11 ᠰᠠᠷ᠎ᠠ ᠵᠢᠨ 16᠎ᠤ ᠡᠳᠦᠷ᠂ ᠪᠦᠬᠦ ᠤᠯᠤᠰ᠎ᠤᠨ ᠤᠰᠤᠨ ᠠᠰᠢᠭᠯᠠᠯᠲᠠ ᠵᠢᠨ ᠵᠠᠯᠠᠭᠤ ᠺᠠᠳ᠋ᠷᠴᠤᠳ᠎ᠤᠨ 《ᠦᠨᠳᠦᠰᠦᠨ ᠬᠥᠭ ᠠᠶᠠᠰ᠎ᠢ ᠬᠦᠨᠵᠡᠭᠡᠢ ᠰᠤᠳᠤᠯᠵᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ》 ᠮᠡᠳᠡᠯᠭᠡ ᠵᠢᠨ ᠤᠷᠤᠯᠳᠤᠭ᠋ᠠᠨ ᠵᠢᠴᠢ ᠦᠷ᠎ᠡ ᠪᠦᠲᠦᠭᠡᠯ᠎ᠢ ᠳᠡᠯᠭᠡᠨ ᠦᠵᠡᠭᠦᠯᠬᠦ ᠠᠵᠢᠯᠯᠠᠭ᠎ᠠ (ᠰᠥᠩ ᠯᠢᠶᠣᠣ ᠵᠥᠪᠯᠡᠯ᠎ᠤᠨ ᠤᠷᠤᠯᠳᠤᠭ᠋ᠠᠨ᠎ᠤ ᠲᠣᠭᠣᠷᠢᠭ)᠎ᠤᠨ ᠪᠡᠯᠡᠳᠬᠡᠯ ᠤᠷᠤᠯᠳᠤᠭ᠋ᠠᠨ ᠴᠠᠩᠴᠦ᠋ᠨ ᠬᠣᠲᠠ᠎ᠳᠤ ᠶᠠᠪᠤᠭᠳᠠᠵᠤ᠂ ᠤᠰᠤᠨ ᠠᠰᠢᠭᠯᠠᠯᠲᠠ ᠵᠢᠨ ᠶᠠᠮᠤᠨ᠎ᠤ ᠬᠡᠰᠡᠭ ᠪᠠᠢ᠌ᠭᠤᠯᠭ᠎ᠠ ᠵᠢᠨ ᠵᠤᠷᠭ᠋ᠠᠨ ᠲᠣᠪᠴᠢᠶ᠎ᠠ᠂ ᠰᠢᠭᠤᠳ ᠬᠠᠷᠢᠶ᠎ᠠ ᠨᠢᠭᠡᠴᠢ ᠪᠠ ᠥᠪᠥᠷ ᠮᠣᠩᠭᠣᠯ᠎ᠤᠨ ᠤᠰᠤᠨ ᠠᠰᠢᠭᠯᠠᠯᠲᠠ ᠵᠢᠨ ᠲᠢᠩᠬᠢᠮ ᠵᠡᠷᠭᠡ ᠬᠡᠰᠡᠭ ᠮᠣᠵᠢ ᠣᠷᠣᠨ (ᠰᠢᠭᠤᠳ ᠬᠠᠷᠢᠶ᠎ᠠ ᠬᠣᠲᠠ᠂ ᠲᠦᠯᠦᠪᠯᠡᠭᠡᠳᠦ ᠲᠤᠰᠠᠭ᠋ᠠᠷ ᠵᠢᠭᠰᠠᠭ᠋ᠠᠭᠰᠠᠨ ᠬᠤᠳᠠ)᠎ᠤ ᠤᠰᠤᠨ ᠠᠰᠢᠭᠯᠠᠯᠲᠠ ᠵᠢᠨ ᠲᠢᠩᠬᠢᠮ (ᠲᠤᠪᠴᠢᠶ᠎ᠠ) ᠤᠨ ᠨᠡᠢ᠌ᠳᠡ10 ᠲᠦᠯᠦᠭᠡᠯᠡᠭᠴᠢ ᠵᠢᠨ ᠠᠩᠬᠢ ᠬᠤᠪᠢᠶᠠᠷᠢ ᠤᠷᠤᠯᠳᠤᠭ᠋ᠠᠨ᠎ᠤ ᠲᠤᠭᠤᠷᠢᠭ᠎ᠤᠨ ᠪᠡᠯᠡᠳᠬᠡᠯ ᠤᠷᠤᠯᠳᠤᠭ᠋ᠠᠨ᠎ᠳᠤ ᠤᠷᠤᠯᠴᠠᠪᠠ᠃
ᠪᠡᠯᠡᠳᠬᠡᠯ ᠤᠷᠤᠯᠳᠤᠭ᠋ᠠᠨ᠎ᠨᠢ ᠲᠤᠬᠠᠢ ᠵᠢᠨ ᠲᠠᠯᠠᠪᠠᠢ ᠵᠢᠨ ᠤᠷᠤᠯᠳᠤᠭ᠋ᠠᠨ᠎ᠤ ᠬᠡᠯᠪᠡᠷᠢ᠎ᠪᠠᠷ ᠮᠡᠳᠡᠯᠭᠡ ᠵᠢᠨ ᠤᠷᠤᠯᠳᠤᠭ᠋ᠠᠨ ᠪᠠ ᠦᠷ᠎ᠡ ᠪᠦᠲᠦᠭᠡᠯ᠎ᠤᠨ ᠦᠵᠡᠭᠦᠯᠦᠯᠭᠡ ᠵᠢ ᠤᠶᠠᠯᠳᠤᠭᠤᠯᠬᠤ ᠠᠷᠭ᠎ᠠ ᠬᠡᠯᠪᠡᠷᠢ᠎ᠪᠠᠷ ᠶᠠᠪᠤᠭᠳᠠᠪᠠ᠃ ᠦᠷ᠎ᠡ ᠪᠦᠲᠦᠭᠡᠯ᠎ᠤᠨ ᠦᠵᠡᠬᠦᠯᠦᠯᠭᠡ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠥᠯᠥᠭᠡᠯᠡᠭᠴᠢᠳ᠎ᠤᠨ ᠠᠩᠭᠢ 4 ᠮᠢᠨᠦ᠋ᠲ ᠭᠠᠷᠤᠢ ᠵᠢᠨ ᠣᠬᠣᠷ ᠹᠢᠯᠢᠮ ᠵᠶ᠋ᠡᠷ ᠪᠦᠬᠦ ᠣᠷᠣᠨ᠎ᠤ ᠤᠰᠤᠨ ᠠᠰᠢᠭᠯᠠᠯᠲᠠ ᠵᠢᠨ ᠵᠠᠯᠠᠭᠤ ᠺᠠᠳ᠋ᠷᠴᠤᠳ᠎ᠤᠨ ᠦᠨᠳᠦᠰᠦᠨ ᠬᠦᠭ ᠠᠶᠠᠰ᠎ᠢ ᠰᠤᠷᠤᠯᠴᠠᠬᠤ᠂ ᠦᠨᠳᠦᠰᠦᠨ ᠬᠥᠭ ᠠᠶᠠᠰ᠎ᠢ ᠦᠢ᠍ᠯᠡᠳᠦᠯᠭᠡᠵᠢᠭᠦᠯᠬᠦ ᠦᠢ᠍ᠯᠡᠳᠦᠯᠭᠡ ᠵᠢᠨ ᠦᠷ᠎ᠡ ᠪᠦᠲᠦᠭᠡᠯ ᠪᠣᠯᠤᠨ ᠴᠣᠭ ᠵᠢᠪᠬᠤᠭ᠎ᠠ ᠵᠢ ᠲᠥᠪᠯᠡᠷᠡᠩᠭᠦᠢ ᠳᠡᠯᠭᠡᠨ ᠦᠵᠡᠭᠦᠯᠵᠦ᠂ ᠲᠤᠬᠠᠢ ᠵᠢᠨ ᠲᠠᠯᠠᠪᠠᠢ ᠵᠢᠨ ᠬᠤᠪᠢ ᠲᠣᠭᠲᠠᠭ᠋ᠠᠬᠤ ᠲᠤᠰᠬᠠᠢ ᠮᠡᠷᠭᠡᠵᠢᠯᠳᠡᠳ᠎ᠤᠨ ᠨᠢᠭᠡᠳᠦᠯᠲᠡᠢ ᠰᠠᠶ᠋ᠢᠨ ᠦᠨᠡᠯᠡᠯᠲᠡ ᠵᠢ ᠤᠯᠵᠤ᠂ ᠰᠦᠩ ᠯᠢᠶᠤᠤ ᠵᠦᠪᠯᠡᠯ᠎ᠤᠨ ᠤᠷᠤᠯᠳᠤᠭ᠋ᠠᠨ᠎ᠤ ᠲᠤᠭᠤᠷᠢᠭ᠎ᠲᠤ ᠲᠡᠷᠢᠬᠦᠨ ᠪᠠᠢ᠌ᠷᠢ᠎ᠳᠤ ᠲᠤᠳᠤᠷᠠᠪᠠ᠃ ᠮᠡᠳᠡᠯᠭᠡ ᠵᠢᠨ ᠤᠷᠤᠯᠳᠤᠭ᠋ᠠᠨ᠎ᠳᠤ᠂ ᠵᠠᠪᠠᠯ ᠬᠠᠷᠢᠭᠤᠯᠬᠤ ᠰᠡᠳᠦᠪ᠂ ᠬᠠᠮᠲᠤ᠎ᠪᠠᠷ ᠬᠠᠷᠢᠭᠤᠯᠬᠤ ᠰᠡᠳᠦᠪ᠂ ᠦᠷᠢᠰᠦᠨ ᠬᠠᠷᠢᠭᠤᠯᠬᠤ ᠰᠡᠳᠦᠪ ᠪᠠ ᠥᠷᠢᠰᠦᠯᠳᠦᠭᠡᠨ᠎ᠤ ᠰᠡᠳᠦᠪ ᠵᠡᠷᠭᠡ ᠳᠥᠷᠪᠡᠨ ᠭᠣᠭᠴᠣᠭ᠎ᠠ ᠵᠢᠨ ᠰᠢᠷᠦᠭᠦᠨ ᠲᠡᠮᠡᠴᠡᠯᠳᠦᠭᠡᠨ ᠵᠶ᠋ᠡᠷ ᠳᠠᠮᠵᠢᠭ᠋ᠠᠳ᠂ ᠳ᠋ᠸᠩ ᠺᠸᠤ ᠤᠰᠤ ᠲᠠᠳᠠᠬᠤ ᠤᠰᠤᠯᠠᠯᠳᠠ ᠵᠢᠨ ᠲᠤᠭᠤᠷᠢᠭ᠎ᠤᠨ ᠬᠠᠮᠢᠶᠠᠷᠤᠯᠳᠠ ᠵᠢᠨ ᠲᠤᠪᠴᠢᠶ᠎ᠠ ᠵᠢᠨ ᠸᠠᠩ ᠹᠠᠨ᠂ ᠣᠷᠳᠣᠰ᠎ᠤᠨ ᠤᠰᠤᠨ ᠰᠢᠨᠵᠢᠯᠡᠭᠡᠨ᠎ᠤ ᠲᠣᠪᠴᠢᠶᠠᠨ᠎ᠤ ᠯᠦ᠍ ᠰᠢᠩ ᠬᠠᠩ᠂ ᠰᠢᠯᠢ ᠵᠢᠨ ᠭᠣᠣᠯ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠭᠦ᠋ ᠵᠢᠨ ᠯᠦ᠍ ᠪᠠ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢᠨ ᠵᠢᠷᠤᠭ ᠲᠥᠯᠥᠪᠯᠡᠭᠡ ᠵᠢᠨ ᠰᠤᠳᠤᠯᠭ᠋ᠠᠨ᠎ᠤ ᠬᠦᠷᠢᠶᠡᠯᠡᠩ᠎ᠤᠨ ᠸᠠᠩ ᠱᠤ᠌ ᠨᠠᠨ 4 ᠵᠠᠯᠠᠭᠤ ᠺᠠᠳ᠋ᠷ ᠵᠶ᠋ᠠᠷ ᠪᠦᠷᠢᠯᠳᠦᠭᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠦᠯᠦᠭᠡᠯᠡᠭᠴᠢ ᠵᠢᠨ ᠠᠩᠬᠢ ᠵᠢᠨ ᠢᠯᠡᠷᠡᠯ ᠲᠤᠪᠤᠢ᠌ᠮ᠎ᠠ ᠪᠠᠢ᠌ᠵᠤ᠂ ᠬᠤᠶᠠᠳᠤᠭ᠋ᠠᠷ ᠨᠡᠷᠡᠰ᠎ᠠᠴᠠ᠎ᠪᠠᠨ 70 ᠬᠤᠪᠢ ᠦᠨᠳᠦᠷ ᠲᠠᠪᠠᠭᠤᠯᠢᠭ ᠬᠢᠷᠢ ᠪᠦᠳᠦᠮᠵᠢ᠎ᠪᠠᠷ ᠲᠡᠷᠢᠬᠦᠨ᠎ᠳᠤ ᠲᠤᠳᠤᠷᠠᠵᠤ᠂ ᠦᠵᠡᠬᠦᠯᠦᠯᠭᠡ ᠵᠢᠨ ᠨᠢᠭᠡᠳᠦᠭᠡᠷ ᠨᠡᠷᠡᠰ᠎ᠤᠨ ᠬᠢᠷᠢ ᠪᠦᠳᠦᠮᠵᠢ᠎ᠲᠠᠢ᠎ᠪᠠᠨ ᠤᠶᠠᠯᠳᠤᠭᠤᠯᠤᠨ ᠪᠦᠬᠦ ᠤᠯᠤᠰ᠎ᠤᠨ ᠬᠠᠭ᠋ᠠᠰ ᠰᠢᠢ᠍ᠳᠪᠤᠷᠢᠳᠦ ᠤᠷᠤᠯᠳᠤᠭ᠋ᠠᠨ᠎ᠳᠤ ᠠᠮᠵᠢᠯᠳᠠᠳᠠᠢ ᠲᠠᠪᠰᠢᠪᠠ᠃
ᠲᠤᠰ ᠤᠳᠠᠭ᠋ᠠᠨ᠎ᠤ ᠠᠵᠢᠯᠯᠠᠭ᠎ᠠ ᠵᠢ ᠤᠰᠤᠨ ᠠᠰᠢᠭᠯᠠᠯᠲᠠ ᠵᠢᠨ ᠶᠠᠮᠤᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠂ ᠣᠶᠤᠨ᠎ᠤ ᠪᠣᠯᠪᠠᠰᠤᠨ᠎ᠤ ᠠᠯᠪᠠᠨ ᠭᠡᠷ᠎ᠠᠴᠠ ᠭᠣᠣᠯᠯᠠᠨ ᠡᠷᠬᠢᠯᠡᠵᠦ᠂ ᠪᠡᠯᠡᠳᠬᠡᠯ ᠤᠷᠤᠯᠳᠤᠭ᠋ᠠᠨ᠂ ᠬᠠᠭ᠋ᠠᠰ ᠰᠢᠢ᠍ᠳᠪᠦᠷᠢᠲᠦ ᠤᠷᠤᠯᠳᠤᠭ᠋ᠠᠨ᠂ ᠰᠢᠢ᠍ᠳᠪᠦᠷᠢᠲᠦ ᠤᠷᠤᠯᠳᠤᠭ᠋ᠠᠨ ᠵᠡᠷᠭᠡ ᠭᠤᠷᠪᠠᠨ ᠱᠠᠲᠤ ᠦᠶ᠎ᠡ ᠬᠤᠪᠢᠶᠠᠨ ᠶᠠᠪᠤᠭᠳᠠᠭᠤᠯᠤᠨ᠎ᠠ᠃ ᠪᠡᠯᠡᠳᠬᠡᠯ ᠤᠷᠤᠯᠳᠤᠭ᠋ᠠᠨ᠎ᠳᠤ ᠬᠦᠬᠡᠮᠦ᠋ᠷᠡᠨ᠎ᠤ ᠵᠦᠪᠯᠡᠯ᠂ ᠬᠠᠲᠤᠨ ᠭᠣᠣᠯ᠎ᠤᠨ ᠵᠥᠪᠯᠡᠯ᠂ ᠬᠤᠸᠠᠢ ᠾᠧ ᠵᠢᠨ ᠵᠥᠪᠯᠡᠯ᠂ ᠬᠠᠢ ᠾᠸ ᠵᠢᠨ ᠵᠥᠪᠯᠡᠯ᠂ ᠵᠦᠵᠢᠶᠠᠩ᠎ᠤᠨ ᠵᠦᠪᠯᠡᠯ᠂ ᠰᠥᠩ ᠯᠢᠶᠣᠣ ᠵᠢᠨ ᠵᠥᠪᠯᠡᠯ᠂ᠲᠠᠢ ᠬᠤ᠌ ᠲᠤᠪᠴᠢᠶ᠎ᠠ᠂ ᠤᠰᠤᠨ ᠠᠰᠢᠭᠯᠠᠯᠳᠠ ᠵᠢᠨ ᠰᠢᠨᠵᠢᠯᠡᠭᠡᠨ᠎ᠤ ᠬᠦᠷᠢᠶᠡᠯᠡᠩ ᠪᠣᠯᠤᠨ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠳᠤᠮᠳᠠ ᠱᠤᠭᠤᠮ᠎ᠤᠨ ᠲᠣᠪᠴᠢᠶᠠᠨ ᠵᠡᠷᠭᠡ 9 ᠤᠷᠤᠯᠳᠤᠭ᠋ᠠᠨ᠎ᠤ ᠲᠣᠭᠣᠷᠢᠭ ᠭᠠᠷᠭ᠋ᠠᠵᠤ᠂ ᠪᠦᠬᠦ ᠤᠯᠤᠰ᠎ᠠᠴᠠ ᠢᠷᠡᠭᠰᠡᠨ 90 ᠲᠥᠯᠥᠭᠡᠯᠡᠭᠴᠢ ᠵᠢᠨ ᠠᠩᠭᠢ 9 ᠤᠷᠤᠯᠳᠤᠭ᠋ᠠᠨ᠎ᠤ ᠲᠣᠭᠣᠷᠢᠭ᠎ᠲᠤ ᠬᠠᠮᠲᠤ᠎ᠳᠠᠭᠠᠨ ᠤᠷᠤᠯᠳᠤᠵᠤ᠂ ᠤᠷᠤᠯᠳᠤᠭ᠋ᠠᠨ᠎ᠤ ᠲᠣᠭᠣᠷᠢᠭ ᠪᠦᠷᠢ ᠵᠢᠨ ᠡᠮᠦᠨ᠎ᠡ ᠬᠣᠶᠠᠷ ᠨᠡᠷᠡᠰ᠎ᠨᠢ 11 ᠰᠠᠷ᠎ᠠ ᠵᠢᠨ 21᠎ᠤ ᠡᠳᠦᠷ ᠵᠧᠩᠵᠧᠦ᠎ᠳᠤ ᠶᠠᠪᠤᠭᠳᠠᠬᠤ ᠬᠠᠭ᠋ᠠᠰ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠨ᠎ᠠ᠃