3 ᠳ᠋ᠤᠭ᠋ᠠᠷ ᠰᠠᠷ᠎ᠠ ᠵᠢᠨ 19᠎ᠤ ᠡᠳᠦᠷ᠂ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠬᠠᠲᠤᠨ ᠭᠤᠤᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠤᠳᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃

ᠬᠠᠲᠤᠨ ᠭᠤᠤᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ᠂ ᠱᠧᠩ ᠰᠢᠶᠣᠣ ᠶᠢᠤ ᠬᠠᠲᠤᠨ ᠭᠤᠤᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ᠎ᠤᠨ ᠣᠶ᠋ᠢᠷ᠎ᠠ ᠵᠢᠨ ᠵᠢᠯ᠎ᠤᠨ ᠡᠯ᠎ᠡ ᠵᠦᠢ᠍ᠯ᠎ᠤᠨ ᠠᠵᠢᠯ᠎ᠤᠨ ᠢᠳᠡᠪᠬᠢᠲᠡᠶ ᠠᠬᠢᠴᠠ ᠵᠢ ᠭᠦᠢ᠍ᠴᠡᠳ ᠨᠤᠲᠠᠯᠠᠪᠠ᠃ ᠱᠧᠩ ᠰᠢᠶᠣᠣ ᠶᠢᠦ ᠴᠢᠬᠤᠯᠠᠴᠢᠯᠠᠭᠰᠠᠨ᠎ᠨᠢ᠂ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠢᠮᠠᠭᠲᠠ ᠬᠠᠲᠤᠨ ᠭᠤᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ᠎ᠤᠨ ᠡᠯ᠎ᠡ ᠵᠦᠢ᠍ᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠦᠷᠭᠦᠯᠵᠢᠯᠡᠨ ᠠᠩᠬᠠᠷᠴᠤ᠂ ᠬᠠᠮᠢᠶᠠᠷᠤᠯᠲᠠ ᠵᠢᠨ ᠲᠥᠪ᠎ᠨᠢ ᠬᠥᠬᠡᠬᠤᠲᠠ ᠪᠤᠭᠤᠲᠤ ᠬᠤᠶᠠᠷ ᠬᠤᠲᠠ ᠵᠢᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ ᠢᠳᠡᠪᠬᠢᠲᠡᠢ ᠦᠢ᠍ᠯᠡᠳᠦᠯ ᠦᠵᠡᠭᠦᠯᠵᠦ᠂ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠠᠬᠢᠴᠠ᠂ 《ᠤᠰᠤ ᠠᠷᠪᠢᠯᠠᠬᠤ ᠬᠡᠯᠪᠡᠷᠢ ᠵᠢᠨ ᠤᠰᠤᠯᠠᠯᠲᠠ ᠵᠢᠨ ᠣᠷᠣᠨ》᠎ᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠡᠷᠭᠡ ᠣᠯᠠᠨ ᠲᠠᠯ᠎ᠠ᠎ᠪᠠᠷ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠥᠬᠡᠬᠤᠲᠠ ᠪᠤᠭᠤᠲᠤ ᠬᠤᠶᠠᠷ ᠬᠤᠲᠠ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠬᠤᠪᠢ ᠨᠡᠮᠡᠷᠢ ᠦᠵᠡᠭᠦᠯᠦᠭᠰᠡᠨ ᠪᠥᠭᠡᠳ ᠰᠢᠨ᠎ᠡ ᠱᠠᠲᠤ ᠦᠶ᠎ᠡ ᠵᠢᠨ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠲᠤᠯᠭ᠋ᠠᠭᠤᠷᠢᠯᠠᠯ ᠪᠠᠲᠤᠯᠠᠭ᠎ᠠ ᠬᠠᠩᠭ᠋ᠠᠭᠰᠠᠨ ᠪᠠᠶ᠋ᠢᠨ᠎ᠠ ᠭᠡᠵᠡᠢ᠃
ᠱᠧᠩ ᠰᠢᠶᠣᠣ ᠶᠢᠥ ᠵᠢᠭ᠋ᠠᠵᠤ ᠭᠠᠷᠭ᠋ᠠᠭᠰᠠᠨ᠎ᠨᠢ᠂ ᠬᠠᠲᠤᠨ ᠭᠤᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ᠎ᠨᠢ 《ᠤᠯᠤᠰ᠎ᠤᠨ ᠶᠡᠭᠡ ᠶᠠᠪᠤᠳᠠᠯ》᠎ᠢ ᠰᠡᠳᠬᠢᠯ᠎ᠳᠡᠭᠡᠨ ᠪᠤᠳᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠬᠠᠲᠤᠨ ᠭᠤᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ᠎ᠤᠨ ᠲᠡᠦᠬᠡᠨ ᠪᠠᠶ᠋ᠢᠷᠢ ᠲᠣᠭᠲᠠᠭ᠋ᠠᠯᠲᠠ᠂ ᠭᠤᠣᠯ ᠬᠠᠷᠢᠭᠤᠴᠠᠯᠭ᠎ᠠ ᠭᠤᠣᠯ ᠠᠵᠢᠯ᠂ ᠭᠤᠣᠯᠳᠠᠯᠭ᠎ᠠ᠎ᠲᠠᠢ ᠡᠭᠦᠷᠭᠡ ᠵᠡᠷᠭᠡ ᠤᠯᠠᠨ ᠲᠠᠯ᠎ᠠ᠎ᠠᠴᠠ ᠭᠤᠣᠯ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠶᠠᠭᠤᠨ᠎ᠤ ᠡᠮᠦᠨ᠎ᠡ 《ᠶᠠᠭᠤᠨ᠎ᠳᠤ》 ᠭᠡᠳᠡᠭ᠎ᠢ ᠤᠢ᠌ᠯᠭ᠋ᠠᠬᠤ ᠬᠡᠷᠡᠭᠲᠡᠢ ᠃ ᠬᠠᠲᠤᠨ ᠭᠤᠤᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠥᠬᠡᠬᠤᠲᠠ ᠪᠤᠭᠤᠲᠤ ᠬᠤᠶᠠᠷ ᠬᠤᠲᠠ ᠠᠯᠤᠰᠯᠠᠨ ᠲᠠᠷᠢᠶᠠᠯᠠᠩ᠎ᠤᠨ ᠤᠰᠤᠯᠠᠯᠲᠠ᠂ ᠰᠥᠩ ᠬᠠᠯᠢᠶ᠎ᠠ ᠵᠢ ᠰᠡᠷᠭᠡᠶ᠋ᠢᠯᠡᠬᠦ ᠦᠶᠡᠷ᠎ᠢ ᠰᠡᠷᠭᠡᠶ᠋ᠢᠯᠡᠬᠦ᠂ ᠠᠮᠢ ᠠᠬᠤᠶ ᠵᠢᠨ ᠤᠰᠤ ᠨᠥᠬᠦᠪᠥᠷᠢᠯᠡᠬᠦ ᠵᠡᠷᠭᠡ ᠴᠢᠬᠤᠯᠠ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠨᠢᠭᠡ ᠲᠠᠯ᠎ᠠ᠎ᠪᠠᠷ ᠤᠯᠤᠰ᠎ᠢ ᠲᠥᠯᠥᠭᠡᠯᠡᠨ᠂ ᠶᠡᠷᠦᠩᠬᠡᠶ ᠬᠡᠮᠵᠢᠶ᠎ᠡ ᠵᠢ ᠡᠵᠡᠮᠳᠡᠬᠦ ᠵᠢ ᠴᠢᠩᠭ᠎ᠠ ᠬᠡᠷᠡᠭᠵᠢᠭᠦᠯᠵᠦ᠂ ᠤᠰᠤᠨ᠎ᠤ ᠭᠦᠢ᠍ᠴᠡᠳᠬᠡᠯ ᠲᠤᠭ᠎ᠠ ᠵᠢᠨ ᠤᠯᠠᠭ᠋ᠠᠨ ᠱᠤᠭᠤᠮ᠎ᠢ ᠰᠠᠬᠢᠵᠤ᠂ ᠨᠢᠭᠡ ᠲᠠᠯ᠎ᠠ᠎ᠪᠠᠷ ᠣᠯᠠᠨ ᠲᠦᠮᠡᠨ᠎ᠳᠤ ᠦᠢ᠍ᠯᠡᠴᠢᠯᠡᠨ᠂ ᠲᠠᠷᠢᠶᠠᠯᠠᠩ᠎ᠤᠨ ᠤᠰᠤᠯᠠᠯᠲᠠ ᠵᠢ ᠬᠠᠩᠭ᠋ᠠᠵᠤ᠂ ᠲᠠᠷᠢᠶᠠᠨ ᠭᠠᠵᠠᠷ᠎ᠤᠨ ᠤᠰᠤ ᠬᠡᠷᠡᠭᠯᠡᠬᠦ ᠵᠢ ᠪᠠᠲᠤᠯᠠᠪᠠ᠃ ᠭᠤᠣᠯᠳᠠᠯᠭ᠎ᠠ᠎ᠨᠢ ᠡᠷᠬᠡᠪᠰᠢ ᠤᠯᠤᠰ᠎ᠤᠨ ᠶᠡᠭᠡ ᠶᠠᠪᠤᠳᠠᠯ᠎ᠢ ᠪᠠᠲᠤ ᠴᠡᠭᠡᠵᠢᠯᠡᠵᠦ᠂ ᠠᠷᠠᠳ ᠲᠦᠮᠡᠨ᠎ᠤ ᠵᠣᠭᠰᠣᠯᠲᠠ᠎ᠳᠤ ᠪᠠᠲᠤ ᠵᠣᠭᠰᠣᠵᠤ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠤᠰᠤᠨ᠎ᠤ ᠡᠬᠢ ᠪᠠᠶᠠᠯᠢᠭ᠎ᠢ ᠨᠠᠷᠢᠨ ᠨᠢᠮᠪᠠᠢ ᠪᠤᠳᠤᠵᠤ ᠰᠠᠶ᠋ᠢᠲᠤᠷ ᠬᠡᠷᠡᠭᠯᠡᠵᠦ᠂ ᠤᠰᠤᠨ᠎ᠤ ᠡᠬᠢ ᠪᠠᠶᠠᠯᠢᠭ᠎ᠢ ᠴᠢᠩᠭ᠎ᠠ ᠨᠢᠮᠪᠠᠢ ᠰᠠᠶ᠋ᠢᠲᠤᠷ ᠬᠠᠮᠢᠶᠠᠷᠬᠤ ᠬᠡᠷᠡᠭᠲᠡᠢ᠃ ᠬᠤᠶᠠᠷ᠎ᠲᠤ᠂ 《ᠶᠠᠭᠤ ᠬᠢᠬᠦ》 ᠵᠢ ᠲᠤᠳᠣᠷᠬᠠᠶ᠋ᠢᠯᠠᠬᠤ ᠬᠡᠷᠡᠭᠲᠡᠶ᠃ ᠣᠯᠠᠨ ᠵᠢᠯ᠎ᠤᠨ ᠲᠤᠷᠰᠢᠬᠢ ᠦᠷᠭᠦᠯᠵᠢᠯᠡᠨ ᠪᠥᠲᠥᠭᠡᠨ ᠪᠠᠶ᠋ᠢᠭᠤᠯᠵᠤ ᠳᠡᠭᠡᠭᠰᠢᠯᠡᠭᠦᠯᠬᠦ᠎ᠪᠠᠷ ᠳᠡᠮᠵᠢᠨ᠂ ᠳᠦᠷᠭᠡᠨ ᠤᠰᠤᠯᠠᠯᠲᠠ ᠵᠢᠨ ᠣᠷᠣᠨ ᠨᠢᠭᠡᠨᠲᠡ ᠤᠰᠤ ᠠᠷᠪᠢᠯᠠᠬᠤ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠡᠩᠨᠡᠭᠡᠨ᠎ᠳᠤ ᠣᠷᠣᠵᠤ᠂ ᠰᠢᠨ᠎ᠡ ᠴᠠᠭ ᠦᠶ᠎ᠡ᠎ᠳᠤ ᠣᠷᠣᠪᠠᠯ᠂ ᠡᠷᠬᠡᠪᠰᠢ ᠵᠠᠮ ᠨᠡᠭᠡᠭᠡᠨ ᠤᠷᠤᠭᠰᠢᠯᠠᠵᠤ᠂ ᠰᠢᠨ᠎ᠡ ᠵᠢ ᠡᠭᠦᠳᠦᠨ ᠰᠢᠪᠲᠤᠯᠤᠯᠲᠠ ᠭᠠᠷᠭ᠋ᠠᠵᠤ᠂ ᠲᠣᠭ᠋ᠠᠴᠢᠯᠠᠯᠲᠠ᠂ ᠮᠡᠳᠡᠭᠡ ᠵᠠᠩᠭᠢᠴᠢᠯᠠᠯᠲᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠢ ᠡᠷᠲᠡᠬᠡᠨ ᠪᠠᠶ᠋ᠢᠭᠤᠯᠬᠤ ᠬᠡᠷᠡᠭᠲᠡᠶ᠃ ᠨᠢᠭᠡ᠎ᠳᠤ ᠂ᠤᠰᠤᠯᠠᠯᠲᠠ ᠵᠢᠨ ᠣᠷᠣᠨ᠎ᠢ ᠣᠯᠠᠨ ᠲᠠᠯ᠎ᠠ᠎ᠪᠠᠷ ᠬᠦᠴᠦᠯᠡᠬᠦ ᠬᠡᠷᠡᠭᠲᠡᠶ᠃ ᠤᠰᠤᠯᠠᠯᠲᠠ ᠵᠢᠨ ᠣᠷᠣᠨ᠎ᠤ ᠬᠥᠭᠵᠢᠯᠲᠡ ᠵᠢ ᠤᠯᠠᠨ ᠲᠠᠯ᠎ᠠ᠎ᠠᠴᠠ ᠪᠣᠳᠣᠯᠬᠢᠯᠠᠵᠤ᠂ ᠰᠤᠳᠤᠯᠵᠤ᠂ ᠤᠰᠤᠯᠠᠵᠤ ᠤᠰᠤ ᠵᠠᠯᠠᠬᠤ ᠦᠭᠡᠢ ᠪᠠᠶ᠋ᠢᠬᠤ ᠠᠰᠠᠭᠤᠳᠠᠯ᠎ᠢ ᠠᠯᠬᠤᠮ ᠠᠯᠬᠤᠮ ᠵᠶ᠋ᠠᠷ ᠰᠢᠢ᠍ᠳᠪᠦᠷᠢᠯᠡᠵᠦ᠂ ᠤᠰᠤᠨ᠎ᠤ ᠡᠬᠢ ᠪᠠᠶᠠᠯᠢᠭ᠎ᠢ ᠪᠦᠲᠦᠮᠵᠢᠲᠡᠢ ᠠᠰᠢᠭᠯᠠᠬᠤ ᠲᠦᠪᠰᠢᠨ᠎ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠤᠰᠤᠯᠠᠯᠲᠠ ᠵᠢᠨ ᠳᠦᠷᠢᠮ᠎ᠢ ᠲᠠᠰᠤᠷᠠᠯᠲᠠ ᠦᠭᠡᠢ ᠰᠤᠳᠤᠯᠤᠨ ᠲᠡᠭᠦᠯᠳᠡᠷᠵᠢᠭᠦᠯᠵᠦ᠂ ᠤᠰᠤᠯᠠᠯᠲᠠ ᠵᠢᠨ ᠵᠢᠱ᠌ᠢᠯᠲᠡ ᠵᠢ ᠴᠢᠩᠭ᠋ᠠᠳᠬᠠᠬᠤ ᠵᠢᠨ ᠬᠠᠮᠲᠤ ᠠᠵᠤ ᠦᠢ᠍ᠯᠡᠳᠪᠦᠷᠢ ᠲᠠᠷᠢᠶᠠᠯᠠᠩ ᠪᠣᠯᠤᠨ ᠬᠤᠲᠠ ᠵᠢᠨ ᠵᠣᠬᠢᠴᠠᠩᠭᠤᠶ ᠬᠥᠭᠵᠢᠯᠲᠡ ᠪᠣᠯᠤᠨ ᠠᠮᠢ ᠠᠬᠤᠶ ᠵᠢᠨ ᠬᠡᠷᠡᠭᠯᠡᠬᠦ ᠤᠰᠤ ᠵᠢ ᠶᠡᠷᠦᠩᠬᠡᠶ᠋ᠢᠯᠡᠨ ᠪᠣᠳᠣᠯᠬᠢᠯᠠᠵᠤ᠂ ᠡᠯ᠎ᠡ ᠲᠠᠯ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠰᠠᠶ᠋ᠢᠲᠤᠷ ᠲᠡᠩᠴᠡᠭᠦᠯᠬᠦ ᠬᠡᠷᠡᠭᠲᠡᠶ᠃ ᠬᠤᠶᠠᠷ᠎ᠲᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠤᠯᠠᠨ ᠲᠠᠯ᠎ᠠ᠎ᠠᠴᠠ ᠬᠦᠴᠦᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠬᠦ ᠬᠡᠷᠡᠭᠲᠡᠢ᠃ ᠲᠣᠭ᠋ᠠᠴᠢᠯᠠᠭᠰᠠᠨ ᠢᠬᠡᠷ᠎ᠡ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ᠎ᠪᠠᠷ ᠠᠴᠢᠶᠠᠯᠠᠪᠤᠷᠢ ᠪᠣᠯᠭ᠋ᠠᠵᠤ᠂ 《ᠬᠡᠷᠡᠭᠴᠡᠭᠡ ᠱᠠᠭ᠋ᠠᠷᠳᠠᠯᠭ᠎ᠠ᠎ᠪᠠᠷ ᠬᠥᠲᠥᠯᠥᠭᠦᠯᠬᠦ᠂ ᠬᠡᠷᠡᠭᠯᠡᠯᠲᠡ ᠵᠢ ᠳᠡᠭᠡᠳᠦᠯᠡᠬᠦ》 ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠵᠤ᠂ ᠤᠰᠤ ᠠᠷᠪᠢᠯᠠᠬᠤ ᠮᠡᠷᠭᠡᠵᠢᠯ᠂ ᠬᠡᠮᠵᠢᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠮᠡᠷᠭᠡᠵᠢᠯ᠎ᠤᠨ ᠠᠷᠭ᠎ᠠ ᠪᠠᠷᠢᠯ᠎ᠢ ᠰᠢᠨᠡᠴᠢᠯᠡᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠭᠤᠷᠪᠠ᠎ᠳᠤ᠂ ᠦᠢ᠍ᠯᠡᠴᠢᠯᠡᠭᠡᠨ᠎ᠤ ᠤᠯᠠᠨ ᠲᠠᠯ᠎ᠠ᠎ᠳᠤ ᠬᠦᠴᠦ ᠨᠡᠮᠡᠷᠢᠯᠡᠬᠦ ᠬᠡᠷᠡᠭᠲᠡᠢ᠃ ᠠᠳᠡ᠎ᠠᠴᠠ ᠠᠷᠠᠳ ᠤᠯᠠᠨ᠎ᠳᠤ ᠲᠠᠭ᠋ᠠᠰᠢᠶᠠᠭᠳᠠᠭᠰᠠᠨ ᠣᠳᠣᠬᠢᠴᠢᠯᠠᠭᠰᠠᠨ ᠤᠰᠤ ᠠᠷᠪᠢᠯᠠᠬᠤ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠪᠠᠶ᠋ᠢᠭᠤᠯᠵᠤ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠠᠬᠢᠭᠤᠯᠵᠤ᠂ ᠤᠰᠤ ᠢᠷᠡᠬᠦ ᠵᠢᠱ᠌ᠢᠯᠲᠡ ᠵᠢ ᠦᠨᠳᠦᠰᠦᠯᠡᠨ ᠨᠠᠷᠢᠯᠢᠭ ᠣᠨᠣᠴᠠᠲᠠᠶ᠎ᠪᠠᠷ ᠲᠣᠬᠢᠷᠠᠭᠤᠯᠵᠤ᠂ ᠥᠩᠭᠡᠷᠡᠭᠰᠡᠨ᠎ᠤ ᠶᠡᠭᠡ ᠤᠰᠤ᠎ᠪᠠᠷ ᠨᠡᠯᠦᠶ᠋ᠢᠲᠡᠯ᠎ᠡ ᠤᠰᠤᠯᠠᠬᠤ ᠵᠠᠭᠪᠤᠷ᠎ᠢ ᠬᠤᠪᠢᠷᠠᠭᠤᠯᠵᠤ᠂ ᠨᠡᠷ᠎ᠡ ᠨᠢᠳᠡᠷ᠎ᠲᠡᠭᠡᠨ ᠨᠡᠶ᠋ᠢᠴᠡᠭᠰᠡᠨ ᠤᠰᠤ ᠠᠷᠪᠢᠯᠠᠬᠤ ᠤᠰᠤᠯᠠᠯᠲᠠ ᠵᠢᠨ ᠣᠷᠣᠨ ᠪᠣᠯᠭ᠋ᠠᠬᠤ᠎ᠪᠠᠷ ᠲᠣᠭᠲᠠᠪᠠ᠃ ᠤᠰᠤᠨ ᠠᠰᠢᠭᠯᠠᠯᠲᠠ ᠵᠢᠨ ᠲᠢᠩᠬᠢᠮ᠎ᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠵᠦ᠂ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠪᠡᠶᠡᠯᠡᠭᠦᠯᠬᠦ ᠬᠡᠷᠡᠭᠲᠡᠢ᠃ ᠲᠦᠷᠪᠡ᠎ᠳᠤ᠂ ᠲᠦᠷᠦ ᠵᠢᠨ ᠪᠤᠳᠤᠯᠭ᠎ᠠ ᠵᠢᠨ ᠤᠯᠠᠨ ᠲᠠᠯ᠎ᠠ ᠵᠢᠨ ᠬᠦᠴᠦᠨ᠎ᠢ ᠨᠢᠭᠲᠠᠷᠠᠭᠤᠯᠬᠤ ᠬᠡᠷᠡᠭᠲᠡᠢ᠃ ᠣᠳᠣ ᠵᠢᠨ ᠪᠠᠶ᠋ᠢᠭ᠎ᠠ ᠲᠥᠷᠥ ᠵᠢᠨ ᠪᠣᠳᠣᠯᠭ᠎ᠠ ᠵᠢ ᠰᠠᠶ᠋ᠢᠲᠤᠷ ᠠᠰᠢᠭᠯᠠᠬᠤ ᠵᠢᠨ ᠬᠠᠮᠲᠤ ᠣᠷᠣᠨ ᠨᠤᠲᠤᠭ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠨᠡᠶ᠋ᠢᠲᠡᠯᠡᠭᠰᠡᠨ ᠬᠡᠷᠡᠭᠵᠢᠭᠦᠯᠵᠦ ᠪᠣᠯᠬᠤᠶ᠋ᠢᠴᠠ ᠤᠰᠤ ᠠᠷᠪᠢᠯᠠᠬᠤ ᠨᠥᠬᠦᠪᠥᠷᠢ ᠵᠢᠨ ᠲᠥᠷᠥ ᠵᠢᠨ ᠪᠣᠳᠣᠯᠭ᠎ᠠ ᠵᠢ ᠵᠣᠬᠢᠴᠠᠭᠤᠯᠵᠤ᠂ ᠬᠠᠷ᠎ᠠ ᠤᠰᠤ ᠠᠮᠢ ᠠᠬᠤᠶ ᠵᠢᠨ ᠤᠰᠤ ᠨᠥᠬᠦᠪᠥᠷᠢᠯᠡᠬᠦ ᠵᠡᠷᠭᠡ ᠶᠠᠪᠤᠳᠠᠯ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠬᠦ ᠬᠡᠷᠡᠭᠲᠡᠶ᠃ ᠭᠤᠷᠪᠠᠳᠤᠭ᠋ᠠᠷ᠎ᠲᠤ 《ᠶᠠᠭ᠋ᠠᠬᠢᠵᠤ ᠬᠢᠬᠦ》 ᠵᠢ ᠮᠡᠳᠡᠬᠦ ᠬᠡᠷᠡᠭᠲᠡᠢ᠃ ᠨᠠᠮ᠎ᠤᠨ ᠪᠠᠶ᠋ᠢᠭᠤᠯᠤᠯᠲᠠ᠎ᠪᠠᠷ ᠬᠦᠳᠦᠯᠦᠨ ᠳᠠᠭ᠋ᠠᠭᠤᠯᠵᠤ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠵᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠲᠠᠭ᠋ᠠᠬᠤ》 ᠭᠤᠣᠯ ᠰᠡᠳᠦᠪᠲᠦ ᠬᠥᠮᠦᠵᠢᠯ᠎ᠤᠨ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠬᠦ ᠬᠡᠷᠡᠭᠲᠡᠢ᠃ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠴᠢᠩᠭ᠎ᠠ ᠵᠢᠷᠤᠮᠵᠢᠭᠤᠯᠵᠤ᠂ ᠢᠯᠡ ᠲᠣᠳᠣ ᠲᠥᠪ ᠭᠣᠤᠯᠴᠢ᠂ ᠬᠠᠤᠯᠢ ᠲᠣᠭᠲᠠᠭ᠋ᠠᠯ᠎ᠳᠤ ᠨᠡᠶ᠋ᠢᠴᠡᠭᠦᠯᠬᠦ ᠬᠡᠷᠡᠭᠲᠡᠶ᠃ ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠵᠢ ᠪᠤᠢ ᠪᠣᠯᠭ᠋ᠠᠵᠤ᠂ ᠺᠠᠳ᠋ᠷ᠎ᠢ ᠰᠢᠯᠢᠨ ᠰᠣᠩᠭᠤᠵᠤ ᠲᠣᠮᠢᠯᠠᠨ ᠬᠡᠷᠡᠭᠯᠡᠬᠦ ᠵᠢ ᠦᠨᠡᠨ ᠬᠦ᠌ ᠪᠠᠲᠤᠯᠠᠵᠤ᠂ ᠪᠣᠯᠪᠠᠰᠤᠷᠠᠯ᠎ᠢ ᠴᠢᠩᠭ᠋ᠠᠳᠬᠠᠨ ᠠᠵᠢᠯᠲᠠᠨ ᠠᠵᠢᠯᠴᠢᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃ ᠠᠶᠤᠯᠭᠦᠢ ᠦᠢ᠍ᠯᠡᠳᠪᠦᠷᠢᠯᠡᠯ᠎ᠢ ᠴᠢᠩᠭ᠎ᠠ ᠠᠳᠬᠤᠵᠤ᠂ ᠠᠶᠤᠯᠭᠦᠢ ᠦᠢ᠍ᠯᠡᠳᠪᠦᠷᠢᠯᠡᠯ᠎ᠤᠨ ᠬᠤᠷᠢᠭ᠎ᠠ ᠱᠤᠭᠤᠮ᠎ᠢ ᠴᠢᠩᠭ᠎ᠠ ᠰᠠᠬᠢᠨ᠎ᠠ᠃ ᠪᠥᠬᠦ ᠣᠷᠣᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠠᠳᠬᠤᠵᠤ᠂ ᠤᠰᠤᠯᠠᠯᠲᠠ ᠵᠢᠨ ᠣᠷᠣᠨ᠎ᠤ ᠬᠠᠲᠤᠨ ᠭᠤᠤᠯ᠎ᠤᠨ ᠰᠣᠶᠣᠯ᠎ᠢ ᠭᠦᠨᠵᠡᠭᠡᠶ ᠠᠭᠤᠳᠠᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠠᠵᠢᠯ᠎ᠤᠨ ᠭᠤᠤᠯ ᠰᠢᠵᠢᠮ ᠪᠣᠯᠭ᠋ᠠᠵᠤ᠂ ᠭᠤᠤᠯ ᠠᠵᠢᠯ᠎ᠤᠨ ᠪᠥᠬᠦ ᠶᠠᠪᠤᠴᠠ᠂ ᠪᠥᠬᠦ ᠬᠦᠷᠢᠶ᠎ᠡ ᠴᠠᠷᠠᠭ᠎ᠠ ᠪᠠ ᠡᠯ᠎ᠡ ᠭᠤᠭᠴᠤᠭ᠎ᠠ᠎ᠳᠤ ᠲᠤᠭᠤᠰᠢᠯᠠᠭᠤᠯᠤᠨ᠎ᠠ ᠭᠡᠵᠡᠢ᠃