ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ ᠪᠠᠶᠠᠨᠨᠠᠭᠤᠷ᠎ᠲᠤ 《ᠬᠠᠲᠤᠨ ᠭᠤᠤᠯ᠎ᠤᠨ ᠰᠣᠶᠣᠯ᠎ᠢ ᠤᠯᠠᠮᠵᠢᠯᠠᠨ ᠪᠠᠳᠠᠷᠠᠭᠤᠯᠵᠤ ᠤᠮᠠᠷᠠᠲᠤ ᠬᠢᠯᠢ ᠵᠢᠨ ᠰᠣᠶᠣᠯ᠎ᠤᠨ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠬᠤ》 ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-03-25

    ᠶᠡᠷᠦᠩᠬᠡᠶ ᠱᠦᠵᠢ ᠰᠢ ᠵᠢᠨ ᠫᠢᠩ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠶᠠᠷᠢᠶᠠᠨ᠎ᠤ ᠠᠷᠪᠠᠨ ᠵᠢᠯ᠎ᠤᠨ ᠣᠶ ᠪᠣᠯᠤᠨ 《ᠬᠠᠲᠤᠨ ᠭᠤᠤᠯ᠎ᠢ ᠬᠠᠮᠠᠭ᠋ᠠᠯᠠᠬᠤ ᠬᠠᠤᠯᠢ》 ᠵᠢ ᠬᠡᠷᠡᠭᠵᠢᠭᠦᠯᠦᠭᠰᠡᠨ ᠨᠢᠭᠡ ᠵᠢᠯ᠎ᠤᠨ ᠣᠶ ᠵᠢᠨ ᠲᠠᠰᠢᠷᠠᠮ᠎ᠳᠤ᠂ 3 ᠳ᠋ᠤᠭ᠋ᠠᠷ ᠰᠠᠷ᠎ᠠ ᠵᠢᠨ 22᠎ᠤᠨ ᠡᠳᠦᠷ ᠭᠤᠴᠢᠨ ᠬᠤᠶᠠᠳᠤᠭ᠋ᠠᠷ ᠬᠤᠭᠤᠴᠠᠭ᠋ᠠᠨ᠎ᠤ 《ᠳᠡᠯᠡᠬᠡᠶ ᠵᠢᠨ ᠤᠰᠤᠨ᠎ᠤ ᠡᠳᠦᠷ》᠎ᠤᠨ ᠲᠤᠬᠠᠶ ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠪᠠᠶᠠᠨᠨᠠᠭᠤᠷ ᠬᠤᠲᠠ᠎ᠳᠤ 《ᠬᠠᠲᠤᠨ ᠭᠤᠤᠯ᠎ᠤᠨ ᠰᠣᠶᠣᠯ᠎ᠢ ᠤᠯᠠᠮᠵᠢᠯᠠᠨ ᠪᠠᠳᠠᠷᠠᠭᠤᠯᠵᠤ ᠤᠮᠠᠷᠠᠲᠤ ᠬᠢᠯᠢ ᠵᠢᠨ ᠰᠣᠶᠣᠯ᠎ᠤᠨ ᠨᠠᠷᠠᠲᠤ ᠲᠡᠮᠳᠡᠭ᠎ᠢ ᠡᠭᠦᠳᠬᠦ》 ᠶᠠᠷᠢᠯᠴᠠᠬᠤ ᠬᠤᠷᠠᠯ ᠬᠤᠷᠠᠯᠳᠤᠭᠤᠯᠵᠤ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠤᠰᠤ ᠵᠢ ᠵᠠᠰᠠᠬᠤ ᠲᠤᠬᠠᠶ ᠴᠢᠬᠤᠯᠠ ᠥᠭᠦᠯᠡᠯᠲᠡ ᠵᠢᠴᠢ ᠥᠪᠥᠷ ᠮᠣᠩᠭᠤᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠠᠲᠤᠨ ᠭᠤᠤᠯ᠎ᠤᠨ ᠰᠣᠶᠣᠯ ᠢᠯᠠᠩᠭᠤᠶ᠎ᠠ ᠬᠠᠲᠤᠨ ᠭᠤᠤᠯ᠎ᠤᠨ ᠤᠰᠤᠨ᠎ᠤ ᠰᠣᠶᠣᠯ᠎ᠤᠨ ᠪᠠᠶ᠋ᠢᠭᠤᠯᠤᠯᠲᠠ ᠵᠢ ᠰᠠᠶ᠋ᠢᠲᠤᠷ ᠠᠳᠬᠤᠬᠤ᠂ 《ᠤᠮᠠᠷᠠᠲᠤ ᠬᠢᠯᠢ ᠵᠢᠨ ᠰᠣᠶᠣᠯ》᠎ᠤᠨ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠬᠤ᠎ᠳᠤ ᠬᠦᠴᠦᠨ ᠨᠡᠮᠡᠷᠢᠯᠡᠬᠦ ᠵᠢᠨ ᠲᠣᠭᠤᠷᠢᠨ᠎ᠳᠤ ᠶᠠᠷᠢᠯᠴᠠᠨ ᠰᠣᠯᠢᠯᠴᠠᠵᠤ᠂ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠯᠠᠪᠳᠠᠭᠤᠨ ᠪᠠᠲᠤᠲᠠᠶ ᠠᠬᠢᠭᠤᠯᠬᠤ᠂ 《ᠰᠢᠨ᠎ᠡ ᠵᠠᠮ᠎ᠢ ᠨᠡᠬᠡᠬᠡᠵᠦ᠂ ᠳᠤᠮᠳᠠ ᠲᠦᠪᠰᠢᠨ᠎ᠳᠤ ᠤᠷᠤᠬᠤ》 ᠬᠠᠷᠠᠯᠲᠠ ᠡᠭᠦᠷᠭᠡ ᠵᠢ ᠰᠠᠶ᠋ᠢᠲᠤᠷ ᠬᠢᠬᠦ ᠵᠢᠨ ᠲᠣᠭᠤᠷᠢᠨ᠎ᠳᠤ ᠰᠦᠭ ᠰᠦᠨᠡᠰᠦ ᠵᠢ ᠨᠢᠭᠲᠠᠷᠠᠭᠤᠯᠵᠤ᠂ ᠬᠦᠴᠦᠨ ᠴᠢᠳᠠᠯ᠎ᠢ ᠬᠤᠷᠠᠮᠳᠤᠭᠤᠯᠬᠤ ᠪᠤᠯᠤᠨ᠎ᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ       ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃


座谈会.png


   ᠲᠣᠰ ᠤᠳᠠᠭ᠋ᠠᠨ᠎ᠤ ᠶᠠᠷᠢᠯᠴᠠᠬᠤ ᠬᠤᠷᠠᠯ᠎ᠢ ᠰᠠᠶ᠋ᠢᠲᠤᠷ ᠬᠤᠷᠠᠯᠳᠤᠭᠤᠯᠬᠤ ᠵᠢᠨ ᠲᠥᠯᠥᠭᠡ᠂ ᠬᠤᠷᠠᠯ᠎ᠠᠴᠠ ᠡᠮᠦᠨ᠎ᠡ ᠬᠠᠭ᠋ᠠᠰ ᠡᠳᠦᠷ᠎ᠤᠨ ᠴᠠᠭ᠎ᠢ ᠠᠰᠢᠭᠯᠠᠵᠤ᠂ ᠬᠤᠷᠠᠯ᠎ᠳᠤ ᠣᠷᠣᠯᠴᠠᠭᠰᠠᠳ᠎ᠢ ᠵᠣᠬᠢᠶᠠᠨ ᠪᠠᠶ᠋ᠢᠭᠤᠯᠤᠨ ᠤᠷᠢᠳ ᠬᠤᠵᠢᠳ ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ᠂ ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠲᠥᠪ ᠵᠢᠴᠢ ᠮᠡᠳᠡᠭᠡ ᠵᠠᠩᠭᠢᠴᠢᠯᠠᠯᠲᠠ ᠵᠢᠨ ᠲᠥᠪ᠂ ᠬᠠᠲᠤᠨ ᠭᠤᠤᠯ᠎ᠤᠨ ᠤᠰᠤᠨ ᠠᠰᠢᠭᠯᠠᠯᠲᠠ ᠵᠢᠨ ᠰᠣᠶᠣᠯ᠎ᠤᠨ ᠮᠦᠽᠧᠶ ᠵᠡᠷᠭᠡ ᠭᠠᠵᠠᠷ᠎ᠲᠤ ᠬᠦᠷᠴᠦ᠂ ᠮᠠᠨ᠎ᠤ ᠣᠷᠣᠨ᠎ᠤ ᠬᠠᠲᠤᠨ ᠭᠤᠤᠯ᠎ᠤᠨ ᠤᠰᠤᠨ᠎ᠤ ᠰᠣᠶᠣᠯ᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠢ ᠲᠤᠬᠠᠶ ᠵᠢᠨ ᠲᠠᠯᠠᠪᠠᠶ᠎ᠳᠤ ᠰᠢᠨᠵᠢᠯᠡᠨ ᠪᠠᠶ᠋ᠢᠴᠠᠭ᠋ᠠᠪᠠ᠃ ᠬᠤᠷᠠᠯ ᠳᠡᠭᠡᠷ᠎ᠡ᠂ ᠪᠣᠷᠣᠲᠣᠬᠤᠶ ᠵᠢᠨ ᠤᠰᠤᠯᠠᠯᠲᠠ ᠵᠢᠨ ᠣᠷᠣᠨ᠂ ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ ᠤᠰᠤᠨ᠎ᠤ ᠰᠣᠶᠣᠯ᠎ᠤᠨ ᠪᠠᠶ᠋ᠢᠭᠤᠯᠤᠯᠲᠠ ᠵᠢᠨ ᠲᠤᠰᠬᠠᠶ ᠰᠡᠳᠦᠪᠲᠦ ᠹᠢᠯᠢᠮ᠎ᠢ ᠲᠥᠪᠯᠡᠷᠡᠭᠦᠯᠦᠨ ᠦᠵᠡᠪᠡ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠸᠠᠩ ᠶᠢᠩ ᠵᠦᠩ᠂ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠤᠶᠤᠨᠭᠡᠷᠡᠯ᠂ ᠪᠠᠶᠠᠨᠨᠠᠭᠤᠷ ᠬᠤᠳᠠ ᠵᠢᠨ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠾᠧ ᠯᠢᠶᠠᠨ ᠬᠤᠢ᠂ ᠵᠠᠰᠠᠭ᠎ᠤᠨ ᠣᠷᠳᠣᠨ᠎ᠤ ᠳᠡᠳ᠋ ᠬᠤᠳᠠ ᠵᠢᠨ ᠳᠠᠷᠤᠭ᠎ᠠ ᠵᠠᠩ ᠷᠦ᠍ ᠬᠤᠩ ᠪᠣᠯᠤᠨ ᠤᠰᠤᠨ ᠠᠰᠢᠭᠯᠠᠯᠲᠠ ᠵᠢᠨ ᠶᠠᠮᠤᠨ᠎ᠤ ᠬᠥᠭᠵᠢᠯᠲᠡ ᠵᠢᠨ ᠰᠤᠳᠤᠯᠭ᠋ᠠᠨ᠎ᠤ ᠲᠥᠪ᠂ ᠬᠠᠳᠤᠨ ᠭᠤᠣᠯ᠎ᠤᠨ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠲᠡᠦᠬᠡ ᠵᠢᠨ ᠣᠷᠳᠣᠨ᠎ᠤ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠦᠳ ᠵᠢᠴᠢ ᠣᠨᠴᠠ ᠤᠷᠢᠭᠰᠠᠨ ᠲᠤᠰᠬᠠᠢ ᠮᠡᠷᠭᠡᠵᠢᠯᠲᠡᠨ ᠬᠤᠷᠠᠯ᠎ᠳᠤ ᠣᠷᠣᠯᠴᠠᠵᠤ᠂ ᠬᠠᠳᠤᠨ ᠭᠤᠣᠯ᠎ᠤᠨ ᠰᠣᠶᠣᠯ ᠲᠡᠦᠬᠡ ᠵᠢᠨ ᠰᠤᠳᠠᠰᠤ ᠪᠣᠯᠤᠨ 《ᠤᠮᠠᠷᠠᠲᠤ ᠬᠢᠯᠢ ᠵᠢᠨ ᠰᠣᠶᠣᠯ》᠎ᠤᠨ ᠲᠦᠷᠦᠯ ᠲᠡᠮᠳᠡᠭ᠎ᠢ ᠡᠭᠦᠳᠬᠦ ᠰᠡᠳᠬᠢᠴᠡ ᠠᠷᠭ᠎ᠠ ᠬᠡᠮᠵᠢᠶ᠎ᠡ ᠵᠢᠨ ᠲᠤᠬᠠᠢ ᠶᠠᠷᠢᠯᠴᠠᠵᠤ᠂ ᠠᠳᠠᠯᠢ ᠪᠤᠰᠤ ᠬᠦᠷᠢᠶ᠎ᠡ᠂ ᠤᠯᠠᠨ ᠡᠰᠢᠲᠦ ᠬᠠᠷᠠᠭ᠋ᠠᠰᠤ᠎ᠠᠴᠠ ᠰᠤᠳᠤᠯᠤᠨ ᠶᠠᠷᠢᠯᠴᠠᠪᠠ᠃

   ᠱᠧᠩ ᠰᠢᠶᠣᠣ ᠶᠢᠤ ᠬᠡᠯᠡᠭᠰᠡᠨ᠎ᠨᠢ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠶᠡᠷᠦᠩᠬᠡᠶ ᠱᠦᠵᠢ ᠰᠢ ᠵᠢᠨ ᠫᠢᠩ ᠤᠰᠤ ᠵᠠᠰᠠᠬᠤ ᠦᠢ᠍ᠯᠡᠰ᠎ᠢ ᠪᠡᠶ᠎ᠡ᠎ᠪᠠᠷ ᠵᠶ᠋ᠠᠨ ᠵᠢᠷᠤᠭᠯᠠᠵᠤ᠂ ᠪᠡᠶ᠎ᠡ᠎ᠪᠠᠷ ᠵᠶ᠋ᠠᠨ ᠪᠠᠶ᠋ᠢᠷᠢᠯᠠᠭᠤᠯᠵᠤ᠂ ᠪᠡᠶ᠎ᠡ᠎ᠪᠠᠷ ᠵᠶ᠋ᠠᠨ  ᠠᠬᠢᠭᠤᠯᠵᠤ᠂ ᠠᠯᠢ ᠣᠯᠠᠨ ᠰᠢᠨ᠎ᠡ ᠣᠶ᠋ᠢᠯᠠᠭ᠋ᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶ᠋ᠢᠯᠳᠤᠬᠤ ᠪᠣᠳᠣᠯᠭ᠎ᠠ ᠵᠢ ᠳᠤᠷᠠᠳᠤᠨ ᠭᠠᠷᠭ᠋ᠠᠵᠤ᠂ ᠢᠯᠠᠩᠭᠤᠶ᠎ᠠ 2014 ᠣᠨ᠎ᠤ 3 ᠳ᠋ᠤᠭ᠋ᠠᠷ ᠰᠠᠷ᠎ᠠ ᠵᠢᠨ 14᠎ᠤ ᠡᠳᠦᠷ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠲᠤᠬᠠᠶ ᠴᠢᠬᠤᠯᠠ ᠶᠠᠷᠢᠶ᠎ᠠ ᠲᠠᠯᠪᠢᠵᠤ᠂ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠴᠡ ᠵᠢ ᠪᠦᠲᠦᠭᠡᠯᠴᠢ ᠴᠢᠨᠠᠷᠲᠠᠶ᠎ᠪᠠᠷ       ᠳᠤᠷᠠᠳᠴᠤ᠂ ᠰᠢᠨ᠎ᠡ ᠴᠠᠭ ᠦᠶ᠎ᠡ᠎ᠳᠤ ᠶᠠᠭᠤᠨ᠎ᠳᠤ ᠤᠰᠤ ᠵᠠᠰᠠᠬᠤ ᠠᠵᠢᠯ᠎ᠢ ᠰᠠᠶ᠋ᠢᠲᠤᠷ ᠬᠢᠬᠦ᠂ ᠶᠠᠮᠠᠷ ᠶᠠᠩᠵᠤ ᠵᠢᠨ ᠤᠰᠤ ᠵᠠᠰᠠᠬᠤ ᠠᠵᠢᠯ᠎ᠢ ᠰᠠᠶ᠋ᠢᠲᠤᠷ ᠬᠢᠬᠦ᠂ ᠤᠰᠤ ᠵᠢ ᠵᠠᠰᠠᠬᠤ ᠠᠵᠢᠯ᠎ᠢ ᠬᠡᠷᠬᠢᠨ ᠰᠠᠶ᠋ᠢᠲᠤᠷ ᠬᠢᠬᠦ ᠵᠡᠷᠭᠡ ᠠᠯᠢ ᠣᠯᠠᠨ ᠴᠢᠬᠤᠯᠠ ᠶᠡᠭᠡ ᠣᠨᠣᠯ ᠪᠠ ᠦᠢ᠍ᠯᠡᠳᠦᠯᠭᠡ ᠵᠢᠨ ᠠᠰᠠᠭᠤᠳᠠᠯ᠎ᠳᠤ ᠰᠢᠰᠲ᠋ᠧᠮ᠎ᠲᠠᠢ ᠬᠠᠷᠢᠭᠤᠯᠲᠠ ᠥᠭᠴᠡᠶ᠂ ᠡᠨᠡ᠎ᠨᠢ ᠳᠤᠮᠳᠠᠳᠤ ᠵᠢᠨ ᠦᠨᠳᠦᠰᠦᠲᠡᠨ᠎ᠤ ᠤᠰᠤ ᠵᠢ ᠵᠠᠰᠠᠬᠤ ᠲᠡᠤᠬᠡᠨ ᠳᠡᠭᠡᠷᠡᠬᠢ ᠴᠢᠬᠤᠯᠠ ᠬᠥᠰᠢᠶ᠎ᠡ ᠳᠤᠷᠠᠰᠬᠠᠯ᠎ᠤᠨ ᠠᠴᠢ ᠬᠤᠯᠪᠣᠭᠳᠠᠯ᠎ᠲᠠᠢ ᠶᠤᠮ᠃  ᠤᠰᠤᠨ ᠠᠰᠢᠭᠯᠠᠯᠲᠠ ᠵᠢᠨ ᠠᠵᠢᠯᠲᠠᠳ ᠶᠡᠷᠦᠩᠬᠡᠢ ᠱᠦᠵᠢ ᠰᠢ ᠵᠢᠨ ᠫᠢᠩ᠎ᠤᠨ ᠤᠰᠤ ᠵᠠᠰᠠᠬᠤ ᠰᠡᠳᠬᠢᠴᠡ ᠵᠢᠨ ᠴᠢᠬᠤᠯᠠ ᠶᠡᠭᠡ ᠤᠯᠤᠰ ᠲᠦᠷᠦ ᠵᠢᠨ ᠠᠴᠢ ᠬᠤᠯᠪᠣᠭᠳᠠᠯ᠂ ᠤᠨᠤᠯ᠎ᠤᠨ ᠠᠴᠢ ᠬᠤᠯᠪᠣᠭᠳᠠᠯ᠂ ᠦᠢ᠍ᠯᠡᠳᠦᠯᠭᠡ ᠵᠢᠨ ᠠᠴᠢ ᠬᠤᠯᠪᠣᠭᠳᠠᠯ᠂ ᠲᠡᠦᠬᠡᠲᠦ ᠠᠴᠢ ᠬᠤᠯᠪᠣᠭᠳᠠᠯ᠂ ᠳᠡᠯᠡᠬᠡᠢ ᠵᠢᠨ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠢᠮᠠᠭᠲᠠ ᠡᠷᠡᠰ ᠪᠠᠲᠤ ᠰᠢᠲᠦᠭᠴᠢ ᠪᠠ ᠦᠨᠡᠨᠴᠢ ᠰᠢᠳᠤᠷᠭᠤ ᠦᠢ᠍ᠯᠡᠳᠦᠯᠭᠡᠵᠢᠭᠦᠯᠦᠭᠴᠢ ᠪᠣᠯᠬᠤ ᠬᠡᠷᠡᠭᠲᠡᠢ ᠭᠡᠵᠡᠢ᠃

   ᠱᠧᠩ ᠰᠢᠶᠣᠣ ᠶᠢᠤ ᠬᠡᠯᠡᠭᠰᠡᠨ᠎ᠨᠢ᠂ ᠬᠠᠲᠤᠨ ᠭᠤᠤᠯ᠎ᠤᠨ ᠰᠣᠶᠣᠯ ᠪᠣᠯ ᠳᠤᠮᠳᠠᠳᠤ ᠵᠢᠨ ᠦᠨᠳᠦᠰᠦᠲᠡᠨ᠎ᠤ ᠦᠨᠳᠦᠰᠦ ᠪᠠ ᠰᠦᠭ ᠰᠦᠨᠡᠰᠦ ᠮᠥᠨ᠂ ᠡᠬᠢ ᠡᠭᠦᠰᠦᠯ᠎ᠤᠨ ᠭᠤᠤᠯ ᠪᠣᠯ ᠤᠰᠤᠨ᠎ᠤ ᠰᠣᠶᠣᠯ ᠮᠥᠨ᠂ ᠭᠤᠤᠯ ᠢᠯᠡᠷᠡᠯ ᠪᠣᠯ ᠤᠰᠤ ᠵᠢ ᠵᠠᠰᠠᠬᠤ ᠰᠣᠶᠣᠯ ᠮᠥᠨ᠃ ᠬᠠᠳᠤᠨ ᠭᠤᠣᠯ᠎ᠤᠨ ᠰᠣᠶᠣᠯ᠎ᠢ ᠬᠠᠮᠠᠭ᠋ᠠᠯᠠᠵᠤ᠂ ᠰᠠᠶ᠋ᠢᠲᠤᠷ ᠤᠯᠠᠮᠵᠢᠯᠠᠨ ᠪᠠᠳᠠᠷᠠᠭᠤᠯᠬᠤ ᠪᠣᠯ ᠴᠠᠭ ᠦᠶ᠎ᠡ᠎ᠠᠴᠠ ᠪᠢᠳᠡᠨ᠎ᠳᠤ ᠣᠯᠭᠤᠭᠰᠠᠨ ᠰᠢᠨ᠎ᠡ ᠰᠡᠳᠦᠪ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠰᠣᠶᠣᠯ᠎ᠤᠨ ᠢᠲᠡᠭᠡᠯ ᠵᠶ᠋ᠠᠨ ᠪᠠᠲᠤᠳᠬᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠳᠣᠲᠣᠭ᠋ᠠᠳᠤ ᠱᠠᠭ᠋ᠠᠷᠳᠠᠯᠭ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠢᠷᠭᠤᠳᠤᠭ᠋ᠠᠷ ᠪᠥᠬᠦᠳᠡ ᠬᠤᠷᠠᠯ᠎ᠠᠴᠠ ᠴᠠᠭ ᠦᠶ᠎ᠡ ᠵᠢᠨ ᠱᠠᠭ᠋ᠠᠷᠳᠠᠯᠭ᠎ᠠ ᠪᠠ ᠪᠠᠶ᠋ᠢᠯᠳᠤᠬᠤ ᠪᠣᠳᠣᠯᠭ᠎ᠠ ᠵᠢᠨ ᠪᠥᠬᠦ ᠲᠠᠯ᠎ᠠ᠎ᠠᠴᠠ ᠡᠭᠦᠰᠴᠦ᠂ 《ᠤᠮᠠᠷᠠᠲᠤ ᠬᠢᠯᠢ ᠵᠢᠨ ᠰᠣᠶᠣᠯ》᠎ᠢ ᠪᠣᠶ ᠪᠣᠯᠭ᠋ᠠᠬᠤ ᠡᠨᠡ ᠬᠦ᠌ ᠥᠪᠥᠷ ᠮᠣᠩᠭᠤᠯ᠎ᠤᠨ ᠣᠨᠴᠠᠭ᠋ᠠᠶ ᠴᠢᠨᠠᠷᠲᠠᠢ ᠭᠠᠵᠠᠷ ᠣᠷᠣᠨ᠎ᠤ ᠴᠢᠨᠠᠷᠲᠠᠶ ᠰᠣᠶᠣᠯ᠎ᠤᠨ ᠨᠠᠷᠠᠲᠤ ᠲᠥᠷᠥᠯ ᠲᠡᠮᠳᠡᠭᠲᠦ ᠵᠢ ᠳᠤᠷᠠᠳᠤᠨ ᠭᠠᠷᠭ᠋ᠠᠪᠠ᠃ ᠬᠠᠲᠤᠨ ᠭᠤᠣᠯ᠎ᠤᠨ ᠰᠣᠶᠣᠯ᠎ᠨᠢ ᠤᠮᠠᠷᠠᠲᠤ ᠬᠢᠯᠢ ᠵᠢᠨ ᠰᠣᠶᠣᠯ᠎ᠤᠨ ᠴᠢᠬᠤᠯᠠ ᠪᠦᠷᠢᠯᠳᠦᠬᠦᠨ ᠪᠣᠯᠤᠭᠰᠠᠨ᠎ᠤ ᠬᠤᠪᠢ᠎ᠳᠤ᠂ 《ᠤᠮᠠᠷᠠᠲᠤ ᠬᠢᠯᠢ ᠵᠢᠨ ᠰᠣᠶᠣᠯ》᠎ᠤᠨ ᠲᠦᠷᠦᠯ ᠲᠡᠮᠳᠡᠭ᠎ᠢ ᠡᠭᠦᠳᠬᠦ᠎ᠳᠤ 《ᠬᠠᠲᠤᠨ ᠭᠤᠣᠯ᠎ᠤᠨ ᠦᠯᠢᠭᠡᠷ》᠎ᠢ ᠰᠠᠶ᠋ᠢᠲᠤᠷ ᠶᠠᠷᠢᠬᠤ ᠴᠢᠬᠤᠯᠠᠲᠠᠢ ᠪᠠᠶ᠋ᠢᠨ᠎ᠠ ᠭᠡᠵᠡᠢ᠃

   ᠱᠧᠩ ᠰᠢᠶᠣᠣ ᠶᠢᠤ ᠴᠢᠬᠤᠯᠠᠴᠢᠯᠠᠭᠰᠠᠨ᠎ᠨᠢ᠂ ᠬᠠᠲᠤᠨ ᠭᠤᠤᠯ᠎ᠤᠨ ᠤᠰᠤᠨ᠎ᠤ ᠰᠣᠶᠣᠯ᠎ᠢ ᠶᠡᠭᠡ᠎ᠪᠠᠷ ᠤᠯᠠᠮᠵᠢᠯᠠᠨ ᠪᠠᠳᠠᠷᠠᠭᠤᠯᠵᠤ᠂ 《ᠤᠮᠠᠷᠠᠲᠤ ᠬᠢᠯᠢ ᠵᠢᠨ ᠰᠣᠶᠣᠯ》᠎ᠤᠨ ᠨᠠᠷᠠᠲᠤ ᠲᠡᠮᠳᠡᠭ᠎ᠢ ᠡᠭᠦᠳᠬᠦ᠎ᠳᠤ ᠬᠦᠴᠦᠨ ᠨᠡᠮᠡᠷᠢᠯᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠰᠠᠨᠠᠭ᠎ᠠ᠎ᠪᠠᠨ ᠨᠢᠭᠲᠠᠷᠠᠭᠤᠯᠬᠤ ᠵᠢ ᠪᠠᠷᠢᠮᠲᠠᠯᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠠᠵᠢᠯ᠎ᠤᠨ ᠭᠤᠤᠯ ᠰᠢᠵᠢᠮ᠎ᠤᠨ ᠲᠣᠭᠤᠷᠢᠨ᠎ᠳᠤ᠂ ᠪᠣᠳᠠᠲᠠᠶ ᠠᠵᠢᠯ᠎ᠤᠨ ᠳᠤᠮᠳᠠ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠣᠶ᠋ᠢᠯᠠᠭ᠋ᠠᠭᠳᠠᠬᠤᠨ᠎ᠤ ᠪᠠᠶᠠᠯᠢᠭ ᠠᠭᠤᠯᠭ᠎ᠠ ᠵᠢ ᠭᠦᠢ᠍ᠴᠡᠳ ᠠᠭᠤᠳᠠᠯᠵᠤ᠂ ᠣᠶ᠋ᠢᠷ᠎ᠠ ᠵᠢᠨ ᠵᠢᠯ᠎ᠤᠨ ᠲᠤᠷᠰᠢᠬᠢ ᠥᠪᠡᠷᠲᠡᠭᠡᠨ ᠵᠠᠰᠠᠬᠤ ᠣᠷᠣᠨ᠎ᠤ ᠤᠰᠤ ᠵᠢ ᠵᠠᠰᠠᠬᠤ ᠠᠵᠢᠯ᠎ᠤᠨ ᠳᠤᠮᠳᠠ ᠪᠦᠷᠢᠯᠳᠦᠭᠰᠡᠨ 《ᠨᠢᠭᠡ ᠮᠥᠷᠡᠨ᠎ᠤ ᠤᠰᠤ ᠵᠢ ᠬᠠᠮᠲᠤᠪᠠᠷ ᠤᠤᠭᠤᠬᠤ᠂ ᠦᠨᠳᠦᠰᠦᠲᠡᠨ᠎ᠨᠦᠭᠦᠳ ᠨᠢᠭᠡ ᠬᠡᠷ ᠪᠦᠯᠢ》᠂ 《ᠠᠮᠢ ᠨᠠᠰᠤ ᠵᠢ ᠳᠡᠭᠡᠳᠦᠯᠡᠬᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ》᠂ 《ᠬᠠᠮᠲᠤ᠎ᠪᠠᠷ ᠵᠠᠰᠠᠵᠤ ᠬᠠᠮᠲᠤ᠎ᠪᠠᠷ ᠬᠠᠮᠢᠶᠠᠷᠬᠤ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ》 ᠵᠡᠷᠭᠡ ᠣᠶ᠋ᠢᠯᠠᠭ᠋ᠠᠭᠳᠠᠬᠤᠨ᠎ᠢ ᠭᠦᠨᠵᠡᠭᠡᠶ ᠤᠬᠠᠭᠤᠯᠤᠨ ᠲᠠᠶ᠋ᠢᠯᠪᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠢ ᠪᠠᠶ᠋ᠢᠭᠤᠯᠬᠤ᠎ᠳᠤ ᠢᠳᠡᠪᠬᠢᠲᠡᠶ ᠬᠦᠴᠦᠨ ᠨᠡᠮᠡᠷᠢᠯᠡᠬᠦ ᠬᠡᠷᠡᠭᠲᠡᠶ᠃  ᠲᠣᠰ ᠠᠵᠢᠯ ᠲᠥᠷᠥᠯ᠂ ᠲᠣᠰ ᠰᠢᠰᠲ᠋ᠧᠮ᠂ ᠲᠣᠰ ᠰᠠᠯᠠᠭ᠎ᠠ ᠮᠥᠴᠢᠷ᠎ᠲᠤ ᠰᠠᠭᠤᠷᠢᠯᠠᠨ᠂ ᠬᠠᠲᠤᠨ ᠭᠤᠤᠯ᠎ᠤᠨ ᠤᠰᠤᠨ᠎ᠤ ᠰᠣᠶᠣᠯ᠎ᠢ ᠬᠠᠮᠠᠭ᠋ᠠᠯᠠᠬᠤ᠂ ᠤᠯᠠᠮᠵᠢᠯᠠᠬᠤ᠂ ᠪᠠᠳᠠᠷᠠᠭᠤᠯᠬᠤ ᠪᠠ ᠠᠰᠢᠭᠯᠠᠬᠤ ᠵᠢ ᠨᠢᠭᠡᠳᠦᠯᠲᠡᠶ ᠲᠥᠯᠥᠪᠯᠡᠨ ᠰᠠᠶ᠋ᠢᠲᠤᠷ ᠠᠳᠬᠤᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠤᠰᠤᠨ ᠠᠰᠢᠭᠯᠠᠯᠲᠠ ᠵᠢᠨ ᠬᠥᠭᠵᠢᠯᠲᠡ ᠪᠥᠲᠥᠭᠡᠨ ᠪᠠᠶ᠋ᠢᠭᠤᠯᠤᠯᠲᠠ ᠵᠢᠨ ᠲᠡᠤᠬᠡ ᠵᠢ ᠬᠠᠮᠲᠤ᠎ᠪᠠᠷ ᠡᠭᠦᠳᠦᠨ ᠪᠦᠲᠦᠭᠡᠭᠰᠡᠨ ᠠᠮᠢᠳᠤᠯᠢᠭ ᠥᠯᠢᠭᠡᠷ᠎ᠢ ᠰᠠᠶ᠋ᠢᠲᠤᠷ ᠶᠠᠷᠢᠬᠤ᠎ᠠᠴᠠ ᠬᠦᠴᠦᠯᠡᠵᠦ᠂ ᠤᠰᠤᠨ᠎ᠤ ᠰᠣᠶᠣᠯ ᠬᠢᠭᠡᠳ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠭᠤᠰᠤᠯᠴᠠᠯ᠎ᠢ ᠠᠬᠢᠭᠤᠯᠬᠤ᠂ ᠪᠥᠬᠦ ᠠᠷᠠᠳ᠎ᠤᠨ ᠤᠰᠤᠨ᠎ᠤ ᠪᠠᠶ᠋ᠢᠳᠠᠯ᠎ᠤᠨ ᠬᠥᠮᠦᠵᠢᠯ᠎ᠢ ᠥᠷᠨᠢᠭᠦᠯᠬᠦ᠎ᠠᠴᠠ ᠤᠰᠤᠨ ᠠᠰᠢᠭᠯᠠᠯᠲᠠ ᠵᠢᠨ ᠰᠣᠶᠣᠯ᠎ᠤᠨ ᠠᠴᠢᠶᠠᠯᠠᠪᠤᠷᠢ ᠵᠢ ᠪᠣᠶ ᠪᠣᠯᠭ᠋ᠠᠬᠤ᠂ ᠤᠰᠤᠨ᠎ᠤ ᠰᠣᠶᠣᠯ᠎ᠤᠨ ᠠᠵᠢᠯᠯᠠᠭ᠎ᠠ ᠵᠢ ᠪᠠᠶᠠᠯᠢᠭᠵᠢᠭᠤᠯᠬᠤ ᠬᠡᠯᠪᠡᠷᠢ᠎ᠪᠠᠷ ᠤᠰᠤᠨ ᠠᠰᠢᠭᠯᠠᠯᠲᠠ ᠵᠢᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ᠃  ᠮᠣᠩᠭᠤᠯ ᠮᠣᠷᠢᠨ᠎ᠤ ᠵᠣᠷᠢᠭ ᠰᠠᠨᠠᠭ᠎ᠠ ᠪᠣᠯᠤᠨ 《ᠤᠮᠠᠷᠠᠲᠦ ᠵᠢᠨ ᠭᠤᠷᠪᠠᠨ ᠤᠷᠤᠨ᠎ᠤ ᠵᠣᠷᠢᠭ ᠰᠠᠨᠠᠭ᠎ᠠ》 ᠵᠢ ᠶᠡᠬᠡᠪᠡᠷ ᠪᠠᠳᠠᠷᠠᠭᠤᠯᠵᠤ᠂ ᠠᠵᠢᠯ ᠲᠦᠷᠦᠯ᠎ᠤᠨ ᠪᠣᠳᠠᠲᠤ ᠪᠠᠶ᠋ᠢᠳᠠᠯ᠎ᠳᠠᠭᠠᠨ ᠰᠠᠭᠤᠷᠢᠯᠠᠵᠤ᠂ ᠰᠤᠳᠤᠯᠤᠨ ᠲᠠᠶ᠋ᠢᠯᠪᠤᠷᠢᠯᠠᠬᠤ ᠵᠢ ᠰᠠᠶ᠋ᠢᠲᠤᠷ ᠬᠢᠬᠦ ᠵᠢᠨ ᠬᠠᠮᠲᠤ ᠰᠤᠷᠲᠠᠯ ᠵᠶ᠋ᠠᠨ ᠴᠥᠬᠦᠷᠡᠰᠢ ᠦᠭᠡᠢ ᠰᠠᠶ᠋ᠢᠵᠢᠷᠠᠭᠤᠯᠵᠤ᠂ ᠦᠢ᠍ᠯᠡᠳᠦᠯ ᠴᠢᠳᠠᠪᠤᠷᠢ᠎ᠪᠠᠨ ᠳᠡᠭᠡᠭᠰᠢᠯᠡᠭᠦᠯᠵᠦ᠂ ᠤᠮᠠᠷᠠᠲᠤ ᠬᠢᠯᠢ ᠵᠢᠨ ᠬᠥᠪᠡᠭᠦᠳ ᠥᠬᠢᠳ᠎ᠤᠨ ᠦᠨᠡᠨᠴᠢ ᠰᠢᠳᠤᠷᠭᠤ᠎ᠪᠠᠷ ᠬᠠᠮᠠᠭ᠋ᠠᠯᠠᠬᠤ᠂ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠬᠤ ᠬᠠᠶ᠋ᠢᠷ᠎ᠠ ᠰᠡᠳᠬᠢᠯᠭᠡ ᠵᠢᠨ ᠰᠠᠭᠤᠷᠢ ᠪᠣᠯᠤᠨ ᠬᠦᠴᠦᠨ ᠴᠢᠳᠠᠯ᠎ᠤᠨ ᠡᠬᠢ ᠪᠤᠯᠠᠭ᠎ᠢ ᠭᠦᠨᠵᠡᠭᠡᠢ ᠬᠥᠮᠦᠵᠢᠭᠦᠯᠵᠦ᠂ ᠰᠢᠨ᠎ᠡ ᠱᠠᠳᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ᠎ᠳᠤ ᠤᠶᠤᠨ ᠰᠠᠨᠠᠭ᠋ᠠᠨ᠎ᠤ ᠬᠦᠴᠦᠨ ᠴᠢᠳᠠᠯ ᠪᠣᠯᠤᠨ ᠰᠣᠶᠣᠯ᠎ᠤᠨ ᠰᠢᠮ᠎ᠡ ᠲᠡᠵᠢᠭᠡᠯ ᠬᠠᠩᠭ᠋ᠠᠬᠤ ᠬᠡᠷᠡᠭᠲᠡᠢ ᠭᠡᠵᠡᠢ᠃

   ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠫᠧᠩ ᠶᠠ ᠯᠢ ᠬᠤᠷᠠᠯ ᠡᠷᠭᠢᠯᠡᠪᠡ; ᠤᠰᠤᠨ ᠠᠰᠢᠭᠯᠠᠯᠲᠠ ᠵᠢᠨ ᠲᠢᠩᠬᠢᠮ᠎ᠤᠨ ᠬᠤᠯᠪᠣᠭᠳᠠᠯ ᠪᠥᠬᠦᠶ ᠭᠠᠵᠠᠷ ᠠᠯᠪᠠᠨ ᠬᠡᠷ᠂ ᠬᠡᠰᠡᠭ ᠲᠢᠩᠬᠢᠮ᠎ᠤᠨ ᠬᠠᠷᠢᠶ᠎ᠠ ᠨᠢᠭᠡᠴᠢ᠂ ᠬᠠᠲᠤᠨ ᠭᠤᠤᠯ ᠳᠠᠭ᠋ᠠᠤ ᠵᠢᠨ ᠬᠤᠯᠪᠣᠭᠳᠠᠯ ᠪᠥᠬᠦᠶ ᠤᠰᠤᠨ ᠠᠰᠢᠭᠯᠠᠯᠲᠠ ᠵᠢᠨ ᠨᠢᠭᠡᠴᠢ᠂ 6 ᠠᠶ᠋ᠢᠮᠠᠭ ᠬᠤᠲᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠣᠷᠣᠯᠴᠠᠵᠠᠶ᠃ ᠶᠠᠷᠢᠯᠴᠠᠬᠤ ᠬᠤᠷᠠᠯ᠎ᠠᠴᠠ ᠪᠠᠰᠠ ᠠᠷᠠᠳ᠎ᠤᠨ ᠰᠦᠯᠵᠢᠶ᠎ᠡ᠂ ᠤᠯᠠᠨ ᠤᠯᠤᠰ᠎ᠤᠨ ᠰᠦᠯᠵᠢᠶ᠎ᠡ᠂ ᠥᠪᠥᠷ ᠮᠣᠩᠭᠤᠯ᠎ᠤᠨ ᠡᠳᠦᠷ᠎ᠤᠨ ᠰᠣᠨᠢᠨ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠤᠮᠠᠷᠠᠲᠤ ᠵᠢᠨ ᠰᠢᠨ᠎ᠡ ᠰᠣᠨᠢᠨ ᠵᠡᠷᠭᠡ ᠲᠥᠪ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠣᠨᠢᠨ ᠮᠡᠳᠡᠭᠡᠨ᠎ᠤ ᠵᠠᠭᠤᠴᠢᠯᠠᠭᠤᠷ᠎ᠢ ᠤᠷᠢᠵᠤ ᠣᠷᠣᠯᠴᠠᠭᠤᠯᠪᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠤᠰᠤᠨ᠎ᠤ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠰᠢᠭᠯᠠᠬᠤ ᠵᠢ ᠪᠥᠬᠦ ᠲᠠᠯ᠎ᠠ᠎ᠪᠠᠷ ᠠᠬᠢᠭᠤᠯᠵᠤ ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠨ᠎ᠠ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠬᠤ ᠠᠵᠢᠯ᠎ᠤᠨ ᠬᠤᠷᠠᠯ ᠵᠢᠴᠢ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠠᠶ᠋ᠢᠴᠢᠯᠠᠯᠳᠠ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠲᠣᠭᠲᠠᠴᠠ ᠵᠢ ᠪᠦᠷᠢᠨᠰᠢᠭᠦᠯᠵᠦ ᠣᠷᠴᠢᠨ ᠲᠣᠭᠤᠷᠢᠨ᠎ᠤ ᠢᠯᠵᠠᠷᠠᠯ᠎ᠢ ᠤᠷᠢᠳᠴᠢᠯᠠᠨ ᠰᠡᠷᠭᠡᠢ᠌ᠯᠡᠵᠦ ᠥᠪᠥᠷ ᠮᠣᠩᠭᠤᠯ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠶᠠᠪᠤᠴᠠ᠎ᠳᠠᠬᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ 《ᠬᠤᠷᠴᠠ ᠰᠡᠯᠡᠮ᠎ᠡ》 ᠭᠠᠷᠭ᠋ᠠᠬᠤ ᠬᠡᠷᠡᠭᠲᠡᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠲᠠᠪᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠤᠨᠤᠰᠬᠤ᠂ ᠨᠠᠮ ᠵᠶ᠋ᠠᠨ ᠳᠠᠭ᠋ᠠᠬᠤ》 ᠲᠤᠬᠠᠶ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ
 
            