ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠮᠠᠯᠴᠢᠨ ᠲᠠᠷᠢᠶᠠᠴᠢᠳ᠎ᠢ ᠬᠥᠲᠥᠯᠥᠨ ᠵᠢᠯᠣᠭᠤᠳᠴᠤ ᠣᠶ᠋ᠢᠷ᠎ᠠ ᠬᠠᠪᠢ ᠲᠤᠬᠠᠶ ᠵᠢᠨ ᠭᠠᠵᠠᠷ᠎ᠲᠤᠨᠢ ᠠᠵᠢᠯ ᠣᠯᠭᠤᠵᠤ ᠠᠳᠠᠯ ᠦᠢ᠍ᠯᠡᠰ ᠴᠤᠭᠴᠠᠯᠠᠵᠤ ᠥᠪᠥᠷ ᠮᠣᠩᠭᠤᠯ 《ᠵᠠᠭᠤᠨ ᠰᠢᠶᠠᠩ ᠮᠢᠩᠭ᠋ᠠᠨ ᠲᠣᠰᠬᠤᠨ ᠲᠦᠮᠡᠨ ᠬᠦᠷᠢᠶ᠎ᠡ》 ᠵᠢᠨ ᠠᠵᠢᠯᠯᠠᠭ᠎ᠠ᠎ᠪᠠᠷ ᠬᠦᠷᠢᠶᠡᠨ᠎ᠤ ᠠᠵᠤ ᠠᠬᠤᠶ ᠵᠢ ᠪᠤᠵᠠᠭ᠋ᠠᠶ᠋ᠢᠷᠠᠭᠤᠯᠬᠤ᠎ᠪᠠᠷ ᠪᠠᠶ᠋ᠢᠨ᠎ᠠ
ᠨᠡᠶ᠋ᠢᠲᠡᠯᠡᠭᠰᠡᠨ ᠴᠠᠭ᠄ 2024-03-18

   ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠠᠴᠠ ᠣᠶ᠋ᠢᠯᠠᠭ᠋ᠠᠭᠰᠠᠨ ᠵᠶ᠋ᠠᠷ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠵᠦ᠂ ᠮᠠᠯᠴᠢᠨ ᠲᠠᠷᠢᠶᠠᠴᠢᠨ᠎ᠤ ᠣᠶ᠋ᠢᠷ᠎ᠠ ᠬᠠᠪᠢ ᠲᠤᠬᠠᠶ ᠵᠢᠨ ᠭᠠᠵᠠᠷ᠎ᠲᠤᠨᠢ ᠠᠵᠢᠯ ᠣᠯᠭᠤᠵᠤ ᠠᠳᠠᠯ ᠦᠢ᠍ᠯᠡᠰ ᠴᠣᠭᠴᠠᠯᠠᠬᠤ ᠵᠢ ᠵᠣᠷᠢᠭᠵᠢᠭᠤᠯᠤᠨ ᠵᠢᠯᠣᠭᠤᠳᠬᠤ ᠵᠢᠨ ᠲᠥᠯᠥᠭᠡ᠂ ᠥᠪᠥᠷ ᠮᠣᠩᠭᠤᠯ 《ᠵᠠᠭᠤᠨ ᠰᠢᠶᠠᠩ ᠮᠢᠩᠭ᠋ᠠᠨ ᠲᠣᠰᠬᠤᠨ ᠲᠦᠮᠡᠨ ᠬᠦᠷᠢᠶᠡᠯᠡᠩ》᠎ᠤᠨ ᠠᠵᠢᠯᠯᠠᠭ᠎ᠠ ᠥᠷᠨᠢᠭᠦᠯᠵᠦ ᠬᠦᠷᠢᠶ᠎ᠡ ᠬᠠᠰᠢᠶᠠᠨ᠎ᠤ ᠠᠵᠤ ᠠᠬᠤᠶ ᠵᠢ ᠪᠤᠵᠠᠭ᠋ᠠᠶ᠋ᠢᠷᠠᠭᠤᠯᠤᠨ᠂ 《ᠬᠥᠳᠡᠭᠡ ᠲᠣᠰᠬᠤᠨ᠎ᠤ ᠬᠦᠷᠢᠶᠡᠨ᠎ᠤ ᠠᠵᠤ ᠠᠬᠤᠶ ᠵᠢᠨ 〈ᠵᠠᠭᠤᠨ ᠰᠢᠶᠠᠩ ᠮᠢᠩᠭ᠋ᠠᠨ ᠲᠣᠰᠬᠤᠨ ᠲᠦᠮᠡᠨ ᠬᠦᠷᠢᠶ᠎ᠡ〉 ᠵᠢᠨ ᠠᠵᠢᠯᠯᠠᠭ᠋ᠠᠨ᠎ᠤ ᠲᠥᠰᠦᠯ》 (ᠳᠣᠷᠣᠭᠰᠢ 《ᠠᠵᠢᠯᠯᠠᠭ᠋ᠠᠨ᠎ᠤ ᠲᠥᠰᠦᠯ》 ᠭᠡᠵᠦ ᠲᠣᠪᠴᠢᠯᠠᠨ᠎ᠠ)᠎ᠢ ᠲᠦᠷᠦᠭᠦᠬᠡᠨ ᠵᠢᠩᠬᠢᠨᠢ᠎ᠪᠠᠷ ᠨᠡᠶ᠋ᠢᠲᠡᠯᠡᠪᠡ᠃

  《ᠠᠵᠢᠯᠯᠠᠭ᠋ᠠᠨ᠎ᠤ ᠲᠥᠰᠦᠯ》᠎ᠳᠤ ᠨᠢᠭᠡ ᠪᠦᠯᠦᠭ ᠬᠦᠷᠢᠶᠡᠨ᠎ᠤ ᠣᠨᠴᠠᠯᠢᠭᠲᠤ ᠲᠠᠷᠢᠮᠠᠯ᠂ ᠬᠦᠷᠢᠶᠡᠨ᠎ᠤ ᠣᠨᠴᠠᠯᠢᠭᠲᠤ ᠲᠡᠵᠢᠭᠡᠨ ᠦᠷᠡᠵᠢᠭᠦᠯᠬᠦ᠂ ᠬᠦᠷᠢᠶᠡᠨ᠎ᠤ ᠣᠨᠴᠠᠯᠢᠭᠲᠤ ᠭᠠᠷ ᠦᠢ᠍ᠯᠡᠳᠪᠦᠷᠢ᠂ ᠬᠦᠷᠢᠶᠡᠨ᠎ᠤ ᠣᠨᠴᠠᠯᠢᠭᠲᠤ ᠰᠡᠯᠡᠭᠦᠴᠡᠯ ᠵᠢᠭᠤᠯᠴᠢᠯᠠᠯ᠂ ᠬᠦᠷᠢᠶᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠦᠢ᠍ᠯᠡᠴᠢᠯᠡᠭᠡ ᠵᠢ ᠬᠥᠭᠵᠢᠭᠦᠯᠬᠦ ᠵᠢᠴᠢ ᠨᠢᠭᠡ ᠪᠦᠯᠦᠭ ᠬᠦᠷᠢᠶᠡᠨ᠎ᠤ ᠠᠵᠤ ᠠᠬᠤᠢ ᠵᠢᠨ ᠬᠥᠭᠵᠢᠯᠲᠡ ᠵᠢᠨ ᠠᠷᠭ᠎ᠠ ᠵᠠᠮ᠎ᠢ ᠰᠦᠪᠡᠭᠴᠢᠯᠡᠬᠦ 6 ᠬᠥᠭᠵᠢᠯᠲᠡ ᠵᠢᠨ ᠭᠤᠣᠯᠳᠠᠯᠭ᠎ᠠ ᠵᠢ ᠳᠤᠷᠠᠳᠪᠠ᠃  ᠡᠭᠦᠨ᠎ᠤ ᠬᠠᠮᠲᠤ ᠮᠠᠯᠴᠢᠨ ᠲᠠᠷᠢᠶᠠᠴᠢᠨ ᠡᠷᠦᠬᠡ ᠵᠢ ᠭᠦᠢ᠍ᠴᠡᠳ ᠬᠥᠲᠥᠯᠦᠨ ᠵᠢᠯᠣᠭᠤᠳᠴᠤ ᠪᠠᠶ᠋ᠢᠭ᠋ᠠᠳ ᠬᠡᠷ ᠪᠦᠯᠢ ᠵᠢᠨ ᠬᠦᠷᠢᠶ᠎ᠡ ᠬᠠᠰᠢᠶ᠎ᠠ᠂ ᠬᠡᠷ ᠪᠠᠶ᠋ᠢᠰᠢᠩ᠎ᠤᠨ ᠡᠮᠦᠨ᠎ᠡ ᠬᠤᠶ᠋ᠢᠨᠠᠬᠢ ᠰᠤᠯᠠ ᠪᠠᠶ᠋ᠢᠬᠤ ᠭᠠᠵᠠᠷ᠎ᠢ ᠠᠰᠢᠭᠯᠠᠨ᠂ ᠳᠠᠷᠢᠬᠤ᠎ᠳᠤ ᠳᠣᠭᠢᠷᠠᠪᠠᠯ ᠳᠠᠷᠢᠵᠤ᠂ ᠲᠡᠵᠢᠭᠡᠬᠦ᠎ᠳᠤ ᠳᠣᠭᠢᠷᠠᠪᠠᠯ ᠲᠡᠵᠢᠭᠡᠵᠦ᠂ ᠪᠣᠯᠪᠠᠰᠤᠷᠠᠭᠤᠯᠬᠤ᠎ᠳᠤ ᠳᠣᠭᠢᠷᠠᠪᠠᠯ ᠬᠤᠳᠠᠯᠳᠤᠵᠤ᠂ ᠬᠤᠳᠠᠯᠳᠤᠭ᠎ᠠ ᠡᠷᠭᠢᠯᠡᠬᠦ᠎ᠳᠤ ᠳᠣᠭᠢᠷᠠᠪᠠᠯ ᠬᠤᠳᠠᠯᠳᠤᠭ᠎ᠠ ᠡᠷᠭᠢᠯᠡᠵᠦ᠂ ᠬᠥᠳᠡᠭᠡ ᠲᠣᠰᠬᠤᠨ᠎ᠤ ᠬᠦᠷᠢᠶ᠎ᠡ ᠬᠠᠰᠢᠶ᠎ᠠ ᠵᠢᠨ ᠠᠵᠤ ᠠᠬᠤᠶ ᠵᠢ ᠬᠥᠭᠵᠢᠭᠦᠯᠵᠦ᠂ ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠢᠷᠡᠯᠲᠡ ᠵᠢ ᠥᠷᠭᠡᠳᠬᠡᠨ᠂ 2027᠎ᠤᠨ ᠪᠣᠯᠬᠤ᠎ᠳᠤ 100 ᠰᠤᠮᠤ ᠰᠢᠶᠠᠩ ᠪᠠᠯᠭ᠋ᠠᠰᠤ᠂ 1000 ᠭᠠᠴᠠᠭ᠎ᠠ ᠲᠣᠰᠬᠤᠨ᠂ 10000 ᠡᠵᠡᠩᠨᠡᠯᠲᠡ ᠵᠢᠨ ᠡᠷᠦᠬᠡ ᠵᠢ ᠭᠤᠤᠯᠳᠠᠯᠭ᠎ᠠ᠎ᠲᠠᠢ ᠪᠠᠶ᠋ᠢᠭᠤᠯᠵᠤ᠂ 5 ᠲᠦᠮᠡᠨ ᠡᠷᠦᠬᠡ ᠵᠢ ᠳᠠᠶ᠋ᠢᠴᠢᠯᠠᠨ᠂ ᠡᠷᠦᠬᠡ ᠪᠦᠷᠢ ᠵᠢᠨ ᠳᠤᠮᠳᠠᠴᠢ ᠣᠷᠣᠯᠭ᠎ᠠ ᠵᠢ 5000 ᠲᠥᠭᠦᠷᠢᠭ᠎ᠠᠴᠠ ᠳᠡᠭᠡᠭᠰᠢᠬᠢ ᠡᠭᠦᠷᠭᠡ ᠬᠠᠷᠠᠯᠲᠠ ᠵᠢ ᠪᠡᠶᠡᠯᠡᠭᠦᠯᠬᠦ᠎ᠪᠠᠷ ᠴᠢᠷᠮᠠᠶ᠋ᠢᠨ᠎ᠠ ᠭᠡᠵᠦ ᠲᠣᠳᠣᠷᠬᠠᠶ ᠲᠣᠭᠲᠠᠭ᠋ᠠᠵᠠᠶ᠃

   ᠡᠭᠦᠨ᠎ᠤ ᠬᠠᠮᠲᠤ᠂ 《ᠠᠵᠢᠯᠯᠠᠭ᠋ᠠᠨ᠎ᠤ ᠲᠥᠰᠦᠯ》᠎ᠳᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠵᠤ᠂ ᠠᠶ᠋ᠢᠮᠠᠭ ᠬᠤᠲᠠ᠂ ᠬᠤᠰᠢᠭᠤ ᠰᠢᠶᠠᠨ᠎ᠤ ᠡᠯ᠎ᠡ ᠱᠠᠲᠤᠨ᠎ᠤ ᠡᠳ᠋᠎ᠤᠨ ᠵᠠᠰᠠᠭ᠎ᠤᠨ ᠪᠠᠯᠠ ᠮᠥᠩᠭᠦ ᠵᠢ ᠵᠣᠯᠭ᠋ᠠᠭᠤᠯᠬᠤ᠂ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ ᠪᠠᠯᠠ ᠮᠥᠩᠭᠦ᠂ ᠴᠡᠭ ᠲᠣᠭᠲᠠᠭ᠋ᠠᠨ ᠬᠠᠪᠰᠤᠷᠤᠨ ᠲᠡᠳᠬᠦᠬᠦ ᠪᠠᠯᠠ ᠮᠥᠩᠭᠦ᠂ ᠲᠥᠪ᠎ᠤᠨ ᠡᠳ᠋᠎ᠤᠨ ᠵᠠᠰᠠᠭ᠎ᠠᠴᠠ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠤᠤᠯ ᠴᠣᠭᠴᠠ ᠵᠢᠨ ᠬᠥᠭᠵᠢᠯᠲᠡ ᠵᠢ ᠳᠡᠮᠵᠢᠬᠦ ᠵᠡᠷᠭᠡ ᠣᠲᠣ ᠵᠢᠨ ᠪᠠᠶ᠋ᠢᠭ᠎ᠠ ᠪᠠᠯᠠ ᠮᠥᠩᠭᠦ ᠵᠢ ᠨᠢᠭᠡᠳᠦᠯᠲᠡᠶ ᠲᠥᠯᠥᠪᠯᠡᠨ ᠬᠡᠷᠡᠭᠯᠡᠬᠦ ᠵᠢ ᠵᠣᠷᠢᠭᠵᠢᠭᠤᠯᠵᠤ᠂ ᠭᠠᠴᠠᠭ᠎ᠠ ᠲᠣᠰᠬᠤᠨ᠎ᠤ ᠰᠢᠨ᠎ᠡ ᠬᠡᠯᠪᠡᠷᠢ ᠵᠢᠨ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠠᠵᠤ ᠠᠬᠤᠶ ᠵᠢᠨ ᠬᠥᠭᠵᠢᠯᠲᠡ ᠵᠢ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ᠎ᠲᠠᠢ ᠤᠶᠠᠯᠳᠤᠭᠤᠯᠤᠨ᠂ ᠬᠦᠷᠢᠶ᠎ᠡ ᠬᠠᠰᠢᠶᠠᠨ᠎ᠤ ᠠᠵᠤ ᠠᠬᠤᠶ ᠵᠢᠨ ᠬᠥᠭᠵᠢᠯᠲᠡ ᠵᠢ ᠳᠡᠮᠵᠢᠨ᠎ᠡ᠃  ᠠᠵᠢᠯ᠎ᠢ ᠠᠬᠢᠭᠤᠯᠬᠤ ᠡᠷᠴᠢᠮ ᠵᠶ᠋ᠠᠷ ᠶᠡᠭᠡ᠂ ᠬᠥᠭᠵᠢᠯᠲᠡ ᠵᠢᠨ ᠦᠷ᠎ᠡ ᠪᠦᠲᠦᠮᠵᠢ᠎ᠪᠠᠷ ᠰᠠᠶ᠋ᠢᠨ ᠭᠠᠵᠠᠷ ᠣᠷᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠳᠤ ᠬᠤᠯᠪᠣᠭᠳᠠᠬᠤ ᠲᠥᠷᠥ ᠵᠢᠨ ᠪᠣᠳᠣᠯᠭ᠎ᠠ ᠵᠢᠨ ᠪᠡᠯᠡ ᠮᠥᠩᠭᠦ ᠵᠢ ᠤᠷᠢᠳᠠᠪᠠᠷ ᠬᠡᠯᠪᠠᠶ᠋ᠢᠯᠭᠡᠵᠦ᠂ ᠪᠦᠬᠦ ᠣᠷᠣᠨ᠎ᠤ ᠠᠬᠤᠢ ᠲᠠᠯᠠᠪᠠᠢ ᠵᠢᠨ ᠬᠤᠷᠠᠯ᠎ᠢ ᠬᠤᠷᠠᠯᠳᠤᠭᠤᠯᠬᠤ᠎ᠪᠠᠷ ᠤᠷᠢᠳᠠᠪᠠᠷ ᠲᠣᠬᠢᠷᠠᠭᠤᠯᠤᠨ ᠰᠤᠷᠤᠯᠴᠠᠭᠤᠯᠤᠨ᠎ᠠ᠃ ᠪᠥᠬᠦ ᠣᠷᠣᠨ᠎ᠤ ᠲᠤᠬᠠᠶ ᠵᠢᠨ ᠭᠠᠵᠠᠷ᠎ᠤᠨ ᠬᠤᠷᠠᠯ᠎ᠢ ᠳᠠᠭ᠋ᠠᠭ᠋ᠠᠨ ᠬᠢᠵᠦ ᠪᠠᠶ᠋ᠢᠭ᠎ᠠ ᠬᠤᠰᠢᠭᠤ ᠰᠢᠶᠠᠨ᠎ᠳᠤ ᠥᠪᠡᠷᠲᠡᠭᠡᠨ ᠵᠠᠰᠠᠬᠤ ᠣᠷᠣᠨ 1000 ᠲᠦᠮᠡᠨ ᠲᠥᠭᠦᠷᠢᠭ᠎ᠤᠨ ᠱᠠᠩᠨᠠᠯ ᠨᠥᠬᠦᠪᠥᠷᠢ ᠣᠯᠭᠤᠵᠤ᠂ ᠬᠤᠰᠢᠭᠤ ᠰᠢᠶᠠᠨ᠎ᠨᠢ ᠪᠣᠳᠠᠲᠠᠶ ᠳᠠᠭ᠋ᠠᠭ᠋ᠠᠨ ᠡᠷᠭᠢᠯᠡᠭᠰᠡᠨ ᠰᠤᠮᠤ ᠰᠢᠶᠠᠩ ᠪᠠᠯᠭ᠋ᠠᠰᠤ ᠪᠠ ᠭᠠᠴᠠᠭ᠎ᠠ ᠲᠣᠰᠬᠤᠨ᠎ᠳᠤ ᠲᠣᠰ ᠲᠣᠰ 500 ᠲᠦᠮᠡᠨ ᠲᠥᠭᠦᠷᠢᠭ᠂ 50 ᠲᠦᠮᠡᠨ ᠲᠥᠭᠦᠷᠢᠭ᠎ᠤᠨ ᠱᠠᠩᠨᠠᠯ ᠨᠥᠬᠦᠪᠥᠷᠢ ᠣᠯᠭᠤᠵᠤ᠂ ᠬᠦᠷᠢᠶ᠎ᠡ ᠬᠠᠰᠢᠶᠠᠨ᠎ᠤ ᠠᠵᠤ ᠠᠬᠤᠶ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠬᠡᠪᠴᠢᠶ᠎ᠡ ᠵᠢ ᠥᠷᠭᠡᠳᠬᠡᠬᠦ᠂ ᠬᠥᠳᠡᠭᠡ ᠲᠣᠰᠬᠤᠨ᠎ᠤ ᠠᠵᠤ ᠦᠢ᠍ᠯᠡᠰ᠎ᠢ ᠬᠥᠭᠵᠢᠭᠦᠯᠬᠦ ᠵᠢ ᠳᠡᠮᠵᠢᠬᠦ᠎ᠳᠤ ᠬᠡᠷᠡᠭᠯᠡᠨ᠎ᠡ᠃  ᠬᠦᠷᠢᠶ᠎ᠡ ᠬᠠᠰᠢᠶ᠎ᠠ ᠵᠢᠨ ᠠᠵᠤ ᠠᠬᠤᠶ ᠵᠢᠨ ᠡᠵᠡᠩᠨᠡᠯᠲᠡ ᠵᠢᠨ ᠡᠷᠦᠬᠡ ᠵᠢ ᠳᠠᠶ᠋ᠢᠴᠢᠯᠠᠨ ᠬᠥᠭᠵᠢᠭᠦᠯᠦᠭᠰᠡᠨ ᠦᠷ᠎ᠡ ᠪᠦᠲᠦᠮᠵᠢ᠎ᠪᠠᠷ ᠰᠠᠶ᠋ᠢᠨ ᠡᠵᠡᠩᠨᠡᠯᠲᠡ ᠵᠢᠨ ᠭᠤᠤᠯ ᠴᠣᠭᠴᠠ᠎ᠳᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠤᠷᠰᠢᠶ᠎ᠠ ᠵᠢᠨ ᠵᠢᠱ᠌ᠢᠶ᠎ᠡ ᠦᠵᠡᠭᠦᠯᠬᠦ ᠬᠤᠷᠰᠢᠶ᠎ᠠ ᠪᠠ ᠬᠥᠲᠥᠴᠢ ᠠᠵᠤ ᠠᠬᠤᠶ᠋ᠢᠯᠠᠯ ᠵᠶ᠋ᠠᠷ ᠤᠷᠢᠳᠠᠪᠠᠷ ᠦᠨᠡᠯᠡᠨ ᠲᠣᠭᠲᠠᠭ᠋ᠠᠨ᠎ᠠ᠃ ᠬᠦᠷᠢᠶ᠎ᠡ ᠬᠠᠰᠢᠶᠠᠨ᠎ᠤ ᠠᠵᠤ ᠠᠬᠤᠶ ᠵᠢᠨ ᠡᠵᠡᠩᠨᠡᠯᠲᠡ ᠵᠢᠨ ᠡᠷᠦᠬᠡ ᠵᠢᠨ ᠲᠣᠰ ᠭᠠᠵᠠᠷ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ 《ᠠᠵᠢᠯᠯᠠᠬᠤ᠎ᠪᠠᠷ ᠲᠡᠳᠬᠦᠮᠵᠢ ᠵᠢ ᠣᠷᠣᠯᠠᠭᠤᠯᠬᠤ》 ᠪᠠ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠴᠤ ᠬᠠᠮᠠᠭ᠋ᠠᠯᠠᠬᠤ ᠢᠨᠵᠧᠨᠧᠷᠢᠩ ᠵᠡᠷᠭᠡ ᠠᠵᠢᠯ᠎ᠳᠤ ᠤᠷᠢᠳᠠᠪᠠᠷ ᠣᠷᠣᠯᠴᠠᠬᠤ ᠵᠢ ᠳᠡᠮᠵᠢᠨ᠎ᠡ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠦᠩᠯᠢᠶᠣᠤ ᠬᠤᠲᠠ᠎ᠳᠤ ᠪᠥᠬᠦ ᠣᠷᠣᠨ᠎ᠤ ᠤᠰᠤᠨ ᠠᠰᠢᠭᠯᠠᠯᠲᠠ ᠵᠢᠨ ᠤᠯᠤᠰ᠎ᠤᠨ ᠵᠢᠭᠡᠯᠡᠯᠭᠡ ᠵᠢᠨ ᠲᠥᠷᠥᠯ ᠵᠦᠢ᠍ᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶ᠋ᠢᠭᠡᠮ᠎ᠤᠨ ᠬᠦᠭᠵᠢᠯᠳᠡ ᠪᠠ ᠰᠠᠭᠤᠭ᠋ᠠᠯᠢ ᠠᠷᠠᠳ᠎ᠤᠨ ᠦᠢ᠍ᠯᠡᠳᠪᠦᠷᠢᠯᠡᠯ ᠠᠮᠢᠳᠣᠷᠡᠯ᠎ᠤᠨ ᠣᠷᠣᠨ ᠵᠠᠢ᠎ᠠᠴᠠ ᠵᠦᠢ ᠵᠣᠬᠢᠰᠳᠡᠢ᠎ᠪᠠᠷ ᠵᠠᠶ᠋ᠢᠯᠡᠭᠤᠯᠬᠤ ᠭᠡᠷᠡᠭᠳᠡᠢ    ᠥᠪᠥᠷ ᠮᠣᠩᠭᠤᠯ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠳᠠᠷᠤᠮᠠᠯᠯᠠᠨ ᠲᠠᠷᠬᠠᠭ᠋ᠠᠪᠠ
ᠤᠰᠤᠨ ᠠᠰᠢᠭᠯᠠᠯᠲᠠ ᠵᠢᠨ ᠶᠠᠮᠤᠨ ᠤᠰᠤᠨ ᠠᠰᠢᠭᠯᠠᠯᠲᠠ ᠵᠢᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠤᠰᠤᠨ ᠠᠰᠢᠭᠯᠠᠯᠲᠠ ᠵᠢᠨ ᠶᠠᠮᠤᠨ 2023 ᠣᠨ᠎ᠤ ᠣᠨ᠎ᠤ ᠰᠢᠯᠭ᠋ᠠᠨ ᠬᠢᠨᠠᠵᠤ ᠱᠠᠩᠨᠠᠨ ᠬᠥᠬᠢᠭᠦᠯᠬᠦ ᠵᠢᠴᠢ ᠴᠢᠳᠠᠪᠤᠷᠢᠲᠠᠨ᠎ᠢ ᠰᠢᠯᠢᠨ ᠳᠡᠪᠰᠢᠭᠦᠯᠵᠦ ᠫᠠᠶ᠋ᠢᠰᠠ ᠣᠯᠭᠤᠬᠤ ᠶᠣᠰᠣᠯᠠᠯ ᠶᠠᠪᠤᠭᠤᠯᠪᠠ
ᠱᠧᠩ ᠰᠢᠶᠣᠣ ᠶᠢᠥ ᠬᠠᠳᠤᠨ ᠭᠤᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠤᠳᠪᠠ
 
            