ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭᠯᠠᠯᠲᠠ ᠵᠢᠨ ᠲᠢᠩᠬᠢᠮ 2020 ᠣᠨ᠎ᠤ 《ᠬᠣᠶᠠᠷ᠎ᠢ ᠲᠤᠬᠢᠶᠠᠯᠳᠤᠯ ᠵᠶ᠋ᠡᠷ ᠰᠤᠩᠭᠤᠵᠤ᠂ ᠨᠢᠭᠡ ᠵᠢ ᠢᠯᠡ ᠪᠣᠯᠭ᠋ᠠᠬᠤ》 ᠮᠠᠯᠵᠢᠬᠤ ᠲᠠᠷᠢᠶᠠᠯᠠᠬᠤ ᠣᠷᠣᠨ᠎ᠤ ᠠᠶᠤᠯᠬᠦᠢ ᠤᠤᠭᠤᠬᠤ ᠤᠰᠤ ᠬᠠᠩᠭ᠋ᠠᠬᠤ ᠨᠢᠭᠡᠴᠢ ᠵᠢᠨ ᠬᠠᠤᠯᠢ ᠬᠡᠷᠡᠭᠵᠢᠬᠦᠯᠦᠯᠳᠡ᠎ᠳᠤ ᠪᠠᠶ᠋ᠢᠴᠠᠭ᠋ᠠᠯᠲᠠ ᠬᠢᠪᠡ
ᠨᠡᠶ᠋ᠢᠲᠡᠯᠡᠭᠰᠡᠨ ᠴᠠᠭ᠄ 2020-12-23

      ᠤᠰᠤᠨ ᠠᠰᠢᠭᠯᠠᠯᠲᠠ ᠵᠢᠨ ᠲᠢᠩᠬᠢᠮ᠎ᠤᠨ 《2020 ᠣᠨ᠎ᠤ〈  ᠬᠤᠶᠠᠷ᠎ᠢ ᠲᠤᠬᠢᠶᠠᠯᠳᠤᠯ ᠵᠶ᠋ᠡᠷ ᠰᠤᠩᠭᠤᠵᠤ᠂ ᠨᠢᠭᠡ ᠵᠢ ᠢᠯᠡ ᠪᠤᠯᠭ᠋ᠠᠬᠤ〉ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ 10 ᠳ᠋ᠤᠭ᠋ᠠᠷ ᠰᠠᠷ᠎ᠠ ᠵᠢᠨ 18᠎ᠤ ᠡᠳᠦᠷ᠎ᠠᠴᠠ 23᠎ᠤ ᠡᠳᠦᠷ ᠪᠣᠯᠲᠠᠯ᠎ᠠ᠂ ᠤᠰᠤᠨ ᠠᠰᠢᠭᠯᠠᠯᠳᠠ ᠵᠢᠨ ᠲᠢᠩᠬᠢᠮ᠎ᠤᠨ ᠮᠠᠯᠵᠢᠬᠤ ᠲᠠᠷᠢᠶᠠᠯᠠᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠬᠣᠶᠠᠳᠤᠭ᠋ᠠᠷ ᠪᠠᠶ᠋ᠢᠴᠠᠭ᠋ᠠᠬᠤ ᠳᠤᠭᠤᠶ᠋ᠢᠯᠠᠩ᠎ᠨᠢ ᠶᠠᠭᠰᠢ ᠬᠣᠲᠠ ᠵᠢᠨ ᠰᠧᠨ ᠳ᠋ᠦ᠋ ᠣᠯᠠᠨ ᠨᠡᠶ᠋ᠢᠲᠡ ᠵᠢᠨ ᠠᠵᠢᠯ ᠦᠢ᠍ᠯᠡᠰ᠎ᠤᠨ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ᠂ ᠵᠠᠯᠠᠶ᠋ᠢᠳ ᠬᠤᠰᠢᠭᠤᠨ᠎ᠤ ᠤᠰᠤᠨ ᠠᠰᠢᠭᠯᠠᠯᠲᠠ ᠵᠢᠨ ᠲᠣᠪᠴᠢᠶ᠎ᠠ (ᠪᠤᠤ ᠠᠨ ᠵᠤᠤ ᠭᠠᠵᠠᠷ ᠣᠷᠣᠨ᠎ᠤ ᠤᠲᠠᠴᠢ ᠵᠢᠨ ᠤᠰᠤ ᠬᠠᠩᠭ᠋ᠠᠬᠤ           ᠢᠨᠵᠸᠨ᠋ᠸᠷᠢᠩ᠂ ᠢᠨᠳᠡᠷ ᠪᠠᠯᠭ᠋ᠠᠰᠤ ᠵᠢᠨ ᠡᠤ ᠵᠢᠶᠠ ᠬᠤ᠌ ᠯᠢᠶᠠᠨ ᠲᠤᠰᠬᠤᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠢᠨᠵᠸᠨ᠋ᠸᠷᠢᠩ)᠂ ᠨᠠᠢ᠍ᠮᠠᠨ ᠬᠤᠰᠢᠭᠤᠨ᠎ᠤ ᠵᠢᠶᠠ ᠿᠦᠨ ᠤᠤᠭᠤᠬᠤ ᠤᠰᠤᠨ᠎ᠤ ᠢᠨᠵᠸᠨ᠋ᠸᠷᠢᠩ᠎ᠤᠨ ᠦᠢ᠍ᠯᠡᠴᠢᠯᠡᠭᠡᠨ᠎ᠤ ᠬᠢᠵᠠᠭ᠋ᠠᠷᠳᠤ ᠺᠤᠮᠫᠠᠨᠢ᠂ ᠬᠠᠩᠬᠢᠨ ᠬᠤᠢ᠌ᠳᠤ ᠬᠤᠰᠢᠭᠤᠨ᠎ᠤ ᠬᠦᠳᠡᠭᠡ ᠲᠤᠰᠬᠤᠨ᠎ᠤ ᠲᠦᠭᠡᠭᠡᠯ ᠤᠰᠤᠨ᠎ᠤ ᠲᠸᠤ ᠳ᠋ᠤᠤ ᠴᠢᠶᠤᠤ ᠦᠷᠲᠡᠭᠡ ᠵᠡᠷᠭᠡ ᠲᠠᠪᠤᠨ ᠮᠠᠯᠵᠢᠬᠤ ᠲᠠᠷᠢᠶᠠᠯᠠᠬᠤ ᠤᠷᠤᠨ᠎ᠳᠤ ᠤᠰᠤ ᠬᠠᠩᠭ᠋ᠠᠬᠤ ᠨᠢᠭᠡᠴᠢ ᠵᠢᠨ ᠤᠰᠤ ᠬᠠᠩᠭ᠋ᠠᠯᠳᠠ ᠵᠢᠨ ᠪᠠᠢ᠌ᠳᠠᠯ᠎ᠳᠤ ᠲᠤᠬᠠᠢ ᠵᠢᠨ ᠲᠠᠯᠠᠪᠠᠢ ᠵᠢᠨ ᠬᠠᠤᠯᠢ ᠬᠡᠷᠡᠭᠵᠢᠬᠦᠯᠦᠯᠳᠡ ᠵᠢᠨ ᠪᠠᠢ᠌ᠴᠠᠭ᠋ᠠᠯᠳᠠ ᠬᠢᠪᠡ᠃
      ᠪᠠᠶ᠋ᠢᠴᠠᠭ᠋ᠠᠬᠤ ᠳᠤᠭᠤᠶ᠋ᠢᠯᠠᠩ ᠲᠤᠬᠠᠢ ᠵᠢᠨ ᠲᠠᠯᠠᠪᠠᠢ᠎ᠳᠤ ᠪᠠᠶ᠋ᠢᠴᠠᠭ᠋ᠠᠯᠲᠠ ᠬᠢᠬᠦ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠬᠠᠷᠢᠭᠤ ᠮᠡᠳᠡᠭᠦᠯᠦᠯᠲᠡ ᠰᠣᠨᠣᠰᠬᠤ ᠪᠠ ᠳᠠᠩᠰᠠ ᠡᠪᠬᠡᠮᠡᠯ ᠮᠠᠲ᠋ᠧᠷᠢᠶᠠᠯ᠎ᠢ ᠪᠠᠶ᠋ᠢᠴᠠᠭ᠋ᠠᠨ ᠦᠵᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠯ᠎ᠡ ᠤᠰᠤ ᠬᠠᠩᠭ᠋ᠠᠬᠤ ᠨᠢᠭᠡᠴᠢ ᠵᠢᠨ ᠤᠰᠤ ᠬᠠᠩᠭ᠋ᠠᠬᠤ ᠤᠰᠤᠨ᠎ᠤ ᠴᠢᠨᠠᠷ᠎ᠤᠨ ᠠᠷᠢᠭᠤᠨ ᠴᠡᠪᠡᠷ᠎ᠤᠨ ᠪᠠᠷᠢᠮᠵᠢᠶ᠎ᠠ᠂ ᠳᠤᠷ᠎ᠠ᠎ᠪᠠᠷ ᠵᠶ᠋ᠠᠨ ᠤᠰᠤ ᠵᠣᠭᠰᠣᠭ᠋ᠠᠬᠤ ᠪᠤᠶᠤ ᠤᠰᠤ ᠵᠣᠭᠰᠣᠭ᠋ᠠᠬᠤ᠎ᠠᠴᠠ ᠡᠮᠦᠨ᠎ᠡ ᠮᠡᠳᠡᠭᠳᠡᠬᠦ᠂ ᠤᠰᠤ ᠬᠠᠩᠭ᠋ᠠᠬᠤ ᠪᠡᠯᠡᠳᠬᠡᠮᠵᠢ ᠵᠢᠨ ᠭᠡᠮ ᠰᠤᠭᠤᠭ᠎ᠢ ᠱᠠᠯᠠᠪᠳᠠᠨ ᠵᠠᠰᠠᠬᠤ᠂ ᠤᠰᠤᠨ᠎ᠤ ᠪᠣᠬᠢᠷᠲᠤᠯ᠎ᠤᠨ ᠬᠡᠷᠡᠭ᠎ᠢ ᠳᠡᠭᠡᠭᠰᠢ ᠮᠡᠳᠡᠭᠦᠯᠬᠦ᠂ ᠤᠰᠤᠨ᠎ᠤ ᠰᠦᠢ᠍ᠳᠬᠡᠯ᠎ᠢ ᠬᠠᠤᠯᠢ ᠶᠣᠰᠣᠭ᠋ᠠᠷ ᠬᠤᠷᠢᠶᠠᠬᠤ ᠵᠡᠷᠭᠡ ᠠᠭᠤᠯᠭ᠎ᠠ᠎ᠳᠤ ᠪᠠᠶ᠋ᠢᠴᠠᠭ᠋ᠠᠯᠲᠠ ᠬᠢᠪᠡ᠃ ᠪᠠᠢ᠌ᠴᠠᠭ᠋ᠠᠯᠳᠠ᠎ᠪᠠᠷ ᠲᠠᠮᠵᠢᠨ 5 ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠬᠤ ᠠᠵᠤ ᠠᠬᠤᠶ᠋ᠢᠯᠠᠯ᠎ᠨᠢ ᠴᠦᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠤᠤᠭᠤᠬᠤ ᠤᠰᠤ ᠬᠠᠩᠭ᠋ᠠᠬᠤ ᠳᠦᠷᠢᠮ》᠎ᠤᠨ ᠶᠣᠰᠣᠭ᠋ᠠᠷ ᠤᠰᠤ ᠬᠠᠩᠭ᠋ᠠᠬᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠵᠦ᠂ ᠲᠤᠭᠳᠠᠭᠰᠠᠨ ᠬᠤᠭᠤᠴᠠᠭ᠋ᠠᠨ᠎ᠳᠤ ᠤᠰᠤᠨ᠎ᠤ ᠴᠢᠨᠠᠷ᠎ᠤᠨ ᠬᠢᠨᠠᠨ ᠬᠡᠮᠵᠢᠯᠳᠡ ᠬᠢᠵᠦ᠂ ᠤᠰᠤ ᠬᠠᠩᠭ᠋ᠠᠬᠤ ᠡᠷᠡᠭᠦᠯ ᠬᠠᠮᠠᠭ᠋ᠠᠯᠠᠯ᠎ᠤᠨ ᠪᠠᠷᠢᠮᠵᠢᠶ᠎ᠠ᠎ᠨᠢ 《ᠠᠮᠢᠳᠤᠷᠠᠯ᠎ᠤᠨ ᠤᠤᠭᠤᠬᠤ ᠤᠰᠤᠨ᠎ᠤ ᠡᠷᠡᠭᠦᠯ ᠬᠠᠮᠠᠭ᠋ᠠᠯᠠᠯ᠎ᠤᠨ ᠪᠠᠷᠢᠮᠵᠢᠶ᠎ᠠ》 (GB5749-2006)᠎ᠳᠤ ᠨᠡᠶ᠋ᠢᠴᠡᠭᠰᠡᠨ᠎ᠢ ᠲᠡᠮᠳᠡᠭᠯᠡᠯ ᠲᠡᠭᠡᠷ᠎ᠡ᠎ᠠᠴᠠ ᠤᠢ᠌ᠯᠠᠭ᠋ᠠᠵᠤ᠂ ᠳᠤᠷ᠎ᠠ᠎ᠪᠠᠷ ᠵᠶ᠋ᠠᠨ ᠤᠰᠤ ᠬᠠᠩᠭ᠋ᠠᠬᠤ ᠵᠢ ᠵᠣᠭᠰᠣᠭ᠋ᠠᠭᠰᠠᠨ ᠪᠠ ᠤᠰᠤ ᠵᠤᠭᠰᠤᠬᠤ ᠮᠡᠳᠡᠭᠳᠡᠯ ᠪᠠᠭᠤᠯᠭ᠋ᠠᠭᠰᠠᠨ ᠦᠭᠡᠢ ᠪᠠᠢ᠌ᠳᠠᠯ ᠤᠷᠤᠰᠢᠵᠤ ᠪᠠᠢ᠌ᠬᠤ ᠦᠭᠡᠢ᠂ ᠤᠰᠤ ᠬᠠᠩᠭ᠋ᠠᠬᠤ ᠲᠦᠬᠦᠭᠡᠷᠦᠮᠵᠢ ᠵᠢᠨ ᠭᠡᠮ ᠰᠤᠭᠤᠭ᠎ᠢ ᠴᠠᠭ᠎ᠲᠤ᠎ᠨᠢ ᠰᠡᠯᠪᠢᠨ   ᠵᠠᠰᠠᠭᠰᠠᠨ ᠦᠭᠡᠢ᠂ ᠲᠤᠭᠳᠠᠭ᠋ᠠᠯ᠎ᠠᠴᠠ ᠵᠦᠷᠢᠴᠡᠨ ᠦᠨ᠎ᠡ ᠨᠡᠮᠡᠵᠦ ᠤᠰᠤᠨ ᠰᠦᠢ᠍ᠳᠭᠡᠯ ᠬᠤᠷᠢᠶᠠᠭᠰᠠᠨ ᠶᠠᠪᠤᠳᠠᠯ ᠤᠷᠤᠰᠢᠵᠤ ᠪᠠᠢ᠌ᠬᠤ ᠦᠭᠡᠢ ᠵᠡᠷᠭᠡ ᠵᠢ ᠤᠢ᠌ᠯᠠᠭ᠋ᠠᠭᠰᠠᠨ ᠪᠠᠢ᠌ᠨ᠎ᠠ᠃
      ᠪᠠᠶ᠋ᠢᠴᠠᠭ᠋ᠠᠬᠤ ᠳᠤᠭᠤᠶ᠋ᠢᠯᠠᠩ᠎ᠠᠴᠠ ᠶᠠᠭᠰᠢ ᠬᠣᠲᠠ ᠵᠢᠨ ᠰᠧᠨ ᠳ᠋ᠦ᠋ ᠣᠯᠠᠨ ᠨᠡᠶ᠋ᠢᠲᠡ ᠵᠢᠨ ᠠᠵᠢᠯ ᠦᠢ᠍ᠯᠡᠰ᠎ᠤᠨ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ᠎ᠨᠢ ᠪᠦᠳᠦᠭᠦᠨ ᠭᠡᠳᠡᠰᠦᠨ᠎ᠤ ᠰᠠᠪᠬᠠᠨᠴᠢᠷ ᠪᠠᠺᠲ᠋ᠧᠷᠢ᠂ ᠪᠥᠭᠡᠮᠨᠡᠷᠡᠯ ᠡᠭᠦᠰᠬᠦ ᠶᠡᠷᠦᠩᠬᠡᠢ ᠲᠣᠭ᠎ᠠ ᠵᠢ ᠪᠠᠶ᠋ᠢᠴᠠᠭ᠋ᠠᠨ ᠬᠡᠮᠵᠢᠬᠦ ᠳᠠᠪᠲᠠᠮᠵᠢ᠎ᠪᠠᠨ ᠨᠡᠮᠡᠭᠳᠡᠬᠦᠯᠬᠦ; ᠵᠠᠯᠠᠶ᠋ᠢᠳ ᠬᠤᠰᠢᠭᠤᠨ᠎ᠤ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠢᠨᠳᠡᠷ ᠪᠠᠯᠭ᠋ᠠᠰᠤᠨ᠎ᠤ ᠡᠤ ᠵᠢᠶᠠ ᠬᠤ᠌ ᠯᠢᠶᠠᠨ ᠲᠣᠰᠬᠣᠨ᠎ᠤ ᠤᠤᠭᠤᠬᠤ ᠤᠰᠤᠨ᠎ᠤ ᠠᠶᠤᠯᠭᠦᠢ ᠢᠨᠵᠧᠨᠧᠷᠢᠩ᠎ᠨᠢ ᠮᠡᠳᠡᠷᠡᠬᠦᠢ ᠵᠢᠨ ᠵᠢᠭ᠋ᠠᠯᠳᠠ ᠲᠤᠭ᠎ᠠ ᠵᠢᠨ ᠬᠢᠨᠠᠨ ᠬᠡᠮᠵᠢᠯᠳᠡ ᠪᠠ ᠦᠢ᠍ᠯᠡᠳᠪᠦᠷᠢ᠎ᠠᠴᠠ ᠭᠠᠷᠭ᠋ᠠᠬᠤ ᠤᠰᠤᠨ᠎ᠤ ᠴᠢᠨᠠᠷ᠎ᠤᠨ ᠬᠢᠨᠠᠨ ᠬᠡᠮᠵᠢᠯᠳᠡ᠎ᠪᠠᠨ ᠨᠡᠮᠡᠭᠳᠡᠬᠦᠯᠬᠦ; ᠨᠠᠢ᠍ᠮᠠᠨ ᠬᠤᠰᠢᠭᠤᠨ᠎ᠤ ᠵᠢᠶᠠ ᠿᠦᠨ ᠤᠤᠭᠤᠬᠤ ᠤᠰᠤᠨ᠎ᠤ ᠢᠨᠵᠧᠨᠧᠷᠢᠩ᠎ᠤᠨ ᠦᠢ᠍ᠯᠡᠴᠢᠯᠡᠭᠡᠨ᠎ᠤ ᠬᠢᠵᠠᠭ᠋ᠠᠷᠲᠤ ᠺᠣᠮᠫᠠᠨᠢ᠎ᠨᠢ ᠦᠢ᠍ᠯᠡᠳᠪᠦᠷᠢ᠎ᠠᠴᠠ ᠭᠠᠷᠭ᠋ᠠᠬᠤ ᠤᠰᠤᠨ᠎ᠤ ᠴᠢᠨᠠᠷ᠎ᠤᠨ ᠬᠢᠨᠠᠨ ᠬᠡᠮᠵᠢᠯᠳᠡ ᠪᠠ ᠮᠡᠳᠡᠷᠡᠬᠦᠢ ᠵᠢᠨ ᠵᠢᠭ᠋ᠠᠯᠳᠠ ᠲᠤᠭ᠎ᠠ ᠵᠢᠨ ᠬᠢᠨᠠᠨ ᠬᠡᠮᠵᠢᠯᠳᠡ᠎ᠪᠠᠨ ᠨᠡᠮᠡᠭᠳᠡᠬᠦᠯᠬᠦ; ᠬᠠᠩᠭᠢᠨ ᠬᠣᠶ᠋ᠢᠲᠤ ᠬᠤᠰᠢᠭᠤᠨ᠎ᠤ ᠬᠥᠳᠡᠭᠡ ᠲᠣᠰᠬᠣᠨ᠎ᠤ ᠲᠦᠭᠡᠭᠡᠯ ᠤᠰᠤᠨ᠎ᠤ ᠲᠸᠤ ᠳ᠋ᠤᠤ ᠴᠢᠶᠤᠤ ᠦᠷᠲᠡᠭᠡ᠎ᠨᠢ ᠡᠳᠦᠷ᠎ᠤᠨ ᠪᠠᠶ᠋ᠢᠴᠠᠭ᠋ᠠᠯᠲᠠ ᠪᠠ ᠮᠡᠳᠡᠷᠡᠬᠦᠢ ᠵᠢᠨ ᠬᠢᠨᠠᠨ ᠬᠡᠮᠵᠢᠯᠳᠡ ᠵᠢᠨ ᠳᠠᠪᠲᠠᠮᠵᠢ᠎ᠪᠠᠨ ᠨᠡᠮᠡᠭᠳᠡᠬᠦᠯᠬᠦ ᠴᠢᠬᠤᠯᠠᠳᠠᠢ ᠭᠡᠬᠦ ᠵᠡᠷᠭᠡ ᠰᠠᠨᠠᠭᠤᠯᠭ᠎ᠠ ᠲᠡᠪᠰᠢᠬᠦᠯᠵᠡᠢ᠃
      ᠪᠠᠶ᠋ᠢᠴᠠᠭ᠋ᠠᠬᠤ ᠳᠤᠭᠤᠶ᠋ᠢᠯᠠᠩ᠎ᠠᠴᠠ ᠤᠰᠤ ᠬᠠᠩᠭ᠋ᠠᠬᠤ ᠡᠯ᠎ᠡ ᠠᠵᠤ ᠠᠬᠤᠶ᠋ᠢᠯᠠᠯ᠎ᠨᠢ ᠬᠠᠮᠢᠶᠠᠷᠤᠯᠲᠠ ᠵᠢᠨ ᠠᠵᠢᠯᠲᠠᠳ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ ᠴᠢᠩᠭ᠋ᠠᠳᠬᠠᠵᠤ᠂ ᠬᠠᠮᠢᠶ᠎ᠠ ᠪᠦᠬᠦᠢ ᠤᠰᠤ ᠬᠠᠩᠭ᠋ᠠᠬᠤ ᠡᠷᠡᠭᠦᠯ ᠬᠠᠮᠠᠭ᠋ᠠᠯᠠᠯ᠎ᠤᠨ ᠪᠠᠷᠢᠮᠵᠢᠶ᠎ᠠ ᠵᠢᠨ ᠵᠢᠷᠤᠮᠵᠢᠯ᠎ᠢ ᠠᠩᠬᠠᠷᠤᠨ ᠰᠤᠷᠤᠯᠴᠠᠬᠤ ᠬᠡᠷᠡᠭᠲᠡᠢ ᠭᠡᠵᠦ ᠱᠠᠭ᠋ᠠᠷᠳᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠴᠢᠬᠡᠴᠢ ᠵᠠᠰᠠᠭ᠎ᠤᠨ ᠶᠠᠷᠢᠯᠴᠠᠭ᠋ᠠᠨ᠎ᠤ ᠬᠤᠷᠠᠯ ᠬᠢᠵᠡᠢ
ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠴᠢᠬᠡᠴᠢ ᠵᠠᠰᠠᠭ᠎ᠤᠨ ᠶᠠᠷᠢᠯᠴᠠᠭ᠋ᠠᠨ᠎ᠤ ᠬᠤᠷᠠᠯ ᠬᠢᠵᠡᠢ
ᠤᠰᠤᠨ ᠠᠰᠢᠭᠯᠠᠯᠲᠠ ᠵᠢᠨ ᠲᠢᠩᠬᠢᠮ ᠪᠦᠬᠦ ᠣᠷᠣᠨ᠎ᠤ ᠠᠶᠤᠯᠬᠦᠢ ᠦᠢ᠍ᠯᠡᠳᠪᠦᠷᠢᠯᠡᠯ᠎ᠤᠨ ᠠᠵᠢᠯ ᠪᠠ ᠬᠢᠨᠠᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
ᠤᠰᠤᠨ ᠠᠰᠢᠭᠯᠠᠯᠲᠠ ᠵᠢᠨ ᠲᠢᠩᠬᠢᠮ 《ᠭᠠᠯ ᠰᠡᠷᠭᠡᠢ᠌ᠯᠡᠬᠦ ᠵᠢ ᠠᠩᠬᠠᠷᠴᠤ᠂ ᠠᠮᠢ ᠨᠠᠰᠤ ᠵᠢ ᠡᠷᠬᠢᠮᠯᠡᠬᠦ》 2020 ᠣᠨ᠎ᠤ ᠨᠠᠮᠤᠷ ᠡᠪᠦᠯ᠎ᠤᠨ ᠤᠯᠠᠷᠢᠯ᠎ᠤᠨ ᠭᠠᠯ ᠰᠡᠷᠭᠡᠢ᠌ᠯᠡᠬᠦ ᠠᠮᠤᠷ ᠲᠦᠪᠰᠢᠨ᠎ᠤ ᠮᠡᠳᠡᠯᠭᠡ ᠵᠢᠨ ᠲᠠᠶ᠋ᠢᠯᠤᠮᠵᠢ ᠵᠢᠴᠢ ᠰᠤᠷᠢᠯᠳᠠ ᠵᠢ ᠵᠣᠬᠢᠶᠠᠨ ᠪᠠᠶ᠋ᠢᠭᠤᠯᠵᠤ ᠦᠷᠨᠢᠬᠦᠯᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠢ᠍ᠮᠠᠳᠤᠭ᠋ᠠᠷ ᠲᠣᠭᠣᠷᠢᠨ ᠵᠢᠯᠣᠭᠣᠳᠬᠤ ᠳᠤᠭᠤᠶ᠋ᠢᠯᠠᠩ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠬᠤ ᠪᠠ ᠰᠠᠶ᠋ᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠳᠤ ᠤᠷᠤᠯᠴᠠᠨ ᠵᠢᠯᠤᠭᠤᠳᠤᠯᠭ᠎ᠠ ᠬᠢᠪᠡ
 
            