ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭᠯᠠᠯᠲᠠ ᠵᠢᠨ ᠶᠠᠮᠤᠨ ᠤᠰᠤᠨ ᠠᠰᠢᠭᠯᠠᠯᠲᠠ ᠵᠢᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-03-19

  3 ᠳ᠋ᠤᠭ᠋ᠠᠷ ᠰᠠᠷ᠎ᠠ ᠵᠢᠨ 18᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ ᠤᠰᠤᠨ ᠠᠰᠢᠭᠯᠠᠯᠲᠠ ᠵᠢᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠵᠤ᠂ 2023 ᠣᠨ᠎ᠤ ᠤᠰᠤᠨ ᠠᠰᠢᠭᠯᠠᠯᠲᠠ ᠵᠢᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠵᠢᠯ᠎ᠢ ᠡᠷᠭᠢᠴᠡᠭᠦᠯᠦᠨ ᠳ᠋ᠦᠩᠨᠡᠵᠦ᠂ 2024 ᠣᠨ᠎ᠤ ᠭᠤᠣᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ᠃ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ ᠯᠢ ᠯᠢᠶᠠᠩ ᠱᠧᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

   ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ 2023 ᠣᠨ᠎ᠳᠤ᠂ ᠤᠰᠤᠨ ᠠᠰᠢᠭᠯᠠᠯᠲᠠ ᠵᠢᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠵᠢᠯ᠎ᠨᠢ ᠭᠤᠣᠯᠳᠠᠯᠭ᠎ᠠ ᠵᠢᠨ ᠲᠣᠭᠤᠷᠢᠨ᠎ᠳᠤ ᠶᠡᠭᠡ ᠲᠠᠯ᠎ᠠ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠤᠨᠤᠯ ᠵᠶ᠋ᠠᠷ ᠵᠡᠪᠰᠡᠭᠯᠡᠬᠦ ᠠᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠵᠤ᠂ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ ᠵᠢ ᠥᠷᠭᠡᠨ ᠵᠶ᠋ᠠᠷ        ᠪᠠᠳᠠᠷᠠᠭᠤᠯᠵᠤ᠂ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠰᠢᠨ᠎ᠡ ᠰᠤᠷᠲᠠᠯ ᠲᠥᠪ ᠰᠤᠷᠲᠠᠯ ᠲᠠᠰᠤᠷᠠᠯᠲᠠ ᠦᠭᠡᠢ ᠪᠠᠳᠠᠷᠠᠵᠤ᠂ ᠤᠰᠤᠨ ᠠᠰᠢᠭᠯᠠᠯᠲᠠ ᠵᠢᠨ ᠤᠶᠤᠨ᠎ᠤ ᠪᠣᠯᠪᠠᠰᠤᠨ᠎ᠢ ᠡᠭᠦᠳᠦᠨ ᠪᠠᠶ᠋ᠢᠭᠤᠯᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠪᠠ ᠭᠡᠵᠡᠢ᠃

   ᠬᠤᠷᠠᠯ᠎ᠠᠴᠠ ᠴᠢᠬᠤᠯᠠᠴᠢᠯᠠᠭᠰᠠᠨ᠎ᠨᠢ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠲᠤᠬᠠᠢ ᠠᠯᠢ ᠤᠯᠠᠨ ᠰᠢᠨ᠎ᠡ ᠴᠢᠬᠤᠯᠠ ᠥᠭᠦᠯᠡᠯᠲᠡ ᠬᠢᠵᠦ᠂ ᠮᠠᠰᠢ ᠤᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠵᠢ ᠳᠤᠷᠠᠳᠴᠤ᠂ ᠰᠢᠨ᠎ᠡ ᠴᠠᠭ ᠦᠶ᠎ᠡ ᠵᠢᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠵᠢᠯ᠎ᠢ ᠰᠠᠶ᠋ᠢᠵᠢᠷᠠᠭᠤᠯᠤᠨ ᠰᠢᠨ᠎ᠡ ᠵᠢ ᠡᠭᠦᠳᠬᠦ᠎ᠳᠤ ᠦᠨᠳᠦᠰᠦᠨ ᠵᠢᠷᠤᠮᠯᠠᠯ ᠪᠠ ᠠᠵᠢᠯᠯᠠᠭ᠋ᠠᠨ᠎ᠤ ᠵᠦᠭᠯᠡᠭᠦᠷ ᠬᠠᠩᠭ᠋ᠠᠪᠠ᠃ 《ᠬᠤᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠤᠯᠤᠰ ᠲᠦᠷᠦ ᠵᠢᠨ ᠦᠨᠳᠦᠷᠴᠡ᠎ᠠᠴᠠ ᠤᠰᠤᠨ ᠠᠰᠢᠭᠯᠠᠯᠲᠠ ᠵᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠲᠤᠭᠤᠰᠢᠲᠠᠢ ᠠᠳᠬᠤᠵᠤ᠂ ᠤᠰᠤᠨ ᠠᠰᠢᠭᠯᠠᠯᠲᠠ ᠵᠢᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠵᠢᠯ᠎ᠤᠨ ᠪᠣᠳᠠᠲᠤ ᠦᠷ᠎ᠡ ᠪᠦᠲᠦᠮᠵᠢ ᠪᠣᠯᠤᠨ ᠪᠦᠬᠦᠯᠢ ᠴᠣᠭᠴᠠ ᠵᠢᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃

   ᠬᠤᠷᠠᠯ᠎ᠠᠴᠠ ᠴᠢᠬᠤᠯᠠᠴᠢᠯᠠᠭᠰᠠᠨ᠎ᠨᠢ᠂ ᠰᠡᠳᠬᠢᠯ ᠨᠢᠭᠡᠳᠦᠨ ᠰᠦᠭ ᠰᠦᠨᠡᠰᠦ ᠵᠢ ᠱᠤᠭᠤᠬᠤ ᠵᠢ ᠴᠢᠩᠭ᠋ᠠᠳᠬᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠤᠰᠤᠨ ᠠᠰᠢᠭᠯᠠᠯᠲᠠ ᠵᠢᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠵᠢᠯ᠎ᠢ ᠶᠡᠷᠦᠩᠬᠡᠶ᠋ᠢᠯᠡᠨ ᠵᠢᠯᠣᠭᠤᠳᠴᠤ᠂ ᠶᠡᠷᠦᠩᠬᠡᠢ ᠱᠦᠵᠢ ᠰᠢ ᠵᠢᠨ ᠫᠢᠩ᠎ᠤᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠢ ᠵᠢ ᠲᠡᠩᠴᠡᠭᠦᠷᠢᠲᠡᠢ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ》 ᠤᠰᠤ ᠵᠢ ᠵᠠᠰᠠᠬᠤ ᠰᠡᠳᠬᠢᠴᠡ ᠪᠣᠯᠤᠨ ᠤᠰᠤ ᠵᠢ ᠵᠠᠰᠠᠬᠤ ᠲᠤᠬᠠᠢ ᠴᠢᠬᠤᠯᠠ ᠥᠭᠦᠯᠡᠯᠲᠡ ᠵᠢ ᠴᠢᠨᠠᠭᠰᠢᠳᠠ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠤᠰᠤᠨ ᠠᠰᠢᠭᠯᠠᠯᠲᠠ ᠵᠢᠨ ᠰᠢᠰᠲ᠋ᠧᠮ᠎ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠬᠦ ᠵᠢ ᠠᠬᠢᠭᠤᠯᠬᠤ ᠬᠡᠷᠡᠭᠲᠡᠢ᠃  ᠠᠭᠤᠰᠤᠯᠴᠠᠨ ᠤᠯᠠᠷᠢᠭᠤᠯᠬᠤ ᠵᠢ ᠠᠬᠢᠭᠤᠯᠵᠤ᠂ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ ᠵᠢ ᠥᠷᠭᠡᠨ ᠵᠶ᠋ᠠᠷ ᠦᠢ᠍ᠯᠡᠳᠦᠯᠭᠡᠵᠢᠭᠦᠯᠵᠦ᠂ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢᠨ ᠦᠢ᠍ᠯᠡᠳᠦᠯ᠎ᠢ ᠪᠠᠳᠠᠷᠠᠭᠤᠯᠵᠤ᠂ ᠺᠠᠳ᠋ᠷ ᠠᠵᠢᠯᠳᠠᠨ ᠠᠵᠢᠯᠴᠢᠨ᠎ᠤ ᠦᠵᠡᠯ ᠰᠠᠨᠠᠭ᠎ᠠ ᠶᠣᠰᠣ ᠰᠤᠷᠲᠠᠬᠤᠨ᠎ᠤ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠬᠡᠷᠡᠭᠲᠡᠢ᠃ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠵᠢ ᠪᠠᠷᠢᠮᠲᠠᠯᠠᠵᠤ᠂ ᠤᠯᠠᠨ ᠲᠦᠮᠡᠨᠴᠢ ᠴᠢᠨᠠᠷᠲᠠᠢ ᠤᠶᠤᠨ᠎ᠤ ᠪᠣᠯᠪᠠᠰᠤᠨ᠎ᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠰᠠᠶ᠋ᠢᠵᠢᠷᠠᠭᠤᠯᠤᠨ ᠰᠢᠨᠡᠴᠢᠯᠡᠵᠦ᠂ 《ᠪᠦᠬᠦ ᠤᠯᠤᠰ᠎ᠤᠨ ᠪᠣᠯᠪᠠᠰᠤᠨ ᠨᠢᠭᠡᠴᠢ》᠂ 《ᠪᠦᠬᠦ ᠤᠯᠤᠰ᠎ᠤᠨ ᠤᠰᠤᠨ ᠠᠰᠢᠭᠯᠠᠯᠲᠠ ᠵᠢᠨ ᠪᠣᠯᠪᠠᠰᠤᠨ ᠨᠢᠭᠡᠴᠢ》 ᠵᠢ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ ᠪᠠ ᠲᠠᠬᠢᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠥᠷᠨᠢᠭᠦᠯᠵᠦ᠂ ᠤᠰᠤᠨ ᠠᠰᠢᠭᠯᠠᠯᠲᠠ ᠵᠢᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠦᠯᠦ ᠮᠡᠳᠡᠭᠳᠡᠬᠦ ᠵᠢ ᠴᠢᠬᠤᠯᠠᠴᠢᠯᠠᠵᠤ᠂ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠰᠠᠶ᠋ᠢᠨ ᠰᠠᠶ᠋ᠢᠬᠠᠨ ᠪᠣᠯᠪᠠᠰᠤᠨ ᠬᠡᠪ ᠰᠤᠷᠲᠠᠯ᠎ᠢ ᠪᠤᠶ᠋ᠢᠵᠢᠭᠤᠯᠤᠨ ᠬᠠᠮᠠᠭ᠋ᠠᠯᠠᠵᠤ᠂ ᠤᠰᠤᠨ ᠠᠰᠢᠭᠯᠠᠯᠲᠠ ᠵᠢᠨ ᠠᠷᠢᠭᠤᠨ ᠴᠢᠬᠡᠴᠢ ᠰᠣᠶᠣᠯ᠎ᠢ ᠢᠳᠡᠪᠬᠢᠲᠡᠢ ᠪᠤᠶ᠋ᠢᠵᠢᠭᠤᠯᠵᠤ᠂ ᠰᠦᠯᠵᠢᠶᠡᠨ᠎ᠤ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ       ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠬᠤ ᠵᠢ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠵᠢᠯ᠎ᠤᠨ ᠬᠠᠷᠢᠭᠤᠴᠠᠯᠭ᠎ᠠ ᠵᠢ ᠴᠢᠩᠭ᠎ᠠ ᠪᠣᠳᠠᠲᠠᠢ ᠨᠠᠶ᠋ᠢᠳᠠᠪᠤᠷᠢᠵᠢᠭᠤᠯᠵᠤ᠂ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠵᠢᠯ᠎ᠢ ᠡᠯ᠎ᠡ ᠨᠢᠭᠡᠴᠢ ᠵᠢᠨ ᠰᠢᠨ᠎ᠡ ᠱᠠᠳᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠶᠡᠷᠦᠩᠬᠡᠢ ᠲᠥᠯᠥᠪᠵᠢᠭᠦᠯᠭᠡ᠎ᠳᠤ ᠣᠷᠣᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠵᠠᠯᠠᠷᠠᠭᠤᠯᠬᠤ ᠬᠡᠷᠡᠭᠲᠡᠢ ᠭᠡᠵᠡᠢ᠃

   ᠲᠤᠰ ᠤᠳᠠᠭ᠋ᠠᠨ᠎ᠤ ᠬᠤᠷᠠᠯ᠎ᠢ ᠸᠢᠳᠢᠣ᠋ ᠬᠡᠯᠪᠡᠷᠢ᠎ᠪᠠᠷ ᠬᠤᠷᠠᠯᠳᠤᠭᠤᠯᠵᠤ᠂ ᠬᠤᠷᠠᠯ ᠳᠡᠭᠡᠷ᠎ᠡ 6 ᠨᠢᠭᠡᠴᠢ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠪᠠ᠃ ᠶᠠᠮᠤᠨ᠎ᠤ ᠤᠶᠤᠨ᠎ᠤ ᠪᠣᠯᠪᠠᠰᠤᠨ᠎ᠤ ᠵᠢᠯᠣᠭᠤᠳᠬᠤ ᠵᠥᠪᠯᠡᠯ᠎ᠤᠨ ᠪᠦᠷᠢᠯᠳᠦᠬᠦᠨ ᠨᠢᠭᠡᠴᠢ ᠵᠢᠨ ᠬᠠᠷᠢᠭᠤᠴᠠᠯᠭ᠋ᠠᠲᠠᠨ ᠨᠥᠬᠦᠳ᠂ ᠪᠡᠭᠡᠵᠢᠩ᠎ᠳᠤ ᠰᠢᠭᠤᠳ ᠬᠠᠷᠢᠶ᠎ᠠ ᠨᠢᠭᠡᠴᠢ ᠵᠢᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ ᠨᠥᠬᠦᠳ ᠵᠢᠴᠢ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠯᠪᠠᠨ ᠬᠡᠷ᠎ᠤᠨ ᠡᠷᠬᠢᠯᠡᠭᠴᠢ ᠭᠤᠤᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃  ᠪᠡᠭᠡᠵᠢᠩ᠎ᠤᠨ ᠭᠠᠳᠠᠨᠠᠬᠢ ᠰᠢᠭᠤᠳ ᠬᠠᠷᠢᠶ᠎ᠠ ᠨᠢᠭᠡᠴᠢ᠂ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ) ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠢᠩᠬᠢᠮ (ᠲᠣᠪᠴᠢᠶ᠎ᠠ)᠂ ᠰᠢᠨᠵᠢᠶᠠᠩ᠎ᠤᠨ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠬᠤᠪᠢᠳᠠᠨ ᠬᠠᠮᠢᠶᠠᠷᠬᠤ ᠬᠠᠷᠢᠭᠤᠴᠠᠯᠭ᠋ᠠᠲᠠᠨ ᠨᠥᠬᠦᠳ ᠵᠢᠴᠢ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠯᠪᠠᠨ ᠬᠡᠷ᠎ᠤᠨ ᠡᠷᠬᠢᠯᠡᠭᠴᠢ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃

 

ᠢᠷᠡᠯᠲᠡ᠄ ᠤᠰᠤᠨ ᠠᠰᠢᠭᠯᠠᠯᠲᠠ ᠵᠢᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠶᠠᠮᠤᠨ 2023 ᠣᠨ᠎ᠤ ᠣᠨ᠎ᠤ ᠰᠢᠯᠭ᠋ᠠᠨ ᠬᠢᠨᠠᠵᠤ ᠱᠠᠩᠨᠠᠨ ᠬᠥᠬᠢᠭᠦᠯᠬᠦ ᠵᠢᠴᠢ ᠴᠢᠳᠠᠪᠤᠷᠢᠲᠠᠨ᠎ᠢ ᠰᠢᠯᠢᠨ ᠳᠡᠪᠰᠢᠭᠦᠯᠵᠦ ᠫᠠᠶ᠋ᠢᠰᠠ ᠣᠯᠭᠤᠬᠤ ᠶᠣᠰᠣᠯᠠᠯ ᠶᠠᠪᠤᠭᠤᠯᠪᠠ
ᠱᠧᠩ ᠰᠢᠶᠣᠣ ᠶᠢᠥ ᠬᠠᠳᠤᠨ ᠭᠤᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠤᠳᠪᠠ
ᠮᠠᠨ᠎ᠤ ᠣᠷᠣᠨ᠎ᠤ ᠴᠢᠬᠤᠯᠠ ᠡᠪᠡᠰᠦᠨ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠤᠯᠵᠠᠢ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ ᠪᠠᠶᠠᠨᠨᠠᠭᠤᠷ᠎ᠲᠤ 《ᠬᠠᠲᠤᠨ ᠭᠤᠤᠯ᠎ᠤᠨ ᠰᠣᠶᠣᠯ᠎ᠢ ᠤᠯᠠᠮᠵᠢᠯᠠᠨ ᠪᠠᠳᠠᠷᠠᠭᠤᠯᠵᠤ ᠤᠮᠠᠷᠠᠲᠤ ᠬᠢᠯᠢ ᠵᠢᠨ ᠰᠣᠶᠣᠯ᠎ᠤᠨ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠬᠤ》 ᠶᠠᠷᠢᠯᠴᠠᠬᠤ ᠬᠤᠷᠠᠯ ᠬᠤᠷᠠᠯᠳᠤᠭᠤᠯᠪᠠ
 
            