ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠨᠡᠶ᠋ᠢᠭᠡᠮ᠎ᠤᠨ ᠬᠦᠭᠵᠢᠯᠳᠡ ᠪᠠ ᠰᠠᠭᠤᠭ᠋ᠠᠯᠢ ᠠᠷᠠᠳ᠎ᠤᠨ ᠦᠢ᠍ᠯᠡᠳᠪᠦᠷᠢᠯᠡᠯ ᠠᠮᠢᠳᠣᠷᠡᠯ᠎ᠤᠨ ᠣᠷᠣᠨ ᠵᠠᠢ᠎ᠠᠴᠠ ᠵᠦᠢ ᠵᠣᠬᠢᠰᠳᠡᠢ᠎ᠪᠠᠷ ᠵᠠᠶ᠋ᠢᠯᠡᠭᠤᠯᠬᠤ ᠭᠡᠷᠡᠭᠳᠡᠢ    ᠥᠪᠥᠷ ᠮᠣᠩᠭᠤᠯ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2024-03-19

   ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠨᠵᠢᠯᠡᠬᠦ ᠤᠬᠠᠭ᠋ᠠᠨᠴᠢᠯᠠᠭᠰᠠᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢ ᠵᠢᠯᠣᠭᠤᠳᠬᠤ ᠵᠢᠨ ᠲᠥᠯᠥᠭᠡ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠥᠲᠥᠭᠡᠨ ᠪᠠᠶ᠋ᠢᠭᠤᠯᠤᠯᠲᠠ᠎ᠳᠤ ᠨᠠᠩ ᠰᠠᠶ᠋ᠢᠲᠤᠷ ᠦᠢ᠍ᠯᠡᠴᠢᠯᠡᠬᠦ ᠵᠢᠨ ᠲᠥᠯᠥᠭᠡ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠤᠨ ᠬᠥᠭᠵᠢᠯᠲᠡ ᠵᠢᠨ ᠲᠥᠯᠥᠪᠵᠢᠭᠦᠯᠭᠡ (2024 — 2035 ᠣᠨ)》 (ᠳᠣᠷᠣᠭᠰᠢ 《ᠲᠥᠯᠥᠪᠵᠢᠭᠦᠯᠭᠡ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠵᠤ᠂ ᠰᠢᠰᠲ᠋ᠧᠮ᠎ᠤᠨ ᠪᠥᠲᠥᠭᠡᠨ ᠪᠠᠶ᠋ᠢᠭᠤᠯᠤᠯᠲᠠ᠂ ᠬᠠᠮᠠᠭ᠋ᠠᠯᠠᠨ ᠰᠡᠷᠭᠦᠭᠡᠬᠦ᠂ ᠬᠠᠮᠢᠶᠠᠷᠬᠤ ᠴᠢᠳᠠᠪᠤᠷᠢ ᠵᠢ ᠳᠡᠭᠡᠭᠰᠢᠯᠡᠭᠦᠯᠬᠦ᠂ ᠠᠷᠠᠳ᠎ᠤᠨ ᠠᠮᠢᠳᠤᠷᠠᠯ᠎ᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠵᠡᠷᠭᠡ 4 ᠲᠠᠯ᠎ᠠ ᠵᠢᠨ 16 ᠵᠦᠢ᠍ᠯ᠎ᠤᠨ ᠡᠭᠦᠷᠭᠡ ᠵᠢ ᠳᠤᠷᠠᠳᠴᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠤᠨ ᠪᠥᠲᠥᠭᠡᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠦᠨ ᠠᠬᠢᠭᠤᠯᠪᠠ᠃

   ᠥᠪᠥᠷ ᠮᠣᠩᠭᠤᠯ᠎ᠤᠨ ᠭᠠᠵᠠᠷ ᠨᠤᠲᠤᠭ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠪᠠᠶ᠋ᠢᠵᠤ᠂ ᠣᠶ       ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠭᠤᠤᠯ ᠮᠥᠷᠡᠨ᠂ ᠨᠠᠭᠤᠷ ᠴᠥᠭᠦᠷᠥᠮ᠂ ᠡᠯᠡᠰᠦ ᠮᠠᠩᠬ᠎ᠠ ᠵᠡᠷᠭᠡ ᠡᠯᠪᠡᠭ ᠪᠠᠶᠠᠯᠢᠭ ᠣᠯᠠᠨ ᠶᠠᠩᠵᠤ ᠵᠢᠨ ᠪᠠᠶ᠋ᠢᠭ᠋ᠠᠯᠢ ᠵᠢᠨ ᠬᠡᠯᠪᠡᠷᠢ ᠪᠠᠶ᠋ᠢᠳᠠᠯ᠎ᠲᠠᠢ ᠪᠠᠶ᠋ᠢᠵᠤ᠂ ᠮᠠᠨ᠎ᠤ ᠤᠯᠤᠰ᠎ᠤᠨ ᠤᠮᠠᠷᠠᠲᠤ ᠵᠢᠨ ᠲᠠᠯᠠᠪᠠᠶ᠎ᠪᠠᠷ ᠬᠠᠮᠤᠭ᠎ᠤᠨ ᠶᠡᠭᠡ᠂ ᠲᠥᠷᠥᠯ ᠵᠦᠢ᠍ᠯ ᠵᠶ᠋ᠠᠷ ᠬᠠᠮᠤᠭ᠎ᠤᠨ ᠪᠦᠷᠢᠨ ᠠᠮᠢ ᠠᠬᠤᠶ ᠵᠢᠨ ᠴᠢᠳᠠᠮᠵᠢᠲᠤ ᠣᠷᠣᠨ ᠪᠣᠯᠤᠨ᠎ᠠ᠃  ᠣᠳᠣᠬᠠᠨ᠎ᠳᠤ᠂ ᠪᠥᠬᠦ ᠣᠷᠣᠨ᠎ᠳᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠢ ᠨᠡᠶ᠋ᠢᠲᠡ 380 ᠪᠠᠶ᠋ᠢᠭᠤᠯᠵᠤ᠂ ᠡᠮᠬᠢᠯᠡᠨ ᠨᠡᠶ᠋ᠢᠯᠡᠭᠦᠯᠵᠦ ᠰᠢᠯᠢᠳᠡᠭᠵᠢᠭᠦᠯᠦᠭᠰᠡᠨ᠎ᠤ ᠳᠠᠷᠠᠭ᠋ᠠᠬᠢ 289 ᠭᠠᠵᠠᠷ ᠪᠠᠶ᠋ᠢᠵᠤ᠂ ᠶᠡᠷᠦᠩᠬᠡᠶ ᠲᠠᠯᠠᠪᠠᠶ᠎ᠨᠢ 1437 ᠲᠦᠮᠡᠨ ᠾᠧᠺᠲ᠋ᠠᠷ ᠪᠠᠶ᠋ᠢᠵᠤ᠂ ᠡᠭᠦᠨ᠎ᠳᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠦᠵᠡᠮᠵᠢ ᠵᠢᠨ ᠣᠷᠣᠨ ᠵᠡᠷᠭᠡ 6 ᠲᠥᠷᠥᠯ ᠬᠡᠯᠪᠡᠷᠢ ᠪᠠᠭᠲᠠᠨ᠎ᠠ᠃ 《ᠲᠥᠯᠥᠪᠵᠢᠭᠦᠯᠭᠡ》᠎ᠨᠢ ᠥᠪᠥᠷ ᠮᠣᠩᠭᠤᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ 《ᠪᠥᠬᠦ ᠤᠯᠤᠰ᠎ᠤᠨ ᠬᠢᠯᠢ ᠠᠯᠤᠰᠯᠠᠭᠰᠠᠨ        ᠬᠠᠮᠠᠭ᠋ᠠᠯᠠᠯᠲᠠ》᠂ 《ᠤᠯᠤᠰ᠎ᠤᠨ ᠥᠮᠴᠢᠯᠡᠯᠲᠦ ᠰᠢᠭᠤᠶ᠋ᠢᠲᠤ ᠣᠷᠣᠨ᠎ᠤ ᠪᠣᠬᠢᠷᠲᠤᠯ ᠥᠬᠡᠶ ᠬᠥᠭᠵᠢᠯᠲᠡ》 ᠵᠡᠷᠭᠡ 7 ᠭᠤᠤᠯ ᠰᠡᠳᠦᠪᠲᠦ ᠥᠯᠢᠭᠡᠷ ᠳᠠᠭᠤᠷᠢᠶᠠᠯ ᠣᠷᠣᠨ᠎ᠢ ᠪᠠᠶ᠋ᠢᠭᠤᠯᠵᠤ᠂ ᠴᠡᠭ ᠵᠶ᠋ᠠᠷ ᠨᠡᠶ᠋ᠢᠳᠡᠮ᠎ᠢ ᠳᠠᠶ᠋ᠢᠴᠢᠯᠠᠨ᠂ ᠪᠦᠯᠬᠦᠮ ᠵᠣᠬᠢᠶᠠᠨ ᠪᠠᠶ᠋ᠢᠭᠤᠯᠵᠤ ᠪᠥᠬᠦ ᠣᠷᠣᠨ ᠪᠦᠰᠡ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠠᠮᠠᠭ᠋ᠠᠯᠠᠯᠲᠠ ᠬᠥᠭᠵᠢᠯᠲᠡ ᠵᠢ ᠳᠠᠶ᠋ᠢᠴᠢᠯᠠᠪᠠ᠃ 2035 ᠣᠨ ᠪᠣᠯᠬᠤ᠎ᠳᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠲᠠᠯᠠᠪᠠᠶ ᠵᠢᠨ ᠡᠵᠡᠯᠡᠬᠦ ᠬᠠᠷᠢᠴᠠᠯ᠎ᠨᠢ 12.5%᠎ᠠᠴᠠ ᠳᠡᠭᠡᠭᠰᠢ ᠪᠠᠶ᠋ᠢᠵᠤ᠂ ᠥᠨᠳᠥᠷ ᠲᠦᠪᠰᠢᠨ ᠵᠶ᠋ᠠᠷ ᠬᠠᠮᠠᠭ᠋ᠠᠯᠠᠬᠤ᠂ ᠴᠢᠨᠠᠷ ᠰᠠᠶ᠋ᠢᠲᠠᠶ ᠪᠥᠲᠥᠭᠡᠨ ᠪᠠᠶ᠋ᠢᠭᠤᠯᠬᠤ᠂ ᠥᠨᠳᠥᠷ ᠪᠠᠷᠢᠮᠵᠢᠶ᠎ᠠ᠎ᠪᠠᠷ ᠬᠠᠮᠲᠤ᠎ᠪᠠᠷ ᠡᠳ᠋ᠯᠡᠬᠦ ᠪᠥᠬᠦ ᠤᠯᠤᠰ᠎ᠤᠨ ᠵᠢᠱ᠌ᠢᠶ᠎ᠡ ᠦᠵᠡᠭᠦᠯᠬᠦ ᠠᠴᠢ ᠬᠤᠯᠪᠣᠭᠳᠠᠯ᠎ᠲᠠᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠢ ᠪᠠᠶ᠋ᠢᠭᠤᠯᠤᠨ᠎ᠠ᠃

   ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠮᠢᠶ᠎ᠠ ᠪᠥᠬᠦᠶ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ 《ᠲᠥᠯᠥᠪᠵᠢᠭᠦᠯᠭᠡ》 ᠵᠢᠨ ᠠᠩᠬ᠎ᠠ ᠡᠭᠦᠳᠦᠯᠲᠡ ᠵᠢᠨ ᠴᠢᠨᠠᠷᠲᠠᠶ᠎ᠪᠠᠷ ᠭᠤᠤᠯᠯᠠᠬᠤ ᠥᠷᠲᠡᠭ ᠪᠠ ᠬᠠᠮᠠᠭ᠋ᠠᠯᠠᠬᠤ ᠡᠲᠡᠭᠡᠳ᠎ᠲᠤ ᠰᠠᠭᠤᠷᠢᠯᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠢ ᠪᠠᠶ᠋ᠢᠭᠤᠯᠬᠤ ᠵᠠᠭᠪᠤᠷ᠎ᠢ ᠪᠠᠶ᠋ᠢᠭᠤᠯᠪᠠ᠃  ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠬᠦ ᠴᠢᠨᠠᠷᠲᠠᠶ ᠪᠠᠶ᠋ᠢᠭ᠋ᠠᠯᠢ ᠵᠢᠨ ᠠᠮᠢ ᠠᠬᠤᠶ ᠵᠢᠨ ᠰᠢᠰᠲ᠋ᠧᠮ᠂ ᠬᠣᠪᠣᠷ ᠴᠤᠬᠠᠭ ᠮᠥᠬᠥᠬᠦ ᠰᠢᠬᠠᠭᠰᠠᠨ ᠠᠮᠢᠲᠠᠨ ᠤᠷᠭᠤᠮᠠᠯ᠎ᠤᠨ ᠳᠦᠷᠰᠦ ᠪᠠ ᠦᠵᠡᠮᠵᠢ ᠵᠢᠨ ᠡᠬᠢ ᠪᠠᠶᠠᠯᠢᠭ ᠵᠡᠷᠭᠡ ᠳᠥᠷᠪᠡᠨ ᠲᠠᠯ᠎ᠠ ᠵᠢᠨ ᠣᠷᠣᠨ ᠵᠠᠶ ᠵᠢᠨ ᠲᠠᠷᠬᠠᠯᠲᠠ ᠵᠢ ᠵᠠᠳᠠᠯᠬᠤ᠎ᠪᠠᠷ ᠳᠠᠮᠵᠢᠭᠤᠯᠤᠨ᠂ ᠦᠨᠡᠯᠡᠬᠦ ᠠᠷᠭ᠎ᠠ ᠵᠢ ᠪᠠᠶ᠋ᠢᠭᠤᠯᠬᠤ ᠵᠢᠨ ᠬᠠᠮᠲᠤ ᠬᠠᠮᠠᠭ᠋ᠠᠯᠠᠬᠤ ᠴᠢᠬᠤᠯᠠᠲᠠᠢ ᠣᠷᠣᠨ ᠪᠦᠰᠡ ᠵᠢ ᠪᠣᠯᠪᠠᠰᠤᠷᠠᠭᠤᠯᠵᠤ᠂ ᠨᠡᠶ᠋ᠢᠭᠡᠮ᠎ᠤᠨ ᠬᠥᠭᠵᠢᠯᠲᠡ ᠪᠠ ᠰᠠᠭᠤᠭ᠋ᠠᠯᠢ ᠠᠷᠠᠳ᠎ᠤᠨ ᠦᠢ᠍ᠯᠡᠳᠪᠦᠷᠢᠯᠡᠯ ᠠᠮᠢᠳᠤᠷᠠᠯ᠎ᠤᠨ ᠣᠷᠣᠨ ᠵᠠᠶ ᠵᠢ ᠵᠦᠢ ᠵᠣᠬᠢᠰᠲᠠᠶ ᠵᠠᠶ᠋ᠢᠯᠠᠭᠤᠯᠤᠨ᠂ ᠣᠳᠣ ᠵᠢᠨ ᠪᠠᠶ᠋ᠢᠭ᠎ᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠡᠪᠴᠢᠶ᠎ᠡ᠂ ᠲᠠᠰ᠂ ᠲᠥᠷᠥᠯ ᠬᠡᠯᠪᠡᠷᠢ᠎ᠯᠦᠭᠡ ᠳᠠᠪᠬᠤᠴᠠᠭᠤᠯᠵᠤ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠣᠳᠣ ᠪᠠᠶ᠋ᠢᠭ᠎ᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠲᠠᠰ᠂ ᠲᠥᠷᠥᠯ ᠬᠡᠯᠪᠡᠷᠢ ᠬᠤᠪᠢᠷᠠᠭᠤᠯᠬᠤ ᠲᠥᠰᠦᠯ ᠵᠢᠴᠢ ᠰᠢᠨ᠎ᠡ ᠥᠷᠭᠡᠳᠬᠡᠨ ᠪᠠᠶ᠋ᠢᠭᠤᠯᠬᠤ ᠲᠠᠨᠢᠯᠴᠠᠭᠤᠯᠭ᠎ᠠ ᠵᠢᠨ ᠣᠷᠣᠨ᠎ᠤ ᠲᠥᠷᠥᠯ ᠬᠤᠪᠢᠶᠠᠨ ᠳᠡᠰ ᠬᠤᠪᠢᠶᠠᠨ ᠪᠦᠲᠦᠭᠡᠨ ᠪᠠᠶ᠋ᠢᠭᠤᠯᠬᠤ ᠲᠥᠰᠦᠯ᠎ᠢ ᠳᠤᠷᠠᠳᠴᠤ᠂ ᠡᠮᠬᠢᠯᠡᠨ ᠨᠡᠶ᠋ᠢᠯᠡᠭᠦᠯᠵᠦ ᠰᠢᠯᠢᠳᠡᠭᠵᠢᠭᠦᠯᠦᠭᠰᠡᠨ᠎ᠤ ᠳᠠᠷᠠᠭ᠎ᠠ ᠪᠦᠬᠦ ᠤᠯᠤᠰ᠎ᠲᠤ ᠤᠷᠢᠳᠠᠪᠠᠷ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠲᠥᠷᠥᠯ ᠬᠤᠪᠢᠶᠠᠨ ᠳᠡᠰ ᠬᠤᠪᠢᠶᠠᠬᠤ ᠰᠢᠰᠲ᠋ᠧᠮᠵᠢ ᠵᠢ       ᠪᠠᠶ᠋ᠢᠭᠤᠯᠤᠨ᠎ᠠ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠶᠠᠮᠤᠨ ᠤᠰᠤᠨ ᠠᠰᠢᠭᠯᠠᠯᠲᠠ ᠵᠢᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠤᠰᠤᠨ ᠠᠰᠢᠭᠯᠠᠯᠲᠠ ᠵᠢᠨ ᠶᠠᠮᠤᠨ 2023 ᠣᠨ᠎ᠤ ᠣᠨ᠎ᠤ ᠰᠢᠯᠭ᠋ᠠᠨ ᠬᠢᠨᠠᠵᠤ ᠱᠠᠩᠨᠠᠨ ᠬᠥᠬᠢᠭᠦᠯᠬᠦ ᠵᠢᠴᠢ ᠴᠢᠳᠠᠪᠤᠷᠢᠲᠠᠨ᠎ᠢ ᠰᠢᠯᠢᠨ ᠳᠡᠪᠰᠢᠭᠦᠯᠵᠦ ᠫᠠᠶ᠋ᠢᠰᠠ ᠣᠯᠭᠤᠬᠤ ᠶᠣᠰᠣᠯᠠᠯ ᠶᠠᠪᠤᠭᠤᠯᠪᠠ
ᠱᠧᠩ ᠰᠢᠶᠣᠣ ᠶᠢᠥ ᠬᠠᠳᠤᠨ ᠭᠤᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠤᠳᠪᠠ
ᠮᠠᠨ᠎ᠤ ᠣᠷᠣᠨ᠎ᠤ ᠴᠢᠬᠤᠯᠠ ᠡᠪᠡᠰᠦᠨ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠤᠯᠵᠠᠢ
 
            