ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭᠯᠠᠯᠲᠠ ᠵᠢᠨ ᠶᠠᠮᠤᠨ 2023 ᠣᠨ᠎ᠤ ᠣᠨ᠎ᠤ ᠰᠢᠯᠭ᠋ᠠᠨ ᠬᠢᠨᠠᠵᠤ ᠱᠠᠩᠨᠠᠨ ᠬᠥᠬᠢᠭᠦᠯᠬᠦ ᠵᠢᠴᠢ ᠴᠢᠳᠠᠪᠤᠷᠢᠲᠠᠨ᠎ᠢ ᠰᠢᠯᠢᠨ ᠳᠡᠪᠰᠢᠭᠦᠯᠵᠦ ᠫᠠᠶ᠋ᠢᠰᠠ ᠣᠯᠭᠤᠬᠤ ᠶᠣᠰᠣᠯᠠᠯ ᠶᠠᠪᠤᠭᠤᠯᠪᠠ
ᠨᠡᠶ᠋ᠢᠲᠡᠯᠡᠭᠰᠡᠨ ᠴᠠᠭ᠄ 2024-03-19

   ᠬᠡᠯᠲᠡᠰ᠎ᠤᠨ ᠤᠳᠤᠷᠢᠳᠤᠯᠭ᠎ᠠ᠎ᠠᠴᠠ ᠬᠥᠬᠢᠭᠦᠯᠦᠭᠳᠡᠨ ᠰᠠᠶ᠋ᠢᠰᠢᠶᠠᠭᠳᠠᠭᠰᠠᠨ ᠬᠠᠮᠲᠤ ᠨᠡᠶ᠋ᠢᠲᠡ᠎ᠳᠤ ᠱᠠᠩᠨᠠᠯ᠎ᠤᠨ ᠮᠧᠳᠠᠯ ᠭᠠᠷᠳᠠᠭᠤᠯᠪᠠ


人才选拔授牌仪式1.png


   ᠬᠡᠯᠲᠡᠰ᠎ᠤᠨ ᠤᠳᠤᠷᠢᠳᠤᠯᠭ᠎ᠠ᠎ᠠᠴᠠ ᠬᠥᠬᠢᠭᠦᠯᠦᠭᠳᠡᠨ ᠰᠠᠶ᠋ᠢᠰᠢᠶᠠᠭᠳᠠᠭᠰᠠᠨ ᠬᠠᠮᠲᠤ ᠨᠡᠶ᠋ᠢᠲᠡ᠎ᠳᠤ ᠱᠠᠩᠨᠠᠯ᠎ᠤᠨ ᠮᠧᠳᠠᠯ ᠭᠠᠷᠳᠠᠭᠤᠯᠪᠠ


人才选拔授牌仪式2.png


   ᠬᠡᠯᠲᠡᠰ᠎ᠤᠨ ᠤᠳᠤᠷᠢᠳᠤᠯᠭ᠎ᠠ᠎ᠠᠴᠠ ᠭᠤᠷᠪᠠᠳᠤᠭ᠋ᠠᠷ ᠳᠡᠰ᠎ᠤᠨ ᠭᠠᠪᠢᠶ᠎ᠠ ᠲᠡᠮᠳᠡᠭᠯᠡᠭᠦᠯᠦᠭᠰᠡᠨ ᠬᠤᠪᠢ ᠬᠥᠮᠦᠨ᠎ᠳᠤ ᠱᠠᠩᠨᠠᠯ᠎ᠤᠨ ᠲᠡᠮᠳᠡᠭ ᠵᠡᠭᠦᠯᠭᠡᠵᠦ᠂ ᠦᠨᠡᠮᠯᠡᠯ ᠣᠯᠭᠤᠪᠠ


人才选拔授牌仪式3.png


   ᠬᠡᠯᠲᠡᠰ᠎ᠤᠨ ᠤᠳᠤᠷᠢᠳᠤᠯᠭ᠎ᠠ᠎ᠠᠴᠠ ᠭᠤᠷᠪᠠᠳᠤᠭ᠋ᠠᠷ ᠳᠡᠰ᠎ᠤᠨ ᠭᠠᠪᠢᠶ᠎ᠠ ᠲᠡᠮᠳᠡᠭᠯᠡᠭᠦᠯᠦᠭᠰᠡᠨ ᠬᠤᠪᠢ ᠬᠥᠮᠦᠨ᠎ᠳᠤ ᠱᠠᠩᠨᠠᠯ᠎ᠤᠨ ᠲᠡᠮᠳᠡᠭ ᠵᠡᠭᠦᠯᠭᠡᠵᠦ᠂ ᠦᠨᠡᠮᠯᠡᠯ ᠣᠯᠭᠤᠪᠠ


人才选拔授牌仪式4.png


   ᠬᠡᠯᠲᠡᠰ᠎ᠤᠨ ᠤᠳᠤᠷᠢᠳᠤᠯᠭ᠎ᠠ᠎ᠠᠴᠠ ᠭᠤᠷᠪᠠᠳᠤᠭ᠋ᠠᠷ ᠳᠡᠰ᠎ᠤᠨ ᠭᠠᠪᠢᠶ᠎ᠠ ᠲᠡᠮᠳᠡᠭᠯᠡᠬᠦ (ᠭᠠᠪᠢᠶ᠎ᠠ ᠲᠡᠮᠳᠡᠭᠯᠡ) ᠬᠤᠪᠢ ᠬᠥᠮᠦᠨ᠎ᠳᠤ ᠬᠥᠬᠢᠭᠦᠯᠦᠯ᠎ᠤᠨ ᠲᠡᠮᠳᠡᠭ ᠵᠡᠭᠦᠯᠭᠡᠵᠦ᠂ ᠦᠨᠡᠮᠯᠡᠯ ᠣᠯᠭᠤᠪᠠ


人才选拔授牌仪式5.png


   ᠶᠠᠮᠤᠨ᠎ᠤ ᠤᠳᠤᠷᠢᠳᠤᠯᠭ᠎ᠠ᠎ᠠᠴᠠ ᠤᠰᠤᠨ ᠠᠰᠢᠭᠯᠠᠯᠲᠠ ᠵᠢᠨ ᠳᠠᠭ᠋ᠠᠭᠤᠯᠤᠭᠴᠢ ᠴᠢᠳᠠᠪᠤᠷᠢᠲᠠᠨ᠎ᠳᠤ ᠦᠨᠡᠮᠯᠡᠯ ᠣᠯᠭᠤᠪᠠ


人才选拔授牌仪式6.png


   ᠶᠠᠮᠤᠨ᠎ᠤ ᠤᠳᠤᠷᠢᠳᠤᠯᠭ᠎ᠠ᠎ᠠᠴᠠ ᠤᠰᠤᠨ ᠠᠰᠢᠭᠯᠠᠯᠲᠠ ᠵᠢᠨ ᠳᠠᠭ᠋ᠠᠭᠤᠯᠤᠭᠴᠢ ᠴᠢᠳᠠᠪᠤᠷᠢᠲᠠᠨ᠂ ᠤᠰᠤᠨ ᠠᠰᠢᠭᠯᠠᠯᠲᠠ ᠵᠢᠨ ᠵᠠᠯᠠᠭᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠳᠤ ᠦᠨᠡᠮᠯᠡᠯ ᠣᠯᠭᠤᠪᠠ


人才选拔授牌仪式7.png


   ᠶᠠᠮᠤᠨ᠎ᠤ ᠤᠳᠤᠷᠢᠳᠤᠯᠭ᠎ᠠ᠎ᠠᠴᠠ ᠤᠰᠤᠨ ᠠᠰᠢᠭᠯᠠᠯᠲᠠ ᠵᠢᠨ ᠵᠠᠯᠠᠭᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠳᠤ ᠦᠨᠡᠮᠯᠡᠯ ᠣᠯᠭᠤᠪᠠ


人才选拔授牌仪式8.png


   ᠶᠠᠮᠤᠨ᠎ᠤ ᠤᠳᠤᠷᠢᠳᠤᠯᠭ᠎ᠠ᠎ᠠᠴᠠ ᠤᠰᠤᠨ ᠠᠰᠢᠭᠯᠠᠯᠲᠠ ᠵᠢᠨ ᠵᠠᠯᠠᠭᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠳᠤ ᠦᠨᠡᠮᠯᠡᠯ ᠣᠯᠭᠤᠪᠠ


人才选拔授牌仪式9.png


   ᠶᠠᠮᠤᠨ᠎ᠤ ᠤᠳᠤᠷᠢᠳᠤᠯᠭ᠎ᠠ ᠤᠰᠤᠨ ᠠᠰᠢᠭᠯᠠᠯᠲᠠ ᠵᠢᠨ ᠴᠢᠳᠠᠪᠤᠷᠢᠲᠠᠨ᠎ᠤ ᠰᠢᠨ᠎ᠡ ᠵᠢ ᠡᠭᠦᠳᠬᠦ ᠪᠦᠯᠬᠦᠮ ᠪᠠ ᠤᠰᠤᠨ ᠠᠰᠢᠭᠯᠠᠯᠲᠠ ᠵᠢᠨ ᠴᠢᠳᠠᠪᠤᠷᠢᠲᠠᠨ᠎ᠢ ᠬᠥᠮᠦᠵᠢᠭᠦᠯᠬᠦ ᠰᠠᠭᠤᠷᠢᠨ ᠭᠠᠵᠠᠷ᠎ᠲᠤ ᠫᠠᠶ᠋ᠢᠰᠠ ᠣᠯᠭᠤᠪᠠ


人才选拔授牌仪式10.png


   ᠶᠠᠮᠤᠨ᠎ᠤ ᠤᠳᠤᠷᠢᠳᠤᠯᠭ᠎ᠠ ᠤᠰᠤᠨ ᠠᠰᠢᠭᠯᠠᠯᠲᠠ ᠵᠢᠨ ᠴᠢᠳᠠᠪᠤᠷᠢᠲᠠᠨ᠎ᠢ ᠬᠥᠮᠦᠵᠢᠭᠦᠯᠬᠦ ᠰᠠᠭᠤᠷᠢᠨ ᠭᠠᠵᠠᠷ᠎ᠲᠤ ᠫᠠᠶ᠋ᠢᠰᠠ ᠣᠯᠭᠤᠪᠠ


人才选拔授牌仪式11.png


  3 ᠳ᠋ᠤᠭ᠋ᠠᠷ ᠰᠠᠷ᠎ᠠ ᠵᠢᠨ 19᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ 2023 ᠣᠨ᠎ᠤ ᠣᠨ᠎ᠤ ᠰᠢᠯᠭ᠋ᠠᠨ ᠬᠢᠨᠠᠵᠤ ᠱᠠᠩᠨᠠᠨ ᠬᠥᠬᠢᠭᠦᠯᠬᠦ ᠵᠢᠴᠢ ᠴᠢᠳᠠᠪᠤᠷᠢᠲᠠᠨ᠎ᠢ ᠰᠢᠯᠢᠨ ᠰᠣᠩᠭᠤᠬᠤ ᠶᠣᠰᠣᠯᠠᠯ ᠶᠠᠪᠤᠭᠤᠯᠪᠠ᠃ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠰᠠᠶ᠋ᠢᠳ ᠯᠢ ᠭᠦᠸᠧ ᠶᠢᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠤ᠂ ᠶᠠᠮᠤᠨ᠎ᠤ ᠤᠳᠤᠷᠢᠳᠤᠯᠭ᠎ᠠ ᠴᠧᠨ ᠮᠢᠨ᠂ ᠯᠢ ᠯᠢᠶᠠᠩ ᠱᠧᠩ ᠬᠥᠬᠢᠭᠦᠯᠦᠨ ᠰᠠᠶ᠋ᠢᠰᠢᠶᠠᠬᠤ ᠶᠣᠰᠣᠯᠠᠯ᠎ᠳᠤ ᠣᠷᠣᠯᠴᠠᠪᠠ᠃

   ᠯᠢ ᠯᠢᠶᠠᠩ ᠱᠧᠩ 《ᠤᠰᠤᠨ ᠠᠰᠢᠭᠯᠠᠯᠲᠠ ᠵᠢᠨ ᠶᠠᠮᠤᠨ᠎ᠤ ᠪᠠᠶ᠋ᠢᠭᠤᠯᠭ᠎ᠠ ᠵᠢᠨ ᠵᠤᠷᠭ᠋ᠠᠨ ᠲᠣᠪᠴᠢᠶ᠎ᠠ᠂ ᠰᠢᠭᠤᠳ ᠬᠠᠷᠢᠶ᠎ᠠ ᠨᠢᠭᠡᠴᠢ ᠪᠠ ᠶᠠᠮᠤᠨ᠎ᠤ ᠬᠠᠮᠢᠶᠠᠷᠤᠯᠲᠠ ᠵᠢᠨ ᠺᠠᠳ᠋ᠷ᠂ ᠠᠯᠪᠠᠲᠠᠨ᠎ᠤ ᠭᠠᠪᠢᠶ᠎ᠠ ᠲᠡᠮᠳᠡᠭᠯᠡᠬᠦ ᠱᠠᠩᠨᠠᠯ ᠣᠯᠭᠤᠬᠤ ᠲᠤᠬᠠᠶ ᠲᠣᠭᠲᠠᠭ᠋ᠠᠯ》 ᠪᠠ ᠤᠰᠤᠨ ᠠᠰᠢᠭᠯᠠᠯᠲᠠ ᠵᠢᠨ ᠳᠠᠭ᠋ᠠᠭᠤᠯᠤᠭᠴᠢ ᠴᠢᠳᠠᠪᠤᠷᠢᠲᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠯᠠᠭᠤ ᠴᠢᠳᠠᠪᠤᠷᠢᠲᠠᠨ᠂ ᠴᠢᠳᠠᠪᠤᠷᠢᠲᠠᠨ᠎ᠤ ᠣᠷᠣᠶ᠋ᠢᠯᠠᠭᠰᠠᠨ ᠴᠢᠳᠠᠪᠤᠷᠢᠲᠠᠨ᠂ ᠴᠢᠳᠠᠪᠤᠷᠢᠲᠠᠨ᠎ᠤ ᠰᠢᠨ᠎ᠡ ᠵᠢ ᠡᠭᠦᠳᠬᠦ ᠪᠦᠯᠬᠦᠮ ᠪᠠ ᠴᠢᠳᠠᠪᠤᠷᠢᠲᠠᠨ ᠬᠥᠮᠦᠵᠢᠭᠦᠯᠬᠦ ᠰᠠᠭᠤᠷᠢᠨ ᠭᠠᠵᠠᠷ᠎ᠢ ᠰᠢᠯᠢᠨ ᠰᠣᠩᠭᠤᠭᠰᠠᠨ ᠦᠷ᠎ᠡ ᠳ᠋ᠦᠩ᠎ᠢ ᠤᠩᠰᠢᠨ ᠨᠡᠶ᠋ᠢᠲᠡᠯᠡᠪᠡ᠃  ᠶᠠᠮᠤᠨ᠎ᠤ ᠤᠳᠤᠷᠢᠳᠤᠯᠭ᠎ᠠ ᠬᠥᠬᠢᠭᠦᠯᠦᠯ ᠭᠥᠷᠳᠡᠭᠰᠡᠨ ᠬᠠᠮᠲᠤ ᠨᠡᠶ᠋ᠢᠲᠡ᠎ᠳᠤ ᠱᠠᠩᠨᠠᠯ᠎ᠤᠨ ᠮᠧᠳᠠᠯ ᠣᠯᠭᠤᠵᠤ᠂ ᠭᠠᠪᠢᠶ᠎ᠠ ᠲᠡᠮᠳᠡᠭᠯᠡᠭᠰᠡᠳ ᠱᠠᠩᠨᠠᠯ᠎ᠤᠨ ᠲᠡᠮᠳᠡᠭ ᠵᠡᠭᠦᠵᠦ᠂ ᠦᠨᠡᠮᠯᠡᠯ ᠣᠯᠭᠤᠵᠤ᠂ ᠤᠰᠤᠨ ᠠᠰᠢᠭᠯᠠᠯᠲᠠ ᠵᠢᠨ ᠳᠠᠭ᠋ᠠᠭᠤᠯᠤᠭᠴᠢ ᠴᠢᠳᠠᠪᠤᠷᠢᠲᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠯᠠᠭᠤ ᠴᠢᠳᠠᠪᠤᠷᠢᠲᠠᠨ᠎ᠳᠤ ᠦᠨᠡᠮᠯᠡᠯ ᠣᠯᠭᠤᠵᠤ᠂ ᠴᠢᠳᠠᠪᠤᠷᠢᠲᠠᠨ᠎ᠤ ᠰᠢᠨ᠎ᠡ ᠵᠢ ᠡᠭᠦᠳᠬᠦ ᠪᠦᠯᠬᠦᠮ ᠨᠡᠶ᠋ᠢᠲᠡ ᠪᠠ ᠴᠢᠳᠠᠪᠤᠷᠢᠲᠠᠨ᠎ᠢ ᠬᠥᠮᠦᠵᠢᠭᠦᠯᠬᠦ ᠰᠠᠭᠤᠷᠢᠨ ᠭᠠᠵᠠᠷ᠎ᠲᠤ ᠫᠠᠶ᠋ᠢᠰᠠ ᠣᠯᠭᠤᠪᠠ᠃ ᠱᠠᠩᠨᠠᠯ ᠣᠯᠤᠭᠰᠠᠨ ᠲᠥᠯᠥᠭᠡᠯᠡᠭᠴᠢ ᠪᠣᠯᠤᠨ ᠤᠰᠤᠨ ᠠᠰᠢᠭᠯᠠᠯᠲᠠ ᠵᠢᠨ ᠴᠢᠳᠠᠪᠤᠷᠢᠲᠠᠨ᠎ᠤ ᠲᠥᠯᠥᠭᠡᠯᠡᠭᠴᠢ ᠦᠭᠡ ᠬᠡᠯᠡᠪᠡ᠃

   ᠯᠢ ᠭᠦᠸᠧ ᠶᠢᠩ ᠵᠢᠭ᠋ᠠᠵᠤ ᠭᠠᠷᠭ᠋ᠠᠭᠰᠠᠨ᠎ᠨᠢ᠂ 2023 ᠣᠨ᠎ᠳᠤ᠂ ᠶᠡᠷᠦᠩᠬᠡᠢ ᠱᠦᠵᠢ ᠰᠢ ᠵᠢᠨ ᠫᠢᠩ ᠠᠶᠠᠯᠠᠯ᠎ᠢ ᠳᠠᠭ᠋ᠠᠭᠤᠯᠤᠨ ᠵᠠᠯᠠᠭᠤᠷ᠎ᠢ ᠠᠳᠬᠤᠵᠤ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠭᠡᠨ ᠤᠯᠠᠨ ᠤᠰᠤᠨ ᠠᠰᠢᠭᠯᠠᠯᠲᠠ ᠵᠢᠨ ᠺᠠᠳ᠋ᠷ ᠠᠵᠢᠯᠳᠠᠨ ᠬᠠᠷᠠᠯᠲᠠ ᠡᠭᠦᠷᠭᠡ᠎ᠪᠠᠨ ᠲᠣᠭᠲᠠᠭ᠋ᠠᠵᠤ᠂ ᠡᠭᠦᠷᠭᠡ ᠬᠠᠷᠢᠭᠤᠴᠠᠯᠭ᠎ᠠ᠎ᠪᠠᠨ ᠢᠳᠡᠪᠬᠢᠲᠡᠢ ᠭᠦᠢ᠍ᠴᠡᠳᠬᠡᠵᠦ᠂ ᠡᠷᠡᠯᠬᠡᠭᠯᠡᠨ ᠤᠷᠤᠭᠰᠢᠯᠠᠵᠤ᠂ ᠵᠣᠷᠢᠭᠲᠠᠢ᠎ᠪᠠᠷ ᠴᠢᠳᠠᠮᠠᠭ᠋ᠠᠢ ᠠᠵᠢᠯᠯᠠᠵᠤ᠂ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠴᠢᠬᠤᠯᠠ ᠶᠡᠭᠡ ᠢᠯᠠᠯᠲᠠ ᠵᠢ ᠲᠡᠮᠡᠴᠡᠨ ᠣᠯᠵᠤ᠂ ᠤᠰᠤᠨ ᠠᠰᠢᠭᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢᠨ ᠰᠢᠨ᠎ᠡ ᠲᠡᠮᠳᠡᠭᠯᠡᠯ᠎ᠢ ᠡᠭᠦᠳᠴᠦ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠰᠢᠨ᠎ᠡ ᠠᠬᠢᠴᠠ ᠵᠢ ᠣᠯᠵᠤ᠂ ᠣᠨ᠎ᠤ ᠬᠠᠷᠠᠯᠲᠠ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠤᠰᠤᠨ ᠠᠰᠢᠭᠯᠠᠯᠲᠠ ᠵᠢᠨ ᠬᠥᠮᠦᠨ᠎ᠤ ᠤᠯᠤᠰ ᠲᠦᠷᠦ ᠵᠢᠨ ᠤᠤᠷ ᠴᠢᠨᠠᠷ᠂ ᠢᠲᠡᠭᠡᠯ ᠪᠢᠰᠢᠷᠡᠯ᠂ ᠰᠢᠯᠢᠳᠡᠭ ᠰᠤᠷᠲᠠᠯ᠎ᠢ ᠭᠦᠢ᠍ᠴᠡᠳ ᠢᠯᠡᠷᠡᠭᠦᠯᠵᠡᠢ᠃  ᠬᠥᠬᠢᠭᠦᠯᠦᠭᠳᠡᠨ ᠰᠠᠶ᠋ᠢᠰᠢᠶᠠᠭᠳᠠᠭᠰᠠᠨ ᠬᠠᠮᠲᠤ ᠨᠡᠶ᠋ᠢᠳᠡ᠂ ᠬᠤᠪᠢ ᠬᠥᠮᠦᠨ ᠪᠠ ᠰᠣᠩᠭᠤᠨ ᠭᠠᠷᠭ᠋ᠠᠭᠰᠠᠨ ᠤᠰᠤᠨ ᠠᠰᠢᠭᠯᠠᠯᠲᠠ ᠵᠢᠨ ᠴᠢᠳᠠᠪᠤᠷᠢᠲᠠᠨ᠂ ᠪᠦᠯᠬᠦᠮ᠂ ᠰᠠᠭᠤᠷᠢᠨ ᠭᠠᠵᠠᠷ᠎ᠨᠢ ᠢᠷᠠᠭᠤ ᠠᠯᠳᠠᠷ ᠵᠶ᠋ᠠᠨ ᠨᠠᠨᠳᠢᠩᠨᠠᠨ᠂ ᠴᠢᠷᠮᠠᠶ᠋ᠢᠭᠰᠠᠨ ᠳᠡᠭᠡᠷ᠎ᠡ᠎ᠪᠠᠨ ᠴᠢᠷᠮᠠᠶ᠋ᠢᠵᠤ᠂ ᠵᠢᠱ᠌ᠢᠶ᠎ᠡ ᠦᠵᠡᠭᠦᠯᠦᠨ ᠳᠠᠭ᠋ᠠᠭᠤᠯᠬᠤ ᠦᠢ᠍ᠯᠡᠳᠦᠯ ᠵᠶ᠋ᠠᠨ ᠦᠷᠭᠦᠯᠵᠢᠯᠡᠨ ᠪᠠᠳᠠᠷᠠᠭᠤᠯᠵᠤ᠂ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠶ᠋ᠢᠨ᠎ᠠ ᠭᠡᠵᠡᠢ᠃

   ᠯᠢ ᠭᠦᠸᠧ ᠶᠢᠩ ᠴᠢᠬᠤᠯᠠᠴᠢᠯᠠᠭᠰᠠᠨ᠎ᠨᠢ᠂ ᠥᠷᠭᠡᠨ ᠣᠯᠠᠨ ᠤᠰᠤᠨ ᠠᠰᠢᠭᠯᠠᠯᠲᠠ ᠵᠢᠨ ᠺᠠᠳ᠋ᠷ ᠠᠵᠢᠯᠲᠠᠨ ᠠᠵᠢᠯᠴᠢᠨ ᠤᠯᠤᠰ ᠲᠥᠷᠥ ᠵᠢᠨ ᠵᠢᠯᠣᠭᠤᠳᠤᠮᠵᠢ᠎ᠪᠠᠨ ᠦᠷᠭᠦᠯᠵᠢᠯᠡᠨ ᠴᠢᠩᠭ᠋ᠠᠳᠬᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠠᠨ ᠨᠢᠭᠡᠳᠬᠡᠨ ᠰᠦᠭ ᠰᠦᠨᠡᠰᠦ᠎ᠪᠠᠨ ᠱᠤᠭᠤᠬᠤ ᠵᠢ ᠴᠥᠬᠦᠷᠡᠰᠢ ᠥᠬᠡᠶ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠤᠰᠤ ᠵᠢ ᠵᠠᠰᠠᠬᠤ ᠰᠡᠳᠬᠢᠴᠡ ᠪᠣᠯᠤᠨ ᠤᠰᠤ ᠵᠢ ᠵᠠᠰᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠡᠷᠡᠰ ᠭᠤᠶ᠋ᠢᠪᠢᠰᠢ ᠥᠬᠡᠶ ᠦᠢ᠍ᠯᠡᠳᠦᠯᠭᠡᠵᠢᠭᠦᠯᠵᠦ᠂ ᠤᠰᠤᠨ ᠠᠰᠢᠭᠯᠠᠯᠲᠠ ᠵᠢᠨ ᠠᠵᠢᠯ᠎ᠤᠨ ᠢᠮᠠᠭᠲᠠ ᠶᠡᠷᠦᠩᠬᠡᠶ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠠᠷ ᠤᠷᠤᠭᠰᠢᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃  ᠲᠡᠮᠡᠴᠡᠯ᠎ᠤᠨ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠥᠲᠥᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠥᠬᠦ ᠲᠠᠯ᠎ᠠ᠎ᠪᠠᠷ ᠠᠬᠢᠭᠤᠯᠬᠤ᠎ᠳᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠬᠤ ᠶᠡᠷᠦᠩᠬᠡᠶ ᠬᠠᠷᠠᠯᠲᠠ᠎ᠪᠠᠨ ᠲᠣᠭᠲᠠᠭ᠋ᠠᠵᠤ᠂ ᠡᠷᠴᠢ ᠵᠣᠷᠢᠭ ᠵᠶ᠋ᠠᠨ ᠬᠥᠪᠴᠢᠯᠡᠨ᠂ ᠡᠷᠡᠯᠬᠡᠭᠯᠡᠨ       ᠤᠷᠤᠭᠰᠢᠯᠠᠵᠤ᠂ ᠡᠯ᠎ᠡ ᠵᠦᠢ᠍ᠯ᠎ᠤᠨ ᠤᠰᠤᠨ ᠠᠰᠢᠭᠯᠠᠯᠲᠠ ᠵᠢᠨ ᠠᠵᠢᠯ᠎ᠢ ᠨᠠᠩ ᠪᠣᠳᠠᠲᠠᠶ ᠨᠠᠩ ᠰᠠᠶ᠋ᠢᠲᠤᠷ ᠠᠳᠬᠤᠬᠤ ᠬᠡᠷᠡᠭᠲᠡᠶ ᠭᠡᠵᠦ ᠱᠠᠭ᠋ᠠᠷᠳᠠᠪᠠ᠃  ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠤᠯᠤᠰ ᠲᠦᠷᠦ ᠵᠢᠨ ᠴᠢᠳᠠᠪᠤᠷᠢ᠂ ᠰᠡᠳᠬᠢᠬᠦᠢ ᠵᠢᠨ ᠴᠢᠳᠠᠪᠤᠷᠢ᠂ ᠦᠢ᠍ᠯᠡᠳᠦᠯᠭᠡ ᠵᠢᠨ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠬᠤ ᠵᠢ ᠬᠡᠷᠡᠭᠵᠢᠭᠦᠯᠦᠭᠴᠢ ᠪᠠ ᠠᠵᠢᠯᠯᠠᠭ᠎ᠠ ᠵᠢᠨ ᠪᠦᠯᠦᠭᠲᠡᠨ ᠪᠣᠯᠬᠤ ᠬᠡᠷᠡᠭᠲᠡᠢ᠃ ᠠᠷᠢᠭᠤᠨ ᠴᠢᠬᠡᠴᠢ ᠤᠤᠷ ᠴᠢᠨᠠᠷ ᠵᠶ᠋ᠠᠨ ᠡᠭᠦᠷᠢᠳᠡ ᠪᠠᠲᠤᠯᠠᠵᠤ᠂ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣ ᠲᠦᠷᠢᠮ ᠭᠡᠬᠦ ᠡᠨᠡ ᠬᠦ᠌ ᠬᠥᠪᠴᠢ ᠵᠢ ᠴᠠᠭ ᠢᠮᠠᠭᠲᠠ ᠴᠢᠩᠭ᠋ᠠᠯᠠᠵᠤ᠂ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠦᠢ᠍ᠯᠡᠳᠦᠯᠭᠡ ᠳᠤᠮᠳᠠ ᠥᠪᠡᠷ᠎ᠤᠨ ᠪᠡᠶ᠎ᠡ᠎ᠳᠡᠭᠡᠨ ᠲᠦᠢ᠍ᠯᠪᠤᠷᠢᠲᠠᠢ ᠬᠤᠪᠢᠰᠬᠠᠯ ᠬᠢᠬᠦ ᠵᠣᠷᠢᠭ ᠰᠠᠨᠠᠭ᠎ᠠ ᠵᠢ ᠪᠠᠳᠠᠷᠠᠭᠤᠯᠵᠤ᠂ ᠢᠯᠵᠢᠷᠡᠯ᠎ᠢ ᠡᠰᠡᠷᠭᠦᠴᠡᠵᠦ ᠬᠤᠪᠢᠷᠠᠬᠤ ᠵᠢ ᠰᠡᠷᠭᠡᠶ᠋ᠢᠯᠡᠬᠦ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠡᠢ᠃

 

ᠢᠷᠡᠯᠲᠡ᠄ ᠤᠰᠤᠨ ᠠᠰᠢᠭᠯᠠᠯᠲᠠ ᠵᠢᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠱᠧᠩ ᠰᠢᠶᠣᠣ ᠶᠢᠥ ᠬᠠᠳᠤᠨ ᠭᠤᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠤᠳᠪᠠ
ᠮᠠᠨ᠎ᠤ ᠣᠷᠣᠨ᠎ᠤ ᠴᠢᠬᠤᠯᠠ ᠡᠪᠡᠰᠦᠨ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠤᠯᠵᠠᠢ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ ᠪᠠᠶᠠᠨᠨᠠᠭᠤᠷ᠎ᠲᠤ 《ᠬᠠᠲᠤᠨ ᠭᠤᠤᠯ᠎ᠤᠨ ᠰᠣᠶᠣᠯ᠎ᠢ ᠤᠯᠠᠮᠵᠢᠯᠠᠨ ᠪᠠᠳᠠᠷᠠᠭᠤᠯᠵᠤ ᠤᠮᠠᠷᠠᠲᠤ ᠬᠢᠯᠢ ᠵᠢᠨ ᠰᠣᠶᠣᠯ᠎ᠤᠨ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠬᠤ》 ᠶᠠᠷᠢᠯᠴᠠᠬᠤ ᠬᠤᠷᠠᠯ ᠬᠤᠷᠠᠯᠳᠤᠭᠤᠯᠪᠠ
ᠤᠰᠤᠨ᠎ᠤ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠰᠢᠭᠯᠠᠬᠤ ᠵᠢ ᠪᠥᠬᠦ ᠲᠠᠯ᠎ᠠ᠎ᠪᠠᠷ ᠠᠬᠢᠭᠤᠯᠵᠤ ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠨ᠎ᠠ
 
            