬᠦᠢ ᠠᠷᠠᠳ᠎ᠤᠨ ᠪᠦᠯᠬᠦᠮ᠂ ᠲᠥᠪ᠎ᠡᠴᠡ ᠬᠠᠮᠢᠶᠠᠷᠴᠤ᠌ ᠪᠠᠢᠭ᠎ᠠ ᠬᠡᠰᠡᠭ ᠮᠥᠩᠭᠥᠨ ᠭᠦᠢᠯᠭᠡᠭᠡᠨ᠎ᠦ ᠪᠠᠢᠭᠤᠯᠤᠮᠵᠢ ᠪᠣᠯᠤᠨ ᠠᠵᠤ ᠠᠬᠤᠢᠯᠠᠯ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠪᠠᠢᠭᠤᠯᠭ᠎ᠠ᠎ᠶ᠋ᠢᠨ ᠡᠯ᠎ᠡ ᠰᠠᠯᠠᠭ᠎ᠠ ᠮᠥᠴᠢᠷ᠎ᠦᠨ ᠭᠣᠣᠯ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃

ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 12 ᠰᠠᠷ᠎ᠠ᠎ᠶᠢᠨ 11 ᠎ᠤ ᠴᠠᠬᠢᠯᠭᠠᠨ ᠮᠡᠳᠡᠭᠡ

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            