ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭᠯᠠᠯᠳᠠ ᠵᠢᠨ ᠶᠠᠮᠤᠨ ᠤᠰᠤᠨ ᠵᠦᠢ ᠵᠢᠨ ᠮᠡᠳᠡᠭᠡ ᠵᠠᠩᠭᠢ ᠵᠢ ᠤᠷᠢᠳᠴᠢᠯᠠᠨ ᠮᠡᠳᠡᠭᠡᠯᠡᠬᠦ ᠠᠵᠢᠯ᠎ᠤᠨ ᠸᠢᠳᠢᠣ᠋ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-03-16

      ᠲᠣᠰ ᠥᠷᠲᠡᠭᠡᠨ᠎ᠤ ᠮᠡᠳᠡᠭᠡ   3 ᠰᠠᠷ᠎ᠠ ᠵᠢᠨ 6᠎ᠤ ᠡᠳᠦᠷ᠂ ᠤᠰᠤᠨ ᠵᠦᠶ ᠵᠢᠨ ᠮᠡᠳᠡᠭᠡ ᠵᠠᠩᠭᠢ ᠵᠢ ᠤᠷᠢᠳᠴᠢᠯᠠᠨ ᠮᠡᠳᠡᠭᠡᠯᠡᠬᠦ ᠠᠵᠢᠯ᠎ᠤᠨ ᠸᠢᠳᠢᠣ᠋ ᠬᠤᠷᠠᠯ ᠪᠡᠭᠡᠵᠢᠩ᠎ᠳᠤ ᠬᠤᠷᠠᠯᠳᠤᠪᠠ᠃ ᠬᠤᠷᠠᠯ᠎ᠠᠴᠠ ᠪᠦᠬᠦ ᠤᠯᠤᠰ᠎ᠤᠨ ᠤᠰᠤᠨ ᠠᠰᠢᠭᠯᠠᠯᠲᠠ ᠵᠢᠨ ᠠᠵᠢᠯ ᠊ᠤ᠋ᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ ᠦᠶᠡᠷ ᠤᠰᠤᠳᠤᠯ ᠭᠠᠩ   ᠬᠠᠭᠰᠠᠷᠠᠭ᠋ᠠᠨ᠎ᠤ ᠭᠠᠮᠰᠢᠭ᠎ᠢ ᠰᠡᠷᠭᠡᠢ᠍ᠢ᠍ᠯᠡᠭᠦ ᠠᠵᠢᠯ᠂ ᠤᠰᠤᠨ ᠵᠦᠢ ᠵᠢᠨ ᠠᠵᠢᠯ᠎ᠤᠨ ᠬᠤᠷᠠᠯ᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠪᠦᠬᠦ ᠤᠯᠤᠰ᠎ᠤᠨ ᠤᠰᠤᠨ᠎ᠤ ᠪᠠᠶ᠋ᠢᠳᠠᠯ᠎ᠤᠨ ᠠᠵᠢᠯ᠎ᠤᠨ ᠲᠡᠷᠢᠭᠦᠨ᠎ᠤ ᠬᠠᠮᠲᠤ ᠪᠣᠯᠤᠨ ᠦᠶᠡᠷ᠎ᠢ   ᠤᠷᠢᠳᠴᠢᠯᠠᠨ ᠮᠡᠳᠡᠭᠦᠯᠬᠦ ᠲᠡᠷᠢᠭᠦᠨ᠎ᠤ ᠦᠷᠳᠡᠭᠡ ᠵᠢ ᠵᠠᠷᠯᠠᠨ ᠰᠠᠶ᠋ᠢᠰᠢᠶᠠᠵᠤ᠂ 2019 ᠣᠨ᠎ᠤ ᠤᠰᠤᠨ᠎ᠤ ᠪᠠᠶ᠋ᠢᠳᠠᠯ᠎ᠤᠨ ᠠᠵᠢᠯ᠎ᠢ   ᠳ᠋ᠦᠩᠨᠡᠨ᠂ ᠰᠢᠨ᠎ᠡ ᠪᠠᠶ᠋ᠢᠳᠠᠯ᠎ᠢ ᠵᠠᠳᠠᠯᠵᠤ᠂ 2020 ᠣᠨ᠎ᠤ ᠭᠣᠣᠯᠳᠠᠯᠭ᠎ᠠ᠎ᠲᠠᠢ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠵᠠᠢ᠃ ᠤᠯᠤᠰ᠎ᠤᠨ ᠦᠶᠡᠷ ᠤᠰᠤᠳᠤᠯ᠎ᠢ ᠰᠠᠷᠭᠡᠶ᠋ᠢᠯᠡᠵᠦ ᠭᠠᠩ ᠬᠠᠭᠰᠠᠷᠠᠭ᠋ᠠᠨ᠎ᠢ ᠰᠡᠷᠭᠡᠶ᠋ᠢᠯᠡᠬᠦ ᠶᠡᠷᠦᠩᠬᠡᠢ   ᠵᠢᠯᠣᠭᠣᠳᠬᠤ ᠭᠠᠵᠠᠷ᠎ᠤᠨ ᠨᠡᠷᠢᠠ ᠪᠢᠴᠢᠭ᠎ᠤᠨ ᠲᠡᠷᠦᠭ᠎ᠠ᠂ ᠤᠰᠤᠨ ᠠᠰᠢᠭᠯᠠᠯᠳᠠ ᠵᠢᠨ ᠶᠠᠮᠤᠨ᠎ᠤ ᠳᠡᠳ᠋ ᠰᠠᠶ᠋ᠢᠳ ᠶᠧ ᠵᠢᠶᠠᠨ ᠴᠦᠨ ᠬᠤᠷᠠᠯ᠎ᠳᠤ ᠣᠷᠣᠯᠴᠠᠨ ᠶᠠᠷᠢᠶ᠎ᠠ       ᠲᠠᠯᠪᠢᠵᠠᠢ᠃
      ᠶᠧ ᠵᠢᠶᠠᠨ ᠴᠦᠨ᠂ 2019 ᠣᠨ᠎ᠳᠤ ᠪᠦᠬᠦ ᠤᠯᠤᠰ᠎ᠤᠨ ᠤᠰᠤᠨ ᠵᠦᠢ ᠵᠢᠨ ᠰᠠᠯᠠᠭ᠎ᠠ ᠮᠥᠴᠢᠷ᠎ᠤᠨ᠎ᠬᠢᠨ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠥᠭ ᠠᠶᠠᠰ᠎ᠢ ᠢᠳᠡᠪᠬᠢᠲᠡᠶ ᠦᠢ᠍ᠯᠡᠳᠦᠯᠭᠡᠵᠢᠭᠦᠯᠵᠦ᠂ ᠪᠦᠬᠦ ᠤᠯᠤᠰ᠎ᠤᠨ ᠤᠰᠤᠨ᠎ᠤ ᠪᠠᠶ᠋ᠢᠳᠠᠯ᠎ᠤᠨ ᠠᠵᠢᠯ᠎ᠤᠨ ᠬᠤᠷᠠᠯ ᠪᠠ ᠰᠠᠪᠠ ᠭᠠᠵᠠᠷ᠎ᠤᠨ ᠤᠰᠤᠨ᠎ᠤ ᠪᠠᠶ᠋ᠢᠳᠠᠯ᠎ᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠠᠵᠢᠯ᠎ᠤᠨ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠷᠢᠳᠴᠢᠯᠠᠨ ᠪᠠᠶ᠋ᠢᠷᠢᠯᠠᠭᠤᠯᠵᠤ᠂ ᠵᠢᠯᠤᠭᠤᠳᠤᠯᠭ᠎ᠠ᠎ᠪᠠᠨ ᠴᠢᠩᠭ᠋ᠠᠷᠠᠭᠤᠯᠤᠨ᠂ ᠨᠠᠷᠢᠯᠢᠭ ᠤᠷᠢᠳᠴᠢᠯᠠᠨ ᠮᠡᠳᠡᠭᠡᠯᠡᠵᠦ᠂ ᠤᠰᠤᠨ ᠵᠦᠢ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠣᠨᠣᠪᠴᠢᠲᠠᠶ ᠤᠷᠢᠳᠴᠢᠯᠠᠨ ᠮᠡᠳᠡᠭᠡᠯᠡᠵᠦ᠂ ᠦᠶᠡᠷ ᠤᠰᠤᠳᠤᠯ ᠭᠠᠩ ᠬᠠᠭᠰᠠᠷᠠᠭ᠋ᠠᠨ᠎ᠤ ᠭᠠᠮᠰᠢᠭ᠎ᠢ ᠰᠡᠷᠭᠡᠶ᠋ᠢᠯᠡᠬᠦ ᠠᠵᠢᠯ᠎ᠳᠤ ᠬᠦᠴᠦᠨ ᠪᠦᠬᠦᠢ ᠲᠤᠯᠭ᠋ᠠᠭᠤᠷᠢᠯᠠᠯ ᠬᠠᠩᠭ᠋ᠠᠵᠤ᠂ ᠠᠷᠠᠳ ᠲᠦᠮᠡᠨ᠎ᠤ ᠠᠮᠢ ᠨᠠᠰᠤᠨ᠎ᠤ ᠡᠳ᠋ ᠬᠥᠷᠦᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ᠎ᠳᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠶ ᠭᠡᠵᠤ ᠵᠢᠭ᠋ᠠᠵᠤ ᠭᠠᠷᠭ᠋ᠠᠭᠰᠠᠨ ᠪᠠᠢ᠍ᠢ᠍ᠨ᠎ᠠ᠃
      ᠶᠧ ᠵᠢᠶᠠᠨ ᠴᠦᠨ᠂ ᠪᠦᠬᠦ ᠤᠯᠤᠰ᠎ᠤᠨ ᠤᠰᠤᠨ ᠵᠦᠢ ᠵᠢᠨ ᠰᠠᠯᠠᠭ᠎ᠠ ᠮᠥᠴᠢᠷ᠎ᠤᠨ᠎ᠬᠢᠨ ᠤᠰᠤᠨ᠎ᠤ ᠪᠠᠶ᠋ᠢᠳᠠᠯ᠎ᠤᠨ ᠠᠵᠢᠯ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠱᠠᠭ᠋ᠠᠷᠳᠠᠯᠭ᠎ᠠ ᠵᠢ ᠭᠦᠨᠵᠡᠭᠡᠶ ᠲᠠᠨᠢᠵᠤ᠂ 《ᠠᠷᠪᠠᠨ ᠵᠢᠷᠭᠤᠭ᠋ᠠᠨ ᠦᠰᠦᠭ》᠎ᠤᠨ ᠤᠰᠤ ᠵᠠᠰᠠᠬᠤ ᠰᠡᠳᠬᠢᠴᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠦᠭ ᠠᠶᠠᠰ᠎ᠢ ᠭᠦᠨᠵᠡᠭᠡᠶ ᠠᠬᠢᠭᠤᠯᠵᠤ᠂ ᠤᠰᠤᠨ᠎ᠤ ᠪᠠᠶ᠋ᠢᠳᠠᠯ᠎ᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠬᠢᠷᠢ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠵᠦ᠂ ᠦᠶᠡᠷ ᠤᠰᠤᠳᠤᠯ ᠭᠠᠩ ᠬᠠᠭᠰᠠᠷᠠᠭ᠋ᠠᠨ᠎ᠤ ᠭᠠᠮᠰᠢᠭ᠎ᠢ ᠰᠡᠷᠭᠡᠶ᠋ᠢᠯᠡᠬᠦ ᠠᠵᠢᠯ᠎ᠳᠤ ᠬᠦᠴᠦᠨ ᠪᠦᠬᠦᠢ ᠲᠤᠯᠭ᠋ᠠᠭᠤᠷᠢᠯᠠᠯ ᠬᠠᠩᠭ᠋ᠠᠵᠤ᠂ ᠤᠯᠤᠰ᠎ᠤᠨ ᠦᠶᠡᠷ ᠤᠰᠤᠳᠤᠯ᠎ᠢ ᠰᠡᠷᠭᠡᠶ᠋ᠢᠯᠡᠬᠦ ᠠᠮᠤᠷ ᠲᠦᠪᠰᠢᠨ᠂ ᠤᠰᠤᠨ᠎ᠤ ᠬᠡᠷᠡᠭᠯᠡᠭᠡᠨ᠎ᠢ ᠬᠠᠩᠭ᠋ᠠᠬᠤ ᠠᠮᠤᠷ ᠲᠦᠪᠰᠢᠨ ᠵᠢᠴᠢ ᠠᠵᠤ ᠠᠬᠤᠶ ᠨᠡᠶ᠋ᠢᠭᠡᠮ᠎ᠤᠨ ᠡᠷᠡᠭᠦᠯ ᠵᠶ᠋ᠡᠷ ᠬᠥᠭᠵᠢᠬᠦ ᠵᠢ ᠪᠠᠲᠤᠯᠠᠬᠤ᠎ᠳᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠶ᠃ ᠨᠢᠭᠡ᠎ᠳᠤ᠂ ᠦᠶᠡᠷ ᠤᠰᠤᠳᠤᠯ᠎ᠢ ᠰᠡᠷᠭᠡᠶ᠋ᠢᠯᠡᠬᠦ ᠠᠮᠤᠷ ᠲᠦᠪᠰᠢᠨ᠎ᠤ ᠳᠤᠲᠠᠭᠤᠳᠠᠯ᠎ᠢ ᠨᠥᠬᠥᠪᠥᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠶᠡᠷ ᠤᠰᠤᠳᠤᠯ ᠭᠠᠩ ᠬᠠᠭᠰᠠᠷᠠᠭ᠋ᠠᠨ᠎ᠤ ᠭᠠᠮᠰᠢᠭ᠎ᠢ ᠰᠡᠷᠭᠡᠢ᠍ᠢ᠍ᠯᠡᠭᠦ ᠪᠠ ᠬᠢᠨᠠᠨ ᠬᠠᠮᠢᠶᠠᠷᠬᠤ ᠵᠢ ᠲᠤᠪᠤᠢ᠍ᠢ᠍ᠯᠭ᠋ᠠᠵᠦ᠂ ᠦᠶᠡᠷ ᠤᠰᠤᠳᠤᠯ ᠭᠠᠩ ᠬᠠᠭᠰᠠᠷᠠᠭ᠋ᠠᠨ᠎ᠤ ᠭᠠᠮᠰᠢᠭ᠎ᠢ ᠰᠡᠷᠭᠡᠢ᠍ᠢ᠍ᠯᠡᠭᠦ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠳᠠᠢ᠃ 《ᠬᠣᠶᠠᠷ᠎ᠢ ᠪᠠᠷᠢᠮᠲᠠᠯᠠᠵᠤ᠂ ᠭᠤᠷᠪᠠ ᠵᠢ ᠬᠤᠪᠢᠷᠠᠭᠤᠯᠬᠤ》 ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠰᠢᠨ᠎ᠡ ᠤᠢ᠍ᠢ᠍ᠯᠠᠭ᠋ᠠᠭᠳᠠᠬᠤᠨ᠎ᠤ ᠭᠣᠣᠯᠳᠠᠯᠭ᠎ᠠ᠎ᠨᠢ ᠤᠷᠢᠳᠴᠢᠯᠠᠨ ᠰᠡᠷᠭᠡᠶ᠋ᠢᠯᠡᠬᠦ᠎ᠳᠤ ᠪᠤᠢ᠂ ᠤᠷᠢᠳᠴᠢᠯᠠᠨ ᠰᠡᠷᠭᠡᠶ᠋ᠢᠯᠡᠬᠦ ᠵᠢ ᠰᠠᠶ᠋ᠢᠲᠤᠷ ᠬᠢᠬᠦ ᠵᠢᠨ ᠤᠷᠢᠲᠠᠯ᠎ᠨᠢ ᠤᠨᠢᠨ ᠳᠡᠭᠡᠷ᠎ᠡ᠎ᠨᠢ ᠨᠠᠶ᠋ᠢᠳᠠᠪᠤᠷᠢᠲᠠᠢ ᠴᠠᠭ ᠲᠤᠬᠠᠢ᠎ᠳᠤᠨᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ᠎ᠳᠤ ᠪᠤᠢ ᠭᠡᠳᠡᠭ᠎ᠢ ᠭᠦᠢ᠍ᠴᠡᠳ ᠲᠠᠨᠢᠬᠤ ᠬᠡᠷᠡᠭᠲᠡᠢ᠃ ᠬᠣᠶᠠᠷ᠎ᠲᠤ ᠶᠡᠬᠡ ᠭᠣᠣᠯ ᠮᠥᠷᠡᠨ᠎ᠤ ᠣᠨᠴᠠ ᠶᠡᠬᠡ ᠦᠶᠡᠷ ᠤᠰᠤᠳᠤᠯ᠂ ᠤᠰᠤᠨ ᠴᠥᠭᠥᠷᠥᠮ᠎ᠤᠨ ᠬᠠᠰᠢᠯᠭ᠎ᠠ ᠵᠢᠨ ᠡᠨᠳᠡᠯ ᠪᠠ ᠬᠡᠰᠡᠭ ᠭᠠᠵᠠᠷ᠎ᠲᠤ ᠰᠢᠷᠦᠭᠦᠨ ᠪᠣᠷᠣᠭ᠋ᠠᠨ ᠠᠭᠤᠯᠠᠨ ᠦᠶᠡᠷ ᠵᠡᠷᠭᠡ ᠬᠦᠨᠳᠦ ᠶᠡᠬᠡ ᠦᠶᠡᠷ ᠤᠰᠤᠳᠤᠯ ᠭᠠᠩ ᠬᠠᠭᠰᠠᠷᠠᠭ᠋ᠠᠨ᠎ᠤ ᠭᠠᠮᠰᠢᠭ᠎ᠤᠨ ᠠᠶᠤᠯ ᠲᠦᠭᠰᠢᠭᠦᠷᠢ ᠵᠢ ᠠᠷᠢᠯᠭ᠋ᠠᠬᠤ ᠪᠠ ᠰᠡᠷᠭᠡᠶ᠋ᠢᠯᠡᠬᠦ ᠠᠵᠢᠯ᠎ᠢ ᠪᠦᠬᠦ ᠲᠠᠯ᠎ᠠ᠎ᠪᠠᠷ ᠪᠠᠶ᠋ᠢᠷᠢᠯᠠᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠨᠢᠭᠡᠳᠦᠯᠲᠡᠶ ᠲᠥᠯᠥᠪᠵᠢᠭᠦᠯᠬᠦ᠎ᠳᠤ ᠤᠰᠤᠨ ᠠᠰᠢᠭᠯᠠᠯᠲᠠ ᠵᠢᠨ ᠪᠠᠲᠤ ᠲᠤᠯᠭ᠋ᠠᠭᠤᠷᠢᠯᠠᠯ ᠪᠠ ᠪᠠᠲᠤᠯᠠᠭ᠎ᠠ ᠵᠢ ᠬᠠᠩᠭ᠋ᠠᠬᠤ ᠬᠡᠷᠡᠭᠳᠠᠢ᠃ ᠰᠠᠨᠠᠭ᠋ᠠᠰᠢᠷᠠᠬᠤ ᠤᠬᠠᠮᠰᠠᠷ ᠵᠶ᠋ᠠᠨ ᠴᠢᠨᠠᠭᠰᠢᠳᠠ ᠴᠢᠩᠭ᠋ᠠᠷᠠᠭᠤᠯᠵᠤ᠂ ᠤᠰᠤᠨ᠎ᠤ ᠪᠠᠶ᠋ᠢᠳᠠᠯ᠎ᠢ ᠤᠷᠢᠳᠴᠢᠯᠠᠨ ᠮᠡᠳᠡᠭᠡᠯᠡᠬᠦ ᠠᠵᠢᠯ᠎ᠢ ᠡᠷᠲᠡ᠎ᠠᠴᠠ᠂ ᠨᠠᠷᠢᠯᠢᠭ᠂       ᠪᠣᠳᠠᠲᠠᠶ᠂ ᠬᠦᠢ᠍ᠴᠡᠳ ᠬᠢᠵᠦ᠂ ᠦᠷᠭᠦᠯᠵᠢᠯᠡᠨ ᠤᠷᠢᠳᠴᠢᠯᠠᠨ ᠮᠡᠳᠡᠭᠡᠯᠡᠵᠦ ᠵᠠᠳᠠᠯᠤᠯᠲᠠ ᠬᠢᠵᠦ᠂ ᠤᠰᠤᠨ ᠵᠦᠶ ᠵᠢᠨ ᠮᠡᠳᠡᠭᠡ ᠵᠠᠩᠬᠢ ᠵᠢ ᠤᠷᠢᠳᠴᠢᠯᠠᠨ ᠮᠡᠳᠡᠭᠡᠯᠡᠬᠦ ᠵᠢ ᠨᠠᠷᠢᠯᠢᠭ ᠣᠨᠣᠴᠠᠲᠠᠶ ᠪᠣᠯᠭ᠋ᠠᠬᠤ ᠪᠠ ᠨᠠᠷᠢᠯᠢᠬ᠍ᠵᠢᠭᠤᠯᠬᠤ ᠦᠢ᠍ᠯᠡᠴᠢᠯᠡᠭᠡᠨ᠎ᠤ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃
      ᠶᠧ ᠵᠢᠶᠠᠨ ᠴᠦᠨ 2020 ᠣᠨ᠎ᠤ ᠤᠰᠤᠨ᠎ᠤ ᠪᠠᠶ᠋ᠢᠳᠠᠯ᠎ᠤᠨ ᠠᠵᠢᠯ᠎ᠢ ᠰᠠᠶ᠋ᠢᠲᠤᠷ ᠬᠢᠬᠦ ᠲᠤᠬᠠᠢ ᠴᠢᠬᠤᠯᠠ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠭ᠋ᠠᠴᠠᠭ᠋ᠠᠬᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠢ ᠬᠦᠭ ᠠᠶᠠᠰ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠂ ᠲᠦᠷᠭᠡᠨ ᠠᠬᠢᠭᠤᠯᠬᠤ ᠴᠢᠳᠠᠪᠤᠷᠢ ᠪᠣᠯᠤᠨ ᠡᠩᠨᠡᠭᠡᠨ᠎ᠤ ᠪᠠᠶ᠋ᠢᠭᠤᠯᠤᠯᠲᠠ ᠵᠡᠷᠭᠡ ᠭᠤᠷᠪᠠᠨ ᠲᠠᠯ᠎ᠠ᠎ᠪᠠᠷ ᠲᠣᠳᠣᠷᠬᠠᠢ ᠱᠠᠭ᠋ᠠᠷᠳᠠᠯᠭ᠎ᠠ       ᠳᠤᠷᠠᠳᠴᠠᠢ᠃ ᠨᠢᠭᠡ᠎ᠳᠤ ᠰᠠᠪᠠ ᠭᠠᠵᠠᠷ᠎ᠤᠨ ᠴᠢᠨᠠᠷᠲᠠᠶ ᠶᠡᠬᠡ ᠦᠶᠡᠷ᠂ ᠤᠰᠤᠨ ᠴᠥᠭᠥᠷᠥᠮ᠎ᠤᠨ ᠦᠶᠡᠷ ᠤᠰᠤᠳᠤᠯ᠎ᠢ ᠰᠡᠷᠭᠡᠶ᠋ᠢᠯᠡᠨ ᠠᠮᠤᠷ᠎ᠢ ᠬᠠᠮᠠᠭ᠋ᠠᠯᠠᠬᠤ ᠵᠢᠴᠢ ᠬᠡᠰᠡᠭ ᠭᠠᠵᠠᠷ᠎ᠤᠨ ᠰᠢᠷᠦᠭᠦᠨ ᠪᠣᠷᠣᠭ᠋ᠠᠨ ᠦᠶᠡᠷ ᠤᠰᠤᠳᠤᠯ᠎ᠢ ᠠᠷᠭ᠋ᠠᠴᠠᠭ᠋ᠠᠬᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠬᠢᠬᠦ ᠬᠡᠷᠡᠭᠳᠠᠢ᠃ ᠰᠠᠪᠠ ᠭᠠᠵᠠᠷ᠎ᠤᠨ ᠴᠢᠨᠠᠷᠲᠠᠶ ᠶᠡᠬᠡ ᠦᠶᠡᠷ ᠤᠰᠤᠳᠤᠯ᠎ᠢ ᠠᠷᠭ᠋ᠠᠴᠠᠭ᠋ᠠᠬᠤ ᠲᠠᠯ᠎ᠠ᠎ᠪᠠᠷ᠂ 《ᠰᠢᠨᠵᠢᠯᠡᠬᠦ ᠤᠬᠠᠭ᠋ᠠᠨᠴᠢ᠎ᠪᠠᠷ ᠰᠤᠳᠤᠯᠤᠨ ᠮᠠᠭ᠋ᠠᠳᠯᠠᠬᠤ᠂ ᠣᠨᠣᠪᠴᠢᠲᠠᠶ ᠤᠷᠢᠳᠴᠢᠯᠠᠨ ᠮᠡᠳᠡᠭᠡᠯᠡᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠪᠠᠷ       ᠲᠤᠯᠭ᠋ᠠᠭᠤᠷᠢᠯᠠᠬᠤ》 ᠭᠤᠷᠪᠠᠨ ᠭᠣᠭᠴᠣᠭ᠎ᠠ ᠵᠢ ᠭᠤᠤᠯᠳᠠᠯᠭ᠎ᠠ᠎ᠲᠠᠢ ᠰᠠᠶ᠋ᠢᠲᠤᠷ ᠠᠳᠬᠤᠵᠤ᠂ ᠰᠢᠨ᠎ᠡ ᠮᠡᠷᠭᠡᠵᠢᠯ ᠰᠢᠨ᠎ᠡ ᠠᠷᠭ᠎ᠠ ᠵᠢ ᠬᠦᠢ᠍ᠴᠡᠳ ᠠᠰᠢᠭᠯᠠᠨ᠂ ᠲᠤᠨᠳᠠᠰᠤ ᠵᠢᠨ ᠬᠡᠮᠵᠢᠶ᠎ᠡ ᠪᠠ ᠦᠶᠡᠷ ᠤᠰᠤᠳᠤᠯ᠎ᠢ ᠤᠷᠢᠳᠴᠢᠯᠠᠨ ᠮᠡᠳᠡᠭᠡᠯᠡᠬᠦ ᠵᠢᠨ ᠬᠣᠯᠪᠣᠯᠳᠤᠯ᠎ᠢ ᠴᠢᠩᠭ᠋ᠠᠳᠬᠠᠵᠤ᠂ ᠦᠶᠡᠷ ᠤᠰᠤᠳᠤᠯ᠎ᠢ ᠤᠷᠢᠳᠴᠢᠯᠠᠨ ᠮᠡᠳᠡᠭᠡᠯᠡᠬᠦ ᠵᠢᠨ ᠲᠣᠬᠢᠷᠠᠭᠤᠯᠤᠯᠲᠠ ᠵᠢ ᠨᠢᠭᠡ ᠴᠣᠭᠴᠠᠵᠢᠭᠤᠯᠬᠤ ᠵᠢ ᠠᠬᠢᠭᠤᠯᠤᠨ᠂ ᠬᠠᠮᠲᠤᠷᠠᠨ ᠵᠥᠪᠳᠡᠯᠴᠡᠬᠦ ᠵᠢ ᠴᠢᠩᠭ᠋ᠠᠳᠬᠠᠵᠤ  ᠂ ᠦᠶᠡᠷ ᠤᠰᠤᠳᠤᠯ᠎ᠢ ᠤᠷᠢᠳᠴᠢᠯᠠᠨ ᠮᠡᠳᠡᠭᠡᠯᠡᠬᠦ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠶ; ᠤᠰᠤᠨ ᠴᠥᠭᠥᠷᠥᠮ᠎ᠤᠨ ᠦᠶᠡᠷ ᠤᠰᠤᠳᠤᠯ᠎ᠢ ᠰᠡᠷᠭᠡᠶ᠋ᠢᠯᠡᠨ ᠠᠮᠤᠷ᠎ᠢ ᠬᠠᠮᠠᠭ᠋ᠠᠯᠠᠬᠤ ᠲᠠᠯ᠎ᠠ᠎ᠪᠠᠷ᠂ ᠤᠰᠤᠨ ᠴᠥᠭᠥᠷᠥᠮ᠎ᠤᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ᠂ ᠦᠶᠡᠷ ᠤᠰᠤᠳᠤᠯ᠎ᠤᠨ ᠬᠢᠵᠠᠭ᠋ᠠᠷ ᠬᠡᠮᠵᠢᠶ᠎ᠡ᠎ᠠᠴᠠ ᠬᠡᠲᠦᠷᠡᠭᠦᠯᠬᠦ ᠪᠠ ᠦᠶᠡᠷ᠎ᠢ ᠰᠡᠷᠭᠡᠶ᠋ᠢᠯᠡᠬᠦ ᠲᠣᠬᠢᠷᠠᠭᠤᠯᠤᠯᠲᠠ ᠵᠢ ᠬᠢᠨᠠᠨ ᠠᠵᠢᠭᠯᠠᠵᠤ ᠵᠠᠳᠠᠯᠬᠤ᠂ ᠦᠶᠡᠷ ᠤᠰᠤᠳᠤᠯ᠎ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠠᠳᠬᠤᠬᠤ ᠬᠡᠷᠡᠭᠲᠡᠶ; ᠬᠡᠰᠡᠭ ᠭᠠᠵᠠᠷ᠎ᠤᠨ ᠰᠢᠷᠦᠭᠦᠨ ᠪᠣᠷᠣᠭ᠋ᠠᠨ ᠦᠶᠡᠷ ᠤᠰᠤᠳᠤᠯ᠎ᠢ ᠰᠡᠷᠡᠮᠵᠢᠯᠡᠭᠦᠯᠬᠦ ᠲᠠᠯ᠎ᠠ  ᠎ᠪᠠᠷ᠂ ᠤᠷᠢᠳᠴᠢᠯᠠᠨ ᠰᠡᠷᠡᠮᠵᠢᠯᠡᠭᠦᠯᠵᠦ ᠨᠡᠶ᠋ᠢᠲᠡᠯᠡᠬᠦ ᠲᠣᠭᠲᠠᠴᠠ ᠵᠢ ᠲᠡᠭᠦᠯᠳᠡᠷᠵᠢᠭᠦᠯᠬᠦ᠂ ᠪᠣᠷᠣᠭ᠋ᠠᠨ᠎ᠤ ᠬᠡᠮᠵᠢᠶ᠎ᠡ ᠵᠢᠨ ᠰᠡᠷᠡᠮᠵᠢᠯᠡᠭᠦᠯᠬᠦ ᠬᠢᠵᠠᠭ᠋ᠠᠷ ᠵᠢᠭ᠋ᠠᠯᠲᠠ ᠲᠣᠭ᠎ᠠ᠎ᠳᠤ ᠵᠠᠰᠠᠪᠤᠷᠢ ᠣᠷᠣᠭᠤᠯᠬᠤ᠂ ᠰᠢᠷᠦᠭᠦᠨ ᠪᠣᠷᠣᠭ᠋ᠠᠨ᠎ᠤ ᠶᠠᠪᠤᠴᠠ ᠵᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ᠂ ᠤᠰᠤᠨ᠎ᠤ ᠪᠠᠶ᠋ᠢᠳᠠᠯ᠎ᠢ ᠰᠡᠷᠡᠮᠵᠢᠯᠡᠭᠦᠯᠬᠦ ᠨᠡᠢ᠍ᠢ᠍ᠭᠡᠮᠴᠢᠯᠡᠨ ᠨᠡᠶ᠋ᠢᠲᠡᠯᠡᠬᠦ ᠨᠡᠶ᠋ᠢᠲᠡ ᠵᠢᠨ ᠠᠰᠠᠷᠠᠮᠵᠢ ᠵᠢᠨ ᠦᠢ᠍ᠯᠡᠴᠢᠯᠡᠭᠡ ᠵᠡᠷᠭᠡ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠶ᠃ ᠬᠣᠶᠠᠷ᠎ᠲᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠢ ᠬᠦᠭ ᠠᠶᠠᠰ᠎ᠢ ᠴᠢᠷᠮᠠᠶ᠋ᠢᠨ ᠦᠢ᠍ᠯᠡᠳᠦᠯᠭᠡᠵᠢᠭᠦᠯᠬᠦ ᠬᠡᠷᠡᠭᠳᠠᠢ᠃ ᠤᠰᠤᠨ᠎ᠤ ᠪᠠᠶ᠋ᠢᠳᠠᠯ᠎ᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ᠎ᠳᠤ ᠳᠤᠲᠠᠭᠤᠳᠠᠯ᠎ᠢ ᠨᠥᠬᠥᠪᠥᠷᠢᠯᠡᠬᠦ᠎ᠳᠤ 《ᠤᠷᠢᠳᠴᠢᠯᠠᠨ ᠮᠡᠳᠡᠬᠦ ᠬᠤᠭᠤᠴᠠᠭ᠎ᠠ ᠵᠢ ᠤᠷᠲᠤᠳᠬᠠᠬᠤ᠂ ᠤᠷᠢᠳᠴᠢᠯᠠᠨ ᠮᠡᠳᠡᠭᠡᠯᠡᠬᠦ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠬᠦ᠂ ᠦᠨᠡᠨ ᠦᠭᠡ ᠬᠡᠯᠡᠬᠦ ᠵᠢ ᠪᠠᠷᠢᠮᠲᠠᠯᠠᠬᠤ》 ᠳᠡᠭᠡᠷ᠎ᠡ ᠬᠦᠴᠦ ᠲᠠᠯᠪᠢᠬᠤ ᠬᠡᠷᠡᠭᠲᠡᠶ; ᠤᠰᠤᠨ ᠠᠰᠢᠭᠯᠠᠯᠲᠠ ᠵᠢᠨ ᠬᠢᠨᠠᠨ ᠬᠠᠮᠢᠶᠠᠷᠤᠯᠲᠠ ᠵᠢᠨ ᠤᠰᠤᠨ᠎ᠤ ᠪᠠᠶ᠋ᠢᠳᠠᠯ᠎ᠤᠨ   ᠦᠢ᠍ᠯᠡᠴᠢᠯᠡᠭᠡ ᠵᠢ ᠲᠤᠯᠭ᠋ᠠᠭᠤᠷᠢᠯᠠᠬᠤ᠎ᠳᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠂ ᠤᠰᠤᠨ᠎ᠤ ᠠᠮᠢ ᠠᠬᠤᠶ ᠣᠷᠴᠢᠨ ᠲᠣᠭᠣᠷᠢᠨ᠎ᠢ ᠰᠡᠷᠭᠦᠭᠡᠬᠦ᠂ ᠭᠠᠩ ᠬᠠᠭᠰᠠᠷᠠᠭ᠋ᠠᠨ᠎ᠤ ᠪᠠᠶ᠋ᠢᠳᠠᠯ᠎ᠢ ᠦᠨᠡᠯᠡᠨ ᠵᠢᠱ᠌ᠢᠵᠦ ᠵᠠᠳᠠᠯᠤᠯᠲᠠ ᠬᠢᠬᠦ ᠵᠡᠷᠭᠡ ᠲᠤᠬᠠᠶ᠋ᠢᠯᠠᠭᠰᠠᠨ ᠠᠵᠢᠯ᠎ᠳᠤ ᠦᠢ᠍ᠯᠡᠴᠢᠯᠡᠭᠦ ᠬᠡᠷᠡᠭᠳᠠᠢ᠃ ᠭᠤᠷᠪᠠ᠎ᠳᠤ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠪᠠ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠬᠤ ᠬᠡᠷᠡᠭᠳᠠᠢ᠃ ᠰᠢᠨ᠎ᠡ ᠴᠠᠭ ᠦᠶ᠎ᠡ ᠵᠢᠨ ᠤᠰᠤᠨ᠎ᠤ ᠪᠠᠶ᠋ᠢᠳᠠᠯ᠎ᠤᠨ ᠠᠵᠢᠯ᠎ᠤᠨ ᠬᠠᠷᠠᠯᠲᠠ ᠵᠢ ᠳᠤᠷᠠᠳᠴᠤ  ᠂ ᠤᠰᠤᠨ ᠠᠰᠢᠭᠯᠠᠯᠳᠠ ᠵᠢᠨ ᠶᠠᠮᠤᠨ ᠎ᠤ 《ᠤᠰᠤᠨ ᠵᠦᠢ ᠵᠢᠨ ᠮᠡᠳᠡᠭᠡ ᠵᠠᠩᠭᠢ ᠵᠢ ᠤᠷᠢᠳᠴᠢᠯᠠᠨ ᠮᠡᠳᠡᠭᠡᠯᠡᠬᠦ ᠠᠵᠢᠯ᠎ᠢ ᠴᠢᠩᠭ᠋ᠠᠳᠬᠠᠬᠤ ᠲᠤᠬᠠᠶ ᠵᠢᠯᠣᠭᠣᠳᠬᠤ ᠰᠠᠨᠠᠯ》 ᠎ᠤᠨ ᠱᠠᠭ᠋ᠠᠷᠳᠠᠯᠭ᠎ᠠ ᠶᠣᠰᠣᠭ᠋ᠠᠷ᠂ ᠤᠰᠤᠨ ᠵᠦᠢ ᠵᠢᠨ ᠣᠳᠣᠬᠢᠴᠢᠯᠠᠯᠲᠠ ᠵᠢᠨ ᠲᠥᠯᠥᠪᠵᠢᠭᠦᠯᠭᠡ ᠪᠣᠯᠤᠨ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠳᠤ ᠦᠶᠡᠷ ᠤᠰᠤᠳᠤᠯ᠎ᠢ ᠤᠷᠢᠳᠴᠢᠯᠠᠨ ᠮᠡᠳᠡᠭᠡᠯᠡᠵᠦ ᠲᠣᠬᠢᠷᠠᠭᠤᠯᠬᠤ ᠵᠢ ᠨᠢᠭᠡ ᠴᠤᠭᠴᠠᠵᠢᠭᠤᠯᠬᠤ᠂ ᠭᠠᠩ ᠬᠠᠭᠰᠠᠷᠠᠭ᠋ᠠᠨ᠎ᠤ ᠪᠠᠶ᠋ᠢᠳᠠᠯ᠎ᠢ ᠬᠢᠨᠠᠨ ᠬᠡᠮᠵᠢᠵᠦ ᠦᠨᠡᠯᠡᠨ ᠵᠢᠱ᠌ᠢᠬᠦ ᠵᠢ ᠪᠠᠶ᠋ᠢᠩᠭᠤᠵᠢᠭᠤᠯᠬᠤ᠂ ᠤᠰᠤᠨ᠎ᠤ ᠪᠠᠶ᠋ᠢᠳᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠤᠷᠢᠳᠴᠢᠯᠠᠨ ᠮᠡᠳᠡᠭᠡᠯᠡᠬᠦ᠂ ᠤᠰᠤᠨ᠎ᠤ ᠡᠬᠢ ᠪᠠᠶᠠᠯᠢᠭ ᠤᠰᠤᠨ᠎ᠤ ᠠᠮᠢ ᠠᠬᠤᠶ ᠤᠰᠤᠨ᠎ᠤ ᠢᠨᠵᠸᠨ᠋ᠸᠷᠢᠩ ᠎ᠤᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡ᠂ ᠤᠰᠤᠨ᠎ᠤ ᠪᠠᠶ᠋ᠢᠳᠠᠯ᠎ᠤᠨ ᠠᠵᠢᠯ᠎ᠤᠨ ᠪᠠᠲᠤᠯᠠᠭ᠎ᠠ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠤ ᠤᠰᠤᠨ᠎ᠤ ᠪᠠᠶ᠋ᠢᠳᠠᠯ᠎ᠤᠨ ᠴᠢᠳᠠᠪᠤᠷᠢ ᠵᠢᠨ ᠪᠠᠶ᠋ᠢᠭᠤᠯᠤᠯᠲᠠ ᠵᠢᠨ ᠡᠭᠦᠷᠭᠡ ᠵᠢ ᠳᠤᠷᠠᠳᠪᠠ᠃ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠰᠤᠳᠤᠯᠵᠤ᠂ ᠴᠢᠳᠠᠪᠤᠷᠢᠲᠠᠨ᠎ᠢ ᠤᠷᠮᠠᠰᠢᠭᠤᠯᠬᠤ   ᠪᠠᠢ᠍ᠢ᠍ᠭᠤᠯᠤᠮᠵᠢ ᠵᠢᠨ ᠰᠢᠨ᠎ᠡ ᠵᠢ ᠡᠭᠦᠳᠴᠦ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠬᠦ᠂ ᠤᠯᠠᠮᠵᠢᠯᠠᠵᠤ ᠬᠠᠪᠰᠤᠷᠴᠤ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠨᠢᠭᠡ ᠪᠦᠯᠦᠭ ᠳᠡᠭᠡᠳᠦ ᠲᠡᠰ ᠳᠠᠪᠬᠤᠷᠭ᠎ᠠ ᠵᠢᠨ ᠲᠤᠰᠬᠠᠢ ᠮᠡᠷᠭᠡᠵᠢᠯᠲᠡᠨ᠎ᠤ ᠡᠩᠨᠡᠭᠡ ᠵᠢ ᠬᠥᠮᠦᠵᠢᠭᠦᠯᠬᠦ ᠬᠡᠷᠡᠭᠲᠡᠢ᠃ ᠰᠠᠪᠠ ᠭᠠᠵᠠᠷ᠎ᠤᠨ ᠬᠠᠮᠢᠶᠠᠷᠬᠤ ᠪᠠᠢ᠍ᠢ᠍ᠭᠤᠯᠤᠮᠵᠢ᠎ᠳᠤ ᠤᠰᠤᠨ ᠵᠦᠢ ᠵᠢᠨ ᠲᠡᠷᠢᠭᠦᠨ᠎ᠤ ᠤᠷᠢᠳᠴᠢᠯᠠᠨ ᠮᠡᠳᠡᠭᠡᠯᠡᠭᠴᠢ ᠵᠢᠨ ᠲᠥᠷᠢᠮ᠎ᠢ ᠤᠷᠢᠳᠠᠪᠠᠷ ᠬᠡᠷᠡᠭᠵᠢᠭᠦᠯᠬᠦ ᠵᠢ ᠲᠥᠯᠬᠢᠨ ᠠᠬᠢᠭᠤᠯᠵᠤ᠂ ᠪᠥᠬᠥ ᠤᠯᠤᠰ᠎ᠤᠨ ᠤᠰᠤᠨ ᠠᠰᠢᠭᠯᠠᠯᠲᠠ ᠵᠢᠨ ᠰᠢᠰᠲ᠋ᠧᠮ᠎ᠳᠤ ᠠᠯᠬᠤᠮ ᠠᠯᠬᠤᠮ ᠵᠶ᠋ᠠᠷ ᠳᠡᠯᠭᠡᠷᠡᠭᠦᠯᠦᠨ᠂ ᠲᠡᠷᠢᠭᠦᠨ᠎ᠤ ᠤᠷᠢᠳᠴᠢᠯᠠᠨ ᠮᠡᠳᠡᠭᠡᠯᠡᠭᠴᠢ ᠵᠢᠨ ᠲᠤᠰᠬᠠᠶ ᠮᠡᠷᠭᠡᠵᠢᠯᠲᠡᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠷᠠᠭᠤᠯᠵᠤ᠂ ᠤᠰᠤᠨ ᠵᠦᠢ ᠵᠢᠨ ᠮᠡᠳᠡᠭᠡ ᠵᠠᠩᠭᠢ ᠵᠢ ᠤᠷᠢᠳᠴᠢᠯᠠᠨ ᠮᠡᠳᠡᠭᠡᠯᠡᠬᠦ ᠠᠵᠢᠯ᠎ᠳᠤ ᠪᠠᠲᠤ ᠪᠡᠬᠢ ᠴᠢᠳᠠᠪᠤᠷᠢᠲᠠᠨ᠎ᠤ ᠪᠠᠲᠤᠯᠠᠭ᠎ᠠ ᠵᠢ ᠬᠠᠩᠭ᠋ᠠᠬᠤ ᠬᠡᠷᠡᠭᠲᠡᠶ᠃
      ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ ᠪᠣᠯᠤᠨ ᠬᠠᠷᠠᠮᠥ᠋ᠷᠡᠨ᠂ ᠠᠨᠾᠦ᠋ᠢ᠂ ᠵᠢᠶᠠᠩᠰᠢ᠂ ᠭᠤᠸᠠᠩᠳᠦ᠋ᠩ ᠮᠤᠵᠢ ᠵᠡᠷᠭᠡ ᠤᠰᠤᠨ ᠵᠦᠢ ᠵᠢᠨ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃ ᠤᠰᠤᠨ ᠠᠰᠢᠭᠯᠠᠯᠳᠠ ᠵᠢᠨ ᠶᠠᠮᠤᠨ᠎ᠤ ᠬᠠᠮᠢᠶ᠎ᠠ ᠪᠦᠬᠦᠢ ᠵᠤᠷᠭ᠋ᠠᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ ᠭᠣᠣᠯ ᠬᠤᠷᠠᠯ᠎ᠤᠨ ᠲᠠᠯᠠᠪᠠᠶ᠎ᠳᠤ ᠬᠤᠷᠠᠯ᠎ᠳᠤ       ᠣᠷᠣᠯᠴᠠᠵᠤ᠂ ᠬᠡᠰᠡᠭ ᠰᠠᠪᠠ ᠭᠠᠵᠠᠷ᠎ᠤᠨ ᠬᠠᠮᠢᠶᠠᠷᠤᠯᠳᠠ ᠵᠢᠨ ᠪᠠᠢ᠍ᠢ᠍ᠭᠤᠯᠤᠮᠵᠢ᠂ ᠮᠤᠵᠢ ᠵᠢᠨ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠤᠰᠤᠨ ᠵᠦᠶ ᠵᠢᠨ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ᠂ ᠡᠯ᠎ᠡ ᠰᠠᠪᠠ ᠭᠠᠵᠠᠷ᠎ᠤᠨ ᠬᠠᠮᠢᠶᠠᠷᠤᠯᠳᠠ ᠵᠢᠨ ᠪᠠᠢ᠍ᠢ᠍ᠭᠤᠯᠤᠮᠵᠢ᠂ ᠡᠯ᠎ᠡ ᠮᠤᠵᠢ (ᠥᠪᠡᠷᠲᠡᠭᠡᠨ ᠵᠠᠰᠠᠬᠤ ᠣᠷᠣᠨ  ᠂ ᠰᠢᠭᠤᠳ ᠬᠠᠷᠢᠶ᠎ᠠ ᠬᠣᠲᠠ)  ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠤᠰᠤᠨ   ᠵᠦᠢ ᠵᠢᠨ ᠪᠠᠶ᠋ᠢᠭᠤᠯᠤᠮᠵᠢ ᠵᠢᠨ ᠭᠣᠣᠯ ᠬᠠᠷᠢᠭᠤᠴᠠᠯᠭ᠋ᠠᠲᠠᠨ ᠪᠣᠯᠤᠨ ᠤᠰᠤᠨ᠎ᠤ ᠪᠠᠶ᠋ᠢᠳᠠᠯ᠎ᠤᠨ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ ᠨᠥᠬᠥᠳ᠂ ᠬᠥᠬᠡᠮᠥ᠋ᠷᠡᠨ᠎ᠤ ᠴᠠᠬᠢᠯᠭ᠋ᠠᠨ ᠬᠦᠴᠦᠨ᠎ᠤ ᠭᠤᠷᠪᠠᠨ ᠬᠠᠪᠴᠢᠯ᠎ᠤᠨ ᠱᠠᠲᠤᠯᠢᠭ ᠲᠣᠬᠢᠷᠠᠭᠤᠯᠤᠯᠲᠠ᠂ ᠬᠠᠲᠤᠨ ᠭᠣᠣᠯ᠎ᠤᠨ ᠳᠡᠭᠡᠳᠤ ᠤᠷᠤᠰᠬᠠᠯ᠎ᠤᠨ   ᠤᠰᠤ ᠴᠠᠬᠢᠯᠭ᠋ᠠᠨ᠎ᠤ ᠨᠡᠭᠡᠭᠡᠨ ᠬᠦᠭᠵᠢᠭᠦᠯᠦᠯᠳᠡ ᠵᠢᠨ ᠬᠢᠵᠠᠭ᠋ᠠᠷᠳᠤ ᠬᠠᠢ᠍ᠷᠭᠤᠴᠠᠯᠭ᠋ᠠᠳᠤ ᠺᠣᠮᠫᠠᠨᠢ ᠵᠢᠨ ᠲᠣᠬᠢᠷᠠᠭᠤᠯᠤᠯᠲᠠ ᠵᠢᠨ ᠲᠥᠪ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠵᠢᠴᠢ ᠡᠯ᠎ᠡ ᠭᠠᠵᠠᠷ᠎ᠤᠨ ᠤᠰᠤᠨ᠎ᠤ ᠪᠠᠶ᠋ᠢᠳᠠᠯ᠎ᠤᠨ ᠬᠣᠯᠪᠣᠭᠳᠠᠯ ᠪᠦᠬᠦᠢ ᠬᠥᠮᠦᠰ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃
   (ᠤᠰᠤᠨ ᠠᠰᠢᠬᠠᠯᠠᠯᠳᠠ ᠵᠢᠨ ᠶᠠᠮᠤᠨ᠎ᠤ ᠰᠦᠯᠵᠢᠶ᠎ᠡ᠎ᠠᠴᠠ ᠠᠪᠤᠪᠠ)

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠳᠠ ᠵᠢᠨ ᠶᠠᠮᠤᠨ ᠤᠰᠤᠨ ᠵᠦᠢ ᠵᠢᠨ ᠠᠵᠢᠯ᠎ᠤᠨ ᠸᠢᠳᠢᠣ᠋ ᠬᠤᠷᠠᠯ᠎ᠢ ᠬᠤᠷᠠᠯᠳᠤᠭᠤᠯᠪᠠ
ᠠᠯᠠᠱ᠌ᠠ ᠵᠡᠭᠦᠨ ᠬᠣᠰᠢᠭᠤᠨ᠎ᠤ ᠤᠰᠤᠨ᠎ᠤ ᠶᠠᠪᠤᠳᠠᠯ᠎ᠤᠨ ᠰᠢᠰᠲ᠋ᠧᠮ᠎ᠤᠨ᠎ᠬᠢᠨ ᠦᠶᠡᠷ᠎ᠢ ᠰᠡᠷᠭᠡᠶ᠋ᠢᠯᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠤᠨ 《ᠲᠡᠭ ᠴᠠᠭ᠎ᠤᠨ ᠠᠵᠢᠯᠯᠠᠭ᠎ᠠ》 ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠤᠷᠢᠶ᠎ᠠ ᠵᠢᠨ ᠳᠥᠷᠪᠡᠳᠦᠭᠡᠷ ᠰᠢᠪᠠᠳᠠᠨ ᠪᠠᠶ᠋ᠢᠴᠠᠭ᠋ᠠᠬᠤ ᠳᠤᠭᠤᠶ᠋ᠢᠯᠠᠩ ᠥᠪᠥᠷ ᠮᠣᠩᠭᠣᠯ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢᠨ ᠵᠢᠷᠤᠭ ᠲᠥᠯᠥᠪᠯᠡᠭᠡ ᠵᠢᠨ ᠰᠤᠳᠤᠯᠭ᠋ᠠᠨ᠎ᠤ ᠬᠦᠷᠢᠶᠡᠯᠡᠩ᠎ᠳᠤ ᠬᠦᠷᠴᠦ ᠵᠢᠯ᠎ᠤᠨ ᠳᠤᠮᠳᠠᠬᠢ ᠨᠠᠮ᠎ᠤᠨ ᠠᠵᠢᠯ᠎ᠤᠨ ᠶᠡᠷᠦᠩᠬᠡᠶ᠋ᠢᠯᠡᠭᠰᠡᠨ ᠰᠢᠪᠠᠳᠠᠨ ᠪᠠᠶ᠋ᠢᠴᠠᠭ᠋ᠠᠯᠲᠠ ᠬᠢᠪᠡ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ᠎ᠤᠨ ᠠᠩᠬᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ (ᠥᠷᠭᠡᠳᠬᠡᠭᠰᠡᠨ) ᠵᠢᠨ ᠬᠤᠷᠠᠯ ᠬᠤᠷᠠᠯᠳᠤᠭᠤᠯᠪᠠ
《ᠤᠰᠤᠨ ᠵᠦᠶ ᠵᠢᠨ ᠬᠢᠨᠠᠨ ᠬᠡᠮᠵᠢᠯᠲᠡ ᠵᠢᠨ ᠮᠠᠲ᠋ᠧᠷᠢᠶᠠᠯ᠎ᠢ ᠬᠤᠷᠢᠶᠠᠩᠭᠤᠶ᠋ᠢᠯᠠᠨ ᠲᠤᠰᠢᠶᠠᠬᠤ ᠬᠠᠮᠢᠶᠠᠷᠤᠯᠲᠠ ᠵᠢᠨ ᠠᠷᠭ᠎ᠠ》 ᠵᠢᠨ ᠲᠠᠶ᠋ᠢᠯᠤᠮᠵᠢ
 
            