ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠣᠶ᠋ᠢᠯᠠᠭ᠋ᠠᠭᠰᠠᠨ ᠵᠶ᠋ᠠᠷ᠂ ᠮᠠᠨ᠎ᠤ ᠣᠷᠣᠨ 2023 ᠣᠨ᠎ᠠᠴᠠ ᠴᠢᠬᠤᠯᠠ ᠡᠪᠡᠰᠦᠨ ᠦᠷ᠎ᠡ ᠵᠢᠨ ᠡᠬᠢ ᠪᠠᠶᠠᠯᠢᠭ᠎ᠢ ᠨᠡᠶ᠋ᠢᠳᠡᠮ ᠪᠠᠶ᠋ᠢᠴᠠᠭ᠋ᠠᠵᠤ ᠴᠤᠭᠯᠠᠭᠤᠯᠬᠤ ᠲᠥᠷᠥᠯ ᠵᠦᠢ᠍ᠯ᠎ᠢ ᠡᠬᠢᠯᠡᠭᠦᠯᠦᠨ ᠬᠡᠷᠡᠭᠵᠢᠭᠦᠯᠦᠭᠰᠡᠨ᠎ᠠᠴᠠ ᠨᠠᠭ᠋ᠠᠰᠢ᠂ ᠬᠥᠯᠥᠨ ᠪᠤᠶ᠋ᠢᠷ ᠬᠤᠲᠠ᠂ ᠬᠢᠩᠭ᠋ᠠᠨ ᠠᠶ᠋ᠢᠮᠠᠭ᠂ ᠲᠦᠩᠯᠢᠶᠣᠤ ᠬᠤᠲᠠ᠂ ᠰᠢᠯᠢ ᠵᠢᠨ ᠭᠤᠤᠯ ᠠᠶ᠋ᠢᠮᠠᠭ 4 ᠠᠶ᠋ᠢᠮᠠᠭ ᠬᠤᠲᠠ ᠵᠢᠨ ᠭᠠᠳᠠᠭ᠋ᠠᠳᠤ ᠦᠢ᠍ᠯᠡᠰ᠎ᠤᠨ ᠨᠡᠶ᠋ᠢᠳᠡᠮ ᠪᠠᠶ᠋ᠢᠴᠠᠭ᠋ᠠᠯᠲᠠ ᠪᠠ ᠡᠬᠢ ᠪᠠᠶᠠᠯᠢᠭ᠎ᠢ ᠴᠤᠭᠯᠠᠭᠤᠯᠬᠤ ᠡᠭᠦᠷᠭᠡ ᠵᠢ ᠨᠢᠭᠡᠨᠲᠡ ᠪᠡᠶᠡᠯᠡᠭᠦᠯᠪᠡ᠃ ᠬᠢᠶᠠᠭ ᠡᠪᠡᠰᠦ᠂ ᠶᠦᠷᠬᠦᠭ᠂ ᠬᠤᠵᠢᠷᠯᠢᠭ ᠡᠪᠡᠰᠦ᠂ ᠬᠠᠪᠳᠠᠭ᠋ᠠᠢ ᠪᠤᠷᠴᠠᠭ᠂ ᠪᠢᠰᠭᠢᠭᠦᠷ ᠡᠪᠡᠰᠦ ᠵᠢ ᠪᠠᠭᠲᠠᠭ᠋ᠠᠭᠰᠠᠨ ᠴᠢᠬᠤᠯᠠ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠢ 950 ᠬᠤᠪᠢ ᠴᠤᠭᠯᠠᠭᠤᠯᠬᠤ ᠵᠢᠨ ᠬᠠᠮᠲᠤ ᠨᠢᠭᠡᠨᠲᠡ ᠬᠢᠨᠠᠨ ᠲᠣᠭᠲᠠᠭ᠋ᠠᠵᠤ ᠦᠨᠡᠯᠡᠬᠦ ᠪᠠ ᠳᠡᠩᠰᠡᠯᠡᠵᠦ ᠬᠥᠮᠥᠷᠭᠡ᠎ᠳᠤ ᠣᠷᠣᠭᠤᠯᠬᠤ ᠠᠵᠢᠯ᠎ᠢ ᠠᠯᠬᠤᠮ ᠠᠯᠬᠤᠮ ᠵᠶ᠋ᠠᠷ ᠥᠷᠨᠢᠭᠦᠯᠪᠡ᠃
ᠲᠣᠰ ᠤᠳᠠᠭ᠋ᠠᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠴᠤᠭᠯᠠᠭᠤᠯᠤᠭᠰᠠᠨ᠎ᠨᠢ᠂ ᠥᠪᠥᠷ ᠮᠣᠩᠭᠤᠯ᠎ᠤᠨ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠤᠨ ᠲᠠᠷᠬᠠᠯᠲᠠ ᠵᠢᠨ ᠪᠠᠶ᠋ᠢᠳᠠᠯ᠂ ᠬᠦᠢ ᠵᠢᠨ ᠬᠤᠪᠢᠶᠠᠷᠢᠯᠠᠯ ᠂ ᠤᠷᠭᠤᠯᠲᠠ ᠵᠢᠨ ᠣᠷᠴᠢᠨ ᠲᠣᠭᠤᠷᠢᠨ᠂ ᠤᠷᠭᠤᠯᠲᠠ ᠵᠢᠨ ᠪᠠᠶ᠋ᠢᠳᠠᠯ᠂ ᠬᠠᠳᠠᠭ᠋ᠠᠯᠠᠵᠤ ᠪᠠᠶ᠋ᠢᠭ᠎ᠠ ᠪᠠᠶ᠋ᠢᠳᠠᠯ᠂ ᠣᠷᠴᠢᠨ ᠲᠣᠭᠤᠷᠢᠨ᠎ᠤ ᠨᠥᠯᠥᠭᠡ ᠵᠡᠷᠭᠡ ᠲᠠᠯ᠎ᠠ᠎ᠪᠠᠷ ᠬᠢᠭᠰᠡᠨ ᠨᠢᠭᠡ ᠤᠳᠠᠭ᠋ᠠᠨ᠎ᠤ ᠪᠥᠬᠦ ᠲᠠᠯ᠎ᠠ ᠵᠢᠨ ᠪᠡᠶ᠎ᠡ ᠵᠢᠨ ᠪᠠᠶ᠋ᠢᠴᠠᠭ᠋ᠠᠯᠲᠠ ᠪᠠᠶ᠋ᠢᠵᠤ᠂ ᠬᠡᠭᠡᠷ᠎ᠡ ᠵᠢᠨ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠢ ᠠᠮᠤᠷ ᠲᠦᠪᠰᠢᠨ ᠵᠶ᠋ᠠᠷ ᠬᠠᠳᠠᠭ᠋ᠠᠯᠠᠬᠤ ᠪᠠ ᠵᠦᠶ ᠵᠣᠬᠢᠰᠲᠠᠶ ᠠᠰᠢᠭᠯᠠᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠡᠨᠡ ᠬᠦ᠌ ᠠᠵᠢᠯ᠎ᠨᠢ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠪᠠ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠂ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠤ ᠢᠯᠠᠯᠲᠠ ᠵᠢ ᠣᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠣᠯᠤᠨ᠎ᠠ᠃