ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠦᠨᠡᠨ》 ᠰᠡᠳᠬᠦᠯ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠵᠣᠬᠢᠶᠠᠯ᠎ᠢ ᠨᠡᠢᠲᠡᠯᠡᠪᠡ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠎ᠵᠢ ᠠᠬᠢᠭᠤᠯᠬᠤ᠎ᠳᠤ 《ᠲᠠᠪᠤ᠎ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠬᠤ》᠎ᠶᠢ ᠪᠡᠶᠡᠯᠡᠭᠦᠯᠬᠦ ᠬᠡᠷᠡᠭ᠌ᠲᠡᠢ
ᠨᠡᠶ᠋ᠢᠲᠡᠯᠡᠭᠰᠡᠨ ᠴᠠᠭ᠄ 2025-12-03

12 ᠰᠠᠷ᠎ᠠ᠎ᠶ᠋ᠢᠨ 1 ᠎ᠤ᠋ ᠡᠳᠦᠷ ᠬᠡᠪᠯᠡᠭ᠌ᠳᠡᠭᠰᠡᠨ 23 ᠳ᠋ᠤᠭᠠᠷ ᠬᠤᠭᠤᠴᠠᠭᠠᠨ᠎ᠤ 《ᠦᠨᠡᠨ》 ᠰᠡᠳᠬᠦᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ᠎ᠦᠨ 《ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠌᠎ᠶ᠋ᠢ ᠠᠬᠢᠭᠤᠯᠬᠤ᠎ᠳᠤ 〈ᠲᠠᠪᠤ᠎ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠬᠤ〉᠎ᠶᠢ ᠪᠡᠶᠡᠯᠡᠭᠦᠯᠬᠦ᠌ ᠬᠡᠷᠡᠭ᠌ᠲᠡᠶ》 ᠭᠡᠬᠦ᠌ ᠴᠢᠬᠤᠯᠠ ᠵᠣᠬᠢᠶᠠᠯ᠎ᠢ ᠨᠡᠢᠲᠡᠯᠡᠪᠡ᠃

ᠵᠣᠬᠢᠶᠠᠯ᠎ᠳᠤ᠂ ᠥᠪᠡᠷ ᠪᠡᠶ᠎ᠡ᠎ᠶᠢᠨ ᠬᠤᠪᠢᠰᠭᠠᠯ ᠬᠢᠬᠦ᠌ ᠪᠣᠯ ᠮᠠᠨ᠎ᠤ ᠨᠠᠮ᠎ᠤᠨ ᠠᠮᠤᠷ ᠲᠦᠪᠰᠢᠨ ᠰᠠᠮᠠᠭᠤᠷᠠᠯ ᠮᠠᠨᠳᠤᠵᠤ ᠪᠠᠭᠤᠷᠠᠬᠤ ᠲᠡᠦᠬᠡ᠎ᠶ᠋ᠢᠨ ᠦᠶᠡᠯᠡᠯ᠎ᠡᠴᠡ ᠦᠰᠦᠷᠦᠨ ᠭᠠᠷᠤᠬᠰᠠᠨ ᠬᠣᠶᠠᠳᠤᠭᠠᠷ ᠬᠠᠷᠢᠭᠤᠯᠲᠠ ᠪᠣᠯᠤᠨ᠎ᠠ᠃ ᠰᠤᠷᠲᠠᠯ᠎ᠢ ᠠᠳᠭᠤᠬᠤ᠎ᠡᠴᠡ ᠭᠠᠷᠳᠠᠵᠤ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠌ ᠴᠢᠬᠤᠯᠠ ᠲᠤᠷᠱᠢᠯᠭ᠎ᠠ ᠪᠣᠯᠤᠨ᠎ᠠ᠃ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠌᠎ᠶ᠋ᠢᠨ ᠲᠣᠭᠣᠷᠢᠨ᠎ᠳᠤ᠂ ᠰᠡᠳᠭᠢᠴᠡ ᠱᠠᠭᠠᠷᠳᠠᠯᠭ᠎ᠠ ᠪᠦᠷ ᠲᠣᠳᠣᠷᠬᠠᠢ ᠶᠤᠮ᠂ ᠵᠠᠩᠭᠢᠯᠠᠭ᠎ᠠ ᠨᠢ ᠨᠠᠢᠳᠠᠪᠤᠷᠢᠵᠢᠭᠤᠯᠤᠯᠲᠠ᠎ᠶ᠋ᠢ ᠦᠨᠡᠨ ᠬᠦ᠌ ᠪᠣᠳᠠᠲᠠᠢᠵᠢᠭᠤᠯᠬᠤ᠎ᠳᠤ ᠪᠠᠢᠨ᠎ᠠ ᠭᠡᠵᠦ ᠴᠢᠬᠤᠯᠠᠴᠢᠯᠠᠪᠠ᠃

ᠵᠣᠬᠢᠶᠠᠯ᠎ᠳᠤ᠂ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠌ ᠲᠤᠬᠠᠢ ᠲᠠᠨᠢᠯᠲᠠ᠎ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠬᠤ ᠬᠡᠷᠡᠭ᠌ᠲᠡᠢ᠃ ᠤᠳᠤ᠂ ᠮᠠᠨ᠎ᠤ ᠨᠠᠮ᠎ᠤᠨ ᠡᠭᠦᠷᠭᠡᠯᠡᠵᠦ᠍ ᠪᠠᠢᠭ᠎ᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠪᠦᠳᠦᠭᠡᠨ ᠪᠠᠢᠭᠤᠯᠤᠯᠲᠠ᠎ᠶ᠋ᠢᠨ ᠡᠭᠦᠷᠭᠡ ᠲᠤᠢᠯ᠎ᠤᠨ ᠬᠦᠨᠳᠦ ᠨᠦᠰᠡᠷ᠂ ᠲᠤᠯᠭᠠᠷᠠᠵᠤ ᠪᠠᠢᠭ᠎ᠠ ᠲᠦᠷᠦ᠍ ᠪᠠᠷᠢᠬᠤ ᠣᠷᠴᠢᠨ ᠨᠥᠬᠥᠴᠡᠯ ᠲᠤᠢᠯ᠎ᠤᠨ ᠪᠤᠳᠤᠯᠢᠶᠠᠨᠲᠠᠢ ᠪᠠᠢᠨ᠎ᠠ᠂ ᠥᠪᠡᠷ ᠪᠡᠶ᠎ᠡ᠎ᠶᠢᠨ ᠬᠤᠪᠢᠰᠭᠠᠯ ᠬᠢᠬᠦ᠌ ᠡᠨᠡ ᠬᠦ᠌ ᠬᠥᠪᠴᠢ᠎ᠶ᠋ᠢ ᠡᠷᠬᠡᠪᠰᠢ ᠨᠡᠩ ᠴᠢᠩᠭᠠᠯᠠᠬᠤ ᠬᠡᠷᠡᠭ᠌ᠲᠡᠢ᠃ ᠮᠠᠨ᠎ᠤ ᠨᠠᠮ ᠥᠪᠡᠷ ᠪᠡᠶ᠎ᠡ᠎ᠶᠢᠨ ᠬᠤᠪᠢᠰᠭᠠᠯ ᠬᠢᠵᠦ᠍᠂ ᠬᠢᠳᠤᠭᠠᠨ ᠢᠷ᠎ᠢᠶᠡᠨ ᠳᠣᠲᠣᠭ᠍ᠰᠢ᠎ᠪᠠᠨ ᠬᠠᠨᠳᠤᠭᠤᠯᠵᠤ᠂ ᠮᠠᠭᠤ᠎ᠶ᠋ᠢ ᠨᠢ ᠮᠠᠭᠤᠱᠢᠶᠠᠵᠤ ᠰᠠᠢ᠌ᠨ᠎ᠢ ᠨᠢ ᠰᠠᠢᠱᠢᠶᠠᠵᠤ᠂ ᠶᠠᠰᠤ᠎ᠪᠠᠨ ᠬᠤᠰᠤᠵᠤ ᠬᠣᠣᠷ᠎ᠢᠶᠠᠨ ᠠᠷᠢᠯᠭᠠᠬᠤ ᠨᠢ ᠨᠠᠮ᠎ᠤᠨ ᠲᠦᠷᠢ ᠲᠥᠷᠬᠦ᠌ ᠪᠠ ᠢᠲᠡᠭᠡᠯ ᠬᠦᠨᠳᠦ᠍᠎ᠶ᠋ᠢ ᠨᠥᠯᠥᠭᠡᠯᠡᠬᠦ᠌ ᠦᠭᠡᠢ ᠮᠥᠷᠲᠡᠭᠡᠨ ᠬᠠᠷᠢᠨ ᠨᠠᠮ᠎ᠤᠨ ᠲᠦᠷᠢ ᠲᠥᠷᠬᠦ᠌ ᠪᠠ ᠢᠲᠡᠭᠡᠯ ᠬᠦᠨᠳᠦ᠍᠎ᠶ᠋ᠢ ᠳᠡᠭᠡᠭ᠌ᠰᠢᠯᠡᠭᠦᠯᠵᠦ᠍ ᠴᠢᠳᠠᠨ᠎ᠠ; ᠨᠠᠮ᠎ᠤᠨ ᠭᠡᠱᠢᠭᠦᠨ ᠺᠠᠳ᠋ᠷᠴᠤᠳ᠎ᠤᠨ ᠢᠳᠡᠪᠬᠢᠵᠢᠯ᠎ᠢ ᠮᠤᠬᠤᠷᠠᠭᠤᠯᠬᠤ ᠦᠭᠡᠢ ᠮᠥᠷᠲᠡᠭᠡᠨ ᠬᠠᠷᠢᠨ ᠨᠠᠮ᠎ᠤᠨ ᠭᠡᠱᠢᠭᠦᠨ ᠺᠠᠳ᠋ᠷᠴᠤᠳ᠎ᠤᠨ ᠢᠳᠡᠪᠬᠢᠵᠢᠯ᠎ᠢ ᠨᠡᠩ ᠥᠷᠭᠡᠨ ᠳᠡᠯᠭᠡᠷ ᠨᠡᠩ ᠭᠦᠢᠴᠡᠳ ᠳᠠᠢ᠌ᠴᠢᠯᠠᠵᠤ ᠴᠢᠳᠠᠬᠤ ᠶᠤᠮ; ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠥᠯᠥᠭᠡᠯᠡᠬᠦ᠌ ᠥᠬᠡᠶ ᠮᠥᠷᠲᠡᠭᠡᠨ ᠬᠠᠷᠢᠨ ᠴᠢᠨᠠᠷ ᠰᠠᠢᠲᠠᠶ ᠬᠥᠭ᠌ᠵᠢᠯᠲᠡ᠎ᠳᠦ ᠪᠠᠲᠤ ᠴᠢᠩᠭ᠎ᠠ ᠤᠯᠤᠰ ᠲᠥᠷᠥ᠎ᠶ᠋ᠢᠨ ᠪᠠᠲᠤᠯᠠᠭ᠎ᠠ ᠬᠠᠩᠭᠠᠵᠤ ᠴᠢᠳᠠᠨ᠎ᠠ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠨᠠᠮ᠎ᠤᠨ ᠭᠡᠱᠢᠭᠦᠨ ᠺᠠᠳ᠋ᠷᠴᠤᠳ ᠨᠠᠮᠴᠢ ᠴᠢᠨᠠᠷ᠎ᠢᠶᠠᠨ ᠴᠢᠩᠭᠠᠳᠭᠠᠬᠤ᠎ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠬᠤ ᠬᠡᠷᠡᠭ᠌ᠲᠡᠢ᠃ ᠥᠪᠡᠷ ᠪᠡᠶ᠎ᠡ᠎ᠶᠢᠨ ᠬᠤᠪᠢᠰᠭᠠᠯ ᠬᠢᠬᠦ᠌᠎ᠶ᠋ᠢ ᠠᠬᠢᠭᠤᠯᠬᠤ᠎ᠳᠤ ᠡᠷᠬᠡᠪᠰᠢ ᠦᠨᠳᠦᠰᠦ᠎ᠵᠢ ᠪᠡᠬᠢᠵᠢᠭᠦᠯᠦᠨ ᠲᠠᠮᠢᠷ ᠴᠢᠳᠠᠯ᠎ᠢ ᠪᠤᠢᠵᠢᠭᠤᠯᠵᠤ᠂ ᠨᠠᠮᠴᠢ ᠴᠢᠨᠠᠷ᠎ᠢᠶᠠᠨ ᠴᠢᠩᠭᠠᠳᠭᠠᠬᠤ ᠬᠡᠷᠡᠭ᠌ᠲᠡᠢ᠃ ᠭᠣᠣᠯᠳᠠᠯᠭ᠎ᠠ ᠨᠢ ᠬᠦᠰᠡᠯᠡᠩ ᠢᠲᠡᠭᠡᠯ ᠪᠢᠰᠢᠷᠠᠯ᠎ᠢᠶᠠᠨ ᠪᠠᠲᠤᠳᠭᠠᠵᠤ᠂ ᠨᠠᠮ᠎ᠳᠠᠭᠠᠨ ᠦᠨᠡᠨᠴᠢ ᠱᠢᠳᠤᠷᠭᠤ ᠪᠠᠢᠬᠤ᠎ᠵᠢ ᠪᠠᠲᠤ ᠴᠤᠭᠴᠠᠯᠠᠵᠤ᠂ ᠠᠷᠠᠳ ᠲᠦᠮᠡᠨ᠎ᠦ ᠲᠥᠯᠥᠭᠡ ᠵᠢᠳᠬᠦᠬᠦ᠌ ᠬᠠᠢᠷ᠎ᠠ ᠰᠡᠳᠭᠢᠯᠭᠡ᠎ᠶ᠋ᠢ ᠵᠤᠵᠠᠭᠠᠳᠭᠠᠵᠤ᠂ ᠴᠤᠯ ᠴᠡᠪᠡᠷ ᠶᠣᠰᠣ ᠰᠤᠷᠳᠠᠬᠤᠨ ᠵᠠᠩ ᠴᠢᠨᠠᠷ᠎ᠢ ᠪᠤᠢ ᠪᠣᠯᠭᠠᠵᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶ᠋ᠢ ᠪᠠᠲᠤᠯᠠᠬᠤ ᠶᠠᠪᠤᠳᠠᠯ ᠪᠣᠯᠤᠨ᠎ᠠ᠃ ᠤᠨᠤᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠵᠤ᠂ ᠡᠪ ᠬᠠᠮᠲᠤᠴᠤᠳ᠎ᠤᠨ ᠤᠶᠤᠨ ᠰᠠᠨᠠᠭᠠᠨ᠎ᠤ ᠬᠥᠭᠡᠭᠡᠴᠡᠯᠳᠦᠯ᠎ᠢ ᠪᠠᠲᠤ ᠰᠠᠬᠢᠬᠤ ᠬᠡᠷᠡᠭ᠌ᠲᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠦᠢᠯᠡᠳᠦᠯᠭᠡ᠎ᠳᠦ ᠢᠳᠡᠪᠬᠢᠲᠡᠢ ᠣᠷᠣᠯᠴᠠᠵᠤ᠂ ᠠᠵᠢᠯ ᠬᠢᠵᠦ᠍ ᠦᠢᠯᠡᠰ ᠪᠤᠰᠭᠠᠬᠤ ᠳᠤᠮᠳᠠ ᠡᠷᠡᠮᠡᠬᠡᠢᠯᠡᠨ ᠲᠡᠮᠡᠴᠡᠵᠦ᠍᠂ ᠠᠷᠠᠳ ᠲᠦᠮᠡᠨ᠎ᠳᠦ ᠪᠤᠶᠠᠨ ᠦᠢᠯᠡᠳᠬᠦ᠌ ᠳᠤᠮᠳᠠ ᠶᠣᠰᠣ ᠰᠤᠷᠲᠠᠬᠤᠨ᠎ᠤ ᠲᠦᠪᠱᠢᠨ᠎ᠢᠶᠡᠨ ᠳᠡᠭᠡᠭ᠌ᠰᠢᠯᠡᠭᠦᠯᠬᠦ᠌ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠤ ᠢᠳᠡᠪᠬᠢᠲᠡᠢ ᠣᠷᠣᠯᠴᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠥᠮᠦᠵᠢᠯ ᠪᠠ ᠡᠯ᠎ᠡ ᠲᠠᠯ᠎ᠠ᠎ᠶ᠋ᠢᠨ ᠬᠢᠨᠠᠯᠲᠠ᠎ᠶ᠋ᠢ ᠳᠤᠷᠠᠲᠠᠶ᠎ᠠ ᠬᠦᠯᠢᠶᠡᠬᠦ ᠬᠡᠷᠡᠭᠲᠡᠢ᠃ ᠵᠥᠪ ᠪᠤᠷᠤᠭᠤ᠎ᠶ᠋ᠢᠨ ᠨᠡᠢᠲᠡᠯᠢᠭ ᠵᠢᠱ᠌ᠢᠶ᠎ᠡ᠎ᠪᠡᠷ ᠪᠠᠷᠢᠮᠵᠢᠶ᠎ᠠ ᠪᠤᠯᠭᠠᠨ ᠥᠪᠡᠷ᠎ᠦᠨ ᠪᠡᠶ᠎ᠡ᠎ᠪᠡᠨ ᠪᠠᠢᠴᠠᠭᠠᠵᠤ᠂ ᠳᠣᠲᠣᠷ᠎ᠠ᠎ᠪᠠᠨ ᠬᠡᠢ ᠬᠤᠭᠤᠰᠤᠨ ᠪᠣᠳᠣᠯ ᠰᠠᠨᠠᠭ᠎ᠠ᠎ᠶᠢ ᠡᠪᠦᠷᠯᠡᠬᠦ ᠦᠬᠡᠢ᠎ᠪᠡᠷ ᠭᠠᠳᠠᠨ᠎ᠠ᠎ᠪᠠᠨ ᠲᠤᠷ᠎ᠠ ᠲᠠᠪᠠ᠎ᠪᠠᠷ᠎ᠢᠶᠡᠨ ᠠᠭᠠᠰᠢᠯᠠᠬᠤ ᠦᠬᠡᠢ ᠪᠠᠢᠬᠤ᠎ᠶ᠋ᠢ ᠪᠠᠲᠤᠯᠠᠬᠤ ᠬᠡᠷᠡᠭᠲᠡᠢ᠃ ᠬᠥᠮᠦᠨ ᠰᠣᠩᠭᠣᠵᠤ ᠬᠥᠮᠦᠨ ᠬᠡᠷᠡᠭ᠌ᠯᠡᠬᠦ᠌᠎ᠳᠡᠭᠡᠨ ᠨᠠᠮᠴᠢ ᠴᠢᠨᠠᠷ᠎ᠢ ᠨᠢ ᠢᠯᠭᠠᠨ ᠲᠠᠨᠢᠬᠤ᠎ᠶ᠋ᠢ ᠴᠢᠩᠭᠠᠳᠭᠠᠵᠤ᠂ ᠺᠠᠳ᠋ᠷ᠎ᠤᠨ ᠠᠭᠤᠳᠠᠮᠴᠢ ᠪᠠᠭᠳᠠᠭᠠᠮᠵᠢ ᠬᠦᠮᠦᠨ ᠮᠦᠰᠦ ᠪᠠ ᠦᠨᠡᠨᠴᠢ ᠱᠢᠳᠤᠷᠭᠤ᠎ᠶ᠋ᠢᠨ ᠬᠡᠮᠵᠢᠶ᠎ᠡ ᠠᠷᠢᠭᠤᠨ ᠴᠢᠬᠡᠴᠢ᠎ᠶ᠋ᠢᠨ ᠬᠡᠮᠵᠢᠶ᠎ᠡ᠎ᠶ᠋ᠢ ᠱᠢᠯᠭᠠᠨ ᠪᠠᠢᠴᠠᠭᠠᠬᠤ᠎ᠶ᠋ᠢ ᠴᠢᠬᠤᠯᠠᠴᠢᠯᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠡᠷᠬᠡ᠎ᠶ᠋ᠢ ᠵᠢᠷᠤᠮᠵᠢᠭᠤᠯᠤᠨ ᠬᠡᠷᠡᠭ᠌ᠵᠢᠭᠦᠯᠬᠦ᠌᠎ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠬᠤ ᠬᠡᠷᠡᠭ᠌ᠲᠡᠢ᠃ 《ᠲᠦᠷᠪᠡᠨ ᠰᠤᠷᠲᠠᠯ》᠎ᠤ᠋ᠨ ᠣᠯᠠᠩᠬᠢ ᠨᠢ ᠣᠨᠴᠠ ᠡᠷᠬᠡ᠎ᠶ᠋ᠢᠨ ᠦᠵᠡᠯ ᠰᠠᠨᠠᠭ᠎ᠠ᠎ᠡᠴᠡ ᠢᠷᠡᠯᠳᠡ᠎ᠲᠡᠶ᠂ ᠢᠯᠵᠢᠷᠠᠯ᠎ᠤᠨ ᠲᠤᠪᠤᠢ᠌ᠮ᠎ᠠ ᠢᠯᠡᠷᠡᠯ ᠨᠢ ᠡᠷᠬᠡ᠎ᠪᠡᠨ ᠠᠱᠢᠭ᠍ᠯᠠᠨ ᠠᠮᠢ᠎ᠪᠠᠨ ᠪᠣᠷᠳᠣᠬᠤ ᠶᠠᠪᠤᠳᠠᠯ ᠪᠣᠯᠤᠨ᠎ᠠ᠃ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠌᠎ᠶ᠋ᠢᠨ ᠭᠣᠣᠯᠳᠠᠯᠭ᠎ᠠ ᠨᠢ ᠡᠷᠬᠡ᠎ᠶ᠋ᠢ ᠵᠠᠰᠠᠬᠤ᠎ᠳᠤ ᠪᠤᠢ᠃ ᠦᠷᠭᠦᠯᠵᠢᠯᠡᠨ ᠴᠢᠷᠮᠠᠢᠵᠤ ᠡᠷᠬᠡ᠎ᠶ᠋ᠢ ᠦᠨᠡᠨ ᠬᠦ᠌ ᠳᠦᠷᠢᠮ᠎ᠦᠨ ᠱᠢᠩᠭᠡᠯᠢᠭ᠎ᠲᠦ ᠬᠣᠷᠢᠵᠤ᠂ 《ᠦᠬᠡᠷ᠎ᠦᠨ ᠬᠠᠱᠢᠶᠠᠨ᠎ᠳᠤ ᠮᠤᠤᠷ᠎ᠢ ᠬᠣᠷᠢᠬᠤ》᠂ 《ᠴᠠᠭᠠᠰᠤᠨ ᠱᠢᠩᠭᠡᠯᠢᠭ᠎ᠢᠶᠡᠷ ᠪᠠᠷᠰ᠎ᠢ ᠬᠠᠰᠢᠬᠤ》 ᠪᠠᠢᠳᠠᠯ ᠡᠴᠡ ᠪᠦᠲᠦᠮᠵᠢᠲᠡᠢ ᠵᠠᠢᠯᠠᠰᠭᠢᠵᠦ᠍᠂ ᠡᠷᠬᠡ᠎ᠪᠡᠷ᠎ᠢᠶᠡᠨ ᠠᠱᠢᠭ ᠤᠯᠵᠠᠪᠣᠷᠢ ᠬᠥᠭᠡᠭᠡᠴᠡᠯᠳᠦᠬᠦ᠌ ᠣᠷᠣᠨ ᠵᠠᠢ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠬᠤ ᠬᠡᠷᠡᠭ᠌ᠲᠡᠢ᠃ ᠮᠠᠨ᠎ᠤ ᠠᠯᠢᠪᠠ ᠡᠷᠬᠡ᠎ᠶ᠋ᠢ ᠪᠣᠯ ᠴᠥᠮ ᠠᠷᠠᠳ ᠲᠦᠮᠡᠨ ᠣᠯᠭᠣᠭ᠍ᠰᠠᠨ ᠶᠤᠮ᠂ ᠡᠷᠬᠡᠪᠰᠢ ᠵᠥᠪ᠎ᠢᠶᠡᠷ ᠬᠡᠷᠡᠭ᠌ᠵᠢᠭᠦᠯᠵᠦ᠍᠂ ᠠᠷᠠᠳ ᠲᠦᠮᠡᠨ᠎ᠳᠦ ᠬᠠᠷᠢᠭᠤᠴᠠᠬᠤ ᠬᠡᠷᠡᠭ᠌ᠲᠡᠢ᠂ ᠨᠠᠮ᠎ᠤᠨ ᠳᠣᠲᠣᠭᠠᠳᠤ᠎ᠳᠤ ᠣᠨᠴᠠ ᠡᠷᠬᠡ᠎ᠶ᠋ᠢᠨ ᠦᠵᠡᠯ ᠰᠠᠨᠠᠭ᠎ᠠ᠂ ᠣᠨᠴᠠ ᠡᠷᠬᠡ᠎ᠶ᠋ᠢᠨ ᠦᠵᠡᠭ᠌ᠳᠡᠯ ᠣᠷᠣᠱᠢᠬᠤ᠎ᠶ᠋ᠢ ᠵᠥᠪᠱᠢᠶᠡᠷᠡᠬᠦ᠌ ᠦᠭᠡᠢ᠂ ᠠᠱᠢᠭ ᠲᠤᠰᠠ᠎ᠶ᠋ᠢᠨ ᠪᠦᠯᠦᠭ᠌ᠯᠡᠯ᠂ ᠡᠷᠬᠡ ᠪᠠᠢᠷᠢ᠎ᠶ᠋ᠢᠨ ᠪᠦᠯᠬᠦᠮ᠂ ᠣᠨᠴᠠ ᠡᠷᠬᠡ᠎ᠶ᠋ᠢᠨ ᠳᠠᠪᠬᠤᠷᠭ᠎ᠠ ᠪᠤᠢ ᠪᠤᠯᠬᠤ᠎ᠶᠢ ᠨᠡᠩ ᠴᠤ᠌ ᠵᠥᠪᠱᠢᠶᠡᠷᠡᠬᠦ᠌ ᠦᠭᠡᠢ ᠭᠡᠳᠡᠭ᠎ᠢ ᠨᠠᠮ᠎ᠤᠨ ᠭᠡᠰᠢᠭᠦᠨ ᠺᠠᠳ᠋ᠷᠴᠤᠳ ᠴᠠᠭ ᠢᠮᠠᠭᠲᠠ ᠪᠠᠲᠤ ᠴᠡᠭᠡᠵᠢᠯᠡᠬᠦ ᠬᠡᠷᠡᠭᠲᠡᠢ᠃ ᠨᠠᠮ᠎ᠳᠤ ᠣᠷᠣᠵᠤ᠂ ᠺᠠᠳ᠋ᠷ ᠪᠣᠯᠤᠭ᠍ᠰᠠᠨ ᠲᠡᠷᠡ ᠡᠳᠦᠷ᠎ᠡᠴᠡ᠎ᠪᠡᠨ ᠡᠬᠢᠯᠡᠨ ᠠᠷᠠᠳ ᠲᠦᠮᠡᠨ᠎ᠢ ᠪᠢᠰᠢᠷᠠᠨ ᠵᠢᠷᠦᠬᠡᠰᠢᠶᠡᠵᠤ᠂ ᠵᠣᠬᠢᠶᠠᠨ ᠪᠠᠢᠭᠤᠯᠤᠯᠲᠠ᠎ᠶ᠋ᠢ ᠪᠢᠰᠢᠷᠠᠨ ᠵᠢᠷᠦᠬᠡᠰᠢᠶᠡᠵᠤ᠂ ᠬᠠᠤᠯᠢ ᠰᠠᠬᠢᠯᠭ᠎ᠠ᠎ᠶ᠋ᠢ ᠪᠢᠰᠢᠷᠠᠨ ᠵᠢᠷᠦᠬᠡᠰᠢᠶᠡᠬᠦ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠴᠢᠩᠭ᠎ᠠ ᠬᠢᠨᠠᠯᠲᠠ ᠲᠠᠯᠪᠢᠵᠤ ᠰᠠᠬᠢᠯᠭ᠎ᠠ ᠪᠠᠲᠤ᠎ᠶ᠋ᠢ ᠬᠡᠷᠡᠭ᠌ᠵᠢᠭᠦᠯᠬᠦ᠌᠎ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠬᠤ ᠬᠡᠷᠡᠭ᠌ᠲᠡᠢ᠃ ᠴᠢᠩᠭ᠎ᠠ ᠬᠢᠨᠠᠯᠲᠠ ᠲᠠᠯᠪᠢᠵᠤ ᠰᠠᠬᠢᠯᠭ᠎ᠠ ᠪᠠᠲᠤ᠎ᠶ᠋ᠢ ᠬᠡᠷᠡᠭ᠌ᠵᠢᠭᠦᠯᠬᠦ᠌ ᠪᠣᠯ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠌ ᠬᠤᠷᠴᠠ ᠵᠡᠪᠰᠡᠭ ᠮᠥᠨ᠃ ᠰᠠᠬᠢᠯᠭ᠎ᠠ ᠪᠠᠲᠤ ᠬᠠᠤᠯᠢ ᠴᠠᠭᠠᠵᠠ᠎ᠡᠴᠡ ᠵᠥᠷᠢᠴᠡᠭ᠌ᠰᠡᠨ ᠠᠰᠠᠭᠤᠳᠠᠯ᠎ᠢ ᠡᠷᠬᠡᠪᠰᠢ ᠡᠷᠡᠰ ᠱᠢᠢᠳᠪᠦᠷᠢᠯᠡᠬᠦ᠌ ᠬᠡᠷᠡᠭ᠌ᠲᠡᠢ᠂ ᠡᠷᠡᠰ ᠰᠢᠭᠤᠷᠬᠠᠢ ᠬᠠᠲᠠᠭᠤ ᠴᠢᠨᠭᠭ᠎ᠠ ᠠᠷᠭ᠎ᠠ ᠪᠠᠷᠢᠯ ᠦᠬᠡᠢ ᠪᠠᠢᠵᠤ ᠪᠣᠯᠬᠤ ᠦᠭᠡᠢ᠃ ᠴᠢᠩᠭ᠎ᠠ ᠬᠢᠨᠠᠯᠲᠠ ᠲᠠᠯᠪᠢᠬᠤ ᠲᠠᠯ᠎ᠠ᠎ᠪᠠᠷ᠂ ᠨᠠᠮ᠎ᠤᠨ ᠳᠣᠲᠣᠭᠠᠳᠤ᠎ᠶ᠋ᠢᠨ ᠬᠢᠨᠠᠯᠲᠠ ᠲᠠᠯᠪᠢᠬᠤ ᠪᠠ ᠠᠷᠠᠳ ᠲᠦᠮᠡᠨ᠎ᠦ ᠬᠢᠨᠠᠯᠲᠠ ᠲᠠᠯᠪᠢᠬᠤ᠎ᠶ᠋ᠢ ᠤᠶᠠᠯᠳᠤᠭᠤᠯᠵᠤ᠂ ᠡᠯ᠎ᠡ ᠲᠦᠷᠦᠯ᠎ᠦᠨ ᠬᠢᠨᠠᠯᠲᠠ ᠲᠠᠯᠪᠢᠬᠤ᠎ᠶ᠋ᠢ ᠨᠡᠪᠲᠡᠷᠡᠭᠦᠯᠦᠨ ᠵᠣᠬᠢᠴᠠᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠰᠠᠬᠢᠯᠭ᠎ᠠ ᠪᠠᠲᠤ᠎ᠶ᠋ᠢ ᠴᠢᠩᠭ᠎ᠠ ᠬᠡᠷᠡᠭ᠌ᠵᠢᠭᠦᠯᠬᠦ᠌ ᠲᠠᠯ᠎ᠠ᠎ᠪᠠᠷ᠂ ᠪᠠᠷᠢᠮᠵᠢᠶ᠎ᠠ᠎ᠶ᠋ᠢ ᠴᠢᠩᠳᠠᠯᠠᠵᠤ᠂ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶ᠋ᠢᠨ ᠴᠢᠩᠭ᠎ᠠ ᠱᠠᠭᠠᠷᠳᠠᠯᠭ᠎ᠠ᠎ᠶ᠋ᠢ ᠬᠠᠲᠠᠭᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠡᠮᠦᠷ ᠮᠡᠲᠦ ᠬᠠᠲᠠᠭᠤ ᠶᠣᠰᠣ ᠳᠦᠷᠢᠮ᠎ᠢ ᠬᠤᠷᠴᠠ ᠬᠢᠳᠤᠭ᠎ᠠ ᠪᠤᠯᠭᠠᠨ ᠬᠤᠷᠴᠠᠯᠠᠵᠤ᠂ ᠲᠥᠪ ᠪᠤᠰᠤ ᠰᠤᠷᠲᠠᠯ ᠪᠠ ᠢᠯᠵᠢᠷᠠᠮᠠᠯ ᠦᠵᠡᠭ᠌ᠳᠡᠯ ᠢᠯᠡᠷᠡᠮᠡᠭᠴᠡ ᠴᠣᠬᠢᠯᠲᠠ ᠥᠭ᠌ᠴᠦ᠂ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠪᠦᠬᠦ᠌ ᠨᠠᠮ᠎ᠳᠤ ᠡᠴᠦᠰ ᠲᠤᠨᠢ ᠲᠤᠯᠳᠠᠯ᠎ᠠ ᠴᠢᠩᠭ᠎ᠠ ᠪᠠᠢᠬᠤ᠂ ᠥᠴᠦᠬᠡᠨ ᠴᠦ᠍ ᠢᠯᠳᠠᠷ ᠬᠠᠶᠠᠬᠤ ᠦᠭᠡᠢ ᠳᠣᠬᠢᠶ᠎ᠠ ᠵᠢ ᠲᠠᠮᠵᠢᠭᠤᠯᠵᠤ᠂ ᠪᠦᠲᠦᠮᠵᠢᠲᠡᠢ ᠵᠢᠷᠦᠬᠡᠰᠢᠶᠡᠯᠬᠡᠬᠦ ᠦᠢᠯᠡᠳᠦᠯ᠎ᠢ ᠪᠤᠢ ᠪᠤᠯᠭᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠬᠤ ᠬᠡᠷᠡᠭ᠌ᠲᠡᠢ᠃ ᠨᠠᠮ᠎ᠤᠨ ᠪᠠᠢᠭᠤᠯᠤᠯᠲᠠ᠎ᠶ᠋ᠢ ᠰᠠᠢᠲᠤᠷ ᠠᠳᠭᠤᠬᠤ ᠪᠣᠯ ᠲᠤᠰᠢᠶᠠᠯ᠎ᠤᠨ ᠡᠬᠦᠷᠬᠡᠯᠡᠬᠦ ᠶᠤᠰᠤᠳᠠᠢ ᠠᠵᠢᠯ ᠮᠥᠨ᠂ ᠨᠠᠮ᠎ᠤᠨ ᠪᠠᠢᠭᠤᠯᠤᠯᠲᠠ᠎ᠶ᠋ᠢ ᠠᠳᠭᠤᠬᠤ ᠦᠭᠡᠢ ᠪᠣᠯ ᠲᠤᠱᠢᠶᠠᠯ᠎ᠳᠠᠭᠠᠨ ᠣᠰᠣᠯᠳᠠᠭ᠍ᠰᠠᠨ ᠶᠠᠪᠤᠳᠠᠯ ᠮᠥᠨ᠂ ᠨᠠᠮ᠎ᠤᠨ ᠪᠠᠢᠭᠤᠯᠤᠯᠲᠠ᠎ᠶ᠋ᠢ ᠰᠠᠢᠲᠤᠷ ᠠᠳᠭᠤᠬᠤ ᠦᠭᠡᠢ ᠪᠣᠯ ᠲᠤᠱᠢᠶᠠᠯ᠎ᠳᠠᠭᠠᠨ ᠲᠡᠩᠴᠡᠬᠦ᠌ ᠦᠭᠡᠢ ᠶᠠᠪᠤᠳᠠᠯ ᠮᠥᠨ᠃ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠳᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ᠂ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠂ 《ᠨᠢᠭᠡ ᠠᠵᠢᠯ᠎ᠤᠨ ᠪᠠᠢᠷᠢ ᠳ᠋ᠤ ᠬᠤᠤᠰ ᠬᠠᠷᠢᠭᠤᠴᠠᠯᠭ᠎ᠠ ᠡᠭᠦᠷᠭᠡᠯᠡᠬᠦ》 ᠵᠡᠷᠭᠡ ᠪᠠᠢᠳᠠᠭ᠂ ᠡᠳᠡᠭᠡᠷ ᠨᠢ ᠨᠢᠭᠡᠨ ᠪᠦᠷᠢᠨ ᠪᠦᠲᠦᠨ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠪᠦᠷᠢᠯᠳᠦᠭᠦᠯᠵᠦ᠍᠂ ᠬᠠᠷᠢᠭᠤᠴᠠᠯᠭ᠎ᠠ ᠨᠢᠭᠡ ᠪᠦᠷᠢ ᠨᠢ ᠴᠥᠮ ᠮᠠᠰᠢ ᠴᠢᠬᠤᠯᠠ ᠪᠠᠢᠳᠠᠭ᠂ ᠡᠳᠡᠭᠡᠷ᠎ᠢ ᠴᠥᠮ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠢ᠃ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠱᠠᠳᠤ ᠱᠠᠳᠤ᠎ᠪᠠᠷ ᠳᠠᠷᠤᠯᠲᠠ ᠥᠭ᠌ᠴᠦ᠂ ᠴᠢᠩᠭ᠎ᠠ ᠪᠠᠢᠬᠤ ᠠᠭᠤᠷ ᠠᠮᠢᠰᠭᠤᠯ᠎ᠢ ᠦᠨᠡᠨ ᠬᠦ᠌ ᠪᠤᠢ ᠪᠣᠯᠭᠠᠵᠤ᠂ ᠲᠥᠪ ᠰᠤᠷᠲᠠᠯ᠎ᠢ ᠦᠨᠡᠨ ᠬᠦ᠌ ᠪᠤᠢ ᠪᠣᠯᠭᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 11 ᠰᠠᠷ᠎ᠠ᠎ᠶ᠋ᠢᠨ 30 ᠎ᠤ᠋ ᠴᠠᠬᠢᠯᠭᠠᠨ ᠮᠡᠳᠡᠭᠡ

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            