ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ ᠣᠷᠣᠨ ᠲᠤᠰ ᠱᠠᠲᠤᠨ᠎ᠤ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠤᠰᠤ ᠠᠷᠪᠢᠯᠠᠬᠤ ᠬᠡᠯᠪᠡᠷᠢ ᠵᠢᠨ ᠨᠢᠭᠡᠴᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2024-03-15

   ᠣᠷᠣᠨ᠎ᠤ ᠲᠣᠰ ᠱᠠᠲᠤᠨ᠎ᠤ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠤᠰᠤ ᠠᠷᠪᠢᠯᠠᠬᠤ ᠬᠡᠯᠪᠡᠷᠢ ᠵᠢᠨ ᠨᠢᠭᠡᠴᠢ ᠵᠢᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠠᠮᠲᠤᠷᠠᠭᠰᠠᠨ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠤᠰᠤ ᠠᠷᠪᠢᠯᠠᠬᠤ ᠬᠡᠯᠪᠡᠷᠢ ᠵᠢᠨ ᠨᠢᠭᠡᠴᠢ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ 2024 ᠣᠨ᠎ᠤ ᠡᠴᠦᠰ᠎ᠲᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠤᠰᠤ ᠠᠷᠪᠢᠯᠠᠬᠤ ᠬᠡᠯᠪᠡᠷᠢ ᠵᠢᠨ ᠨᠢᠭᠡᠴᠢ ᠵᠢ ᠪᠦᠬᠦᠨ᠎ᠢ ᠪᠠᠶ᠋ᠢᠭᠤᠯᠵᠤ ᠳᠠᠭᠤᠰᠬᠠᠬᠤ᠎ᠪᠠᠷ ᠴᠢᠷᠮᠠᠶ᠋ᠢᠨ᠎ᠠ᠃

  《ᠮᠡᠳᠡᠭᠳᠡᠯ》᠎ᠤᠨ ᠱᠠᠭ᠋ᠠᠷᠳᠠᠯᠭ᠎ᠠ᠎ᠨᠢ᠂ ᠤᠰᠤ ᠠᠷᠪᠢᠯᠠᠬᠤ ᠬᠡᠯᠪᠡᠷᠢ ᠵᠢᠨ ᠨᠢᠭᠡᠴᠢ ᠵᠢ 10 ᠡᠷᠦᠬᠡ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠤᠰᠤ ᠠᠷᠪᠢᠯᠠᠬᠤ ᠳᠦᠷᠢᠮ ᠪᠠᠶ᠋ᠢᠭᠤᠯᠬᠤ᠂ ᠤᠰᠤ ᠠᠷᠪᠢᠯᠠᠬᠤ ᠡᠳᠦᠷ ᠲᠤᠲᠤᠮ᠎ᠤᠨ ᠬᠠᠮᠢᠶᠠᠷᠤᠯᠲᠠ᠂ ᠤᠰᠤ ᠠᠷᠪᠢᠯᠠᠬᠤ ᠪᠠᠭ᠋ᠠᠵᠢ ᠬᠡᠷᠡᠭᠰᠡᠯ᠎ᠢ ᠳᠡᠯᠭᠡᠷᠡᠭᠦᠯᠦᠨ ᠬᠡᠷᠡᠭᠯᠡᠬᠦ᠂ ᠡᠩ᠎ᠤᠨ ᠪᠤᠰᠤ ᠤᠰᠤ ᠵᠢ ᠠᠰᠢᠭᠯᠠᠬᠤ᠂ ᠤᠰᠤ ᠬᠡᠷᠡᠭᠯᠡᠬᠦ ᠵᠢ ᠬᠡᠮᠵᠢᠬᠦ ᠵᠢᠨ ᠲᠣᠭᠤᠷᠢᠨ᠎ᠳᠤ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠤᠰᠤ ᠠᠷᠪᠢᠯᠠᠬᠤ ᠬᠡᠯᠪᠡᠷᠢ ᠵᠢᠨ ᠨᠢᠭᠡᠴᠢ ᠵᠢᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠶ ᠥᠷᠨᠢᠭᠦᠯᠬᠦ ᠬᠡᠷᠡᠭᠲᠡᠶ᠃ ᠡᠯ᠎ᠡ ᠨᠢᠭᠡᠴᠢ ᠵᠢᠨ ᠨᠢᠭᠡᠳᠦᠭᠡᠷ ᠳᠡᠰ ᠪᠠ ᠳᠡᠳ᠋ ᠲᠠᠰ᠎ᠤᠨ ᠤᠰᠤᠨ᠎ᠤ ᠬᠡᠮᠵᠢᠯᠲᠡ ᠵᠢᠨ ᠪᠠᠭ᠋ᠠᠵᠢ ᠬᠡᠷᠡᠭᠰᠡᠯ᠎ᠤᠨ ᠲᠣᠬᠢᠷᠠᠭᠤᠯᠤᠯᠲᠠ ᠵᠢᠨ ᠨᠣᠷᠮ᠎ᠠ ᠵᠢ ᠲᠣᠰ ᠲᠣᠰ 100% ᠪᠠ 95%᠎ᠳᠤ ᠬᠦᠷᠦᠭᠦᠯᠵᠦ᠂ ᠤᠰᠤ ᠠᠷᠪᠢᠯᠠᠬᠤ ᠪᠠᠭ᠋ᠠᠵᠢ ᠬᠡᠷᠡᠭᠰᠡᠯ᠎ᠤᠨ ᠲᠦᠭᠡᠮᠡᠯᠵᠢᠯᠲᠡ ᠵᠢᠨ ᠨᠣᠷᠮ᠎ᠠ ᠵᠢ 96%᠎ᠠᠴᠠ ᠳᠣᠤᠷ᠎ᠠ ᠪᠠᠶ᠋ᠢᠯᠭ᠋ᠠᠵᠤ ᠪᠣᠯᠬᠤ ᠥᠬᠡᠶ᠂ ᠤᠰᠤ ᠬᠡᠷᠡᠭᠯᠡᠬᠦ ᠪᠠᠭ᠋ᠠᠵᠢ ᠬᠡᠷᠡᠭᠰᠡᠯ᠎ᠤᠨ ᠭᠤᠭᠤᠵᠢᠭᠳᠠᠭᠰᠠᠨ ᠨᠣᠷᠮ᠎ᠠ ᠵᠢ 4% ᠵᠢᠨ ᠳᠣᠲᠣᠷ᠎ᠠ ᠬᠢᠵᠠᠭ᠋ᠠᠷᠯᠠᠨ᠎ᠠ᠃

   ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠣᠷᠣᠨ᠎ᠤ ᠲᠣᠰ ᠱᠠᠲᠤᠨ᠎ᠤ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠤᠰᠤ ᠠᠷᠪᠢᠯᠠᠬᠤ ᠬᠡᠯᠪᠡᠷᠢ ᠵᠢᠨ ᠨᠢᠭᠡᠴᠢ ᠵᠢᠨ ᠪᠥᠲᠥᠭᠡᠨ ᠪᠠᠶ᠋ᠢᠭᠤᠯᠤᠯᠲᠠ ᠵᠢᠨ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠡᠭᠦᠨ᠎ᠤ ᠬᠠᠮᠲᠤ᠂ 《ᠳᠡᠯᠡᠬᠡᠶ ᠵᠢᠨ ᠤᠰᠤᠨ᠎ᠤ ᠡᠳᠦᠷ》᠂ 《ᠳᠤᠮᠳᠠᠳᠤ ᠤᠯᠤᠰ᠎ᠤᠨ ᠤᠰᠤᠨ᠎ᠤ ᠭᠠᠷᠠᠭ》 ᠵᠡᠷᠭᠡ ᠵᠠᠩᠭᠢᠯᠠᠭ᠎ᠠ ᠵᠢᠨ ᠴᠡᠭ ᠵᠶ᠋ᠠᠷ ᠠᠵᠠ ᠲᠣᠬᠢᠶᠠᠯ ᠪᠣᠯᠭ᠋ᠠᠵᠤ᠂ ᠤᠰᠤ ᠠᠷᠪᠢᠯᠠᠬᠤ ᠤᠬᠠᠭᠤᠯᠭ᠎ᠠ ᠵᠢᠨ ᠪᠠᠶ᠋ᠢᠭᠤᠯᠭ᠎ᠠ᠎ᠳᠤ ᠣᠷᠣᠵᠤ ᠬᠠᠮᠢᠶ᠎ᠠ ᠪᠥᠬᠦᠶ ᠨᠢᠭᠡᠴᠢ ᠵᠢ ᠵᠣᠬᠢᠶᠠᠨ ᠪᠠᠶ᠋ᠢᠭᠤᠯᠵᠤ ᠤᠰᠤ ᠠᠷᠪᠢᠯᠠᠬᠤ ᠬᠡᠯᠪᠡᠷᠢ ᠵᠢᠨ ᠨᠢᠭᠡᠴᠢ ᠵᠢᠨ ᠪᠥᠲᠥᠭᠡᠨ ᠪᠠᠶ᠋ᠢᠭᠤᠯᠤᠯᠲᠠ ᠵᠢᠨ ᠪᠣᠯᠪᠠᠰᠤᠷᠠᠯ᠎ᠤᠨ ᠬᠤᠷᠠᠯ ᠬᠤᠷᠠᠯᠳᠤᠭᠤᠯᠬᠤ᠎ᠲᠠᠢ ᠤᠶᠠᠯᠳᠤᠭᠤᠯᠤᠨ᠂ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠤᠰᠤ ᠵᠢ ᠠᠷᠪᠢᠯᠠᠵᠤ ᠬᠡᠷᠡᠭᠯᠡᠬᠦ ᠳᠠᠯᠳᠠ ᠬᠦᠴᠦᠨ᠎ᠢ ᠲᠠᠰᠤᠷᠠᠯᠲᠠ ᠥᠬᠡᠶ ᠠᠭᠤᠳᠠᠯᠵᠤ᠂ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠶ᠋ᠢᠭᠤᠯᠤᠯᠲᠠ ᠳᠤᠮᠳᠠᠬᠢ ᠵᠢᠱ᠌ᠢᠶ᠎ᠡ ᠦᠵᠡᠭᠦᠯᠵᠦ ᠬᠥᠲᠥᠯᠦᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃

  

                      (ᠤᠰᠤᠨ᠎ᠤ ᠡᠬᠢ ᠪᠠᠶᠠᠯᠢᠭ᠎ᠤᠨ ᠭᠠᠵᠠᠷ)

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠦᠨᠳᠦᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠴᠢ ᠲᠠᠷᠢᠶᠠᠯᠠᠩ᠎ᠤᠨ ᠦᠨᠳᠦᠷ ᠪᠦᠲᠦᠮᠵᠢᠲᠡᠢ ᠤᠰᠤ ᠠᠷᠪᠢᠯᠠᠬᠤ ᠲᠤᠬᠠᠢ ᠵᠢᠨ ᠲᠠᠯᠠᠪᠠᠢ ᠵᠢᠨ ᠠᠬᠢᠭᠤᠯᠬᠤ ᠬᠤᠷᠠᠯ ᠬᠤᠷᠠᠯᠳᠤᠵᠠᠢ ᠳᠠᠢ᠌ᠴᠢᠨ ᠶᠠᠷᠢᠶ᠎ᠠ ᠲᠠᠯᠪᠢᠪᠠ
34 ᠳ᠋ᠦᠩᠰᠢᠭᠤᠷ ᠲᠥᠭᠥᠷᠢᠭ! ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠦᠰᠡᠯᠡᠯᠲᠡ ᠵᠢ ᠰᠢᠪᠲᠤᠯᠬᠤ ᠢᠨᠵᠧᠨᠧᠷᠢᠩ᠎ᠢ ᠤᠷᠤᠭᠰᠢᠲᠠᠶ ᠬᠡᠷᠡᠭᠵᠢᠭᠦᠯᠬᠦ ᠵᠢ ᠪᠥᠬᠦ ᠬᠦᠴᠦᠨ ᠵᠶ᠋ᠠᠷ ᠵᠶ᠋ᠠᠨ ᠪᠠᠲᠤᠯᠠᠵᠤ ᠥᠪᠥᠷ ᠮᠣᠩᠭᠤᠯ᠎ᠤᠨ ᠲᠣᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 20 %᠎ᠪᠠᠷ ᠨᠡᠮᠡᠭᠳᠡᠪᠡ
ᠪᠠᠷᠠᠭᠤᠨ ᠯᠢᠶᠣᠣᠾᠧ ᠭᠤᠣᠯ᠎ᠤᠨ ᠭᠤᠣᠯ ᠤᠷᠤᠰᠬᠠᠯ᠎ᠤᠨ ᠤᠰᠤᠨ ᠲᠦᠷᠦᠭᠦᠦ ᠶᠡᠷᠦᠩᠬᠡᠢ ᠠᠯᠪᠠᠨ ᠭᠡᠷ᠎ᠤᠨ ᠸᠧ ᠪᠤᠤ ᠬᠦᠢ᠍ᠰᠦ ᠵᠢᠨ ᠣᠭᠲᠣᠯᠤᠭ᠋ᠠᠰᠤ᠎ᠳᠤ ᠬᠦᠷᠴᠡᠢ
ᠮᠠᠯᠴᠢᠨ ᠲᠠᠷᠢᠶᠠᠴᠢᠳ᠎ᠢ ᠬᠥᠲᠥᠯᠥᠨ ᠵᠢᠯᠣᠭᠤᠳᠴᠤ ᠣᠶ᠋ᠢᠷ᠎ᠠ ᠬᠠᠪᠢ ᠲᠤᠬᠠᠶ ᠵᠢᠨ ᠭᠠᠵᠠᠷ᠎ᠲᠤᠨᠢ ᠠᠵᠢᠯ ᠣᠯᠭᠤᠵᠤ ᠠᠳᠠᠯ ᠦᠢ᠍ᠯᠡᠰ ᠴᠤᠭᠴᠠᠯᠠᠵᠤ ᠥᠪᠥᠷ ᠮᠣᠩᠭᠤᠯ 《ᠵᠠᠭᠤᠨ ᠰᠢᠶᠠᠩ ᠮᠢᠩᠭ᠋ᠠᠨ ᠲᠣᠰᠬᠤᠨ ᠲᠦᠮᠡᠨ ᠬᠦᠷᠢᠶ᠎ᠡ》 ᠵᠢᠨ ᠠᠵᠢᠯᠯᠠᠭ᠎ᠠ᠎ᠪᠠᠷ ᠬᠦᠷᠢᠶᠡᠨ᠎ᠤ ᠠᠵᠤ ᠠᠬᠤᠶ ᠵᠢ ᠪᠤᠵᠠᠭ᠋ᠠᠶ᠋ᠢᠷᠠᠭᠤᠯᠬᠤ᠎ᠪᠠᠷ ᠪᠠᠶ᠋ᠢᠨ᠎ᠠ
 
            