ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
2020 ᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠬᠥᠬᠡᠭᠴᠢᠨ ᠳᠡᠰ᠎ᠤᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ 《ᠬᠣᠶᠠᠷ᠎ᠢ ᠲᠤᠬᠢᠶᠠᠯᠳᠤᠯ ᠵᠶ᠋ᠡᠷ ᠰᠤᠩᠭᠤᠵᠤ᠂ ᠨᠢᠭᠡ ᠵᠢ ᠢᠯᠡ ᠪᠤᠯᠭ᠋ᠠᠬᠤ》 ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠠᠵᠢᠯ᠎ᠤᠨ ᠪᠠᠶ᠋ᠢᠳᠠᠯ
ᠨᠡᠶ᠋ᠢᠲᠡᠯᠡᠭᠰᠡᠨ ᠴᠠᠭ᠄ 2020-12-23

      ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ 《2020 ᠣᠨ᠎ᠤ 〈ᠬᠤᠶᠠᠷ᠎ᠢ ᠲᠤᠬᠢᠶᠠᠯᠳᠤᠯ ᠵᠶ᠋ᠡᠷ ᠰᠤᠩᠭᠤᠵᠤ᠂ ᠨᠢᠭᠡ ᠵᠢ ᠢᠯᠡ ᠪᠣᠯᠭ᠋ᠠᠬᠤ〉 ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠤᠰᠤᠨ ᠠᠰᠢᠭᠯᠠᠯᠲᠠ ᠵᠢᠨ ᠲᠢᠩᠬᠢᠮ᠎ᠠᠴᠠ ᠬᠠᠤᠯᠢ ᠬᠡᠷᠡᠭᠵᠢᠭᠦᠯᠬᠦ ᠠᠵᠢᠯᠲᠠᠨ᠎ᠢ ᠲᠤᠬᠢᠶᠠᠯᠳᠤᠯ ᠵᠶ᠋ᠡᠷ ᠰᠤᠩᠭᠤᠵᠤ ᠪᠠᠶ᠋ᠢᠴᠠᠭ᠋ᠠᠬᠤ ᠳᠤᠭᠤᠶ᠋ᠢᠯᠠᠩ ᠪᠠᠢ᠌ᠭᠤᠯᠤᠨ᠂ ᠲᠣᠬᠢᠶᠠᠯᠳᠤᠯ ᠵᠶ᠋ᠠᠷ ᠰᠤᠭᠤᠴᠢᠨ ᠰᠤᠩᠭᠤᠭᠰᠠᠨ ᠬᠣᠶᠠᠷ ᠪᠠᠢ᠌ᠴᠠᠭ᠋ᠠᠭᠳᠠᠬᠤ ᠡᠲᠡᠭᠡᠳ — ᠬᠢᠩᠭ᠋ᠠᠨ ᠠᠶ᠋ᠢᠮᠠᠭ᠎ᠤᠨ ᠰᠦ᠍ ᡂᠢ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠲᠤᠷᠰᠢᠯᠲᠠ ᠵᠢᠨ ᠪᠠᠶ᠋ᠢᠴᠠᠭ᠋ᠠᠨ ᠬᠡᠮᠵᠢᠬᠦ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠪᠣᠯᠤᠨ ᠥᠪᠥᠷ ᠮᠣᠩᠭᠣᠯ᠎ᠤᠨ ᠹᠦ᠋ ᠺᠠᠢ ᠯᠦᠩ ᠢᠨᠵᠧᠨᠧᠷᠢᠩ  ᠎ᠤᠨ ᠮᠠᠲᠸᠷᠢᠶᠠᠯ᠎ᠢ ᠪᠠᠢ᠌ᠴᠠᠭ᠋ᠠᠨ ᠬᠡᠮᠵᠢᠬᠦ ᠬᠢᠵᠠᠭ᠋ᠠᠷᠳᠤ ᠺᠤᠮᠫᠠᠨᠢ᠎ᠳᠤ ᠲᠤᠬᠠᠢ ᠵᠢᠨ ᠲᠠᠯᠠᠪᠠᠢ ᠵᠢᠨ ᠬᠠᠤᠯᠢ ᠬᠡᠷᠡᠭᠵᠢᠬᠦᠯᠦᠯᠳᠡ ᠵᠢᠨ ᠪᠠᠢ᠌ᠴᠠᠭ᠋ᠠᠯᠳᠠ ᠬᠢᠪᠡ᠃
      ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠡᠵᠡᠩᠨᠡᠯᠲᠡ ᠵᠢᠨ ᠭᠠᠵᠠᠷ᠂ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠪᠠᠭ᠋ᠠᠵᠢ ᠲᠥᠬᠥᠭᠡᠷᠦᠮᠵᠢ ᠵᠢᠨ ᠠᠵᠢᠯᠯᠠᠭ᠎ᠠ ᠵᠢᠴᠢ ᠬᠠᠷᠭᠤᠯᠤᠯᠳᠠ᠂ ᠳᠠᠩᠰᠠ ᠡᠪᠬᠡᠮᠡᠯ᠎ᠤᠨ ᠮᠠᠲ᠋ᠧᠷᠢᠶᠠᠯ ᠵᠡᠷᠭᠡ ᠪᠠᠶ᠋ᠢᠳᠠᠯ᠎ᠢ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠪᠠ᠃ ᠪᠠᠶ᠋ᠢᠴᠠᠭ᠋ᠠᠯᠲᠠ᠎ᠪᠠᠷ ᠳᠠᠮᠵᠢᠨ᠄ ᠬᠢᠩᠭ᠋ᠠᠨ ᠠᠶ᠋ᠢᠮᠠᠭ᠎ᠤᠨ ᠰᠤ᠌ ᡂᠢ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠲᠤᠷᠰᠢᠯᠲᠠ ᠵᠢᠨ ᠪᠠᠢ᠌ᠴᠠᠭ᠋ᠠᠨ ᠬᠡᠮᠵᠢᠬᠦ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠦᠢ᠍ᠯᠡᠳᠪᠦᠷᠢᠯᠡᠯ ᠡᠵᠡᠩᠨᠡᠯᠲᠡ᠎ᠨᠢ ᠬᠡᠪ᠎ᠤᠨ ᠪᠠᠢ᠌ᠵᠤ᠂ ᠱᠠᠭ᠋ᠠᠷᠳᠠᠯᠭ᠎ᠠ ᠬᠠᠩᠭ᠋ᠠᠮᠵᠢ᠂ ᠲᠥᠬᠥᠭᠡᠷᠦᠮᠵᠢ ᠵᠢᠨ ᠬᠠᠮᠢᠶᠠᠷᠤᠯᠲᠠ᠎ᠨᠢ ᠨᠡᠯᠢᠶᠡᠳ ᠵᠢᠷᠤᠮᠵᠢᠭᠰᠠᠨ ᠪᠣᠯᠪᠠᠴᠤ᠂ ᠭᠡᠷ᠎ᠡ ᠵᠢᠨ ᠬᠠᠮᠢᠶᠠᠷᠤᠯᠲᠠ᠎ᠨᠢ ᠳᠦᠷᠢᠮᠵᠢᠯ ᠥᠬᠡᠢ᠂ ᠭᠡᠷ᠎ᠡ ᠵᠢᠨ ᠳ᠋ᠤᠭ᠋ᠠᠷᠯᠠᠯ᠎ᠨᠢ ᠲᠠᠰᠤᠯᠳᠠᠭᠰᠠᠨ᠂ ᠪᠠᠢ᠌ᠴᠠᠭ᠋ᠠᠨ ᠬᠡᠮᠵᠢᠬᠦ ᠲᠥᠷᠥᠯ ᠵᠦᠢ᠍ᠯ᠎ᠤᠨ ᠡᠬᠡ ᠳᠠᠩᠰᠠ ᠵᠢ ᠪᠠᠶ᠋ᠢᠭᠤᠯᠤᠭᠰᠠᠨ ᠥᠬᠡᠢ ᠵᠡᠷᠭᠡ ᠠᠰᠠᠭᠤᠳᠠᠯ ᠤᠷᠤᠰᠢᠵᠤ ᠪᠠᠢ᠌ᠬᠤ ᠵᠢ ᠢᠯᠡᠷᠡᠬᠦᠯᠵᠦ᠂ ᠪᠠᠶ᠋ᠢᠴᠠᠭ᠋ᠠᠬᠤ ᠳᠤᠭᠤᠶ᠋ᠢᠯᠠᠩ᠎ᠠᠴᠠ ᠳᠠᠷᠤᠶ᠋ᠢᠬᠠᠨ ᠴᠡᠭᠴᠡᠯᠡᠨ ᠵᠠᠰᠠᠬᠤ ᠵᠢ ᠱᠠᠭ᠋ᠠᠷᠳᠠᠪᠠ᠃ ᠥᠪᠥᠷ ᠮᠣᠩᠭᠣᠯ᠎ᠤᠨ ᠹᠦ᠋ ᠺᠠᠢ ᠯᠦᠩ ᠢᠨᠵᠧᠨᠧᠷᠢᠩ᠎ᠤᠨ ᠮᠠᠲ᠋ᠧᠷᠢᠶᠠᠯ᠎ᠢ ᠪᠠᠢ᠌ᠴᠠᠭ᠋ᠠᠨ ᠬᠡᠮᠵᠢᠬᠦ ᠬᠢᠵᠠᠭ᠋ᠠᠷᠲᠤ ᠺᠣᠮᠫᠠᠨᠢ᠎ᠠᠴᠠ ᠬᠠᠩᠭ᠋ᠠᠭᠰᠠᠨ ᠣᠷᠣᠨ ᠰᠠᠭᠤᠴᠠ ᠵᠢᠨ ᠤᠲᠠᠰᠤ ᠵᠢᠴᠢ ᠬᠠᠷᠢᠯᠴᠠᠬᠤ ᠬᠥᠮᠦᠨ᠎ᠤ ᠤᠲᠠᠰᠤ᠎ᠨᠢ ᠪᠦᠷ ᠨᠡᠪᠳᠡᠷᠡᠬᠦ ᠦᠭᠡᠢ ᠪᠠᠢ᠌ᠭ᠎ᠠ ᠠᠰᠠᠭᠤᠳᠠᠯ᠎ᠢ ᠢᠯᠡᠷᠡᠬᠦᠯᠵᠡᠢ᠃
                                    2020 ᠣᠨ᠎ᠤ 11 ᠰᠠᠷ᠎ᠠ ᠵᠢᠨ 6᠎ᠤ ᠡᠳᠦᠷ

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠲᠢᠩᠬᠢᠮ 2020 ᠣᠨ᠎ᠤ 《ᠬᠣᠶᠠᠷ᠎ᠢ ᠲᠤᠬᠢᠶᠠᠯᠳᠤᠯ ᠵᠶ᠋ᠡᠷ ᠰᠤᠩᠭᠤᠵᠤ᠂ ᠨᠢᠭᠡ ᠵᠢ ᠢᠯᠡ ᠪᠣᠯᠭ᠋ᠠᠬᠤ》 ᠮᠠᠯᠵᠢᠬᠤ ᠲᠠᠷᠢᠶᠠᠯᠠᠬᠤ ᠣᠷᠣᠨ᠎ᠤ ᠠᠶᠤᠯᠬᠦᠢ ᠤᠤᠭᠤᠬᠤ ᠤᠰᠤ ᠬᠠᠩᠭ᠋ᠠᠬᠤ ᠨᠢᠭᠡᠴᠢ ᠵᠢᠨ ᠬᠠᠤᠯᠢ ᠬᠡᠷᠡᠭᠵᠢᠬᠦᠯᠦᠯᠳᠡ᠎ᠳᠤ ᠪᠠᠶ᠋ᠢᠴᠠᠭ᠋ᠠᠯᠲᠠ ᠬᠢᠪᠡ
ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠴᠢᠬᠡᠴᠢ ᠵᠠᠰᠠᠭ᠎ᠤᠨ ᠶᠠᠷᠢᠯᠴᠠᠭ᠋ᠠᠨ᠎ᠤ ᠬᠤᠷᠠᠯ ᠬᠢᠵᠡᠢ
ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠴᠢᠬᠡᠴᠢ ᠵᠠᠰᠠᠭ᠎ᠤᠨ ᠶᠠᠷᠢᠯᠴᠠᠭ᠋ᠠᠨ᠎ᠤ ᠬᠤᠷᠠᠯ ᠬᠢᠵᠡᠢ
ᠤᠰᠤᠨ ᠠᠰᠢᠭᠯᠠᠯᠲᠠ ᠵᠢᠨ ᠲᠢᠩᠬᠢᠮ ᠪᠦᠬᠦ ᠣᠷᠣᠨ᠎ᠤ ᠠᠶᠤᠯᠬᠦᠢ ᠦᠢ᠍ᠯᠡᠳᠪᠦᠷᠢᠯᠡᠯ᠎ᠤᠨ ᠠᠵᠢᠯ ᠪᠠ ᠬᠢᠨᠠᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
ᠤᠰᠤᠨ ᠠᠰᠢᠭᠯᠠᠯᠲᠠ ᠵᠢᠨ ᠲᠢᠩᠬᠢᠮ 《ᠭᠠᠯ ᠰᠡᠷᠭᠡᠢ᠌ᠯᠡᠬᠦ ᠵᠢ ᠠᠩᠬᠠᠷᠴᠤ᠂ ᠠᠮᠢ ᠨᠠᠰᠤ ᠵᠢ ᠡᠷᠬᠢᠮᠯᠡᠬᠦ》 2020 ᠣᠨ᠎ᠤ ᠨᠠᠮᠤᠷ ᠡᠪᠦᠯ᠎ᠤᠨ ᠤᠯᠠᠷᠢᠯ᠎ᠤᠨ ᠭᠠᠯ ᠰᠡᠷᠭᠡᠢ᠌ᠯᠡᠬᠦ ᠠᠮᠤᠷ ᠲᠦᠪᠰᠢᠨ᠎ᠤ ᠮᠡᠳᠡᠯᠭᠡ ᠵᠢᠨ ᠲᠠᠶ᠋ᠢᠯᠤᠮᠵᠢ ᠵᠢᠴᠢ ᠰᠤᠷᠢᠯᠳᠠ ᠵᠢ ᠵᠣᠬᠢᠶᠠᠨ ᠪᠠᠶ᠋ᠢᠭᠤᠯᠵᠤ ᠦᠷᠨᠢᠬᠦᠯᠪᠡ
 
            