12 ᠳ᠋ᠤᠭᠠᠷ ᠰᠠᠷ᠎ᠠ᠎ᠶᠢᠨ 2 ᠤᠨ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠪᠥᠬᠥᠳᠡ ᠨᠠᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠪᠠᠢᠭᠤᠯᠤᠭᠳᠠᠭᠰᠠᠨ 50 ᠵᠢᠯ᠎ᠦᠨ ᠣᠶ᠎ᠳᠤ ᠵᠣᠷᠢᠭᠤᠯᠤᠨ ᠯᠠᠤᠰ᠎ᠤᠨ ᠠᠷᠠᠳ᠎ᠤᠨ ᠬᠤᠪᠢᠰᠬᠠᠯᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠲᠦᠩᠯᠦ᠋ᠨ᠎ᠳᠦ ᠪᠠᠶᠠᠷ᠎ᠤᠨ ᠴᠠᠬᠢᠯᠭᠠᠨ ᠢᠯᠡᠭᠡᠪᠡ᠃
ᠰᠢ᠎ᠵᠢᠨ᠎ᠫᠢᠩ ᠵᠢᠭᠠᠵᠤ ᠭᠠᠷᠭᠠᠬᠤ᠎ᠳᠤ᠎ᠪᠠᠨ᠂ ᠯᠠᠤᠰ᠎ᠤᠨ ᠠᠷᠠᠳ᠎ᠤᠨ ᠬᠤᠪᠢᠰᠬᠠᠯᠲᠤ ᠨᠠᠮ ᠯᠠᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠰᠢᠷᠭᠠᠭᠤ ᠬᠠᠲᠠᠭᠤᠵᠢᠯᠲᠠᠢ ᠲᠡᠮᠡᠴᠡᠵᠦ᠂ ᠡᠷᠡᠮᠡᠬᠡᠢᠯᠡᠨ ᠤᠷᠤᠭᠰᠢᠯᠠᠵᠤ᠂ ᠰᠢᠨᠡᠴᠢᠯᠡᠯᠲᠡ ᠨᠡᠭᠡᠭᠡᠯᠲᠡ᠎ᠶᠢᠨ ᠦᠢᠯᠡᠰ᠎ᠦᠨ ᠳᠤᠮᠳᠠ ᠪᠠᠶᠠᠷᠯᠠᠭᠤᠰᠢᠲᠠᠢ ᠠᠮᠵᠢᠯᠲᠠ ᠣᠯᠵᠤ᠂ ᠠᠷᠠᠳ᠎ᠤᠨ ᠠᠮᠢᠳᠤᠷᠠᠯ ᠦᠷᠭᠦᠯᠵᠢᠯᠡᠨ ᠰᠠᠢᠵᠢᠷᠠᠵᠤ᠂ ᠳᠡᠯᠡᠬᠡᠢ᠎ᠶᠢᠨ ᠪᠠ ᠭᠠᠵᠠᠷ ᠣᠷᠣᠨ᠎ᠤ ᠨᠥᠯᠥᠭᠡᠯᠡᠬᠦ ᠬᠦᠴᠦᠨ ᠢᠯᠡᠳᠲᠡ ᠳᠡᠭᠡᠭᠰᠢᠯᠡᠵᠡᠢ᠃ ᠨᠥᠬᠥᠷ ᠮᠥᠷᠲᠡᠭᠡᠨ ᠠᠬ᠎ᠠ ᠳᠡᠭᠦᠦ ᠪᠣᠯᠤᠭᠰᠠᠨ᠎ᠤ ᠬᠤᠪᠢ᠎ᠳᠤ᠂ ᠳᠤᠮᠳᠠᠳᠤ᠎ᠶᠢᠨ ᠲᠠᠯ᠎ᠠ ᠡᠭᠦᠨ᠎ᠳᠦ ᠮᠠᠰᠢ ᠪᠠᠶᠠᠷᠯᠠᠵᠤ ᠪᠠᠢᠨ᠎ᠠ᠃ ᠯᠠᠤᠰ᠎ᠤᠨ ᠲᠠᠯ᠎ᠠ ᠲᠤᠰ ᠤᠯᠤᠰ᠎ᠤᠨ᠎ᠢᠶᠠᠨ ᠪᠠᠢᠳᠠᠯ᠎ᠳᠤ ᠲᠣᠬᠢᠷᠠᠭᠰᠠᠨ ᠨᠡᠢᠭᠡᠮ ᠵᠢᠷᠤᠮ᠎ᠤᠨ ᠵᠠᠮ᠎ᠢᠶᠠᠷ ᠯᠠᠪᠳᠠᠶ᠎ᠠ ᠰᠠᠢᠲᠤᠷ ᠵᠠᠮᠨᠠᠵᠤ᠂ ᠯᠠᠤᠰ᠎ᠤᠨ ᠨᠠᠮ᠎ᠤᠨ ᠠᠷᠪᠠᠨ ᠬᠣᠶᠠᠳᠤᠭᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠶᠢ ᠤᠭᠲᠤᠵᠤ᠂ ᠨᠠᠮ ᠪᠠ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠦᠢᠯᠡᠰ᠎ᠦᠨ ᠰᠢᠨ᠎ᠡ ᠪᠠᠢᠳᠠᠯ᠎ᠢ ᠲᠠᠰᠤᠷᠠᠯᠳᠠ ᠦᠭᠡᠢ ᠨᠡᠭᠡᠭᠡᠵᠦ ᠴᠢᠳᠠᠨ᠎ᠠ ᠭᠡᠳᠡᠭ᠎ᠢ ᠪᠢᠳᠡ ᠪᠠᠲᠤ ᠢᠲᠡᠭᠡᠵᠦ ᠪᠠᠢᠨ᠎ᠠ ᠭᠡᠪᠡ᠃
ᠰᠢ᠎ᠵᠢᠨ᠎ᠫᠢᠩ ᠴᠢᠬᠤᠯᠠᠴᠢᠯᠠᠬᠤ᠎ᠳᠤ᠎ᠪᠠᠨ᠂ ᠶᠡᠷᠦᠩᠬᠡᠢ ᠱᠦᠵᠢ ᠲᠦᠩᠯᠦ᠋ᠨ ᠨᠥᠬᠥᠷ ᠡᠨᠡ ᠵᠢᠯ᠎ᠦᠨ 9 ᠳ᠋ᠦ᠍ᠭᠡᠷ ᠰᠠᠷ᠎ᠠ᠎ᠳᠤ ᠳᠤᠮᠳᠠᠳᠤ ᠤᠯᠤᠰ᠎ᠲᠤ ᠠᠮᠵᠢᠯᠲᠠ᠎ᠲᠠᠢ ᠠᠢᠯᠴᠢᠯᠠᠵᠤ᠂ ᠪᠢ ᠶᠡᠷᠦᠩᠬᠡᠢ ᠱᠦᠵᠢ ᠨᠥᠬᠥᠷ ᠯᠦ᠍ᠭᠡ ᠳᠤᠮᠳᠠᠳᠤ ᠯᠠᠤᠰ᠎ᠤᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠭᠦᠨᠵᠡᠭᠡᠢᠷᠡᠭᠦᠯᠬᠦ ᠲᠤᠬᠠᠢ ᠪᠠᠢᠯᠳᠤᠬᠤ ᠪᠣᠳᠣᠯᠭ᠎ᠠ᠎ᠶᠢᠨ ᠰᠢᠨ᠎ᠡ ᠬᠠᠮᠲᠤ᠎ᠶᠢᠨ ᠲᠠᠨᠢᠯᠲᠠ᠎ᠲᠠᠢ ᠪᠣᠯᠵᠠᠢ᠃ ᠳᠤᠮᠳᠠᠳᠤ ᠤᠯᠤᠰ ᠢᠮᠠᠭᠲᠠ ᠯᠠᠤᠰᠢ ᠡᠷᠬᠢᠨ ᠲᠣᠭᠣᠷᠢᠨ᠎ᠤ ᠭᠠᠳᠠᠭᠠᠳᠤ ᠬᠠᠷᠢᠯᠴᠠᠭᠠᠨ᠎ᠤ ᠲᠡᠷᠢᠭᠦᠨ ᠴᠢᠭᠯᠡᠯ ᠪᠣᠯᠭᠠᠵᠤ᠂ ᠳᠤᠷᠠᠲᠠᠶ᠎ᠠ ᠯᠠᠤᠰ ᠯᠤᠭ᠎ᠠ ᠢᠷᠡᠬᠦ ᠵᠢᠯ᠎ᠦᠨ ᠳᠤᠮᠳᠠᠳᠤ ᠯᠠᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭᠳᠠᠭᠰᠠᠨ 65 ᠵᠢᠯ᠎ᠦᠨ ᠤᠢ᠎ᠪᠠᠷ ᠠᠵᠠ ᠲᠣᠬᠢᠶᠠᠯ ᠪᠣᠯᠭᠠᠵᠤ᠂ ᠤᠯᠠᠮᠵᠢᠯᠠᠯᠲᠤ ᠨᠥᠬᠥᠷᠯᠡᠯ᠎ᠢᠶᠡᠨ ᠦᠷᠭᠦᠯᠵᠢᠯᠡᠭᠦᠯᠵᠦ᠂ ᠪᠦᠯᠬᠦᠮᠳᠡᠯ ᠬᠠᠮᠵᠢᠯᠴᠠᠭ᠎ᠠ᠎ᠪᠠᠨ ᠴᠢᠩᠭᠠᠳᠬᠠᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠯᠠᠤᠰ᠎ᠤᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭ᠎ᠠ᠎ᠶᠢ ᠲᠠᠰᠤᠷᠠᠯᠲᠠ ᠦᠭᠡᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠤᠯᠠᠨ ᠪᠤᠶᠠᠨ ᠦᠢᠯᠡᠳᠴᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ᠎ᠶᠢᠨ ᠡᠩᠬᠡ ᠲᠠᠢᠪᠤᠩ ᠪᠠ ᠬᠥᠭᠵᠢᠯᠲᠡ᠎ᠳᠦ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠪᠡ᠃
ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 12 ᠳ᠋ᠤᠭᠠᠷ ᠰᠠᠷ᠎ᠠ᠎ᠶᠢᠨ 2 ᠤᠨ ᠡᠳᠦᠷ᠎ᠦᠨ ᠴᠠᠬᠢᠯᠭᠠᠨ ᠮᠡᠳᠡᠭᠡ