《ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠳᠤᠲᠠᠭᠳᠠᠯ᠎ᠢ ᠨᠦᠬᠦᠪᠦᠷᠢᠯᠡᠵᠦ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》 ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠢ ᠬᠦᠭ ᠠᠶᠠᠰ᠎ᠢ ᠪᠦᠬᠦ ᠲᠠᠯ᠎ᠠ᠎ᠪᠠᠷ ᠦᠢ᠍ᠯᠡᠳᠦᠯᠭᠡᠵᠢᠭᠦᠯᠵᠦ᠂ ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠬᠢᠨᠠᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠬᠦᠢ ᠦᠢ᠍ᠯᠡᠳᠪᠦᠷᠢᠯᠡᠯ᠎ᠤᠨ ᠣᠶ᠋ᠢᠯᠠᠭ᠋ᠠᠭᠳᠠᠬᠤᠨ᠎ᠢ ᠴᠢᠩᠭ᠋ᠠᠳᠬᠠᠵᠤ᠂ ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠨ ᠬᠠᠮᠢᠶᠠᠷᠤᠯᠲᠠ ᠵᠢᠨ ᠬᠦᠷᠢᠶᠡᠨ᠎ᠳᠤ 《ᠠᠶᠤᠯᠭᠦᠢ ᠦᠢ᠍ᠯᠡᠳᠪᠦᠷᠢᠯᠡᠯ᠎ᠤᠨ ᠬᠢᠨᠠᠨ ᠬᠠᠮᠢᠶᠠᠷᠤᠯᠲᠠ ᠵᠢᠨ ᠠᠷᠪᠠᠨ ᠮᠡᠳᠡᠭᠡ ᠵᠠᠩᠭᠢᠴᠢᠯᠠᠯᠲᠠ》 ᠵᠢᠨ ᠠᠷᠭ᠎ᠠ ᠮᠠᠶᠢᠭ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠠᠶᠤᠯᠭᠦᠢ ᠦᠢ᠍ᠯᠡᠳᠪᠦᠷᠢᠯᠡᠯ᠎ᠤᠨ ᠬᠢᠨᠠᠨ ᠬᠠᠮᠢᠶᠠᠷᠤᠯᠲᠠ ᠵᠢᠨ ᠠᠵᠢᠯᠲᠠᠨ᠎ᠤ ᠬᠢᠨᠠᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮᠲᠤ ᠠᠵᠢᠯᠯᠠᠬᠤ ᠬᠢᠷᠢ ᠲᠦᠪᠰᠢᠨ᠎ᠢ ᠲᠡᠭᠡᠭᠰᠢᠯᠡᠬᠦᠯᠬᠦ ᠵᠢᠨ ᠲᠦᠯᠦᠭᠡ᠂ 11 ᠰᠠᠷ᠎ᠠ ᠵᠢᠨ 13᠎ᠤ ᠡᠳᠦᠷ᠂ ᠤᠰᠤᠨ ᠠᠰᠢᠭᠯᠠᠯᠳᠠ ᠵᠢᠨ ᠲᠢᠩᠬᠢᠮ ᠪᠦᠬᠦ ᠤᠷᠤᠨ᠎ᠤ ᠤᠰᠤᠨ ᠠᠰᠢᠭᠯᠠᠯᠳᠠ ᠵᠢᠨ ᠠᠶᠤᠯᠬᠦᠢ ᠦᠢ᠍ᠯᠡᠳᠪᠤᠷᠢᠯᠡᠯ᠎ᠤᠨ ᠬᠢᠨᠠᠨ ᠬᠠᠮᠢᠶᠠᠷᠤᠯᠳᠠ ᠵᠢᠨ ᠮᠡᠳᠡᠭᠡ ᠵᠠᠩᠬᠢ ᠵᠢᠨ ᠰᠢᠰᠲᠸᠮ᠎ᠤᠨ ᠪᠤᠯᠪᠠᠰᠤᠷᠠᠯ᠎ᠤᠨ ᠠᠩᠬᠢ ᠡᠷᠬᠢᠯᠡᠪᠡ᠃
ᠲᠤᠰ ᠤᠳᠠᠭ᠋ᠠᠨ᠎ᠤ ᠪᠤᠯᠪᠠᠰᠤᠷᠠᠯ᠎ᠳᠤ ᠤᠰᠤᠨ ᠠᠰᠢᠭᠯᠠᠯᠲᠠ ᠵᠢᠨ ᠶᠠᠮᠤᠨ᠎ᠤ ᠠᠶᠤᠯᠬᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠬᠢᠴᠢᠯᠠᠯᠳᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠯᠪᠠᠨ ᠭᠡᠷ᠎ᠢ ᠤᠷᠢᠵᠤ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠦᠲᠦᠭᠡᠨ ᠪᠠᠶ᠋ᠢᠭᠤᠯᠤᠯᠲᠠ ᠵᠢᠨ ᠠᠬᠤᠢ ᠪᠠᠶ᠋ᠢᠳᠠᠯ᠂ ᠠᠶᠤᠯᠬᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠦᠵᠡᠭᠦᠯᠦᠨ ᠠᠵᠢᠯᠯᠠᠭᠤᠯᠬᠤ᠂ ᠠᠶᠤᠯᠬᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠲᠤᠰᠠᠯᠠᠬᠤ ᠴᠢᠳᠠᠮᠵᠢ ᠵᠢᠨ ᠦᠵᠡᠭᠦᠯᠦᠯᠭᠡ ᠬᠢᠬᠦ᠂ ᠤᠰᠤᠨ ᠠᠰᠢᠭᠯᠠᠯᠲᠠ ᠵᠢᠨ ᠶᠠᠮᠤᠨ᠎ᠤ ᠠᠶᠤᠯᠬᠦᠢ ᠦᠢ᠍ᠯᠡᠳᠪᠦᠷᠢᠯᠡᠯ᠎ᠤᠨ ᠶᠡᠷᠦᠩᠬᠡᠶ᠋ᠢᠯᠡᠭᠰᠡᠨ ᠦᠨᠡᠯᠡᠯᠲᠡ ᠵᠢᠨ ᠵᠠᠳᠠᠯᠤᠯᠲᠠ ᠬᠢᠬᠦ᠂ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠭᠤᠤᠯ ᠡᠬᠦᠷᠭᠡ᠂ ᠠᠶᠤᠯ ᠲᠦᠭᠰᠢᠬᠦᠷᠢ ᠪᠠ ᠲᠠᠯᠳᠠ ᠭᠡᠮ᠎ᠤᠨ ᠬᠠᠮᠢᠶ᠎ᠠ ᠪᠦᠬᠦᠢ ᠤᠬᠠᠭᠳᠠᠬᠤᠨ ᠵᠢᠴᠢ ᠠᠶᠤᠯ ᠲᠦᠭᠰᠢᠬᠦᠷᠢ ᠵᠢ ᠬᠠᠮᠢᠶᠠᠷᠤᠨ ᠡᠵᠡᠮᠳᠡᠬᠦ ᠬᠢᠭᠡᠳ ᠲᠠᠯᠳᠠ ᠭᠡᠮ᠎ᠢ ᠪᠠᠢ᠌ᠴᠠᠭ᠋ᠠᠨ ᠵᠠᠰᠠᠬᠤ ᠠᠵᠢᠯ᠎ᠤᠨ ᠭᠤᠤᠯ ᠠᠷᠭ᠎ᠠ ᠵᠡᠷᠭᠡ ᠠᠭᠤᠯᠭ᠎ᠠ᠎ᠳᠤ ᠨᠠᠷᠢᠨ ᠲᠠᠢ᠌ᠯᠤᠮᠵᠢ ᠬᠢᠵᠡᠢ᠃
ᠪᠤᠯᠪᠠᠰᠤᠷᠠᠯ ᠵᠶ᠋ᠠᠷ ᠳᠠᠮᠵᠢᠨ᠂ ᠪᠤᠯᠪᠠᠰᠤᠷᠠᠯ᠎ᠳᠤ ᠤᠷᠤᠯᠴᠠᠭᠰᠠᠳ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠎ᠳᠤ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠭᠡᠳᠦᠯᠲᠡᠢ ᠪᠤᠯᠭ᠋ᠠᠵᠤ᠂ ᠲᠠᠨᠢᠯᠳᠠ᠎ᠪᠠᠨ ᠬᠦᠨᠵᠡᠭᠡᠢ᠌ᠷᠡᠬᠦᠯᠦᠨ᠂ ᠬᠠᠮᠲᠤ ᠵᠢᠨ ᠲᠠᠨᠢᠯᠲᠠ᠎ᠪᠠᠨ ᠨᠢᠭᠳᠠᠷᠠᠭᠤᠯᠵᠤ᠂ ᠪᠦᠬᠦ ᠣᠷᠣᠨ᠎ᠤ 《ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ + ᠮᠡᠳᠡᠭᠡ ᠵᠠᠩᠬᠢᠴᠢᠯᠠᠯᠳᠠ》 ᠵᠢ ᠪᠦᠬᠦ ᠲᠠᠯ᠎ᠠ᠎ᠪᠠᠷ ᠥᠷᠨᠢᠭᠦᠯᠬᠦ ᠵᠢ ᠤᠯᠠᠮ ᠨᠢᠭᠡ ᠠᠯᠬᠤᠮ ᠠᠬᠢᠭᠤᠯᠵᠤ᠂ 《ᠰᠦᠯᠵᠢᠶᠡᠨ ᠳᠡᠭᠡᠷᠡᠬᠢ ᠡᠳᠦᠷ ᠳᠣᠳᠣᠮ᠎ᠤᠨ ᠬᠢᠨᠠᠯᠲᠠ ᠬᠠᠮᠢᠶᠠᠷᠤᠯᠲᠠ᠂ ᠰᠦᠯᠵᠢᠶᠡᠨ᠎ᠠᠴᠠ ᠭᠠᠳᠠᠨᠠᠬᠢ ᠭᠣᠣᠯᠳᠠᠯᠭ᠎ᠠ᠎ᠲᠠᠢ ᠲᠣᠭᠣᠷᠢᠨ ᠪᠠᠶ᠋ᠢᠴᠠᠭ᠋ᠠᠬᠤ》 ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠤᠨ ᠲᠣᠭᠲᠠᠯᠴᠠᠭ᠎ᠠ ᠵᠢ ᠪᠠᠶ᠋ᠢᠭᠤᠯᠬᠤ᠎ᠳᠤ ᠪᠠᠲᠤ ᠪᠡᠬᠢ ᠰᠠᠭᠤᠷᠢ ᠲᠠᠯᠪᠢᠭᠰᠠᠨ ᠪᠠᠶ᠋ᠢᠨ᠎ᠠ᠃
ᠪᠦᠬᠦ ᠣᠷᠣᠨ᠎ᠤ 12 ᠠᠶ᠋ᠢᠮᠠᠭ ᠬᠣᠲᠠ᠂ 2 ᠲᠦᠯᠦᠪᠯᠡᠭᠡᠳᠦ ᠲᠤᠰᠠᠭ᠋ᠠᠷ ᠵᠢᠭᠰᠠᠭ᠋ᠠᠭᠰᠠᠨ ᠬᠣᠲᠠ᠂ 103 ᠬᠣᠰᠢᠭᠤ ᠰᠢᠶᠠᠨ (ᠬᠣᠲᠠ᠂ ᠲᠣᠭᠣᠷᠢᠭ)᠎ᠤ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠣᠪᠴᠢᠶ᠎ᠠ᠂ ᠲᠢᠩᠬᠢᠮ᠎ᠤᠨ ᠬᠠᠷᠢᠶᠠᠳᠤ ᠬᠠᠮᠢᠶ᠎ᠠ ᠪᠦᠬᠦᠢ ᠨᠢᠭᠡᠴᠢ ᠵᠢᠨ ᠠᠶᠤᠯᠬᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠲᠤᠰᠬᠠᠢ ᠲᠤᠰᠢᠶᠠᠯᠲᠤ ᠠᠵᠢᠯᠲᠠᠨ ᠨᠡᠶ᠋ᠢᠲᠡ 160 ᠭᠠᠷᠤᠢ ᠬᠥᠮᠦᠨ ᠪᠣᠯᠪᠠᠰᠤᠷᠠᠯ᠎ᠳᠤ ᠣᠷᠣᠯᠴᠠᠪᠠ᠃