3 ᠰᠠᠷ᠎ᠠ ᠵᠢᠨ 16ᠤ ᠡᠳᠦᠷ᠂ ᠪᠦᠬᠦ ᠣᠷᠣᠨᠤ ᠦᠨᠳᠦᠷ ᠪᠠᠷᠢᠮᠵᠢᠶᠠᠲᠤ ᠲᠠᠷᠢᠶᠠᠨ ᠭᠠᠵᠠᠷᠤᠨ ᠪᠦᠲᠦᠭᠡᠨ ᠪᠠᠢ᠌ᠭᠤᠯᠤᠯᠲᠠ ᠵᠢᠴᠢ ᠲᠠᠷᠢᠶᠠᠯᠠᠩᠤᠨ ᠦᠨᠳᠦᠷ ᠪᠦᠲᠦᠮᠵᠢᠲᠡᠢ ᠤᠰᠤ ᠠᠷᠪᠢᠯᠠᠬᠤ ᠲᠤᠬᠠᠢ ᠵᠢᠨ ᠲᠠᠯᠠᠪᠠᠢ ᠵᠢᠨ ᠠᠬᠢᠭᠤᠯᠬᠤ ᠬᠤᠷᠠᠯ ᠲᠦᠩᠯᠢᠶᠣᠣ ᠬᠣᠲᠠᠳᠤ ᠬᠤᠷᠠᠯᠳᠤᠪᠠ᠃
ᠥᠪᠡᠷᠲᠡᠭᠡᠨ ᠵᠠᠰᠠᠬᠤ ᠣᠷᠣᠨᠤ ᠳᠡᠳ᠋ ᠲᠡᠷᠢᠭᠦᠯᠡᠭᠴᠢ ᠳᠠᠢ᠌ᠴᠢᠨ ᠬᠤᠷᠠᠯᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ᠃
ᠬᠤᠷᠠᠯᠠᠴᠠ᠂ ᠡᠯ᠎ᠡ ᠱᠠᠲᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠦᠴᠢᠷᠤᠨᠬᠢᠨ ᠤᠯᠤᠰ ᠲᠥᠷᠥ ᠵᠣᠭᠰᠣᠴᠠᠪᠠᠨ ᠳᠡᠭᠡᠭᠰᠢᠯᠡᠭᠦᠯᠵᠦ᠂ ᠠᠵᠢᠯᠤᠨ ᠬᠠᠷᠢᠭᠤᠴᠠᠯᠭ᠎ᠠᠪᠠᠨ ᠪᠤᠲᠠᠲᠠᠢ᠌ᠵᠢᠭᠤᠯᠵᠤ᠂ ᠵᠠᠩᠭᠢᠯᠠᠭ᠎ᠠ ᠵᠢᠨ ᠴᠡᠭ ᠶᠣᠰᠤᠭ᠋ᠠᠷ ᠠᠵᠢᠯᠤᠨ ᠬᠤᠭᠤᠴᠠᠭ᠎ᠠ ᠵᠢ ᠲᠣᠩᠭᠣᠷᠤᠭᠤᠯᠤᠨ ᠵᠢᠭᠰᠠᠭ᠋ᠠᠵᠤ᠂ ᠱᠠᠯᠠᠪᠳᠠᠨ ᠠᠵᠢᠯᠯᠠᠵᠤ᠂ ᠪᠦᠲᠦᠭᠡᠨ ᠪᠠᠢ᠌ᠭᠤᠯᠬᠤ ᠬᠠᠮᠢᠶᠠᠷᠬᠤ ᠠᠵᠢᠯᠯᠠᠭᠤᠯᠬᠤ ᠵᠢ ᠨᠢᠭᠡ ᠴᠣᠭᠴᠠᠵᠢᠭᠤᠯᠬᠤ ᠪᠠ ᠠᠵᠢᠯ ᠣᠯᠭᠣᠬᠤᠪᠠᠷ ᠲᠡᠳᠬᠦᠮᠵᠢ ᠵᠢ ᠣᠷᠣᠯᠠᠭᠤᠯᠬᠤ ᠵᠡᠷᠭᠡ ᠵᠠᠭᠪᠤᠷᠢ ᠶᠡᠬᠡᠪᠠᠷ ᠳᠡᠯᠭᠡᠷᠡᠭᠦᠯᠵᠦ᠂ ᠭᠠᠵᠠᠷ ᠰᠢᠷᠤᠢ ᠵᠢ ᠦᠨᠳᠦᠷ ᠪᠦᠲᠦᠮᠵᠢᠲᠡᠢ ᠠᠰᠢᠭᠯᠠᠬᠤ ᠵᠢ ᠨᠢᠭᠡᠲᠦᠯᠲᠡᠢ ᠲᠦᠯᠦᠪᠵᠢᠭᠦᠯᠦᠨ ᠰᠠᠢ᠌ᠲᠤᠷ ᠠᠳᠬᠤᠵᠤ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷᠢ ᠪᠦᠬᠦ ᠲᠠᠯᠠᠪᠠᠷ ᠳᠡᠭᠡᠭᠰᠢᠯᠡᠭᠦᠯᠬᠦ ᠬᠡᠷᠡᠭᠲᠡᠢ᠃ ᠤᠰᠤᠨᠤ ᠡᠬᠢ ᠪᠠᠶᠠᠯᠢᠭᠢ ᠠᠷᠪᠢᠯᠠᠨ ᠠᠰᠢᠭᠯᠠᠬᠤ ᠠᠵᠢᠯᠢ ᠶᠡᠬᠡᠪᠠᠷ ᠰᠠᠢ᠌ᠲᠤᠷ ᠠᠳᠬᠤᠵᠤ᠂ ᠤᠰᠤᠨᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠬᠤ ᠵᠢ ᠶᠡᠷᠦᠩᠬᠡᠢ᠌ᠯᠡᠨ ᠵᠠᠰᠠᠬᠤ ᠵᠢ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠬᠣᠯᠪᠣᠭᠳᠠᠯ ᠪᠦᠬᠦᠢ ᠭᠣᠣᠯᠳᠠᠯᠭᠠᠲᠠᠢ ᠠᠵᠢᠯᠢ ᠰᠣᠳᠣᠯᠣᠨ ᠲᠦᠯᠦᠪᠵᠢᠭᠦᠯᠵᠦ᠂ ᠣᠨᠤ ᠡᠭᠦᠷᠭᠡ ᠵᠢ ᠴᠢᠨᠠᠷ ᠰᠠᠢ᠌ᠲᠠᠢ ᠦᠨᠳᠦᠷ ᠪᠦᠲᠦᠮᠵᠢᠲᠡᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃