ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠲᠠᠪᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠤᠨᠤᠰᠬᠤ᠂ ᠨᠠᠮ ᠵᠶ᠋ᠠᠨ ᠳᠠᠭ᠋ᠠᠬᠤ》 ᠲᠤᠬᠠᠶ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ
ᠨᠡᠶ᠋ᠢᠲᠡᠯᠡᠭᠰᠡᠨ ᠴᠠᠭ᠄ 2024-03-27

  3 ᠳ᠋ᠤᠭ᠋ᠠᠷ ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠲᠠᠪᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠤᠨᠤᠰᠬᠤ᠂ ᠨᠠᠮ ᠵᠶ᠋ᠠᠨ ᠳᠠᠭ᠋ᠠᠬᠤ》 ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃


专题研讨交流.png


   ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 2024 ᠣᠨ᠎ᠤ ᠪᠦᠬᠦ ᠣᠷᠣᠨ᠎ᠤ ᠵᠣᠬᠢᠶᠠᠨ ᠪᠠᠶ᠋ᠢᠭᠤᠯᠬᠤ ᠬᠡᠯᠲᠡᠰ᠎ᠤᠨ ᠳᠠᠷᠤᠭ᠎ᠠ ᠨᠠᠷ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠬᠤ ᠵᠢᠨ ᠬᠠᠮᠲᠤ 《ᠨᠠᠮ᠎ᠤᠨ ᠠᠴᠢ ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠣᠯ ᠰᠡᠳᠦᠪ ᠪᠣᠯᠭ᠋ᠠᠵᠤ᠂ 《ᠨᠠᠮ᠎ᠤᠨ ᠪᠠᠶ᠋ᠢᠭᠤᠯᠤᠯᠲᠠ ᠵᠢᠨ ᠬᠠᠭᠤᠳᠠᠰᠤ》᠂ 《ᠦᠨᠳᠦᠰᠦᠲᠡᠨ᠎ᠤ ᠵᠣᠬᠢᠶᠠᠯ》᠂ 《ᠥᠪᠥᠷ ᠮᠣᠩᠭᠤᠯ᠎ᠤᠨ  ᠬᠠᠭᠣᠳᠠᠰᠤ 》᠂ 《ᠵᠢᠷᠭᠤᠭ᠋ᠠᠨ ᠦᠭᠡ ᠵᠢᠨ ᠪᠣᠳᠠᠲᠤ ᠶᠠᠪᠤᠳᠠᠯ ᠪᠠ ᠶᠣᠰᠣ》 ᠵᠢᠴᠢ ᠮᠣᠩᠭᠤᠯ ᠮᠣᠷᠢᠨ᠎ᠤ ᠵᠣᠷᠢᠭ ᠰᠠᠨᠠᠭ᠎ᠠ ᠪᠣᠯᠤᠨ 《ᠤᠮᠠᠷᠠᠲᠦ ᠵᠢᠨ ᠭᠤᠷᠪᠠᠨ ᠤᠷᠤᠨ᠎ᠤ ᠵᠣᠷᠢᠭ ᠰᠠᠨᠠᠭ᠎ᠠ》 ᠵᠢᠨ ᠲᠣᠭᠤᠷᠢᠨ᠎ᠳᠤ᠂ ᠦᠢ᠍ᠯᠡᠴᠢᠯᠡᠭᠡᠨ᠎ᠤ ᠪᠠᠲᠤᠯᠠᠭ᠎ᠠ᠎ᠪᠠᠷ ᠬᠤᠶᠠᠷ ᠶᠡᠭᠡ ᠶᠠᠪᠤᠳᠠᠯ ᠪᠣᠯᠤᠨ 《ᠰᠢᠨ᠎ᠡ ᠵᠠᠮ᠎ᠢ ᠨᠡᠭᠡᠭᠡᠵᠦ᠂ ᠳᠤᠮᠳᠠ ᠲᠦᠪᠰᠢᠨ᠎ᠳᠤ ᠤᠷᠤᠬᠤ》 ᠬᠠᠷᠠᠯᠲᠠ ᠵᠢ ᠪᠡᠶᠡᠯᠡᠭᠦᠯᠬᠦ ᠲᠤᠬᠠᠢ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠵᠤ᠂ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ ᠪᠣᠯᠤᠨ ᠬᠡᠰᠡᠭ ᠲᠢᠩᠬᠢᠮ᠎ᠤᠨ ᠬᠠᠷᠢᠶ᠎ᠠ ᠨᠢᠭᠡᠴᠢ ᠵᠢᠨ ᠭᠤᠣᠯ ᠬᠠᠷᠢᠭᠤᠴᠠᠯᠭ᠋ᠠᠲᠠᠨ ᠨᠥᠬᠦᠳ ᠶᠡᠭᠡ ᠬᠤᠷᠠᠯ ᠳᠡᠭᠡᠷ᠎ᠡ ᠰᠠᠨᠠᠯ ᠵᠶ᠋ᠠᠨ ᠰᠣᠯᠢᠯᠴᠠᠬᠤ ᠠᠵᠢᠯ᠎ᠢ ᠭᠦᠨᠵᠡᠭᠡᠢ ᠥᠷᠨᠢᠭᠦᠯᠵᠦ᠂ ᠪᠤᠰᠤᠳ ᠭᠤᠣᠯ ᠳᠤᠭᠤᠶ᠋ᠢᠯᠠᠩ᠎ᠤᠨ ᠪᠦᠷᠢᠯᠳᠦᠬᠦᠨ ᠪᠢᠴᠢᠭ᠎ᠤᠨ ᠬᠡᠯᠪᠡᠷᠢ᠎ᠪᠠᠷ ᠰᠠᠨᠠᠯ ᠵᠶ᠋ᠠᠨ ᠰᠣᠯᠢᠯᠴᠠᠪᠠ᠃

   ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠨᠢ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶ᠋ᠢᠳᠠᠯ᠎ᠢ ᠨᠡᠭᠡᠭᠡᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠵᠢᠨ ᠦᠨᠳᠦᠰᠦᠨ ᠵᠢᠷᠤᠮᠯᠠᠯ ᠪᠣᠯᠤᠨ᠎ᠠ᠃  ᠪᠥᠬᠦ ᠣᠷᠣᠨ᠎ᠤ ᠵᠣᠬᠢᠶᠠᠨ ᠪᠠᠶ᠋ᠢᠭᠤᠯᠬᠤ ᠬᠡᠯᠲᠡᠰ᠎ᠤᠨ ᠳᠠᠷᠤᠭ᠎ᠠ ᠨᠠᠷ᠎ᠤᠨ ᠬᠤᠷᠠᠯ᠎ᠠᠴᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠤᠯᠤᠰ᠎ᠤᠨ ᠵᠣᠬᠢᠶᠠᠨ ᠪᠠᠶ᠋ᠢᠭᠤᠯᠬᠤ ᠬᠡᠯᠲᠡᠰ᠎ᠤᠨ ᠳᠠᠷᠤᠭ᠎ᠠ ᠨᠠᠷ᠎ᠤᠨ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠪᠥᠬᠦ ᠣᠷᠣᠨ᠎ᠤ ᠵᠣᠬᠢᠶᠠᠨ ᠪᠠᠶ᠋ᠢᠭᠤᠯᠬᠤ ᠠᠵᠢᠯ᠎ᠤᠨ ᠭᠤᠤᠯᠳᠠᠯᠭ᠎ᠠ᠎ᠲᠠᠢ ᠡᠭᠦᠷᠭᠡ ᠪᠣᠯᠤᠨ ᠬᠠᠷᠠᠯᠲᠠ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃  ᠤᠰᠤᠨ ᠠᠰᠢᠭᠯᠠᠯᠲᠠ ᠵᠢᠨ ᠲᠢᠩᠬᠢᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠪᠠᠶ᠋ᠢᠭᠤᠯᠤᠯᠲᠠ ᠵᠢᠨ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠠᠵᠢᠯ᠎ᠤᠨ ᠭᠤᠤᠯ ᠰᠢᠵᠢᠮ᠎ᠢ ᠤᠰᠤᠨ ᠠᠰᠢᠭᠯᠠᠯᠲᠠ ᠵᠢᠨ ᠠᠵᠢᠯ᠎ᠤᠨ ᠪᠦᠬᠦ ᠬᠦᠷᠢᠶᠡᠨ᠎ᠤ ᠡᠯ᠎ᠡ ᠲᠠᠯ᠎ᠠ᠎ᠳᠤ ᠲᠤᠭᠤᠰᠢᠯᠠᠭᠤᠯᠵᠤ᠂ 《ᠨᠠᠮ᠎ᠤᠨ ᠪᠠᠶ᠋ᠢᠭᠤᠯᠤᠯᠲᠠ ᠵᠢᠨ       ᠬᠠᠭᠤᠳᠠᠰᠤ》 ᠵᠢ ᠤᠰᠤᠨ ᠠᠰᠢᠭᠯᠠᠯᠲᠠ ᠵᠢᠨ ᠠᠵᠢᠯ᠎ᠢ ᠲᠥᠯᠥᠪᠵᠢᠭᠦᠯᠦᠨ ᠠᠬᠢᠭᠤᠯᠬᠤ ᠦᠨᠳᠦᠰᠦᠨ ᠵᠢᠷᠤᠮᠯᠠᠯ ᠪᠣᠯᠭ᠋ᠠᠬᠤ ᠵᠢ ᠪᠠᠷᠢᠮᠲᠠᠯᠠᠵᠤ᠂ 《ᠦᠨᠳᠦᠰᠦᠲᠡᠨ᠎ᠤ ᠵᠤᠬᠢᠶᠠᠯ 》 ᠵᠢ ᠦᠨᠳᠦᠰᠦᠲᠡᠨ᠎ᠤ ᠭᠠᠵᠠᠷ ᠣᠷᠣᠨ᠎ᠤ ᠤᠰᠤᠨ ᠠᠰᠢᠭᠯᠠᠯᠲᠠ ᠵᠢᠨ ᠠᠵᠢᠯ᠎ᠤᠨ ᠢᠯᠡ ᠲᠣᠳᠣ ᠭᠤᠣᠯ ᠱᠤᠭᠤᠮ ᠪᠣᠯᠭ᠋ᠠᠵᠤ᠂ 《ᠥᠪᠥᠷ ᠮᠣᠩᠭᠤᠯ᠎ᠤᠨ ᠬᠠᠭᠤᠳᠠᠰᠤ》 ᠵᠢ ᠤᠰᠤᠨ ᠠᠰᠢᠭᠯᠠᠯᠲᠠ ᠵᠢᠨ ᠠᠵᠢᠯ᠎ᠤᠨ ᠪᠦᠬᠦ ᠣᠷᠣᠨ᠎ᠤ ᠶᠡᠭᠡ ᠲᠠᠯ᠎ᠠ᠎ᠳᠤ ᠦᠢ᠍ᠯᠡᠴᠢᠯᠡᠬᠦ ᠦᠨ᠎ᠡ ᠥᠷᠲᠡᠭ ᠪᠣᠯᠭ᠋ᠠᠬᠤ ᠬᠡᠷᠡᠭᠲᠡᠶ᠃  ᠰᠢᠨ᠎ᠡ ᠪᠠᠶ᠋ᠢᠳᠠᠯ ᠰᠢᠨ᠎ᠡ ᠡᠭᠦᠷᠭᠡ ᠰᠢᠨ᠎ᠡ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ ᠨᠠᠮ᠎ᠤᠨ ᠪᠠᠶ᠋ᠢᠭᠤᠯᠤᠯᠲᠠ ᠪᠣᠯᠤᠨ ᠵᠣᠬᠢᠶᠠᠨ ᠪᠠᠶ᠋ᠢᠭᠤᠯᠤᠯᠲᠠ ᠵᠢᠨ ᠠᠵᠢᠯ᠎ᠤᠨ ᠲᠦᠪᠰᠢᠨ᠎ᠢ ᠴᠢᠷᠮᠠᠶ᠋ᠢᠨ ᠳᠡᠭᠡᠭᠰᠢᠯᠡᠭᠦᠯᠵᠦ᠂ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠨ ᠵᠶ᠋ᠠᠨ ᠲᠥᠪᠯᠡᠷᠡᠭᠦᠯᠵᠦ ᠪᠠᠶ᠋ᠢᠭ᠋ᠠᠳ ᠤᠯᠤᠰ ᠲᠦᠷᠦ ᠵᠢᠨ ᠪᠠᠶ᠋ᠢᠭᠤᠯᠤᠯᠲᠠ ᠵᠢ ᠲᠤᠪᠤᠶ᠋ᠢᠮ᠎ᠠ ᠰᠠᠶ᠋ᠢᠲᠤᠷ ᠠᠳᠬᠤᠵᠤ᠂ ᠤᠯᠤᠰ ᠲᠦᠷᠦ ᠵᠢᠨ ᠪᠠᠷᠢᠮᠵᠢᠶ᠎ᠠ ᠵᠢ ᠴᠢᠩᠭ᠎ᠠ ᠡᠵᠡᠮᠳᠡᠵᠦ᠂ ᠤᠯᠤᠰ ᠲᠦᠷᠦ ᠵᠢᠨ ᠴᠢᠳᠠᠪᠬᠢ ᠵᠢ ᠴᠢᠩᠭ᠋ᠠᠳᠬᠠᠬᠤ ᠬᠡᠷᠡᠭᠲᠡᠢ᠃ ᠨᠠᠮ᠎ᠨᠢ ᠨᠠᠮ ᠵᠶ᠋ᠠᠨ ᠬᠠᠮᠢᠶᠠᠷᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠪᠠᠷᠢᠮᠲᠠᠯᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠢ ᠨᠠᠶ᠋ᠢᠳᠠᠪᠤᠷᠢᠵᠢᠭᠤᠯᠵᠤ᠂ ᠭᠤᠣᠯ ᠬᠠᠷᠢᠭᠤᠴᠠᠯᠭ᠎ᠠ ᠵᠢᠨ ᠤᠬᠠᠮᠰᠠᠷ᠎ᠢ ᠪᠠᠲᠤ ᠪᠤᠢ ᠪᠣᠯᠭ᠋ᠠᠵᠤ᠂ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠵᠤ᠂ ᠲᠤᠰ ᠪᠡᠶ᠎ᠡ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠬᠤ ᠬᠡᠷᠡᠭᠲᠡᠢ ᠭᠡᠵᠡᠢ᠃

   ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠭᠤᠤᠯ ᠰᠡᠳᠦᠪᠲᠦ ᠬᠥᠮᠦᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠥᠭᠡᠳ ᠠᠯᠢ ᠣᠯᠠᠨ ᠴᠢᠬᠤᠯᠠ ᠦᠷ᠎ᠡ ᠪᠦᠲᠦᠭᠡᠯ ᠣᠯᠵᠤ᠂ ᠲᠤᠷᠰᠢᠯᠭ᠎ᠠ᠎ᠪᠠᠨ ᠦᠷᠭᠦᠯᠵᠢᠯᠡᠨ ᠳ᠋ᠦᠩᠨᠡᠵᠦ᠂ ᠥᠨᠳᠥᠷ ᠪᠠᠶ᠋ᠢᠷᠢᠨ᠎ᠳᠤ ᠲᠠᠯᠪᠢᠨ ᠠᠬᠢᠭᠤᠯᠵᠤ᠂ ᠭᠤᠤᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ ᠵᠶ᠋ᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠪᠠᠶ᠋ᠢᠩᠭᠤᠵᠢᠭᠤᠯᠬᠤ᠂ ᠣᠷᠳᠣ ᠬᠤᠭᠤᠴᠠᠭ᠎ᠠ᠎ᠪᠠᠷ ᠪᠦᠲᠦᠮᠵᠢᠲᠡᠶ ᠪᠣᠯᠭ᠋ᠠᠬᠤ ᠵᠢ ᠬᠦᠴᠦᠯᠡᠨ ᠠᠬᠢᠭᠤᠯᠬᠤ ᠬᠡᠷᠡᠭᠲᠡᠶ᠃  ᠤᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠴᠢᠬᠤᠯᠠ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ ᠡᠷᠴᠢᠮ ᠵᠶ᠋ᠠᠨ ᠦᠨᠡᠨ ᠬᠦ᠌ ᠴᠢᠩᠭ᠋ᠠᠷᠠᠭᠤᠯᠵᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠲᠦᠷᠦᠭᠦᠯᠡᠨ ᠪᠠᠶ᠋ᠢᠴᠠᠭ᠋ᠠᠨ ᠰᠤᠳᠤᠯᠤᠯᠲᠠ ᠬᠢᠵᠦ ᠵᠢᠯᠣᠭᠤᠳᠬᠤ ᠪᠠ ᠱᠠᠯᠠᠪᠳᠠᠭᠤᠯᠤᠨ ᠠᠬᠢᠭᠤᠯᠬᠤ ᠬᠡᠷᠡᠭᠲᠡᠢ; ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ ᠤᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠪᠠᠶ᠋ᠢᠭᠤᠯᠭ᠎ᠠ᠎ᠳᠤ ᠣᠷᠣᠭᠤᠯᠬᠤ᠂ ᠦᠨᠳᠦᠰᠦᠨ ᠱᠠᠲᠤᠨ᠎ᠳᠤ ᠣᠷᠣᠭᠤᠯᠬᠤ᠂ ᠤᠯᠠᠨ ᠲᠦᠮᠡᠨ᠎ᠳᠤ ᠣᠷᠣᠭᠤᠯᠬᠤ ᠵᠢ ᠠᠬᠢᠭᠤᠯᠬᠤ ᠬᠡᠷᠡᠭᠲᠡᠢ; ᠦᠨᠳᠦᠰᠦᠨ ᠱᠠᠲᠤᠨ᠎ᠤ ᠨᠠᠶ᠋ᠢᠳᠠᠪᠤᠷᠢᠵᠢᠭᠤᠯᠬᠤ ᠠᠵᠢᠯ᠎ᠢ ᠦᠨᠡᠨ ᠬᠦ᠌ ᠰᠠᠶ᠋ᠢᠲᠤᠷ ᠠᠳᠬᠤᠵᠤ᠂ ᠺᠠᠳ᠋ᠷ ᠠᠵᠢᠯᠳᠠᠨ᠎ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶ᠋ᠢᠭ᠋ᠠᠳ 《ᠵᠢᠷᠭᠤᠭ᠋ᠠᠨ ᠦᠭᠡ ᠵᠢᠨ ᠪᠣᠳᠠᠲᠤ ᠶᠠᠪᠤᠳᠠᠯ ᠪᠠ ᠶᠣᠰᠣ》 ᠵᠢ ᠪᠠᠲᠤ ᠴᠡᠭᠡᠵᠢᠯᠡᠬᠦ ᠬᠡᠷᠡᠭᠲᠡᠶ᠃  ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠨᠥᠯᠥᠭᠡᠯᠡᠬᠦ ᠬᠦᠴᠦᠨ ᠪᠠ ᠲᠠᠲᠠᠬᠤ ᠬᠦᠴᠦᠨ᠎ᠢ ᠦᠨᠡᠨ ᠬᠦ᠌ ᠴᠢᠩᠭ᠋ᠠᠳᠬᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠨ᠂ 《ᠭᠤᠷᠪᠠ ᠵᠢ ᠰᠤᠷᠤᠯᠴᠠᠬᠤ᠂ ᠭᠤᠷᠪᠠ ᠵᠢ ᠡᠷᠬᠢᠮᠯᠡᠬᠦ᠂ ᠭᠤᠷᠪᠠ ᠵᠢ ᠬᠢᠬᠦ》᠎ᠪᠠᠷ ᠠᠴᠢᠶᠠᠯᠠᠪᠤᠷᠢ ᠪᠣᠯᠭ᠋ᠠᠵᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠶ ᠥᠷᠨᠢᠭᠦᠯᠬᠦ ᠬᠡᠷᠡᠭᠲᠡᠶ; ᠦᠷ᠎ᠡ ᠪᠦᠲᠦᠮᠵᠢ ᠵᠢ ᠦᠨᠡᠯᠡᠨ ᠵᠢᠱ᠌ᠢᠬᠦ ᠵᠢ ᠴᠢᠩᠭ᠋ᠠᠳᠬᠠᠵᠤ᠂ ᠪᠦᠲᠦᠮᠵᠢᠲᠡᠶ ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠷᠭ᠎ᠠ ᠮᠠᠶᠢᠭ ᠪᠠ ᠦᠢ᠍ᠯᠡᠳᠦᠯᠭᠡ ᠵᠢᠨ ᠠᠴᠢᠶᠠᠯᠠᠪᠤᠷᠢ᠎ᠳᠤ ᠲᠦᠷᠢᠮ ᠲᠣᠭᠲᠠᠴᠠ ᠵᠢᠨ ᠬᠡᠯᠪᠡᠷᠢ᠎ᠪᠠᠷ ᠲᠣᠭᠲᠠᠪᠤᠷᠢᠵᠢᠭᠤᠯᠤᠨ᠂ ᠲᠤᠷᠰᠢᠯᠭ᠎ᠠ᠎ᠪᠠᠨ ᠳ᠋ᠦᠩᠨᠡᠬᠦ ᠵᠢ ᠴᠢᠬᠤᠯᠠᠴᠢᠯᠠᠵᠤ᠂ ᠨᠡᠶ᠋ᠢᠲᠡᠯᠢᠭ ᠵᠢᠱ᠌ᠢᠶ᠎ᠡ ᠵᠢ ᠬᠥᠮᠦᠵᠢᠭᠦᠯᠦᠨ ᠪᠣᠶ ᠪᠣᠯᠭ᠋ᠠᠬᠤ ᠵᠢ ᠴᠢᠬᠤᠯᠠᠴᠢᠯᠠᠨ᠂ ᠰᠠᠶ᠋ᠢᠨ ᠲᠤᠷᠰᠢᠯᠭ᠎ᠠ ᠠᠷᠭ᠎ᠠ ᠬᠢᠳᠡᠯ᠎ᠢ ᠤᠬᠠᠭᠤᠯᠤᠨ ᠳᠡᠯᠭᠡᠷᠡᠭᠦᠯᠬᠦ ᠵᠢ ᠴᠢᠩᠭ᠋ᠠᠳᠬᠠᠵᠤ᠂ ᠰᠢᠨ᠎ᠡ ᠵᠢ ᠡᠭᠦᠳᠦᠭᠰᠡᠨ ᠬᠡᠷᠡᠭ᠎ᠤᠨ ᠵᠢᠱ᠌ᠢᠶ᠎ᠡ ᠵᠢ ᠪᠦᠷᠢᠯᠳᠦᠭᠦᠯᠬᠦ ᠬᠡᠷᠡᠭᠲᠡᠶ᠃  ᠤᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠪᠠᠶ᠋ᠢᠩᠭᠤ ᠵᠢᠨ ᠪᠥᠭᠡᠳ ᠤᠷᠳᠤ ᠬᠤᠭᠤᠴᠠᠭ᠋ᠠᠨ᠎ᠤ ᠪᠦᠲᠦᠮᠵᠢᠲᠡᠢ ᠪᠠᠶ᠋ᠢᠬᠤ ᠵᠢ ᠪᠠᠲᠤᠯᠠᠵᠤ᠂ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠴᠢᠬᠤᠯᠠ ᠠᠴᠢᠶᠠᠯᠠᠪᠤᠷᠢ ᠪᠠ ᠬᠦᠴᠦᠲᠡᠢ ᠭᠠᠷᠳᠠᠴᠠ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠥᠷᠭᠡᠨ ᠠᠭᠤᠳᠠᠮ ᠲᠠᠪᠴᠠᠩ ᠪᠠ ᠨᠡᠶ᠋ᠢᠭᠡᠮ᠎ᠤᠨ ᠦᠢ᠍ᠯᠡᠳᠦᠯᠭᠡ ᠪᠣᠯᠭ᠋ᠠᠵᠤ᠂ ᠪᠦᠬᠦ ᠲᠤᠭᠤᠷᠢᠭ᠎ᠤᠨ ᠤᠰᠤᠨ ᠠᠰᠢᠭᠯᠠᠯᠲᠠ ᠵᠢᠨ ᠺᠠᠳ᠋ᠷ ᠠᠵᠢᠯᠳᠠᠨ᠎ᠤ ᠡᠳᠦᠷ ᠲᠤᠳᠤᠮ᠎ᠤᠨ ᠠᠵᠢᠯ᠎ᠳᠠᠭᠠᠨ ᠠᠭᠤᠰᠤᠯᠴᠠᠬᠤ᠂ ᠪᠠᠶ᠋ᠢᠩᠭᠤ ᠠᠳᠬᠤᠬᠤ ᠠᠵᠢᠯᠯᠠᠭ᠋ᠠᠨ᠎ᠤ ᠪᠠᠷᠢᠮᠵᠢᠶ᠎ᠠ ᠪᠠ ᠡᠳᠦᠷ ᠲᠤᠳᠤᠮ᠎ᠤᠨ ᠳᠠᠳᠬᠠᠯ ᠪᠣᠯᠭ᠋ᠠᠬᠤ ᠬᠡᠷᠡᠭᠲᠡᠢ ᠭᠡᠵᠡᠢ᠃

   ᠬᠤᠷᠠᠯ᠎ᠠᠴᠠ ᠴᠢᠬᠤᠯᠠᠴᠢᠯᠠᠭᠰᠠᠨ᠎ᠨᠢ᠂ ᠤᠳᠤᠷᠢᠳᠬᠤ ᠺᠠᠳ᠋ᠷ᠎ᠤᠨ ᠨᠢᠭᠤᠴᠠ ᠵᠢ ᠬᠠᠮᠠᠭ᠋ᠠᠯᠠᠬᠤ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠪᠣᠯᠤᠨ ᠠᠵᠢᠯ᠎ᠤᠨ ᠰᠠᠬᠢᠯᠭ᠎ᠠ ᠪᠠᠲᠤ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠵᠶ᠋ᠠᠨ ᠴᠢᠩᠭ᠋ᠠᠳᠬᠠᠵᠤ᠂ 《ᠰᠢᠨ᠎ᠡ ᠳᠠᠷᠤᠭ᠎ᠠ ᠬᠠᠭᠤᠴᠢᠨ ᠲᠠᠩᠰᠠ ᠵᠢ ᠬᠠᠮᠢᠶᠠᠷᠬᠤ》 ᠵᠢ ᠪᠡᠶᠡᠯᠡᠭᠦᠯᠵᠦ᠂ ᠬᠢᠨᠠᠨ ᠪᠤᠳᠤᠬᠤ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠶ᠃  ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶᠠᠷᠤᠯᠲᠠ ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠵᠤ᠂ ᠲᠠᠷᠢᠶᠠᠯᠠᠩ᠎ᠤᠨ ᠤᠰᠤ ᠠᠷᠪᠢᠯᠠᠬᠤ ᠤᠰᠤᠯᠠᠯᠲᠠ ᠵᠡᠷᠭᠡ ᠰᠡᠳᠦᠪ᠎ᠤᠨ ᠰᠤᠳᠤᠯᠭ᠋ᠠᠨ᠎ᠳᠤ ᠤᠨᠢᠨ ᠳᠡᠭᠡᠷ᠎ᠡ᠎ᠨᠢ ᠰᠡᠳᠦᠪ᠎ᠢ ᠲᠣᠭᠲᠠᠭ᠋ᠠᠵᠤ᠂ ᠭᠤᠣᠯᠳᠠᠯᠭ᠎ᠠ᠎ᠲᠠᠢ᠂ ᠭᠤᠣᠯᠳᠠᠯᠭ᠎ᠠ ᠵᠢ ᠲᠤᠪᠤᠶ᠋ᠢᠯᠭ᠋ᠠᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠡᠳ᠋᠎ᠤᠨ ᠬᠦᠴᠦᠨ᠎ᠤ ᠡᠬᠢ ᠪᠠᠶᠠᠯᠢᠭ᠎ᠢ ᠪᠦᠲᠦᠮᠵᠢᠲᠡᠢ ᠪᠠᠳᠠᠷᠠᠭᠤᠯᠵᠤ᠂ ᠨᠢᠭᠡ ᠯᠡ ᠳᠣᠣᠷ᠎ᠠ ᠳᠦᠷᠬᠢᠯᠳᠦᠨ ᠤᠷᠤᠭᠰᠢᠯᠠᠬᠤ ᠵᠢ ᠰᠡᠷᠭᠡᠶ᠋ᠢᠯᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠦᠷᠦᠯ ᠵᠦᠢ᠍ᠯ᠎ᠤᠨ ᠤᠯᠠᠨ ᠶᠠᠩᠵᠤᠴᠢᠯᠠᠬᠤ ᠵᠢ ᠠᠬᠢᠭᠤᠯᠬᠤ ᠬᠡᠷᠡᠭᠲᠡᠢ᠃  ᠨᠠᠮ᠎ᠤᠨ ᠤᠯᠤᠰ ᠲᠥᠷᠥ ᠵᠢᠨ ᠪᠠᠶ᠋ᠢᠭᠤᠯᠤᠯᠲᠠ᠎ᠪᠠᠷ ᠦᠨᠡᠨ ᠬᠦ᠌ ᠶᠡᠷᠦᠩᠬᠡᠶ᠋ᠢᠯᠡᠨ ᠵᠢᠯᠣᠭᠤᠳᠣᠭᠤᠯᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠶᠡᠷᠦᠩᠬᠡᠶ᠋ᠢᠯᠡᠭᠰᠡᠨ ᠬᠢᠨᠠᠨ ᠰᠢᠯᠭ᠋ᠠᠵᠤ ᠦᠨᠡᠯᠡᠬᠦ ᠠᠷᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠠᠭᠤ ᠬᠢᠪᠡᠯ ᠶᠠᠭᠤ ᠵᠢ ᠰᠤᠷᠤᠯᠴᠠᠬᠤ᠂ ᠶᠠᠭᠤ ᠳᠤᠲᠠᠪᠠᠯ ᠶᠠᠭᠤ ᠵᠢ ᠨᠥᠬᠦᠪᠥᠷᠢᠯᠡᠬᠦ ᠬᠤᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠺᠠᠳ᠋ᠷ᠎ᠤᠨ ᠡᠩᠨᠡᠭᠡ ᠢᠯᠠᠩᠭᠤᠶ᠎ᠠ ᠵᠠᠯᠠᠭᠤ ᠺᠠᠳ᠋ᠷᠴᠤᠳ᠎ᠤᠨ ᠤᠯᠤᠰ ᠲᠥᠷᠥ ᠵᠢᠨ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠵᠦ᠂ ᠵᠣᠬᠢᠶᠠᠨ ᠪᠠᠶ᠋ᠢᠭᠤᠯᠬᠤ ᠠᠵᠢᠯ᠎ᠤᠨ ᠺᠠᠳ᠋ᠷᠴᠤᠳ ᠶᠡᠷᠦᠩᠬᠡᠶ ᠱᠦᠵᠢ ᠰᠢ ᠵᠢᠨ ᠫᠢᠩ᠎ᠤᠨ ᠳᠤᠷᠠᠳᠤᠭᠰᠠᠨ 《ᠤᠯᠤᠰ ᠲᠥᠷᠥ ᠵᠢ ᠡᠷᠬᠢᠮᠯᠡᠬᠦ᠂ ᠲᠥᠪ ᠭᠤᠣᠯᠴᠢ ᠵᠢ ᠴᠢᠬᠤᠯᠠᠴᠢᠯᠠᠬᠤ᠂ ᠲᠤᠬᠠᠶ᠋ᠢᠯᠠᠭᠰᠠᠨ ᠠᠵᠢᠯ᠎ᠳᠠᠭᠠᠨ ᠴᠠᠭ᠋ᠠᠷᠠᠭᠰᠠᠨ᠂ ᠣᠪᠣᠷ ᠰᠤᠷᠲᠠᠯ ᠰᠠᠶ᠋ᠢᠨ》 ᠪᠠᠶ᠋ᠢᠬᠤ ᠬᠠᠷᠠᠯᠲᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠣᠬᠢᠶᠠᠨ ᠪᠠᠶ᠋ᠢᠭᠤᠯᠬᠤ ᠠᠵᠢᠯ᠎ᠤᠨ ᠪᠥᠬᠦ ᠶᠠᠪᠤᠴᠠ᠎ᠳᠤ ᠬᠡᠷᠡᠭᠯᠡᠵᠦ᠂ ᠤᠯᠤᠰ ᠲᠥᠷᠥ ᠵᠢᠨ ᠲᠠᠯ᠎ᠠ᠎ᠪᠠᠷ ᠡᠷᠡᠰ ᠪᠠᠲᠤ᠂ ᠲᠥᠪ ᠭᠤᠤᠯᠴᠢ ᠪᠠᠶ᠋ᠢᠬᠤ᠂ ᠲᠤᠬᠠᠶ᠋ᠢᠯᠠᠭᠰᠠᠨ ᠠᠵᠢᠯ᠎ᠳᠠᠭᠠᠨ ᠴᠠᠭ᠋ᠠᠷᠠᠭᠰᠠᠨ᠂ ᠣᠪᠣᠷ ᠰᠤᠷᠲᠠᠯ ᠵᠶ᠋ᠠᠷ ᠪᠠᠲᠤ ᠴᠢᠩᠭ᠎ᠠ ᠪᠠᠶ᠋ᠢᠬᠤ ᠵᠢ ᠪᠡᠶᠡᠯᠡᠭᠦᠯᠬᠦ ᠬᠡᠷᠡᠭᠲᠡᠶ ᠭᠡᠵᠡᠢ᠃

   ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠣᠯ ᠳᠤᠭᠤᠶ᠋ᠢᠯᠠᠩ (ᠥᠷᠭᠡᠳᠬᠡᠭᠰᠡᠨ)᠎ᠤᠨ ᠭᠡᠰᠢᠭᠦᠳ ᠬᠤᠷᠠᠯ᠎ᠳᠤ ᠣᠷᠣᠯᠴᠠᠪᠠ᠃

  

  (ᠡᠬᠡ ᠪᠢᠴᠢᠭ᠎ᠢ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ᠎ᠠᠴᠠ ᠬᠠᠩᠭ᠋ᠠᠪᠠ)

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠲᠦᠩᠯᠢᠶᠣᠣ ᠬᠤᠳᠠ᠎ᠳᠤ ᠭᠦᠨᠵᠡᠭᠡᠢ᠌ᠷᠡᠨ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠠᠬᠢᠭᠤᠯᠤᠭᠰᠠᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠰᠣᠶᠣᠯ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠤᠨ ᠫᠠᠶ᠋ᠢᠰᠠ ᠰᠡᠬᠦᠬᠦ ᠶᠣᠰᠣᠯᠠᠯ ᠶᠠᠪᠤᠭᠤᠯᠪᠠ
ᠪᠠᠷᠠᠭᠤᠨ ᠯᠢᠶᠤᠤᠾᠸ ᠭᠤᠣᠯ᠎ᠤᠨ ᠭᠤᠣᠯ ᠤᠷᠤᠰᠬᠠᠯ᠎ᠤᠨ ᠤᠰᠤᠨ ᠲᠦᠷᠦᠭᠦᠦ ᠳᠠᠬᠢᠨᠲᠠ ᠲᠦᠩᠯᠢᠶᠣᠤ ᠵᠢᠨ ᠲᠥᠯᠥᠪᠵᠢᠭᠦᠯᠭᠡ ᠵᠢᠨ ᠬᠤᠳᠠ ᠵᠢᠨ ᠵᠠᠭ᠋ᠠᠭ᠎ᠲᠤ ᠬᠦᠷᠪᠡ
 
            