ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
2020 ᠣᠨ᠎ᠤ 《ᠬᠣᠶᠠᠷ᠎ᠢ ᠲᠤᠬᠢᠶᠠᠯᠳᠤᠯ ᠵᠶ᠋ᠡᠷ ᠰᠤᠩᠭᠤᠵᠤ᠂ ᠨᠢᠭᠡ ᠵᠢ ᠢᠯᠡ ᠪᠣᠯᠭ᠋ᠠᠬᠤ》 ᠲᠠᠷᠢᠶᠠᠯᠠᠬᠤ ᠮᠠᠯᠵᠢᠬᠤ ᠣᠷᠣᠨ᠎ᠤ ᠤᠰᠤ ᠬᠠᠩᠭ᠋ᠠᠬᠤ ᠨᠢᠭᠡᠴᠢ ᠵᠢᠨ ᠬᠠᠤᠯᠢ ᠬᠡᠷᠡᠭᠵᠢᠬᠦᠯᠦᠯᠳᠡ ᠵᠢ ᠪᠠᠶ᠋ᠢᠴᠠᠭ᠋ᠠᠬᠤ ᠨᠢᠭᠡᠳᠦᠭᠡᠷ ᠳᠤᠭᠤᠶ᠋ᠢᠯᠠᠩ᠎ᠤᠨ ᠪᠠᠶ᠋ᠢᠳᠠᠯ᠎ᠤᠨ ᠳ᠋ᠦᠩᠨᠡᠯᠳᠡ
ᠨᠡᠶ᠋ᠢᠲᠡᠯᠡᠭᠰᠡᠨ ᠴᠠᠭ᠄ 2020-12-23

     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ 2020 ᠣᠨ᠎ᠤ 〈ᠬᠤᠶᠠᠷ᠎ᠢ ᠲᠤᠬᠢᠶᠠᠯᠳᠤᠯ ᠵᠶ᠋ᠡᠷ ᠰᠤᠩᠭᠤᠵᠤ᠂ ᠨᠢᠭᠡ ᠵᠢ ᠢᠯᠡ ᠪᠣᠯᠭ᠋ᠠᠬᠤ〉ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠪᠠᠶ᠋ᠢᠴᠠᠭ᠋ᠠᠬᠤ ᠳᠤᠭᠤᠶ᠋ᠢᠯᠠᠩ 10 ᠰᠠᠷ᠎ᠠ ᠵᠢᠨ 19᠂ 20 ᠪᠣᠯᠤᠨ 26᠎ᠤ ᠡᠳᠦᠷ ᠲᠦᠮᠡᠳ ᠵᠡᠭᠦᠨ ᠬᠤᠰᠢᠭᠤᠨ᠎ᠤ ᠪᠢᠯᠵᠤᠤᠬᠠᠢ ᠤᠰᠤᠨ᠎ᠤ ᠦᠢ᠍ᠯᠡᠳᠪᠦᠷᠢ᠂ ᠬᠥᠬᠡᠬᠣᠲᠠ ᠵᠢᠨ ᠲᠣᠭᠲᠠᠬᠤ ᠰᠢᠶᠠᠨ᠎ᠤ ᠴᠦᠨ ᠬᠤᠸᠠ ᠤᠰᠤ ᠬᠠᠩᠭ᠋ᠠᠬᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠪᠣᠯᠤᠨ ᠪᠠᠶᠠᠨᠨᠠᠭᠤᠷ ᠬᠣᠲᠠ ᠵᠢᠨ ᠯᠢᠨ ᠾᠧ ᠲᠣᠭᠣᠷᠢᠭ᠎ᠤᠨ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠢᠨᠵᠸᠨ᠋ᠸᠷᠢᠩ᠎ᠤᠨ ᠬᠠᠮᠢᠶᠠᠷᠤᠯᠳᠠ ᠵᠢᠨ ᠦᠷᠲᠡᠭᠡ᠎ᠳᠤ ᠪᠠᠶ᠋ᠢᠴᠠᠭ᠋ᠠᠯᠲᠠ ᠬᠢᠪᠡ᠃ ᠣᠳᠣ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠳᠣᠣᠷᠠᠬᠢ ᠮᠡᠲᠦ᠎ᠪᠠᠷ ᠳ᠋ᠦᠩᠨᠡᠨ᠎ᠡ᠄
      ᠪᠠᠢ᠌ᠴᠠᠭ᠋ᠠᠭᠰᠠᠨ ᠠᠭᠤᠯᠭ᠎ᠠ
      ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠯᠭ᠎ᠠ ᠵᠢᠨ ᠪᠠᠶ᠋ᠢᠳᠠᠯ᠎ᠤᠨ ᠪᠠᠶ᠋ᠢᠴᠠᠭ᠋ᠠᠯᠲᠠ᠎ᠳᠤ ᠤᠰᠤᠨ᠎ᠤ ᠴᠢᠨᠠᠷ᠎ᠨᠢ ᠤᠯᠤᠰ᠎ᠤᠨ ᠠᠮᠢᠳᠤᠷᠠᠯ᠎ᠤᠨ ᠤᠤᠭᠤᠬᠤ ᠤᠰᠤᠨ᠎ᠤ ᠡᠷᠡᠭᠦᠯ ᠬᠠᠮᠠᠭ᠋ᠠᠯᠠᠯ᠎ᠤᠨ ᠪᠠᠷᠢᠮᠵᠢᠶ᠎ᠠ᠎ᠳᠤ ᠨᠡᠶ᠋ᠢᠴᠡᠬᠦ ᠡᠰᠡᠬᠦ; ᠳᠤᠷ᠎ᠠ ᠵᠣᠷᠢᠭ ᠵᠶ᠋ᠠᠷ ᠵᠶ᠋ᠠᠨ ᠤᠰᠤ ᠬᠠᠩᠭ᠋ᠠᠬᠤ ᠵᠢ ᠵᠣᠭᠰᠣᠭ᠋ᠠᠭᠰᠠᠨ ᠡᠰᠡᠬᠦ ᠪᠤᠶᠤ ᠤᠰᠤ ᠵᠣᠭᠰᠣᠭ᠋ᠠᠬᠤ ᠮᠡᠳᠡᠭᠳᠡᠯ᠎ᠤᠨ ᠡᠭᠦᠷᠭᠡ᠎ᠪᠠᠨ   ᠭᠦᠢ᠍ᠴᠡᠳᠬᠡᠭᠰᠡᠨ ᠡᠰᠡᠬᠦ; ᠤᠰᠤ ᠬᠠᠩᠭ᠋ᠠᠬᠤ ᠲᠥᠬᠥᠭᠡᠷᠦᠮᠵᠢ ᠭᠡᠮ ᠰᠤᠭᠤᠭ ᠭᠠᠷᠤᠭᠰᠠᠨ ᠪᠠᠢ᠌ᠳᠠᠯ᠎ᠳᠤ ᠲᠠᠷᠤᠢ᠎ᠳᠤ᠎ᠨᠢ ᠵᠤᠬᠢᠶᠠᠨ ᠪᠠᠢ᠌ᠭᠤᠯᠵᠤ ᠵᠠᠰᠠᠵᠤ ᠰᠡᠯᠪᠢᠭᠰᠡᠨ ᠡᠰᠡᠬᠦ᠂ ᠤᠰᠤᠨ᠎ᠤ ᠴᠢᠨᠠᠷ᠎ᠤᠨ ᠪᠣᠬᠢᠷᠲᠤᠯ   ᠡᠬᠦᠰᠦᠭᠰᠡᠨ᠎ᠢ ᠴᠠᠭ ᠲᠤᠬᠠᠢ᠎ᠳᠤ᠎ᠨᠢ ᠲᠡᠭᠡᠭᠰᠢ ᠮᠡᠳᠡᠬᠦᠯᠦᠭᠰᠡᠨ ᠡᠰᠡᠬᠦ ᠪᠠ ᠤᠰᠤ ᠬᠡᠷᠡᠭᠯᠡᠵᠦ ᠪᠠᠶ᠋ᠢᠭ᠎ᠠ ᠡᠷᠦᠬᠡ᠎ᠠᠴᠠ ᠳᠤᠷ᠎ᠠ᠎ᠪᠠᠷ ᠵᠶ᠋ᠠᠨ ᠦᠨ᠎ᠡ ᠨᠡᠮᠡᠵᠦ ᠤᠰᠤᠨ᠎ᠤ ᠰᠦᠢ᠍ᠳᠬᠡᠯ ᠬᠤᠷᠢᠶᠠᠭᠰᠠᠨ ᠡᠰᠡᠬᠦ ᠵᠡᠷᠭᠡ ᠵᠢ ᠪᠠᠭᠳᠠᠭ᠋ᠠᠨ᠎ᠠ᠃
      ᠪᠠᠢ᠌ᠴᠠᠭ᠋ᠠᠯᠳᠠ ᠵᠢᠨ ᠵᠢᠷᠤᠮ
      ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠬᠠᠷᠢᠯᠴᠠᠬᠤ ᠠᠷᠭ᠎ᠠ ᠮᠠᠶᠢᠭ᠎ᠤᠨ ᠶᠣᠰᠣᠭ᠋ᠠᠷ ᠬᠠᠷᠢᠯᠴᠠᠬᠤ ᠬᠥᠮᠦᠨ ᠵᠶ᠋ᠡᠨ ᠲᠤᠭᠳᠠᠭ᠋ᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ〈ᠬᠤᠶᠠᠷ᠎ᠢ ᠲᠤᠬᠢᠶᠠᠯᠳᠤᠯ ᠵᠶ᠋ᠡᠷ ᠰᠤᠩᠭᠤᠵᠤ᠂ ᠨᠢᠭᠡ ᠵᠢ ᠢᠯᠡ ᠪᠣᠯᠭ᠋ᠠᠬᠤ〉 ᠲᠤᠬᠠᠢ ᠵᠢᠨ ᠭᠠᠵᠠᠷ᠎ᠤᠨ ᠪᠠᠶ᠋ᠢᠴᠠᠭ᠋ᠠᠯᠲᠠ ᠬᠢᠬᠦ ᠮᠡᠳᠡᠭᠳᠡᠯ᠎ᠤᠨ ᠪᠢᠴᠢᠭ》᠎ᠢ ᠤᠷᠢᠳᠠᠪᠡᠷ ᠪᠠᠢ᠌ᠴᠠᠭ᠋ᠠᠭᠳᠠᠬᠤ ᠨᠢᠭᠡᠴᠢ᠎ᠳᠤ       ᠬᠦᠷᠭᠡᠵᠦ᠂ ᠪᠠᠢ᠌ᠴᠠᠭ᠋ᠠᠬᠤ ᠭᠤᠤᠯ ᠠᠭᠤᠯᠭ᠎ᠠ᠂ ᠪᠠᠶ᠋ᠢᠴᠠᠭ᠋ᠠᠬᠤ᠎ᠳᠤ ᠪᠡᠯᠡᠳᠬᠡᠬᠦ ᠮᠠᠲ᠋ᠧᠷᠢᠶᠠᠯ ᠪᠣᠯᠤᠨ ᠪᠠᠢ᠌ᠴᠠᠭ᠋ᠠᠬᠤ ᠡᠳᠦᠷ   ᠬᠤᠭᠤᠴᠠᠭ᠎ᠠ ᠵᠢ ᠮᠡᠳᠡᠭᠳᠡᠪᠡ᠃
      ᠪᠠᠢ᠌ᠴᠠᠭ᠋ᠠᠭᠰᠠᠨ ᠠᠷᠭ᠎ᠠ ᠮᠠᠶᠢᠭ
      ᠤᠰᠤᠨ᠎ᠤ ᠦᠢ᠍ᠯᠡᠳᠪᠦᠷᠢ᠎ᠳᠤ ᠰᠠᠭᠤᠳᠠᠯ᠎ᠤᠨ ᠬᠤᠷᠠᠯ ᠬᠢᠬᠦ᠂ ᠮᠠᠲ᠋ᠧᠷᠢᠶᠠᠯ ᠦᠵᠡᠬᠦ᠂ ᠲᠤᠬᠠᠢ ᠵᠢᠨ ᠭᠠᠵᠠᠷ᠎ᠲᠤ᠎ᠨᠢ ᠣᠴᠢᠵᠤ ᠦᠵᠡᠬᠦ ᠪᠠ ᠤᠰᠤ ᠬᠡᠷᠡᠭᠯᠡᠬᠦ ᠡᠷᠦᠬᠡ ᠵᠢ ᠰᠤᠷᠪᠤᠯᠵᠢᠯᠠᠬᠤ ᠵᠡᠷᠭᠡ ᠵᠢ ᠬᠠᠷᠢᠯᠴᠠᠨ ᠤᠶᠠᠯᠳᠤᠭᠤᠯᠤᠭᠰᠠᠨ ᠪᠠᠶ᠋ᠢᠴᠠᠭ᠋ᠠᠬᠤ ᠠᠷᠭ᠎ᠠ ᠬᠡᠯᠪᠡᠷᠢ ᠵᠢ ᠠᠪᠴᠠᠢ᠃
      ᠪᠠᠶ᠋ᠢᠴᠠᠭ᠋ᠠᠭᠰᠠᠨ ᠪᠠᠶ᠋ᠢᠳᠠᠯ
      ᠨᠢᠭᠡ᠂ ᠲᠦᠮᠡᠳ ᠵᠡᠭᠦᠨ ᠬᠤᠰᠢᠭᠤᠨ᠎ᠤ ᠪᠢᠯᠵᠤᠤᠬᠠᠢ ᠤᠰᠤᠨ᠎ᠤ ᠦᠢ᠍ᠯᠡᠳᠪᠦᠷᠢ
     1. ᠤᠰᠤᠨ᠎ᠤ ᠦᠢ᠍ᠯᠡᠳᠪᠦᠷᠢ᠎ᠠᠴᠠ ᠭᠠᠷᠭ᠋ᠠᠵᠤ ᠦᠵᠡᠬᠦᠯᠦᠭᠰᠡᠨ ᠲᠦᠮᠡᠳ ᠵᠡᠭᠦᠨ ᠬᠤᠰᠢᠭᠤᠨ᠎ᠤ ᠡᠪᠡᠳᠴᠢᠨ ᠡᠮᠬᠡᠭ᠎ᠢ ᠰᠡᠷᠭᠡᠶ᠋ᠢᠯᠡᠨ ᠡᠵᠡᠮᠳᠡᠬᠦ ᠲᠥᠪ᠎ᠤᠨ 2020 ᠣᠨ᠎ᠤ 5 ᠰᠠᠷ᠎ᠠ ᠵᠢᠨ 7᠎ᠤ ᠡᠳᠦᠷ᠎ᠤᠨ 《ᠰᠢᠯᠭ᠋ᠠᠨ ᠪᠠᠶ᠋ᠢᠴᠠᠭ᠋ᠠᠭᠰᠠᠨ ᠮᠡᠳᠡᠭᠦᠯᠦᠯᠲᠡ》 (ᠰᠢᠯᠭ᠋ᠠᠯᠳᠠ ᠦᠰᠦᠭᠳᠦ ᠤᠤᠭᠤᠬᠤ ᠤᠰᠤᠨ᠎ᠤ ᠡᠷᠡᠭᠦᠯ ᠬᠠᠮᠠᠭ᠋ᠠᠯᠠᠯ᠎ᠤᠨ     20 —SW-024   ᠲᠤᠭ᠋ᠠᠳᠤ) ᠵᠢ ᠦᠨᠳᠦᠰᠦᠯᠡᠪᠡᠯ᠂ ᠲᠤᠰ ᠦᠢ᠍ᠯᠡᠳᠪᠦᠷᠢ ᠵᠢᠨ ᠠᠮᠢᠳᠤᠷᠠᠯ᠎ᠤᠨ ᠤᠤᠭᠤᠬᠤ ᠤᠰᠤᠨ᠎ᠤ ᠡᠯ᠎ᠡ ᠵᠦᠢ᠍ᠯ᠎ᠤᠨ   ᠵᠢᠭ᠋ᠠᠯᠳᠠ ᠲᠣᠭ᠎ᠠ ᠵᠢᠨ ᠳᠣᠲᠣᠷᠠᠬᠢ ᠠᠽᠣᠲ ᠬᠦᠴᠢᠯ᠎ᠤᠨ ᠳᠠᠪᠤᠰᠤᠨ᠎ᠤ ᠬᠡᠮᠵᠢᠶ᠎ᠡ᠎ᠨᠢ ᠪᠠᠷᠢᠮᠵᠢᠶ᠎ᠠ᠎ᠠᠴᠠ ᠬᠡᠳᠦᠷᠡᠵᠦ᠂ ᠮᠡᠳᠡᠭᠦᠯᠦᠯᠲᠡ᠎ᠳᠠᠬᠢ ᠲᠤᠰ ᠵᠢᠭ᠋ᠠᠯᠳᠠ ᠲᠣᠭ᠎ᠠ ᠵᠢ 16mg / L ᠪᠠᠢ᠌ᠵᠤ᠂ ᠤᠯᠤᠰ᠎ᠤᠨ ᠪᠠᠷᠢᠮᠵᠢᠶ᠎ᠠ(10mg/L)᠎ᠠᠴᠠ 6mg/L ᠲᠠᠪᠠᠵᠠᠢ᠃ 9 ᠰᠠᠷ᠎ᠠ᠎ᠳᠤ ᠦᠪᠡᠷᠲᠡᠭᠡᠨ ᠵᠠᠰᠠᠬᠤ ᠤᠷᠤᠨ᠎ᠤ ᠤᠰᠤᠨ ᠠᠰᠢᠭᠯᠠᠯᠳᠠ ᠵᠢᠨ ᠲᠢᠩᠬᠢᠮ᠎ᠠᠴᠠ ᠲᠤᠰ ᠦᠢ᠍ᠯᠡᠳᠪᠤᠷᠢ᠎ᠳᠤ ᠭᠠᠰᠢᠭᠤᠨ ᠱᠤᠷᠪᠤᠭ ᠤᠰᠤ ᠵᠢᠨ ᠲᠦᠷᠦᠯ ᠵᠤᠢ᠌ᠯ᠎ᠤᠨ ᠮᠦᠩᠬᠦ 531 ᠲᠦᠬᠦᠷᠢᠭ ᠲᠤᠬᠢᠷᠠᠭᠤᠯᠵᠤ᠂ ᠲᠡᠭᠡᠷ᠎ᠡ ᠲᠤᠷᠠᠳᠤᠭᠰᠠᠨ ᠤᠰᠤᠨ᠎ᠤ ᠵᠢᠭ᠋ᠠᠯᠳᠠ ᠲᠤᠭ᠎ᠠ ᠵᠢ ᠰᠠᠢ᠌ᠵᠢᠷᠠᠭᠤᠯᠬᠤ᠎ᠳᠤ ᠬᠡᠷᠡᠭᠯᠡᠬᠦᠯᠵᠦ᠂ ᠲᠤᠰ ᠵᠢᠯ᠎ᠤᠨ ᠡᠴᠦᠰ᠎ᠲᠤ ᠪᠡᠶᠡᠯᠡᠬᠦᠯᠬᠦ᠎ᠪᠠᠷ ᠲᠦᠯᠦᠪᠯᠡᠵᠦ ᠪᠤᠢ᠃      2. ᠲᠤᠰ ᠤᠰᠤᠨ᠎ᠤ ᠦᠢ᠍ᠯᠡᠳᠪᠦᠷᠢ ᠪᠣᠯ ᠬᠤᠰᠢᠭᠤᠨ᠎ᠤ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠬᠣᠶᠠᠳᠤᠭ᠋ᠠᠷ ᠳᠡᠰ᠎ᠤᠨ ᠠᠵᠢᠯ ᠦᠢ᠍ᠯᠡᠰ᠎ᠤᠨ ᠨᠢᠭᠡᠴᠢ ᠪᠠᠢ᠌ᠵᠤ᠂ ᠠᠵᠢᠯᠲᠠᠨ᠎ᠤ ᠵᠠᠷᠤᠳᠠᠯ ᠵᠢᠴᠢ ᠡᠳᠦᠷ ᠳᠣᠳᠣᠮ᠎ᠤᠨ ᠰᠡᠯᠪᠢᠨ ᠵᠠᠰᠠᠯᠳᠠ ᠵᠢᠨ ᠵᠠᠷᠤᠳᠠᠯ᠎ᠢ ᠬᠤᠰᠢᠭᠤᠨ᠎ᠤ ᠡᠳ᠋᠎ᠤᠨ ᠵᠠᠰᠠᠭ᠎ᠠᠴᠠ ᠬᠠᠩᠭ᠋ᠠᠵᠤ᠂ ᠤᠰᠤᠨ᠎ᠤ ᠰᠦᠢ᠍ᠳᠭᠡᠯ ᠬᠤᠷᠢᠶᠠᠳᠠᠭ ᠦᠭᠡᠢ᠃ ᠲᠤᠬᠠᠢ ᠵᠢᠨ ᠲᠠᠯᠠᠪᠠᠢ᠎ᠳᠤ ᠤᠰᠤ ᠬᠡᠷᠡᠭᠯᠡᠬᠦ ᠭᠤᠷᠪᠠᠨ ᠡᠷᠦᠬᠡ ᠵᠢ ᠰᠤᠷᠪᠤᠯᠵᠢᠯᠠᠭᠰᠠᠨ᠎ᠠᠴᠠ ᠲᠤᠰᠬᠠᠭᠰᠠᠨ᠎ᠨᠢ ᠤᠰᠤᠨ᠎ᠤ ᠰᠦᠢ᠍ᠳᠭᠡᠯ ᠬᠤᠷᠢᠶᠠᠭᠰᠠᠨ ᠦᠭᠡᠢ᠃
     3. ᠤᠰᠤᠨ᠎ᠤ ᠦᠢ᠍ᠯᠡᠳᠪᠦᠷᠢ ᠵᠢᠨ ᠡᠳᠦᠷ ᠳᠣᠳᠣᠮ᠎ᠤᠨ ᠠᠵᠢᠯ᠎ᠤᠨ ᠡᠬᠡ ᠳᠠᠩᠰᠠ ᠂ ᠪᠠᠢ᠌ᠴᠠᠭ᠋ᠠᠨ ᠰᠡᠯᠪᠢᠬᠦ ᠵᠢᠷᠤᠭ ᠪᠢᠴᠢᠭ᠎ᠤᠨ ᠮᠠᠲ᠋ᠧᠷᠢᠶᠠᠯ᠎ᠢ ᠪᠠᠶ᠋ᠢᠴᠠᠭ᠋ᠠᠨ ᠦᠵᠡᠬᠦ ᠪᠠ ᠤᠰᠤ ᠬᠡᠷᠡᠭᠯᠡᠵᠦ ᠪᠠᠶ᠋ᠢᠭ᠎ᠠ ᠡᠷᠦᠬᠡ ᠵᠢ ᠰᠤᠷᠪᠤᠯᠵᠢᠯᠠᠭᠰᠠᠨ᠎ᠠᠴᠠ ᠦᠵᠡᠬᠦ᠎ᠳᠤ ᠳᠤᠷ᠎ᠠ᠎ᠪᠠᠷ ᠵᠶ᠋ᠠᠨ ᠤᠰᠤ ᠵᠤᠭᠰᠤᠭ᠋ᠠᠵᠤ ᠮᠡᠳᠡᠭᠳᠡᠬᠦ ᠡᠬᠦᠷᠭᠡ᠎ᠪᠠᠨ ᠬᠦᠢ᠍ᠴᠡᠳᠭᠡᠭᠰᠡᠨ ᠦᠭᠡᠢ᠂ ᠤᠰᠤ ᠬᠠᠩᠭ᠋ᠠᠬᠤ ᠪᠡᠯᠡᠳᠬᠡᠮᠵᠢ ᠭᠡᠮ ᠰᠤᠭᠤᠭ ᠭᠠᠷᠤᠭ᠋ᠠᠳ ᠴᠠᠭ ᠲᠤᠬᠠᠢ᠎ᠳᠤᠨᠢ ᠵᠣᠬᠢᠶᠠᠨ ᠪᠠᠶ᠋ᠢᠭᠤᠯᠵᠤ ᠰᠡᠯᠪᠢᠨ ᠵᠠᠰᠠᠭᠰᠠᠨ ᠦᠭᠡᠢ᠂ ᠤᠰᠤᠨ᠎ᠤ ᠴᠢᠨᠠᠷ᠎ᠤᠨ ᠪᠣᠬᠢᠷᠲᠤᠯ ᠡᠭᠦᠰᠦᠭᠰᠡᠨ ᠪᠠᠶ᠋ᠢᠲᠠᠯ᠎ᠠ ᠴᠠᠭ ᠲᠤᠬᠠᠢ᠎ᠳᠤᠨᠢ ᠳᠡᠭᠡᠭᠰᠢ ᠮᠡᠳᠡᠭᠦᠯᠦᠭᠰᠡᠨ ᠦᠭᠡᠢ ᠵᠡᠷᠭᠡ ᠠᠰᠠᠭᠤᠳᠠᠯ ᠤᠷᠤᠰᠢᠵᠤ ᠪᠠᠢ᠌ᠬᠤ ᠵᠢ ᠤᠯᠵᠤ ᠢᠯᠡᠷᠡᠬᠦᠯᠦᠭᠰᠡᠨ ᠦᠭᠡᠢ᠃
      ᠬᠤᠶᠠᠷ᠂ ᠬᠥᠬᠡᠬᠣᠲᠠ ᠵᠢᠨ ᠲᠣᠭᠲᠠᠬᠤ ᠰᠢᠶᠠᠨ᠎ᠤ ᠴᠦᠨ ᠬᠤᠸᠠ ᠤᠰᠤ ᠬᠠᠩᠭ᠋ᠠᠬᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ
     1. ᠤᠯᠤᠰ᠎ᠤᠨ ᠬᠣᠲᠠ ᠵᠢᠨ ᠤᠰᠤ ᠬᠠᠩᠭ᠋ᠠᠬᠤ ᠤᠰᠤᠨ᠎ᠤ ᠴᠢᠨᠠᠷ᠎ᠢ ᠰᠢᠯᠭ᠋ᠠᠨ ᠬᠡᠮᠵᠢᠬᠦ ᠰᠦᠯᠵᠢᠶᠡᠨ᠎ᠤ ᠬᠥᠬᠡᠬᠣᠲᠠ ᠵᠢᠨ ᠬᠢᠨᠠᠨ ᠬᠡᠮᠵᠢᠬᠦ ᠥᠷᠲᠡᠭᠡ ᠵᠢᠨ 2020 ᠣᠨ᠎ᠤ 8 ᠰᠠᠷ᠎ᠠ ᠵᠢᠨ 17᠎ᠤ ᠡᠳᠦᠷ ᠭᠠᠷᠭ᠋ᠠᠭᠰᠠᠨ 《ᠰᠢᠯᠭ᠋ᠠᠨ ᠪᠠᠶ᠋ᠢᠴᠠᠭ᠋ᠠᠭᠰᠠᠨ ᠬᠢᠨᠠᠨ ᠬᠡᠮᠵᠢᠭᠰᠡᠨ ᠮᠡᠳᠡᠭᠦᠯᠦᠯᠲᠡ》 (HHHHHHTZ/ BG2020-1248) ᠵᠢ ᠦᠨᠳᠦᠰᠦᠯᠡᠪᠡᠯ᠂ ᠲᠤᠰ ᠤᠰᠤᠨ᠎ᠤ ᠦᠢ᠍ᠯᠡᠳᠪᠦᠷᠢ ᠵᠢᠨ ᠠᠮᠢᠳᠤᠷᠠᠯ᠎ᠤᠨ ᠤᠤᠭᠤᠬᠤ ᠤᠰᠤᠨ᠎ᠤ ᠡᠯ᠎ᠡ ᠵᠦᠢ᠍ᠯ᠎ᠤᠨ ᠵᠢᠭ᠋ᠠᠯᠳᠠ ᠲᠣᠭ᠎ᠠ ᠴᠥᠮ ᠬᠢᠷᠢ ᠲᠡᠩᠴᠡᠵᠡᠢ᠃
     2. ᠲᠤᠰ ᠤᠰᠤᠨ᠎ᠤ ᠦᠢ᠍ᠯᠡᠳᠪᠦᠷᠢ ᠵᠢᠨ ᠨᠢᠭᠡᠨᠲᠡ ᠢᠯᠡ ᠨᠡᠶ᠋ᠢᠲᠡᠯᠡᠭᠰᠡᠨ 《ᠬᠥᠬᠡᠬᠣᠲᠠ ᠵᠢᠨ ᠲᠣᠭᠲᠠᠬᠤ ᠰᠢᠶᠠᠨ᠎ᠤ ᠴᠦᠨ ᠬᠤᠸᠠ ᠵᠢᠨ ᠤᠰᠤ ᠬᠠᠩᠭ᠋ᠠᠬᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠤᠰᠤᠨ᠎ᠤ ᠰᠦᠢ᠍ᠳᠬᠡᠯ᠎ᠤᠨ ᠪᠠᠷᠢᠮᠵᠢᠶ᠎ᠠ》 ᠵᠢ ᠦᠨᠳᠦᠰᠦᠯᠡᠪᠡᠯ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠠᠴᠠ ᠲᠤᠭᠳᠠᠭ᠋ᠠᠭᠰᠠᠨ ᠤᠰᠤᠨ᠎ᠤ ᠰᠦᠢ᠍ᠳᠬᠡᠯ᠎ᠨᠢ 3.1 ᠲᠥᠭᠥᠷᠢᠭ / ᠲᠤᠨ ᠪᠠᠢ᠌ᠵᠤ᠂ ᠤᠰᠤ ᠬᠡᠷᠡᠭᠯᠡᠬᠦ ᠡᠷᠦᠬᠡ᠎ᠳᠤ ᠰᠤᠷᠪᠤᠯᠵᠢᠯᠠᠯ ᠬᠢᠭᠰᠡᠨ ᠪᠠᠢ᠌ᠳᠠᠯ᠎ᠠᠴᠠ ᠦᠵᠡᠬᠦ᠎ᠳᠤ ᠤᠰᠤᠨ᠎ᠤ ᠰᠦᠢ᠍ᠳᠬᠡᠯ᠎ᠢ ᠦᠨ᠎ᠡ ᠨᠡᠮᠡᠵᠦ ᠬᠤᠷᠢᠶᠠᠭᠰᠠᠨ ᠠᠰᠠᠭᠤᠳᠠᠯ ᠢᠯᠡᠷᠡᠭᠰᠡᠨ ᠦᠭᠡᠢ᠃
     3. ᠤᠰᠤᠨ᠎ᠤ ᠦᠢ᠍ᠯᠡᠳᠪᠦᠷᠢ ᠵᠢᠨ ᠡᠵᠡᠮᠰᠢᠯ᠎ᠤᠨ ᠲᠡᠮᠳᠡᠭᠯᠡᠯ᠎ᠤᠨ ᠡᠮᠬᠢᠳᠬᠡᠯ᠂ ᠮᠸᠬᠠᠨᠢᠭ ᠰᠡᠯᠪᠢᠨ ᠵᠠᠰᠠᠬᠤ ᠠᠩᠭᠢ ᠳᠤᠭᠤᠶ᠋ᠢᠯᠠᠩ᠎ᠤᠨ ᠪᠠᠶ᠋ᠢᠴᠠᠭ᠋ᠠᠨ ᠵᠠᠰᠠᠭᠰᠠᠨ ᠲᠡᠮᠳᠡᠭᠯᠡᠯ ᠵᠢᠴᠢ ᠤᠰᠤ ᠬᠡᠷᠡᠭᠯᠡᠬᠦ ᠡᠷᠦᠬᠡ ᠵᠢ ᠰᠤᠷᠪᠤᠯᠵᠢᠯᠠᠭᠰᠠᠨ ᠪᠠᠢ᠌ᠳᠠᠯ᠎ᠠᠴᠠ ᠦᠵᠡᠬᠦ᠎ᠳᠤ᠂ ᠳᠤᠷ᠎ᠠ᠎ᠪᠠᠷ ᠵᠶ᠋ᠠᠨ ᠤᠰᠤ ᠵᠤᠭᠰᠤᠭ᠋ᠠᠵᠤ ᠮᠡᠳᠡᠭᠳᠡᠬᠦ ᠡᠬᠦᠷᠭᠡ᠎ᠪᠠᠨ ᠬᠦᠢ᠍ᠴᠡᠳᠭᠡᠭᠰᠡᠨ ᠦᠭᠡᠢ᠂ ᠤᠰᠤ ᠬᠠᠩᠭ᠋ᠠᠬᠤ ᠪᠡᠯᠡᠳᠬᠡᠮᠵᠢ ᠭᠡᠮ ᠰᠤᠭᠤᠭ ᠭᠠᠷᠤᠭ᠋ᠠᠳ ᠴᠠᠭ ᠲᠤᠬᠠᠢ᠎ᠳᠤᠨᠢ ᠵᠣᠬᠢᠶᠠᠨ ᠪᠠᠶ᠋ᠢᠭᠤᠯᠵᠤ ᠰᠡᠯᠪᠢᠨ ᠵᠠᠰᠠᠭᠰᠠᠨ ᠦᠭᠡᠢ᠂ ᠤᠰᠤᠨ᠎ᠤ ᠴᠢᠨᠠᠷ᠎ᠤᠨ ᠪᠣᠬᠢᠷᠲᠤᠯ ᠡᠭᠦᠰᠦᠭᠰᠡᠨ ᠪᠠᠶ᠋ᠢᠲᠠᠯ᠎ᠠ ᠴᠠᠭ ᠲᠤᠬᠠᠢ᠎ᠳᠤᠨᠢ ᠳᠡᠭᠡᠭᠰᠢ ᠮᠡᠳᠡᠭᠦᠯᠦᠭᠰᠡᠨ ᠦᠭᠡᠢ ᠵᠡᠷᠭᠡ ᠠᠰᠠᠭᠤᠳᠠᠯ ᠤᠷᠤᠰᠢᠵᠤ ᠪᠠᠢ᠌ᠬᠤ ᠵᠢ ᠤᠯᠵᠤ ᠢᠯᠡᠷᠡᠬᠦᠯᠦᠭᠰᠡᠨ ᠦᠭᠡᠢ᠃
      ᠭᠤᠷᠪᠠ᠂ ᠪᠠᠶᠠᠨᠨᠠᠭᠤᠷ ᠬᠣᠲᠠ ᠵᠢᠨ ᠯᠢᠨ ᠾᠧ ᠲᠣᠭᠣᠷᠢᠭ᠎ᠤᠨ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠶᠤᠯᠭᠦᠢ ᠢᠨᠵᠧᠨᠧᠷᠢᠩ᠎ᠤᠨ ᠬᠠᠮᠢᠶᠠᠷᠤᠯᠲᠠ ᠵᠢᠨ ᠥᠷᠲᠡᠭᠡ
      ᠲᠤᠰ ᠥᠷᠲᠡᠭᠡ ᠨᠡᠶ᠋ᠢᠲᠡ 10 ᠤᠰᠤᠨ᠎ᠤ ᠦᠢ᠍ᠯᠡᠳᠪᠦᠷᠢ ᠵᠢ ᠬᠠᠮᠢᠶᠠᠷᠴᠤ ᠪᠠᠢ᠌ᠳᠠᠭ᠃ ᠪᠠᠢ᠌ᠴᠠᠭ᠋ᠠᠬᠤ ᠲᠤᠭᠤᠢ᠌ᠯᠠᠩ ᠲᠡᠳᠡᠨ᠎ᠤ ᠲᠤᠮᠳᠠ᠎ᠠᠴᠠ ᠬᠤᠶᠠᠷ ᠦᠢ᠍ᠯᠡᠳᠪᠤᠷᠢ ᠵᠢ ᠰᠤᠭᠤᠴᠢᠨ ᠪᠠᠢ᠌ᠴᠠᠭ᠋ᠠᠪᠠ᠂ ᠪᠠᠢ᠌ᠳᠠᠯ᠎ᠨᠢ ᠲᠤᠤᠷᠠᠬᠢ ᠮᠡᠳᠦ᠄
     1. ᠪᠠᠶᠠᠨᠨᠠᠭᠤᠷ ᠬᠣᠲᠠ ᠵᠢᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠠᠴᠠ ᠭᠠᠷᠭ᠋ᠠᠭᠰᠠᠨ ᠭᠠᠨᠵᠤᠤᠷ ᠬᠡᠶ᠋ᠢᠳ᠎ᠤᠨ ᠤᠰᠤᠨ᠎ᠤ ᠦᠢ᠍ᠯᠡᠳᠪᠦᠷᠢ ᠵᠢᠨ 《ᠰᠢᠯᠭ᠋ᠠᠨ ᠪᠠᠶ᠋ᠢᠴᠠᠭ᠋ᠠᠭᠰᠠᠨ ᠮᠡᠳᠡᠭᠦᠯᠦᠯᠲᠡ》 (YBG/SZXM —103 —2020) ᠪᠠ ᠠᠳᠤᠭᠤᠨ ᠲᠠᠯᠠᠪᠠᠢ ᠵᠢᠨ ᠤᠰᠤᠨ᠎ᠤ ᠦᠢ᠍ᠯᠡᠳᠪᠦᠷᠢ ᠵᠢᠨ 《ᠰᠢᠯᠭ᠋ᠠᠨ ᠪᠠᠶ᠋ᠢᠴᠠᠭ᠋ᠠᠭᠰᠠᠨ ᠮᠡᠳᠡᠭᠦᠯᠦᠯᠲᠡ》 (JYBG/SZXM —101 —2020)   ᠵᠢ ᠦᠨᠳᠦᠰᠦᠯᠡᠪᠡᠯ᠂ ᠲᠡᠭᠡᠷᠡᠬᠢ ᠬᠤᠶᠠᠷ ᠤᠰᠤᠨ᠎ᠤ ᠦᠢ᠍ᠯᠡᠳᠪᠦᠷᠢ ᠵᠢᠨ ᠠᠮᠢᠳᠤᠷᠠᠯ᠎ᠳᠤ ᠬᠡᠷᠡᠭᠯᠡᠬᠦ ᠤᠰᠤᠨ᠎ᠤ   ᠡᠯ᠎ᠡ ᠲᠥᠷᠥᠯ᠎ᠤᠨ ᠵᠢᠭ᠋ᠠᠯᠳᠠ ᠲᠤᠭ᠎ᠠ᠎ᠨᠢ ᠴᠦᠮ ᠬᠢᠷᠢ ᠲᠡᠩᠴᠡᠭᠰᠡᠨ ᠪᠠᠢ᠌ᠨ᠎ᠠ᠃
     2. ᠤᠰᠤᠨ᠎ᠤ ᠰᠦᠢ᠍ᠳᠬᠡᠯ᠎ᠢ ᠲᠠᠲᠠᠪᠤᠷᠢᠯᠠᠬᠤ ᠦᠨᠳᠦᠰᠦᠯᠡᠯ᠎ᠨᠢ《ᠪᠠᠶᠠᠨᠨᠠᠭᠤᠷ ᠬᠤᠳᠠ ᠵᠢᠨ ᠯᠢᠨ ᠾᠧ ᠲᠣᠭᠣᠷᠢᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠯᠢᠨ ᠾᠧ ᠲᠣᠭᠣᠷᠢᠭ᠎ᠤᠨ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ   ᠢᠨᠵᠸᠨ᠋ᠸᠷᠢᠩ᠎ᠤᠨ ᠤᠰᠤ ᠬᠠᠩᠭ᠋ᠠᠬᠤ ᠣᠷᠣᠨ ᠪᠦᠰᠡ ᠵᠢᠨ ᠵᠢᠯᠣᠭᠣᠳᠬᠤ ᠤᠰᠤᠨ᠎ᠤ ᠦᠨ᠎ᠡ ᠵᠢ ᠲᠣᠭᠲᠠᠭ᠋ᠠᠬᠤ ᠲᠤᠬᠠᠢ ᠮᠡᠳᠡᠭᠳᠡᠯ》 (ᠯᠢᠨ ᠾᠸ ᠤᠰᠤ[2019]139 ᠲᠤᠭ᠋ᠠᠳᠤ) ᠪᠠᠢ᠌ᠵᠤ᠂ ᠲᠤᠭᠳᠠᠭ᠋ᠠᠭᠰᠠᠨ ᠤᠰᠤᠨ᠎ᠤ ᠦᠨ᠎ᠡ᠎ᠨᠢ 3.4 ᠲᠥᠭᠥᠷᠢᠭ / ᠲᠤᠨ ᠪᠤᠯᠤᠨ᠎ᠠ᠃ ᠡᠷᠦᠬᠡ᠎ᠳᠤ ᠤᠷᠤᠵᠤ ᠤᠰᠤᠨ᠎ᠤ ᠲᠤᠭ᠋ᠠᠯᠠᠭᠤᠷ᠎ᠢ ᠪᠠᠢ᠌ᠴᠠᠭ᠋ᠠᠨ ᠦᠵᠡᠬᠦ᠂ ᠲᠤᠭ᠋ᠠᠴᠠᠯᠠᠬᠤ᠎ᠪᠠᠷ ᠲᠠᠮᠵᠢᠨ ᠦᠨ᠎ᠡ ᠨᠡᠮᠡᠭᠰᠡᠨ ᠠᠰᠠᠭᠤᠳᠠᠯ᠎ᠢ ᠢᠯᠡᠷᠡᠬᠦᠯᠦᠭᠰᠡᠨ ᠦᠭᠡᠢ᠃
     3. ᠦᠢ᠍ᠯᠡᠳᠪᠦᠷᠢ ᠵᠢᠨ ᠠᠵᠢᠯ᠎ᠤᠨ ᠡᠳᠦᠷ᠎ᠤᠨ ᠲᠡᠮᠳᠡᠭᠯᠡᠯ᠂ ᠰᠡᠯᠪᠢᠨ ᠵᠠᠰᠠᠬᠤ ᠡᠬᠡ ᠳᠠᠩᠰᠠ ᠵᠢ ᠰᠤᠭᠤᠴᠢᠨ ᠪᠠᠢ᠌ᠴᠠᠭ᠋ᠠᠬᠤ ᠪᠣᠯᠤᠨ ᠤᠰᠤ ᠬᠡᠷᠡᠭᠯᠡᠵᠦ ᠪᠠᠶ᠋ᠢᠭ᠎ᠠ ᠡᠷᠦᠬᠡ᠎ᠳᠤ   ᠰᠤᠷᠪᠤᠯᠵᠢᠯᠠᠭᠰᠠᠨ᠎ᠠᠴᠠ ᠦᠵᠡᠬᠦ᠎ᠳᠤ᠂ ᠳᠤᠷ᠎ᠠ᠎ᠪᠠᠷ ᠵᠶ᠋ᠠᠨ ᠤᠰᠤ ᠵᠤᠭᠰᠤᠭ᠋ᠠᠵᠤ ᠮᠡᠳᠡᠭᠳᠡᠬᠦ ᠡᠬᠦᠷᠭᠡ᠎ᠪᠠᠨ ᠬᠦᠢ᠍ᠴᠡᠳᠭᠡᠭᠰᠡᠨ ᠦᠭᠡᠢ᠂ ᠤᠰᠤ ᠬᠠᠩᠭ᠋ᠠᠬᠤ ᠪᠡᠯᠡᠳᠬᠡᠮᠵᠢ ᠭᠡᠮ ᠰᠤᠭᠤᠭ ᠭᠠᠷᠤᠭ᠋ᠠᠳ ᠴᠠᠭ ᠲᠤᠬᠠᠢ᠎ᠳᠤᠨᠢ ᠵᠣᠬᠢᠶᠠᠨ ᠪᠠᠶ᠋ᠢᠭᠤᠯᠵᠤ ᠰᠡᠯᠪᠢᠨ ᠵᠠᠰᠠᠭᠰᠠᠨ ᠦᠭᠡᠢ᠂ ᠤᠰᠤᠨ᠎ᠤ ᠴᠢᠨᠠᠷ᠎ᠤᠨ ᠪᠣᠬᠢᠷᠲᠤᠯ ᠡᠭᠦᠰᠦᠭᠰᠡᠨ ᠪᠠᠶ᠋ᠢᠲᠠᠯ᠎ᠠ ᠴᠠᠭ ᠲᠤᠬᠠᠢ᠎ᠳᠤᠨᠢ ᠳᠡᠭᠡᠭᠰᠢ ᠮᠡᠳᠡᠭᠦᠯᠦᠭᠰᠡᠨ ᠦᠭᠡᠢ ᠵᠡᠷᠭᠡ ᠠᠰᠠᠭᠤᠳᠠᠯ ᠤᠷᠤᠰᠢᠵᠤ ᠪᠠᠢ᠌ᠬᠤ ᠵᠢ ᠤᠯᠵᠤ ᠢᠯᠡᠷᠡᠬᠦᠯᠦᠭᠰᠡᠨ ᠦᠭᠡᠢ᠃
                                  2020 ᠣᠨ᠎ᠤ 11 ᠰᠠᠷ᠎ᠠ ᠵᠢᠨ 5᠎ᠤ ᠡᠳᠦᠷ

ᠢᠷᠡᠯᠲᠡ᠄
          
ᠬᠠᠮᠢᠶ᠎ᠡ ᠪᠦᠬᠦᠢ ᠰᠣᠨᠢᠨ
2020 ᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠬᠥᠬᠡᠭᠴᠢᠨ ᠳᠡᠰ᠎ᠤᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ 《ᠬᠣᠶᠠᠷ᠎ᠢ ᠲᠤᠬᠢᠶᠠᠯᠳᠤᠯ ᠵᠶ᠋ᠡᠷ ᠰᠤᠩᠭᠤᠵᠤ᠂ ᠨᠢᠭᠡ ᠵᠢ ᠢᠯᠡ ᠪᠤᠯᠭ᠋ᠠᠬᠤ》 ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠠᠵᠢᠯ᠎ᠤᠨ ᠪᠠᠶ᠋ᠢᠳᠠᠯ
ᠤᠰᠤᠨ ᠠᠰᠢᠭᠯᠠᠯᠲᠠ ᠵᠢᠨ ᠲᠢᠩᠬᠢᠮ 2020 ᠣᠨ᠎ᠤ 《ᠬᠣᠶᠠᠷ᠎ᠢ ᠲᠤᠬᠢᠶᠠᠯᠳᠤᠯ ᠵᠶ᠋ᠡᠷ ᠰᠤᠩᠭᠤᠵᠤ᠂ ᠨᠢᠭᠡ ᠵᠢ ᠢᠯᠡ ᠪᠣᠯᠭ᠋ᠠᠬᠤ》 ᠮᠠᠯᠵᠢᠬᠤ ᠲᠠᠷᠢᠶᠠᠯᠠᠬᠤ ᠣᠷᠣᠨ᠎ᠤ ᠠᠶᠤᠯᠬᠦᠢ ᠤᠤᠭᠤᠬᠤ ᠤᠰᠤ ᠬᠠᠩᠭ᠋ᠠᠬᠤ ᠨᠢᠭᠡᠴᠢ ᠵᠢᠨ ᠬᠠᠤᠯᠢ ᠬᠡᠷᠡᠭᠵᠢᠬᠦᠯᠦᠯᠳᠡ᠎ᠳᠤ ᠪᠠᠶ᠋ᠢᠴᠠᠭ᠋ᠠᠯᠲᠠ ᠬᠢᠪᠡ
ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠴᠢᠬᠡᠴᠢ ᠵᠠᠰᠠᠭ᠎ᠤᠨ ᠶᠠᠷᠢᠯᠴᠠᠭ᠋ᠠᠨ᠎ᠤ ᠬᠤᠷᠠᠯ ᠬᠢᠵᠡᠢ
ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠴᠢᠬᠡᠴᠢ ᠵᠠᠰᠠᠭ᠎ᠤᠨ ᠶᠠᠷᠢᠯᠴᠠᠭ᠋ᠠᠨ᠎ᠤ ᠬᠤᠷᠠᠯ ᠬᠢᠵᠡᠢ
ᠤᠰᠤᠨ ᠠᠰᠢᠭᠯᠠᠯᠲᠠ ᠵᠢᠨ ᠲᠢᠩᠬᠢᠮ ᠪᠦᠬᠦ ᠣᠷᠣᠨ᠎ᠤ ᠠᠶᠤᠯᠬᠦᠢ ᠦᠢ᠍ᠯᠡᠳᠪᠦᠷᠢᠯᠡᠯ᠎ᠤᠨ ᠠᠵᠢᠯ ᠪᠠ ᠬᠢᠨᠠᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
 
            