2020 ᠣᠨ᠎ᠳᠤ ᠪᠠᠷᠠᠭᠤᠨ ᠯᠢᠶᠣᠣᠾᠧ ᠭᠤᠤᠯ᠎ᠤᠨ ᠰᠠᠪᠠ ᠭᠠᠵᠠᠷ᠎ᠲᠤ ᠤᠰᠤᠨ᠎ᠤ ᠡᠬᠢ ᠪᠠᠶᠠᠯᠢᠭ᠎ᠢ ᠲᠣᠬᠢᠷᠠᠭᠤᠯᠤᠭᠰᠠᠨ᠎ᠠᠴᠠ ᠨᠠᠭ᠋ᠠᠰᠢ᠂ ᠮᠠᠨ᠎ᠤ ᠣᠷᠣᠨ ᠵᠢᠯ ᠳᠠᠷᠠᠭ᠋ᠠᠯᠠᠨ 《ᠪᠠᠷᠠᠭᠤᠨ ᠯᠢᠶᠣᠣᠾᠧ ᠭᠤᠤᠯ᠎ᠤᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠲᠥᠰᠦᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠲᠣᠬᠢᠷᠠᠭᠤᠯᠬᠤ ᠵᠠᠷᠯᠢᠭ᠎ᠢ ᠴᠠᠭ ᠲᠤᠬᠠᠶ᠎ᠳᠤᠨᠢ ᠪᠠᠭᠤᠯᠭ᠋ᠠᠵᠤ᠂ ᠭᠤᠤᠯ᠎ᠤᠨ ᠵᠠᠮ ᠪᠠ ᠢᠨᠵᠧᠨᠧᠷᠢᠩ᠎ᠢ ᠬᠤᠯᠪᠣᠭ᠋ᠠᠯᠠᠨ ᠲᠣᠬᠢᠷᠠᠭᠤᠯᠬᠤ ᠵᠢ ᠬᠡᠷᠡᠭᠵᠢᠭᠦᠯᠦᠨ᠂ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠲᠣᠬᠢᠷᠠᠭᠤᠯᠬᠤ᠎ᠪᠠᠷ ᠳᠠᠮᠵᠢᠭᠤᠯᠤᠨ᠂ ᠪᠠᠷᠠᠭᠤᠨ ᠯᠢᠶᠣᠣᠾᠧ ᠭᠤᠤᠯ᠎ᠤᠨ ᠰᠡᠷᠭᠦᠯᠲᠡ ᠠᠩᠬ᠎ᠠ ᠠᠯᠬᠤᠮ᠎ᠤᠨ ᠠᠮᠵᠢᠯᠲᠠ ᠣᠯᠵᠤ᠂ ᠭᠤᠤᠯ ᠤᠷᠤᠰᠬᠠᠯ᠎ᠤᠨ ᠠᠮᠢ ᠠᠬᠤᠶ ᠵᠢᠨ ᠤᠰᠤᠨ᠎ᠤ ᠬᠡᠮᠵᠢᠶ᠎ᠡ ᠨᠡᠶ᠋ᠢᠲᠡ 8.25 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠪᠣᠯᠵᠣ᠂ 《ᠤᠰᠤ ᠪᠠᠢ᠌ᠬᠤ》 ᠭᠤᠤᠯ᠎ᠤᠨ ᠬᠡᠰᠡᠭ ᠵᠢᠯ ᠳᠠᠷᠠᠭ᠋ᠠᠯᠠᠨ ᠤᠷᠲᠤᠳᠬᠠᠵᠤ᠂ ᠪᠠᠷᠠᠭᠤᠨ ᠯᠢᠶᠣᠣᠾᠧ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠣᠷᠴᠢᠨ ᠨᠥᠬᠦᠴᠡᠯ᠎ᠢ ᠢᠯᠡᠳᠲᠡ ᠰᠠᠶ᠋ᠢᠵᠢᠷᠠᠭᠤᠯᠪᠠ᠃
ᠡᠨᠡ ᠵᠢᠯ᠎ᠤᠨ ᠬᠠᠪᠤᠷ᠂ ᠥᠪᠥᠷ ᠮᠣᠩᠭᠤᠯ᠎ᠤᠨ ᠪᠠᠷᠠᠭᠤᠨ ᠯᠢᠶᠣᠤᠾᠧ ᠭᠤᠤᠯ᠎ᠤᠨ ᠰᠠᠪᠠ ᠭᠠᠵᠠᠷ᠎ᠤᠨ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠬᠠᠪᠤᠷ᠎ᠤᠨ ᠤᠯᠠᠷᠢᠯ᠎ᠤᠨ ᠮᠥᠰᠥ ᠴᠠᠰᠤ ᠬᠠᠢ᠌ᠯᠬᠤ᠂ ᠲᠠᠷᠢᠶᠠᠯᠠᠩ᠎ᠤᠨ ᠤᠰᠤᠯᠠᠯᠲᠠ ᠬᠠᠷᠠᠬᠠᠨ ᠡᠬᠢᠯᠡᠭᠡ ᠥᠬᠡᠶ᠂ ᠭᠤᠤᠯ᠎ᠤᠨ ᠭᠤᠯᠳᠤᠷᠢᠯ᠎ᠤᠨ ᠴᠡᠨᠡᠭ ᠦᠭᠡᠢ ᠭᠠᠵᠠᠷ ᠤᠰᠤᠨ᠎ᠤ ᠬᠡᠮᠵᠢᠶ᠎ᠡ ᠪᠠᠭ᠎ᠠ ᠪᠠᠶ᠋ᠢᠬᠤ ᠴᠣᠩᠬᠤᠪᠴᠢ ᠵᠢᠨ ᠬᠤᠭᠤᠴᠠᠭ᠎ᠠ ᠵᠢ ᠴᠢᠩᠭ᠎ᠠ ᠠᠳᠬᠤᠵᠤ᠂ ᠪᠠᠷᠠᠭᠤᠨ ᠯᠢᠶᠣᠣᠾᠧ ᠭᠤᠤᠯ᠎ᠤᠨ ᠰᠠᠪᠠ ᠭᠠᠵᠠᠷ᠎ᠲᠤ ᠤᠰᠤᠨ᠎ᠤ ᠡᠬᠢ ᠪᠠᠶᠠᠯᠢᠭ᠎ᠢ ᠲᠥᠪᠯᠡᠷᠡᠭᠦᠯᠦᠨ ᠳᠣᠭᠢᠷᠠᠭᠤᠯᠤᠨ᠎ᠠ᠃ 3 ᠳ᠋ᠤᠭ᠋ᠠᠷ ᠰᠠᠷ᠎ᠠ ᠵᠢᠨ 1᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ 2024 ᠣᠨ᠎ᠤ ᠪᠠᠷᠠᠭᠤᠨ ᠯᠢᠶᠣᠤᠾᠧ ᠭᠤᠣᠯ᠎ᠤᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠵᠠᠷᠯᠢᠭ᠎ᠢ ᠪᠠᠭᠤᠯᠭ᠋ᠠᠵᠤ᠂ ᠰᠢᠷᠠᠮᠥ᠋ᠷᠡᠨ ᠭᠤᠣᠯ᠎ᠤᠨ ᠳᠡᠭᠡᠳᠦ ᠤᠷᠤᠰᠬᠠᠯ᠎ᠤᠨ ᠳ᠋ᠠ ᠱ᠌ᠢ ᠮᠧᠨ ᠤᠰᠤᠨ ᠴᠥᠭᠦᠷᠥᠮ᠎ᠤᠨ ᠬᠠᠭ᠋ᠠᠯᠲᠠ ᠵᠢ ᠨᠡᠭᠡᠭᠡᠵᠦ ᠤᠰᠤ ᠲᠠᠯᠪᠢᠵᠤ᠂ 2024 ᠣᠨ᠎ᠳᠤ ᠪᠠᠷᠠᠭᠤᠨ ᠯᠢᠶᠣᠤᠾᠧ ᠭᠤᠣᠯ᠎ᠤᠨ ᠬᠠᠪᠤᠷ᠎ᠤᠨ ᠤᠯᠠᠷᠢᠯ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠠᠵᠢᠯ᠎ᠢ ᠵᠢᠩᠬᠢᠨᠢ᠎ᠪᠠᠷ ᠡᠬᠢᠯᠡᠭᠦᠯᠪᠡ᠃
ᠲᠣᠬᠢᠷᠠᠭᠤᠯᠬᠤ ᠬᠤᠭᠤᠴᠠᠭ᠋ᠠᠨ᠎ᠳᠤ ᠭᠤᠣᠯ ᠵᠠᠮ ᠰᠠᠯᠪᠤᠷᠢ ᠤᠷᠤᠰᠬᠠᠯ᠎ᠨᠢ ᠪᠦᠬᠦ ᠱᠤᠭᠤᠮ ᠵᠶ᠋ᠠᠨ ᠬᠠᠭ᠋ᠠᠵᠤ᠂ ᠲᠥᠪᠯᠡᠷᠡᠭᠦᠯᠦᠨ ᠭᠠᠳᠠᠭᠰᠢᠯᠠᠭᠤᠯᠬᠤ ᠵᠢᠨ ᠬᠠᠮᠲᠤ ᠠᠭ᠋ᠠᠷ᠎ᠤᠨ ᠳᠤᠯᠠᠭ᠋ᠠᠨ᠂ ᠪᠣᠷᠣᠭ᠋ᠠᠨ᠎ᠤ ᠪᠠᠶ᠋ᠢᠳᠠᠯ᠂ ᠤᠰᠤᠨ᠎ᠤ ᠪᠠᠶ᠋ᠢᠳᠠᠯ᠎ᠢ ᠦᠨᠳᠦᠰᠦᠯᠡᠨ ᠲᠣᠬᠢᠷᠠᠭᠤᠯᠬᠤ ᠵᠠᠷᠯᠢᠭ᠎ᠢ ᠴᠠᠭ ᠲᠤᠬᠠᠶ᠎ᠳᠤᠨᠢ ᠲᠣᠬᠢᠷᠠᠭᠤᠯᠵᠤ᠂ ᠪᠠᠷᠠᠭᠤᠨ ᠯᠢᠶᠣᠣᠾᠧ ᠭᠤᠣᠯ᠎ᠤᠨ ᠭᠤᠣᠯ ᠤᠷᠤᠰᠬᠠᠯ᠎ᠤᠨ ᠳᠣᠣᠷᠠᠳᠤ ᠤᠷᠤᠰᠬᠠᠯ᠎ᠤᠨ ᠤᠰᠤ ᠥᠩᠭᠡᠷᠡᠬᠦ ᠵᠢ ᠪᠦᠬᠦ ᠬᠦᠴᠦᠨ ᠵᠶ᠋ᠠᠷ ᠵᠶ᠋ᠠᠨ ᠪᠠᠲᠤᠯᠠᠪᠠ᠃ 3 ᠳ᠋ᠤᠭ᠋ᠠᠷ ᠰᠠᠷ᠎ᠠ ᠵᠢᠨ 17᠎ᠤ ᠡᠳᠦᠷ᠎ᠤᠨ 17 ᠴᠠᠭ ᠪᠣᠯᠲᠠᠯ᠎ᠠ᠂ ᠪᠠᠷᠠᠭᠤᠨ ᠯᠢᠶᠣᠣᠾᠧ ᠭᠤᠤᠯ᠎ᠤᠨ ᠭᠤᠤᠯ ᠤᠷᠤᠰᠬᠠᠯ᠎ᠤᠨ ᠤᠰᠤᠨ ᠲᠦᠷᠦᠭᠦᠦ ᠶᠡᠷᠦᠩᠬᠡᠶ ᠠᠯᠪᠠᠨ ᠬᠡᠷ᠎ᠤᠨ ᠸᠧ ᠪᠤᠤ ᠬᠦᠢ᠍ᠰᠦ ᠵᠢᠨ ᠣᠭᠲᠣᠯᠤᠭ᠋ᠠᠰᠤ᠎ᠳᠤ ᠬᠦᠷᠴᠦ᠂ ᠬᠠᠪᠤᠷ᠎ᠤᠨ ᠤᠯᠠᠷᠢᠯ᠎ᠤᠨ ᠲᠣᠬᠢᠷᠠᠭᠤᠯᠬᠤ ᠬᠤᠭᠤᠴᠠᠭ᠋ᠠᠨ᠎ᠳᠤ ᠪᠠᠷᠠᠭᠤᠨ ᠯᠢᠶᠣᠣᠾᠧ ᠭᠤᠤᠯ᠎ᠤᠨ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠱᠠᠲᠤ ᠦᠶ᠎ᠡ ᠵᠢᠨ ᠴᠢᠨᠠᠷᠲᠠᠶ ᠠᠬᠢᠴᠠ᠎ᠲᠠᠢ ᠪᠣᠯᠵᠣ᠂ ᠲᠦᠩᠯᠢᠶᠣᠤ ᠵᠢᠨ ᠲᠥᠯᠥᠪᠵᠢᠭᠦᠯᠭᠡ ᠵᠢᠨ ᠬᠤᠲᠠ ᠲᠣᠭᠤᠷᠢᠭ᠎ᠤᠨ ᠵᠠᠭ᠋ᠠᠭ᠎ᠲᠤ ᠬᠥᠷᠬᠦ ᠵᠢᠨ ᠬᠠᠮᠲᠤ ᠳᠤᠤᠷᠠᠳᠤ ᠤᠷᠤᠰᠬᠠᠯ ᠳᠠᠰᠢ ᠤᠷᠲᠤᠳᠬᠠᠵᠤ ᠬᠠᠪᠤᠷ᠎ᠤᠨ ᠤᠯᠠᠷᠢᠯ᠎ᠤᠨ ᠲᠣᠬᠢᠷᠠᠭᠤᠯᠤᠯᠲᠠ ᠵᠢᠨ ᠶᠡᠷᠦᠩᠬᠡᠶ ᠬᠠᠷᠠᠯᠲᠠ ᠵᠢ ᠪᠡᠶᠡᠯᠡᠭᠦᠯᠬᠦ᠎ᠳᠤ ᠰᠠᠭᠤᠷᠢ ᠲᠠᠯᠪᠢᠵᠤ ᠥᠭᠴᠡᠶ᠃
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ 2024 ᠣᠨ᠎ᠤ ᠪᠠᠷᠠᠭᠤᠨ ᠯᠢᠶᠣᠣᠾᠧ ᠭᠤᠤᠯ᠎ᠤᠨ ᠬᠠᠪᠤᠷ᠎ᠤᠨ ᠤᠯᠠᠷᠢᠯ᠎ᠤᠨ ᠤᠰᠤᠨ᠎ᠤ ᠬᠡᠮᠵᠢᠶ᠎ᠡ ᠵᠢ ᠳᠣᠭᠢᠷᠠᠭᠤᠯᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠰᠠᠪᠠ ᠭᠠᠵᠠᠷ᠎ᠤᠨ ᠠᠭ᠋ᠠᠷ᠎ᠤᠨ ᠳᠤᠯᠠᠭ᠋ᠠᠨ᠂ ᠤᠰᠤᠨ᠎ᠤ ᠪᠠᠶ᠋ᠢᠳᠠᠯ ᠵᠡᠷᠭᠡ ᠬᠤᠪᠢᠷᠠᠯᠲᠠ ᠵᠢᠨ ᠪᠠᠶ᠋ᠢᠳᠠᠯ᠎ᠲᠠᠢ ᠤᠶᠠᠯᠳᠤᠭᠤᠯᠤᠨ᠂ ᠵᠠᠮ ᠳᠠᠭ᠋ᠠᠤ ᠵᠢᠨ ᠤᠰᠤᠨ ᠴᠥᠭᠦᠷᠥᠮ ᠪᠠ ᠵᠠᠩᠭᠢᠯᠠᠭ᠎ᠠ ᠵᠢᠨ ᠢᠨᠵᠸᠨ᠋ᠸᠷᠢᠩ᠎ᠢ ᠠᠰᠢᠭᠯᠠᠨ ᠳᠡᠭᠡᠳᠦ ᠤᠷᠤᠰᠬᠠᠯ᠎ᠤᠨ ᠤᠰᠤ ᠵᠢ ᠵᠣᠬᠢᠰᠲᠠᠶ ᠳᠣᠭᠢᠷᠠᠭᠤᠯᠤᠨ ᠬᠠᠳᠠᠭ᠋ᠠᠯᠠᠵᠤ᠂ ᠴᠥᠭᠦᠷᠥᠮ᠎ᠤᠨ ᠣᠷᠣᠨ᠎ᠤ ᠳᠣᠭᠢᠷᠠᠭᠤᠯᠤᠨ ᠬᠠᠳᠠᠭ᠋ᠠᠯᠠᠬᠤ ᠦᠢ᠍ᠯᠡᠳᠦᠯ᠎ᠢ ᠦᠨᠡᠨ ᠬᠦ᠌ ᠪᠠᠳᠠᠷᠠᠭᠤᠯᠤᠨ᠂ ᠯᠤᠭᠰᠢᠯᠲᠠ ᠵᠢᠨ ᠬᠡᠯᠪᠡᠷᠢ ᠵᠢᠨ ᠲᠣᠬᠢᠷᠠᠭᠤᠯᠤᠯᠲᠠ ᠵᠢ ᠴᠠᠭᠲᠤᠨᠢ ᠳᠣᠭᠢᠷᠠᠭᠤᠯᠤᠨ ᠬᠡᠷᠡᠭᠵᠢᠭᠦᠯᠵᠦ᠂ ᠬᠠᠪᠤᠷ᠎ᠤᠨ ᠤᠯᠠᠷᠢᠯ᠎ᠤᠨ ᠳᠣᠭᠢᠷᠠᠭᠤᠯᠬᠤ ᠠᠵᠢᠯ᠎ᠢ ᠡᠮᠬᠢ ᠵᠢᠷᠤᠮ᠎ᠲᠠᠢ ᠥᠷᠨᠢᠭᠦᠯᠬᠦ ᠵᠢᠨ ᠬᠠᠮᠲᠤ ᠰᠢᠨ᠎ᠡ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠵᠤ᠂ ᠪᠠᠷᠠᠭᠤᠨ ᠯᠢᠶᠣᠣᠾᠧ ᠭᠤᠤᠯ᠎ᠤᠨ ᠭᠤᠤᠯ ᠤᠷᠤᠰᠬᠠᠯ᠎ᠤᠨ ᠪᠥᠬᠦ ᠱᠤᠭᠤᠮ ᠵᠶ᠋ᠠᠷ ᠥᠩᠭᠡᠷᠡᠬᠦ ᠵᠢ ᠡᠷᠲᠡᠬᠡᠨ ᠪᠡᠶᠡᠯᠡᠭᠦᠯᠬᠦ᠎ᠪᠠᠷ ᠴᠢᠷᠮᠠᠶ᠋ᠢᠨ᠎ᠠ᠃