ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠴᠢᠬᠡᠴᠢ ᠵᠠᠰᠠᠭ᠎ᠤᠨ ᠶᠠᠷᠢᠯᠴᠠᠭ᠋ᠠᠨ᠎ᠤ ᠬᠤᠷᠠᠯ ᠬᠢᠵᠡᠢ
ᠨᠡᠶ᠋ᠢᠲᠡᠯᠡᠭᠰᠡᠨ ᠴᠠᠭ᠄ 2020-12-23

      11 ᠳ᠋ᠦ᠍ᠭᠡᠷ ᠰᠠᠷ᠎ᠠ ᠵᠢᠨ 11᠎ᠤ ᠡᠳᠦᠷ᠂ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠠᠮᠲᠤ ᠵᠢᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠶᠠᠷᠢᠯᠴᠠᠭ᠎ᠠ ᠵᠢᠨ ᠬᠤᠷᠠᠯ ᠬᠤᠷᠠᠯᠳᠤᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠯᠢᠦ ᠸᠠᠨ ᠬᠤᠸᠠ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠠᠯᠪᠠᠨ ᠭᠡᠷ᠂ ᠠᠵᠢᠯᠲᠠᠨ᠎ᠤ ᠭᠠᠵᠠᠷ᠂   ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠂ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠵᠡᠷᠭᠡ ᠭᠠᠵᠠᠷ᠎ᠤᠨ ᠭᠣᠣᠯ ᠬᠠᠷᠢᠭᠤᠴᠠᠯᠭ᠋ᠠᠲᠠᠨ ᠨᠦᠬᠦᠳ ᠬᠤᠷᠠᠯ᠎ᠳᠤ ᠣᠷᠣᠯᠴᠠᠪᠠ᠃
      ᠯᠢᠦ ᠸᠠᠨ ᠬᠤᠸᠠ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠠᠮᠲᠤ ᠵᠢᠨ ᠴᠢᠬᠡᠴᠢ ᠵᠠᠰᠠᠭ᠎ᠤᠨ ᠶᠠᠷᠢᠯᠴᠠᠭ᠎ᠠ ᠦᠷᠨᠢᠬᠦᠯᠬᠦ ᠪᠣᠯ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠨᠠᠮ᠎ᠤᠨ ᠳᠣᠲᠣᠭ᠋ᠠᠳᠤ ᠵᠢᠨ ᠬᠢᠨᠠᠯᠲᠠ ᠵᠢ ᠬᠡᠷᠡᠭᠵᠢᠭᠦᠯᠬᠦ ᠦᠨᠳᠦᠰᠦᠨ ᠳᠦᠷᠢᠮ ᠪᠣᠯᠤᠨ᠎ᠠ᠂ ᠤᠳᠤᠷᠢᠳᠬᠤ ᠪᠠᠭ᠎ᠤᠨ ᠪᠠᠢ᠌ᠭᠤᠯᠤᠯᠳᠠ ᠵᠢ ᠴᠢᠩᠭ᠋ᠠᠳᠬᠠᠵᠤ᠂ ᠢᠯᠵᠠᠷᠠᠯ᠎ᠢ ᠡᠷᠳᠡᠨ᠎ᠠᠴᠠ᠎ᠨᠢ᠂ ᠪᠠᠭ᠎ᠠ᠎ᠠᠴᠠ᠎ᠨᠢ ᠤᠷᠢᠳᠴᠢᠯᠠᠨ ᠰᠡᠷᠭᠡᠢ᠌ᠯᠡᠬᠦ ᠨᠢᠭᠡ ᠵᠤᠢ᠌ᠯ᠎ᠤᠨ ᠠᠷᠭ᠎ᠠ ᠠᠪᠴᠠᠯ ᠮᠦᠨ᠃ ᠴᠢᠬᠡᠴᠢ ᠵᠠᠰᠠᠭ᠎ᠤᠨ ᠶᠠᠷᠢᠯᠴᠠᠭ᠎ᠠ᠎ᠪᠠᠷ ᠳᠠᠮᠵᠢᠭᠤᠯᠤᠨ ᠤᠳᠤᠷᠢᠳᠬᠤ ᠪᠠᠭ᠎ᠤᠨ ᠪᠦᠷᠢᠯᠳᠦᠬᠦᠨ ᠨᠠᠷ 《ᠳᠥᠷᠪᠡᠨ ᠤᠬᠠᠮᠰᠠᠷ》 ᠵᠶ᠋ᠠᠨ ᠤᠯᠠᠮ ᠴᠢᠨᠠᠭᠰᠢᠳᠠ ᠴᠢᠩᠭ᠋ᠠᠷᠠᠭᠤᠯᠵᠤ᠂ 《ᠳᠥᠷᠪᠡᠨ ᠢᠲᠡᠭᠡᠯ》 ᠵᠶ᠋ᠡᠨ                 ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠬᠦᠯᠵᠦ᠂ ᠨᠠᠮ᠎ᠤᠨ ᠳᠦᠷᠢᠮ ᠲᠣᠭᠲᠠᠭ᠋ᠠᠯ ᠰᠠᠬᠢᠯᠭ᠎ᠠ ᠪᠠᠳᠤ ᠵᠢ ᠤᠬᠠᠮᠰᠠᠷ᠎ᠠᠴᠠ᠎ᠪᠠᠨ ᠰᠠᠬᠢᠨ᠂ ᠪᠢᠰᠢᠷᠡᠨ ᠵᠢᠷᠦᠬᠡᠰᠢᠶᠡᠬᠦ ᠰᠡᠳᠬᠢᠯ ᠡᠪᠦᠷᠯᠡᠨ᠂ ᠪᠡᠶ᠎ᠡ᠎ᠪᠠᠨ ᠠᠷᠢᠭᠤᠨ ᠰᠢᠳᠤᠷᠭᠤ ᠠᠪᠴᠤ ᠶᠠᠪᠤᠨ᠂ ᠡᠷᠬᠡ᠎ᠪᠠᠨ ᠵᠥᠪ ᠣᠨᠣᠪᠴᠢᠲᠠᠢ ᠬᠡᠷᠡᠭᠵᠢᠭᠦᠯᠵᠦ᠂ ᠵᠤᠷᠢᠭᠳᠠᠢ᠎ᠪᠠᠷ ᠡᠬᠦᠷᠭᠡ ᠬᠠᠷᠢᠭᠤᠴᠠᠯᠭ᠎ᠠ᠎ᠪᠠᠨ ᠡᠬᠦᠷᠭᠡᠯᠡᠵᠦ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠠᠷᠢᠭᠤᠴᠠᠯᠭ᠎ᠠ᠎ᠪᠠᠨ ᠦᠨᠡᠨ ᠬᠦ᠌ ᠰᠠᠶ᠋ᠢᠲᠤᠷ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠨᠢᠭᠡ᠎ᠳᠤ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠤᠯᠤᠰ ᠲᠥᠷᠥ ᠵᠢᠨ ᠰᠠᠬᠢᠯᠭ᠎ᠠ ᠪᠠᠲᠤ ᠪᠠ ᠳᠦᠷᠢᠮ ᠲᠣᠭᠲᠠᠭ᠋ᠠᠯ᠎ᠢ ᠴᠢᠩᠭ᠎ᠠ ᠵᠢᠷᠤᠮᠯᠠᠬᠤ ᠬᠡᠷᠡᠭᠲᠡᠢ᠃ ᠤᠰᠤᠨ ᠠᠰᠢᠭᠯᠠᠯᠲᠠ ᠵᠢᠨ ᠰᠢᠰᠲ᠋ᠧᠮ᠎ᠤᠨ ᠤᠳᠤᠷᠢᠳᠬᠤ ᠺᠠᠳ᠋ᠷᠴᠤᠳ ᠡᠷᠬᠡᠪᠰᠢ ᠤᠯᠤᠰ ᠲᠥᠷᠥ ᠵᠢᠨ ᠰᠡᠷᠭᠡᠭ ᠴᠢᠨᠠᠷ ᠵᠶ᠋ᠠᠨ ᠦᠨᠡᠨ ᠬᠦ᠌ ᠳᠡᠭᠡᠭᠰᠢᠯᠡᠭᠦᠯᠬᠦ᠎ᠳᠤ ᠡᠷᠬᠡᠪᠰᠢ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠲᠥᠪ ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢ᠍ᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ᠎ᠳᠤ ᠨᠢᠭᠡᠳᠦᠭᠦᠯᠬᠦ ᠬᠡᠷᠡᠭᠲᠡᠢ᠃ ᠰᠠᠬᠢᠯᠭ᠎ᠠ ᠪᠠᠲᠤ ᠵᠢ ᠵᠢᠷᠤᠮᠯᠠᠬᠤ ᠦᠵᠡᠯ ᠤᠬᠠᠮᠰᠠᠷ ᠵᠶ᠋ᠠᠨ ᠦᠨᠡᠨ ᠬᠦ᠌ ᠴᠢᠩᠭ᠋ᠠᠷᠠᠭᠤᠯᠵᠤ᠂ ᠨᠠᠮ᠎ᠤᠨ ᠤᠯᠤᠰ ᠲᠥᠷᠥ ᠵᠢᠨ ᠰᠠᠬᠢᠯᠭ᠎ᠠ ᠪᠠᠲᠤ ᠪᠠ ᠤᠯᠤᠰ ᠲᠥᠷᠥ ᠵᠢᠨ ᠶᠣᠰᠣ ᠳᠦᠷᠢᠮ᠎ᠢ ᠤᠬᠠᠮᠰᠠᠷ᠎ᠠᠴᠠ᠎ᠪᠠᠨ   ᠵᠢᠷᠤᠮᠯᠠᠵᠤ᠂ ᠶᠣᠰᠣ ᠮᠣᠷᠠᠯ᠎ᠤᠨ ᠳᠡᠭᠡᠳᠦ ᠱᠤᠭᠤᠮ᠎ᠢ ᠪᠠᠷᠢᠮᠳᠠᠯᠠᠨ᠂ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠪᠡᠬᠢ ᠪᠠᠶ᠋ᠢᠭᠤᠯᠵᠤ᠂ ᠰᠠᠬᠢᠯᠭ᠎ᠠ ᠪᠠᠲᠤ ᠵᠢᠨ ᠬᠢᠵᠠᠭ᠋ᠠᠷ ᠱᠤᠭᠤᠮ᠎ᠢ ᠪᠠᠲᠤ ᠰᠠᠬᠢᠵᠤ᠂ ᠪᠦᠬᠦ ᠣᠷᠣᠨ᠎ᠤ ᠤᠰᠤᠨ ᠠᠰᠢᠭᠯᠠᠯᠲᠠ ᠵᠢᠨ ᠰᠢᠰᠲ᠋ᠧᠮ᠎ᠤᠨ ᠳᠣᠲᠣᠷ᠎ᠠ ᠲᠥᠪ ᠴᠢᠬᠡᠴᠢ ᠰᠤᠷᠲᠠᠯ᠎ᠲᠠᠢ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠴᠢᠷᠮᠠᠶ᠋ᠢᠨ ᠪᠣᠢ ᠪᠣᠯᠭ᠋ᠠᠨ᠎ᠠ᠃ ᠬᠤᠶᠠᠷ᠎ᠲᠤ ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠨ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠦᠨᠳᠦᠰᠦᠨ ᠱᠠᠲᠤ ᠳᠠᠰᠢ ᠤᠷᠲᠤᠳᠬᠠᠬᠤ ᠵᠢ   ᠠᠬᠢᠭᠤᠯᠤᠨ᠎ᠠ᠃ ᠤᠰᠤᠨ ᠠᠰᠢᠭᠯᠠᠯᠲᠠ ᠵᠢᠨ ᠤᠳᠤᠷᠢᠳᠬᠤ ᠺᠠᠳ᠋ᠷᠴᠤᠳ ᠡᠷᠬᠡᠪᠰᠢ ᠵᠣᠷᠢᠭᠲᠠᠢ᠎ᠪᠠᠷ ᠡᠬᠦᠷᠭᠡ ᠲᠤᠰᠢᠶᠠᠯ ᠵᠶ᠋ᠡᠨ ᠡᠭᠦᠷᠭᠡᠯᠡᠵᠦ᠂ ᠤᠬᠠᠮᠰᠠᠷ᠎ᠠᠴᠠ᠎ᠪᠠᠨ ᠬᠠᠷᠢᠭᠤᠴᠠᠯᠭ᠋ᠠᠲᠤ ᠰᠡᠳᠬᠢᠯᠭᠡ ᠪᠣᠯᠤᠨ ᠲᠤᠯᠭ᠋ᠠᠮ᠎ᠠ ᠰᠡᠳᠬᠢᠯᠭᠡ᠎ᠪᠠᠨ ᠨᠡᠮᠡᠭᠳᠡᠭᠦᠯᠵᠦ᠂ ᠨᠠᠮ᠎ᠤᠨ ᠪᠠᠶ᠋ᠢᠭᠤᠯᠤᠯᠲᠠ ᠵᠢ   ᠦᠨᠡᠨ ᠬᠦ᠌ ᠴᠢᠩᠭ᠋ᠠᠳᠬᠠᠨ᠂ ᠤᠯᠤᠰ ᠲᠥᠷᠥ ᠪᠠᠲᠤ ᠴᠢᠩᠭ᠎ᠠ᠂ ᠡᠬᠦᠷᠭᠡ ᠬᠠᠷᠢᠭᠤᠴᠠᠯᠭ᠎ᠠ᠎ᠪᠠᠨ ᠵᠤᠷᠢᠭᠳᠠᠢ ᠡᠬᠦᠷᠭᠡᠯᠡᠳᠡᠭ᠂ ᠠᠷᠢᠭᠤᠨ ᠴᠢᠬᠡᠴᠢ ᠺᠠᠳ᠋ᠷ᠎ᠤᠨ ᠡᠩᠨᠡᠭᠡ ᠵᠢ ᠴᠢᠷᠮᠠᠶ᠋ᠢᠨ ᠪᠠᠶ᠋ᠢᠭᠤᠯᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠪᠠ ᠴᠢᠨᠠᠷ ᠰᠠᠶ᠋ᠢᠲᠠᠢ ᠬᠥᠭᠵᠢᠯᠲᠡ᠎ᠳᠤ ᠪᠠᠲᠤ ᠴᠢᠩᠭ᠎ᠠ ᠤᠯᠤᠰ ᠲᠥᠷᠥ ᠵᠢᠨ ᠪᠠᠲᠤᠯᠠᠭ᠎ᠠ᠂ ᠰᠠᠬᠢᠯᠭ᠎ᠠ ᠪᠠᠲᠤ ᠵᠢᠨ ᠪᠠᠲᠤᠯᠠᠭ᠎ᠠ ᠪᠠ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ᠃ ᠭᠤᠷᠪᠠ᠎ᠳᠤ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠵᠢ ᠴᠢᠩᠭ᠋ᠠᠳᠬᠠᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠬ᠎ᠠ ᠠᠳᠬᠤᠬᠤ ᠬᠡᠷᠡᠭᠲᠡᠢ᠃ ᠤᠳᠤᠷᠢᠳᠬᠤ ᠺᠠᠳ᠋ᠷᠴᠤᠳ   ᠲᠦᠷᠦᠬᠦᠯᠡᠨ ᠪᠤᠰᠤᠳ᠎ᠢ ᠬᠢᠵᠦ ᠳᠡᠶ᠋ᠢᠯᠬᠦ᠎ᠪᠠᠷ ᠱᠠᠭ᠋ᠠᠷᠳᠠᠬᠤ ᠶᠠᠪᠤᠳᠠᠯ᠎ᠢ ᠥᠪᠡᠷ ᠵᠶ᠋ᠡᠨ ᠤᠷᠢᠳᠠᠪᠡᠷ ᠬᠢᠵᠦ ᠲᠡᠢ᠌ᠯᠦᠨ᠂ ᠪᠤᠰᠤᠳ᠎ᠢ ᠬᠢᠵᠦ ᠪᠤᠯᠬᠤ ᠦᠭᠡᠢ ᠭᠡᠵᠦ ᠱᠠᠭ᠋ᠠᠷᠳᠠᠬᠤ ᠵᠦᠢ᠍ᠯ᠎ᠢ ᠥᠪᠡᠷ ᠵᠶ᠋ᠡᠨ ᠲᠦᠷᠦᠭᠦᠯᠡᠨ ᠬᠢᠬᠦ ᠦᠭᠡᠢ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠱᠠᠭ᠋ᠠᠷᠳᠠᠯᠭ᠎ᠠ ᠶᠣᠰᠣᠭ᠋ᠠᠷ ᠴᠢᠩᠭ᠎ᠠ ᠠᠵᠢᠯᠯᠠᠬᠤ ᠵᠢ ᠱᠠᠭ᠋ᠠᠷᠳᠠᠬᠤ ᠬᠡᠷᠡᠭᠲᠡᠢ᠃ ᠨᠠᠮ᠎ᠤᠨ ᠰᠤᠷᠲᠠᠯ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠪᠠᠭ᠎ᠤᠨ ᠭᠡᠰᠢᠬᠦᠳ ᠬᠤᠪᠢᠳᠠᠨ ᠬᠠᠮᠢᠶᠠᠷᠬᠤ ᠬᠡᠪᠴᠢᠶᠡᠨ ᠲᠤᠳᠤᠷᠠᠬᠢ ᠡᠯ᠎ᠡ ᠨᠢᠭᠡᠴᠢ ᠪᠠ ᠬᠦᠮᠦᠰ᠎ᠤᠨ ᠴᠢᠭᠡᠴᠢ ᠵᠠᠰᠠᠭ᠎ᠤᠨ ᠬᠦᠮᠦᠵᠢᠯ ᠪᠠ ᠬᠠᠮᠢᠶᠠᠷᠤᠯᠳᠠ᠎ᠪᠠᠨ ᠰᠠᠢ᠌ᠳᠤᠷ ᠠᠳᠬᠤᠵᠤ᠂ ᠬᠤᠪᠢᠳᠠᠨ ᠬᠠᠮᠢᠶᠠᠷᠴᠤ ᠪᠦᠬᠦᠢ ᠨᠢᠭᠡᠴᠢ ᠪᠤᠯᠤᠨ ᠰᠠᠯᠠᠭ᠎ᠠ ᠲᠠᠰᠤᠭ᠎ᠤᠨ ᠵᠶ᠋ᠡᠨ ᠨᠠᠮ᠎ᠤᠨ ᠰᠤᠷᠳᠠᠯ ᠴᠢᠭᠡᠴᠢ ᠵᠠᠰᠠᠭ᠎ᠤᠨ ᠪᠠᠢ᠌ᠭᠤᠯᠤᠯᠳᠠ ᠵᠢᠨ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠬᠦᠯᠵᠦ ᠪᠠᠢ᠌ᠭ᠎ᠠ ᠪᠠᠢ᠌ᠳᠠᠯ ᠵᠢ ᠴᠠᠭ ᠲᠤᠬᠠᠢ᠎ᠳᠤ᠎ᠨᠢ ᠡᠵᠡᠮᠰᠢᠵᠦ᠂ ᠰᠠᠬᠢᠯᠭ᠎ᠠ ᠪᠠ ᠶᠤᠰᠤ ᠵᠢ ᠲᠡᠷᠢᠬᠦᠨ᠎ᠳᠤ ᠲᠠᠯᠪᠢᠵᠤ᠂ ᠨᠠᠮ᠎ᠤᠨ ᠰᠤᠷᠳᠠᠯ ᠴᠢᠭᠡᠴᠢ ᠵᠠᠰᠠᠭ᠎ᠤᠨ ᠪᠠᠢ᠌ᠭᠤᠯᠤᠯᠳᠠ ᠵᠢᠨ ᠬᠠᠷᠢᠭᠤᠴᠠᠯᠭ᠎ᠠ ᠵᠢᠨ ᠲᠦᠷᠢᠮ᠎ᠢ ᠪᠤᠳᠠᠳᠠᠢ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠲᠢᠩᠬᠢᠮ ᠪᠦᠬᠦ ᠣᠷᠣᠨ᠎ᠤ ᠠᠶᠤᠯᠬᠦᠢ ᠦᠢ᠍ᠯᠡᠳᠪᠦᠷᠢᠯᠡᠯ᠎ᠤᠨ ᠠᠵᠢᠯ ᠪᠠ ᠬᠢᠨᠠᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
ᠤᠰᠤᠨ ᠠᠰᠢᠭᠯᠠᠯᠲᠠ ᠵᠢᠨ ᠲᠢᠩᠬᠢᠮ 《ᠭᠠᠯ ᠰᠡᠷᠭᠡᠢ᠌ᠯᠡᠬᠦ ᠵᠢ ᠠᠩᠬᠠᠷᠴᠤ᠂ ᠠᠮᠢ ᠨᠠᠰᠤ ᠵᠢ ᠡᠷᠬᠢᠮᠯᠡᠬᠦ》 2020 ᠣᠨ᠎ᠤ ᠨᠠᠮᠤᠷ ᠡᠪᠦᠯ᠎ᠤᠨ ᠤᠯᠠᠷᠢᠯ᠎ᠤᠨ ᠭᠠᠯ ᠰᠡᠷᠭᠡᠢ᠌ᠯᠡᠬᠦ ᠠᠮᠤᠷ ᠲᠦᠪᠰᠢᠨ᠎ᠤ ᠮᠡᠳᠡᠯᠭᠡ ᠵᠢᠨ ᠲᠠᠶ᠋ᠢᠯᠤᠮᠵᠢ ᠵᠢᠴᠢ ᠰᠤᠷᠢᠯᠳᠠ ᠵᠢ ᠵᠣᠬᠢᠶᠠᠨ ᠪᠠᠶ᠋ᠢᠭᠤᠯᠵᠤ ᠦᠷᠨᠢᠬᠦᠯᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠢ᠍ᠮᠠᠳᠤᠭ᠋ᠠᠷ ᠲᠣᠭᠣᠷᠢᠨ ᠵᠢᠯᠣᠭᠣᠳᠬᠤ ᠳᠤᠭᠤᠶ᠋ᠢᠯᠠᠩ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠬᠤ ᠪᠠ ᠰᠠᠶ᠋ᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠳᠤ ᠤᠷᠤᠯᠴᠠᠨ ᠵᠢᠯᠤᠭᠤᠳᠤᠯᠭ᠎ᠠ ᠬᠢᠪᠡ
ᠥᠪᠡᠷᠲᠡᠭᠡᠨ ᠵᠠᠰᠠᠬᠤ ᠣᠷᠣᠨ᠎ᠤ ᠭᠣᠣᠯ᠎ᠤᠨ ᠳᠠᠷᠤᠭ᠎ᠠ ᠵᠢᠨ ᠠᠯᠪᠠᠨ ᠭᠡᠷ ᠪᠤᠯᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠴᠠᠭ᠋ᠠᠬᠤ ᠬᠣᠷᠢᠶ᠎ᠠ ᠭᠣᠣᠯ ᠨᠠᠭᠤᠷ᠎ᠢ ᠵᠠᠰᠠᠬᠤ 《ᠨᠠᠮᠤᠷ᠎ᠤᠨ ᠤᠯᠠᠷᠢᠯ》᠎ᠤᠨ ᠠᠵᠢᠯᠯᠠᠭ᠎ᠠ ᠵᠢ ᠪᠠᠶ᠋ᠢᠴᠠᠭ᠋ᠠᠨ ᠰᠤᠳᠤᠯᠬᠤ ᠠᠵᠢᠯ᠎ᠢ ᠪᠠᠶ᠋ᠢᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
 
            