ᠲᠣᠰ ᠥᠷᠲᠡᠭᠡᠨ᠎ᠤ ᠮᠡᠳᠡᠭᠡ 3 ᠰᠠᠷ᠎ᠠ ᠵᠢᠨ 2᠎ᠤᠨ ᠡᠳᠦᠷ᠂ ᠤᠰᠤᠨ ᠵᠦᠶ ᠵᠢᠨ ᠠᠵᠢᠯ᠎ᠤᠨ ᠸᠢᠳᠢᠣ᠋ ᠬᠤᠷᠠᠯ ᠪᠡᠭᠡᠵᠢᠩ᠎ᠳᠤ ᠬᠤᠷᠠᠯᠳᠤᠪᠠ᠃ ᠪᠥᠬᠥ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 2019 ᠣᠨ᠎ᠤ ᠤᠰᠤᠨ ᠵᠦᠶ ᠵᠢᠨ ᠠᠵᠢᠯ᠎ᠢ ᠳ᠋ᠦᠩᠨᠡᠨ᠂ ᠥᠭᠡᠷᠡᠴᠢᠯᠡᠯᠲᠡ ᠬᠥᠭᠵᠢᠯᠲᠡ ᠵᠢᠨ ᠪᠠᠶ᠋ᠢᠳᠠᠯ᠎ᠢ ᠵᠠᠳᠠᠯᠵᠤ᠂ 2020 ᠣᠨ᠎ᠤ ᠭᠤᠤᠯᠳᠠᠯᠭ᠎ᠠ᠎ᠲᠠᠢ ᠠᠵᠢᠯ᠎ᠢ ᠳᠣᠭᠢᠷᠠᠭᠤᠯᠤᠨ ᠪᠠᠶ᠋ᠢᠷᠢᠯᠠᠭᠤᠯᠪᠠ᠃ ᠤᠯᠤᠰ᠎ᠤᠨ ᠦᠶᠡᠷ ᠤᠰᠤᠳᠤᠯ᠎ᠢ ᠰᠡᠷᠭᠡᠶ᠋ᠢᠯᠡᠨ ᠭᠠᠩ ᠬᠠᠭᠰᠠᠷᠠᠭ᠋ᠠᠨ᠎ᠢ ᠰᠡᠷᠭᠡᠶ᠋ᠢᠯᠡᠬᠦ ᠶᠡᠷᠦᠩᠬᠡᠢ ᠵᠢᠯᠤᠭᠤᠳᠬᠤ ᠭᠠᠵᠠᠷ᠎ᠤᠨ ᠨᠡᠷᠢᠠ ᠪᠢᠴᠢᠭ᠎ᠤᠨ ᠲᠡᠷᠦᠭᠠ᠂ ᠤᠰᠤᠨ ᠠᠰᠢᠭᠯᠠᠯᠳᠠ ᠵᠢᠨ ᠶᠠᠮᠤᠨ᠎ᠤ ᠳᠡᠳ᠋ ᠰᠠᠶ᠋ᠢᠳ ᠶᠧ ᠵᠢᠶᠠᠨ ᠴᠦᠨ ᠬᠤᠷᠠᠯ᠎ᠳᠤ ᠤᠷᠤᠯᠴᠠᠨ ᠶᠠᠷᠢᠶ᠎ᠠ ᠲᠠᠯᠪᠢᠵᠠᠢ᠃
ᠶᠧ ᠵᠢᠶᠠᠨ ᠴᠦᠨ᠂ 2019 ᠣᠨ᠎ᠳᠤ ᠪᠦᠬᠦ ᠤᠯᠤᠰ᠎ᠤᠨ ᠤᠰᠤᠨ ᠵᠦᠢ ᠵᠢᠨ ᠰᠢᠰᠲ᠋ᠧᠮ᠎ᠤᠨ᠎ᠬᠢᠨ ᠨᠠᠮ᠎ᠤᠨ ᠲᠥᠪ ᠬᠣᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ ᠵᠢᠨ ᠰᠢᠢ᠍ᠳᠪᠤᠷᠢᠳᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠥᠭ ᠠᠶᠠᠰ᠎ᠤᠨ ᠲᠣᠭᠣᠷᠢᠨ᠎ᠳᠤ ᠰᠡᠳᠬᠢᠴᠡ᠎ᠪᠠᠨ ᠬᠤᠪᠢᠷᠠᠭᠤᠯᠤᠨ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠦᠨᠡᠨ ᠬᠦ᠌ ᠠᠳᠬᠤᠨ ᠪᠣᠳᠠᠲᠠᠶ ᠠᠵᠢᠯᠯᠠᠵᠤ᠂ ᠦᠵᠡᠯ ᠰᠠᠨᠠᠭ᠎ᠠ ᠣᠶ᠋ᠢᠯᠠᠭ᠋ᠠᠭᠳᠠᠬᠤᠨ ᠪᠠ ᠠᠵᠢᠯ᠎ᠤᠨ ᠠᠷᠭ᠎ᠠ ᠬᠡᠯᠪᠡᠷᠢ᠎ᠳᠤ ᠰᠢᠨ᠎ᠡ ᠬᠤᠪᠢᠷᠠᠯᠲᠠ ᠭᠠᠷᠴᠤ᠂ ᠤᠰᠤᠨ ᠵᠦᠢ ᠵᠢ ᠬᠡᠮᠵᠢᠨ ᠮᠡᠳᠡᠭᠦᠯᠬᠦ᠂ ᠤᠰᠤᠨ ᠵᠦᠢ ᠵᠢᠨ ᠦᠢ᠍ᠯᠡᠴᠢᠯᠡᠭᠡ᠂ ᠴᠢᠳᠠᠪᠤᠷᠢ ᠵᠢᠨ ᠪᠠᠶ᠋ᠢᠭᠤᠯᠤᠯᠲᠠ᠂ ᠤᠰᠤᠨ ᠵᠦᠢ ᠵᠢᠨ ᠥᠭᠡᠷᠡᠴᠢᠯᠡᠯᠲᠡ᠂ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠡᠷᠭᠡ ᠬᠡᠳᠦᠨ ᠲᠠᠯ᠎ᠠ᠎ᠪᠠᠷ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠪᠠᠶ᠋ᠢᠪᠠᠰᠤ ᠵᠣᠬᠢᠬᠤ ᠪᠠᠶ᠋ᠢᠷᠢ ᠰᠠᠭᠤᠷᠢ᠎ᠲᠠᠢ ᠪᠤᠯᠵᠤ᠂ ᠤᠰᠤᠨ ᠵᠦᠢ ᠵᠢᠨ ᠠᠵᠢᠯᠳᠠᠳ᠎ᠤᠨ ᠤᠶᠤᠨ ᠰᠠᠨᠠᠭ᠋ᠠᠨ᠎ᠤ ᠰᠠᠢ᠍ᠢ᠍ᠨ ᠰᠠᠶ᠋ᠢᠬᠠᠨ ᠳᠦᠷᠰᠦ ᠪᠠᠶ᠋ᠢᠳᠠᠯ᠎ᠢ ᠢᠯᠡᠷᠡᠭᠦᠯᠤᠨ᠂ ᠤᠰᠤᠨ ᠵᠦᠢ ᠵᠢᠨ ᠦᠢ᠍ᠯᠡᠰ᠎ᠤᠨ ᠬᠥᠭᠵᠢᠯᠲᠡ ᠵᠢ ᠬᠦᠴᠦᠲᠡᠶ ᠲᠦᠯᠬᠢᠨ ᠠᠬᠢᠭᠤᠯᠵᠤ᠂ ᠤᠰᠤᠨ ᠵᠦᠢ ᠵᠢᠨ ᠠᠵᠢᠯ᠎ᠤᠨ ᠪᠦᠲᠦᠮᠵᠢ ᠡᠯ᠎ᠡ ᠲᠠᠯ᠎ᠠ ᠵᠢᠨ᠎ᠬᠢᠨ᠎ᠤ ᠨᠤᠳᠠᠯᠠᠯᠳᠠ ᠵᠢ ᠬᠦᠷᠳᠡᠪᠡ ᠭᠡᠵᠤ ᠵᠢᠭ᠋ᠠᠵᠤ ᠭᠠᠷᠭ᠋ᠠᠭᠰᠠᠨ ᠪᠠᠢ᠍ᠢ᠍ᠨ᠎ᠠ᠃
ᠶᠧ ᠵᠢᠶᠠᠨ ᠴᠦᠨ᠂ ᠪᠦᠬᠦ ᠤᠯᠤᠰ᠎ᠤᠨ ᠤᠰᠤᠨ ᠵᠦᠢ ᠵᠢᠨ ᠰᠢᠰᠲ᠋ᠧᠮ᠎ᠤᠨ᠎ᠬᠢᠨ ᠤᠰᠤᠨ ᠵᠦᠢ ᠵᠢᠨ ᠠᠵᠢᠯ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠱᠠᠭ᠋ᠠᠷᠳᠠᠯᠭ᠎ᠠ ᠵᠢ ᠭᠦᠨᠵᠡᠭᠡᠢ ᠲᠠᠨᠢᠵᠤ᠂ 《ᠠᠷᠠᠳ ᠲᠦᠮᠡᠨ᠎ᠳᠤ ᠪᠤᠶᠠᠨ ᠦᠢ᠍ᠯᠡᠳᠬᠦ ᠵᠣᠯ ᠵᠢᠷᠭ᠋ᠠᠯᠲᠤ ᠭᠣᠣᠯ᠎ᠢ ᠪᠦᠳᠦᠬᠡᠨ ᠪᠠᠶ᠋ᠢᠭᠤᠯᠬᠤ》 ᠡᠨᠡ ᠬᠦ᠌ ᠶᠡᠷᠦᠩᠬᠡᠢ ᠬᠠᠷᠠᠯᠲᠠ ᠵᠢ ᠡᠵᠡᠮᠳᠡᠨ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠢ ᠬᠦᠭ ᠠᠶᠠᠰ᠎ᠢ ᠪᠠᠷᠢᠮᠲᠠᠯᠠᠨ ᠭᠦᠨᠵᠡᠭᠡᠶ᠋ᠢᠷᠡᠭᠦᠯᠵᠦ᠂ ᠤᠰᠤᠨ ᠵᠦᠢ ᠵᠢᠨ ᠦᠷᠳᠡᠬᠡ ᠲᠣᠣᠷ᠎ᠤᠨ ᠪᠠᠶ᠋ᠢᠷᠢᠰᠢᠯ᠎ᠤᠨ ᠲᠤᠬᠢᠷᠠᠭᠤᠯᠤᠯᠳᠠ᠂ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ ᠰᠢᠰᠲ᠋ᠧᠮ᠎ᠤᠨ ᠪᠠᠶ᠋ᠢᠭᠤᠯᠤᠯᠲᠠ ᠵᠡᠷᠭᠡ ᠲᠠᠯ᠎ᠠ᠎ᠪᠠᠷ᠎ᠬᠢ ᠤᠰᠤᠨ ᠵᠦᠢ ᠵᠢᠨ ᠲᠤᠯᠭ᠋ᠠᠭᠤᠷᠢᠯᠠᠯ᠎ᠢ ᠰᠠᠶ᠋ᠢᠲᠤᠷ ᠠᠳᠬᠤᠬᠤ ᠬᠡᠷᠡᠭᠲᠡᠢ᠃ ᠨᠢᠭᠡ᠎ᠳᠤ᠂ ᠤᠰᠤ ᠵᠠᠰᠠᠬᠤ ᠰᠡᠳᠬᠢᠴᠡ᠎ᠪᠠᠨ ᠬᠤᠪᠢᠷᠠᠭᠤᠯᠬᠤ ᠵᠢ ᠪᠥᠬᠥ ᠲᠠᠯ᠎ᠠ᠎ᠪᠠᠷ ᠲᠦᠷᠭᠡᠳᠬᠡᠨ ᠤᠰᠤᠨ ᠵᠦᠶ ᠵᠢᠨ ᠠᠵᠢᠯ᠎ᠳᠤ ᠰᠢᠨ᠎ᠡ ᠱᠠᠭ᠋ᠠᠷᠳᠠᠯᠭ᠎ᠠ ᠳᠤᠷᠠᠳᠴᠤ᠂ ᠤᠰᠤᠨ ᠵᠦᠶ ᠵᠢᠨ ᠦᠢ᠍ᠯᠡᠴᠢᠯᠡᠭᠡ᠎ᠪᠠᠷ ᠲᠤᠯᠭ᠋ᠠᠭᠤᠷᠢᠯᠠᠨ ᠪᠠᠲᠤᠯᠠᠬᠤ ᠳᠥᠷᠪᠡᠨ ᠶᠡᠬᠡ ᠤᠰᠤᠨ᠎ᠤ ᠠᠰᠠᠭᠤᠳᠠᠯ᠎ᠤᠨ ᠲᠣᠭᠣᠷᠢᠨ᠎ᠳᠤ ᠠᠵᠢᠯ᠎ᠤᠨ ᠪᠠᠶ᠋ᠢᠷᠢᠯᠠᠭᠤᠯᠤᠯᠲᠠ᠎ᠳᠤ ᠲᠣᠬᠢᠷᠠᠭᠤᠯᠤᠯᠲᠠ ᠬᠢᠵᠦ᠂ ᠤᠰᠤᠨ ᠵᠦᠢ ᠵᠢᠨ ᠰᠠᠭᠤᠷᠢ ᠴᠢᠨᠠᠷᠲᠠᠶ ᠲᠤᠬᠠᠶ᠋ᠢᠯᠠᠭᠰᠠᠨ ᠠᠵᠢᠯ ᠪᠠ ᠲᠤᠯᠭ᠋ᠠᠭᠤᠷᠢᠯᠠᠬᠤ ᠴᠢᠨᠠᠷᠲᠠᠶ ᠠᠵᠢᠯ᠎ᠢ ᠴᠡᠭᠴᠡᠯᠡᠨ᠂ ᠤᠰᠤᠨ ᠵᠦᠶ ᠵᠢᠨ ᠠᠵᠢᠯ᠎ᠤᠨ ᠭᠣᠣᠯᠳᠠᠯᠭᠠᠢ ᠦᠢ᠍ᠯᠡᠴᠢᠯᠡᠭᠡᠨ᠎ᠤ 《ᠳᠤᠲᠠᠭᠤᠳᠠᠯ᠎ᠢ ᠨᠥᠬᠥᠪᠥᠷᠢᠯᠡᠵᠦ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》 ᠳᠠᠢ᠍ᠢ᠍ᠰᠢ ᠰᠢᠯᠵᠢᠭᠦᠯᠬᠦ ᠬᠡᠷᠡᠭᠲᠡᠶ; ᠤᠰᠤᠨ ᠵᠦᠶ ᠵᠢᠨ ᠬᠥᠭᠵᠢᠯᠲᠡ ᠵᠢᠨ ᠵᠠᠭᠪᠤᠷ᠎ᠤᠨ ᠲᠠᠯ᠎ᠠ᠎ᠪᠠᠷ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠲᠦᠷᠭᠡᠳᠬᠡᠵᠦ᠂ ᠠᠵᠢᠯ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ᠎ᠳᠤ ᠨᠡᠶ᠋ᠢᠴᠡᠬᠦ ᠤᠰᠤᠨ ᠵᠦᠶ ᠵᠢᠨ ᠬᠠᠮᠢᠶᠠᠷᠤᠯᠲᠠ ᠵᠢᠨ ᠵᠠᠭᠪᠤᠷ ᠪᠠ ᠠᠵᠢᠯᠯᠠᠭ᠋ᠠᠨ᠎ᠤ ᠠᠷᠭ᠎ᠠ ᠬᠡᠯᠪᠡᠷᠢ ᠵᠢ ᠴᠢᠨᠠᠭᠰᠢᠳᠠ ᠰᠤᠳᠤᠯᠤᠨ ᠰᠦᠪᠡᠭᠴᠢᠯᠡᠵᠦ᠂ ᠠᠵᠢᠯ ᠲᠥᠷᠥᠯ᠎ᠤᠨ ᠬᠠᠮᠢᠶᠠᠷᠤᠯᠲᠠ ᠵᠢᠨ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠤᠰᠤᠨ᠎ᠤ ᠠᠮᠤᠷ ᠲᠦᠪᠰᠢᠨ᠎ᠤ ᠲᠤᠯᠭ᠋ᠠᠭᠤᠷᠢᠯᠠᠨ ᠪᠠᠲᠤᠯᠠᠬᠤ ᠴᠢᠳᠠᠪᠤᠷᠢ ᠵᠢ ᠴᠢᠩᠭ᠋ᠠᠷᠠᠭᠤᠯᠬᠤ ᠬᠡᠷᠡᠭᠲᠡᠶ᠃ ᠬᠣᠶᠠᠷ᠎ᠲᠤ ᠤᠯᠤᠰ᠎ᠤᠨ ᠣᠷᠣᠨ ᠪᠦᠰᠡ ᠵᠢᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠦᠨ ᠤᠰᠤᠨ ᠵᠦᠶ ᠵᠢᠨ ᠠᠵᠢᠯ᠎ᠳᠤ ᠰᠢᠨ᠎ᠡ ᠱᠠᠭ᠋ᠠᠷᠳᠠᠯᠭ᠎ᠠ ᠳᠤᠷᠠᠳᠴᠤ᠂ ᠤᠯᠤᠰ᠎ᠤᠨ ᠣᠷᠣᠨ ᠪᠦᠰᠡ ᠵᠢᠨ ᠬᠥᠭᠵᠢᠯᠲᠡ ᠵᠢᠨ ᠡᠯ᠎ᠡ ᠵᠤᠢ᠌ᠯ᠎ᠤᠨ ᠪᠠᠶ᠋ᠢᠯᠳᠤᠬᠤ ᠪᠣᠳᠣᠯᠭ᠎ᠠ ᠵᠢᠨ ᠲᠣᠭᠣᠷᠢᠨ᠎ᠳᠤ ᠤᠰᠤᠨ ᠵᠦᠶ ᠵᠢᠨ ᠠᠵᠢᠯ᠎ᠤᠨ ᠰᠠᠭᠤᠷᠢ ᠵᠢ ᠪᠠᠲᠤ ᠴᠤᠭᠴᠠᠯᠠᠵᠤ᠂ ᠤᠯᠤᠰ᠎ᠤᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠬᠡᠷᠡᠭᠵᠢᠭᠦᠯᠦᠯᠲᠡ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠰᠠᠭᠤᠷᠢ ᠲᠤᠯᠭ᠋ᠠᠭᠤᠷᠢᠯᠠᠯ ᠪᠠᠲᠤᠯᠠᠭ᠎ᠠ ᠬᠠᠩᠭ᠋ᠠᠬᠤ ᠬᠡᠷᠡᠭᠲᠡᠶ᠃ ᠭᠤᠷᠪᠠ᠎ᠳᠤ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠬᠦ᠎ᠳᠤ ᠤᠰᠤᠨ ᠵᠦᠶ ᠵᠢᠨ ᠠᠵᠢᠯ᠎ᠳᠤ ᠰᠢᠨ᠎ᠡ ᠱᠠᠭ᠋ᠠᠷᠳᠠᠯᠭ᠎ᠠ ᠳᠤᠷᠠᠳᠴᠤ ᠂ ᠤᠰᠤᠨ ᠵᠦᠶ ᠵᠢᠨ ᠰᠠᠯᠠᠭ᠎ᠠ ᠮᠥᠴᠢᠷ᠎ᠤᠨ᠎ᠬᠢᠨ ᠣᠨᠴᠠᠭ᠋ᠠᠶ ᠲᠤᠰᠬᠠᠶ ᠮᠡᠷᠭᠡᠵᠢᠯ ᠪᠠ ᠰᠤᠷᠲᠠᠯ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠭᠦᠨᠵᠡᠭᠡᠶ ᠵᠠᠳᠠᠯᠤᠯᠲᠠ ᠬᠢᠵᠦ᠂ ᠦᠶᠡᠷ ᠤᠰᠤᠳᠤᠯ᠎ᠢ ᠰᠡᠷᠭᠡᠶ᠋ᠢᠯᠡᠬᠦ ᠰᠠᠯᠠᠭ᠎ᠠ ᠮᠥᠴᠢᠷ᠎ᠤᠨ ᠠᠶᠤᠯ ᠲᠦᠭᠰᠢᠭᠦᠷᠢ ᠵᠢ ᠢᠯᠭ᠋ᠠᠨ ᠲᠠᠨᠢᠬᠤ ᠵᠢ ᠳᠡᠮᠵᠢᠭᠰᠡᠨ ᠪᠠ ᠬᠠᠮᠵᠢᠯᠴᠠᠵᠤ᠂ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠂ ᠬᠠᠮᠵᠢᠯᠴᠠᠨ ᠠᠵᠢᠯᠯᠠᠵᠤ᠂ ᠠᠶᠤᠯ ᠲᠦᠭᠰᠢᠭᠦᠷᠢ ᠵᠢ ᠡᠷᠲᠡ ᠦᠶ᠎ᠡ᠎ᠠᠴᠠ ᠴᠢᠷᠮᠠᠶ᠋ᠢᠨ ᠠᠷᠢᠯᠭ᠋ᠠᠵᠤ᠂ ᠭᠠᠶ ᠭᠠᠮᠰᠢᠭ᠎ᠤᠨ ᠠᠶᠤᠯ ᠲᠦᠭᠰᠢᠭᠦᠷᠢ ᠵᠢ ᠴᠢᠷᠮᠠᠶ᠋ᠢᠨ ᠪᠠᠭ᠋ᠠᠰᠬᠠᠬᠤ ᠬᠡᠷᠡᠭᠲᠡᠶ ᠭᠡᠵᠦ ᠴᠢᠬᠤᠯᠠᠴᠢᠯᠠᠪᠠ᠃
ᠶᠧ ᠵᠢᠶᠠᠨ ᠴᠦᠨ 2020 ᠣᠨ᠎ᠤ ᠭᠣᠣᠯᠳᠠᠯᠭ᠎ᠠ᠎ᠲᠠᠢ ᠠᠵᠢᠯ᠎ᠢ ᠰᠠᠶ᠋ᠢᠲᠤᠷ ᠬᠢᠬᠦ ᠲᠠᠯ᠎ᠠ᠎ᠪᠠᠷ ᠳᠣᠯᠣᠭ᠋ᠠᠨ ᠲᠠᠯ᠎ᠠ᠎ᠪᠠᠷ ᠴᠢᠬᠤᠯᠠᠴᠢᠯᠠᠪᠠ᠂ ᠨᠢᠭᠡ᠎ᠳᠤ ᠤᠰᠤᠨ ᠵᠦᠶ ᠵᠢᠨ ᠣᠳᠣᠬᠢᠴᠢᠯᠠᠬᠤ ᠪᠥᠲᠥᠭᠡᠨ ᠪᠠᠶ᠋ᠢᠭᠤᠯᠤᠯᠲᠠ ᠵᠢᠨ ᠠᠯᠬᠤᠴᠠ ᠵᠢ ᠪᠥᠬᠥ ᠲᠠᠯ᠎ᠠ᠎ᠪᠠᠷ ᠲᠦᠷᠭᠡᠳᠬᠡᠵᠤ᠂ ᠣᠲᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠢ ᠥᠷᠭᠡᠨ ᠵᠶ᠋ᠡᠷ ᠬᠡᠷᠡᠭᠯᠡᠨ᠂ ᠤᠰᠤᠨ ᠵᠦᠶ ᠵᠢᠨ ᠲᠠᠩᠰᠠ ᠡᠪᠬᠡᠮᠡᠯ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠪᠥᠬᠥ ᠲᠠᠯ᠎ᠠ᠎ᠪᠠᠷ ᠲᠦᠷᠭᠡᠳᠬᠡᠵᠦ᠂ ᠬᠢᠨᠠᠨ ᠬᠡᠮᠵᠢᠬᠦ ᠠᠷᠭ᠎ᠠ ᠪᠠᠷᠢᠯ᠎ᠢ ᠠᠦ᠋ᠲ᠋ᠤᠴᠢᠯᠠᠬᠤ᠂ ᠮᠡᠳᠡᠭᠡ ᠵᠠᠩᠭᠢ ᠵᠢ ᠴᠤᠭᠯᠠᠭᠤᠯᠬᠤ ᠵᠢ ᠪᠣᠰᠣᠭ᠎ᠠ ᠴᠤᠭᠴᠠᠵᠢᠭᠤᠯᠬᠤ᠂ ᠲᠣᠭ᠎ᠠ ᠪᠠᠷᠢᠮᠲᠠ ᠵᠢ ᠰᠢᠢ᠍ᠳᠪᠤᠷᠢᠯᠡᠬᠦ ᠵᠢ ᠤᠶᠤᠨᠴᠢᠯᠠᠬᠤ᠂ ᠦᠢ᠍ᠯᠡᠴᠢᠯᠡᠭᠡᠨ᠎ᠤ ᠦᠢ᠍ᠯᠡᠳᠬᠦᠨ᠎ᠢ ᠣᠯᠠᠨ ᠶᠠᠩᠵᠤᠴᠢᠯᠠᠬᠤ ᠵᠢ ᠴᠢᠷᠮᠠᠶ᠋ᠢᠨ ᠪᠡᠶᠡᠯᠡᠭᠦᠯᠵᠦ᠂ ᠴᠠᠭ ᠦᠶ᠎ᠡ ᠵᠢᠨ ᠬᠥᠭᠵᠢᠯᠲᠡ᠎ᠯᠦᠭᠡ ᠢᠵᠢᠯ ᠠᠯᠬᠤᠮ᠎ᠲᠠᠢ ᠣᠲᠣ ᠦᠶ᠎ᠡ ᠵᠢᠨ ᠤᠰᠤᠨ ᠵᠦᠶ ᠵᠢᠨ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠢ ᠪᠠᠢ᠍ᠢ᠍ᠭᠤᠯᠬᠤ ᠬᠡᠷᠡᠭᠳᠠᠢ᠃ ᠬᠣᠶᠠᠷ᠎ᠲᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠦᠢ᠍ᠯᠡᠴᠢᠯᠡᠭᠡᠨ᠎ᠤ ᠲᠤᠯᠭ᠋ᠠᠭᠤᠷᠢᠯᠠᠯ᠎ᠢ ᠪᠦᠬᠦ ᠬᠦᠴᠦᠨ ᠵᠶ᠋ᠡᠷ ᠰᠠᠶ᠋ᠢᠲᠤᠷ ᠬᠢᠵᠦ᠂ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ ᠵᠢ ᠬᠢᠨᠠᠨ ᠬᠡᠮᠵᠢᠬᠦ ᠵᠢ ᠭᠣᠣᠯᠳᠠᠯᠭ᠎ᠠ᠎ᠲᠠᠢ ᠰᠠᠶ᠋ᠢᠲᠤᠷ ᠬᠢᠵᠦ᠂ ᠮᠤᠵᠢ ᠵᠢᠨ ᠵᠠᠭ᠋ᠠᠭ ᠪᠣᠯᠤᠨ ᠴᠢᠬᠤᠯᠠ ᠡᠵᠡᠮᠳᠡᠬᠦ ᠣᠭᠲᠣᠯᠤᠭ᠋ᠠᠰᠤ ᠵᠢᠨ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ ᠵᠢ ᠥᠷᠨᠢᠭᠦᠯᠵᠦ᠂ ᠤᠮᠠᠷᠠᠲᠤ ᠣᠷᠣᠨ᠎ᠤ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠢ ᠶᠡᠷᠦᠩᠬᠡᠶ᠋ᠢᠯᠡᠨ ᠵᠠᠰᠠᠬᠤ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠵᠢᠨ ᠤᠰᠤ ᠨᠥᠬᠥᠪᠥᠷᠢᠯᠡᠬᠦ ᠤᠰᠤᠨ ᠵᠦᠢ ᠵᠢ ᠬᠢᠨᠠᠨ ᠬᠡᠮᠵᠢᠬᠦ ᠵᠢᠴᠢ ᠵᠠᠳᠠᠯᠬᠤ ᠠᠵᠢᠯ ᠪᠣᠯᠤᠨ ᠦᠪᠦᠷ ᠮᠤᠩᠭᠤᠯ᠎ᠤᠨ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ 《ᠤᠰᠤᠨ᠎ᠤ ᠬᠡᠮᠵᠢᠶ᠎ᠠ ᠪᠡ ᠬᠡᠷᠡᠭᠯᠡᠭᠦ》 ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠵᠦ ᠵᠠᠳᠠᠯᠬᠤ ᠠᠵᠢᠯ᠎ᠢ ᠪᠡᠶᠡᠯᠡᠭᠦᠯᠦᠨ᠎ᠡ᠃ ᠭᠤᠷᠪᠠ᠎ᠳᠤ᠂ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠤᠰᠤᠨ ᠵᠦᠢ ᠵᠢᠨ ᠬᠡᠮᠵᠢᠨ ᠮᠡᠳᠡᠭᠦᠯᠬᠦ ᠠᠵᠢᠯ᠎ᠢ ᠰᠠᠶ᠋ᠢᠲᠤᠷ ᠬᠢᠵᠦ᠂ ᠶᠡᠬᠡ ᠦᠶᠡᠷ ᠤᠰᠤᠳᠤᠯ᠎ᠢ ᠰᠡᠷᠭᠡᠶ᠋ᠢᠯᠡᠬᠦ᠂ ᠶᠡᠬᠡ ᠭᠠᠩ ᠬᠠᠭᠰᠠᠷᠠᠭ᠋ᠠᠨ᠎ᠲᠠᠢ ᠲᠡᠮᠡᠴᠡᠬᠦ᠂ ᠬᠦᠴᠦᠷᠬᠡᠭ ᠳᠠᠢ᠍ᠢ᠍ᠹᠤᠩ ᠰᠠᠯᠬᠢ ᠵᠢ ᠰᠡᠷᠭᠡᠶ᠋ᠢᠯᠡᠬᠦ᠎ᠳᠤ ᠰᠠᠭᠤᠷᠢᠯᠠᠨ᠂ ᠦᠶᠡᠷ᠎ᠠᠴᠠ ᠡᠮᠦᠨᠡᠬᠢ ᠪᠡᠯᠡᠳᠬᠡᠯ᠎ᠢ ᠨᠠᠷᠢᠯᠢᠭ ᠪᠣᠳᠠᠲᠠᠢ ᠬᠢᠵᠦ᠂ ᠬᠡᠮᠵᠢᠨ ᠮᠡᠳᠡᠭᠦᠯᠬᠦ ᠲᠥᠰᠦᠯ᠎ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠰᠠᠶ᠋ᠢᠲᠤᠷ ᠠᠳᠬᠤᠵᠤ᠂ ᠤᠷᠢᠳᠴᠢᠯᠠᠨ ᠮᠡᠳᠡᠬᠦ ᠬᠤᠭᠤᠴᠠᠭ᠎ᠠ ᠵᠢ ᠴᠢᠷᠮᠠᠶ᠋ᠢᠨ ᠤᠷᠲᠤᠳᠬᠠᠵᠤ᠂ ᠨᠠᠷᠢᠯᠢᠭ ᠣᠨᠣᠴᠠ ᠵᠢ ᠳᠡᠭᠡᠭᠰᠢᠯᠡᠭᠦᠯᠵᠦ᠂ ᠦᠶᠡᠷ ᠤᠰᠤᠳᠤᠯ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠤᠰᠤᠨ ᠵᠦᠢ ᠵᠢᠨ ᠬᠡᠮᠵᠢᠨ ᠮᠡᠳᠡᠭᠦᠯᠬᠦ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠬᠢᠬᠦ ᠬᠡᠷᠡᠭᠳᠠᠢ᠃ ᠲᠦᠷᠪᠡ᠎ᠳᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠣᠳᠣᠬᠠᠨ᠎ᠤ ᠤᠰᠤᠨ ᠵᠦᠢ ᠵᠢᠨ ᠠᠵᠢᠯ᠎ᠢ ᠨᠢᠭᠡᠳᠦᠯᠲᠡᠢ ᠲᠥᠯᠥᠪᠵᠢᠭᠦᠯᠵᠦ᠂ 2 ᠰᠠᠷ᠎ᠠ ᠵᠢᠨ 23 ᠤ ᠡᠳᠦᠷ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠᠢ᠍ᠢ᠍ᠷᠢᠯᠠᠭᠤᠯᠤᠯᠳᠠ ᠵᠢᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠱᠠᠭ᠋ᠠᠷᠳᠠᠯᠭ᠎ᠠ ᠶᠣᠰᠣᠭ᠋ᠠᠷ᠂ ᠲᠦᠷᠦᠯ ᠬᠤᠪᠢᠶᠠᠨ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠦ᠂ ᠤᠨᠢᠨ ᠳᠡᠭᠡᠷ᠎ᠡ᠎ᠨᠢ ᠲᠦᠷᠦ ᠵᠢᠨ ᠪᠤᠳᠤᠯᠭ᠎ᠠ ᠵᠢ ᠬᠡᠷᠡᠭᠵᠢᠭᠦᠯᠬᠦ ᠬᠡᠷᠡᠭᠲᠡᠢ᠃ ᠠᠵᠢᠯᠲᠠᠨ ᠠᠵᠢᠯᠴᠢᠨ᠎ᠤ ᠡᠷᠡᠭᠦᠯ ᠮᠡᠨᠳᠦ ᠵᠢᠨ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠲᠤᠤᠷ᠎ᠠ᠂ ᠤᠰᠤ ᠪᠣᠷᠣᠭ᠋ᠠᠨ᠎ᠤ ᠪᠠᠶ᠋ᠢᠳᠠᠯ᠎ᠤᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠠᠵᠢᠯ᠎ᠢ ᠰᠠᠶ᠋ᠢᠲᠤᠷ ᠬᠢᠵᠦ᠂ ᠤᠰᠤᠨ ᠵᠦᠶ ᠵᠢᠨ ᠬᠡᠮᠵᠢᠨ ᠮᠡᠳᠡᠭᠦᠯᠬᠦ ᠵᠢ ᠲᠠᠰᠤᠯᠳᠠᠭᠤᠯᠬᠤ ᠥᠬᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠲᠠᠪᠤ᠎ᠳᠤ ᠥᠭᠡᠷᠡᠴᠢᠯᠡᠯᠲᠡ ᠵᠢᠨ ᠳᠤᠮᠳᠠ ᠤᠰᠤᠨ ᠵᠦᠶ ᠵᠢᠨ ᠠᠵᠢᠯ ᠲᠥᠷᠥᠯ᠎ᠤᠨ ᠬᠠᠮᠢᠶᠠᠷᠤᠯᠲᠠ ᠵᠢ ᠬᠦᠴᠦᠯᠡᠨ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠬᠠᠮᠢᠶᠠᠷᠤᠯᠲᠠ᠎ᠯᠤᠭ᠎ᠠ ᠬᠠᠷᠢᠯᠴᠠᠨ ᠵᠣᠬᠢᠴᠠᠯᠳᠤᠭᠰᠠᠨ ᠤᠰᠤᠨ ᠵᠦᠶ ᠵᠢᠨ ᠪᠠᠶ᠋ᠢᠭᠤᠯᠤᠮᠵᠢ ᠵᠢ ᠲᠡᠭᠦᠯᠳᠡᠷᠵᠢᠭᠦᠯᠵᠦ᠂ ᠰᠢᠶᠠᠨ᠎ᠤ ᠬᠡᠪᠴᠢᠶᠡᠨ᠎ᠤ ᠤᠰᠤᠨ ᠵᠦᠶ ᠵᠢᠨ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠦᠨᠳᠦᠰᠦᠨ ᠱᠠᠲᠤᠨ᠎ᠤ ᠤᠰᠤᠨ ᠵᠦᠶ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠯᠳᠦᠭᠦᠯᠦᠨ᠂ ᠤᠰᠤᠨ ᠵᠦᠶ ᠵᠢᠨ ᠠᠵᠢᠯᠯᠠᠭ᠋ᠠᠨ᠎ᠤ ᠲᠣᠭᠲᠠᠴᠠ ᠵᠢᠨ ᠰᠢᠨ᠎ᠡ ᠵᠢ ᠢᠳᠡᠪᠬᠢᠲᠡᠶ᠎ᠪᠠᠷ ᠡᠭᠦᠳᠬᠦ ᠬᠡᠷᠡᠭᠳᠠᠢ᠃ ᠵᠢᠷᠭᠤᠭ᠎ᠠ᠎ᠳᠤ ᠤᠰᠤᠨ ᠵᠦᠶ ᠵᠢᠨ ᠰᠠᠭᠤᠷᠢ ᠪᠠᠲᠤᠯᠠᠭ᠎ᠠ ᠵᠢᠨ ᠴᠢᠳᠠᠪᠤᠷᠢ ᠵᠢ ᠲᠦᠷᠭᠡᠳᠬᠡᠨ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠭᠦ ᠬᠥᠲᠥᠯᠦᠨ ᠳᠠᠭ᠋ᠠᠭᠤᠯᠬᠤ ᠦᠢ᠍ᠯᠡᠳᠦᠯ᠎ᠢ ᠬᠦᠢ᠍ᠴᠡᠳ ᠪᠠᠳᠠᠷᠠᠭᠤᠯᠤᠨ᠂ ᠲᠡᠷᠢᠭᠦᠨ᠎ᠤ ᠬᠡᠮᠵᠢᠭᠦᠷᠯᠢᠭ ᠲᠥᠬᠥᠭᠡᠷᠦᠮᠵᠢ ᠵᠢ ᠢᠳᠡᠪᠬᠢᠲᠡᠶ᠎ᠪᠠᠷ ᠲᠣᠨᠣᠭᠯᠠᠵᠤ᠂ ᠤᠷᠤᠰᠬᠠᠯ᠎ᠤᠨ ᠬᠡᠮᠵᠢᠶ᠎ᠡ᠂ ᠡᠯᠡᠰᠦ ᠰᠢᠪᠠᠷ᠎ᠤᠨ ᠠᠦ᠋ᠲ᠋ᠤ᠋ ᠬᠢᠨᠠᠨ ᠬᠡᠮᠵᠢᠯᠲᠡ ᠵᠢᠨ ᠵᠠᠩᠭᠢᠯᠠᠭ᠎ᠠ ᠵᠢᠨ ᠮᠡᠷᠭᠡᠵᠢᠯ᠎ᠳᠤ ᠬᠦᠴᠦ᠎ᠪᠠᠨ ᠲᠥᠪᠯᠡᠷᠡᠭᠦᠯᠦᠨ ᠪᠣᠭᠣᠮᠲᠠ ᠰᠢᠪᠲᠤᠯᠵᠤ᠂ ᠮᠡᠷᠭᠡᠵᠢᠯ ᠮᠠᠰᠢᠨ ᠲᠣᠨᠣᠭᠯᠠᠯ᠎ᠢ ᠤᠯᠤᠰ᠎ᠲᠠᠭᠠᠨ ᠦᠢ᠍ᠯᠡᠳᠪᠤᠷᠢᠯᠡᠬᠦ ᠳᠡᠭᠡᠷ᠎ᠡ ᠬᠦᠴᠦ ᠲᠠᠯᠪᠢᠵᠤ᠂ ᠤᠰᠤᠨ ᠵᠦᠶ ᠵᠢᠨ ᠮᠡᠷᠭᠡᠵᠢᠯ᠎ᠤᠨ ᠪᠠᠷᠢᠮᠵᠢᠶ᠎ᠠ ᠰᠢᠰᠲ᠋ᠧᠮ ᠪᠠ ᠲᠦᠷᠢᠮ ᠲᠣᠭᠲᠠᠭ᠋ᠠᠯ᠎ᠢ ᠰᠢᠨᠡᠳᠬᠡᠨ ᠲᠡᠭᠦᠯᠳᠡᠷᠵᠢᠭᠦᠯᠬᠦ ᠬᠢᠬᠡᠳ ᠬᠢᠨᠠᠯᠲᠠ ᠲᠠᠯᠪᠢᠵᠤ ᠬᠡᠷᠡᠭᠵᠢᠭᠦᠯᠬᠦ ᠵᠢ ᠲᠦᠷᠭᠡᠳᠬᠡᠬᠦ ᠬᠡᠷᠡᠭᠳᠠᠢ᠃ ᠳᠣᠯᠣᠭ᠎ᠠ᠎ᠳᠤ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠤᠰᠤᠨ ᠵᠦᠢ ᠵᠢᠨ ᠡᠩᠨᠡᠭᠡᠨ᠎ᠤ ᠪᠠᠲᠤ ᠴᠢᠩᠭ᠎ᠠ ᠲᠠᠢ᠍ᠢ᠍ᠴᠢᠨ ᠬᠦᠴᠦᠨ᠎ᠢ ᠪᠠᠲᠤᠯᠠᠨ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠭᠦᠨᠵᠡᠭᠡᠶ ᠲᠥᠯᠬᠢᠨ ᠠᠬᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠡᠭᠦᠷ᠎ᠤᠨ ᠲᠠᠢ᠍ᠢ᠍ᠴᠢᠨ ᠪᠡᠬᠢᠯᠡᠯᠲᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠨᠠᠮ᠎ᠤᠨ ᠪᠠᠶ᠋ᠢᠭᠤᠯᠤᠯᠲᠠ ᠵᠢᠨ ᠠᠵᠢᠯ ᠬᠢᠭᠡᠳ ᠲᠤᠬᠠᠶ᠋ᠢᠯᠠᠭᠰᠠᠨ ᠠᠵᠢᠯ᠎ᠢ ᠣᠷᠭ᠋ᠠᠨᠢᠭ ᠵᠶ᠋ᠠᠷ ᠤᠶᠠᠯᠳᠤᠭᠤᠯᠵᠤ᠂ ᠤᠰᠤᠨ ᠵᠦᠢ ᠵᠢᠨ ᠠᠵᠢᠯ᠂ ᠤᠰᠤᠨ ᠵᠦᠢ ᠵᠢᠨ ᠡᠩᠨᠡᠭᠡᠨ᠎ᠤ ᠪᠣᠳᠠᠲᠤ ᠪᠠᠶ᠋ᠢᠳᠠᠯ᠎ᠲᠠᠢ ᠨᠡᠶ᠋ᠢᠴᠡᠭᠰᠡᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢ ᠥᠷᠨᠢᠭᠦᠯᠵᠦ᠂ ᠦᠨᠳᠦᠰᠦᠨ ᠱᠠᠲᠤᠨ᠎ᠤ ᠤᠰᠤᠨ ᠵᠦᠢ ᠵᠢᠨ ᠠᠵᠢᠯᠳᠠᠨ ᠠᠵᠢᠯᠴᠢᠳ᠎ᠤᠨ ᠬᠥᠮᠦᠯᠢᠭ ᠬᠠᠯᠠᠮᠵᠢᠯᠠᠯ᠎ᠢ ᠴᠢᠩᠭ᠋ᠠᠳᠬᠠᠬᠤ ᠬᠡᠷᠡᠭᠳᠠᠢ᠃
ᠰᠧᠴᠤᠸᠠᠨ᠂ ᠵᠧᠵᠢᠶᠠᠩ᠂ ᠠᠨᠾᠦ᠋ᠢ᠂ ᠹᠦᠵᠢᠶᠠᠨ᠂ ᠨᠢᠩᠰᠢᠶᠠ ᠪᠣᠯᠤᠨ ᠬᠠᠢ ᠾᠸ ᠭᠤᠤᠯ᠎ᠤᠨ ᠤᠰᠤᠨ ᠠᠰᠢᠭᠯᠠᠯᠲᠠ ᠵᠢᠨ ᠵᠥᠪᠯᠡᠯ ᠵᠡᠷᠭᠡ ᠤᠰᠤᠨ ᠵᠦᠢ ᠵᠢᠨ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠨᠥᠬᠥᠳ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃ ᠤᠰᠤᠨ ᠠᠰᠢᠭᠯᠠᠯᠳᠠ ᠵᠢᠨ ᠶᠠᠮᠤᠨ᠎ᠤ ᠬᠣᠯᠪᠣᠭᠳᠠᠯ ᠪᠦᠬᠦᠢ ᠵᠤᠷᠭ᠋ᠠᠨ ᠲᠣᠪᠴᠢᠶᠠᠨ᠎ᠤ ᠬᠠᠷᠢᠭᠤᠴᠠᠯᠭ᠋ᠠᠲᠠᠨ ᠨᠦᠬᠦᠳ ᠭᠣᠣᠯ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠣᠯᠴᠠᠵᠤ᠂ ᠡᠯ᠎ᠡ ᠰᠠᠪᠠ ᠭᠠᠵᠠᠷ᠎ᠤᠨ ᠬᠠᠮᠢᠶᠠᠷᠬᠤ ᠪᠠᠢ᠍ᠭᠤᠯᠤᠮᠵᠢ ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠢᠩᠬᠢᠮ (ᠲᠤᠪᠴᠢᠶ᠎ᠠ) ᠂ ᠰᠢᠨᠵᠢᠶᠠᠩ᠎ᠤᠨ ᠦᠢ᠍ᠯᠡᠳᠪᠦᠷᠢᠯᠡᠯ ᠪᠦᠳᠤᠬᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠤᠰᠤᠨ ᠠᠰᠢᠭᠯᠠᠯᠲᠠ ᠵᠢᠨ ᠲᠤᠪᠴᠢᠶ᠎ᠠ ᠵᠢᠨ ᠤᠰᠤᠨ ᠵᠦᠢ ᠵᠢᠨ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ ᠪᠣᠯᠤᠨ ᠤᠰᠤᠨ ᠵᠦᠢ ᠵᠢᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠦᠬᠦᠳ ᠬᠤᠪᠢᠶᠠᠷᠢ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠣᠯᠴᠠᠪᠠ᠃
(ᠤᠰᠤᠨ ᠠᠰᠢᠬᠯᠠᠯᠳᠠ ᠵᠢᠨ ᠶᠠᠮᠤᠨ᠎ᠤ ᠰᠦᠯᠵᠢᠶ᠎ᠡ᠎ᠠᠴᠠ ᠠᠪᠤᠪᠠ)