ᠲᠤᠬᠠᠢ᠎ᠶ᠋ᠢᠨ ᠭᠠᠵᠠᠷ᠎ᠤᠨ ᠴᠠᠭ᠎ᠢᠶᠠᠷ 12 ᠰᠠᠷ᠎ᠠ᠎ᠶ᠋ᠢᠨ 1 ᠤ᠋ ᠡᠳᠦᠷ᠂ ᠳᠤᠮᠳᠠᠳᠤ ᠤᠯᠤᠰ᠎ᠤᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠰᠣᠨᠢᠨ ᠮᠡᠳᠡᠭᠡᠨ᠎ᠦ ᠠᠯᠪᠠᠨ ᠭᠡᠷ᠂ ᠳᠤᠮᠳᠠᠳᠤ ᠤᠯᠤᠰ᠎ᠤᠨ ᠭᠠᠳᠠᠭᠠᠳᠤ ᠬᠡᠯᠡᠨ᠎ᠦ ᠬᠡᠪᠯᠡᠨ ᠲᠠᠷᠬᠠᠭᠠᠬᠤ ᠦᠢᠯᠡᠰ᠎ᠦᠨ ᠲᠣᠪᠴᠢᠶ᠎ᠠ᠂ ᠺᠸᠨᠢᠶᠠ ᠳ᠋ᠦ᠍ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ᠎ᠤᠨ ᠶᠠᠮᠤᠨ᠎ᠡᠴᠡ ᠬᠠᠮᠲᠤᠷᠠᠨ ᠭᠣᠣᠯᠯᠠᠨ ᠡᠷᠬᠢᠯᠡᠭ᠌ᠰᠡᠨ 《ᠰᠢ᠎ᠵᠢᠨ᠎ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠤᠩᠱᠢᠭ᠍ᠴᠢᠳ᠎ᠤ᠋ᠨ ᠬᠤᠷᠠᠯ ᠺᠸᠨᠢᠶᠠ᠎ᠶᠢᠨ ᠨᠡᠢᠰᠯᠡᠯ ᠨᠠᠢ᠌ᠷᠤᠪᠢᠳᠦ ᠶᠠᠪᠤᠭ᠍ᠳᠠᠪᠠ᠃ ᠳᠤᠮᠳᠠᠳᠤ ᠺᠸᠨᠢᠶᠠ ᠬᠣᠶᠠᠷ ᠤᠯᠤᠰ᠎ᠤᠨ ᠡᠯ᠎ᠡ ᠡᠲᠡᠭᠡᠳ᠎ᠦᠨ 200 ᠱᠢᠬᠠᠮ ᠬᠥᠮᠦᠨ ᠠᠵᠢᠯᠯᠠᠭ᠎ᠠ᠎ᠳᠤ ᠣᠷᠣᠯᠴᠠᠵᠠᠢ᠃
ᠬᠤᠷᠠᠯ᠎ᠳᠤ ᠣᠷᠣᠯᠴᠠᠭ᠍ᠰᠠᠨ ᠳᠤᠮᠳᠠᠳᠤ ᠭᠠᠳᠠᠭᠠᠳᠤ᠎ᠶ᠋ᠢᠨ ᠵᠣᠴᠢᠳ᠂ 《ᠰᠢ᠎ᠵᠢᠨ᠎ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ ᠪᠣᠯᠤᠨ ᠨᠢᠭᠡᠳᠦᠭᠡᠷ ᠪᠤᠳᠢ᠎ᠡᠴᠡ ᠳᠥᠷᠪᠡᠳᠦᠭᠡᠷ ᠪᠤᠳᠢ ᠬᠦᠷᠳᠡᠯ᠎ᠠ ᠬᠠᠷᠢᠯᠴᠠᠨ ᠨᠡᠪᠳᠡᠷᠡᠯᠴᠡᠵᠦ᠍᠂ ᠤᠬ ᠤᠯᠠᠮᠵᠢᠯᠠᠯ ᠨᠢᠭᠡᠲᠡᠢ ᠪᠠᠢᠵᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠭᠣᠣᠯ ᠠᠭᠤᠯᠭ᠎ᠠ ᠪᠣᠯᠤᠨ ᠱᠢᠨᠵᠢᠯᠡᠬᠦ᠌ ᠤᠬᠠᠭᠠᠨᠴᠢ ᠱᠢᠰᠲᠸᠮ᠎ᠢ ᠲᠥᠪᠯᠡᠷᠡᠩᠭᠦᠢ ᠲᠤᠰᠭᠠᠵᠠᠢ᠃ 《ᠰᠢ᠎ᠵᠢᠨ᠎ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠱᠢᠷᠢᠰ ᠪᠦᠲᠦᠭᠡᠯ ᠨᠢ ᠳᠡᠯᠡᠬᠡᠢ ᠨᠡᠢᠭᠡᠮ᠎ᠦᠨ ᠬᠢᠨ᠎ᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠦᠢᠯᠡᠳᠦᠯᠭᠡ᠎ᠶ᠋ᠢᠨ ᠠᠮᠵᠢᠯᠲᠠ ᠪᠦᠲᠦᠮᠵᠢ ᠪᠣᠯᠤᠨ ᠳᠡᠯᠡᠬᠡᠢ᠎ᠶ᠋ᠢᠨ ᠠᠴᠢ ᠬᠣᠯᠪᠣᠭ᠍ᠳᠠᠯ᠎ᠢ ᠨᠡᠩ ᠭᠦᠨᠵᠡᠭᠡᠢ ᠣᠢᠯᠠᠭᠠᠬᠤ᠎ᠳᠤ ᠲᠤᠰᠠᠲᠠᠢ ᠪᠠᠢᠵᠤ᠂ ᠳᠤᠮᠳᠠᠳᠤ ᠺᠸᠨᠢᠶᠠ᠂ ᠳᠤᠮᠳᠠᠳᠤ ᠠᠹᠷᠢᠺᠠ᠎ᠶ᠋ᠢᠨ ᠲᠦᠷᠦ᠍᠎ᠶ᠋ᠢ ᠵᠠᠰᠠᠬᠤ ᠲᠤᠷᠱᠢᠯᠭ᠎ᠠ᠎ᠶ᠋ᠢᠨ ᠰᠣᠯᠢᠯᠴᠠᠭ᠎ᠠ᠎ᠪᠠᠨ ᠭᠦᠨᠵᠡᠭᠡᠢ ᠥᠷᠨᠢᠭᠦᠯᠬᠦ᠌᠂ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ᠎ᠤᠳ᠎ᠤᠨ ᠬᠥᠭ᠌ᠵᠢᠯᠲᠡ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠂ ᠭᠠᠷ ᠬᠣᠯᠪᠣᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ ᠬᠡᠵᠤ ᠢᠯᠡᠳᠬᠡᠪᠡ᠃
ᠺᠸᠨᠢᠶᠠ᠎ᠶᠢᠨ ᠬᠠᠮᠲᠤᠷᠠᠭ᠍ᠰᠠᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠶᠡᠷᠦᠩᠬᠡᠢ ᠱᠦᠵᠢ ᠤᠤᠮᠠᠷ᠂ ᠲᠡᠷᠢᠭᠦᠯᠡᠭ᠌ᠴᠢ ᠰᠢ᠎ᠵᠢᠨ᠎ᠫᠢᠩ᠎ᠦᠨ ᠲᠠᠭᠠᠭᠤᠯᠭ᠎ᠠ ᠳᠣᠣᠷ᠎ᠠ᠂ ᠳᠤᠮᠳᠠᠳᠤ ᠤᠯᠤᠰ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠵᠢ ᠣᠯᠵᠤ᠂ ᠠᠵᠤ ᠠᠬᠤᠢ ᠨᠡᠢᠭᠡᠮ ᠲᠦᠷᠭᠡᠨ ᠬᠥᠭ᠌ᠵᠢᠵᠦ᠍᠂ ᠠᠷᠠᠳ᠎ᠤᠨ ᠠᠮᠢᠳᠤᠷᠠᠯ᠎ᠤᠨ ᠲᠦᠪᠱᠢᠨ ᠢᠯᠡᠳᠲᠡ ᠳᠡᠭᠡᠭ᠌ᠰᠢᠯᠡᠪᠡ᠃ 《ᠰᠢ᠎ᠵᠢᠨ᠎ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ ᠵᠥᠪᠬᠡᠨ ᠶᠠᠷᠢᠶ᠎ᠠ ᠢᠯᠡᠳᠬᠡᠯ᠎ᠤᠨ ᠲᠡᠭᠦᠪᠦᠷᠢ ᠲᠡᠳᠦᠢ ᠪᠢᠰᠢ᠂ ᠨᠡᠩ ᠴᠤ᠌ ᠮᠡᠳᠡᠯᠭᠡ᠎ᠶ᠋ᠢᠨ ᠪᠣᠷᠣ ᠲᠥᠯᠥᠪ᠂ ᠭᠦᠨ ᠤᠬᠠᠭᠠᠨ᠎ᠤ ᠤᠢ᠍ᠢᠯᠠᠭᠠᠭ᠍ᠳᠠᠬᠤᠨ ᠪᠠᠢᠵᠤ᠂ ᠨᠣᠮ᠎ᠳᠠᠬᠢ ᠠᠵᠤ ᠠᠬᠤᠢ᠂ ᠶᠠᠳᠠᠭᠤ ᠬᠦᠴᠢᠷᠳᠡᠯᠳᠠᠢ ᠬᠦᠮᠦᠨ ᠠᠮᠠ ᠵᠢ ᠴᠦᠭᠡᠳᠭᠡᠬᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯᠤᠨ ᠠᠮᠤᠷ ᠲᠦᠪᠱᠢᠨ ᠵᠡᠷᠭᠡ ᠬᠦᠷᠢᠶᠡᠨ᠎ᠦ ᠲᠤᠬᠠᠢ ᠴᠢᠬᠤᠯᠠ ᠥᠭᠦᠯᠡᠯᠲᠡ ᠨᠢ ᠺᠸᠨᠢᠶᠠ᠎ᠶᠢᠨ ᠥᠷᠢᠰᠥᠯᠳᠦᠭᠡᠨ᠎ᠳᠦ ᠬᠠᠨᠳᠤᠬᠤ᠎ᠳᠤ ᠦᠵᠡᠯ ᠰᠠᠨᠠᠭᠠᠨ᠎ᠤ ᠵᠢᠯᠤᠭᠤᠳᠤᠯᠭ᠎ᠠ ᠬᠠᠩᠭᠠᠪᠠ᠃ ᠺᠸᠨᠢᠶᠠ᠎ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠣᠳᠣᠬᠢᠴᠢᠯᠠᠭ᠍ᠰᠠᠨ ᠬᠥᠭ᠌ᠵᠢᠯᠲᠡ᠎ᠶ᠋ᠢᠨ ᠲᠤᠷᠱᠢᠯᠭ᠎ᠠ᠎ᠶ᠋ᠢᠨ ᠰᠣᠯᠢᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠬᠠᠮᠲᠤ᠎ᠶ᠋ᠢᠨ ᠬᠥᠭ᠌ᠵᠢᠯ ᠴᠡᠴᠡᠭ᠌ᠯᠡᠯ᠎ᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠳᠤᠷ ᠪᠤᠶᠠᠨ ᠦᠢᠯᠡᠳᠦᠨ᠎ᠡ ᠭᠡᠵᠦ᠍ ᠢᠯᠡᠳᠭᠡᠪᠡ᠃
ᠲᠥᠪ᠎ᠦᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠰᠣᠨᠢᠨ ᠮᠡᠳᠡᠭᠡᠨ᠎ᠦ ᠠᠯᠪᠠᠨ ᠭᠡᠷ᠎ᠦᠨ ᠡᠷᠬᠢᠯᠡᠭ᠌ᠴᠢ ᠮᠦᠸᠸ ᠭᠤᠤ ᠢ ᠪᠠᠶᠠᠷ᠎ᠤᠨ ᠦᠭᠡ᠎ᠳᠡᠭᠡᠨ᠂ 《ᠰᠢ᠎ᠵᠢᠨ᠎ᠫᠢᠩ ᠲᠦᠷᠦ᠍᠎ᠶ᠋ᠢ ᠵᠠᠰᠠᠬᠤ᠌ ᠲᠤᠬᠠᠢ》 ᠭᠡᠬᠦ᠌ ᠨᠣᠮ ᠪᠣᠯ ᠮᠠᠷᠺᠰ᠎ᠤᠨ ᠦᠵᠡᠯ᠎ᠦᠨ ᠳᠤᠮᠳᠠᠳᠤ ᠤᠯᠤᠰᠴᠢᠯᠠᠭ᠍ᠰᠠᠨ ᠬᠠᠮᠤᠭ᠎ᠤᠨ ᠱᠢᠨ᠎ᠡ ᠦᠷ᠎ᠡ ᠪᠦᠲᠦᠭᠡᠯ ᠪᠠᠢᠵᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠭᠣᠣᠯ ᠠᠭᠤᠯᠭ᠎ᠠ ᠪᠠ ᠱᠢᠨᠵᠢᠯᠡᠬᠦ᠌ ᠤᠬᠠᠭᠠᠨᠴᠢ ᠱᠢᠰᠲᠸᠮ᠎ᠢ ᠲᠥᠪᠯᠡᠷᠡᠩᠭᠦᠢ ᠲᠤᠰᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠤᠨ ᠲᠡᠦᠬᠡᠨ ᠠᠮᠵᠢᠯᠲᠠ ᠪᠦᠲᠦᠮᠵᠢ᠂ ᠬᠥᠭ᠌ᠵᠢᠯᠲᠡ᠎ᠶ᠋ᠢᠨ ᠠᠷᠭ᠎ᠠ ᠵᠠᠮ ᠵᠢᠴᠢ ᠦᠨᠳᠦᠰᠦᠨ ᠣᠨᠴᠠᠯᠢᠭ᠎ᠢ ᠱᠢᠰᠲᠸᠮ ᠲᠠᠢ ᠢᠯᠡᠷᠡᠭᠦᠯᠵᠦ᠍᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠣᠳᠣᠬᠢᠴᠢᠯᠠᠯᠲᠠ᠎ᠶ᠋ᠢ ᠬᠠᠮᠲᠤ᠎ᠪᠠᠷ ᠪᠡᠶᠡᠯᠡᠭᠦᠯᠬᠦ᠌᠎ᠳᠦ ᠲᠤᠯᠢ ᠪᠣᠯᠭᠠᠵᠤ ᠪᠣᠯᠬᠤ ᠳᠤᠮᠳᠠᠳᠤ ᠤᠯᠤᠰ᠎ᠤᠨ ᠤᠶᠤᠨ ᠤᠬᠠᠭᠠᠨ ᠪᠠ ᠳᠤᠮᠳᠠᠳᠤ ᠤᠯᠤᠰ᠎ᠤᠨ ᠲᠥᠰᠦᠯ᠎ᠢ ᠬᠠᠩᠭᠠᠪᠠ᠃ ᠳᠤᠮᠳᠠᠳᠤ ᠺᠸᠨᠢᠶᠠ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 62 ᠵᠢᠯ᠎ᠦᠨ ᠤᠢ᠎ᠪᠠᠨ ᠤᠭ᠍ᠲᠤᠨ ᠠᠪᠴᠢᠷᠠᠵᠤ᠂ ᠥᠩᠭᠡᠷᠡᠭ᠌ᠰᠡᠨ᠎ᠢᠶᠡᠨ ᠡᠷᠭᠢᠴᠡᠭᠦᠯᠪᠡᠯ᠂ ᠬᠣᠶᠠᠷ ᠤᠯᠤᠰ ᠢᠮᠠᠭ᠍ᠲᠠ ᠮᠥᠷᠥ᠍ ᠵᠡᠷᠭᠡᠴᠡᠨ ᠬᠠᠮᠲᠤᠷᠠᠯᠴᠠᠵᠤ᠂ ᠭᠠᠷ ᠬᠣᠯᠪᠣᠨ ᠬᠥᠭ᠌ᠵᠢᠵᠦ᠍᠂ ᠤᠯᠤᠰ ᠲᠦᠷᠦ᠍᠎ᠶ᠋ᠢᠨ ᠲᠠᠯ᠎ᠠ᠎ᠪᠠᠷ ᠬᠠᠷᠢᠯᠴᠠᠨ ᠢᠲᠡᠭᠡᠯᠴᠡᠭ᠌ᠰᠡᠨ ᠰᠠᠢ᠌ᠨ ᠨᠠᠢᠵᠠ᠂ ᠠᠵᠤ ᠠᠬᠤᠢ᠎ᠶ᠋ᠢᠨ ᠲᠠᠯ᠎ᠠ᠎ᠪᠠᠷ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠭ᠌ᠰᠡᠨ ᠰᠠᠢ᠌ᠨ ᠬᠠᠨᠢᠲᠠᠨ ᠶᠤᠮ᠃ ᠳᠤᠮᠳᠠᠳᠤ ᠤᠯᠤᠰ ᠳᠤᠷᠠᠲᠠᠶ᠎ᠠ ᠺᠸᠨᠢᠶᠠ᠎ᠶᠢ ᠪᠠᠭ᠍ᠲᠠᠭᠠᠭ᠍ᠰᠠᠨ ᠠᠹᠷᠢᠺᠠ ᠲᠢᠪ᠎ᠦᠨ ᠤᠯᠤᠰ᠎ᠤᠳ᠎ᠯᠤᠭ᠎ᠠ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠭᠠᠵᠤ᠂ ᠲᠦᠷᠪᠡᠨ ᠶᠡᠬᠡ ᠪᠦᠬᠦ᠌ ᠪᠥᠮᠪᠥᠷᠴᠡᠭ᠎ᠦᠨ ᠰᠠᠨᠠᠭᠠᠴᠢᠯᠠᠭ᠎ᠠ᠎ᠶ᠋ᠢ ᠬᠠᠮᠲᠤ᠎ᠪᠠᠷ ᠦᠢᠯᠡᠳᠦᠯᠭᠡᠵᠢᠭᠦᠯᠵᠦ᠍᠂ 《ᠨᠢᠭᠡ ᠪᠦᠰᠡ ᠨᠢᠭᠡ ᠵᠠᠮ》᠎ᠢ ᠴᠢᠨᠠᠷ ᠰᠠᠢᠲᠠᠢ ᠬᠠᠮᠲᠤ᠎ᠪᠠᠷ ᠪᠦᠳᠦᠭᠡᠨ ᠪᠠᠢᠭᠤᠯᠵᠤ᠂ ᠭᠠᠷ ᠬᠣᠯᠪᠣᠨ ᠣᠳᠣᠬᠢᠴᠢᠯᠠᠯᠲᠠ᠎ᠶ᠋ᠢ ᠠᠬᠢᠭᠤᠯᠬᠤ ᠠᠷᠪᠠᠨ ᠶᠡᠬᠡ ᠬᠠᠨᠢᠲᠠᠨ᠎ᠤ ᠠᠵᠢᠯᠯᠠᠭ᠎ᠠ᠎ᠶ᠋ᠢ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠱᠢᠨ᠎ᠡ ᠬᠥᠭ᠌ᠵᠢᠯᠲᠡ᠎ᠪᠡᠷ ᠠᠹᠷᠢᠺᠠ ᠲᠢᠪ᠎ᠲᠦ ᠨᠡᠩ ᠤᠯᠠᠨ ᠱᠢᠨ᠎ᠡ ᠠᠵᠠ ᠲᠣᠬᠢᠶᠠᠯ ᠬᠠᠩᠭᠠᠵᠤ᠂ ᠱᠢᠨ᠎ᠡ ᠴᠠᠭ ᠦᠶ᠎ᠡ᠎ᠶ᠋ᠢᠨ ᠦᠨᠢᠳᠡ᠎ᠶᠢᠨ ᠳᠤᠮᠳᠠᠳᠤ ᠠᠹᠷᠢᠺᠠ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭᠯᠡᠨ᠎ᠡ ᠭᠡᠵᠦ ᠬᠡᠯᠡᠪᠡ᠃
ᠺᠸᠨᠢᠶᠠ᠎ᠵᠢᠨ ᠮᠡᠳᠡᠭᠡ ᠵᠠᠩᠭᠢ ᠴᠢᠮᠡᠭᠡ ᠬᠣᠯᠪᠣᠭ᠎ᠠ ᠪᠣᠯᠤᠨ ᠲᠣᠭᠠᠴᠢᠯᠠᠭ᠍ᠰᠠᠨ ᠠᠵᠤ ᠠᠬᠤᠢ᠎ᠶ᠋ᠢᠨ ᠶᠠᠮᠤᠨ᠎ᠤ ᠰᠠᠢᠳ ᠸᠢᠯᠢᠶᠠᠮ·ᠺᠠᠪᠦ᠋ᠸᠸᠭ᠌ᠸ·ᠵᠢᠲ᠋ᠠᠦ᠋᠂ ᠳᠤᠮᠳᠠᠳᠤ ᠤᠯᠤᠰ ᠣᠳᠣᠬᠢᠴᠢᠯᠠᠯᠲᠠ᠎ᠶ᠋ᠢ ᠠᠬᠢᠭᠤᠯᠬᠤ ᠶᠠᠪᠤᠴᠠ᠎ᠳᠤ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠠᠬᠢᠴᠠ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠣᠯᠤᠭ᠍ᠰᠠᠨ ᠡᠯ᠎ᠡ ᠵᠦᠢᠯ᠎ᠦᠨ ᠠᠮᠵᠢᠯᠲᠠ ᠪᠦᠲᠦᠮᠵᠢ ᠪᠣᠯᠤᠨ ᠵᠠᠰᠠᠯᠲᠠ᠎ᠶ᠋ᠢᠨ ᠣᠢᠯᠠᠭᠠᠭ᠍ᠳᠠᠬᠤᠨ ᠨᠢ ᠺᠸᠨᠢᠶᠠ᠎ᠵᠢᠨ ᠥᠭᠡᠷᠡᠴᠢᠯᠡᠯᠲᠡ᠎ᠶ᠋ᠢᠨ ᠬᠠᠷᠠᠯᠲᠠ᠎ᠲᠠᠶ ᠨᠢᠭᠡᠳᠦᠯᠲᠡᠢ ᠪᠠᠢᠨ᠎ᠠ᠃ 《ᠰᠢ᠎ᠵᠢᠨ᠎ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠱᠢᠷᠢᠰ ᠪᠦᠲᠦᠭᠡᠯ᠎ᠦᠨ ᠠᠭᠤᠯᠭ᠎ᠠ ᠨᠢ ᠨᠠᠷᠢᠨ ᠪᠣᠳᠠᠲᠠᠢ ᠡᠯᠪᠡᠭ ᠪᠠᠶᠠᠯᠢᠭ ᠪᠠᠢᠵᠤ᠂ ᠨᠣᠮ᠎ᠳᠤ ᠠᠭᠤᠯᠤᠭ᠍ᠳᠠᠵᠤ ᠪᠠᠢᠭ᠎ᠠ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠨᠢ ᠺᠸᠨᠢᠶᠠ᠎ᠶᠢᠨ ᠣᠳᠣᠬᠢᠴᠢᠯᠠᠯᠲᠠ᠎ᠶ᠋ᠢᠨ ᠵᠠᠮ᠎ᠢ ᠰᠦᠪᠡᠭ᠌ᠴᠢᠯᠡᠬᠦ᠌᠎ᠳᠦ ᠴᠢᠬᠤᠯᠠ ᠯᠠᠪᠯᠠᠯᠲᠠ ᠬᠠᠩᠭᠠᠪᠠ᠃ ᠱᠢᠨ᠎ᠡ ᠪᠡᠷ ᠬᠡᠪᠯᠡᠨ ᠲᠠᠷᠬᠠᠭᠠᠭ᠍ᠰᠠᠨ 《ᠰᠢ᠎ᠵᠢᠨ᠎ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ ᠨᠢ ᠺᠸᠨᠢᠶᠠ᠎ᠶᠢᠨ ᠡᠯ᠎ᠡ ᠡᠲᠡᠭᠡᠳ᠎ᠦᠨ ᠤᠩᠱᠢᠭ᠍ᠴᠢᠳ᠎ᠤᠨ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠪᠠᠢᠳᠠᠯ᠎ᠢ ᠣᠢᠯᠠᠭᠠᠬᠤ᠂ ᠳᠤᠮᠳᠠᠳᠤ ᠺᠸᠨᠢᠶᠠ᠎ᠶᠢᠨ ᠬᠣᠭᠣᠷᠣᠨᠳᠣᠬᠢ ᠣᠢᠯᠠᠭᠠᠯᠴᠠᠭ᠎ᠠ᠎ᠶ᠋ᠢ ᠨᠡᠮᠡᠭ᠌ᠳᠡᠭᠦᠯᠬᠦ᠌᠎ᠳᠦ ᠲᠤᠰᠠᠲᠠᠢ ᠶᠤᠮ ᠭᠡᠵᠦ ᠢᠯᠡᠳᠭᠡᠪᠡ᠃
ᠠᠵᠢᠯᠯᠠᠭ᠎ᠠ ᠳᠤᠮᠳᠠ᠂ ᠳᠤᠮᠳᠠᠳᠤ ᠤᠯᠤᠰ᠎ᠤᠨ ᠬᠢᠨ ᠭᠠᠳᠠᠭᠠᠳᠤ᠎ᠶ᠋ᠢᠨ ᠵᠣᠴᠢᠳ᠎ᠲᠤ 《ᠰᠢ᠎ᠵᠢᠨ᠎ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢᠨ ᠠᠨᠭ᠌ᠭᠯᠢ ᠬᠡᠯᠡᠨ᠎ᠦ ᠬᠡᠪᠯᠡᠯ᠎ᠦᠨ ᠨᠣᠮ᠎ᠢ ᠬᠦᠷᠭᠡᠪᠡ᠃ ᠬᠤᠷᠠᠯ᠎ᠳᠤ ᠣᠷᠣᠯᠴᠠᠭ᠍ᠰᠠᠨ ᠲᠤᠰᠭᠠᠶ ᠮᠡᠷᠭᠡᠵᠢᠯᠲᠡᠨ ᠡᠷᠳᠡᠮᠲᠡᠳ ᠳᠤᠮᠳᠠᠳᠤ ᠺᠸᠨᠢᠶᠠ᠎ᠶᠢᠨ ᠲᠥᠷᠥ᠎ᠶ᠋ᠢ ᠵᠠᠰᠠᠬᠤ ᠲᠤᠷᠱᠢᠯᠭ᠎ᠠ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠢᠭᠤᠯᠬᠤ᠂ ᠳᠤᠮᠳᠠᠳᠤ ᠠᠹᠷᠢᠺᠠ᠎ᠶ᠋ᠢᠨ ᠬᠠᠮᠲᠤᠷᠠᠯᠴᠠᠭ᠎ᠠ᠂ ᠶᠠᠳᠠᠭᠤ ᠬᠦᠴᠢᠷᠳᠡᠯ᠎ᠢ ᠠᠷᠢᠯᠭᠠᠬᠤ᠂ ᠰᠣᠶᠣᠯ ᠢᠷᠭᠡᠨᠱᠢᠯ᠎ᠦᠨ ᠰᠣᠯᠢᠯᠴᠠᠭ᠎ᠠ ᠵᠢᠴᠢ ᠬᠠᠷᠢᠯᠴᠠᠨ ᠲᠣᠯᠢ ᠪᠤᠯᠭᠠᠬᠤ ᠵᠡᠷᠭᠡ ᠵᠥᠪᠯᠡᠬᠦ᠌ ᠵᠦᠢᠯ᠎ᠦᠨ ᠲᠣᠭᠣᠷᠢᠨ᠎ᠳᠤ ᠰᠤᠳᠤᠯᠤᠨ ᠶᠠᠷᠢᠯᠴᠠᠪᠠ᠃
ᠱᠢᠨᠬᠤᠸᠠ ᠬᠣᠷᠢᠶ᠎ᠠ᠎ᠶᠢᠨ ᠨᠠᠢ᠌ᠷᠤᠪᠢᠶᠢᠨ 12 ᠰᠠᠷ᠎ᠠ᠎ᠶ᠋ᠢᠨ 1 ᠤ᠋ ᠴᠠᠬᠢᠯᠭᠠᠨ ᠮᠡᠳᠡᠭᠡ