ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ᠎ᠤ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠰᠢᠭᠯᠠᠬᠤ ᠵᠢ ᠪᠥᠬᠦ ᠲᠠᠯ᠎ᠠ᠎ᠪᠠᠷ ᠠᠬᠢᠭᠤᠯᠵᠤ ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠨ᠎ᠠ
ᠨᠡᠶ᠋ᠢᠲᠡᠯᠡᠭᠰᠡᠨ ᠴᠠᠭ᠄ 2024-03-25

  — 2024 ᠣᠨ᠎ᠤ 《ᠳᠡᠯᠡᠬᠡᠢ ᠵᠢᠨ ᠤᠰᠤᠨ᠎ᠤ ᠡᠳᠦᠷ》 《ᠳᠤᠮᠳᠠᠳᠤ ᠤᠯᠤᠰ᠎ᠤᠨ ᠤᠰᠤᠨ ᠭᠠᠷᠠᠭ》᠎ᠢ ᠪᠢᠴᠢᠬᠦ ᠲᠠᠰᠢᠷᠠᠮ ᠵᠶ᠋ᠠᠷ  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ

  2024 ᠣᠨ᠎ᠤ 3 ᠳ᠋ᠤᠭ᠋ᠠᠷ ᠰᠠᠷ᠎ᠠ ᠵᠢᠨ 22᠎ᠤᠨ ᠡᠳᠦᠷ ᠪᠣᠯ 32 ᠳ᠋ᠤᠭ᠋ᠠᠷ ᠬᠤᠭᠤᠴᠠᠭ᠋ᠠᠨ᠎ᠤ 《ᠳᠡᠯᠡᠬᠡᠶ ᠵᠢᠨ ᠤᠰᠤᠨ᠎ᠤ ᠡᠳᠦᠷ》 ᠪᠣᠯᠤᠨ᠎ᠠ᠂ 3 ᠳ᠋ᠤᠭ᠋ᠠᠷ ᠰᠠᠷ᠎ᠠ ᠵᠢᠨ 22᠎ᠤᠨ ᠡᠳᠦᠷ᠎ᠠᠴᠠ 28᠎ᠤ ᠡᠳᠦᠷ ᠪᠣᠯᠲᠠᠯ᠎ᠠ 37 ᠳ᠋ᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠤᠰᠤᠨ ᠭᠠᠷᠠᠭ》 ᠪᠣᠯᠤᠨ᠎ᠠ᠃ ᠤᠰᠤ ᠪᠣᠯ ᠠᠮᠢ ᠨᠠᠰᠤᠨ᠎ᠤ ᠡᠬᠢ ᠰᠤᠷᠪᠤᠯᠵᠢ᠂ ᠦᠢ᠍ᠯᠡᠳᠪᠦᠷᠢᠯᠡᠯ᠎ᠤᠨ ᠴᠢᠬᠤᠯᠠ ᠵᠦᠢ᠍ᠯ᠂ ᠠᠮᠢ ᠠᠬᠤᠢ ᠵᠢᠨ ᠰᠠᠭᠤᠷᠢ ᠮᠥᠨ᠂ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠤᠭ᠎ᠤᠨ ᠴᠢᠬᠤᠯᠠ ᠬᠢᠵᠠᠭ᠋ᠠᠷᠯᠠᠬᠤ ᠴᠢᠨᠠᠷᠲᠠᠢ ᠡᠯᠧᠮᠧᠨ᠋ᠲ᠎ᠤᠨ ᠨᠢᠭᠡ ᠮᠥᠨ᠃ 2014 ᠣᠨ᠎ᠤ 3 ᠳ᠋ᠤᠭ᠋ᠠᠷ ᠰᠠᠷ᠎ᠠ ᠵᠢᠨ 14᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠶ ᠵᠢᠨ ᠤᠳᠤᠷᠢᠳᠬᠤ ᠳᠤᠭᠤᠶ᠋ᠢᠯᠠᠩ᠎ᠤᠨ ᠲᠠᠪᠤᠳᠤᠭ᠋ᠠᠷ ᠤᠳᠠᠭ᠋ᠠᠨ᠎ᠤ ᠬᠤᠷᠠᠯ ᠳᠡᠭᠡᠷ᠎ᠡ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠲᠤᠬᠠᠶ ᠴᠢᠬᠤᠯᠠ ᠶᠠᠷᠢᠶ᠎ᠠ ᠲᠠᠯᠪᠢᠵᠤ᠂ ᠰᠢᠨ᠎ᠡ ᠵᠢ ᠡᠭᠦᠳᠬᠦ ᠴᠢᠨᠠᠷᠲᠠᠶ᠎ᠪᠠᠷ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠮᠵᠢ ᠵᠢ ᠳᠤᠷᠠᠳᠴᠤ᠂ ᠰᠢᠨ᠎ᠡ ᠴᠠᠭ ᠦᠶ᠎ᠡ ᠵᠢᠨ ᠤᠰᠤ ᠵᠢ ᠵᠠᠰᠠᠬᠤ ᠠᠵᠢᠯ᠎ᠳᠤ ᠰᠢᠨᠵᠢᠯᠡᠬᠦ ᠤᠬᠠᠭ᠋ᠠᠨᠴᠢ ᠵᠦᠭᠯᠡᠭᠦᠷ ᠪᠠ ᠦᠨᠳᠦᠰᠦᠨ ᠵᠢᠷᠤᠮᠯᠠᠯ ᠬᠠᠩᠭ᠋ᠠᠪᠠ᠃  ᠥᠪᠥᠷ ᠮᠣᠩᠭᠣᠯ ᠪᠣᠯ ᠤᠰᠤ ᠬᠦᠨᠳᠦ ᠨᠣᠴᠢᠲᠠᠶ ᠳᠤᠲᠠᠭᠳᠠᠵᠤ ᠪᠠᠶ᠋ᠢᠭ᠎ᠠ ᠭᠠᠵᠠᠷ ᠣᠷᠣᠨ ᠪᠣᠯᠬᠣᠷ᠂ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ᠎ᠨᠢ ᠤᠷᠲᠤ ᠬᠤᠭᠤᠴᠠᠭ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠬᠢᠵᠠᠭ᠋ᠠᠷᠯᠠᠵᠤ ᠪᠤᠶ᠃ 10 ᠵᠢᠯ᠎ᠤᠨ ᠲᠤᠷᠰᠢ᠂ ᠪᠥᠬᠦ ᠣᠷᠣᠨ ᠵᠶ᠋ᠠᠷ ᠵᠶ᠋ᠠᠨ ᠶᠡᠷᠦᠩᠬᠡᠶ ᠱᠦᠵᠢ ᠰᠢ ᠵᠢᠨ ᠫᠢᠩ᠎ᠤᠨ ᠤᠰᠤ ᠵᠢ ᠵᠠᠰᠠᠬᠤ ᠰᠡᠳᠬᠢᠴᠡ ᠪᠠ ᠤᠰᠤ ᠵᠢ ᠵᠠᠰᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠳᠥᠷᠪᠡᠨ ᠤᠰᠤ᠎ᠪᠠᠷ ᠳᠥᠷᠪᠡ ᠵᠢ ᠲᠣᠭᠲᠠᠭ᠋ᠠᠬᠤ》 ᠵᠠᠷᠴᠢᠮ᠎ᠢ ᠪᠥᠬᠦ ᠲᠠᠯ᠎ᠠ᠎ᠪᠠᠷ ᠲᠤᠭᠤᠰᠢᠯᠠᠭᠤᠯᠬᠤ ᠵᠢ ᠪᠠᠷᠢᠮᠲᠠᠯᠠᠨ᠂ ᠤᠰᠤᠨ᠎ᠤ ᠡᠬᠢ ᠪᠠᠶᠠᠯᠢᠭ᠎ᠢ ᠬᠠᠮᠤᠭ᠎ᠤᠨ ᠶᠡᠭᠡ ᠬᠠᠲᠠᠭᠤ ᠬᠢᠵᠠᠭ᠋ᠠᠷᠯᠠᠯ ᠪᠣᠯᠭ᠋ᠠᠵᠤ᠂ ᠤᠰᠤᠨ᠎ᠤ ᠡᠬᠢ ᠪᠠᠶᠠᠯᠢᠭ᠎ᠢ ᠨᠠᠷᠢᠨ ᠨᠢᠮᠪᠠᠶ ᠲᠥᠯᠥᠪᠯᠡᠨ ᠰᠠᠶ᠋ᠢᠲᠤᠷ ᠬᠡᠷᠡᠭᠯᠡᠵᠦ᠂ ᠤᠰᠤᠨ᠎ᠤ ᠡᠬᠢ ᠪᠠᠶᠠᠯᠢᠭ᠎ᠢ ᠴᠢᠩᠭ᠎ᠠ ᠨᠢᠮᠪᠠᠶ ᠰᠠᠶ᠋ᠢᠲᠤᠷ ᠬᠠᠮᠢᠶᠠᠷᠴᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠤᠰᠤ᠎ᠪᠠᠷ ᠲᠣᠭᠲᠠᠭ᠋ᠠᠵᠤ᠂ ᠤᠰᠤᠨ᠎ᠤ ᠬᠡᠮᠵᠢᠶ᠎ᠡ᠎ᠪᠠᠷ ᠬᠢᠬᠦ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠲᠡᠶ ᠤᠰᠤᠨ᠎ᠤ ᠡᠬᠢ ᠪᠠᠶᠠᠯᠢᠭ᠎ᠤᠨ ᠲᠤᠯᠭ᠋ᠠᠭᠤᠷᠢᠯᠠᠯ ᠬᠠᠩᠭ᠋ᠠᠪᠠ᠃

   ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠵᠤ᠂ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢᠨ ᠦᠷ᠎ᠡ ᠪᠦᠲᠦᠮᠵᠢ ᠵᠢ ᠦᠷᠭᠦᠯᠵᠢᠯᠡᠨ ᠳᠡᠭᠡᠭᠰᠢᠯᠡᠭᠦᠯᠬᠦ ᠵᠢ ᠪᠠᠷᠢᠮᠲᠠᠯᠠᠨ᠎ᠠ

   ᠤᠰᠤ ᠠᠷᠪᠢᠯᠠᠬᠤ ᠪᠣᠯ ᠮᠠᠨ᠎ᠤ ᠣᠷᠣᠨ᠎ᠤ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠬᠦ ᠦᠨᠳᠦᠰᠦᠨ ᠭᠠᠷᠬᠤ ᠵᠠᠮ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠲᠠᠪᠤᠳᠤᠭ᠋ᠠᠷ ᠪᠦᠬᠦᠳᠡ ᠬᠤᠷᠠᠯ᠎ᠠᠴᠠ ᠤᠷᠢᠳ ᠡᠮᠦᠨ᠎ᠡ ᠪᠠᠶ᠋ᠢᠭ᠎ᠠ ᠦᠭᠡᠢ ᠡᠷᠴᠢᠮ ᠵᠶ᠋ᠠᠷ ᠤᠰᠤ ᠠᠷᠪᠢᠯᠠᠵᠤ ᠤᠰᠤ ᠵᠢ ᠡᠵᠡᠮᠳᠡᠬᠦ ᠠᠵᠢᠯᠯᠠᠭ᠎ᠠ ᠵᠢ ᠥᠷᠨᠢᠭᠦᠯᠵᠦ᠂ ᠤᠰᠤ ᠵᠢ ᠡᠷᠡᠰ ᠠᠷᠪᠢᠯᠠᠵᠤ᠂ ᠤᠰᠤ ᠵᠢ ᠴᠡᠪᠡᠷᠰᠢᠭᠦᠯᠵᠦ᠂ ᠤᠰᠤ ᠵᠢ ᠰᠠᠶ᠋ᠢᠵᠢᠷᠠᠭᠤᠯᠬᠤ ᠬᠡᠷᠡᠭᠲᠡᠢ᠃  ᠥᠪᠡᠷᠲᠡᠭᠡᠨ ᠵᠠᠰᠠᠬᠤ ᠣᠷᠣᠨ᠎ᠠᠴᠠ ᠬᠤᠪᠢᠳᠠᠨ ᠬᠠᠮᠢᠶᠠᠷᠴᠤ ᠪᠥᠬᠦᠶ ᠳᠡᠳ᠋ ᠲᠡᠷᠢᠭᠦᠯᠡᠭᠴᠢ᠎ᠪᠠᠷ ᠳᠤᠭᠤᠶ᠋ᠢᠯᠠᠩ᠎ᠤᠨ ᠳᠠᠷᠤᠭ᠎ᠠ ᠪᠣᠯᠭ᠋ᠠᠭᠰᠠᠨ ᠲᠤᠰᠬᠠᠶ ᠳᠤᠭᠤᠶ᠋ᠢᠯᠠᠩ᠎ᠢ ᠪᠠᠶ᠋ᠢᠭᠤᠯᠵᠤ᠂ ᠪᠥᠬᠦ ᠣᠷᠣᠨ᠎ᠤ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠷᠢᠳ ᠬᠤᠵᠢᠳ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠠᠬᠢᠭᠤᠯᠬᠤ ᠶᠡᠷᠦᠩᠬᠡᠶ ᠲᠥᠰᠦᠯ᠂ 《ᠨᠢᠭᠡ ᠠᠶ᠋ᠢᠮᠠᠭ (ᠬᠤᠲᠠ)᠎ᠳᠤ ᠨᠢᠭᠡ ᠠᠷᠭ᠎ᠠ ᠪᠣᠳᠣᠯᠭ᠎ᠠ》 ᠪᠠ 《ᠤᠰᠤ᠎ᠪᠠᠷ ᠨᠡᠯᠦᠶ᠋ᠢᠲᠡᠯ᠎ᠡ ᠤᠰᠤᠯᠠᠬᠤ》 ᠠᠰᠠᠭᠤᠳᠠᠯ᠎ᠢ ᠰᠢᠢ᠍ᠳᠪᠦᠷᠢᠯᠡᠵᠦ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠠᠵᠢᠯ᠎ᠤᠨ ᠲᠥᠰᠦᠯ ᠵᠡᠷᠭᠡ ᠰᠢᠷᠢᠰ ᠠᠷᠭ᠎ᠠ ᠬᠡᠮᠵᠢᠶ᠎ᠡ ᠵᠢ ᠳᠠᠷᠤᠮᠠᠯᠯᠠᠨ ᠲᠠᠷᠬᠠᠭ᠋ᠠᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠦᠷᠭᠦᠯᠵᠢᠯᠡᠨ ᠠᠬᠢᠭᠤᠯᠪᠠ᠃ ᠲᠠᠷᠢᠶᠠᠯᠠᠩ᠎ᠤᠨ ᠤᠰᠤ ᠠᠷᠪᠢᠯᠠᠬᠤ ᠲᠠᠯ᠎ᠠ᠎ᠪᠠᠷ᠂ 《ᠶᠡᠭᠡ ᠤᠰᠤ᠎ᠪᠠᠷ ᠨᠡᠯᠦᠶ᠋ᠢᠲᠡᠯ᠎ᠡ ᠤᠰᠤᠯᠠᠬᠤ》᠂ 《ᠬᠤᠭᠤᠰᠤᠨ ᠭᠠᠵᠠᠷ᠎ᠢ ᠤᠰᠤᠯᠠᠬᠤ》 ᠵᠡᠷᠭᠡ ᠲᠤᠪᠤᠶ᠋ᠢᠮ᠎ᠠ ᠠᠰᠠᠭᠤᠳᠠᠯ᠎ᠳᠤ ᠬᠦᠴᠦᠯᠡᠨ ᠴᠣᠬᠢᠯᠲᠠ ᠥᠭᠪᠡ᠃ 2014 ᠣᠨ᠎ᠠᠴᠠ ᠨᠠᠭ᠋ᠠᠰᠢ᠂ ᠨᠡᠶ᠋ᠢᠲᠡ 104 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ᠂ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠳᠤ ᠣᠳᠣᠬᠢᠴᠢᠯᠠᠭᠰᠠᠨ ᠥᠭᠡᠷᠡᠴᠢᠯᠡᠯᠲᠡ ᠵᠢ ᠬᠡᠷᠡᠭᠵᠢᠭᠦᠯᠵᠦ᠂ ᠤᠰᠤᠯᠠᠯᠲᠠ ᠵᠢᠨ ᠲᠠᠯᠠᠪᠠᠶ ᠵᠢ 1580 ᠲᠦᠮᠡᠨ ᠮᠦ᠍ ᠰᠠᠶ᠋ᠢᠵᠢᠷᠠᠭᠤᠯᠪᠠ᠃ 2023 ᠣᠨ᠎ᠳᠤ ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠨᠠᠮᠤᠷ᠎ᠤᠨ ᠤᠰᠤᠯᠠᠯᠲᠠ ᠵᠢᠨ ᠬᠡᠮᠵᠢᠶ᠎ᠡ ᠵᠢ 8.8 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠪᠣᠯᠭ᠋ᠠᠨ ᠪᠠᠭ᠋ᠠᠰᠬᠠᠵᠤ᠂ ᠡᠩ᠎ᠤᠨ ᠵᠢᠯ᠎ᠤᠨ᠎ᠬᠢ᠎ᠠᠴᠠ 45%᠎ᠪᠠᠷ ᠪᠠᠭ᠋ᠠᠰᠬᠠᠨ᠎ᠠ; ᠭᠠᠵᠠᠷ ᠳᠣᠤᠷᠠᠬᠢ ᠤᠰᠤᠨ ᠬᠤᠳᠳᠤᠭ᠎ᠤᠨ ᠤᠰᠤᠯᠠᠯᠲᠠ ᠵᠢᠨ ᠣᠷᠣᠨ᠎ᠳᠤ 《ᠴᠠᠬᠢᠯᠭ᠋ᠠᠨ ᠵᠶ᠋ᠠᠷ ᠤᠰᠤ ᠵᠢ ᠨᠤᠭᠤᠯᠬᠤ》 ᠬᠡᠮᠵᠢᠯᠲᠡ ᠵᠢ ᠪᠥᠬᠦ ᠲᠠᠯ᠎ᠠ᠎ᠪᠠᠷ ᠬᠡᠷᠡᠭᠵᠢᠭᠦᠯᠵᠦ᠂ ᠲᠠᠷᠢᠶᠠᠯᠠᠩ᠎ᠤᠨ ᠤᠰᠤ ᠬᠡᠷᠡᠭᠯᠡᠬᠦ ᠪᠦᠲᠦᠮᠵᠢᠲᠡᠶ ᠬᠡᠮᠵᠢᠯᠲᠡ ᠵᠢᠨ ᠰᠢᠰᠲ᠋ᠧᠮ᠎ᠢ ᠠᠯᠬᠤᠮ ᠠᠯᠬᠤᠮ ᠵᠶ᠋ᠠᠷ ᠪᠠᠶ᠋ᠢᠭᠤᠯᠤᠨ᠎ᠠ᠃  ᠬᠤᠲᠠ ᠪᠠᠯᠭ᠋ᠠᠰᠤᠨ᠎ᠤ ᠤᠰᠤ ᠠᠷᠪᠢᠯᠠᠬᠤ ᠲᠠᠯ᠎ᠠ᠎ᠪᠠᠷ᠂ ᠪᠦᠬᠦ ᠣᠷᠣᠨ᠎ᠤ 73 ᠬᠤᠰᠢᠭᠤ ᠰᠢᠶᠠᠨ (ᠬᠤᠲᠠ᠂ ᠲᠣᠭᠤᠷᠢᠭ)᠎ᠨᠢ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠪᠠᠷᠢᠮᠵᠢᠶ᠎ᠠ᠎ᠳᠤ ᠬᠦᠷᠴᠦ᠂ ᠪᠠᠶ᠋ᠢᠭᠤᠯᠤᠭᠰᠠᠨ ᠨᠣᠷᠮ᠎ᠠ᠎ᠨᠢ 71%᠎ᠳᠤ ᠬᠦᠷᠪᠡ᠃ ᠬᠥᠬᠡᠬᠣᠲᠠ᠂ ᠪᠤᠭᠤᠲᠤ ᠵᠡᠷᠭᠡ ᠤᠰᠤ ᠳᠤᠲᠠᠭᠳᠠᠵᠤ ᠪᠠᠶ᠋ᠢᠭ᠎ᠠ 5 ᠣᠷᠣᠨ᠎ᠤ ᠲᠠᠰ᠎ᠤᠨ ᠬᠣᠲᠠ ᠦᠨᠳᠦᠰᠦᠨ᠎ᠳᠡᠭᠡᠨ ᠤᠯᠤᠰ᠎ᠤᠨ ᠤᠰᠤ ᠠᠷᠪᠢᠯᠠᠬᠤ ᠬᠡᠯᠪᠡᠷᠢ ᠵᠢᠨ ᠬᠣᠲᠠ ᠵᠢᠨ ᠪᠠᠷᠢᠮᠵᠢᠶ᠎ᠠ᠎ᠳᠤ ᠬᠦᠷᠪᠡ᠃  ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠲᠠᠯ᠎ᠠ᠎ᠪᠠᠷ᠂ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ᠎ᠤᠨ ᠪᠦᠲᠦᠭᠡᠨ ᠪᠠᠶ᠋ᠢᠭᠤᠯᠤᠯᠲᠠ ᠵᠢ ᠶᠡᠬᠡᠪᠡᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠰᠤ ᠠᠷᠪᠢᠯᠠᠬᠤ ᠬᠡᠪ ᠳᠠᠭᠤᠷᠢᠶᠠᠯ᠎ᠤᠨ ᠠᠵᠤ ᠠᠬᠤᠶ᠋ᠢᠯᠠᠯ 16᠂ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ᠎ᠢ ᠨᠡᠶ᠋ᠢᠲᠡ 57 ᠪᠠᠶ᠋ᠢᠭᠤᠯᠪᠠ᠃ 10 ᠵᠢᠯ᠎ᠤᠨ ᠲᠤᠷᠰᠢ᠂ ᠤᠰᠤ ᠠᠷᠪᠢᠯᠠᠬᠤ ᠠᠵᠢᠯ ᠯᠠᠪᠳᠠᠭᠤᠨ ᠵᠶ᠋ᠠᠷ ᠠᠬᠢᠵᠤ᠂ ᠪᠦᠬᠦ ᠣᠷᠣᠨ᠎ᠤ ᠤᠰᠤ ᠬᠡᠷᠡᠭᠯᠡᠬᠦ ᠦᠷ᠎ᠡ ᠠᠰᠢᠭ ᠮᠡᠳᠡᠭᠳᠡᠬᠦᠶ᠋ᠢᠴᠡ ᠳᠡᠭᠡᠭᠰᠢᠯᠡᠵᠦ᠂ ᠲᠦᠮᠡᠨ ᠲᠥᠭᠥᠷᠢᠭ᠎ᠤᠨ GDP ᠪᠣᠯᠤᠨ ᠲᠦᠮᠡᠨ ᠲᠥᠭᠥᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠲᠤᠰ ᠲᠤᠰ 2014 ᠣᠨ᠎ᠤ᠎ᠬᠢ᠎ᠠᠴᠠ 47% ᠪᠠ 70% ᠪᠠᠭᠤᠷᠠᠵᠤ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠪᠦᠲᠦᠮᠵᠢᠲᠡᠶ ᠠᠰᠢᠭᠯᠠᠯᠲᠠ ᠵᠢᠨ ᠢᠯᠡᠳᠬᠡᠮᠵᠢ 2014 ᠣᠨ᠎ᠤ 0.512 ᠪᠠᠶ᠋ᠢᠭᠰᠠᠨ᠎ᠠᠴᠠ 0.583 ᠪᠣᠯᠲᠠᠯ᠎ᠠ ᠳᠡᠭᠡᠭᠰᠢᠯᠡᠪᠡ᠃

   ᠣᠷᠣᠨ ᠵᠠᠢ᠎ᠳᠤ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠪᠠᠶ᠋ᠢᠷᠢᠰᠢᠯ᠎ᠢ ᠲᠡᠩᠴᠡᠭᠦᠷᠢᠲᠡᠢ ᠦᠷᠭᠦᠯᠵᠢᠯᠡᠨ ᠰᠢᠯᠢᠳᠡᠭᠵᠢᠭᠦᠯᠬᠦ ᠵᠢ ᠪᠠᠷᠢᠮᠲᠠᠯᠠᠨ᠎ᠠ

   ᠮᠠᠨ᠎ᠤ ᠣᠷᠣᠨ᠎ᠤ ᠤᠰᠤᠨ᠎ᠤ ᠡᠬᠢ ᠪᠠᠶᠠᠯᠢᠭ᠎ᠤᠨ ᠴᠠᠭ ᠬᠤᠭᠤᠴᠠᠭ᠎ᠠ ᠪᠠ ᠣᠷᠣᠨ ᠵᠠᠶ ᠵᠢᠨ ᠲᠠᠷᠬᠠᠯᠲᠠ ᠲᠡᠭᠰᠢ ᠪᠤᠰᠤ᠂ ᠰᠤᠩᠭ᠋ᠠᠷᠢ ᠮᠥᠷᠡᠨ᠎ᠤ ᠤᠷᠤᠰᠬᠠᠯ ᠣᠷᠣᠨ ᠪᠠᠶ᠋ᠢᠬᠤ᠎ᠠᠴᠠ ᠭᠠᠳᠠᠨ᠎ᠠ᠂ ᠪᠥᠬᠦ ᠣᠷᠣᠨ᠎ᠤ ᠬᠥᠮᠦᠨ ᠳᠤᠮᠳᠠᠴᠢ ᠵᠢᠨ ᠤᠰᠤᠨ᠎ᠤ ᠡᠬᠢ ᠪᠠᠶᠠᠯᠢᠭ᠎ᠤᠨ ᠬᠡᠮᠵᠢᠶ᠎ᠡ ᠵᠥᠪᠬᠡᠨ ᠪᠥᠬᠦ ᠤᠯᠤᠰ᠎ᠤᠨ ᠬᠥᠮᠦᠨ ᠳᠤᠮᠳᠠᠴᠢ ᠵᠢᠨ ᠬᠢᠷᠢ ᠲᠦᠪᠰᠢᠨ᠎ᠤ 2 / 5 ᠪᠠᠶ᠋ᠢᠵᠤ᠂ ᠤᠰᠤᠨ᠎ᠤ ᠡᠬᠢ ᠪᠠᠶᠠᠯᠢᠭ᠎ᠤᠨ ᠲᠠᠷᠬᠠᠯᠲᠠ᠎ᠨᠢ ᠬᠥᠮᠦᠨ ᠠᠮᠠ᠂ ᠲᠠᠷᠢᠶᠠᠨ ᠭᠠᠵᠠᠷ ᠵᠢᠴᠢ ᠠᠵᠤ ᠠᠬᠤᠶ ᠵᠢᠨ ᠬᠥᠭᠵᠢᠯᠲᠡ᠎ᠯᠦᠭᠡ ᠲᠦᠢ᠍ᠯ᠎ᠤᠨ ᠵᠣᠬᠢᠴᠠᠬᠤ ᠥᠬᠡᠶ ᠪᠠᠶ᠋ᠢᠨ᠎ᠠ᠃  ᠣᠶ᠋ᠢᠷ᠎ᠠ ᠵᠢᠨ ᠵᠢᠯ᠎ᠤᠳ᠎ᠲᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠢᠭᠡ ᠪᠦᠯᠦᠭ ᠴᠢᠬᠤᠯᠠ ᠶᠡᠭᠡ ᠤᠰᠤ ᠲᠠᠲᠠᠬᠤ ᠢᠨᠵᠧᠨᠧᠷᠢᠩ᠎ᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ᠂ ᠤᠰᠤᠨ᠎ᠤ ᠡᠬᠢ ᠪᠠᠶᠠᠯᠢᠭ᠎ᠤᠨ ᠣᠷᠣᠨ ᠵᠠᠶ ᠵᠢ ᠲᠣᠬᠢᠷᠠᠭᠤᠯᠬᠤ ᠴᠢᠳᠠᠪᠤᠷᠢ ᠬᠦᠷᠦᠯᠴᠡᠬᠦ ᠦᠭᠡᠢ ᠪᠠᠶ᠋ᠢᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠣᠳᠣᠬᠠᠨ᠎ᠳᠤ ᠪᠥᠬᠦ ᠣᠷᠣᠨ᠎ᠳᠤ ᠨᠢᠭᠡᠨᠲᠡ 467 ᠤᠰᠤᠨ ᠴᠥᠭᠦᠷᠥᠮ᠎ᠢ ᠪᠠᠶ᠋ᠢᠭᠤᠯᠤᠨ ᠳᠠᠭᠤᠰᠬᠠᠵᠤ᠂ ᠡᠭᠦᠨ᠎ᠳᠤ ᠲᠣᠮᠣ ᠬᠡᠯᠪᠡᠷᠢ ᠵᠢᠨ ᠤᠰᠤᠨ ᠴᠥᠭᠦᠷᠥᠮ 15᠂ ᠳᠤᠮᠳᠠ ᠬᠡᠯᠪᠡᠷᠢ ᠵᠢᠨ ᠤᠰᠤᠨ ᠴᠥᠭᠦᠷᠥᠮ 88 ᠪᠠᠶ᠋ᠢᠵᠤ᠂ ᠶᠡᠷᠦᠩᠬᠡᠶ ᠴᠥᠭᠦᠷᠥᠮ᠎ᠤᠨ ᠪᠠᠭᠲᠠᠭ᠋ᠠᠮᠵᠢ᠎ᠨᠢ 185 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠠᠴᠠ ᠳᠡᠭᠡᠭᠰᠢ᠎ᠳᠤ ᠬᠦᠷᠪᠡ; ᠴᠤᠤᠯ ᠭᠤᠣᠯ᠎ᠤᠨ ᠤᠰᠤ ᠵᠢ ᠲᠠᠲᠠᠵᠤ ᠯᠢᠶᠤᠤᠾᠸ ᠭᠤᠣᠯ᠎ᠳᠤ ᠨᠡᠮᠡᠷᠢᠯᠡᠬᠦ ᠢᠨᠵᠧᠨᠧᠷᠢᠩ ᠪᠠ ᠥᠪᠥᠷ ᠮᠣᠩᠭᠤᠯ᠎ᠤᠨ ᠰᠠᠯᠪᠤᠷᠢ ᠱᠤᠭᠤᠮ᠎ᠤᠨ ᠢᠨᠵᠧᠨᠧᠷᠢᠩ᠎ᠢ ᠲᠦᠷᠭᠡᠳᠬᠡᠨ ᠠᠬᠢᠭᠤᠯᠵᠤ᠂ ᠨᠤᠨ ᠮᠥᠷᠡᠨ᠎ᠤ ᠤᠰᠤ ᠵᠢ ᠲᠠᠲᠠᠵᠤ ᠰᠢᠯᠢ ᠵᠢᠨ ᠭᠤᠣᠯ᠎ᠳᠤ ᠨᠡᠮᠡᠷᠢᠯᠡᠬᠦ ᠢᠨᠵᠧᠨᠧᠷᠢᠩ᠎ᠤᠨ ᠲᠥᠯᠥᠪᠵᠢᠭᠦᠯᠭᠡ ᠵᠢ ᠪᠡᠶᠡᠯᠡᠭᠦᠯᠦᠭᠰᠡᠨ ᠪᠠᠶ᠋ᠢᠨ᠎ᠠ᠃  ᠤᠰᠤᠨ᠎ᠤ ᠡᠬᠢ ᠪᠠᠶᠠᠯᠢᠭ ᠬᠢᠭᠡᠳ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠷᠢᠰᠢᠭᠤᠯᠤᠯ᠎ᠯᠤᠭ᠎ᠠ ᠲᠣᠬᠢᠷᠠᠯᠴᠠᠬᠤ ᠦᠭᠡᠶ ᠪᠠ ᠤᠰᠤᠨ ᠠᠰᠢᠭᠯᠠᠯᠲᠠ ᠵᠢᠨ ᠰᠠᠭᠤᠷᠢ ᠪᠡᠯᠡᠳᠬᠡᠮᠵᠢ ᠵᠢᠨ ᠳᠤᠲᠠᠭᠤᠳᠠᠯ ᠪᠠ ᠪᠠᠭᠤᠷᠠᠶ ᠲᠠᠯ᠎ᠠ᠎ᠳᠤ ᠰᠠᠭᠤᠷᠢᠯᠠᠵᠤ᠂ ᠣᠳᠣ ᠶᠠᠭ 《ᠨᠢᠭᠡ ᠭᠣᠤᠯ ᠬᠣᠶᠠᠷ ᠵᠢᠭᠦᠷ᠂ ᠭᠤᠷᠪᠠᠨ ᠭᠤᠯᠳᠤ ᠳᠥᠷᠪᠡᠨ ᠬᠥᠨᠳᠡᠯᠡᠨ᠂ ᠪᠠᠷᠠᠭᠤᠨ᠎ᠠᠴᠠ ᠲᠠᠲᠠᠵᠤ ᠵᠡᠭᠦᠨᠰᠢ ᠰᠢᠯᠵᠢᠭᠦᠯᠬᠦ᠂ ᠭᠠᠳᠠᠭ᠋ᠠᠳᠤ᠎ᠲᠠᠢ ᠬᠣᠯᠪᠣᠭ᠋ᠠᠯᠠᠨ ᠳᠣᠲᠣᠭ᠋ᠠᠳᠤ᠎ᠳᠠᠭᠠᠨ ᠨᠡᠪᠲᠡᠷᠡᠭᠦᠯᠬᠦ》 ᠥᠪᠥᠷ ᠮᠣᠩᠭᠣᠯ᠎ᠤᠨ ᠤᠰᠤᠨ ᠠᠰᠢᠭᠯᠠᠯᠲᠠ ᠵᠢᠨ ᠲᠣᠤᠷ᠎ᠤᠨ ᠲᠥᠯᠥᠪᠵᠢᠭᠦᠯᠭᠡ ᠵᠢᠨ ᠪᠠᠶ᠋ᠢᠷᠢᠰᠢᠭᠤᠯᠤᠯ᠎ᠢ ᠲᠦᠷᠭᠡᠳᠬᠡᠨ ᠪᠠᠶ᠋ᠢᠭᠤᠯᠵᠤ ᠪᠠᠶ᠋ᠢᠨ᠎ᠠ᠃  ᠡᠭᠦᠨ᠎ᠤ ᠬᠠᠮᠲᠤ᠂ ᠡᠩ᠎ᠤᠨ ᠪᠤᠰᠤ ᠤᠰᠤᠨ᠎ᠤ ᠡᠬᠢ ᠪᠠᠶᠠᠯᠢᠭ᠎ᠢ ᠳᠣᠭᠢᠷᠠᠭᠤᠯᠤᠨ ᠠᠰᠢᠭᠯᠠᠬᠤ ᠴᠢᠳᠠᠪᠤᠷᠢ ᠲᠠᠰᠤᠷᠠᠯᠲᠠ ᠥᠬᠡᠶ ᠨᠡᠮᠡᠭᠳᠡᠵᠦ᠂ ᠬᠥᠬᠡᠬᠤᠲᠠ᠂ ᠪᠤᠭᠤᠲᠤ ᠬᠤᠲᠠ᠂ ᠦᠬᠠᠶ ᠬᠤᠲᠠ᠂ ᠣᠷᠳᠣᠰ ᠬᠤᠲᠠ 4 ᠬᠤᠲᠠ᠎ᠨᠢ ᠤᠯᠤᠰ᠎ᠤᠨ ᠳᠠᠬᠢᠯᠲᠠ ᠤᠰᠤ ᠵᠢ ᠳᠣᠭᠢᠷᠠᠭᠤᠯᠤᠨ ᠠᠰᠢᠭᠯᠠᠬᠤ ᠲᠤᠷᠰᠢᠯᠲᠠ ᠵᠢᠨ ᠬᠤᠲᠠ᠎ᠪᠠᠷ ᠲᠣᠭᠲᠠᠭ᠋ᠠᠭᠳᠠᠭᠰᠠᠨ ᠪᠥᠭᠡᠳ ᠤᠯᠤᠰ᠎ᠤᠨ ᠵᠢᠷᠭᠤᠭ᠋ᠠᠨ ᠶᠠᠮᠤᠨ ᠵᠥᠪᠯᠡᠯ᠎ᠤᠨ ᠵᠣᠬᠢᠶᠠᠨ ᠪᠠᠶ᠋ᠢᠭᠤᠯᠤᠭᠰᠠᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠯᠲᠡ ᠵᠢ ᠤᠷᠤᠭᠰᠢᠲᠠᠶ       ᠪᠠᠲᠤᠯᠠᠵᠤ᠂ ᠦᠬᠠᠶ ᠬᠤᠲᠠ ᠵᠡᠷᠭᠡ 3 ᠬᠤᠲᠠ᠎ᠨᠢ ᠰᠢᠯᠢᠳᠡᠭ ᠲᠤᠷᠰᠢᠯᠲᠠ ᠵᠢᠨ ᠬᠤᠲᠠ᠎ᠪᠠᠷ ᠦᠨᠡᠯᠡᠭᠳᠡᠪᠡ᠃  ᠣᠷᠳᠣᠰ ᠬᠤᠲᠠ ᠨᠡᠭᠦᠷᠡᠰᠦᠨ ᠳᠠᠪᠬᠤᠷᠭ᠎ᠠ ᠵᠢᠨ ᠤᠰᠤ ᠵᠢ ᠶᠡᠷᠦᠩᠬᠡᠶ᠋ᠢᠯᠡᠨ ᠠᠰᠢᠭᠯᠠᠬᠤ ᠵᠢ ᠢᠳᠡᠪᠬᠢᠲᠡᠶ        ᠠᠬᠢᠭᠤᠯᠵᠤ᠂ ᠨᠡᠭᠦᠷᠡᠰᠦᠨ ᠳᠠᠪᠬᠤᠷᠭ᠎ᠠ ᠵᠢᠨ ᠤᠰᠤ ᠵᠢ ᠬᠤᠰᠢᠭᠤ ᠰᠢᠶᠠᠨ ᠠᠯᠤᠰᠯᠠᠨ ᠬᠤᠯᠪᠣᠭ᠋ᠠᠯᠠᠨ ᠲᠣᠬᠢᠷᠠᠭᠤᠯᠵᠤ ᠬᠤᠯᠪᠣᠭ᠋ᠠᠯᠠᠨ ᠬᠠᠩᠭ᠋ᠠᠬᠤ ᠵᠢ ᠪᠡᠶᠡᠯᠡᠭᠦᠯᠵᠦ᠂ ᠪᠥᠬᠦ ᠬᠤᠲᠠ ᠵᠢᠨ ᠨᠡᠭᠦᠷᠡᠰᠦᠨ ᠳᠠᠪᠬᠤᠷᠭ᠎ᠠ ᠵᠢᠨ ᠤᠰᠤᠨ ᠠᠰᠢᠭᠯᠠᠯᠲᠠ ᠵᠢᠨ ᠨᠣᠷᠮ᠎ᠠ ᠵᠢ ᠶᠡᠭᠡ᠎ᠪᠠᠷ ᠳᠡᠭᠡᠭᠰᠢᠯᠡᠭᠦᠯᠪᠡ᠃ 2023 ᠣᠨ᠎ᠳᠤ ᠪᠥᠬᠦ ᠣᠷᠣᠨ᠎ᠤ ᠡᠩ᠎ᠤᠨ ᠪᠤᠰᠤ ᠤᠰᠤᠨ ᠰᠤᠷᠪᠤᠯᠵᠢ ᠵᠢᠨ ᠠᠰᠢᠭᠯᠠᠯᠲᠠ ᠵᠢᠨ ᠬᠡᠮᠵᠢᠶ᠎ᠡ 7.89 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠲᠤ ᠬᠦᠷᠴᠦ᠂ 2015 ᠣᠨ᠎ᠤ 2.2 ᠳᠠᠬᠢᠨ ᠪᠣᠯᠪᠠ᠃

   ᠰᠢᠰᠲ᠋ᠧᠮ᠎ᠲᠠᠢ ᠵᠠᠰᠠᠬᠤ ᠵᠢ ᠪᠠᠷᠢᠮᠳᠠᠯᠠᠵᠦ ᠤᠰᠤᠨ᠎ᠤ ᠠᠮᠢ ᠠᠬᠤᠢ ᠵᠢᠨ ᠤᠷᠴᠢᠨ ᠨᠦᠭᠦᠴᠡᠯ᠎ᠢ ᠦᠷᠭᠦᠯᠵᠢᠯᠡᠨ ᠰᠠᠶ᠋ᠢᠵᠢᠷᠠᠭᠤᠯᠤᠨ᠎ᠠ

   ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ ᠵᠶ᠋ᠠᠷ ᠭᠠᠷᠳᠠᠴᠠ ᠪᠣᠯᠭ᠋ᠠᠨ ᠤᠰᠤᠨ᠎ᠤ ᠠᠮᠢ ᠠᠬᠤᠢ᠂ ᠤᠰᠤᠨ᠎ᠤ ᠣᠷᠴᠢᠨ ᠲᠣᠭᠤᠷᠢᠨ᠎ᠤ ᠤᠷᠳᠤ ᠬᠤᠭᠤᠴᠠᠭ᠋ᠠᠨ᠎ᠤ ᠴᠢᠨᠠᠷᠲᠠᠢ ᠬᠤᠷᠠᠮᠳᠤᠬᠤ ᠴᠢᠨᠠᠷᠲᠠᠢ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃  ᠣᠶ᠋ᠢᠷ᠎ᠠ ᠵᠢᠨ ᠵᠢᠯ᠎ᠤᠳ᠎ᠲᠤ᠂ ᠥᠪᠡᠷᠲᠡᠭᠡᠨ ᠵᠠᠰᠠᠬᠤ ᠣᠷᠣᠨ ᠤᠷᠢᠳ ᠬᠤᠵᠢᠳ 《ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠤᠷᠠᠬᠢ ᠤᠰᠤᠨ᠎ᠤ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠦᠷᠢᠮ》 《ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠦᠷᠢᠮ》᠎ᠢ ᠨᠡᠶ᠋ᠢᠲᠡᠯᠡᠵᠦ᠂ ᠤᠰᠤᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠬᠠᠮᠢᠶ᠎ᠠ ᠪᠥᠬᠦᠶ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃  ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠠᠪᠤᠭᠰᠠᠨ ᠣᠷᠣᠨ᠎ᠢ ᠶᠡᠷᠦᠩᠬᠡᠶ᠋ᠢᠯᠡᠨ ᠵᠠᠰᠠᠬᠤ ᠵᠢ ᠶᠡᠬᠡᠪᠡᠷ ᠠᠬᠢᠭᠤᠯᠵᠤ᠂ ᠵᠥᠪᠳᠡᠯᠴᠡᠬᠦ᠂ ᠨᠡᠪᠲᠡᠷᠡᠭᠦᠯᠬᠦ ᠵᠡᠷᠭᠡ ᠲᠣᠭᠲᠠᠴᠠ ᠵᠢ ᠲᠡᠭᠦᠯᠳᠡᠷᠵᠢᠭᠦᠯᠦᠨ᠂ 2023 ᠣᠨ᠎ᠠᠴᠠ ᠡᠬᠢᠯᠡᠨ ᠭᠠᠵᠠᠷ ᠳᠣᠤᠷᠠᠬᠢ ᠤᠰᠤᠨ᠎ᠤ ᠬᠠᠮᠢᠶᠠᠷᠤᠯᠲᠠ ᠵᠢᠨ 371 ᠨᠢᠭᠡᠴᠢ᠎ᠳᠤ ᠤᠰᠤᠨ᠎ᠤ ᠬᠡᠮᠵᠢᠶ᠎ᠡ ᠤᠰᠤᠨ ᠲᠦᠪᠰᠢᠨ᠎ᠤ 《ᠬᠤᠶᠠᠷ᠎ᠢ ᠡᠵᠡᠮᠳᠡᠬᠦ》 ᠦᠨᠡᠯᠡᠯᠲᠡ ᠵᠢ ᠥᠷᠨᠢᠭᠦᠯᠦᠨ᠎ᠡ᠃ ᠭᠤᠣᠯ᠎ᠤᠨ ᠵᠠᠮ᠎ᠤᠨ ᠦᠶᠡᠷ ᠵᠠᠯᠠᠬᠤ ᠵᠢ ᠬᠠᠷᠰᠢᠯᠠᠵᠤ ᠪᠠᠶ᠋ᠢᠭ᠎ᠠ ᠳᠣᠪᠤᠶ᠋ᠢᠮ᠎ᠠ ᠠᠰᠠᠭᠤᠳᠠᠯ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠭᠦᠨᠵᠡᠭᠡᠶ ᠥᠷᠨᠢᠭᠦᠯᠵᠦ᠂ ᠭᠤᠤᠯ ᠮᠥᠷᠡᠨ ᠨᠠᠭᠤᠷ ᠴᠥᠭᠦᠷᠥᠮ᠎ᠤᠨ 《ᠳᠥᠷᠪᠡᠨ ᠰᠠᠮᠠᠭᠤᠨ᠎ᠢ ᠠᠷᠢᠯᠭ᠋ᠠᠬᠤ》 ᠵᠢ ᠪᠠᠶ᠋ᠢᠩᠭᠤᠵᠢᠭᠤᠯᠬᠤ ᠵᠢ ᠠᠬᠢᠭᠤᠯᠵᠤ᠂ 434 ᠭᠤᠤᠯ ᠮᠥᠷᠡᠨ ᠨᠠᠭᠤᠷ ᠴᠥᠭᠦᠷᠥᠮ᠎ᠳᠤ ᠡᠷᠡᠭᠦᠯ ᠮᠡᠨᠳᠦ ᠵᠢᠨ ᠲᠠᠩᠰᠠ ᠡᠪᠬᠡᠮᠡᠯ ᠪᠠᠶ᠋ᠢᠭᠤᠯᠵᠤ᠂ ᠥᠪᠥᠷ ᠮᠣᠩᠭᠤᠯ᠎ᠤᠨ ᠬᠤᠶᠠᠳᠤᠭ᠋ᠠᠷ ᠬᠠᠲᠤᠨ ᠭᠤᠤᠯ ᠪᠥᠬᠦ ᠤᠯᠤᠰ᠎ᠤᠨ ᠬᠤᠶᠠᠳᠤᠭ᠋ᠠᠷ ᠬᠤᠭᠤᠴᠠᠭ᠋ᠠᠨ᠎ᠤ ᠬᠠᠮᠤᠭ᠎ᠤᠨ ᠭᠤᠶᠣ ᠨᠤᠲᠤᠭ᠎ᠤᠨ ᠭᠤᠣᠯ ᠮᠥᠷᠡᠨ᠎ᠳᠤ ᠰᠣᠩᠭᠤᠭᠳᠠᠪᠠ᠃ ᠬᠠᠲᠤᠨ ᠭᠤᠤᠯ᠎ᠤᠨ ᠲᠠᠩ ᠭᠠᠵᠠᠷ᠎ᠤᠨ ᠰᠠᠭᠤᠭ᠋ᠠᠯᠢ ᠠᠷᠠᠳ᠎ᠢ ᠨᠡᠭᠦᠯᠭᠡᠨ ᠪᠠᠶ᠋ᠢᠭᠤᠯᠬᠤ ᠠᠵᠢᠯ ᠴᠢᠬᠤᠯᠠ ᠠᠬᠢᠴᠠ᠎ᠲᠠᠢ ᠪᠣᠯᠵᠣ᠂ ᠣᠶ᠋ᠢᠷ᠎ᠠ ᠵᠢᠨ 3 ᠵᠢᠯ᠎ᠳᠤ ᠨᠡᠶ᠋ᠢᠲᠡ 1687 ᠡᠷᠦᠬᠡ᠂ 4213 ᠬᠥᠮᠦᠨ᠎ᠢ ᠨᠡᠭᠦᠯᠭᠡᠨ ᠭᠠᠷᠭ᠋ᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠠᠷᠠᠯᠲᠠ ᠵᠢ ᠪᠥᠬᠦ ᠲᠠᠯ᠎ᠠ᠎ᠪᠠᠷ ᠪᠡᠶᠡᠯᠡᠭᠦᠯᠪᠡ᠃  ᠰᠢᠨ᠎ᠡ ᠴᠠᠭ ᠦᠶ᠎ᠡ ᠵᠢᠨ ᠤᠰᠤ ᠰᠢᠷᠣᠶ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠬᠡᠷᠡᠭᠵᠢᠭᠦᠯᠬᠦ ᠲᠥᠰᠦᠯ᠎ᠢ ᠨᠡᠶ᠋ᠢᠲᠡᠯᠡᠵᠦ᠂ ᠠᠷᠪᠠᠨ ᠶᠡᠭᠡ ᠨᠦᠬᠡ ᠵᠢ ᠶᠡᠷᠦᠩᠬᠡᠶ᠋ᠢᠯᠡᠨ ᠵᠠᠰᠠᠬᠤ ᠲᠥᠯᠥᠪᠵᠢᠭᠦᠯᠭᠡ ᠵᠢ ᠵᠠᠰᠠᠨ ᠨᠠᠶ᠋ᠢᠷᠠᠭᠤᠯᠵᠤ᠂ ᠤᠰᠤ ᠰᠢᠷᠣᠶ ᠵᠢᠨ ᠢᠳᠡᠭᠳᠡᠯ᠎ᠤᠨ ᠲᠠᠯᠠᠪᠠᠶ᠂ ᠬᠦᠴᠦᠯᠡᠴᠡ᠎ᠨᠢ ᠦᠷᠭᠦᠯᠵᠢᠯᠡᠨ 《ᠬᠤᠶᠠᠷ᠎ᠢ ᠪᠠᠭᠤᠷᠠᠭᠤᠯᠬᠤ》 ᠬᠠᠨᠳᠤᠰᠢ᠎ᠲᠠᠢ ᠪᠣᠯᠪᠠ᠃ ᠵᠠᠯᠠᠢ᠌ᠳ ᠬᠤᠰᠢᠭᠤ ᠵᠡᠷᠭᠡ 3 ᠬᠤᠰᠢᠭᠤ ᠰᠢᠶᠠᠩ᠎ᠳᠤ ᠤᠯᠤᠰ᠎ᠤᠨ ᠤᠰᠤ ᠰᠢᠷᠤᠢ ᠵᠢ ᠬᠠᠮᠠᠭ᠋ᠠᠯᠠᠬᠤ ᠵᠢᠱ᠌ᠢᠶ᠎ᠡ ᠦᠵᠡᠭᠦᠯᠬᠦ ᠰᠢᠶᠠᠩ᠎ᠢ ᠠᠮᠵᠢᠯᠲᠠ᠎ᠲᠠᠢ ᠡᠭᠦᠳᠦᠨ ᠪᠠᠢ᠌ᠭᠤᠯᠵᠤ᠂ ᠪᠦᠬᠦ ᠣᠷᠣᠨ᠎ᠳᠤ ᠲᠡᠭ ᠰᠢᠪᠲᠤᠯᠤᠯᠲᠠ ᠬᠢᠬᠦ ᠵᠢ ᠪᠡᠶᠡᠯᠡᠭᠦᠯᠪᠡ᠃  ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ ᠵᠢᠨ ᠪᠠᠲᠤᠯᠠᠭ᠎ᠠ ᠵᠢ ᠴᠢᠩᠭ᠋ᠠᠳᠬᠠᠵᠤ᠂ ᠭᠤᠣᠯᠳᠠᠯᠭ᠎ᠠ᠎ᠲᠠᠢ ᠨᠠᠭᠤᠷ ᠴᠥᠭᠦᠷᠥᠮ᠎ᠤᠨ ᠠᠮᠢ ᠠᠬᠤᠢ ᠵᠢᠨ ᠤᠰᠤ ᠨᠥᠬᠦᠪᠥᠷᠢᠯᠡᠬᠦ ᠵᠢ ᠦᠷᠭᠦᠯᠵᠢᠯᠡᠨ ᠥᠷᠨᠢᠭᠦᠯᠵᠦ᠂ ᠬᠠᠲᠤᠨ ᠭᠤᠣᠯ᠎ᠤᠨ ᠤᠰᠤ ᠵᠢ ᠲᠠᠲᠠᠬᠤ ᠠᠮᠢ ᠠᠬᠤᠢ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠤᠰᠤ ᠨᠥᠬᠦᠪᠥᠷᠢᠯᠡᠬᠦ ᠢᠨᠵᠧᠨᠧᠷᠢᠩ᠎ᠢ ᠪᠠᠶ᠋ᠢᠭᠤᠯᠤᠨ ᠳᠠᠭᠤᠰᠬᠠᠵᠤ ᠤᠰᠤ ᠨᠡᠪᠲᠡᠷᠡᠭᠦᠯᠦᠨ᠂ 《ᠬᠦᠯᠦᠨ ᠨᠠᠭᠤᠷ᠂ ᠲᠠᠬ᠎ᠠ ᠨᠠᠭᠤᠷ᠂ ᠤᠯᠠᠭ᠋ᠠᠨᠰᠤᠬᠠᠢ ᠨᠠᠭᠤᠷ》 ᠎ᠤᠨ ᠤᠰᠤᠨ ᠲᠦᠪᠰᠢᠨ ᠪᠠ ᠤᠰᠤᠨ ᠭᠠᠳᠠᠷᠭᠤ ᠵᠢᠨ ᠲᠠᠯᠠᠪᠠᠢ ᠵᠢ ᠦᠷᠭᠦᠯᠵᠢᠯᠡᠨ ᠵᠦᠢ ᠵᠣᠬᠢᠰᠲᠠᠢ ᠬᠡᠪᠴᠢᠶᠡᠨ᠎ᠳᠤ ᠪᠠᠶ᠋ᠢᠯᠭ᠋ᠠᠵᠤ᠂ ᠵᠡᠭᠦᠨ ᠰᠤᠪᠨᠠᠭᠤᠷ᠎ᠤᠨ ᠤᠰᠤ ᠵᠠᠯᠭ᠋ᠠᠯᠳᠤᠭ᠎ᠠ᠎ᠪᠠᠷ 19 ᠵᠢᠯ ᠬᠠᠲᠠᠬᠤ ᠦᠭᠡᠢ ᠪᠠᠶ᠋ᠢᠬᠤ ᠵᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠠᠴᠠ 《ᠠᠷᠪᠠᠨ ᠵᠤᠷᠪᠤᠰ ᠬᠠᠲᠠᠭᠤ ᠠᠷᠭ᠎ᠠ ᠬᠡᠮᠵᠢᠶ᠎ᠡ》 ᠵᠢ ᠨᠡᠶ᠋ᠢᠲᠡᠯᠡᠵᠦ᠂ ᠪᠠᠷᠠᠭᠤᠨ ᠯᠢᠶᠤᠤᠾᠸ ᠭᠤᠤᠯ᠎ᠤᠨ ᠰᠠᠪᠠ ᠭᠠᠵᠠᠷ᠎ᠤᠨ 《ᠤᠰᠤᠨ᠎ᠤ ᠬᠡᠮᠵᠢᠶ᠎ᠡ᠎ᠪᠠᠷ ᠶᠠᠪᠤᠬᠤ》 ᠵᠢ ᠪᠥᠬᠦ ᠲᠠᠯ᠎ᠠ᠎ᠪᠠᠷ ᠴᠢᠩᠭ᠋ᠠᠳᠬᠠᠪᠠ᠃ 2023 ᠣᠨ᠎ᠤ ᠬᠠᠪᠤᠷ᠎ᠤᠨ ᠤᠯᠠᠷᠢᠯ᠎ᠤᠨ ᠦᠶᠡᠷ᠎ᠤᠨ ᠬᠤᠭᠤᠴᠠᠭ᠎ᠠ ᠵᠢ ᠲᠣᠬᠢᠷᠠᠭᠤᠯᠬᠤ ᠵᠠᠩᠭᠢᠯᠠᠭ᠎ᠠ ᠵᠢᠨ ᠬᠤᠭᠤᠴᠠᠭ᠋ᠠᠨ᠎ᠳᠤ᠂ ᠪᠠᠷᠠᠭᠤᠨ ᠯᠢᠶᠤᠤᠾᠸ ᠭᠤᠣᠯ᠎ᠤᠨ ᠭᠤᠣᠯ ᠤᠷᠤᠰᠬᠠᠯ᠎ᠤᠨ ᠤᠰᠤᠨ ᠲᠦᠷᠦᠭᠦᠦ ᠲᠦᠩᠯᠢᠶᠣᠤ ᠬᠤᠲᠠ ᠵᠢᠨ ᠲᠥᠪ ᠬᠤᠳᠠ ᠵᠢᠨ ᠣᠭᠲᠣᠯᠤᠭ᠋ᠠᠰᠤ᠎ᠳᠤ ᠠᠩᠬ᠎ᠠ ᠤᠳᠠᠭ᠎ᠠ ᠬᠦᠷᠴᠡᠢ᠃ ᠴᠠᠭ᠋ᠠᠨᠨᠠᠭᠤᠷ᠎ᠤᠨ ᠰᠠᠪᠠ ᠭᠠᠵᠠᠷ᠎ᠢ ᠬᠠᠮᠵᠢᠯᠴᠠᠨ ᠬᠠᠮᠲᠤᠪᠠᠷ ᠵᠠᠰᠠᠬᠤ ᠠᠵᠢᠯ᠎ᠢ ᠭᠦᠨᠵᠡᠭᠡᠶ᠋ᠢᠷᠡᠭᠦᠯᠵᠦ᠂ ᠾᠧᠪᠸᠢ ᠮᠤᠵᠢ ᠵᠢᠨ ᠭᠠᠵᠠᠷ ᠳᠣᠤᠷᠠᠬᠢ ᠤᠰᠤ ᠵᠢ ᠬᠢᠨᠠᠨ ᠬᠡᠮᠵᠢᠭᠰᠡᠨ ᠲᠤᠭ᠎ᠠ ᠪᠠᠷᠢᠮᠲᠠ ᠵᠢ ᠬᠠᠮᠲᠤᠪᠠᠷ ᠡᠳ᠋ᠯᠡᠬᠦ ᠵᠢ ᠪᠡᠶᠡᠯᠡᠭᠦᠯᠵᠦ᠂ ᠭᠠᠵᠠᠷ ᠳᠣᠤᠷᠠᠬᠢ ᠤᠰᠤᠨ᠎ᠤ ᠲᠦᠪᠰᠢᠨ ᠲᠦᠷᠭᠡᠨ ᠪᠠᠭᠤᠷᠠᠬᠤ ᠬᠠᠨᠳᠤᠰᠢ ᠵᠢ ᠪᠦᠲᠦᠮᠵᠢᠲᠡᠶ ᠬᠤᠷᠢᠭᠯᠠᠪᠠ᠃

   ᠬᠤᠶᠠᠷ ᠲᠠᠯ᠎ᠠ᠎ᠪᠠᠷ ᠬᠦᠴᠦᠯᠡᠬᠦ ᠵᠢ ᠪᠠᠷᠢᠮᠲᠠᠯᠠᠵᠤ ᠤᠰᠤᠨ᠎ᠤ ᠡᠬᠢ ᠪᠠᠶᠠᠯᠢᠭ᠎ᠢ ᠠᠷᠪᠢᠯᠠᠨ ᠠᠰᠢᠭᠯᠠᠬᠤ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠦᠶ᠎ᠡ

   ᠮᠠᠨ᠎ᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ ᠳᠣᠪᠣᠶ᠋ᠢᠮ᠎ᠠ ᠠᠰᠠᠭᠤᠳᠠᠯ᠎ᠢ ᠪᠦᠲᠦᠮᠵᠢᠲᠡᠶ ᠨᠠᠮᠳᠠᠭᠤᠯᠵᠤ᠂ ᠵᠠᠰᠠᠭ᠎ᠤᠨ ᠣᠷᠳᠣᠨ ᠵᠶ᠋ᠠᠷ ᠭᠣᠤᠯᠯᠠᠭᠤᠯᠬᠤ ᠪᠠ ᠵᠠᠬ᠎ᠠ ᠳᠡᠯᠭᠡᠭᠦᠷ ᠵᠶ᠋ᠠᠷ ᠲᠣᠬᠢᠷᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠤᠰᠠᠳᠠ᠂ ᠤᠰᠤᠨ ᠠᠰᠢᠭᠯᠠᠯᠲᠠ ᠵᠢᠨ ᠶᠠᠮᠤᠨ ᠪᠣᠯᠤᠨ ᠬᠠᠲᠤᠨ ᠭᠣᠤᠯ᠎ᠤᠨ ᠤᠰᠤᠨ ᠠᠰᠢᠭᠯᠠᠯᠲᠠ ᠵᠢᠨ ᠵᠥᠪᠯᠡᠯ᠎ᠤᠨ ᠬᠦᠴᠦᠲᠡᠶ ᠳᠡᠮᠵᠢᠯᠭᠡ ᠳᠣᠤᠷ᠎ᠠ᠂ ᠬᠠᠲᠤᠨ ᠭᠣᠤᠯ᠎ᠤᠨ ᠭᠣᠤᠯ ᠤᠷᠤᠰᠬᠠᠯ᠎ᠤᠨ ᠤᠰᠤᠨ᠎ᠤ ᠡᠷᠬᠡ ᠵᠢ ᠰᠢᠯᠵᠢᠭᠦᠯᠦᠨ ᠥᠭᠬᠦ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠦᠨ᠎ᠡ᠃  ᠣᠶ᠋ᠢᠷ᠎ᠠ ᠵᠢᠨ 20 ᠵᠢᠯ᠎ᠤᠨ ᠦᠢ᠍ᠯᠡᠳᠦᠯᠭᠡ ᠵᠢᠨ ᠰᠦᠪᠡᠭᠴᠢᠯᠡᠯᠲᠡ᠎ᠪᠠᠷ ᠳᠠᠮᠵᠢᠨ᠂ ᠬᠠᠲᠤᠨ ᠭᠤᠣᠯ᠎ᠤᠨ ᠤᠰᠤᠨ᠎ᠤ ᠬᠡᠮᠵᠢᠶ᠎ᠡ ᠵᠢ ᠨᠢᠭᠡᠨᠲᠡ 4.43 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠰᠢᠯᠵᠢᠭᠦᠯᠦᠨ ᠥᠭᠴᠦ᠂ ᠤᠷᠢᠳ ᠬᠤᠵᠢᠳ 260 ᠭᠠᠷᠤᠢ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠤᠨ ᠤᠰᠤ ᠬᠡᠷᠡᠭᠯᠡᠬᠦ ᠠᠰᠠᠭᠤᠳᠠᠯ᠎ᠢ ᠰᠢᠢ᠍ᠳᠪᠦᠷᠢᠯᠡᠵᠦ᠂ ᠪᠠᠷᠤᠭ 4000 ᠳ᠋ᠦᠩᠰᠢᠭᠤᠷ ᠲᠥᠭᠦᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠲᠤ ᠤᠰᠤᠨ᠎ᠤ ᠡᠬᠢ ᠪᠠᠶᠠᠯᠢᠭ᠎ᠤᠨ ᠲᠤᠯᠭ᠋ᠠᠭᠤᠷᠢᠯᠠᠯ ᠬᠠᠩᠭ᠋ᠠᠵᠤ᠂ ᠡᠭᠦᠨ᠎ᠤ ᠬᠠᠮᠲᠤ ᠬᠠᠲᠤᠨ ᠭᠤᠣᠯ᠎ᠤᠨ ᠤᠰᠤᠯᠠᠯᠲᠠ ᠵᠢᠨ ᠣᠷᠣᠨ᠎ᠳᠤ 60 ᠭᠠᠷᠤᠢ ᠳ᠋ᠦᠩᠰᠢᠭᠤᠷ ᠲᠥᠭᠦᠷᠢᠭ᠎ᠤᠨ ᠤᠰᠤ ᠠᠷᠪᠢᠯᠠᠬᠤ ᠥᠭᠡᠷᠡᠴᠢᠯᠡᠯᠲᠡ ᠵᠢᠨ ᠪᠡᠯᠡ ᠮᠥᠩᠭᠦ ᠴᠤᠭᠯᠠᠭᠤᠯᠪᠠ;  ᠪᠦᠬᠦ ᠤᠯᠤᠰ᠎ᠲᠤ 《ᠡᠯᠡᠰᠦ ᠵᠢ ᠬᠠᠰᠢᠵᠤ ᠤᠰᠤ ᠰᠣᠯᠢᠬᠤ》 ᠠᠮᠢ ᠠᠬᠤᠶ ᠵᠢ ᠵᠠᠰᠠᠬᠤ ᠲᠤᠷᠰᠢᠯᠲᠠ ᠵᠢᠨ ᠴᠡᠭ᠎ᠤᠨ ᠢᠨᠵᠧᠨᠧᠷᠢᠩ᠎ᠢ ᠤᠷᠢᠳᠠᠪᠠᠷ ᠬᠡᠷᠡᠭᠵᠢᠭᠦᠯᠵᠦ᠂ ᠠᠵᠤ ᠦᠢ᠍ᠯᠡᠳᠪᠦᠷᠢ ᠪᠣᠯᠤᠨ ᠬᠣᠲᠠ ᠪᠠᠯᠭ᠋ᠠᠰᠤ ᠵᠢᠨ ᠠᠮᠢᠳᠤᠷᠠᠯ᠎ᠤᠨ ᠰᠣᠯᠢᠬᠤ ᠤᠰᠤᠨ᠎ᠤ ᠬᠡᠮᠵᠢᠶ᠎ᠡ 2800 ᠲᠦᠮᠡᠨ ᠪᠣᠰᠣᠭ᠎ᠠ ᠳᠥᠷᠪᠡᠯᠵᠢᠨ ᠮᠧᠲᠷ᠂ ᠣᠷᠣᠨ ᠪᠦᠰᠡ ᠵᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠨᠡᠮᠡᠭᠳᠡᠭᠦᠯᠬᠦ ᠦᠭᠡᠶ ᠤᠷᠢᠲᠠᠯ ᠳᠣᠤᠷ᠎ᠠ᠂ ᠤᠰᠤ ᠬᠡᠷᠡᠭᠯᠡᠬᠦ ᠪᠦᠲᠦᠴᠡ ᠵᠢ ᠲᠣᠬᠢᠷᠠᠭᠤᠯᠬᠤ᠎ᠪᠠᠷ ᠳᠠᠮᠵᠢᠭᠤᠯᠤᠨ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠪᠣᠭᠣᠮᠢ ᠬᠢᠵᠠᠭ᠋ᠠᠷᠯᠠᠯ᠎ᠢ ᠰᠢᠢ᠍ᠳᠪᠦᠷᠢᠯᠡᠬᠦ ᠰᠢᠨ᠎ᠡ ᠠᠷᠭ᠎ᠠ ᠵᠠᠮ᠎ᠢ ᠰᠦᠪᠡᠭᠴᠢᠯᠡᠵᠦ᠂ ᠠᠵᠤ ᠠᠬᠤᠶ᠂ ᠨᠡᠶ᠋ᠢᠭᠡᠮ ᠪᠣᠯᠤᠨ ᠣᠷᠴᠢᠨ ᠲᠣᠭᠣᠷᠢᠨ᠎ᠤ ᠦᠷ᠎ᠡ ᠠᠰᠢᠭ᠎ᠢ ᠪᠣᠶ ᠪᠣᠯᠭ᠋ᠠᠭᠰᠠᠨ ᠪᠠᠶ᠋ᠢᠨ᠎ᠠ᠃  ᠭᠡᠷ᠎ᠡ ᠲᠣᠭᠲᠠᠨ ᠤᠰᠤ ᠠᠷᠪᠢᠯᠠᠬᠤ ᠪᠠ 《ᠤᠰᠤ ᠠᠷᠪᠢᠯᠠᠬᠤ ᠵᠢᠭᠡᠯᠡᠯᠭᠡ》 ᠵᠢᠨ ᠤᠰᠤ ᠠᠷᠪᠢᠯᠠᠬᠤ ᠪᠡᠯᠡ ᠲᠣᠬᠢᠷᠠᠭᠤᠯᠭ᠎ᠠ ᠵᠢᠨ ᠰᠢᠨ᠎ᠡ ᠵᠠᠭᠪᠤᠷ᠎ᠢ ᠢᠳᠡᠪᠬᠢᠲᠡᠢ ᠰᠦᠪᠡᠭᠴᠢᠯᠡᠵᠦ᠂ ᠭᠡᠷ᠎ᠡ ᠲᠣᠭᠲᠠᠵᠤ ᠤᠰᠤ ᠠᠷᠪᠢᠯᠠᠬᠤ ᠲᠥᠷᠥᠯ ᠵᠦᠢ᠍ᠯ 10 ᠪᠠᠶ᠋ᠢᠵᠤ᠂ ᠨᠡᠶ᠋ᠢᠭᠡᠮ᠎ᠤᠨ ᠬᠥᠷᠥᠩᠭᠡ ᠵᠢ 2.35 ᠳ᠋ᠦᠩᠰᠢᠭᠤᠷ ᠲᠥᠭᠦᠷᠢᠭ ᠲᠡᠳᠡᠨ ᠠᠪᠴᠢᠷᠠᠵᠤ᠂ ᠵᠢᠯ᠎ᠤᠨ ᠤᠰᠤ ᠠᠷᠪᠢᠯᠠᠬᠤ ᠬᠡᠮᠵᠢᠶ᠎ᠡ ᠵᠢ 692 ᠲᠦᠮᠡᠨ ᠪᠣᠰᠤᠭ᠎ᠠ ᠳᠥᠷᠪᠡᠯᠵᠢᠨ ᠮᠸᠲᠷ ᠪᠡᠶᠡᠯᠡᠭᠦᠯᠦᠨ᠎ᠡ᠃ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠲᠠᠢ ᠬᠠᠮᠲᠤᠷᠠᠨ 《ᠤᠰᠤ ᠠᠷᠪᠢᠯᠠᠬᠤ ᠵᠢᠭᠡᠯᠡᠯᠭᠡ》 ᠵᠢᠨ ᠪᠡᠯᠡ ᠲᠣᠬᠢᠷᠠᠭᠤᠯᠬᠤ ᠦᠢ᠍ᠯᠡᠴᠢᠯᠡᠭᠡ ᠵᠢ ᠡᠬᠢᠯᠡᠭᠦᠯᠵᠦ ᠠᠵᠤ ᠠᠬᠤᠢ᠌ᠯᠠᠯ᠎ᠳᠤ 6.01 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠪᠠ᠃ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠪᠣᠯᠤᠨ ᠡᠵᠡᠩᠨᠡᠯᠲᠡ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠢᠳᠡᠪᠬᠢᠲᠡᠶ᠎ᠪᠠᠷ ᠵᠣᠷᠢᠭᠵᠢᠭᠤᠯᠤᠨ ᠵᠢᠯᠣᠭᠣᠳᠴᠤ᠂ 《ᠵᠠᠰᠠᠭ ᠪᠠᠩᠬᠢ ᠠᠵᠤ ᠠᠬᠤᠶ᠋ᠢᠯᠠᠯ》᠎ᠤᠨ ᠬᠣᠷᠰᠢᠯᠴᠠᠬᠤ ᠡᠷᠴᠢᠮ᠎ᠢ ᠲᠠᠰᠤᠷᠠᠯᠲᠠ ᠤᠢ᠍ᠭᠡᠢ ᠨᠡᠮᠡᠭᠳᠡᠭᠦᠯᠵᠦ᠂ ᠮᠥᠩᠭᠥᠨ ᠭᠦᠢ᠍ᠯᠭᠡᠭᠡᠨ ᠵᠶ᠋ᠠᠷ ᠤᠰᠤᠨ ᠠᠰᠢᠭᠯᠠᠯᠲᠠ ᠵᠢᠨ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥ ᠵᠢᠨ ᠬᠡᠪᠴᠢᠶ᠎ᠡ ᠵᠢ ᠥᠷᠭᠡᠳᠬᠡᠨ᠎ᠡ᠃ ᠣᠶ᠋ᠢᠷ᠎ᠠ ᠵᠢᠨ 10 ᠵᠢᠯ᠎ᠳᠤ᠂ ᠨᠡᠶ᠋ᠢᠭᠡᠮ᠎ᠤᠨ ᠪᠡᠯᠡ ᠮᠥᠩᠭᠥ ᠵᠢ ᠨᠡᠶ᠋ᠢᠲᠡ 262.36 ᠳ᠋ᠦᠩᠰᠢᠭᠤᠷ ᠲᠥᠭᠥᠷᠢᠭ ᠲᠠᠲᠠᠵᠤ᠂ ᠭᠣᠤᠯᠳᠠᠭᠤ ᠣᠷᠣᠨ ᠪᠦᠰᠡ ᠠᠯᠤᠰᠯᠠᠭᠰᠠᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠪᠡ᠃

  10 ᠵᠢᠯ᠎ᠤᠨ ᠲᠤᠷᠰᠢ᠂ ᠶᠡᠷᠦᠩᠬᠡᠶ ᠱᠦᠵᠢ ᠰᠢ ᠵᠢᠨ ᠫᠢᠩ᠎ᠤᠨ ᠵᠠᠯᠠᠭᠤᠷ᠎ᠢ ᠠᠳᠬᠤᠨ ᠤᠰᠤ ᠵᠢ ᠵᠠᠰᠠᠬᠤ ᠰᠡᠳᠬᠢᠮᠵᠢ ᠵᠢᠨ ᠰᠢᠨᠵᠢᠯᠡᠬᠦ ᠤᠬᠠᠭ᠋ᠠᠨᠴᠢ ᠵᠢᠯᠣᠭᠤᠳᠣᠯᠭ᠎ᠠ ᠳᠣᠤᠷ᠎ᠠ᠂ ᠪᠥᠬᠦ ᠣᠷᠣᠨ᠎ᠤ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠤᠮᠤᠭ ᠵᠤᠷᠢᠭ ᠲᠡᠭᠦᠯᠳᠡᠷ ᠵᠶ᠋ᠠᠷ ᠡᠷᠡᠯᠬᠡᠭᠯᠡᠨ ᠤᠷᠤᠭᠰᠢᠯᠠᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠬᠦ ᠠᠵᠢᠯ᠎ᠳᠤ ᠢᠯᠡᠳᠲᠡ ᠦᠷ᠎ᠡ ᠪᠦᠲᠦᠮᠵᠢ ᠤᠯᠬᠤ ᠵᠢ ᠠᠬᠢᠭᠤᠯᠪᠠ᠃  ᠭᠡᠪᠡᠴᠦ ᠣᠳᠣᠬᠠᠨ᠎ᠳᠤ ᠵᠠᠷᠢᠮ ᠭᠤᠤᠯᠳᠠᠯᠭ᠎ᠠ᠎ᠲᠠᠢ ᠣᠷᠣᠨ ᠪᠦᠰᠡ ᠢᠯᠠᠩᠭᠤᠶ᠎ᠠ ᠬᠠᠲᠤᠨ ᠭᠤᠤᠯ᠎ᠤᠨ ᠰᠠᠪᠠ ᠭᠠᠵᠠᠷ᠎ᠨᠢ ᠤᠰᠤᠨ᠎ᠤ ᠪᠠᠶ᠋ᠢᠳᠠᠯ᠎ᠳᠤ ᠤᠯᠠᠮ ᠢᠯᠡᠷᠬᠡᠶ ᠪᠣᠯᠵᠣ᠂ ᠢᠷᠡᠭᠡᠳᠦᠶ᠎ᠳᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠠ ᠠᠭᠤᠷ ᠠᠮᠢᠰᠬᠤᠯ᠎ᠤᠨ ᠬᠤᠪᠢᠷᠠᠯᠲᠠ ᠵᠢᠨ ᠪᠥᠬᠦ ᠣᠷᠣᠨ᠎ᠤ ᠤᠰᠤ ᠬᠡᠷᠡᠭᠯᠡᠬᠦ ᠬᠡᠷᠡᠭᠴᠡᠭᠡ ᠮᠥᠨ ᠬᠦ᠌ ᠬᠠᠲᠠᠭᠤ ᠨᠡᠮᠡᠭᠳᠡᠯ᠎ᠲᠠᠢ ᠪᠠᠶ᠋ᠢᠬᠤ ᠵᠢ ᠳᠠᠭ᠋ᠠᠯᠳᠤᠨ᠂ ᠤᠰᠤᠨ᠎ᠤ ᠠᠮᠤᠷ ᠲᠦᠪᠰᠢᠨ᠎ᠤ ᠪᠠᠶ᠋ᠢᠳᠠᠯ ᠮᠥᠨ ᠬᠦ᠌ ᠬᠦᠨᠳᠦ ᠨᠣᠴᠢᠲᠠᠶ ᠪᠠᠶ᠋ᠢᠨ᠎ᠠ᠃  ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ ᠵᠢᠨ ᠲᠣᠭᠤᠷᠢᠨ᠎ᠳᠤ᠂ 《ᠰᠢᠨ᠎ᠡ ᠵᠠᠮ᠎ᠢ ᠨᠡᠭᠡᠭᠡᠵᠦ᠂ ᠳᠤᠮᠳᠠ ᠲᠦᠪᠰᠢᠨ᠎ᠳᠤ ᠤᠷᠤᠬᠤ》 ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠨᠡᠶ᠋ᠢᠲᠡᠯᠡᠭᠰᠡᠨ 《ᠤᠰᠤ ᠵᠢ ᠠᠷᠪᠢᠯᠠᠵᠤ ᠬᠡᠷᠡᠭᠯᠡᠬᠦ ᠲᠦᠷᠢᠮ》᠎ᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠤᠰᠤ ᠵᠢ ᠠᠷᠪᠢᠯᠠᠵᠤ ᠬᠡᠷᠡᠭᠯᠡᠬᠦ ᠲᠡᠶ᠋ᠢᠰᠢ ᠤᠯᠠᠮ ᠴᠢᠨᠠᠭᠰᠢᠳᠠ ᠬᠥᠭᠵᠢᠭᠦᠯᠵᠦ᠂ ᠤᠰᠤᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠦᠷᠭᠦᠯᠵᠢᠯᠡᠨ ᠴᠢᠩᠭ᠋ᠠᠳᠬᠠᠵᠤ᠂ ᠴᠢᠨᠠᠷ ᠰᠠᠶ᠋ᠢᠲᠠᠢ ᠬᠥᠭᠵᠢᠯᠲᠡ᠎ᠳᠤ ᠪᠠᠲᠤ ᠪᠠᠬᠢ ᠤᠰᠤᠨ᠎ᠤ ᠡᠬᠢ ᠪᠠᠶᠠᠯᠢᠭ᠎ᠤᠨ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠬᠤ ᠬᠡᠷᠡᠭᠲᠡᠢ᠃

  《ᠤᠰᠤ᠎ᠪᠠᠷ ᠲᠦᠷᠪᠡ ᠵᠢ ᠲᠣᠭᠲᠠᠭ᠋ᠠᠬᠤ》 ᠵᠠᠷᠴᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠎ᠤ ᠤᠯᠤᠰ ᠠᠷᠠᠳ᠎ᠤᠨ ᠠᠵᠤ ᠠᠬᠤᠶ ᠵᠢᠨ ᠬᠥᠭᠵᠢᠯᠲᠡ ᠵᠢᠨ ᠲᠥᠯᠥᠪᠵᠢᠭᠦᠯᠭᠡ᠂ ᠣᠷᠣᠨ ᠪᠦᠰᠡ ᠵᠢᠨ ᠲᠥᠯᠥᠪᠵᠢᠭᠦᠯᠭᠡ᠂ ᠬᠦᠷᠢᠶᠡᠯᠡᠩ ᠲᠣᠭᠣᠷᠢᠭ᠎ᠤᠨ ᠲᠥᠯᠥᠪᠵᠢᠭᠦᠯᠭᠡ ᠵᠡᠷᠭᠡ ᠴᠢᠬᠤᠯᠠ ᠲᠥᠯᠥᠪᠵᠢᠭᠦᠯᠭᠡ ᠲᠣᠭᠲᠠᠭ᠋ᠠᠬᠤ᠎ᠳᠠᠭᠠᠨ᠂ ᠤᠰᠤ᠎ᠪᠠᠷ ᠬᠣᠲᠠ ᠵᠢ ᠲᠣᠭᠲᠠᠭ᠋ᠠᠬᠤ᠂ ᠤᠰᠤ᠎ᠪᠠᠷ ᠭᠠᠵᠠᠷ᠎ᠢ ᠲᠣᠭᠲᠠᠭ᠋ᠠᠬᠤ᠂ ᠤᠰᠤ᠎ᠪᠠᠷ ᠭᠠᠷᠤᠯᠲᠠ ᠵᠢ ᠲᠣᠭᠲᠠᠭ᠋ᠠᠬᠤ ᠵᠢ ᠪᠠᠷᠢᠮᠲᠠᠯᠠᠵᠤ᠂ ᠤᠰᠤᠨ᠎ᠤ ᠡᠬᠢ ᠪᠠᠶᠠᠯᠢᠭ᠎ᠢ ᠬᠠᠮᠤᠭ᠎ᠤᠨ ᠶᠡᠬᠡ ᠬᠠᠲᠠᠭᠤ ᠬᠢᠵᠠᠭ᠋ᠠᠷᠯᠠᠯ ᠪᠣᠯᠭ᠋ᠠᠵᠤ᠂ ᠬᠣᠲᠠ ᠬᠥᠳᠡᠭᠡ ᠵᠢᠨ ᠪᠠᠶ᠋ᠢᠷᠢᠰᠢᠭᠤᠯᠤᠯ᠂ ᠭᠠᠵᠠᠷ ᠰᠢᠷᠣᠶ ᠵᠢᠨ ᠨᠡᠭᠡᠭᠡᠯᠲᠡ᠂ ᠬᠥᠮᠦᠨ ᠠᠮᠠ ᠵᠢᠨ ᠬᠡᠪᠴᠢᠶ᠎ᠡ᠂ ᠠᠵᠤ ᠦᠢ᠍ᠯᠡᠰ᠎ᠤᠨ ᠪᠦᠲᠦᠴᠡ᠂ ᠠᠮᠢ ᠠᠬᠤᠶ ᠵᠢᠨ ᠬᠠᠮᠠᠭ᠋ᠠᠯᠠᠯᠲᠠ ᠵᠡᠷᠭᠡ ᠵᠢ ᠤᠰᠤᠨ᠎ᠤ ᠡᠬᠢ ᠪᠠᠶᠠᠯᠢᠭ᠎ᠤᠨ ᠲᠥᠷᠥᠯᠬᠢ ᠨᠥᠬᠥᠴᠡᠯ ᠵᠢᠴᠢ ᠤᠰᠤᠨ᠎ᠤ ᠣᠷᠴᠢᠨ ᠲᠣᠭᠣᠷᠢᠨ᠎ᠤ ᠳᠠᠭ᠋ᠠᠭ᠋ᠠᠴᠠ ᠵᠢᠨ ᠴᠢᠳᠠᠪᠤᠷᠢ᠎ᠲᠠᠢ ᠵᠣᠬᠢᠴᠠᠭᠤᠯᠬᠤ ᠵᠢ ᠠᠬᠢᠭᠤᠯᠤᠨ᠎ᠠ᠃ ᠬᠣᠲᠠ ᠪᠠᠯᠭ᠋ᠠᠰᠤ ᠵᠢᠨ ᠨᠣᠭᠣᠭ᠋ᠠᠷᠠᠭᠤᠯᠤᠯᠲᠠ ᠪᠠ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ᠎ᠳᠤ 《ᠤᠰᠤ᠎ᠪᠠᠷ ᠨᠣᠭᠣᠭ᠋ᠠᠷᠠᠭᠤᠯᠤᠯᠲᠠ ᠵᠢ ᠲᠣᠭᠲᠠᠭ᠋ᠠᠬᠤ》 ᠵᠢ ᠪᠠᠷᠢᠮᠲᠠᠯᠠᠵᠤ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠤᠰᠤ ᠠᠷᠪᠢᠯᠠᠵᠤ ᠭᠠᠩ᠎ᠲᠠᠢ ᠲᠡᠮᠡᠴᠡᠬᠦ ᠮᠣᠳᠣᠨ᠎ᠤ ᠲᠥᠷᠥᠯ᠎ᠢ ᠰᠣᠩᠭᠣᠨ ᠠᠪᠴᠤ᠂ ᠣᠶ᠋ᠢᠵᠢᠭᠤᠯᠬᠤ᠎ᠳᠤ ᠲᠤᠬᠢᠷᠡᠪᠠᠯ ᠮᠣᠳᠣ ᠲᠠᠷᠢᠵᠤ᠂ ᠡᠪᠡᠰᠦ ᠲᠠᠷᠢᠬᠤ᠎ᠳᠤ ᠲᠤᠬᠢᠷᠡᠪᠠᠯ ᠡᠪᠡᠰᠦ ᠮᠣᠳᠣ ᠲᠠᠷᠢᠵᠤ ᠪᠣᠯᠤᠨ᠎ᠠ᠃

   ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ ᠴᠢᠩᠭ᠋᠎ᠠ ᠬᠢᠵᠠᠭ᠋ᠠᠷᠯᠠᠨ᠎ᠠ᠃ ᠤᠰᠤᠨ᠎ᠤ ᠡᠬᠢ ᠪᠠᠶᠠᠯᠢᠭ᠎ᠤᠨ ᠠᠰᠢᠭᠯᠠᠵᠤ ᠪᠣᠯᠬᠤ ᠬᠡᠮᠵᠢᠶ᠎ᠡ ᠵᠢ ᠦᠨᠳᠦᠰᠦᠯᠡᠨ᠂ ᠡᠯ᠎ᠡ ᠠᠵᠢᠯ ᠲᠥᠷᠥᠯ᠎ᠤᠨ ᠤᠰᠤᠨ᠎ᠤ ᠡᠬᠢ ᠪᠠᠶᠠᠯᠢᠭ᠎ᠢ ᠠᠰᠢᠭᠯᠠᠬᠤ ᠳᠡᠭᠡᠳᠦ ᠬᠢᠵᠠᠭ᠋ᠠᠷ᠎ᠢ ᠵᠦᠢ ᠵᠣᠬᠢᠰᠲᠠᠶ ᠲᠣᠭᠲᠠᠭ᠋ᠠᠵᠤ᠂ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠭᠰᠠᠨ ᠭᠠᠵᠠᠷ ᠣᠷᠣᠨ᠎ᠤ ᠰᠢᠨ᠎ᠡ᠎ᠪᠠᠷ ᠤᠰᠤ ᠠᠪᠬᠤ ᠭᠤᠶᠤᠴᠢᠯᠠᠯ᠎ᠳᠤ ᠬᠢᠨᠠᠨ ᠵᠥᠪᠰᠢᠶᠡᠷᠡᠬᠦ ᠵᠢ ᠬᠢᠵᠠᠭ᠋ᠠᠷᠯᠠᠨ ᠵᠥᠪᠰᠢᠶᠡᠷᠡᠬᠦ ᠵᠢ ᠬᠡᠷᠡᠭᠵᠢᠭᠦᠯᠵᠦ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠲᠠᠯᠠᠪᠠᠶ ᠵᠢ ᠳᠤᠷ᠎ᠠ᠎ᠪᠠᠷ ᠵᠶ᠋ᠠᠨ ᠥᠷᠭᠡᠳᠬᠡᠬᠦ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃  ᠪᠠᠷᠠᠭᠤᠨ ᠯᠢᠶᠤᠤᠾᠸ ᠭᠤᠤᠯ᠎ᠤᠨ ᠰᠠᠪᠠ ᠭᠠᠵᠠᠷ᠂ ᠣᠷᠳᠣᠰ᠎ᠤᠨ ᠳᠡᠨᠵᠢ ᠭᠠᠵᠠᠷ᠎ᠤᠨ ᠣᠷᠣᠨ ᠪᠦᠰᠡ᠎ᠨᠢ 2025 ᠣᠨ᠎ᠤ ᠰᠡᠭᠦᠯᠴᠢ᠎ᠠᠴᠠ ᠡᠮᠦᠨ᠎ᠡ 3.3 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠪᠠᠭ᠋ᠠᠰᠬᠠᠬᠤ ᠬᠠᠷᠠᠯᠲᠠ ᠵᠢ ᠪᠡᠶᠡᠯᠡᠭᠦᠯᠬᠦ᠎ᠪᠠᠷ ᠴᠢᠷᠮᠠᠶ᠋ᠢᠨ᠎ᠠ᠃ ᠪᠠᠷᠠᠭᠤᠨ ᠯᠢᠶᠤᠤᠾᠸ ᠭᠣᠤᠯ᠎ᠤᠨ ᠰᠠᠪᠠ ᠭᠠᠵᠠᠷ 2030 ᠣᠨ᠎ᠳᠤ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠬᠤ ᠵᠢ ᠵᠠᠰᠠᠬᠤ ᠬᠠᠷᠠᠯᠲᠠ᠎ᠳᠤ ᠬᠦᠷᠪᠡ᠃ ᠬᠥᠬᠡᠬᠤᠲᠠ᠂ ᠬᠤᠷᠴᠢᠨ ᠲᠣᠭᠤᠷᠢᠭ᠂ ᠤᠷᠠᠳ᠎ᠤᠨ ᠡᠮᠦᠨᠡᠲᠦ ᠬᠤᠰᠢᠭᠤ ᠵᠡᠷᠭᠡ 3 ᠲᠣᠮᠣ ᠬᠡᠯᠪᠡᠷᠢ ᠵᠢᠨ ᠬᠡᠲᠦ ᠮᠠᠯᠲᠠᠭᠰᠠᠨ ᠣᠷᠣᠨ᠎ᠤ ᠶᠡᠷᠦᠩᠬᠡᠶ᠋ᠢᠯᠡᠭᠰᠡᠨ ᠵᠠᠰᠠᠯᠲᠠ᠎ᠨᠢ 2025 ᠣᠨ᠎ᠳᠤ ᠮᠠᠯᠲᠠᠬᠤ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠣᠯᠭ᠋ᠠᠨ᠎ᠠ᠃

   ᠤᠰᠤ ᠵᠢ ᠰᠠᠶ᠋ᠢᠲᠤᠷ ᠠᠷᠪᠢᠯᠠᠨ ᠭᠠᠮᠨᠠᠵᠤ ᠡᠵᠡᠮᠳᠡᠨ᠎ᠡ᠃ ᠤᠰᠤ ᠠᠷᠪᠢᠯᠠᠬᠤ ᠵᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠦᠬᠦ ᠶᠠᠪᠤᠴᠠ ᠪᠣᠯᠤᠨ ᠡᠯ᠎ᠡ ᠬᠦᠷᠢᠶᠡᠨ᠎ᠳᠤ ᠲᠤᠭᠤᠰᠢᠯᠠᠭᠤᠯᠤᠨ᠂ ᠡᠯ᠎ᠡ ᠠᠵᠢᠯ ᠲᠥᠷᠥᠯ᠎ᠤᠨ ᠤᠰᠤ ᠬᠡᠷᠡᠭᠯᠡᠬᠦ ᠬᠢᠷᠢ ᠬᠡᠮᠵᠢᠶ᠎ᠡ᠂ ᠤᠰᠤ ᠬᠡᠷᠡᠭᠯᠡᠬᠦ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ       ᠬᠡᠷᠡᠭᠲᠡᠶ᠃ ᠲᠠᠷᠢᠶᠠᠯᠠᠩ᠎ᠤᠨ ᠤᠰᠤ ᠠᠷᠪᠢᠯᠠᠬᠤ ᠵᠢ ᠭᠣᠤᠯᠳᠠᠯᠭ᠎ᠠ᠎ᠲᠠᠢ ᠲᠦᠯᠬᠢᠨ ᠠᠬᠢᠭᠤᠯᠵᠤ᠂ ᠪᠣᠷᠣᠲᠣᠬᠣᠶ ᠵᠢᠨ ᠤᠰᠤᠯᠠᠯᠲᠠ ᠵᠢᠨ ᠣᠷᠣᠨ ᠵᠶ᠋ᠠᠷ ᠭᠣᠤᠯᠳᠠᠯᠭ᠎ᠠ ᠪᠣᠯᠭ᠋ᠠᠭᠰᠠᠨ ᠤᠰᠤᠯᠠᠯᠲᠠ ᠵᠢᠨ ᠣᠷᠣᠨ᠎ᠢ ᠦᠷᠭᠦᠯᠵᠢᠯᠡᠨ ᠪᠠᠶ᠋ᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠵᠢᠨ ᠠᠬᠢᠴᠠ ᠵᠢ ᠲᠦᠷᠭᠡᠳᠬᠡᠨ᠂ 《ᠤᠰᠤ᠎ᠪᠠᠷ ᠨᠡᠯᠦᠶ᠋ᠢᠲᠡᠯ᠎ᠡ ᠤᠰᠤᠯᠠᠬᠤ》 ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠶ᠃   ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠵᠢ ᠶᠡᠬᠡᠪᠡᠷ ᠬᠡᠷᠡᠭᠵᠢᠭᠦᠯᠵᠦ᠂ ᠬᠠᠭᠤᠴᠢᠨ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠳᠤ ᠤᠰᠤ ᠠᠷᠪᠢᠯᠠᠬᠤ ᠥᠭᠡᠷᠡᠴᠢᠯᠡᠯᠲᠡ ᠵᠢ ᠬᠡᠷᠡᠭᠵᠢᠭᠦᠯᠵᠦ᠂ ᠤᠰᠤ ᠶᠡᠭᠡ ᠬᠤᠷᠣᠭᠳᠠᠭᠤᠯᠬᠤ ᠲᠥᠷᠥᠯ ᠵᠦᠢ᠍ᠯ᠎ᠢ ᠴᠢᠩᠭ᠎ᠠ ᠬᠢᠵᠠᠭ᠋ᠠᠷᠯᠠᠵᠤ᠂ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠲᠥᠷᠥᠯ ᠵᠦᠢ᠍ᠯ᠎ᠢ ᠡᠷᠬᠡᠪᠰᠢ ᠲᠡᠷᠢᠭᠦᠨ᠎ᠤ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠬᠢᠷᠢ ᠲᠦᠪᠰᠢᠨ᠎ᠳᠤ ᠬᠦᠷᠦᠭᠦᠯᠵᠦ᠂ ᠤᠰᠤᠨ᠎ᠤ ᠬᠤᠷᠣᠭᠳᠠᠯ᠎ᠢ ᠵᠥᠪᠰᠢᠶᠡᠷᠡᠬᠦ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠶ ᠲᠥᠷᠥᠯ ᠵᠦᠢ᠍ᠯ᠎ᠳᠤ ᠴᠥᠮ ᠤᠰᠤ ᠠᠪᠴᠤ ᠵᠥᠪᠰᠢᠶᠡᠷᠡᠬᠦ ᠵᠥᠪᠰᠢᠶᠡᠷᠡᠯ᠎ᠢ ᠬᠢᠨᠠᠨ ᠵᠥᠪᠰᠢᠶᠡᠷᠡᠵᠦ ᠪᠣᠯᠬᠤ ᠦᠭᠡᠶ᠃

   ᠤᠰᠤᠨ᠎ᠤ ᠡᠬᠢ ᠪᠠᠶᠠᠯᠢᠭ᠎ᠢ ᠴᠢᠩᠭ᠎ᠠ ᠨᠢᠮᠪᠠᠢ ᠰᠠᠶ᠋ᠢᠲᠤᠷ ᠬᠠᠮᠢᠶᠠᠷᠤᠨ᠎ᠠ᠃ ᠤᠰᠤᠨ᠎ᠤ ᠡᠬᠢ ᠪᠠᠶᠠᠯᠢᠭ᠎ᠢ ᠬᠠᠮᠢᠶᠠᠷᠤᠨ ᠡᠵᠡᠮᠳᠡᠬᠦ ᠭᠦᠢ᠍ᠴᠡᠳᠬᠡᠯ ᠲᠤᠭ᠎ᠠ ᠵᠢ ᠤᠰᠤ ᠬᠡᠷᠡᠭᠯᠡᠬᠦ ᠦᠨᠳᠦᠰᠦᠨ ᠨᠢᠭᠡᠴᠢ᠎ᠳᠤ ᠬᠦᠷᠲᠡᠯ᠎ᠡ ᠨᠠᠷᠢᠯᠢᠭᠵᠢᠭᠤᠯᠤᠨ ᠵᠠᠳᠠᠯᠬᠤ ᠵᠢ ᠰᠠᠶ᠋ᠢᠲᠤᠷ ᠠᠳᠬᠤᠵᠤ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠬᠤ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠬᠤ ᠵᠢ ᠦᠨᠡᠨᠬᠦ ᠪᠠᠲᠤᠯᠠᠨ᠎ᠠ᠃ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠲᠣᠭᠲᠠᠭᠰᠠᠨ ᠨᠣᠷᠮ᠎ᠠ (ᠲᠥᠯᠥᠪᠯᠡᠭᠡ) ᠵᠢᠨ ᠬᠠᠮᠢᠶᠠᠷᠤᠯᠲᠠ᠂ ᠱᠠᠲᠤᠯᠢᠭ (ᠠᠬᠢᠭᠤᠯᠤᠨ ᠣᠷᠣᠭᠤᠯᠬᠤ) ᠤᠰᠤᠨ᠎ᠤ ᠦᠨ᠎ᠡ ᠬᠠᠩᠰᠢ ᠵᠢ ᠬᠡᠷᠡᠭᠵᠢᠭᠦᠯᠵᠦ᠂ 《ᠠᠷᠪᠢᠯᠠᠪᠠᠯ ᠱᠠᠩᠨᠠᠵᠤ ᠬᠡᠲᠦᠷᠡᠪᠡᠯ ᠲᠣᠷᠭ᠋ᠠᠬᠤ》 ᠲᠣᠭᠲᠠᠴᠠ ᠵᠢ ᠪᠠᠶ᠋ᠢᠭᠤᠯᠤᠨ᠎ᠠ᠃  ᠬᠢᠨᠠᠨ ᠬᠡᠮᠵᠢᠬᠦ ᠰᠠᠭᠤᠷᠢ ᠴᠢᠨᠠᠷᠲᠠᠶ᠂ ᠲᠤᠯᠭ᠋ᠠᠭᠤᠷᠢᠯᠠᠬᠤ ᠴᠢᠨᠠᠷᠲᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠵᠤ ᠦᠢ᠍ᠯᠡᠳᠪᠦᠷᠢ᠂ ᠠᠮᠢᠳᠤᠷᠠᠯ᠎ᠤᠨ ᠬᠡᠷᠡᠭᠯᠡᠬᠦ ᠤᠰᠤᠨ᠎ᠤ ᠬᠡᠮᠵᠢᠶ᠎ᠡ ᠵᠢ ᠪᠦᠬᠦᠨ᠎ᠢ ᠬᠠᠮᠤᠷᠤᠭᠤᠯᠵᠤ᠂ ᠭᠤᠣᠯᠳᠠᠯᠭ᠎ᠠ᠎ᠲᠠᠢ ᠤᠰᠤ ᠬᠡᠷᠡᠭᠯᠡᠬᠦ ᠡᠷᠦᠬᠡ ᠵᠢ ᠰᠦᠯᠵᠢᠶᠡᠨ ᠳᠡᠭᠡᠷ᠎ᠡ ᠬᠡᠮᠵᠢᠵᠦ ᠬᠢᠨᠠᠨ ᠡᠵᠡᠮᠳᠡᠬᠦ ᠵᠢ ᠪᠡᠶᠡᠯᠡᠭᠦᠯᠵᠦ᠂ ᠲᠠᠷᠢᠶᠠᠯᠠᠩ᠎ᠤᠨ ᠤᠰᠤᠯᠠᠯᠲᠠ ᠵᠢᠨ ᠬᠤᠳᠳᠤᠭ᠎ᠲᠤ 《ᠴᠠᠬᠢᠯᠭ᠋ᠠᠨ ᠵᠶ᠋ᠠᠷ ᠤᠰᠤ ᠵᠢ ᠨᠤᠭᠤᠯᠬᠤ》 ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠲᠣᠭ᠋ᠠᠴᠢᠯᠠᠭᠰᠠᠨ ᠮᠡᠳᠡᠭᠡ ᠵᠠᠩᠭᠢᠵᠢᠯᠲᠠ ᠵᠢᠨ ᠤᠶᠤᠨᠴᠢᠯᠠᠭᠰᠠᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ ᠵᠶ᠋ᠠᠷ ᠡᠨᠧᠷᠭᠢ ᠣᠯᠭᠤᠬᠤ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠥᠨᠳᠥᠷ ᠪᠦᠲᠦᠮᠵᠢᠲᠡᠶ᠎ᠪᠠᠷ ᠠᠰᠢᠭᠯᠠᠨ᠎ᠠ᠃

   ᠤᠰᠤ ᠨᠡᠮᠡᠭᠳᠡᠭᠦᠯᠬᠦ ᠠᠵᠢᠯ᠎ᠢ ᠰᠠᠶ᠋ᠢᠲᠤᠷ ᠬᠢᠨ᠎ᠡ᠃ ᠤᠯᠤᠰ᠎ᠤᠨ ᠤᠰᠤᠨ ᠠᠰᠢᠭᠯᠠᠯᠲᠠ ᠵᠢᠨ ᠲᠣᠤᠷ᠎ᠲᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠤ᠂ ᠪᠥᠬᠦ ᠣᠷᠣᠨ᠎ᠤ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠲᠣᠤᠷ᠎ᠤᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ ᠪᠥᠭᠡᠳ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ ᠬᠠᠲᠤᠨ ᠭᠤᠤᠯ᠂ ᠯᠢᠶᠤᠤᠾᠸ ᠭᠤᠤᠯ᠂ ᠨᠤᠨ ᠮᠥᠷᠡᠨ ᠵᠡᠷᠭᠡ ᠴᠢᠬᠤᠯᠠ ᠰᠠᠪᠠ ᠭᠠᠵᠠᠷ᠎ᠤᠨ ᠤᠰᠤᠨ ᠠᠰᠢᠭᠯᠠᠯᠲᠠ ᠵᠢᠨ ᠲᠣᠤᠷ᠎ᠤᠨ ᠪᠠᠶ᠋ᠢᠷᠢᠰᠢᠭᠤᠯᠤᠯᠲᠠ ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ 《ᠵᠡᠭᠦᠨᠰᠢ ᠪᠠᠷᠠᠭᠤᠨᠰᠢ ᠬᠠᠷᠢᠯᠴᠠᠨ ᠲᠤᠰᠠᠯᠠᠵᠤ᠂ ᠡᠮᠦᠨ᠎ᠡ ᠤᠮᠠᠷ᠎ᠠ ᠬᠠᠷᠢᠯᠴᠠᠨ ᠨᠡᠪᠲᠡᠷᠡᠯᠴᠡᠬᠦ》 ᠤᠰᠤᠨ ᠠᠰᠢᠭᠯᠠᠯᠲᠠ ᠵᠢᠨ ᠲᠣᠤᠷ᠎ᠤᠨ ᠲᠣᠬᠢᠷᠠᠭᠤᠯᠤᠯᠲᠠ ᠵᠢᠨ ᠪᠠᠶ᠋ᠢᠷᠢᠰᠢᠯ᠎ᠢ ᠪᠣᠶ ᠪᠣᠯᠭ᠋ᠠᠨ᠎ᠠ᠃  ᠳᠠᠬᠢᠯᠲᠠ ᠤᠰᠤ᠂ ᠨᠡᠭᠦᠷᠡᠰᠦᠨ ᠳᠠᠪᠬᠤᠷᠭ᠎ᠠ ᠵᠢᠨ ᠤᠰᠤ ᠵᠡᠷᠭᠡ ᠬᠡᠪ᠎ᠤᠨ ᠪᠤᠰᠤ ᠤᠰᠤᠨ ᠰᠤᠷᠪᠤᠯᠵᠢ ᠵᠢᠨ ᠲᠣᠬᠢᠷᠠᠭᠤᠯᠤᠯᠲᠠ ᠵᠢ ᠠᠰᠢᠭᠯᠠᠬᠤ᠎ᠪᠠᠨ ᠨᠡᠮᠡᠭᠳᠡᠭᠦᠯᠬᠦ ᠬᠡᠷᠡᠭᠲᠡᠶ᠃ ᠴᠤᠤᠯ ᠭᠤᠣᠯ᠎ᠤᠨ ᠤᠰᠤ ᠵᠢ ᠲᠠᠲᠠᠵᠤ ᠯᠢᠶᠤᠤᠾᠸ ᠭᠤᠣᠯ᠎ᠳᠤ ᠨᠡᠮᠡᠷᠢᠯᠡᠬᠦ᠂ ᠥᠪᠥᠷ ᠮᠣᠩᠭᠤᠯ᠎ᠤᠨ ᠰᠠᠯᠪᠤᠷᠢ ᠱᠤᠭᠤᠮ ᠵᠡᠷᠭᠡ ᠴᠢᠬᠤᠯᠠ ᠶᠡᠭᠡ ᠤᠰᠤ ᠲᠠᠲᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠪᠠᠷᠠᠭᠤᠨ ᠱᠤᠭᠤᠮ᠎ᠤᠨ ᠢᠨᠵᠧᠨᠧᠷᠢᠩ᠎ᠢ ᠡᠬᠢᠯᠡᠭᠦᠯᠬᠦ ᠵᠢ ᠢᠳᠡᠪᠬᠢᠲᠡᠢ ᠤᠷᠢᠶᠠᠯᠠᠵᠤ᠂ ᠬᠠᠳᠤᠨ ᠭᠤᠣᠯ᠎ᠤᠨ ᠰᠠᠪᠠ ᠭᠠᠵᠠᠷ᠂ ᠪᠠᠷᠠᠭᠤᠨ ᠯᠢᠶᠤᠤᠾᠸ ᠭᠤᠣᠯ᠎ᠤᠨ ᠰᠠᠪᠠ ᠭᠠᠵᠠᠷ ᠵᠡᠷᠭᠡ ᠭᠤᠣᠯᠳᠠᠯᠭ᠎ᠠ᠎ᠲᠠᠢ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠵᠢ ᠬᠦᠴᠦᠯᠡᠨ ᠳᠡᠭᠡᠭᠰᠢᠯᠡᠭᠦᠯᠵᠦ᠂ ᠤᠰᠤᠨ᠎ᠤ ᠡᠬᠢ ᠪᠠᠶᠠᠯᠢᠭ᠎ᠤᠨ ᠣᠷᠣᠨ ᠵᠠᠢ ᠵᠢ ᠲᠣᠬᠢᠷᠠᠭᠤᠯᠬᠤ ᠴᠢᠳᠠᠪᠤᠷᠢ ᠵᠢ ᠴᠢᠩᠭ᠋ᠠᠳᠬᠠᠨ᠎ᠠ᠃

   ᠤᠰᠤ ᠠᠷᠪᠢᠯᠠᠬᠤ ᠤᠬᠠᠭᠤᠯᠭ᠎ᠠ ᠬᠥᠮᠦᠵᠢᠯ᠎ᠢ ᠶᠡᠬᠡᠪᠡᠷ ᠦᠷᠨᠢᠭᠦᠯᠦᠨ᠎ᠡ᠃ 《ᠳᠡᠯᠡᠭᠡᠢ ᠵᠢᠨ ᠣᠰᠣᠨ᠎ᠤ          ᠡᠳᠣᠷ》᠂ 《ᠲᠣᠮᠳᠠᠳᠣ ᠣᠯᠥᠰ᠎ᠤᠨ ᠣᠰᠣᠨ ᠭᠠᠷᠠᠭ》᠂ 《ᠪᠦᠬᠦ ᠣᠯᠥᠰ᠎ᠤᠨ ᠬᠤᠳᠡ ᠵᠢᠨ ᠣᠰᠦ ᠠᠷᠪᠢᠯᠠᠨ ᠭᠡᠷᠡᠭᠯᠡᠬᠦ ᠣᠬᠠᠭᠤᠯᠭ᠎ᠠ ᠵᠢᠨ ᠭᠠᠷᠠᠭ》 ᠵᠡᠷᠭᠡ᠎ᠲᠠᠢ ᠣᠶᠠᠯᠳᠣᠭᠤᠯᠥᠨ᠂ 《ᠣᠰᠦ ᠠᠷᠪᠢᠯᠠᠬᠤ ᠦᠪᠤᠷ ᠮᠣᠩᠭᠤᠯ ᠪᠢᠳᠡ ᠬᠦᠳᠡᠯᠦᠯᠴᠡᠵᠤ ᠪᠤᠢ》 ᠰᠢᠷᠢᠰ ᠣᠬᠠᠭᠤᠯᠭ᠎ᠠ ᠵᠢᠨ ᠠᠵᠢᠯᠯᠠᠭ᠎ᠠ᠎ᠪᠠᠷ ᠳᠥᠰᠢᠭ ᠪᠤᠯᠭ᠋ᠠᠵᠦ᠂ ᠣᠯᠡᠨ ᠨᠡᠶ᠋ᠢᠲᠡ᠎ᠳᠤ ᠣᠰᠦ ᠠᠷᠪᠢᠯᠠᠬᠤ ᠮᠡᠳᠡᠯᠭᠡ ᠵᠢ ᠳᠥᠭᠡᠮᠡᠯᠵᠢᠬᠦᠯᠵᠦ᠂ ᠣᠰᠦ ᠠᠷᠪᠢᠯᠠᠬᠤ ᠵᠢ ᠰᠠᠨᠠᠭ᠋ᠠᠴᠢᠯᠠᠨ᠎ᠠ᠃  《ᠠᠷᠠᠳ ᠢᠷᠭᠡᠳ᠎ᠤᠨ ᠤᠰᠤ ᠵᠢ ᠠᠷᠪᠢᠯᠠᠵᠤ ᠬᠡᠷᠡᠭᠯᠡᠬᠦ ᠦᠢ᠍ᠯᠡ ᠠᠵᠢᠯᠯᠠᠭ᠎ᠠ ᠵᠢᠨ ᠵᠢᠷᠤᠮᠵᠢᠯ》᠎ᠢ ᠦᠷᠭᠦᠯᠵᠢᠯᠡᠨ ᠤᠬᠠᠭᠤᠯᠤᠨ ᠲᠦᠭᠡᠮᠡᠯᠵᠢᠭᠦᠯᠵᠦ᠂ ᠤᠰᠤ ᠠᠷᠪᠢᠯᠠᠬᠤ ᠰᠤᠷᠭ᠋ᠠᠨ ᠬᠥᠮᠦᠵᠢᠯ᠎ᠢ ᠰᠤᠷᠭ᠋ᠠᠭᠤᠯᠢ ᠵᠢᠨ ᠬᠦᠷᠢᠶ᠎ᠡ᠂ ᠨᠡᠶ᠋ᠢᠭᠡᠮ ᠲᠣᠭᠤᠷᠢᠭ᠂ ᠠᠵᠤ ᠠᠬᠤᠶ᠋ᠢᠯᠠᠯ᠂ ᠪᠠᠶ᠋ᠢᠭᠤᠯᠭ᠎ᠠ᠎ᠳᠤ ᠣᠷᠣᠭᠤᠯᠬᠤ ᠵᠡᠷᠭᠡ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠣᠯᠠᠨ ᠨᠡᠶ᠋ᠢᠲᠡ ᠵᠢᠨ ᠤᠰᠤ ᠠᠷᠪᠢᠯᠠᠬᠤ ᠦᠵᠡᠯ ᠤᠬᠠᠮᠰᠠᠷ᠎ᠢ ᠴᠢᠩᠭ᠋ᠠᠷᠠᠭᠤᠯᠤᠨ᠂ ᠪᠥᠬᠦ ᠨᠡᠶ᠋ᠢᠭᠡᠮ ᠵᠶ᠋ᠠᠷ ᠵᠶ᠋ᠠᠨ ᠤᠰᠤ ᠵᠢ ᠠᠷᠪᠢᠯᠠᠵᠤ ᠬᠡᠷᠡᠭᠯᠡᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃

  (《ᠥᠪᠥᠷ ᠮᠣᠩᠭᠤᠯ᠎ᠤᠨ ᠡᠳᠦᠷ᠎ᠤᠨ ᠰᠣᠨᠢᠨ》᠎ᠠᠴᠠ ᠰᠢᠯᠵᠢᠭᠦᠯᠪᠡ)

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠬᠤ ᠠᠵᠢᠯ᠎ᠤᠨ ᠬᠤᠷᠠᠯ ᠵᠢᠴᠢ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠠᠶ᠋ᠢᠴᠢᠯᠠᠯᠳᠠ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠲᠣᠭᠲᠠᠴᠠ ᠵᠢ ᠪᠦᠷᠢᠨᠰᠢᠭᠦᠯᠵᠦ ᠣᠷᠴᠢᠨ ᠲᠣᠭᠤᠷᠢᠨ᠎ᠤ ᠢᠯᠵᠠᠷᠠᠯ᠎ᠢ ᠤᠷᠢᠳᠴᠢᠯᠠᠨ ᠰᠡᠷᠭᠡᠢ᠌ᠯᠡᠵᠦ ᠥᠪᠥᠷ ᠮᠣᠩᠭᠤᠯ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠶᠠᠪᠤᠴᠠ᠎ᠳᠠᠬᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ 《ᠬᠤᠷᠴᠠ ᠰᠡᠯᠡᠮ᠎ᠡ》 ᠭᠠᠷᠭ᠋ᠠᠬᠤ ᠬᠡᠷᠡᠭᠲᠡᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠲᠠᠪᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠤᠨᠤᠰᠬᠤ᠂ ᠨᠠᠮ ᠵᠶ᠋ᠠᠨ ᠳᠠᠭ᠋ᠠᠬᠤ》 ᠲᠤᠬᠠᠶ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ
 
            