ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭᠯᠠᠯᠲᠠ ᠵᠢᠨ ᠲᠢᠩᠬᠢᠮ 《ᠭᠠᠯ ᠰᠡᠷᠭᠡᠢ᠌ᠯᠡᠬᠦ ᠵᠢ ᠠᠩᠬᠠᠷᠴᠤ᠂ ᠠᠮᠢ ᠨᠠᠰᠤ ᠵᠢ ᠡᠷᠬᠢᠮᠯᠡᠬᠦ》 2020 ᠣᠨ᠎ᠤ ᠨᠠᠮᠤᠷ ᠡᠪᠦᠯ᠎ᠤᠨ ᠤᠯᠠᠷᠢᠯ᠎ᠤᠨ ᠭᠠᠯ ᠰᠡᠷᠭᠡᠢ᠌ᠯᠡᠬᠦ ᠠᠮᠤᠷ ᠲᠦᠪᠰᠢᠨ᠎ᠤ ᠮᠡᠳᠡᠯᠭᠡ ᠵᠢᠨ ᠲᠠᠶ᠋ᠢᠯᠤᠮᠵᠢ ᠵᠢᠴᠢ ᠰᠤᠷᠢᠯᠳᠠ ᠵᠢ ᠵᠣᠬᠢᠶᠠᠨ ᠪᠠᠶ᠋ᠢᠭᠤᠯᠵᠤ ᠦᠷᠨᠢᠬᠦᠯᠪᠡ
ᠨᠡᠶ᠋ᠢᠲᠡᠯᠡᠭᠰᠡᠨ ᠴᠠᠭ᠄ 2020-12-23

     11 ᠰᠠᠷ᠎ᠠ ᠵᠢᠨ 9᠎ᠤ ᠡᠳᠦᠷ᠂ ᠤᠰᠤᠨ ᠠᠰᠢᠭᠯᠠᠯᠲᠠ ᠵᠢᠨ ᠲᠢᠩᠬᠢᠮ᠎ᠤᠨ ᠪᠠᠶ᠋ᠢᠭᠤᠯᠭ᠎ᠠ ᠵᠢᠨ ᠠᠵᠢᠯ ᠶᠠᠪᠤᠳᠠᠯ᠎ᠤᠨ ᠲᠥᠪ᠎ᠨᠢ ᠲᠢᠩᠬᠢᠮ᠎ᠤᠨ ᠪᠠᠶ᠋ᠢᠭᠤᠯᠭ᠎ᠠ ᠵᠢᠴᠢ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠯᠠᠬᠤ ᠠᠰᠠᠷ᠎ᠲᠤ ᠰᠠᠭᠤᠭ᠎ᠠ ᠨᠢᠭᠡᠴᠢ ᠵᠢ ᠵᠣᠬᠢᠶᠠᠨ ᠪᠠᠶ᠋ᠢᠭᠤᠯᠵᠤ ᠭᠠᠯ ᠰᠡᠷᠭᠡᠢ᠌ᠯᠡᠬᠦ ᠠᠮᠤᠷ ᠲᠦᠪᠰᠢᠨ᠎ᠤ ᠮᠡᠳᠡᠯᠭᠡ ᠵᠢᠨ ᠲᠠᠶ᠋ᠢᠯᠤᠮᠵᠢ ᠵᠢᠴᠢ ᠰᠣᠷᠢᠯᠲᠠ ᠬᠢᠵᠡᠢ᠃
      ᠲᠠᠶ᠋ᠢᠯᠤᠮᠵᠢ ᠡᠬᠢᠯᠡᠬᠦ᠎ᠠᠴᠠ ᠡᠮᠦᠨ᠎ᠡ᠂ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ ᠭᠡᠷ᠎ᠤᠨ ᠬᠠᠷᠢᠭᠤᠴᠠᠯᠭ᠋ᠠᠲᠠᠨ ᠸᠠᠩ ᠱᠦᠨ ᠶᠡᠷᠦᠩᠬᠡᠢ ᠠᠯᠪᠠᠨ ᠠᠰᠠᠷ᠎ᠤᠨ ᠭᠠᠯ ᠰᠡᠷᠭᠡᠶ᠋ᠢᠯᠡᠬᠦ ᠠᠮᠤᠷ ᠲᠦᠪᠰᠢᠨ᠎ᠤ ᠠᠵᠢᠯ᠎ᠳᠤ ᠭᠤᠷᠪᠠᠨ ᠱᠠᠭ᠋ᠠᠷᠳᠠᠯᠭ᠎ᠠ ᠳᠤᠷᠠᠳᠴᠠᠢ᠃ ᠨᠢᠭᠡ᠎ᠳᠤ ᠰᠡᠷᠡᠮᠵᠢ᠎ᠪᠠᠨ ᠲᠡᠭᠡᠭᠰᠢᠯᠡᠬᠦᠯᠵᠦ᠂ ᠪᠠᠢ᠌ᠳᠠᠯ᠎ᠢ ᠲᠤᠳᠤᠷᠬᠠᠢ ᠤᠢ᠌ᠯᠠᠭ᠋ᠠᠵᠤ᠂ ᠬᠠᠷᠢᠭᠤᠴᠠᠯᠭ᠋ᠠᠳᠤ ᠤᠪᠤᠷ ᠪᠠ ᠲᠤᠯᠭ᠋ᠠᠮ᠎ᠠ ᠤᠬᠠᠮᠰᠠᠷ᠎ᠪᠠᠨ ᠤᠯᠠᠮ ᠨᠢᠭᠡ ᠠᠯᠬᠤᠮ ᠴᠢᠩᠭ᠋ᠠᠷᠠᠭᠤᠯᠬᠤ ᠬᠡᠷᠡᠭᠲᠡᠢ᠃ ᠬᠤᠶᠠᠷ᠎ᠲᠤ ᠨᠠᠷᠢᠯᠢᠭ ᠪᠠᠢ᠌ᠷᠢᠰᠢᠭᠤᠯᠵᠤ᠂ ᠤᠨᠤᠪᠴᠢᠳᠠᠢ ᠠᠷᠭ᠎ᠠ ᠬᠡᠮᠵᠢᠶ᠎ᠡ ᠠᠪᠴᠤ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠬᠦ ᠬᠡᠷᠡᠭᠲᠡᠢ᠃ ᠭᠤᠷᠪᠠ᠎ᠳᠤ ᠬᠠᠷᠢᠭᠤᠴᠠᠯᠭ᠎ᠠ ᠵᠢ ᠪᠤᠳᠠᠳᠠᠢ᠌ᠵᠢᠭᠤᠯᠵᠤ᠂ ᠭᠠᠯ ᠰᠡᠷᠭᠡᠢ᠌ᠯᠡᠬᠦ ᠠᠮᠤᠷ ᠲᠦᠪᠰᠢᠨ᠎ᠤ ᠬᠠᠷᠠᠯᠲᠠ ᠵᠢᠨ ᠪᠡᠶᠡᠯᠡᠭᠳᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠥᠪᠥᠷ ᠮᠣᠩᠭᠣᠯ᠎ᠤᠨ ᠠᠨ ᠵᠢᠦᠢ ᠭᠠᠯ ᠰᠡᠷᠭᠡᠶ᠋ᠢᠯᠡᠬᠦ ᠺᠤᠮᠫᠠᠨᠢ ᠵᠢᠨ ᠰᠤᠷᠭ᠋ᠠᠭᠴᠢ ᠰᠢᠩ ᠽᠧ ᠭᠤᠸᠠᠩ ᠭᠠᠯ᠎ᠤᠨ ᠭᠠᠮᠰᠢᠭ᠎ᠤᠨ ᠲᠥᠷᠥᠯ   ᠵᠤᠢ᠌ᠯ᠂ ᠡᠬᠦᠰᠬᠦ ᠰᠢᠯᠲᠠᠭ᠋ᠠᠨ ᠵᠢᠴᠢ ᠬᠣᠣᠷ ᠬᠥᠨᠥᠭᠡᠯᠲᠦ ᠴᠢᠨᠠᠷ᠎ᠤᠨ ᠲᠣᠭᠣᠷᠢᠨ᠎ᠳᠤ ᠲᠠᠶ᠋ᠢᠯᠤᠮᠵᠢ ᠬᠢᠵᠡᠢ᠃ ᠬᠥᠮᠦᠰ᠎ᠢ ᠰᠣᠴᠢᠭ᠋ᠠᠮ᠎ᠠ ᠬᠡᠷᠡᠭ᠎ᠤᠨ ᠵᠢᠱ᠌ᠢᠶ᠎ᠡ᠎ᠪᠠᠷ ᠵᠢᠷᠤᠭ ᠪᠢᠴᠢᠭ᠎ᠢ ᠬᠤᠤᠰᠯᠠᠭᠤᠯᠤᠨ ᠭᠠᠯ᠎ᠤᠨ ᠭᠠᠮᠰᠢᠭ᠎ᠤᠨ ᠬᠦᠨᠳᠦ ᠶᠡᠬᠡ ᠬᠥᠨᠥᠭᠡᠯ ᠵᠢᠴᠢ ᠭᠠᠯ ᠰᠡᠷᠭᠡᠶ᠋ᠢᠯᠡᠬᠦ ᠠᠵᠢᠯ᠎ᠤᠨ ᠬᠦᠨᠳᠦ ᠨᠤᠴᠢᠳᠠᠢ ᠴᠢᠨᠠᠷ᠎ᠢ ᠲᠡᠯᠭᠡᠨ ᠦᠵᠡᠭᠦᠯᠵᠡᠢ᠃ ᠲᠠᠢ᠌ᠯᠤᠮᠵᠢ᠎ᠨᠢ ᠡᠯ᠎ᠡ ᠵᠦᠢ᠍ᠯ᠎ᠤᠨ ᠬᠡᠯᠪᠡᠷᠢ ᠵᠢᠨ ᠭᠠᠯ᠎ᠤᠨ ᠠᠶᠤᠯ᠎ᠠᠴᠠ ᠰᠡᠷᠭᠡᠢ᠌ᠯᠡᠵᠦ᠂ ᠥᠪᠡᠷ᠎ᠢ᠎ᠪᠠᠨ ᠠᠪᠤᠷᠠᠬᠤ ᠮᠡᠳᠡᠯᠭᠡ ᠵᠢ ᠭᠤᠤᠯᠳᠠᠯᠭ᠎ᠠ᠎ᠲᠠᠢ ᠲᠠᠢ᠌ᠯᠪᠤᠷᠢᠯᠠᠵᠤ᠂ ᠡᠯ᠎ᠡ ᠵᠦᠢ᠍ᠯ᠎ᠤᠨ ᠵᠠᠪᠠᠯ ᠪᠡᠯᠡᠳᠬᠡᠬᠦ ᠴᠢᠬᠤᠯᠠᠳᠠᠢ ᠠᠮᠤᠷ ᠲᠦᠪᠰᠢᠨ᠎ᠤ ᠪᠠᠭ᠋ᠠᠵᠢ ᠬᠡᠷᠡᠭᠰᠡᠯ ᠵᠢᠴᠢ ᠲᠡᠬᠦᠨ᠎ᠤ ᠬᠡᠷᠡᠭᠯᠡᠬᠦ ᠠᠷᠭ᠎ᠠ ᠵᠢ ᠲᠠᠨᠢᠯᠴᠠᠭᠤᠯᠵᠤ᠂ ᠣᠯᠠᠨ᠎ᠳᠤ ᠬᠡᠷᠬᠢᠨ ᠭᠠᠯ ᠤᠨᠲᠠᠷᠠᠭ᠋ᠠᠬᠤ᠂ ᠬᠡᠷᠬᠢᠨ ᠠᠮᠢ ᠵᠢᠭᠤᠲᠠᠬᠤ ᠪᠠ ᠥᠪᠡᠷ᠎ᠢ᠎ᠪᠠᠨ ᠠᠪᠤᠷᠠᠬᠤ ᠲᠤᠬᠠᠢ ᠣᠶ᠋ᠢᠯᠠᠭ᠋ᠠᠭᠤᠯᠵᠠᠢ᠃
      ᠲᠠᠶ᠋ᠢᠯᠤᠮᠵᠢ ᠳᠠᠭᠤᠰᠤᠭᠰᠠᠨ᠎ᠤ ᠳᠠᠷᠠᠭ᠎ᠠ ᠪᠤᠯᠪᠠᠰᠤᠷᠠᠯ᠎ᠳᠤ ᠤᠷᠤᠯᠴᠠᠭᠰᠠᠳ ᠤᠰᠤᠨ ᠠᠰᠢᠭᠯᠠᠯᠲᠠ ᠵᠢᠨ ᠲᠢᠩᠬᠢᠮ᠎ᠤᠨ ᠶᠡᠷᠦᠩᠬᠡᠢ ᠠᠯᠪᠠᠨ ᠠᠰᠠᠷ᠎ᠤᠨ ᠠᠷᠤ ᠬᠦᠷᠢᠶᠡᠨ᠎ᠳᠤ ᠭᠠᠯ ᠤᠨᠲᠠᠷᠠᠭ᠋ᠠᠬᠤ ᠰᠣᠷᠢᠯᠲᠠ ᠬᠢᠵᠡᠢ᠃ ᠰᠣᠷᠢᠯᠲᠠ᠎ᠨᠢ ᠪᠠᠴᠢᠮ ᠪᠦᠭᠡᠳ ᠡᠮᠬᠢ ᠳᠢᠭᠯᠢᠮ᠎ᠲᠠᠢ ᠶᠠᠪᠤᠭᠳᠠᠵᠤ᠂ ᠲᠡᠭᠦᠰ ᠠᠮᠵᠢᠯᠲᠠ ᠣᠯᠪᠠ᠃ ᠡᠨᠡ ᠤᠳᠠᠭ᠎ᠠ ᠵᠢᠨ ᠭᠠᠯ ᠤᠨᠲᠠᠷᠠᠭ᠋ᠠᠬᠤ ᠰᠣᠷᠢᠯᠲᠠ᠎ᠨᠢ ᠠᠵᠢᠯ᠎ᠤᠨ ᠠᠰᠠᠷ᠎ᠲᠤ ᠰᠠᠭᠤᠭ᠎ᠠ ᠪᠦᠬᠦ ᠬᠥᠮᠦᠰ᠎ᠤᠨ ᠭᠠᠯ ᠰᠡᠷᠭᠡᠢ᠌ᠯᠡᠬᠦ ᠤᠬᠠᠮᠰᠠᠷ᠎ᠢ ᠳᠡᠭᠡᠭᠰᠢᠯᠡᠭᠦᠯᠦᠭᠰᠡᠨ ᠵᠶ᠋ᠡᠷ ᠪᠠᠷᠠᠬᠤ ᠥᠬᠡᠢ ᠪᠠᠰᠠ ᠡᠩ᠎ᠤᠨ ᠭᠠᠯ ᠤᠨᠲᠠᠷᠠᠭ᠋ᠠᠬᠤ ᠪᠠᠭ᠋ᠠᠵᠢ ᠬᠡᠷᠡᠭᠰᠡᠯ᠎ᠢ ᠬᠡᠷᠡᠭᠯᠡᠬᠦ ᠠᠯᠬᠤᠮ ᠳᠠᠷᠠᠭ᠎ᠠ ᠵᠢᠴᠢ ᠠᠷᠭ᠎ᠠ ᠵᠢ ᠡᠵᠡᠮᠰᠢᠵᠦ᠂ ᠣᠯᠠᠨ᠎ᠤ ᠭᠡᠨᠡᠳᠲᠡ ᠵᠢᠨ ᠬᠡᠷᠡᠭ᠎ᠢ ᠠᠷᠭ᠋ᠠᠴᠠᠬᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃
      ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ ᠭᠡᠷ᠂ ᠤᠰᠤᠨ ᠠᠰᠢᠭᠯᠠᠯᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠂ ᠱᠦᠢ ᠰᠢᠨ ᠶᠤᠸᠠᠨ ᠡᠳ᠋ᠯᠡᠩ᠎ᠤᠨ ᠺᠣᠮᠫᠠᠨᠢ ᠵᠢᠨ ᠬᠠᠷᠢᠭᠤᠴᠠᠯᠭ᠋ᠠᠲᠠᠨ ᠵᠢᠴᠢ ᠬᠥᠬᠡᠬᠣᠲᠠ ᠵᠢᠨ ᠭᠠᠯ ᠤᠨᠲᠠᠷᠠᠭ᠋ᠠᠬᠤ ᠶᠡᠷᠦᠩᠬᠡᠢ ᠠᠩᠭᠢ᠂ ᠠᠷᠠᠳ᠎ᠤᠨ ᠵᠠᠮ᠎ᠤᠨ ᠬᠡᠷᠡᠭ ᠡᠷᠬᠢᠯᠡᠬᠦ ᠭᠠᠵᠠᠷ᠂ ᠠᠷᠠᠳ᠎ᠤᠨ ᠵᠠᠮ᠎ᠤᠨ ᠲᠣᠮᠢᠯᠠᠭᠰᠠᠨ ᠰᠠᠯᠪᠤᠷᠢ᠂ ᠭᠠᠵᠠᠷ ᠰᠢᠨᠵᠢᠯᠡᠭᠡᠨ᠎ᠤ ᠲᠣᠪᠴᠢᠶ᠎ᠠ ᠵᠢᠨ ᠬᠣᠶ᠋ᠢᠲᠤ ᠵᠡᠭᠡᠯᠢ ᠵᠢᠨ ᠨᠡᠶ᠋ᠢᠭᠡᠮ ᠲᠣᠭᠣᠷᠢᠭ᠂ ᠵᠦᠩ ᠱᠠᠨ ᠵᠠᠮ᠎ᠤᠨ ᠨᠡᠶ᠋ᠢᠭᠡᠮ ᠲᠣᠭᠣᠷᠢᠭ᠂ ᠳ᠋ᠦᠩ ᠳ᠋ᠡ ᠡᠳ᠋ᠯᠡᠩ᠎ᠤᠨ ᠺᠣᠮᠫᠠᠨᠢ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠪᠠ ᠠᠰᠠᠷ᠎ᠲᠤ ᠰᠠᠭᠤᠭ᠎ᠠ ᠨᠢᠭᠡᠴᠢ ᠵᠢᠨ ᠨᠡᠢ᠌ᠳᠡ 110 ᠭᠠᠷᠤᠢ ᠬᠥᠮᠦᠨ ᠲᠠᠢ᠌ᠯᠤᠮᠵᠢ ᠪᠠ ᠰᠣᠷᠢᠯᠲᠠ ᠵᠢᠨ ᠠᠵᠢᠯᠯᠠᠭ᠎ᠠ᠎ᠳᠤ ᠣᠷᠣᠯᠴᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠢ᠍ᠮᠠᠳᠤᠭ᠋ᠠᠷ ᠲᠣᠭᠣᠷᠢᠨ ᠵᠢᠯᠣᠭᠣᠳᠬᠤ ᠳᠤᠭᠤᠶ᠋ᠢᠯᠠᠩ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠬᠤ ᠪᠠ ᠰᠠᠶ᠋ᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠳᠤ ᠤᠷᠤᠯᠴᠠᠨ ᠵᠢᠯᠤᠭᠤᠳᠤᠯᠭ᠎ᠠ ᠬᠢᠪᠡ
ᠥᠪᠡᠷᠲᠡᠭᠡᠨ ᠵᠠᠰᠠᠬᠤ ᠣᠷᠣᠨ᠎ᠤ ᠭᠣᠣᠯ᠎ᠤᠨ ᠳᠠᠷᠤᠭ᠎ᠠ ᠵᠢᠨ ᠠᠯᠪᠠᠨ ᠭᠡᠷ ᠪᠤᠯᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠴᠠᠭ᠋ᠠᠬᠤ ᠬᠣᠷᠢᠶ᠎ᠠ ᠭᠣᠣᠯ ᠨᠠᠭᠤᠷ᠎ᠢ ᠵᠠᠰᠠᠬᠤ 《ᠨᠠᠮᠤᠷ᠎ᠤᠨ ᠤᠯᠠᠷᠢᠯ》᠎ᠤᠨ ᠠᠵᠢᠯᠯᠠᠭ᠎ᠠ ᠵᠢ ᠪᠠᠶ᠋ᠢᠴᠠᠭ᠋ᠠᠨ ᠰᠤᠳᠤᠯᠬᠤ ᠠᠵᠢᠯ᠎ᠢ ᠪᠠᠶ᠋ᠢᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠂ ᠤᠰᠤᠯᠠᠬᠤ ᠪᠠ ᠤᠰᠤ ᠲᠠᠳᠠᠷᠠᠭᠤᠯᠬᠤ ᠬᠥᠭᠡᠷᠭᠡ ᠵᠢᠨ ᠥᠷᠲᠡᠭᠡ ᠵᠢᠨ ᠪᠠᠷᠢᠮᠵᠢᠶᠠᠯᠠᠭᠰᠠᠨ ᠪᠠ ᠲᠦᠷᠢᠮᠵᠢᠭᠰᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠪᠣᠯᠪᠠᠰᠤᠷᠠᠯ᠎ᠤᠨ ᠠᠩᠭᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠤᠨ ᠲᠤᠭᠤᠰᠢᠯᠠᠭᠤᠯᠬᠤ ᠮᠡᠳᠡᠬᠦᠯᠦᠯᠳᠡ ᠵᠢᠨ ᠬᠤᠷᠠᠯ ᠬᠤᠷᠠᠯᠳᠤᠭᠤᠯᠪᠠ
 
            