ᠤᠰᠤᠨ᠎ᠤ ᠡᠬᠢ ᠪᠠᠶᠠᠯᠢᠭ᠎ᠨᠢ ᠪᠦᠬᠦ ᠤᠯᠤᠰ᠎ᠤᠨ 2% ᠢ ᠯᠡ ᠡᠵᠡᠯᠡᠨ᠎ᠡ ᠭᠡᠳᠡᠭ᠎ᠨᠢ ᠶᠠᠮᠠᠷ ᠤᠬᠠᠭᠳᠠᠬᠤᠨ ᠪᠤᠢ?
ᠰᠤᠩᠭ᠋ᠠᠷᠢ ᠮᠦᠷᠡᠨ᠎ᠤ ᠰᠠᠪᠠ ᠭᠠᠵᠠᠷ᠎ᠠᠴᠠ ᠭᠠᠳᠠᠨ᠎ᠠ᠂ ᠥᠪᠥᠷ ᠮᠣᠩᠭᠤᠯ᠎ᠤᠨ ᠬᠥᠮᠦᠨ ᠳᠤᠮᠳᠠᠴᠢ ᠵᠢᠨ ᠤᠰᠤᠨ᠎ᠤ ᠡᠬᠢ ᠪᠠᠶᠠᠯᠢᠭ᠎ᠤᠨ ᠬᠡᠮᠵᠢᠶ᠎ᠡ᠎ᠨᠢ ᠪᠦᠬᠦ ᠤᠯᠤᠰ᠎ᠤᠨ ᠬᠦᠮᠦᠨ ᠳᠤᠮᠳᠠᠴᠢ ᠵᠢᠨ ᠬᠢᠷᠢ ᠲᠦᠪᠰᠢᠨ᠎ᠤ 2 / 5 ᠯᠡ ᠪᠠᠢ᠌ᠬᠤ᠎ᠨᠢ ᠶᠠᠭᠤ ᠵᠢ ᠬᠠᠷᠠᠭᠤᠯᠵᠤ ᠪᠠᠢ᠌ᠬᠤ ᠪᠣᠢ?
2% ᠬᠦᠷᠬᠦ ᠦᠭᠡᠢ᠂ ᠵᠦᠪᠬᠡᠨ 2/5᠂ ᠪᠦᠷ ᠵᠥᠪᠬᠡᠨ ᠨᠢᠭᠡ ᠪᠣᠳᠠᠲᠤ ᠬᠡᠷᠡᠭ᠎ᠢ ᠲᠣᠳᠣᠷᠬᠠᠶ᠋ᠢᠯᠠᠨ ᠥᠭᠦᠯᠡᠵᠦ ᠪᠠᠶ᠋ᠢᠨ᠎ᠠ᠄ ᠥᠪᠥᠷ ᠮᠣᠩᠭᠣᠯ ᠪᠣᠯ ᠬᠦᠨᠳᠦ ᠨᠣᠴᠢᠲᠠᠢ ᠤᠰᠤ ᠳᠤᠲᠠᠭᠳᠠᠵᠤ ᠪᠠᠶ᠋ᠢᠭ᠎ᠠ ᠭᠠᠵᠠᠷ ᠣᠷᠣᠨ ᠪᠣᠯᠤᠨ᠎ᠠ᠃
ᠥᠪᠥᠷ ᠮᠣᠩᠭᠣᠯ᠎ᠤᠨ ᠤᠰᠤᠨ᠎ᠤ ᠡᠬᠢ ᠪᠠᠶᠠᠯᠢᠭ ᠳᠤᠲᠠᠭᠳᠠᠵᠤ ᠪᠠᠢ᠌ᠬᠤ ᠪᠥᠭᠡᠳ ᠴᠠᠭ ᠣᠷᠣᠨ ᠵᠠᠢ ᠵᠢᠨ ᠲᠠᠷᠬᠠᠯᠲᠠ ᠵᠢᠭᠳᠡ ᠪᠤᠰᠤ ᠪᠠᠢ᠌ᠵᠤ᠂ ᠤᠰᠤᠨ᠎ᠤ ᠡᠬᠢ ᠪᠠᠶᠠᠯᠢᠭ᠎ᠨᠢ ᠵᠥᠪᠬᠡᠨ ᠪᠦᠬᠦ ᠤᠯᠤᠰ᠎ᠤᠨ ᠶᠡᠷᠦᠩᠬᠡᠢ ᠬᠡᠮᠵᠢᠶᠡᠨ᠎ᠤ 1.92%᠎ᠢ ᠡᠵᠡᠯᠡᠵᠦ᠂ ᠠᠭᠤᠷ ᠠᠮᠢᠰᠭᠤᠯ ᠭᠠᠩ ᠬᠠᠭᠤᠷᠠᠢ᠂ ᠤᠰᠤᠨ᠎ᠤ ᠡᠬᠢ ᠪᠠᠶᠠᠯᠢᠭ ᠬᠦᠨᠳᠦ ᠨᠣᠴᠢᠲᠠᠢ ᠳᠤᠲᠠᠭᠳᠠᠵᠤ ᠪᠠᠢ᠌ᠭ᠎ᠠ ᠡᠨᠧᠷᠭᠢ ᠵᠢᠨ ᠲᠣᠮᠣ ᠣᠷᠣᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ 《ᠤᠮᠳᠠᠭ᠋ᠠᠰᠬᠤᠯᠠᠩ》 ᠪᠠᠢ᠌ᠵᠠᠢ᠃
《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ》 ᠬᠡᠷᠡᠭᠲᠡᠶ᠃ 2014 ᠣᠨ᠎ᠤ 3 ᠳ᠋ᠤᠭ᠋ᠠᠷ ᠰᠠᠷ᠎ᠠ ᠵᠢᠨ 14᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠤᠳᠤᠷᠢᠳᠬᠤ ᠳᠤᠭᠤᠶ᠋ᠢᠯᠠᠩ᠎ᠤᠨ ᠲᠠᠪᠤᠳᠤᠭ᠋ᠠᠷ ᠤᠳᠠᠭ᠋ᠠᠨ᠎ᠤ ᠬᠤᠷᠠᠯ ᠳᠡᠭᠡᠷ᠎ᠡ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠲᠤᠬᠠᠢ ᠴᠢᠬᠤᠯᠠ ᠶᠠᠷᠢᠶ᠎ᠠ ᠲᠠᠯᠪᠢᠵᠤ᠂ ᠤᠰᠤ ᠠᠷᠪᠢᠯᠠᠬᠤ ᠠᠵᠢᠯ᠎ᠢ ᠴᠢᠬᠤᠯᠠ ᠪᠠᠶ᠋ᠢᠷᠢᠨ᠎ᠳᠤ ᠲᠠᠯᠪᠢᠪᠠ᠃
2024 ᠣᠨ᠎ᠤ 3 ᠳ᠋ᠤᠭ᠋ᠠᠷ ᠰᠠᠷ᠎ᠠ ᠵᠢᠨ 14᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ᠎ᠤᠨ 《3 · 14》᠎ᠤ ᠶᠠᠷᠢᠶᠠᠨ᠎ᠤ 10 ᠵᠢᠯ᠎ᠤᠨ ᠤᠢ ᠵᠢᠨ ᠲᠠᠰᠢᠷᠠᠮ᠎ᠲᠠᠢ ᠲᠠᠭ᠋ᠠᠷᠠᠪᠠ᠃ ᠠᠷᠪᠠᠨ ᠵᠢᠯ᠎ᠤᠨ ᠲᠤᠷᠰᠢ᠂ ᠥᠪᠥᠷ ᠮᠣᠩᠭᠤᠯ ᠶᠡᠷᠦᠩᠬᠡᠶ ᠱᠦᠵᠢ ᠰᠢ ᠵᠢᠨ ᠫᠢᠩ᠎ᠤᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠵᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠵᠤ᠂ ᠰᠢᠰᠲ᠋ᠧᠮ᠎ᠲᠠᠢ ᠵᠠᠰᠠᠵᠤ᠂ ᠬᠤᠶᠠᠷ ᠲᠠᠯ᠎ᠠ᠎ᠪᠠᠷ ᠬᠦᠴᠦᠯᠡᠬᠦ》 ᠤᠰᠤ ᠵᠢ ᠵᠠᠰᠠᠬᠤ ᠰᠡᠳᠬᠢᠮᠵᠢ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠎ᠢ ᠵᠦᠶ ᠵᠣᠬᠢᠰᠲᠠᠶ ᠬᠤᠪᠢᠶᠠᠷᠢᠯᠠᠬᠤ ᠪᠠ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠲᠣᠭᠲᠠᠭ᠋ᠠᠵᠤ᠂ 《ᠤᠰᠤ᠎ᠪᠠᠷ ᠲᠦᠷᠪᠡ ᠵᠢ ᠲᠣᠭᠲᠠᠭ᠋ᠠᠬᠤ》 ᠵᠠᠷᠴᠢᠮ᠎ᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠤᠰᠤᠨ᠎ᠤ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ ᠵᠢ ᠬᠠᠮᠢᠶᠠᠷᠬᠤ᠂ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠬᠤ᠂ ᠪᠥᠬᠦ ᠲᠠᠯ᠎ᠠ᠎ᠪᠠᠷ ᠠᠷᠪᠢᠯᠠᠬᠤ᠂ ᠡᠷᠭᠢᠯᠳᠦᠭᠦᠯᠦᠨ ᠠᠰᠢᠭᠯᠠᠬᠤ ᠵᠢ ᠠᠬᠢᠭᠤᠯᠵᠤ᠂ ᠳᠤᠰᠤᠯ ᠤᠰᠤ ᠨᠢᠭᠡᠪᠦᠷᠢ ᠵᠢ ᠰᠠᠶ᠋ᠢᠲᠤᠷ ᠬᠠᠮᠢᠶᠠᠷᠴᠤ ᠪᠠᠶ᠋ᠢᠨ᠎ᠠ᠃

ᠴᠠᠭ᠎ᠤᠨ ᠵᠡᠭᠦᠦ ᠵᠢᠨ ᠮᠠᠶᠢᠭ᠎ᠤᠨ ᠰᠦᠷᠴᠢᠨ ᠤᠰᠤᠯᠠᠬᠤ
ᠤᠰᠤ ᠠᠷᠪᠢᠯᠠᠬᠤ — ᠤᠰᠤ ᠵᠢ ᠰᠠᠶ᠋ᠢᠲᠤᠷ ᠬᠢᠵᠠᠭ᠋ᠠᠷᠯᠠᠵᠤ᠂ ᠤᠰᠤᠨ᠎ᠤ ᠡᠬᠢ ᠪᠠᠶᠠᠯᠢᠭ᠎ᠤᠨ 《ᠬᠥᠭᠵᠢᠯᠲᠡ ᠵᠢᠨ ᠣᠷᠣᠨ ᠵᠠᠢ》 ᠵᠢ ᠰᠢᠬᠠᠵᠤ ᠭᠠᠷᠭ᠋ᠠᠪᠠ
3 ᠳ᠋ᠤᠭ᠋ᠠᠷ ᠰᠠᠷ᠎ᠠ ᠵᠢᠨ 1᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠬᠠᠮᠲᠤᠷᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠬᠡᠯᠪᠡᠷᠢ ᠵᠢᠨ ᠶᠡᠭᠡ ᠳᠡᠭᠡᠳᠦ ᠰᠤᠷᠭ᠋ᠠᠭᠤᠯᠢ ᠵᠢ ᠪᠥᠬᠦ ᠲᠠᠯ᠎ᠠ᠎ᠪᠠᠷ ᠪᠠᠶ᠋ᠢᠭᠤᠯᠬᠤ ᠠᠵᠢᠯᠯᠠᠭ᠋ᠠᠨ᠎ᠤ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ 11 ᠵᠤᠷᠪᠤᠰ ᠪᠣᠳᠠᠲᠠᠶ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠤᠰᠤ ᠠᠷᠪᠢᠯᠠᠬᠤ ᠬᠡᠯᠪᠡᠷᠢ ᠵᠢᠨ ᠶᠡᠭᠡ ᠳᠡᠭᠡᠳᠦ ᠰᠤᠷᠭ᠋ᠠᠭᠤᠯᠢ ᠵᠢᠨ ᠪᠥᠲᠥᠭᠡᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠤᠨ᠂ ᠶᠡᠭᠡ ᠳᠡᠭᠡᠳᠦ ᠰᠤᠷᠭ᠋ᠠᠭᠤᠯᠢ ᠵᠢᠨ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭ᠋ᠠᠭᠤᠯᠢ ᠵᠢᠨ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠶ᠋ᠢᠭᠤᠯᠤᠯᠲᠠ ᠳᠤᠮᠳᠠᠬᠢ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃
ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭ᠋ᠠᠭᠤᠯᠢ᠎ᠨᠢ ᠬᠣᠭᠣᠯᠠᠢ ᠵᠢᠨ ᠲᠣᠣᠷ᠎ᠢ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠤᠰᠤ ᠠᠷᠪᠢᠯᠠᠬᠤ ᠪᠠᠭ᠋ᠠᠵᠢ ᠬᠡᠷᠡᠭᠰᠡᠯ᠎ᠢ ᠲᠦᠭᠡᠮᠡᠯᠵᠢᠭᠦᠯᠬᠦ᠎ᠪᠠᠨ ᠴᠢᠩᠭ᠋ᠠᠳᠭ᠋ᠠᠨ᠂ ᠪᠣᠷᠣᠭ᠋ᠠᠨ᠎ᠤ ᠤᠰᠤ ᠵᠢ ᠴᠤᠭᠯᠠᠭᠤᠯᠬᠤ ᠰᠢᠰᠲᠸᠮ᠂ ᠬᠣᠲᠠ ᠵᠢᠨ ᠶᠠᠪᠤᠳᠠᠯ᠎ᠤᠨ ᠳᠤᠮᠳᠠᠬᠢ ᠤᠰᠤ ᠵᠢ ᠠᠰᠢᠭᠯᠠᠬᠤ ᠢᠨᠵᠧᠨᠧᠷᠢᠩ᠎ᠢ ᠪᠦᠲᠦᠭᠡᠨ ᠪᠠᠢ᠌ᠭᠤᠯᠵᠤ᠂ ᠡᠩ᠎ᠤᠨ ᠪᠤᠰᠤ ᠤᠰᠤᠨ᠎ᠤ ᠡᠬᠢ ᠰᠤᠷᠪᠤᠯᠵᠢ ᠵᠢᠨ ᠠᠰᠢᠭᠯᠠᠯᠲᠠ ᠵᠢᠨ ᠬᠡᠮᠵᠢᠶ᠎ᠡ ᠵᠢ ᠨᠡᠮᠡᠭᠳᠡᠭᠦᠯᠦᠨ᠎ᠡ᠃
ᠥᠪᠥᠷ ᠮᠣᠩᠭᠤᠯ᠎ᠤᠨ ᠠᠵᠤ ᠦᠢ᠍ᠯᠡᠳᠪᠦᠷᠢ ᠵᠢᠨ ᠶᠡᠭᠡ ᠰᠤᠷᠭ᠋ᠠᠭᠤᠯᠢ ᠵᠢᠨ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠢ ᠪᠠᠶ᠋ᠢᠭᠤᠯᠤᠨ ᠠᠰᠢᠭᠯᠠ᠂ ᠤᠰᠤ ᠬᠡᠷᠡᠭᠯᠡᠬᠦ ᠲᠥᠬᠦᠭᠡᠷᠦᠮᠵᠢ ᠵᠢᠨ ᠥᠭᠡᠷᠡᠴᠢᠯᠡᠯᠲᠡ ᠵᠢ ᠬᠡᠷᠡᠭᠵᠢᠭᠦᠯᠵᠦ᠂ ᠤᠰᠤ ᠠᠷᠪᠢᠯᠠᠬᠤ ᠠᠵᠢᠯ᠎ᠨᠢ ᠤᠯᠤᠰ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠯᠠᠨ ᠵᠦᠢ᠍ᠯ᠎ᠤᠨ ᠢᠷᠠᠭᠤ ᠠᠯᠳᠠᠷ᠎ᠢ ᠭᠥᠷᠳᠡᠵᠦ᠂ ᠨᠢᠭᠡᠳᠦᠭᠡᠷ ᠪᠦᠯᠦᠭ᠎ᠤᠨ ᠤᠯᠤᠰ᠎ᠤᠨ ᠲᠠᠰ᠎ᠤᠨ ᠠᠷᠪᠢᠯᠠᠨ ᠭᠠᠮᠨᠠᠬᠤ ᠬᠡᠯᠪᠡᠷᠢ ᠵᠢᠨ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠵᠢᠱ᠌ᠢᠶ᠎ᠡ ᠦᠵᠡᠭᠦᠯᠬᠦ ᠨᠢᠭᠡᠴᠢ᠂ ᠨᠢᠭᠡᠳᠦᠭᠡᠷ ᠪᠦᠯᠦᠭ᠎ᠤᠨ ᠤᠯᠤᠰ᠎ᠤᠨ ᠲᠠᠰ᠎ᠤᠨ ᠡᠨᠧᠷᠭᠢ ᠵᠢᠨ ᠠᠰᠢᠭᠯᠠᠮᠵᠢ ᠵᠢᠨ ᠳᠠᠭ᠋ᠠᠭᠤᠯᠤᠭᠴᠢ ᠵᠢᠨ ᠵᠢᠱ᠌ᠢᠶ᠎ᠡ ᠦᠵᠡᠭᠦᠯᠵᠦ ᠰᠢᠯᠭ᠋ᠠᠨ ᠠᠪᠬᠤ ᠨᠢᠭᠡᠴᠢ᠂ 《ᠰᠤᠷᠭ᠋ᠠᠭᠤᠯᠢ ᠵᠢᠨ ᠤᠰᠤ ᠠᠷᠪᠢᠯᠠᠬᠤ᠂ ᠤᠰᠤ ᠬᠠᠩᠭ᠋ᠠᠬᠤ ᠠᠮᠤᠷ ᠲᠦᠪᠰᠢᠨ᠂ ᠣᠶᠤᠨᠴᠢ ᠬᠠᠮᠢᠶᠠᠷᠤᠯᠲᠠ》 ᠵᠢᠨ ᠥᠯᠢᠭᠡᠷ ᠳᠠᠭᠤᠷᠢᠶᠠᠯ ᠦᠵᠡᠭᠦᠯᠬᠦ ᠰᠤᠷᠭ᠋ᠠᠭᠤᠯᠢ ᠪᠣᠯᠤᠨ᠎ᠠ᠃
ᠣᠳᠣᠬᠠᠨ᠎ᠳᠤ᠂ ᠥᠪᠥᠷ ᠮᠣᠩᠭᠤᠯ ᠤᠰᠤ ᠠᠷᠪᠢᠯᠠᠬᠤ ᠬᠡᠯᠪᠡᠷᠢ ᠵᠢᠨ ᠳᠡᠭᠡᠳᠦ ᠰᠤᠷᠭ᠋ᠠᠭᠤᠯᠢ ᠵᠢ ᠨᠡᠶ᠋ᠢᠲᠡ 38 ᠪᠠᠶ᠋ᠢᠭᠤᠯᠵᠤ᠂ ᠪᠠᠶ᠋ᠢᠭᠤᠯᠤᠭᠰᠠᠨ ᠨᠣᠷᠮ᠎ᠠ᠎ᠨᠢ 71.7%᠎ᠳᠤ ᠬᠦᠷᠴᠡᠶ᠃

ᠰᠦᠷᠴᠢᠨ ᠤᠰᠤᠯᠠᠬᠤ ᠲᠦᠬᠦᠭᠡᠷᠦᠮᠵᠢ ᠵᠢ ᠲᠤᠷᠰᠢᠨ ᠬᠡᠷᠡᠭᠯᠡᠬᠦ
ᠣᠶ᠋ᠢᠷ᠎ᠠ ᠵᠢᠨ ᠵᠢᠯ᠎ᠠᠴᠠ ᠨᠠᠭ᠋ᠠᠰᠢ᠂ ᠥᠪᠥᠷ ᠮᠣᠩᠭᠤᠯ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠵᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠵᠤ᠂ ᠰᠢᠰᠲ᠋ᠧᠮ᠎ᠲᠠᠢ ᠵᠠᠰᠠᠵᠤ᠂ ᠬᠤᠶᠠᠷ ᠲᠠᠯ᠎ᠠ᠎ᠪᠠᠷ ᠬᠦᠴᠦᠯᠡᠬᠦ》 ᠤᠰᠤ ᠵᠢ ᠵᠠᠰᠠᠬᠤ ᠰᠡᠳᠬᠢᠮᠵᠢ ᠵᠢᠨ ᠵᠢᠯᠣᠭᠤᠳᠣᠯᠭ᠎ᠠ ᠳᠣᠤᠷ᠎ᠠ᠂ ᠤᠰᠤ᠎ᠪᠠᠷ ᠨᠣᠭᠤᠭ᠋ᠠᠷᠠᠭᠤᠯᠤᠯᠲᠠ ᠵᠢ ᠲᠣᠭᠲᠠᠭ᠋ᠠᠬᠤ᠂ ᠤᠰᠤ᠎ᠪᠠᠷ ᠭᠠᠵᠠᠷ᠎ᠢ ᠲᠣᠭᠲᠠᠭ᠋ᠠᠬᠤ᠂ ᠤᠰᠤ᠎ᠪᠠᠷ ᠬᠥᠮᠦᠨ᠎ᠢ ᠲᠣᠭᠲᠠᠭ᠋ᠠᠬᠤ᠂ ᠤᠰᠤ᠎ᠪᠠᠷ ᠭᠠᠷᠤᠯᠲᠠ ᠵᠢ ᠲᠣᠭᠲᠠᠭ᠋ᠠᠬᠤ ᠵᠢ ᠪᠠᠷᠢᠮᠲᠠᠯᠠᠵᠤ᠂ ᠤᠰᠤᠨ᠎ᠤ ᠡᠬᠢ ᠪᠠᠶᠠᠯᠢᠭ᠎ᠢ ᠬᠠᠮᠤᠭ᠎ᠤᠨ ᠶᠡᠭᠡ ᠬᠠᠲᠠᠭᠤ ᠬᠢᠵᠠᠭ᠋ᠠᠷᠯᠠᠯ ᠪᠣᠯᠭ᠋ᠠᠪᠠ᠃ ᠣᠷᠣᠨ ᠪᠦᠰᠡ ᠵᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠵᠢ ᠴᠢᠩᠳᠠᠯᠠᠨ᠂ ᠤᠰᠤ ᠬᠡᠷᠡᠭᠯᠡᠬᠦ ᠦᠷ᠎ᠡ ᠪᠦᠲᠦᠮᠵᠢ ᠵᠢ ᠵᠥᠪᠰᠢᠶᠡᠷᠡᠨ ᠣᠷᠣᠭᠤᠯᠬᠤ ᠨᠥᠬᠥᠴᠡᠯ᠎ᠢ ᠴᠢᠩᠭ᠋ᠠᠷᠠᠭᠤᠯᠵᠤ᠂ ᠪᠦᠬᠦ ᠣᠷᠣᠨ᠎ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠬᠡᠬᠦ ᠲᠣᠭ᠎ᠠ ᠵᠢ ᠱᠠᠲᠤ ᠳᠠᠷᠠᠭ᠋ᠠᠯᠠᠨ ᠠᠶ᠋ᠢᠮᠠᠭ ᠬᠣᠲᠠ᠂ ᠬᠣᠰᠢᠭᠤ ᠰᠢᠶᠠᠨ᠎ᠳᠤ ᠬᠦᠷᠲᠡᠯ᠎ᠡ ᠨᠠᠷᠢᠯᠢᠭᠵᠢᠭᠤᠯᠤᠨ ᠵᠠᠳᠠᠯᠵᠤ᠂ ᠭᠠᠵᠠᠷ ᠳᠣᠤᠷᠠᠬᠢ ᠤᠰᠤ ᠵᠢ 371 ᠭᠠᠵᠠᠷ ᠳᠣᠤᠷᠠᠬᠢ ᠤᠰᠤᠨ᠎ᠤ ᠬᠠᠮᠢᠶᠠᠷᠤᠯᠲᠠ ᠵᠢᠨ ᠨᠢᠭᠡᠴᠢ᠎ᠳᠤ ᠬᠦᠷᠲᠡᠯ᠎ᠡ ᠤᠯᠠᠮ ᠨᠢᠭᠡ ᠠᠯᠬᠤᠮ ᠨᠠᠷᠢᠯᠢᠭᠵᠢᠭᠤᠯᠤᠨ ᠵᠠᠳᠠᠯᠵᠤ᠂ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ᠎ᠳᠤ 《ᠳᠡᠭᠡᠳᠦ ᠬᠢᠵᠠᠭ᠋ᠠᠷ》᠎ᠢ ᠲᠣᠭᠲᠠᠭ᠋ᠠᠪᠠ᠃
— ᠬᠤᠭᠤᠯᠠᠶ ᠵᠢᠨ ᠲᠣᠣᠷ᠎ᠤᠨ ᠬᠠᠮᠤᠷᠬᠤ ᠬᠡᠪᠴᠢᠶᠡᠨ᠎ᠳᠤ ᠵᠢᠯ᠎ᠤᠨ ᠬᠡᠷᠡᠭᠯᠡᠬᠦ ᠤᠰᠤᠨ᠎ᠤ ᠬᠡᠮᠵᠢᠶ᠎ᠡ 5000 ᠪᠣᠰᠤᠭ᠎ᠠ ᠳᠥᠷᠪᠡᠯᠵᠢᠨ ᠮᠸᠲᠷ᠎ᠠᠴᠠ ᠳᠡᠭᠡᠭᠰᠢ ᠪᠠᠶ᠋ᠢᠬᠤ ᠠᠵᠤ ᠦᠢ᠍ᠯᠡᠳᠪᠦᠷᠢ᠂ ᠦᠢ᠍ᠯᠡᠴᠢᠯᠡᠭᠡᠨ᠎ᠤ ᠦᠢ᠍ᠯᠡᠰ᠎ᠤᠨ ᠤᠰᠤ ᠬᠡᠷᠡᠭᠯᠡᠬᠦ ᠡᠷᠦᠬᠡ ᠵᠢ ᠪᠦᠬᠦᠨ᠎ᠢ ᠲᠥᠯᠥᠪᠯᠡᠭᠡᠲᠦ ᠤᠰᠤ ᠬᠡᠷᠡᠭᠯᠡᠬᠦ ᠬᠠᠮᠢᠶᠠᠷᠤᠯᠲᠠ᠎ᠳᠤ ᠣᠷᠣᠭᠤᠯᠤᠨ᠎ᠠ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠪᠠ ᠠᠮᠢᠳᠤᠷᠠᠯ᠎ᠤᠨ ᠬᠡᠷᠡᠭᠯᠡᠬᠦ ᠤᠰᠤᠨ᠎ᠤ ᠬᠡᠮᠵᠢᠯᠲᠡ ᠵᠢᠨ ᠨᠡᠶ᠋ᠢᠳᠡᠮ ᠬᠠᠮᠤᠷᠬᠤ ᠵᠢ ᠦᠨᠳᠦᠰᠦᠨ᠎ᠳᠡᠭᠡᠨ ᠪᠡᠶᠡᠯᠡᠭᠦᠯᠵᠦ᠂ ᠲᠠᠷᠢᠶᠠᠯᠠᠩ᠎ᠤᠨ ᠤᠰᠤᠯᠠᠯᠲᠠ ᠵᠢᠨ ᠮᠠᠰᠢᠨ ᠴᠠᠬᠢᠯᠭ᠋ᠠᠨ᠎ᠤ ᠬᠤᠳᠳᠤᠭ᠎ᠤᠨ 《ᠴᠠᠬᠢᠯᠭ᠋ᠠᠨ ᠵᠶ᠋ᠠᠷ ᠤᠰᠤ ᠵᠢ ᠨᠤᠭᠤᠯᠬᠤ》 ᠲᠠᠪᠴᠠᠩ᠎ᠢ ᠪᠠᠶ᠋ᠢᠭᠤᠯᠵᠤ᠂ ᠲᠠᠷᠢᠶᠠᠯᠠᠩ᠎ᠤᠨ ᠤᠰᠤᠯᠠᠯᠲᠠ ᠵᠢᠨ ᠮᠠᠰᠢᠨ ᠴᠠᠬᠢᠯᠭ᠋ᠠᠨ ᠬᠤᠳᠳᠤᠭ᠎ᠤᠨ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠬᠡᠮᠵᠢᠯᠲᠡ ᠵᠢᠨ ᠰᠦᠯᠵᠢᠶᠡᠨ ᠳᠡᠭᠡᠷ᠎ᠡ ᠬᠢᠨᠠᠨ ᠬᠡᠮᠵᠢᠬᠦ ᠵᠢ ᠪᠡᠶᠡᠯᠡᠭᠦᠯᠦᠨ᠎ᠡ᠃
— ᠤᠷᠢᠳ ᠬᠤᠵᠢᠳ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠤᠷᠠᠬᠢ ᠤᠰᠤᠨ᠎ᠤ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠦᠷᠢᠮ᠂ ᠭᠤᠤᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠦᠷᠢᠮ᠎ᠢ ᠨᠡᠶ᠋ᠢᠲᠡᠯᠡᠵᠦ᠂ 《ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠪᠥᠬᠦ ᠲᠠᠯ᠎ᠠ᠎ᠪᠠᠷ ᠠᠬᠢᠭᠤᠯᠬᠤ ᠬᠡᠷᠡᠭᠵᠢᠭᠦᠯᠬᠦ ᠰᠠᠨᠠᠯ》᠂ 《ᠲᠠᠷᠢᠶᠠᠯᠠᠩ᠎ᠤᠨ ᠤᠰᠤ ᠠᠷᠪᠢᠯᠠᠬᠤ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠠᠮᠢᠶᠠᠷᠤᠯᠲᠠ ᠵᠢ ᠠᠬᠢᠭᠤᠯᠬᠤ᠎ᠳᠤ ᠲᠦᠷᠢᠮ᠎ᠤᠨ ᠪᠠᠲᠤᠯᠠᠭ᠎ᠠ ᠬᠠᠩᠭ᠋ᠠᠪᠠ᠃
— 《ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠢ ᠠᠷᠪᠢᠯᠠᠨ ᠠᠰᠢᠭᠯᠠᠬᠤ ᠲᠤᠰᠬᠠᠶ ᠳᠤᠭᠤᠶ᠋ᠢᠯᠠᠩ》᠎ᠢ ᠪᠠᠶ᠋ᠢᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠵᠢ ᠠᠬᠢᠭᠤᠯᠬᠤ ᠶᠡᠷᠦᠩᠬᠡᠶ ᠲᠥᠰᠦᠯ》 ᠵᠡᠷᠭᠡ ᠲᠥᠰᠦᠯ᠎ᠢ ᠨᠡᠶ᠋ᠢᠲᠡᠯᠡᠵᠦ᠂ ᠪᠦᠬᠦ ᠣᠷᠣᠨ᠎ᠤ ᠤᠰᠤᠨ᠎ᠤ ᠡᠬᠢ ᠪᠠᠶᠠᠯᠢᠭ᠎ᠢ ᠠᠷᠪᠢᠯᠠᠨ ᠠᠰᠢᠭᠯᠠᠬᠤ ᠶᠡᠷᠦᠩᠬᠡᠶ ᠬᠠᠷᠠᠯᠲᠠ ᠪᠠ ᠪᠣᠳᠠᠲᠠᠶ ᠠᠬᠢᠭᠤᠯᠬᠤ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠨ᠂ ᠡᠯ᠎ᠡ ᠠᠶ᠋ᠢᠮᠠᠭ ᠬᠣᠲᠠ ᠵᠢᠨ ᠭᠣᠤᠯᠳᠠᠯᠭ᠎ᠠ᠎ᠲᠠᠢ ᠡᠭᠦᠷᠭᠡ ᠵᠢ ᠨᠠᠷᠢᠯᠢᠭᠵᠢᠭᠤᠯᠤᠨ᠎ᠠ᠃
— ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠯᠠᠪᠳᠠᠭᠤᠨ ᠪᠠᠲᠤᠲᠠᠶ ᠠᠬᠢᠭᠤᠯᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠤᠰᠤ ᠵᠢ ᠭᠦᠨ ᠠᠷᠪᠢᠯᠠᠬᠤ ᠠᠵᠢᠯ᠎ᠢ ᠰᠠᠶ᠋ᠢᠲᠤᠷ ᠬᠢᠵᠦ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ᠂ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠵᠢ ᠪᠠᠭ᠋ᠠᠰᠬᠠᠬᠤ᠂ ᠬᠤᠲᠠ ᠪᠠᠯᠭ᠋ᠠᠰᠤᠨ᠎ᠤ ᠤᠰᠤ ᠠᠷᠪᠢᠯᠠᠵᠤ ᠬᠤᠬᠢᠷᠠᠯ᠎ᠢ ᠪᠠᠭ᠋ᠠᠰᠬᠠᠬᠤ ᠵᠢ ᠲᠦᠷᠭᠡᠳᠬᠡᠨ ᠠᠬᠢᠭᠤᠯᠤᠨ᠎ᠠ᠃

ᠬᠡᠰᠢᠭᠲᠡᠨ ᠬᠤᠰᠢᠭᠤᠨ᠎ᠤ ᠬᠢᠵᠠᠭ᠋ᠠᠷ᠎ᠲᠠᠬᠢ ᠰᠢᠷᠠᠮᠦ᠋ᠷᠡᠨ ᠭᠤᠣ᠋᠊ᠯ
ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠲᠠᠯ᠎ᠠ᠎ᠪᠠᠷ᠂ ᠥᠪᠥᠷ ᠮᠣᠩᠭᠤᠯ ᠶᠡᠭᠡ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ ᠵᠢᠨ ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠵᠦ᠂ ᠪᠦᠬᠦ ᠣᠷᠣᠨ᠎ᠤ 20 ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠪᠦᠲᠦᠭᠡᠨ ᠪᠠᠶ᠋ᠢᠭᠤᠯᠤᠯᠲᠠ ᠵᠢᠨ ᠬᠡᠪᠴᠢᠶᠡᠨ᠎ᠳᠤ ᠣᠷᠣᠭᠤᠯᠵᠤ᠂ 19.83 ᠳ᠋ᠦᠩᠰᠢᠭᠤᠷ ᠲᠥᠭᠦᠷᠢᠭ᠎ᠤᠨ ᠪᠡᠯᠡ ᠮᠥᠩᠭᠦ ᠵᠢ ᠨᠢᠭᠡᠨᠲᠡ ᠪᠠᠭᠤᠯᠭ᠋ᠠᠵᠤ᠂ 13 ᠤᠰᠤᠯᠠᠯᠲᠠ ᠵᠢᠨ ᠣᠷᠣᠨ᠎ᠤ ᠥᠭᠡᠷᠡᠴᠢᠯᠡᠯᠲᠡ ᠵᠢᠨ ᠡᠭᠦᠷᠭᠡ ᠵᠢ ᠪᠡᠶᠡᠯᠡᠭᠦᠯᠪᠡ; ᠪᠦᠬᠦ ᠣᠷᠣᠨ᠎ᠳᠤ ᠨᠢᠭᠡᠨᠲᠡ 4594 ᠲᠦᠮᠡᠨ ᠮᠦ᠍ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠠᠯᠠᠪᠠᠢ ᠵᠢ ᠬᠡᠷᠡᠭᠵᠢᠭᠦᠯᠪᠡ; ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠨᠠᠮᠤᠷ᠎ᠤᠨ ᠤᠰᠤᠯᠠᠯᠲᠠ ᠵᠢᠨ ᠬᠡᠮᠵᠢᠶ᠎ᠡ ᠡᠩ᠎ᠤᠨ ᠵᠢᠯ᠎ᠤᠨ᠎ᠬᠢ᠎ᠠᠴᠠ 45%᠎ᠪᠠᠷ ᠪᠠᠭ᠋ᠠᠰᠪᠠ᠃
《ᠬᠥᠳᠡᠭᠡ ᠲᠤᠰᠬᠤᠨ᠎ᠤ ᠤᠰᠤ ᠬᠡᠷᠡᠭᠯᠡᠬᠦ᠎ᠨᠢ ᠤᠤᠯ ᠳᠠᠭᠠᠨ 〈ᠡᠷᠭᠢᠭᠦᠦ ᠳᠠᠩᠰᠠ〉 ᠪᠠᠢ᠌ᠵᠠᠢ᠃ ᠥᠩᠭᠡᠷᠡᠭᠰᠡᠨ᠎ᠳᠤ ᠪᠢᠳᠡ ᠭᠠᠵᠠᠷ ᠰᠢᠷᠣᠢ ᠵᠢᠨ ᠲᠠᠯᠠᠪᠠᠢ᠎ᠪᠠᠷ ᠤᠰᠤᠨ᠎ᠤ ᠰᠦᠢ᠍ᠳᠬᠡᠯ ᠬᠤᠷᠢᠶᠠᠵᠤ᠂ ᠵᠠᠷᠢᠮ ᠬᠥᠳᠡᠭᠡ ᠲᠣᠰᠬᠤᠨ᠎ᠤ᠎ᠬᠢᠨ ᠦᠷᠭᠦᠯᠵᠢ ᠲᠠᠯᠠᠪᠠᠢ᠎ᠪᠠᠷ ᠳᠠᠮᠵᠢᠨ ᠤᠰᠤᠨ᠎ᠤ ᠰᠦᠢ᠍ᠳᠬᠡᠯ ᠳᠤᠲᠠᠭᠤ ᠲᠤᠰᠢᠶᠠᠳᠠᠭ ᠪᠥᠭᠡᠳ 〈ᠤᠰᠤ ᠡᠭᠦᠳᠡᠨ ᠡᠮᠦᠨ᠎ᠡ ᠪᠠᠷ ᠥᠩᠭᠡᠷᠡᠪᠡᠯ᠂ ᠬᠡᠷᠡᠭᠯᠡᠬᠦ ᠦᠭᠡᠢ ᠪᠣᠯ ᠪᠤᠷᠤᠭᠤᠳᠠᠨ᠎ᠠ〉 ᠭᠡᠬᠦ ᠪᠤᠳᠤᠯ᠎ᠨᠢ ᠪᠠᠲᠤ ᠪᠠᠬᠢ ᠪᠠᠶ᠋ᠢᠵᠤ᠂ ᠪᠦᠳᠦᠭᠦᠯᠢᠭ ᠤᠰᠤᠯᠠᠯᠲᠠ᠎ᠪᠠᠷ ᠳᠠᠳᠬᠠᠯ ᠪᠣᠯᠭ᠋ᠠᠪᠠ》᠃ ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠥᠪ᠎ᠤᠨ ᠤᠯᠠᠭ᠋ᠠᠨᠪᠤᠬ᠎ᠠ ᠵᠢᠨ ᠬᠤᠪᠢᠶᠠᠷᠢ ᠲᠥᠪ᠎ᠤᠨ ᠤᠰᠤ ᠬᠠᠩᠭ᠋ᠠᠬᠤ ᠤᠰᠤ ᠵᠠᠯᠠᠬᠤ ᠰᠠᠯᠠᠭ᠋ᠠᠨ᠎ᠤ ᠬᠠᠮᠢᠶ᠎ᠠ ᠪᠥᠬᠦᠶ ᠬᠠᠷᠢᠭᠤᠴᠠᠯᠭ᠋ᠠᠲᠠᠨ ᠬᠡᠯᠡᠬᠦ᠎ᠳᠡᠭᠡᠨ᠂ 《2023 ᠣᠨ᠎ᠳᠤ ᠤᠰᠤ ᠬᠡᠷᠡᠭᠯᠡᠬᠦ ᠡᠷᠬᠡ ᠵᠢ ᠨᠤᠲᠠᠯᠠᠨ ᠲᠣᠭᠲᠠᠭ᠋ᠠᠭᠰᠠᠨ᠎ᠤ ᠳᠠᠷᠠᠭ᠎ᠠ᠂ ᠤᠰᠤ ᠬᠡᠷᠡᠭᠯᠡᠬᠦ ᠬᠡᠮᠵᠢᠶ᠎ᠡ ᠢᠯᠡ ᠪᠣᠯᠵᠣ᠂ ᠤᠰᠤ ᠵᠢ ᠠᠷᠪᠢᠯᠠᠨ ᠬᠡᠷᠡᠭᠯᠡᠬᠦ ᠵᠢ ᠬᠠᠮᠲᠤ ᠵᠢᠨ ᠲᠠᠨᠢᠯᠲᠠ ᠪᠣᠯᠭ᠋ᠠᠪᠠ᠃
ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠠᠯ᠎ᠠ᠎ᠪᠠᠷ᠂ ᠥᠪᠥᠷ ᠮᠣᠩᠭᠤᠯ ᠤᠰᠤ ᠶᠡᠭᠡ ᠬᠤᠷᠣᠭᠳᠠᠭᠤᠯᠬᠤ ᠲᠥᠷᠥᠯ ᠵᠦᠢ᠍ᠯ᠎ᠤᠨ ᠤᠰᠤ ᠠᠪᠬᠤ ᠵᠥᠪᠰᠢᠶᠡᠷᠡᠯ᠎ᠤᠨ ᠬᠢᠨᠠᠨ ᠵᠥᠪᠰᠢᠶᠡᠷᠡᠯ᠎ᠢ ᠴᠢᠩᠳᠠᠯᠠᠵᠤ᠂ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠤᠰᠤ ᠶᠡᠭᠡ ᠬᠤᠷᠣᠭᠳᠠᠭᠤᠯᠬᠤ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠤᠨ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠵᠢ ᠴᠢᠩᠭ᠎ᠠ ᠴᠠᠭ᠋ᠠᠵᠠᠯᠠᠵᠤ᠂ ᠤᠰᠤ ᠬᠡᠷᠡᠭᠯᠡᠬᠦ ᠦᠷ᠎ᠡ ᠪᠦᠲᠦᠮᠵᠢ ᠵᠢ ᠡᠷᠬᠡᠪᠰᠢ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠲᠡᠷᠢᠭᠦᠨ᠎ᠤ ᠥᠷᠲᠡᠭ᠎ᠲᠤ ᠬᠦᠷᠭᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠢᠩᠬᠢᠮ᠎ᠲᠠᠢ ᠬᠠᠮᠲᠤᠷᠠᠨ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ᠂ ᠬᠦᠷᠢᠶᠡᠯᠡᠩ ᠲᠣᠭᠤᠷᠢᠭ᠎ᠢ ᠡᠭᠦᠳᠦᠨ ᠪᠠᠶ᠋ᠢᠭᠤᠯᠬᠤ ᠠᠵᠢᠯ᠎ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ 57᠂ ᠤᠰᠤ ᠠᠷᠪᠢᠯᠠᠬᠤ ᠬᠡᠪ ᠳᠠᠭᠤᠷᠢᠶᠠᠯ᠎ᠤᠨ ᠠᠵᠤ ᠠᠬᠤᠶ᠋ᠢᠯᠠᠯ 16᠂ ᠤᠰᠤ ᠠᠷᠪᠢᠯᠠᠬᠤ ᠬᠡᠯᠪᠡᠷᠢ ᠵᠢᠨ ᠬᠦᠷᠢᠶᠡᠯᠡᠩ ᠲᠣᠭᠤᠷᠢᠭ᠎ᠢ 3 ᠪᠠᠶ᠋ᠢᠭᠤᠯᠪᠠ᠃

ᠶᠠᠭᠰᠢ ᠬᠤᠲᠠ ᠵᠢᠨ ᠮᠦ᠍ ᠷᠧᠨ ᠰᠦ ᠵᠢᠨ ᠦᠢ᠍ᠯᠡᠰ᠎ᠤᠨ ᠬᠢᠵᠠᠭ᠍ᠠᠷᠲᠤ ᠺᠤᠮᠫᠠᠨ᠌ᠢ ᠵᠢᠨ ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠥᠭᠡᠷᠡᠴᠢᠯᠡᠯᠲᠡ ᠵᠢᠨ ᠲᠥᠬᠥᠭᠡᠷᠦᠮᠵᠢ᠃ (ᠬᠦᠯᠦᠨ ᠪᠤᠶ᠋ᠢᠷ ᠬᠤᠳᠠ ᠵᠢᠨ ᠤᠰᠤᠨ ᠠᠰᠢᠭᠯᠠᠯᠳᠠ ᠵᠢᠨ ᠲᠤᠪᠴᠢᠶᠠᠨ᠎ᠠᠴᠠ ᠬᠠᠩᠭ᠋ᠠᠪᠠ)
2023 ᠣᠨ᠎ᠤ 6 ᠳ᠋ᠤᠭ᠋ᠠᠷ ᠰᠠᠷ᠎ᠠ᠎ᠠᠴᠠ 9 ᠳ᠋ᠦ᠍ᠭᠡᠷ ᠰᠠᠷ᠎ᠠ ᠪᠣᠯᠲᠠᠯ᠎ᠠ᠂ ᠬᠥᠯᠥᠨ ᠪᠤᠶ᠋ᠢᠷ ᠬᠤᠲᠠ ᠵᠢᠨ ᠶᠠᠭᠰᠢ ᠬᠤᠲᠠ ᠵᠢᠨ ᠮᠠᠯᠴᠢᠨ ᠲᠦᠮᠡᠨ᠎ᠤ ᠰᠦ ᠵᠢᠨ ᠦᠢ᠍ᠯᠡᠰ᠎ᠤᠨ ᠬᠢᠵᠠᠭ᠋ᠠᠷᠲᠤ ᠺᠣᠮᠫᠠᠨᠢ᠎ᠳᠤ᠂ ᠠᠵᠤ ᠠᠬᠤᠶ᠋ᠢᠯᠠᠯ᠎ᠤᠨ᠎ᠬᠢᠨ ᠤᠰᠤ ᠬᠡᠷᠡᠭᠯᠡᠬᠦ ᠲᠥᠬᠦᠭᠡᠷᠦᠮᠵᠢ ᠵᠢᠴᠢ ᠭᠠᠷ ᠤᠷᠠᠯᠠᠯ᠎ᠳᠤ ᠤᠰᠤ ᠠᠷᠪᠢᠯᠠᠬᠤ ᠥᠭᠡᠷᠡᠴᠢᠯᠡᠯᠲᠡ ᠬᠢᠵᠦ᠂ ᠭᠤᠤᠯ ᠦᠢ᠍ᠯᠡᠳᠪᠦᠷᠢ ᠵᠢᠨ ᠲᠠᠰᠤᠭ᠎ᠲᠤ ᠯᠢᠤᠢ (ᠾᠯᠣᠷ) ᠯᠢ ᠠᠩ ᠮᠦᠰᠦ ᠤᠰᠤᠨ᠎ᠤ ᠮᠠᠰᠢᠨ ᠴᠣᠭᠴᠠᠯᠠᠪᠤᠷᠢ ᠵᠢ ᠣᠷᠣᠭᠤᠯᠤᠨ ᠠᠪᠴᠢᠷᠠᠵᠤ᠂ ᠰᠦ ᠬᠥᠷᠥᠭᠡᠬᠦ ᠰᠢᠰᠲ᠋ᠧᠮ ᠵᠢᠴᠢ ᠠᠭ᠋ᠠᠷ ᠲᠣᠬᠢᠷᠠᠭᠤᠯᠤᠭᠴᠢ ᠵᠢᠨ ᠰᠢᠰᠲ᠋ᠧᠮ᠎ᠤᠨ ᠤᠰᠤ ᠵᠢ ᠡᠷᠭᠢᠯᠳᠦᠭᠦᠯᠦᠨ ᠬᠡᠷᠡᠭᠯᠡᠪᠡ᠃ ᠡᠭᠦᠨ᠎ᠤ ᠬᠠᠮᠲᠤ ᠦᠢ᠍ᠯᠡᠳᠪᠦᠷᠢᠯᠡᠯ᠎ᠤᠨ ᠲᠠᠰᠤᠭ᠎ᠨᠢ ᠪᠤᠵᠠᠷ ᠤᠰᠤ ᠵᠢ ᠠᠷᠢᠯᠭ᠋ᠠᠨ ᠰᠠᠯᠭ᠋ᠠᠵᠤ᠂ ᠳᠤᠮᠳᠠᠬᠢ ᠤᠰᠤ ᠵᠢ ᠡᠭᠡᠭᠦᠯᠦᠨ ᠬᠤᠷᠢᠶᠠᠵᠤ ᠡᠷᠭᠢᠯᠳᠦᠭᠦᠯᠦᠨ ᠬᠡᠷᠡᠭᠯᠡᠨ᠎ᠡ᠃ ᠲᠠᠨᠢᠯᠴᠠᠭᠤᠯᠤᠭᠰᠠᠨ ᠵᠶ᠋ᠠᠷ᠂ ᠤᠰᠤ ᠬᠡᠷᠡᠭᠯᠡᠬᠦ ᠲᠥᠬᠦᠭᠡᠷᠦᠮᠵᠢ ᠵᠢᠴᠢ ᠭᠠᠷ ᠤᠷᠠᠯᠠᠯ᠎ᠢ ᠥᠭᠡᠷᠡᠴᠢᠯᠡᠭᠰᠡᠨ᠎ᠤ ᠳᠠᠷᠠᠭ᠎ᠠ᠂ ᠤᠰᠤ ᠠᠷᠪᠢᠯᠠᠬᠤ ᠦᠷ᠎ᠡ ᠪᠦᠲᠦᠮᠵᠢ᠎ᠨᠢ ᠢᠯᠡᠷᠬᠡᠢ ᠪᠠᠶ᠋ᠢᠵᠤ᠂ ᠤᠤᠯ᠎ᠤᠨ ᠤᠰᠤ ᠬᠡᠷᠡᠭᠯᠡᠬᠦ ᠬᠡᠮᠵᠢᠶ᠎ᠡ ᠵᠢᠨ ᠰᠠᠭᠤᠷᠢᠨ ᠳᠡᠭᠡᠷ᠎ᠡ ᠤᠰᠤ ᠠᠷᠪᠢᠯᠠᠬᠤ ᠬᠡᠮᠵᠢᠶ᠎ᠡ ᠵᠢ 2000 ᠪᠣᠰᠤᠭ᠎ᠠ ᠳᠥᠷᠪᠡᠯᠵᠢᠨ ᠮᠸᠲᠷ᠎ᠲᠤ ᠬᠦᠷᠭᠡᠵᠦ᠂ ᠤᠰᠤ ᠠᠷᠪᠢᠯᠠᠬᠤ ᠬᠠᠷᠢᠴᠠᠯ᠎ᠢ 30%᠎ᠳᠤ ᠬᠦᠷᠭᠡᠨ᠎ᠡ᠃\
ᠬᠤᠲᠠ ᠪᠠᠯᠭ᠋ᠠᠰᠤ ᠵᠢᠨ ᠤᠰᠤ ᠠᠷᠪᠢᠯᠠᠵᠤ ᠬᠤᠬᠢᠷᠠᠯ᠎ᠢ ᠪᠠᠭ᠋ᠠᠰᠬᠠᠬᠤ ᠲᠠᠯ᠎ᠠ᠎ᠪᠠᠷ᠂ ᠥᠪᠥᠷ ᠮᠣᠩᠭᠤᠯ ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠭᠡᠬᠦ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠥᠷᠨᠢᠭᠦᠯᠵᠦ᠂ ᠪᠥᠬᠦ ᠣᠷᠣᠨ᠎ᠤ 73 ᠬᠤᠰᠢᠭᠤ ᠰᠢᠶᠠᠨ᠎ᠢ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠦᠭᠦᠯᠵᠦ᠂ ᠪᠠᠶ᠋ᠢᠭᠤᠯᠤᠭᠰᠠᠨ ᠨᠣᠷᠮ᠎ᠠ᠎ᠨᠢ 71%᠎ᠳᠤ ᠬᠦᠷᠪᠡ᠃
ᠰᠢᠨ᠎ᠡ ᠬᠥᠭᠵᠢᠯᠲᠡ ᠵᠢᠨ ᠱᠠᠲᠤᠨ᠎ᠳᠤ ᠣᠷᠣᠵᠤ᠂ ᠴᠢᠨᠠᠷ ᠰᠠᠶ᠋ᠢᠲᠠᠢ ᠬᠥᠭᠵᠢᠯᠲᠡ᠎ᠨᠢ ᠤᠰᠤᠨ᠎ᠤ ᠡᠬᠢ ᠪᠠᠶᠠᠯᠢᠭ᠎ᠤᠨ ᠪᠠᠲᠤᠯᠠᠭ᠎ᠠ᠎ᠳᠤ ᠨᠡᠩ ᠥᠨᠳᠥᠷ ᠱᠠᠭ᠋ᠠᠷᠳᠠᠯᠭ᠎ᠠ ᠳᠤᠷᠠᠳᠴᠤ᠂ ᠥᠪᠥᠷ ᠮᠣᠩᠭᠤᠯ ᠬᠦᠴᠢᠷ᠎ᠢ ᠰᠦᠷᠦᠨ ᠤᠷᠤᠭᠰᠢᠯᠠᠪᠠ᠃
ᠨᠡᠭᠡᠭᠡᠨ ᠬᠥᠭᠵᠢᠭᠦᠯᠦᠯᠲᠡ — ᠳᠠᠬᠢᠨ ᠪᠤᠢ ᠪᠣᠯᠤᠭᠰᠠᠨ ᠤᠰᠤ ᠵᠢ ᠡᠷᠭᠢᠯᠳᠦᠭᠦᠯᠦᠨ ᠠᠰᠢᠭᠯᠠᠵᠤ᠂ ᠤᠰᠤᠨ᠎ᠤ ᠡᠬᠢ ᠪᠠᠶᠠᠯᠢᠭ᠎ᠤᠨ 《ᠬᠤᠶᠠᠳᠤᠭ᠋ᠠᠷ ᠣᠷᠣᠨ ᠵᠠᠢ》 ᠵᠢ ᠨᠡᠭᠡᠭᠡᠨ᠎ᠡ
ᠳᠡᠭᠢᠯᠳᠡ ᠤᠰᠤ ᠭᠡᠳᠡᠭ᠎ᠨᠢ ᠬᠠᠶᠠᠭᠳᠠᠮᠠᠯ ᠤᠰᠤ ᠵᠢ ᠵᠣᠬᠢᠰᠲᠠᠶ ᠰᠢᠢ᠍ᠳᠪᠦᠷᠢᠯᠡᠭᠰᠡᠨ᠎ᠤ ᠳᠠᠷᠠᠭ᠎ᠠ᠂ ᠤᠰᠤᠨ᠎ᠤ ᠴᠢᠨᠠᠷ᠎ᠤᠨ ᠵᠣᠬᠢᠬᠤ ᠭᠦᠢ᠍ᠴᠡᠳᠬᠡᠬᠦ ᠲᠣᠭ᠎ᠠ᠎ᠳᠤ ᠬᠦᠷᠴᠦ᠂ ᠶᠠᠮᠠᠷ ᠨᠢᠭᠡᠨ ᠬᠡᠷᠡᠭᠯᠡᠬᠦ ᠱᠠᠭ᠋ᠠᠷᠳᠠᠯᠭ᠎ᠠ ᠵᠢ ᠬᠠᠩᠭ᠋ᠠᠵᠤ᠂ ᠪᠦᠲᠦᠮᠵᠢᠲᠡᠶ ᠬᠡᠷᠡᠭᠯᠡᠵᠦ ᠪᠣᠯᠬᠤ ᠤᠰᠤ ᠵᠢ ᠵᠢᠭ᠋ᠠᠵᠤ ᠪᠤᠶ᠂ ᠬᠣᠲᠠ ᠵᠢᠨ 《ᠬᠣᠶᠠᠳᠤᠭ᠋ᠠᠷ ᠤᠰᠤᠨ᠎ᠤ ᠰᠤᠷᠪᠤᠯᠵᠢ》 ᠭᠡᠳᠡᠭ᠃
ᠤᠰᠤ ᠳᠤᠲᠠᠭᠳᠠᠵᠤ ᠪᠠᠶ᠋ᠢᠭ᠎ᠠ ᠨᠡᠶ᠋ᠢᠲᠡᠯᠢᠭ ᠭᠠᠵᠠᠷ ᠣᠷᠣᠨ᠂ ᠤᠰᠤᠨ᠎ᠤ ᠣᠷᠴᠢᠨ ᠲᠣᠭᠤᠷᠢᠨ᠎ᠳᠤ ᠰᠡᠷᠭᠡᠭ ᠭᠠᠵᠠᠷ ᠣᠷᠣᠨ᠂ ᠤᠰᠤᠨ᠎ᠤ ᠠᠮᠢ ᠠᠬᠤᠶ ᠬᠡᠪᠡᠷᠡᠭ ᠭᠠᠵᠠᠷ ᠣᠷᠣᠨ ᠪᠣᠯᠤᠭᠰᠠᠨ᠎ᠤ ᠬᠤᠪᠢ᠎ᠳᠤ᠂ ᠦᠬᠠᠶ ᠬᠤᠲᠠ 2022 ᠣᠨ᠎ᠳᠤ ᠤᠯᠤᠰ᠎ᠤᠨ ᠳᠠᠬᠢᠯᠲᠠ ᠤᠰᠤ ᠵᠢ ᠠᠰᠢᠭᠯᠠᠬᠤ ᠲᠣᠬᠢᠷᠠᠭᠤᠯᠤᠯᠲᠠ ᠵᠢᠨ ᠲᠤᠷᠰᠢᠯᠲᠠ ᠵᠢᠨ ᠬᠤᠲᠠ᠎ᠪᠠᠷ ᠠᠮᠵᠢᠯᠲᠠ᠎ᠲᠠᠢ ᠰᠣᠩᠭᠤᠭᠳᠠᠵᠤ᠂ 2023 ᠣᠨ᠎ᠳᠤ ᠪᠥᠬᠦ ᠤᠯᠤᠰ᠎ᠤᠨ ᠳᠠᠬᠢᠯᠲᠠ ᠤᠰᠤ ᠵᠢ ᠠᠰᠢᠭᠯᠠᠬᠤ ᠲᠣᠬᠢᠷᠠᠭᠤᠯᠤᠯᠲᠠ ᠵᠢᠨ ᠰᠢᠯᠢᠳᠡᠭ ᠲᠤᠷᠰᠢᠯᠲᠠ ᠵᠢᠨ ᠬᠤᠲᠠ᠎ᠳᠤ ᠠᠮᠵᠢᠯᠲᠠ᠎ᠲᠠᠢ ᠰᠣᠩᠭᠤᠭᠳᠠᠪᠠ᠃

ᠡᠯᠡᠰᠦ ᠤᠰᠤ ᠢᠪᠡᠭᠡᠯ ᠦᠬᠠᠢ ᠨᠠᠭᠤᠷ
ᠦᠬᠠᠢ ᠬᠤᠳᠠ ᠵᠢᠨ ᠤᠯᠠᠨ ᠵᠢᠯ᠎ᠤᠨ ᠲᠤᠷᠰᠢ ᠳᠠᠬᠢᠯᠲᠠ ᠤᠰᠤ᠂ ᠪᠣᠷᠣᠭ᠋ᠠᠨ᠎ᠤ ᠤᠰᠤ᠂ ᠠᠭᠤᠷᠬᠠᠢ ᠵᠢᠨ ᠬᠤᠳᠳᠤᠭ᠎ᠤᠨ ᠤᠰᠤ᠂ ᠱᠣᠷᠪᠣᠭ ᠤᠰᠤ ᠵᠡᠷᠭᠡ ᠡᠩ᠎ᠤᠨ ᠪᠤᠰᠤ ᠤᠰᠤ ᠵᠢ ᠪᠦᠬᠦ ᠬᠤᠳᠠ ᠵᠢᠨ ᠤᠰᠤᠨ᠎ᠤ ᠡᠬᠢ ᠪᠠᠶᠠᠯᠢᠭ᠎ᠢ ᠨᠢᠭᠡᠳᠦᠯᠲᠡᠢ ᠲᠣᠬᠢᠷᠠᠭᠤᠯᠬᠤ ᠪᠠ ᠲᠥᠪᠯᠡᠷᠡᠭᠦᠯᠦᠨ ᠲᠣᠬᠢᠷᠠᠭᠤᠯᠬᠤ ᠰᠢᠰᠲ᠋ᠧᠮ᠎ᠳᠤ ᠣᠷᠣᠭᠤᠯᠬᠤ ᠵᠢ ᠪᠠᠷᠢᠮᠲᠠᠯᠠᠬᠤ ᠵᠢᠨ ᠬᠠᠮᠲᠤ ᠵᠢᠯ ᠳᠠᠷᠠᠭ᠋ᠠᠯᠠᠨ ᠳᠠᠬᠢᠯᠲᠠ ᠤᠰᠤᠨ᠎ᠤ ᠠᠰᠢᠭᠯᠠᠯᠲᠠ ᠵᠢᠨ ᠬᠡᠪᠴᠢᠶ᠎ᠡ᠎ᠪᠠᠨ ᠥᠷᠭᠡᠳᠬᠡᠵᠦ᠂ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ᠎ᠢ ᠪᠦᠲᠦᠮᠵᠢᠲᠡᠢ ᠨᠠᠮᠳᠠᠭᠤᠯᠵᠤ᠂ ᠳᠠᠬᠢᠯᠲᠠ ᠤᠰᠤ᠎ᠨᠢ ᠨᠢᠭᠡᠨᠲᠡ ᠪᠦᠬᠦ ᠬᠤᠳᠠ ᠵᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠲᠤᠯᠭ᠋ᠠᠭᠤᠷᠢᠯᠠᠬᠤ 《ᠬᠤᠶᠠᠳᠤᠭ᠋ᠠᠷ ᠤᠰᠤᠨ᠎ᠤ ᠰᠤᠷᠪᠤᠯᠵᠢ》 ᠪᠣᠯᠵᠠᠢ᠃
ᠥᠪᠥᠷ ᠮᠣᠩᠭᠤᠯ᠎ᠤᠨ ᠳ᠋ᠦᠩ ᠶᠤᠸᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠪᠣᠯ ᠦᠬᠠᠢ ᠬᠤᠳᠠ ᠵᠢᠨ ᠨᠢᠭᠡᠨ ᠰᠢᠨ᠎ᠡ ᠮᠠᠲ᠋ᠧᠷᠢᠶᠠᠯ ᠦᠢ᠍ᠯᠡᠳᠪᠦᠷᠢᠯᠡᠬᠦ ᠠᠵᠤ ᠠᠬᠤᠶ᠋ᠢᠯᠠᠯ ᠪᠣᠯᠤᠨ᠎ᠠ᠃ 2022 ᠣᠨ᠎ᠳᠤ᠂ ᠥᠪᠥᠷ ᠮᠣᠩᠭᠤᠯ᠎ᠤᠨ ᠳ᠋ᠦᠩ ᠶᠤᠸᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠪᠣᠬᠢᠷ ᠤᠰᠤ ᠰᠢᠢ᠍ᠳᠪᠦᠷᠢᠯᠡᠬᠦ ᠤᠷ᠎ᠠ ᠮᠡᠷᠭᠡᠵᠢᠯ ᠵᠶ᠋ᠠᠨ ᠰᠠᠶ᠋ᠢᠵᠢᠷᠠᠭᠤᠯᠵᠤ᠂ 《ᠪᠣᠬᠢᠷᠲᠤᠯ ᠦᠭᠡᠢ ᠳᠠᠪᠤᠰᠤ ᠦᠭᠡᠢ᠌ᠳᠡᠭᠦᠯᠬᠦ》 ᠮᠡᠷᠭᠡᠵᠢᠯ ᠵᠶ᠋ᠠᠷ ᠤᠤᠯ᠎ᠤᠨ ᠬᠤᠣᠰ ᠪᠦᠷᠬᠦᠪᠴᠢ ᠵᠢᠨ ᠠᠷᠭ᠎ᠠ᠎ᠪᠠᠷ ᠳᠠᠪᠤᠰᠤ ᠦᠭᠡᠢ᠌ᠳᠡᠭᠦᠯᠬᠦ ᠤᠷ᠎ᠠ ᠮᠡᠷᠭᠡᠵᠢᠯ᠎ᠢ ᠣᠷᠣᠯᠠᠭᠤᠯᠵᠤ᠂ ᠤᠰᠤᠨ᠎ᠤ ᠡᠬᠢ ᠪᠠᠶᠠᠯᠢᠭ᠎ᠢ ᠡᠷᠭᠢᠯᠳᠦᠭᠦᠯᠦᠨ ᠠᠰᠢᠭᠯᠠᠬᠤ ᠨᠤᠷᠮ᠎ᠠ ᠵᠢ ᠶᠡᠭᠡ᠎ᠪᠠᠷ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ᠎ᠤᠨ ᠥᠪᠡᠷ᠎ᠤᠨ ᠦᠷᠳᠡᠭ᠎ᠢ ᠪᠦᠲᠦᠮᠵᠢᠲᠡᠢ ᠪᠠᠭᠤᠷᠠᠭᠤᠯᠵᠤ᠂ ᠠᠵᠤ ᠠᠬᠤᠢ ᠵᠢᠨ ᠦᠷ᠎ᠡ ᠠᠰᠢᠭ ᠪᠣᠯᠤᠨ ᠨᠡᠶ᠋ᠢᠭᠡᠮ᠎ᠤᠨ ᠦᠷ᠎ᠡ ᠠᠰᠢᠭ᠎ᠤᠨ ᠬᠤᠣᠰ ᠠᠮᠵᠢᠯᠲᠠ ᠵᠢ ᠪᠡᠶᠡᠯᠡᠭᠦᠯᠪᠡ᠃
《ᠪᠣᠬᠢᠷᠲᠤᠯ ᠥᠬᠡᠶ ᠳᠠᠪᠤᠰᠤ ᠥᠬᠡᠶ᠋ᠢᠳᠡᠭᠦᠯᠬᠦ ᠤᠷ᠎ᠠ ᠮᠡᠷᠭᠡᠵᠢᠯ᠎ᠢ ᠬᠡᠷᠡᠭᠯᠡᠵᠦ᠂ ᠠᠵᠤ ᠠᠬᠤᠶ᠋ᠢᠯᠠᠯ᠎ᠤᠨ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢᠨ ᠨᠣᠷᠮ᠎ᠠ ᠶᠡᠭᠡ᠎ᠪᠠᠷ ᠳᠡᠭᠡᠭᠰᠢᠯᠡᠵᠦ᠂ ᠴᠡᠪᠡᠷ ᠳᠠᠪᠤᠰᠤᠨ᠎ᠤ ᠤᠰᠤᠨ᠎ᠤ ᠲᠣᠨ᠎ᠤ ᠤᠰᠤᠨ ᠡᠨᠧᠷᠭᠢ ᠵᠢᠨ ᠬᠤᠷᠣᠭᠳᠠᠯ᠎ᠢ 95%᠎ᠠᠴᠠ ᠳᠡᠭᠡᠭᠰᠢ ᠪᠠᠭᠤᠷᠠᠭᠤᠯᠪᠠ》᠃ ᠥᠪᠥᠷ ᠮᠣᠩᠭᠣᠯ᠎ᠤᠨ ᠳ᠋ᠦᠩ ᠶᠤᠸᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠬᠦᠳᠡᠯᠭᠡᠬᠦ ᠬᠦᠴᠦᠨ᠎ᠤ ᠬᠡᠯᠲᠡᠰ᠎ᠤᠨ ᠠᠵᠢᠯᠲᠠᠨ ᠲᠠᠨᠢᠯᠴᠠᠭᠤᠯᠤᠯ᠎ᠠ᠃

ᠤᠰᠤ ᠠᠷᠪᠢᠯᠠᠬᠤ ᠲᠠᠷᠢᠶᠠᠯᠠᠩ
ᠥᠪᠥᠷ ᠮᠣᠩᠭᠤᠯ ᠤᠯᠤᠰ᠎ᠤᠨ ᠨᠡᠶ᠋ᠢᠲᠡᠯᠢᠭ ᠭᠠᠵᠠᠷ ᠣᠷᠣᠨ᠎ᠤ ᠳᠠᠬᠢᠯᠲᠠ ᠤᠰᠤ ᠵᠢ ᠠᠰᠢᠭᠯᠠᠬᠤ ᠲᠣᠬᠢᠷᠠᠭᠤᠯᠤᠯᠲᠠ ᠵᠢᠨ ᠲᠤᠷᠰᠢᠯᠲᠠ ᠵᠢᠨ ᠬᠤᠲᠠ ᠵᠢ ᠨᠡᠶ᠋ᠢᠲᠡ 4 ᠵᠣᠬᠢᠶᠠᠨ ᠪᠠᠶ᠋ᠢᠭᠤᠯᠵᠤ ᠲᠤᠷᠰᠢᠯᠲᠠ ᠵᠢᠨ ᠴᠡᠭ᠎ᠤᠨ ᠪᠥᠲᠥᠭᠡᠨ ᠪᠠᠶ᠋ᠢᠭᠤᠯᠤᠯᠲᠠ ᠵᠢᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠬᠦ ᠠᠵᠢᠯ᠎ᠢ ᠪᠡᠶᠡᠯᠡᠭᠦᠯᠵᠦ᠂ ᠡᠭᠦᠨ᠎ᠳᠤ ᠦᠬᠠᠶ ᠬᠤᠲᠠ᠂ ᠪᠤᠭᠤᠲᠤ ᠬᠤᠲᠠ᠂ ᠣᠷᠳᠣᠰ ᠬᠤᠲᠠ ᠰᠢᠯᠢᠳᠡᠭ ᠲᠤᠷᠰᠢᠯᠲᠠ ᠵᠢᠨ ᠴᠡᠭ᠎ᠤᠨ ᠴᠣᠯᠠ ᠭᠥᠷᠳᠡᠪᠡ᠃
ᠣᠶ᠋ᠢᠷ᠎ᠠ ᠵᠢᠨ ᠵᠢᠯ᠎ᠠᠴᠠ ᠨᠠᠭ᠋ᠠᠰᠢ᠂ ᠣᠷᠳᠣᠰ ᠬᠤᠲᠠ ᠳᠠᠬᠢᠯᠲᠠ ᠤᠰᠤᠨ᠎ᠤ ᠦᠢ᠍ᠯᠡᠳᠪᠦᠷᠢᠯᠡᠯ ᠪᠠ ᠶᠡᠷᠦᠩᠬᠡᠶ᠋ᠢᠯᠡᠨ ᠠᠰᠢᠭᠯᠠᠬᠤ ᠵᠢ ᠪᠥᠬᠦ ᠬᠦᠴᠦᠨ ᠵᠶ᠋ᠠᠷ ᠠᠬᠢᠭᠤᠯᠵᠤ᠂ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ᠎ᠢ ᠨᠠᠮᠳᠠᠭᠤᠯᠵᠤ᠂ ᠤᠰᠤᠨ᠎ᠤ ᠠᠮᠢ ᠠᠬᠤᠶ ᠣᠷᠴᠢᠨ ᠲᠣᠭᠤᠷᠢᠨ᠎ᠤ ᠶᠠᠰᠤ ᠴᠢᠨᠠᠷ᠎ᠢ ᠰᠠᠶ᠋ᠢᠵᠢᠷᠠᠭᠤᠯᠵᠤ᠂ ᠳᠠᠬᠢᠯᠲᠠ ᠤᠰᠤ ᠵᠢ ᠡᠷᠭᠢᠯᠳᠦᠭᠦᠯᠦᠨ ᠠᠰᠢᠭᠯᠠᠬᠤ 《ᠣᠷᠳᠣᠰ᠎ᠤᠨ ᠥᠯᠢᠭᠡᠷ ᠳᠠᠭᠤᠷᠢᠶᠠᠯ》᠎ᠢ ᠬᠦᠴᠦᠯᠡᠨ ᠪᠣᠶ ᠪᠣᠯᠭ᠋ᠠᠪᠠ᠃ ᠠᠮᠢᠳᠤᠷᠠᠯ᠎ᠤᠨ ᠪᠣᠬᠢᠷ ᠤᠰᠤ᠂ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠠᠮᠢᠳᠤᠯᠢᠭ ᠤᠰᠤ ᠪᠣᠯᠭ᠋ᠠᠨ ᠬᠤᠪᠢᠷᠠᠭᠤᠯᠵᠤ᠂ ᠠᠮᠢᠵᠢᠷᠠᠯ᠎ᠤᠨ ᠬᠦᠴᠦᠨ᠎ᠲᠠᠢ ᠪᠣᠯᠬᠤ᠎ᠨᠢ ᠣᠷᠳᠣᠰ ᠬᠣᠲᠠ ᠵᠢᠨ ᠲᠠᠬᠢᠯᠲᠠ ᠤᠰᠤ ᠵᠢ ᠡᠷᠭᠢᠯᠳᠦᠭᠦᠯᠦᠨ ᠠᠰᠢᠭᠯᠠᠬᠤ ᠬᠠᠢ᠌ᠨ ᠰᠦᠪᠡᠭᠴᠢᠯᠡᠯᠲᠡ ᠦᠢ᠍ᠯᠡᠳᠦᠯᠭᠡ ᠪᠣᠯᠤᠨ᠎ᠠ᠃
2022 ᠣᠨ᠎ᠤ 10 ᠳ᠋ᠤᠭ᠋ᠠᠷ ᠰᠠᠷ᠎ᠠ᠎ᠳᠤ᠂ ᠣᠲᠤᠭ ᠬᠤᠰᠢᠭᠤᠨ᠎ᠤ ᠴᠢ ᠫᠠᠨ ᠵᠢᠩ ᠪᠠᠯᠭ᠋ᠠᠰᠤ 5 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠵᠤ ᠨᠢᠭᠡᠳᠦᠯᠲᠡᠶ ᠤᠰᠤ ᠬᠠᠩᠭ᠋ᠠᠬᠤ ᠢᠨᠵᠧᠨᠧᠷᠢᠩ᠎ᠢ ᠬᠡᠷᠡᠭᠵᠢᠭᠦᠯᠵᠦ᠂ ᠬᠠᠲᠤᠨ ᠭᠤᠤᠯ᠎ᠤᠨ ᠤᠰᠤ᠎ᠪᠠᠷ ᠭᠤᠤᠯ ᠪᠣᠯᠭ᠋ᠠᠵᠤ᠂ ᠴᠡᠪᠡᠷᠰᠢᠭᠦᠯᠦᠨ ᠰᠢᠢ᠍ᠳᠪᠦᠷᠢᠯᠡᠬᠦ᠎ᠪᠠᠷ ᠳᠡᠮᠵᠢᠨ᠂ ᠲᠤᠬᠠᠶ ᠵᠢᠨ ᠭᠠᠵᠠᠷ᠎ᠤᠨ 10 ᠲᠦᠮᠡᠨ ᠣᠯᠠᠨ ᠲᠦᠮᠡᠨ᠎ᠳᠤ ᠰᠠᠨᠠᠭ᠎ᠠ ᠠᠮᠤᠷ ᠤᠰᠤ᠂ ᠠᠮᠤᠷ ᠲᠦᠪᠰᠢᠨ ᠤᠰᠤ ᠤᠤᠭᠤᠯᠭ᠋ᠠᠪᠠ᠃
ᠣᠷᠳᠣᠰ ᠬᠤᠲᠠ ᠪᠠᠰᠠ ᠳᠠᠬᠢᠯᠲᠠ ᠤᠰᠤᠨ᠎ᠤ ᠠᠮᠢ ᠠᠬᠤᠶ ᠵᠢᠨ ᠤᠰᠤ ᠨᠥᠬᠦᠪᠥᠷᠢᠯᠡᠬᠦ 《ᠡᠪᠦᠯ᠎ᠤᠨ ᠨᠥᠭᠡᠴᠡ ᠵᠣᠨ᠎ᠤ ᠤᠰᠤᠯᠠᠯᠲᠠ》 ᠵᠢᠨ ᠵᠠᠭᠪᠤᠷ᠎ᠢ ᠪᠠᠶ᠋ᠢᠭᠤᠯᠵᠤ᠂ ᠬᠠᠬᠢᠷ ᠬᠦᠢ᠍ᠲᠡᠨ ᠭᠠᠵᠠᠷ ᠣᠷᠣᠨ᠎ᠳᠤ ᠵᠢᠱ᠌ᠢᠶ᠎ᠡ ᠦᠵᠡᠭᠦᠯᠪᠡ; ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠤᠨ 《ᠳᠠᠬᠢᠯᠲᠠ ᠤᠰᠤ ᠵᠢ ᠪᠠᠭ᠎ᠠ ᠲᠣᠭᠤᠷᠢᠭ᠎ᠲᠤ ᠣᠷᠣᠭᠤᠯᠬᠤ》 ᠠᠮᠢ ᠠᠬᠤᠶ ᠵᠢᠨ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠰᠢᠭᠯᠠᠵᠤ᠂ ᠪᠣᠬᠢᠷᠲᠤᠯ ᠦᠭᠡᠢ ᠠᠮᠢᠳᠤᠷᠠᠯ᠎ᠤᠨ ᠤᠬᠠᠭᠳᠠᠬᠤᠨ᠎ᠢ ᠲᠡᠭᠦᠯᠳᠡᠷᠵᠢᠭᠦᠯᠪᠡ᠃
2024 ᠣᠨ᠎ᠤ 1 ᠳ᠋ᠦ᠍ᠭᠡᠷ ᠰᠠᠷ᠎ᠠ ᠵᠢᠨ 31᠎ᠤ ᠡᠳᠦᠷ᠂ ᠣᠷᠳᠣᠰ ᠬᠤᠲᠠ ᠵᠢᠨ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ ᠬᠢᠭᠡᠳ ᠣᠷᠳᠣᠰ ᠬᠤᠲᠠ ᠵᠢᠨ ᠱᠦᠢ ᠲᠧᠦ ᠺᠠᠩ ᠶᠤᠸᠠᠨ ᠤᠰᠤᠨ᠎ᠤ ᠶᠠᠪᠤᠳᠠᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠬᠠᠮᠲᠤᠷᠠᠨ ᠮᠡᠳᠡᠭᠦᠯᠦᠭᠰᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠭᠡ ᠲᠤᠰᠬᠠᠶ ᠲᠥᠷᠥᠯ ᠵᠦᠢ᠍ᠯ᠎ᠤᠨ 《ᠳᠠᠬᠢᠯᠲᠠ ᠤᠰᠤ ᠵᠡᠷᠭᠡ ᠣᠯᠠᠨ ᠤᠰᠤᠨ ᠰᠤᠷᠪᠤᠯᠵᠢ ᠵᠢ ᠬᠠᠮᠲᠤᠷᠠᠨ ᠳᠣᠭᠢᠷᠠᠭᠤᠯᠬᠤ ᠮᠡᠷᠭᠡᠵᠢᠯ᠎ᠤᠨ ᠰᠤᠳᠤᠯᠭ᠋ᠠᠨ》᠎ᠤ ᠲᠥᠷᠥᠯ ᠵᠦᠢ᠍ᠯ᠎ᠢ ᠡᠬᠢᠯᠡᠭᠦᠯᠪᠡ᠃ 《ᠳᠠᠬᠢᠯᠲᠠ ᠤᠰᠤ ᠵᠡᠷᠭᠡ ᠣᠯᠠᠨ ᠤᠰᠤᠨ᠎ᠤ ᠡᠬᠢ ᠰᠤᠷᠪᠤᠯᠵᠢ ᠵᠢ ᠬᠠᠮᠲᠤᠷᠠᠨ ᠲᠣᠬᠢᠷᠠᠭᠤᠯᠬᠤ ᠮᠡᠷᠭᠡᠵᠢᠯ᠎ᠤᠨ ᠰᠤᠳᠤᠯᠭ᠋ᠠᠨ》᠎ᠤ ᠴᠢᠬᠤᠯᠠ ᠶᠡᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠤᠶ᠋ᠢᠯ᠎ᠨᠢ ᠬᠠᠲᠤᠨ ᠭᠤᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠦᠷᠭᠦᠯᠵᠢᠯᠡᠨ ᠠᠰᠢᠭᠯᠠᠬᠤ ᠪᠠ ᠪᠣᠬᠢᠷᠲᠤᠯ ᠥᠬᠡᠶ ᠴᠢᠨᠠᠷ ᠰᠠᠶ᠋ᠢᠲᠠᠶ ᠬᠥᠭᠵᠢᠯᠲᠡ ᠵᠢᠨ ᠲᠤᠯᠭ᠋ᠠᠮ᠎ᠠ ᠬᠡᠷᠡᠭᠴᠡᠭᠡ ᠱᠠᠭ᠋ᠠᠷᠳᠠᠯᠭ᠎ᠠ ᠵᠢ ᠪᠣᠳᠣᠯᠬᠢᠯᠠᠨ᠂ ᠣᠷᠳᠣᠰ ᠬᠤᠲᠠ ᠵᠢᠨ ᠳᠠᠬᠢᠯᠲᠠ ᠤᠰᠤ ᠵᠡᠷᠭᠡ ᠣᠯᠠᠨ ᠤᠰᠤᠨ᠎ᠤ ᠡᠬᠢ ᠰᠤᠷᠪᠤᠯᠵᠢ ᠵᠢ ᠬᠠᠮᠲᠤᠷᠠᠨ ᠳᠣᠭᠢᠷᠠᠭᠤᠯᠬᠤ ᠵᠠᠩᠭᠢᠯᠠᠭ᠎ᠠ ᠵᠢᠨ ᠮᠡᠷᠭᠡᠵᠢᠯ᠎ᠢ ᠰᠤᠳᠤᠯᠤᠨ ᠨᠡᠭᠡᠭᠡᠬᠦ ᠵᠢᠨ ᠬᠠᠮᠲᠤ ᠬᠡᠷᠡᠭᠯᠡᠨ ᠣᠷᠳᠣᠰ ᠬᠤᠲᠠ ᠵᠢᠨ ᠤᠰᠤᠨ᠎ᠤ ᠡᠬᠢ ᠪᠠᠶᠠᠯᠢᠭ᠎ᠢ ᠦᠷᠭᠦᠯᠵᠢᠯᠡᠨ ᠠᠰᠢᠭᠯᠠᠬᠤ᠎ᠳᠤ ᠲᠤᠯᠭ᠋ᠠᠭᠤᠷᠢᠯᠠᠯ ᠬᠠᠩᠭ᠋ᠠᠬᠤ ᠵᠢᠨ ᠲᠥᠯᠥᠭᠡ ᠶᠤᠮ᠃
ᠳᠠᠬᠢᠯᠲᠠ ᠤᠰᠤ ᠵᠡᠷᠭᠡ ᠡᠩ᠎ᠤᠨ ᠪᠤᠰᠤ ᠤᠰᠤᠨ᠎ᠤ ᠡᠬᠢ ᠰᠤᠷᠪᠤᠯᠵᠢ ᠪᠣᠯ ᠡᠩ᠎ᠤᠨ ᠤᠰᠤᠨ᠎ᠤ ᠡᠬᠢ ᠪᠠᠶᠠᠯᠢᠭ᠎ᠤᠨ ᠴᠢᠬᠤᠯᠠ ᠨᠥᠬᠦᠪᠥᠷᠢ ᠮᠥᠨ᠂ ᠵᠠᠯᠭ᠋ᠠᠭ᠋ᠠᠳ ᠥᠪᠥᠷ ᠮᠣᠩᠭᠤᠯ ᠨᠡᠶ᠋ᠢᠲᠡᠯᠢᠭ ᠭᠠᠵᠠᠷ ᠣᠷᠣᠨ᠎ᠤ ᠳᠠᠬᠢᠯᠲᠠ ᠤᠰᠤ ᠵᠢ ᠲᠣᠬᠢᠷᠠᠭᠤᠯᠤᠨ ᠠᠰᠢᠭᠯᠠᠬᠤ ᠲᠤᠷᠰᠢᠯᠲᠠ ᠵᠢᠨ ᠴᠡᠭ ᠵᠶ᠋ᠠᠷ ᠭᠤᠤᠯᠳᠠᠯᠭ᠎ᠠ ᠪᠣᠯᠭ᠋ᠠᠵᠤ᠂ ᠡᠩ᠎ᠤᠨ ᠪᠤᠰᠤ ᠤᠰᠤᠨ ᠰᠤᠷᠪᠤᠯᠵᠢ ᠵᠢᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠂ ᠬᠤᠲᠠ ᠵᠢᠨ ᠨᠣᠭᠤᠭ᠋ᠠᠷᠠᠭᠤᠯᠤᠯᠲᠠ ᠵᠢᠨ ᠲᠠᠯ᠎ᠠ ᠵᠢᠨ ᠲᠣᠬᠢᠷᠠᠭᠤᠯᠤᠯᠲᠠ ᠠᠰᠢᠭᠯᠠᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠨ᠎ᠠ᠃
ᠦᠷ᠎ᠡ ᠪᠦᠲᠦᠮᠵᠢ ᠵᠢ ᠳᠡᠭᠡᠭᠰᠢᠯᠡᠭᠦᠯᠬᠦ — ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠬᠢᠵᠦ᠂ ᠤᠰᠤᠨ᠎ᠤ ᠡᠬᠢ ᠪᠠᠶᠠᠯᠢᠭ᠎ᠤᠨ 《ᠥᠷᠲᠡᠭ ᠨᠡᠮᠡᠭᠳᠡᠭᠦᠯᠬᠦ ᠣᠷᠣᠨ ᠵᠠᠢ》
《ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ ᠮᠦ᠍ ᠪᠦᠷᠢ ᠵᠢᠨ ᠴᠡᠪᠡᠷ ᠣᠷᠣᠯᠭ᠎ᠠ ᠤᠤᠯ᠎ᠠᠴᠠ᠎ᠪᠠᠨ 60%—70%᠎ᠪᠠᠷ ᠨᠡᠮᠡᠭᠳᠡᠪᠡ》᠃ ᠪᠠᠶᠠᠨᠨᠠᠭᠤᠷ ᠬᠣᠲᠠ ᠵᠢᠨ ᠳ᠋ᠸᠩᠺᠸᠤ ᠰᠢᠶᠠᠨ᠎ᠤ ᠱᠠᠵᠢᠨᠳᠤᠬᠤᠢ ᠰᠤᠮᠤ ᠵᠢᠨ ᠪᠠᠶᠠᠨ ᠥᠨᠳᠥᠷ ᠭᠠᠴᠠᠭ᠋ᠠᠨ᠎ᠤ ᠲᠠᠷᠢᠶᠠᠴᠢᠨ ᠶᠠᠩ ᠭᠤᠸᠠᠢ ᠬᠡᠯᠡᠪᠡ᠃
ᠶᠠᠩ ᠭᠤᠸᠠᠢ ᠪᠣᠯ ᠲᠤᠬᠠᠶ ᠵᠢᠨ ᠭᠠᠵᠠᠷ᠎ᠤᠨ ᠲᠠᠷᠢᠮᠠᠯ᠎ᠤᠨ ᠲᠣᠮᠣ ᠡᠷᠦᠬᠡ ᠪᠣᠯᠤᠨ᠎ᠠ᠂ ᠭᠡᠷ᠎ᠲᠡᠭᠡᠨ 2000 ᠭᠠᠷᠤᠶ ᠮᠦ᠍ ᠲᠠᠷᠢᠶᠠᠨ ᠭᠠᠵᠠᠷ ᠪᠠᠶ᠋ᠢᠨ᠎ᠠ᠃ ᠥᠪᠥᠷ ᠮᠣᠩᠭᠤᠯ᠎ᠤᠨ ᠬᠠᠲᠤᠨ ᠭᠤᠤᠯ᠎ᠤᠨ ᠭᠤᠤᠯ ᠤᠷᠤᠰᠬᠠᠯ᠎ᠤᠨ ᠠᠶ᠋ᠢᠮᠠᠭ ᠬᠤᠲᠠ ᠵᠢᠨ ᠬᠤᠭᠤᠷᠣᠨᠳᠣᠬᠢ ᠤᠰᠤᠨ᠎ᠤ ᠡᠷᠬᠡ ᠵᠢ ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠱᠸᠨ ᠡᠦ ᠤᠰᠤᠯᠠᠯᠲᠠ ᠵᠢᠨ ᠣᠷᠣᠨ᠎ᠤ ᠲᠤᠷᠰᠢᠯᠲᠠ ᠵᠢᠨ ᠢᠨᠵᠧᠨᠧᠷᠢᠩ᠎ᠤᠨ ᠤᠰᠤᠯᠠᠯᠲᠠ ᠵᠢᠨ ᠬᠡᠪᠴᠢᠶᠡᠨ᠎ᠳᠤ ᠶᠠᠩ ᠭᠤᠸᠠᠢ ᠬᠡᠷ᠎ᠤᠨ ᠡᠲᠡᠭᠡᠷ ᠲᠠᠷᠢᠶᠠᠨ ᠭᠠᠵᠠᠷ᠎ᠢ ᠪᠠᠭᠲᠠᠭ᠋ᠠᠨ᠎ᠠ᠃ ᠲᠡᠭᠦᠨ᠎ᠢ ᠪᠠᠶᠠᠷᠯᠠᠭᠤᠯᠬᠤ᠎ᠨᠢ ᠬᠠᠲᠤᠨ ᠭᠤᠤᠯ᠎ᠤᠨ ᠤᠰᠤ ᠵᠢ ᠲᠠᠲᠠᠵᠤ ᠳᠤᠰᠤᠯᠭ᠋ᠠᠨ ᠤᠰᠤᠯᠠᠬᠤ᠎ᠠᠴᠠ ᠪᠣᠯᠤᠭᠰᠠᠨ ᠠᠰᠢᠭ ᠣᠷᠣᠯᠭ᠎ᠠ᠎ᠨᠢ ᠵᠢᠱ᠌ᠢᠯᠲᠡ᠎ᠠᠴᠠ ᠬᠤᠯᠠ ᠳᠠᠪᠠᠭᠰᠠᠨ ᠪᠠᠢ᠌ᠨ᠎ᠠ᠃

ᠪᠤᠷᠤᠳᠤᠬᠤᠢ ᠵᠢᠨ ᠤᠰᠤᠯᠠᠯᠳᠠ ᠵᠢᠨ ᠤᠷᠤᠨ᠎ᠤ ᠶᠦᠩ ᠵᠢᠢ ᠴᠢᠦᠢ
ᠣᠳᠣᠬᠠᠨ᠎ᠳᠤ᠂ ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠳᠤ᠂ 《ᠬᠠᠲᠤᠨ ᠭᠤᠤᠯ᠎ᠤᠨ ᠤᠰᠤ ᠵᠢ ᠲᠠᠲᠠᠵᠤ ᠳᠤᠰᠤᠯᠭ᠋ᠠᠨ ᠤᠰᠤᠯᠠᠬᠤ》 ᠠᠵᠢᠯ᠎ᠨᠢ ᠲᠠᠷᠢᠶᠠᠴᠢᠳ᠎ᠤᠨ ᠬᠦᠷᠢᠶᠡᠯᠡᠯ᠎ᠢ ᠶᠡᠬᠡᠳᠡ ᠣᠯᠤᠭᠰᠠᠨ ᠪᠠᠶ᠋ᠢᠨ᠎ᠠ᠃ ᠬᠢᠨᠠᠨ ᠬᠡᠮᠵᠢᠵᠤ ᠦᠨᠡᠯᠡᠭᠰᠡᠨ ᠵᠶ᠋ᠠᠷ᠂ ᠬᠠᠲᠤᠨ ᠭᠤᠤᠯ᠎ᠤᠨ ᠤᠰᠤ ᠵᠢ ᠲᠠᠲᠠᠵᠤ ᠳᠤᠰᠤᠯᠭ᠋ᠠᠨ ᠤᠰᠤᠯᠠᠬᠤ᠎ᠨᠢ ᠨᠡᠶ᠋ᠢᠳᠡᠮ᠎ᠳᠡᠭᠡᠨ 30%᠎ᠠᠴᠠ ᠳᠡᠭᠡᠭᠰᠢ ᠤᠰᠤ ᠠᠷᠪᠢᠯᠠᠵᠤ᠂ ᠬᠢᠮᠢ ᠵᠢᠨ ᠪᠤᠷᠳᠤᠭᠤᠷ᠎ᠢ 30%᠎ᠠᠴᠠ ᠳᠡᠭᠡᠭᠰᠢ ᠠᠷᠪᠢᠯᠠᠵᠤ᠂ ᠮᠦ᠍ ᠪᠦᠷᠢ ᠵᠢᠨ ᠤᠨᠠᠯᠲᠠ 20%᠎ᠪᠠᠷ ᠨᠡᠮᠡᠭᠳᠡᠪᠡ᠃
ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠥᠪ᠎ᠤᠨ ᠡᠷᠬᠢᠯᠡᠭᠴᠢ ᠵᠠᠩ ᠭᠤᠸᠠᠩ ᠮᠢᠩ ᠲᠠᠨᠢᠯᠴᠠᠭᠤᠯᠤᠭᠰᠠᠨ ᠵᠶ᠋ᠠᠷ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠬᠦᠴᠦᠲᠡᠶ ᠳᠡᠮᠵᠢᠯᠭᠡ ᠳᠣᠤᠷ᠎ᠠ᠂ 《ᠮᠢᠩᠭ᠋ᠠᠨ ᠣᠨ᠎ᠤ ᠦᠨᠳᠦᠰᠦᠨ ᠦᠢ᠍ᠯᠡᠰ》᠎ᠤᠨ ᠪᠣᠷᠣᠲᠣᠬᠤᠶ ᠵᠢᠨ ᠤᠰᠤᠯᠠᠯᠲᠠ ᠵᠢᠨ ᠣᠷᠣᠨ 2000 ᠣᠨ᠎ᠠᠴᠠ ᠨᠠᠭ᠋ᠠᠰᠢ ᠨᠡᠶ᠋ᠢᠲᠡ 60 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠵᠤ᠂ ᠤᠰᠤ ᠠᠷᠪᠢᠯᠠᠬᠤ ᠥᠭᠡᠷᠡᠴᠢᠯᠡᠯᠲᠡ᠂ ᠤᠰᠤ ᠭᠠᠳᠠᠭᠰᠢᠯᠠᠭᠤᠯᠬᠤ ᠰᠠᠭ᠋ᠠᠳ ᠥᠬᠡᠶ ᠨᠡᠪᠲᠡᠷᠡᠬᠦ᠂ ᠲᠣᠮᠣ ᠬᠡᠯᠪᠡᠷᠢ ᠵᠢᠨ ᠬᠥᠭᠡᠷᠭᠡ ᠵᠢᠨ ᠥᠷᠲᠡᠭᠡ ᠵᠢ ᠰᠢᠨᠡᠳᠬᠡᠨ ᠥᠭᠡᠷᠡᠴᠢᠯᠡᠬᠦ ᠵᠡᠷᠭᠡ ᠨᠢᠭᠡ ᠪᠦᠯᠦᠭ ᠭᠤᠤᠯᠳᠠᠯᠭ᠎ᠠ᠎ᠲᠠᠢ ᠢᠨᠵᠧᠨᠧᠷᠢᠩ᠎ᠢ ᠬᠡᠷᠡᠭᠵᠢᠭᠦᠯᠪᠡ᠃
ᠤᠢ᠍ᠢ᠍ᠷ᠎ᠠ ᠵᠢᠨ ᠵᠢᠯ᠎ᠠᠴᠠ᠂ ᠥᠪᠥᠷ ᠮᠣᠩᠭᠤᠯ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢᠨ ᠠᠵᠢᠯ᠎ᠢ ᠢᠳᠡᠪᠬᠢᠲᠡᠢ ᠠᠬᠢᠭᠤᠯᠵᠤ᠂ ᠤᠰᠤᠨ᠎ᠤ ᠡᠬᠢ ᠪᠠᠶᠠᠯᠢᠭ᠎ᠤᠨ 《ᠦᠷᠳᠡᠭ ᠨᠡᠮᠡᠭᠳᠡᠭᠦᠯᠬᠦ ᠣᠷᠣᠨ ᠵᠠᠢ》 ᠵᠢ ᠢᠯᠡᠷᠡᠭᠦᠯᠪᠡ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠬᠠᠮᠢᠶᠠᠷᠤᠯᠲᠠ ᠵᠢᠨ ᠠᠷᠭ᠎ᠠ》 ᠵᠢ ᠲᠤᠭᠤᠷᠪᠢᠵᠤ᠂ ᠤᠰᠤᠨ ᠠᠰᠢᠭᠯᠠᠯᠲᠠ ᠵᠢᠨ ᠲᠢᠩᠬᠢᠮ᠎ᠤᠨ ᠰᠦᠯᠵᠢᠶᠡᠨ᠎ᠳᠤ ᠪᠦᠬᠦ ᠤᠯᠤᠰ᠎ᠤᠨ ᠤᠰᠤᠨ᠎ᠤ ᠡᠷᠬᠡ ᠵᠢᠨ ᠠᠷᠠᠯᠵᠢᠶᠠᠨ᠎ᠤ ᠰᠢᠰᠲ᠋ᠧᠮ᠎ᠢ ᠲᠤᠬᠢᠷᠠᠭᠤᠯᠤᠨ᠎ᠠ᠃ ᠬᠠᠲᠤᠨ ᠭᠤᠤᠯ᠎ᠤᠨ ᠭᠤᠤᠯ ᠤᠷᠤᠰᠬᠠᠯ᠎ᠤᠨ ᠠᠶ᠋ᠢᠮᠠᠭ ᠬᠤᠲᠠ ᠵᠢᠨ ᠬᠤᠭᠤᠷᠣᠨᠳᠣᠬᠢ ᠤᠰᠤᠨ᠎ᠤ ᠡᠷᠬᠡ ᠵᠢ ᠰᠢᠯᠵᠢᠭᠦᠯᠦᠨ ᠥᠭᠬᠦ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ ᠪᠥᠬᠦ ᠲᠠᠯ᠎ᠠ᠎ᠪᠠᠷ ᠠᠵᠢᠯ ᠡᠬᠢᠯᠡᠭᠦᠯᠦᠨ ᠪᠥᠲᠥᠭᠡᠨ ᠪᠠᠶ᠋ᠢᠭᠤᠯᠵᠤ᠂ ᠤᠰᠤ ᠠᠷᠪᠢᠯᠠᠬᠤ ᠠᠩᠬᠠᠨ᠎ᠤ ᠪᠦᠯᠦᠭ ᠢᠨᠵᠧᠨᠧᠷᠢᠩ᠎ᠢ ᠨᠢᠭᠡᠨᠲᠡ ᠳᠠᠭᠤᠰᠬᠠᠨ ᠰᠢᠯᠭ᠋ᠠᠨ ᠬᠤᠷᠢᠶᠠᠵᠤ ᠪᠠᠶ᠋ᠢᠨ᠎ᠠ᠂ ᠤᠯᠤᠰ᠎ᠤᠨ ᠡᠳ᠋᠎ᠤᠨ ᠵᠠᠰᠠᠭ᠎ᠤᠨ ᠪᠡᠯᠡ ᠣᠷᠣᠭᠤᠯᠤᠯᠲᠠ ᠵᠢᠨ ᠤᠰᠤᠨ᠎ᠤ ᠪᠤᠰᠤ ᠡᠷᠬᠡ ᠵᠢ ᠰᠢᠯᠵᠢᠭᠦᠯᠦᠨ ᠥᠭᠬᠦ ᠤᠰᠤ ᠠᠷᠪᠢᠯᠠᠬᠤ ᠢᠨᠵᠧᠨᠧᠷᠢᠩ᠎ᠤᠨ ᠤᠰᠤ ᠠᠷᠪᠢᠯᠠᠬᠤ ᠬᠡᠮᠵᠢᠶ᠎ᠡ ᠵᠢ ᠦᠨᠡᠯᠡᠨ ᠵᠢᠱ᠌ᠢᠵᠦ ᠬᠢᠨᠠᠨ ᠲᠣᠭᠲᠠᠭ᠋ᠠᠬᠤ ᠵᠢ ᠨᠢᠭᠡᠨᠲᠡ ᠪᠡᠶᠡᠯᠡᠭᠦᠯᠪᠡ᠃
ᠡᠭᠦᠨ᠎ᠤ ᠬᠠᠮᠲᠤ᠂ ᠥᠪᠥᠷ ᠮᠣᠩᠭᠤᠯ ᠪᠠᠰᠠ ᠨᠡᠶ᠋ᠢᠭᠡᠮ᠎ᠤᠨ ᠬᠥᠷᠥᠩᠭᠡ ᠵᠢᠨ ᠤᠰᠤ ᠠᠷᠪᠢᠯᠠᠬᠤ᠎ᠳᠤ ᠣᠷᠣᠯᠴᠠᠬᠤ ᠵᠢ ᠰᠦᠪᠡᠭᠴᠢᠯᠡᠨ ᠠᠬᠢᠭᠤᠯᠵᠤ᠂ ᠭᠡᠷ᠎ᠡ ᠵᠢᠨ ᠤᠰᠤ ᠠᠷᠪᠢᠯᠠᠬᠤ ᠬᠠᠮᠢᠶᠠᠷᠤᠯᠲᠠ ᠵᠢᠨ ᠵᠠᠭᠪᠤᠷ᠎ᠢ ᠶᠡᠭᠡ᠎ᠪᠠᠷ ᠳᠡᠯᠭᠡᠷᠡᠭᠦᠯᠦᠨ᠂ ᠭᠡᠷ᠎ᠡ ᠵᠢᠨ ᠤᠰᠤ ᠠᠷᠪᠢᠯᠠᠬᠤ ᠬᠠᠮᠢᠶᠠᠷᠤᠯᠲᠠ ᠵᠢ ᠥᠷᠨᠢᠭᠦᠯᠵᠦ ᠪᠠᠶ᠋ᠢᠭ᠎ᠠ ᠲᠥᠷᠥᠯ ᠵᠦᠢ᠍ᠯ᠎ᠳᠤ ᠵᠣᠬᠢᠬᠤ ᠬᠡᠮᠵᠢᠶᠡᠨ᠎ᠤ ᠤᠰᠤ ᠠᠷᠪᠢᠯᠠᠬᠤ ᠨᠥᠬᠦᠪᠦᠷᠢ ᠪᠡᠯᠡ ᠮᠥᠩᠭᠦ ᠣᠯᠭᠤᠵᠤ᠂ ᠨᠡᠶ᠋ᠢᠭᠡᠮ᠎ᠤᠨ ᠬᠥᠷᠥᠩᠭᠡ ᠵᠢᠨ ᠣᠷᠤᠯᠴᠠᠬᠤ ᠢᠳᠡᠪᠬᠢᠵᠢᠯ᠎ᠢ ᠳᠠᠶ᠋ᠢᠴᠢᠯᠠᠪᠠ᠃ 2023 ᠣᠨ᠎ᠳᠤ᠂ ᠭᠡᠷ᠎ᠡ ᠲᠣᠭᠲᠠᠭᠰᠠᠨ ᠤᠰᠤ ᠠᠷᠪᠢᠯᠠᠬᠤ ᠲᠥᠷᠥᠯ ᠵᠦᠢ᠍ᠯ ᠨᠡᠶ᠋ᠢᠲᠡ 10 ᠪᠠᠶ᠋ᠢᠵᠤ᠂ ᠨᠡᠶ᠋ᠢᠭᠡᠮ᠎ᠤᠨ ᠬᠥᠷᠥᠩᠭᠡ ᠵᠢ ᠲᠡᠳᠡᠨ ᠠᠪᠴᠢᠷᠠᠵᠤ 2.35 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠵᠤ᠂ ᠠᠵᠤ ᠦᠢ᠍ᠯᠡᠳᠪᠦᠷᠢ ᠵᠢᠨ ᠬᠦᠷᠢᠶ᠎ᠡ ᠴᠠᠷᠠᠭ᠎ᠠ᠎ᠳᠤ 5 ᠵᠦᠢ᠍ᠯ᠂ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠬᠦᠷᠢᠶ᠎ᠡ ᠴᠠᠷᠠᠭ᠎ᠠ᠎ᠳᠤ 1 ᠵᠦᠢ᠍ᠯ ᠬᠤᠯᠪᠣᠭᠳᠠᠵᠠᠶ᠃

ᠶᠡᠬᠡ ᠬᠦᠯᠡᠮᠵᠢ ᠵᠢᠨ ᠳᠤᠰᠤᠯᠭ᠋ᠠᠨ ᠤᠰᠤᠯᠠᠯᠲᠠ᠃ ᠯᠢ ᠵᠢᠶᠠᠨ ᠭᠦᠸᠧ ᠰᠡᠭᠦᠲᠡᠷᠯᠡᠪᠡ
ᠥᠪᠥᠷ ᠮᠣᠩᠭᠤᠯ᠎ᠤᠨ 《ᠤᠰᠤ ᠠᠷᠪᠢᠯᠠᠬᠤ ᠵᠢᠭᠡᠯᠡᠯᠭᠡ》 ᠵᠢ ᠴᠦ᠍ ᠪᠥᠬᠦ ᠲᠠᠯ᠎ᠠ᠎ᠪᠠᠷ ᠳᠡᠯᠭᠡᠷᠡᠭᠦᠯᠵᠦ᠂ 《ᠤᠰᠤ ᠠᠷᠪᠢᠯᠠᠬᠤ ᠵᠢᠭᠡᠯᠡᠯᠭᠡ》 ᠵᠢᠨ ᠦᠢ᠍ᠯᠡᠴᠢᠯᠡᠭᠡᠨ᠎ᠤ ᠲᠠᠪᠴᠠᠩ᠎ᠢ ᠨᠡᠭᠡᠭᠡᠨ ᠬᠥᠭᠵᠢᠭᠦᠯᠬᠦ ᠪᠠ ᠪᠠᠶ᠋ᠢᠷᠢᠯᠠᠭᠤᠯᠵᠤ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠬᠤᠪᠢᠶᠠᠷᠢ ᠪᠠᠩᠬᠢ᠎ᠲᠠᠢ ᠬᠠᠮᠲᠤᠷᠠᠨ 《ᠤᠰᠤ ᠠᠷᠪᠢᠯᠠᠬᠤ ᠵᠢᠭᠡᠯᠡᠯᠭᠡ》 ᠵᠢᠨ ᠪᠠᠯᠠ ᠲᠣᠬᠢᠷᠠᠭᠤᠯᠭ᠎ᠠ ᠵᠢᠨ ᠦᠢ᠍ᠯᠡᠴᠢᠯᠡᠭᠡ ᠵᠢ ᠡᠬᠢᠯᠡᠭᠦᠯᠵᠦ᠂ ᠣᠲᠣ ᠪᠣᠯᠲᠠᠯ᠎ᠠ᠂ ᠨᠢᠭᠡᠨᠲᠡ ᠠᠵᠤ ᠠᠬᠤᠶ᠋ᠢᠯᠠᠯ᠎ᠳᠤ 6.01 ᠳ᠋ᠦᠩᠰᠢᠭᠤᠷ ᠲᠥᠭᠦᠷᠢᠭ᠎ᠤᠨ ᠪᠠᠯᠠ ᠲᠣᠬᠢᠷᠠᠭᠤᠯᠪᠠ᠃
ᠥᠪᠥᠷ ᠮᠣᠩᠭᠤᠯ᠎ᠤᠨ ᠤᠰᠤᠨ᠎ᠤ ᠡᠷᠬᠡ ᠵᠢ ᠰᠢᠯᠵᠢᠭᠦᠯᠦᠨ ᠥᠭᠬᠦ ᠤᠰᠤᠨ᠎ᠤ ᠡᠬᠢ ᠪᠠᠶᠠᠯᠢᠭ᠎ᠤᠨ ᠪᠣᠭᠤᠮᠢ ᠬᠢᠵᠠᠭ᠋ᠠᠷᠯᠠᠯ᠎ᠢ ᠨᠠᠮᠳᠠᠭᠤᠯᠵᠤ᠂ ᠬᠠᠲᠤᠨ ᠭᠤᠤᠯ ᠳᠠᠭ᠋ᠠᠤ ᠵᠢᠨ ᠠᠵᠤ ᠠᠬᠤᠶ ᠵᠢᠨ ᠪᠦᠰᠡ ᠵᠢ ᠬᠠᠮᠵᠢᠯᠴᠠᠨ ᠬᠥᠭᠵᠢᠭᠦᠯᠬᠦ ᠵᠢ ᠠᠬᠢᠭᠤᠯᠬᠤ ᠵᠢᠨ ᠬᠠᠮᠲᠤ᠂ ᠤᠰᠤᠨ ᠠᠰᠢᠭᠯᠠᠯᠲᠠ ᠵᠢᠨ ᠪᠠᠯᠠ ᠣᠷᠣᠭᠤᠯᠤᠯᠲᠠ ᠵᠢᠨ ᠠᠷᠭ᠎ᠠ ᠵᠠᠮ᠎ᠢ ᠥᠷᠭᠡᠳᠬᠡᠵᠦ᠂ ᠤᠰᠤ ᠬᠡᠷᠡᠭᠯᠡᠬᠦ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠨᠠᠩ ᠵᠢᠷᠤᠮᠵᠢᠭᠤᠯᠵᠤ᠂ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢᠨ ᠬᠢᠷᠢ ᠲᠦᠪᠰᠢᠨ᠎ᠢ ᠶᠡᠭᠡ᠎ᠪᠠᠷ ᠳᠡᠭᠡᠭᠰᠢᠯᠡᠭᠦᠯᠵᠦ᠂ ᠤᠰᠤᠯᠠᠯᠲᠠ ᠵᠢᠨ ᠣᠷᠣᠨ᠎ᠤ ᠳᠦᠷᠰᠦ ᠪᠠᠶ᠋ᠢᠳᠠᠯ ᠴᠣ᠌ ᠰᠢᠨ᠎ᠡ ᠪᠣᠯᠵᠣ᠂ ᠤᠰᠤᠯᠠᠯᠲᠠ ᠵᠢᠨ ᠣᠷᠣᠨ᠎ᠤ ᠣᠳᠣᠬᠢᠴᠢᠯᠠᠯᠲᠠ ᠵᠢᠨ ᠠᠩᠬ᠎ᠠ ᠠᠯᠬᠤᠮ᠎ᠤᠨ ᠬᠡᠪᠴᠢᠶᠡᠵᠢᠯ᠎ᠢ ᠠᠩᠬ᠎ᠠ ᠠᠯᠬᠤᠮ ᠢᠯᠡᠷᠡᠭᠦᠯᠵᠦ᠂ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠢ ᠪᠥᠲᠥᠭᠡᠨ ᠪᠠᠶ᠋ᠢᠭᠤᠯᠬᠤ᠎ᠳᠤ ᠪᠠᠲᠤ ᠪᠠᠬᠢ ᠰᠠᠭᠤᠷᠢ ᠵᠢ ᠲᠠᠯᠪᠢᠭᠰᠠᠨ ᠪᠠᠶ᠋ᠢᠨ᠎ᠠ᠃
ᠬᠥᠭᠵᠢᠭᠦᠯᠬᠦ ᠪᠣᠯ ᠬᠠᠲᠠᠭᠤ ᠶᠣᠰᠣ ᠮᠥᠨ᠂ ᠤᠰᠤᠨ᠎ᠤ ᠡᠬᠢ ᠪᠠᠶᠠᠯᠢᠭ ᠪᠣᠯ ᠬᠠᠲᠠᠭᠤ ᠬᠢᠵᠠᠭ᠋ᠠᠷᠯᠠᠯ ᠮᠥᠨ᠃ ᠥᠪᠥᠷ ᠮᠣᠩᠭᠤᠯ ᠤᠰᠤ ᠠᠷᠪᠢᠯᠠᠬᠤ ᠵᠠᠬ᠎ᠠ ᠳᠡᠯᠭᠡᠭᠦᠷ᠎ᠢ ᠶᠡᠬᠡᠪᠡᠷ ᠬᠥᠭᠵᠢᠭᠦᠯᠵᠦ᠂ ᠤᠰᠤᠨ᠎ᠤ ᠡᠷᠬᠡ ᠵᠢᠨ ᠠᠷᠠᠯᠵᠢᠶᠠᠨ᠎ᠤ ᠠᠵᠢᠯ᠎ᠢ ᠦᠷᠭᠦᠯᠵᠢᠯᠡᠨ ᠠᠬᠢᠭᠤᠯᠵᠤ᠂ 2024 ᠣᠨ᠎ᠳᠤ ᠤᠷᠢᠳᠠᠪᠠᠷ ᠰᠡᠷᠭᠦᠨ ᠮᠠᠨᠳᠤᠯᠲᠠ ᠵᠢᠨ ᠤᠰᠤᠯᠠᠯᠲᠠ ᠵᠢᠨ ᠣᠷᠣᠨ᠎ᠤ 5000 ᠲᠦᠮᠡᠨ ᠪᠣᠰᠤᠭ᠎ᠠ ᠳᠥᠷᠪᠡᠯᠵᠢᠨ ᠮᠸᠲᠷ᠎ᠤᠨ ᠤᠰᠤᠨ᠎ᠤ ᠭᠦᠢ᠍ᠴᠡᠳᠬᠡᠯ ᠲᠤᠭ᠎ᠠ ᠵᠢ ᠲᠣᠬᠢᠷᠠᠭᠤᠯᠬᠤ᠎ᠪᠠᠷ ᠴᠢᠷᠮᠠᠶ᠋ᠢᠵᠤ᠂ ᠤᠰᠤᠨ᠎ᠤ ᠡᠷᠬᠡ ᠵᠢ ᠰᠢᠯᠵᠢᠭᠦᠯᠦᠨ ᠥᠭᠬᠦ ᠵᠠᠭᠪᠤᠷ ᠵᠶ᠋ᠠᠷ ᠯᠠᠪᠯᠠᠯᠲᠠ ᠪᠣᠯᠭ᠋ᠠᠵᠤ᠂ ᠤᠯᠤᠰ᠎ᠤᠨ ᠡᠳ᠋᠎ᠤᠨ ᠵᠠᠰᠠᠭ᠎ᠤᠨ ᠪᠡᠯᠡ ᠣᠷᠣᠭᠤᠯᠤᠯᠲᠠ ᠵᠢᠨ ᠤᠰᠤᠨ᠎ᠤ ᠪᠤᠰᠤ ᠡᠷᠬᠡ ᠵᠢ ᠰᠢᠯᠵᠢᠭᠦᠯᠦᠨ ᠥᠭᠬᠦ ᠤᠰᠤ ᠠᠷᠪᠢᠯᠠᠬᠤ ᠢᠨᠵᠧᠨᠧᠷᠢᠩ᠎ᠤᠨ ᠤᠰᠤ ᠠᠷᠪᠢᠯᠠᠬᠤ ᠬᠡᠮᠵᠢᠶ᠎ᠡ ᠵᠢ ᠲᠣᠬᠢᠷᠠᠭᠤᠯᠵᠤ᠂ ᠬᠠᠲᠤᠨ ᠭᠤᠤᠯ ᠳᠠᠭ᠋ᠠᠤ ᠵᠢᠨ ᠠᠶ᠋ᠢᠮᠠᠭ ᠬᠤᠲᠠ ᠵᠢᠨ ᠬᠡᠰᠡᠭ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠤᠰᠤ ᠳᠤᠲᠠᠭᠳᠠᠵᠤ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠨ᠎ᠡ᠃ ᠭᠡᠷ᠎ᠡ ᠵᠢᠨ ᠤᠰᠤ ᠠᠷᠪᠢᠯᠠᠬᠤ ᠪᠠ 《ᠤᠰᠤ ᠠᠷᠪᠢᠯᠠᠬᠤ ᠵᠢᠭᠡᠯᠡᠯᠭᠡ》 ᠵᠢᠨ ᠦᠢ᠍ᠯᠡᠴᠢᠯᠡᠭᠡᠨ᠎ᠤ ᠵᠠᠭᠪᠤᠷ᠎ᠢ ᠢᠳᠡᠪᠬᠢᠲᠡᠶ ᠳᠡᠯᠭᠡᠷᠡᠭᠦᠯᠵᠦ᠂ ᠤᠰᠤ ᠠᠷᠪᠢᠯᠠᠬᠤ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠲᠠᠲᠠᠬᠤ ᠬᠦᠴᠦᠨ᠎ᠢ ᠲᠠᠰᠤᠷᠠᠯᠲᠠ ᠤᠢ᠍ᠭᠡᠢ ᠥᠷᠭᠡᠳᠬᠡᠨ᠎ᠡ᠃
10 ᠵᠢᠯ᠎ᠤᠨ ᠬᠤᠭᠤᠴᠠᠭ᠋ᠠᠨ᠎ᠳᠤ᠂ ᠥᠪᠥᠷ ᠮᠣᠩᠭᠤᠯ ᠤᠰᠤᠨ᠎ᠤ ᠡᠬᠢ ᠪᠠᠶᠠᠯᠢᠭ᠎ᠢ ᠰᠠᠶ᠋ᠢᠲᠤᠷ ᠬᠠᠮᠢᠶᠠᠷᠴᠤ᠂ ᠳᠤᠰᠤᠯ ᠤᠰᠤ ᠪᠦᠷᠢ ᠵᠢ ᠰᠠᠶ᠋ᠢᠲᠤᠷ ᠬᠡᠷᠡᠭᠯᠡᠨ᠂ 《ᠤᠰᠤᠨ᠎ᠤ ᠶᠠᠪᠤᠳᠠᠯ》᠎ᠢ ᠰᠠᠶ᠋ᠢᠲᠤᠷ ᠬᠢᠵᠦ᠂ ᠠᠵᠤ ᠠᠬᠤᠶ ᠥᠭᠡᠳᠡᠯᠡᠨ ᠳᠠᠪᠰᠢᠵᠤ᠂ ᠤᠰᠤᠨ᠎ᠤ ᠬᠤᠷᠤᠭᠳᠠᠯ ᠪᠠᠭᠤᠷᠠᠵᠤ᠂ ᠰᠢᠰᠲ᠋ᠧᠮ᠎ᠲᠠᠢ᠎ᠪᠠᠷ ᠤᠰᠤ ᠵᠠᠰᠠᠬᠤ ᠰᠡᠳᠬᠢᠴᠡ᠎ᠪᠠᠷ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠪᠠ᠃
《ᠥᠪᠥᠷ ᠮᠣᠩᠭᠤᠯ᠎ᠤᠨ ᠡᠳᠦᠷ᠎ᠤᠨ ᠰᠣᠨᠢᠨ》 (2024 ᠣᠨ᠎ᠤ 3 ᠳ᠋ᠤᠭ᠋ᠠᠷ ᠰᠠᠷ᠎ᠠ ᠵᠢᠨ 14᠎ᠤ ᠡᠳᠦᠷ᠎ᠤᠨ ᠬᠡᠪᠯᠡᠯ᠎ᠤᠨ 01 ᠳ᠋ᠦ᠍ᠭᠡᠷ ᠬᠡᠪᠯᠡᠯ)