ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠲᠣᠭᠲᠠᠴᠠ ᠵᠢ ᠪᠦᠷᠢᠨᠰᠢᠭᠦᠯᠵᠦ ᠣᠷᠴᠢᠨ ᠲᠣᠭᠤᠷᠢᠨ᠎ᠤ ᠢᠯᠵᠠᠷᠠᠯ᠎ᠢ ᠤᠷᠢᠳᠴᠢᠯᠠᠨ ᠰᠡᠷᠭᠡᠢ᠌ᠯᠡᠵᠦ ᠥᠪᠥᠷ ᠮᠣᠩᠭᠤᠯ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠶᠠᠪᠤᠴᠠ᠎ᠳᠠᠬᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ 《ᠬᠤᠷᠴᠠ ᠰᠡᠯᠡᠮ᠎ᠡ》 ᠭᠠᠷᠭ᠋ᠠᠬᠤ ᠬᠡᠷᠡᠭᠲᠡᠢ
ᠨᠡᠶ᠋ᠢᠲᠡᠯᠡᠭᠰᠡᠨ ᠴᠠᠭ᠄ 2024-03-26

   ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠬᠠᠮᠤᠭ᠎ᠤᠨ ᠰᠢᠨ᠎ᠡ ᠮᠡᠳᠡᠭᠡ᠄ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢ ᠬᠢᠨᠠᠨ ᠬᠠᠮᠢᠶᠠᠷᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠬᠦᠯᠦᠨ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢᠨ ᠲᠥᠪ ᠭᠤᠤᠯᠴᠢ ᠡᠮᠬᠢ ᠵᠢᠷᠤᠮ᠎ᠲᠠᠢ ᠥᠷᠨᠢᠬᠦ ᠵᠢ ᠦᠨᠡᠨᠬᠦ ᠪᠠᠲᠤᠯᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠢᠯᠵᠠᠷᠠᠯ᠎ᠤᠨ ᠠᠰᠠᠭᠤᠳᠠᠯ᠎ᠤᠨ ᠪᠣᠶ ᠪᠣᠯᠬᠤ ᠵᠢ ᠰᠡᠷᠭᠡᠶ᠋ᠢᠯᠡᠨ᠂ ᠡᠳ᠋᠎ᠤᠨ ᠵᠠᠰᠠᠭ᠎ᠤᠨ ᠪᠠᠯᠠ ᠮᠥᠩᠭᠦ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠵᠢᠨ ᠲᠤᠰᠠᠳᠠ᠂ ᠮᠠᠨ᠎ᠤ ᠣᠷᠣᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠷᠢᠶᠡᠨ᠎ᠳᠠᠬᠢ ᠲᠤᠰᠬᠠᠶ ᠵᠠᠰᠠᠯᠲᠠ ᠵᠢᠨ ᠠᠵᠢᠯ᠎ᠤᠨ ᠲᠥᠰᠦᠯ》 (ᠳᠣᠷᠣᠭᠰᠢ ᠲᠥᠰᠦᠯ ᠭᠡᠨ᠎ᠡ)᠎ᠢ ᠳᠠᠷᠤᠮᠠᠯᠯᠠᠨ ᠲᠠᠷᠬᠠᠭ᠋ᠠᠵᠤ᠂ ᠪᠥᠬᠦ ᠣᠷᠣᠨ᠎ᠤ ᠬᠡᠪᠴᠢᠶᠡᠨ᠎ᠳᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠷᠢᠶᠡᠨ᠎ᠳᠠᠬᠢ ᠲᠤᠰᠬᠠᠶ ᠵᠠᠰᠠᠯᠲᠠ ᠵᠢ ᠥᠷᠨᠢᠭᠦᠯᠪᠡ᠃

   ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯ᠎ᠤᠨ 《ᠢᠯᠡ᠎ᠪᠠᠷ ᠶᠠᠪᠤᠭᠳᠠᠭᠤᠯᠬᠤ》 ᠵᠢ ᠤᠯᠠᠮ ᠨᠢᠭᠡ ᠠᠯᠬᠤᠮ ᠠᠬᠢᠭᠤᠯᠵᠤ᠂ ᠬᠤᠳᠠᠯᠳᠤᠨ ᠠᠪᠬᠤ ᠠᠵᠢᠯ᠎ᠤᠨ ᠳᠤᠮᠳᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ 《ᠰᠡᠯᠡᠮ᠎ᠡ᠎ᠪᠠᠨ ᠢᠯᠡᠳᠭᠡᠬᠦ》᠂ ᠥᠪᠥᠷ ᠮᠣᠩᠭᠤᠯ ᠪᠠᠲᠤ ᠵᠣᠷᠢᠭ ᠰᠢᠭᠤᠳᠪᠠ! ᠡᠭᠦᠨ᠎ᠤ ᠲᠤᠯᠠᠳᠠ᠂ ᠲᠥᠰᠦᠯ᠎ᠳᠤ ᠲᠣᠭᠲᠠᠭ᠋ᠠᠭᠰᠠᠨ ᠲᠤᠰᠬᠠᠶ ᠵᠦᠢ᠍ᠯ᠎ᠤᠨ ᠵᠠᠰᠠᠯᠲᠠ ᠵᠢᠨ ᠠᠭᠤᠯᠭ᠎ᠠ᠎ᠳᠤ ᠣᠯᠠᠨ ᠲᠠᠯ᠎ᠠ ᠪᠠᠭᠲᠠᠨ᠎ᠠ᠃

   ᠵᠠᠰᠠᠯᠲᠠ ᠨᠢᠭᠡ᠄ ᠬᠤᠳᠠᠯᠳᠤᠨ ᠠᠪᠤᠭᠴᠢ ᠵᠢᠨ ᠬᠤᠳᠠᠯᠳᠤᠨ ᠠᠪᠬᠤ ᠠᠵᠢᠯᠯᠠᠭ᠎ᠠ᠎ᠳᠤ ᠬᠠᠤᠯᠢ ᠪᠤᠰᠤ᠎ᠪᠠᠷ ᠭᠠᠷ ᠲᠦᠷᠦᠭᠦ ᠵᠢ ᠭᠤᠤᠯᠳᠠᠯᠭ᠎ᠠ᠎ᠲᠠᠢ ᠵᠠᠰᠠᠵᠤ᠂ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠬᠤᠪᠢᠷᠠᠭᠤᠯᠤᠨ᠎ᠠ; ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠳᠤ ᠵᠥᠷᠢᠶᠡᠲᠦ ᠬᠠᠷᠠᠭ᠋ᠠᠯᠵᠠᠯ᠎ᠢ ᠬᠡᠷᠡᠭᠵᠢᠭᠦᠯᠦᠨ᠎ᠡ; ᠥᠨᠳᠥᠷ ᠦᠨ᠎ᠡ᠎ᠪᠠᠷ ᠬᠤᠳᠠᠯᠳᠤᠨ ᠠᠪᠤᠨ᠎ᠠ; ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠬᠠᠮᠢᠶᠠᠷᠤᠯᠲᠠ ᠵᠢᠨ ᠳᠣᠲᠣᠭ᠋ᠠᠳᠤ ᠡᠵᠡᠮᠳᠡᠯ᠎ᠤᠨ ᠲᠦᠷᠢᠮ᠎ᠨᠢ ᠬᠠᠤᠯᠢ᠎ᠳᠤ ᠨᠡᠶ᠋ᠢᠴᠡᠬᠦ ᠦᠭᠡᠢ᠂ ᠲᠣᠭᠲᠠᠭ᠋ᠠᠯ᠎ᠳᠤ ᠨᠡᠶ᠋ᠢᠴᠡᠬᠦ ᠦᠭᠡᠢ; ᠥᠪᠡᠰᠦᠪᠡᠨ ᠰᠣᠩᠭᠤᠨ ᠲᠣᠭᠲᠠᠭ᠋ᠠᠭᠰᠠᠨ ᠲᠤᠰᠬᠠᠶ ᠮᠡᠷᠭᠡᠵᠢᠯᠲᠡᠨ᠎ᠤ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠲᠤᠰᠬᠠᠶ ᠮᠡᠷᠭᠡᠵᠢᠯᠲᠡᠨ᠎ᠢ ᠲᠤᠰᠬᠠᠶ ᠮᠡᠷᠭᠡᠵᠢᠯᠲᠡᠨ᠎ᠠᠴᠠ ᠰᠣᠩᠭᠤᠨ ᠠᠪᠤᠭᠰᠠᠨ ᠦᠭᠡᠢ; ᠬᠠᠤᠯᠢ ᠴᠠᠭ᠋ᠠᠵᠠ ᠵᠢᠨ ᠦᠨᠳᠦᠰᠦᠯᠡᠯ ᠦᠭᠡᠢ ᠪᠠᠲᠤᠯᠠᠭ᠎ᠠ ᠵᠢᠨ ᠮᠥᠩᠭᠦ ᠵᠢ ᠬᠤᠷᠢᠶᠠᠨ ᠠᠪᠤᠨ᠎ᠠ; ᠬᠤᠳᠠᠯᠳᠤᠨ ᠠᠪᠬᠤ ᠦᠯᠡᠳᠡᠪᠦᠷᠢ ᠪᠡᠯᠡ ᠮᠥᠩᠭᠦ ᠵᠢ ᠬᠠᠤᠯᠢ ᠴᠠᠭ᠋ᠠᠵᠠ᠎ᠳᠤ ᠲᠣᠭᠲᠠᠭ᠋ᠠᠭᠰᠠᠨ 10%᠎ᠪᠠᠷ ᠨᠡᠮᠡᠵᠦ ᠠᠪᠬᠤ᠂ ᠨᠡᠮᠡᠬᠦ᠎ᠠᠴᠠ ᠭᠠᠳᠠᠨ᠎ᠠ ᠡᠳ᠋᠎ᠤᠨ ᠵᠠᠰᠠᠭ᠎ᠲᠤ ᠪᠤᠴᠠᠭ᠋ᠠᠭᠰᠠᠨ ᠦᠭᠡᠢ᠂ ᠲᠣᠬᠢᠷᠠᠭᠤᠯᠬᠤ ᠪᠤᠶᠤ ᠲᠡᠭᠦᠨ᠎ᠳᠤ ᠬᠡᠷᠡᠭᠯᠡᠬᠦ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ᠃

   ᠵᠠᠰᠠᠯᠲᠠ ᠬᠤᠶᠡᠷ᠄ ᠬᠠᠩᠭ᠋ᠠᠯᠭ᠎ᠠ ᠵᠢᠨ ᠬᠤᠳᠠᠯᠳᠣᠭ᠋ᠠᠴᠢᠨ᠎ᠤ ᠬᠠᠭᠤᠷᠮᠠᠭ ᠮᠠᠭᠤ ᠦᠢ᠍ᠯᠡᠳᠬᠦᠨ ᠬᠠᠩᠭ᠋ᠠᠭᠰᠠᠨ᠂ ᠬᠤᠳᠡᠯ ᠬᠠᠭᠤᠷᠮᠠᠭ ᠮᠠᠲ᠋ᠧᠷᠢᠶᠠᠯ ᠬᠠᠩᠭ᠋ᠠᠵᠦ ᠳᠠᠭ᠋ᠠᠭ᠋ᠠᠴᠢᠯᠠᠯᠳᠡ ᠣᠯᠥᠠᠠᠰᠠᠨ ᠶᠠᠪᠤᠳᠡᠯ᠎ᠢ ᠭᠤᠤᠯᠳᠡᠯᠭ᠎ᠠ᠎ᠲᠠᠢ ᠵᠠᠰᠠᠪᠦᠷᠢ ᠣᠷᠣᠭᠤᠯᠥᠨ᠎ᠠ; ᠲᠥᠪ ᠪᠤᠰᠣ ᠠᠷᠭ᠎ᠠ ᠪᠡᠷᠢᠯ ᠠᠪᠴᠥ ᠪᠠᠶ᠋ᠢᠭ᠋ᠠᠳ ᠪᠤᠰᠣᠳ ᠬᠠᠩᠭ᠋ᠠᠯᠭ᠎ᠠ ᠵᠢᠨ ᠬᠤᠳᠠᠯᠳᠣᠭ᠋ᠠᠴᠢᠳ᠎ᠢ ᠭᠦᠳᠭᠡᠬᠦ; ᠬᠤᠳᠠᠯᠳᠣᠨ ᠠᠪᠤᠠᠠᠴᠢ᠂ ᠪᠤᠰᠣᠳ ᠪᠠᠷᠠᠭ᠎ᠠ ᠬᠠᠩᠭ᠋ᠠᠬᠤ ᠬᠤᠳᠠᠯᠳᠣᠭ᠋ᠠᠴᠢᠳ ᠪᠤᠶᠤ ᠣᠷᠣᠯᠡᠨ ᠬᠦᠢ᠍ᠴᠡᠳᠭᠡᠬᠦ ᠪᠠᠶ᠋ᠢᠭᠤᠯᠥᠮᠵᠢ᠎ᠯᠤᠭ᠎ᠠ ᠮᠠᠭᠤ ᠰᠠᠨᠠᠭ᠎ᠠ᠎ᠪᠠᠷ ᠰᠦᠯᠪᠡᠭᠡᠯᠳᠦᠭᠰᠡᠨ ᠪᠠᠶ᠋ᠢᠳᠡᠯ;  ᠬᠤᠳᠠᠯᠳᠤᠨ ᠠᠪᠤᠭᠴᠢ᠂ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠂ ᠳᠠᠭ᠋ᠠᠭ᠋ᠠᠴᠢᠯᠠᠯᠲᠠ ᠦᠨᠡᠯᠡᠬᠦ ᠺᠣᠮᠢᠰ᠂ ᠥᠷᠢᠰᠥᠯᠳᠦᠭᠡᠨ᠎ᠤ ᠴᠢᠨᠠᠷᠲᠠᠶ ᠬᠡᠯᠡᠯᠴᠡᠭᠡᠷ᠎ᠤᠨ ᠳᠤᠭᠤᠶ᠋ᠢᠯᠠᠩ ᠪᠤᠶᠤ ᠦᠨ᠎ᠡ ᠯᠠᠪᠯᠠᠬᠤ ᠳᠤᠭᠤᠶ᠋ᠢᠯᠠᠩ᠎ᠤᠨ ᠪᠦᠷᠢᠯᠳᠦᠬᠦᠨ᠎ᠳᠤ ᠬᠡᠭᠡᠯᠢ ᠲᠦᠯᠬᠢᠭᠰᠡᠨ ᠪᠤᠶᠤ ᠪᠤᠰᠤᠳ ᠵᠦᠢ ᠶᠣᠰᠣᠨ᠎ᠤ ᠪᠤᠰᠤ ᠠᠰᠢᠭ ᠲᠤᠰᠠ ᠬᠠᠩᠭ᠋ᠠᠭᠰᠠᠨ ᠪᠠᠶ᠋ᠢᠪᠠᠯ; ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢ ᠳᠤᠷ᠎ᠠ᠎ᠪᠠᠷ ᠵᠶ᠋ᠠᠨ ᠬᠤᠪᠢᠷᠠᠭᠤᠯᠵᠤ᠂ ᠵᠣᠭᠰᠣᠭ᠋ᠠᠬᠤ ᠪᠤᠶᠤ ᠡᠴᠦᠰᠯᠡᠭᠦᠯᠬᠦ ᠬᠡᠷᠡᠭᠲᠡᠶ; ᠪᠣᠳᠠᠲᠤ ᠬᠡᠷᠡᠭ ᠵᠣᠬᠢᠶᠠᠵᠤ᠂ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠬᠤ ᠪᠤᠶᠤ ᠬᠠᠤᠯᠢ ᠪᠤᠰᠤ ᠠᠷᠭ᠎ᠠ ᠪᠠᠷᠢᠯ ᠵᠶ᠋ᠠᠷ ᠭᠡᠷᠡᠴᠢ ᠮᠠᠲ᠋ᠧᠷᠢᠶᠠᠯ ᠣᠯᠵᠤ ᠵᠠᠭ᠋ᠠᠯᠳᠤᠯᠭ᠎ᠠ ᠬᠢᠬᠦ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠰᠠᠨ᠎ᠠ᠃

   ᠵᠠᠰᠠᠯᠲᠠ  ᠭᠤᠷᠪᠠ᠄ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠬᠢᠭᠡᠳ ᠬᠠᠩᠭ᠋ᠠᠯᠭ᠎ᠠ ᠵᠢᠨ ᠬᠤᠳᠠᠯᠳᠤᠭ᠋ᠠᠴᠢᠨ᠂ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ ᠵᠡᠷᠭᠡ ᠰᠥᠯᠪᠡᠭᠡᠯᠳᠦᠨ ᠤᠯᠤᠰ᠎ᠤᠨ ᠠᠰᠢᠭ ᠲᠤᠰᠠ᠂ ᠨᠡᠶ᠋ᠢᠭᠡᠮ᠎ᠤᠨ ᠣᠯᠠᠨ ᠨᠡᠶ᠋ᠢᠲᠡ ᠵᠢᠨ ᠠᠰᠢᠭ ᠲᠤᠰᠠ ᠪᠤᠶᠤ ᠪᠤᠰᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠣᠬᠢᠷᠠᠭᠤᠯᠤᠭᠰᠠᠨ ᠪᠠᠶ᠋ᠢᠪᠠᠯ; ᠬᠡᠭᠡᠯᠢ ᠲᠦᠯᠬᠢᠬᠦ ᠪᠤᠶᠤ ᠵᠦᠢ ᠶᠣᠰᠣᠨ᠎ᠤ ᠪᠤᠰᠤ ᠠᠰᠢᠭ ᠲᠤᠰᠠ ᠵᠢ ᠬᠦᠷᠭᠡᠬᠦ ᠵᠡᠷᠭᠡ ᠬᠠᠤᠯᠢ ᠪᠤᠰᠤ ᠠᠷᠭ᠎ᠠ ᠪᠠᠷᠢᠯ ᠵᠶ᠋ᠠᠷ ᠣᠷᠣᠯᠠᠨ ᠭᠦᠢ᠍ᠴᠡᠳᠬᠡᠬᠦ ᠲᠤᠬᠠᠶ᠋ᠢᠯᠠᠭᠰᠠᠨ ᠠᠵᠢᠯ᠎ᠢ ᠳᠠᠭ᠋ᠠᠭ᠋ᠠᠨ ᠠᠪᠤᠭᠰᠠᠨ ᠪᠠᠶ᠋ᠢᠪᠠᠯ; ᠣᠷᠣᠯᠠᠨ ᠭᠦᠢ᠍ᠴᠡᠳᠬᠡᠬᠦ ᠦᠢ᠍ᠯᠡᠴᠢᠯᠡᠭᠡᠨ᠎ᠤ ᠰᠦᠢ᠍ᠳᠬᠡᠯ᠎ᠢ ᠬᠤᠷᠢᠶᠠᠬᠤ᠎ᠨᠢ ᠠᠵᠢᠯ ᠲᠥᠷᠥᠯ᠎ᠤᠨ ᠨᠡᠶ᠋ᠢᠳᠡᠮ ᠬᠡᠷᠡᠭᠵᠢᠭᠦᠯᠬᠦ ᠪᠠᠷᠢᠮᠵᠢᠶ᠎ᠠ᠎ᠠᠴᠠ ᠬᠡᠲᠦᠷᠡᠭᠰᠡᠨ᠂ ᠵᠦᠢ ᠵᠣᠬᠢᠰ ᠦᠭᠡᠶ ᠰᠦᠢ᠍ᠳᠬᠡᠯ ᠬᠤᠷᠢᠶᠠᠵᠤ᠂ ᠬᠤᠭᠤᠴᠠᠭ᠎ᠠ ᠵᠢ ᠥᠩᠭᠡᠷᠡᠲᠡᠯ᠎ᠡ ᠪᠠᠲᠤᠯᠠᠭ᠎ᠠ ᠵᠢᠨ ᠮᠥᠩᠭᠥ ᠵᠢ ᠪᠤᠴᠠᠭ᠋ᠠᠵᠤ ᠥᠭᠬᠦ ᠦᠭᠡᠶ; ᠣᠷᠣᠯᠠᠨ ᠭᠦᠢ᠍ᠴᠡᠳᠬᠡᠬᠦ ᠡᠷᠬᠡ ᠮᠡᠳᠡᠯ᠎ᠠᠴᠠ       ᠳᠠᠪᠠᠭᠤᠯᠤᠨ᠂ ᠬᠤᠳᠠᠯᠳᠤᠨ ᠠᠪᠤᠭᠴᠢ ᠵᠢᠨ ᠳᠠᠩᠰᠠᠨ ᠡᠷᠦᠬᠡ ᠵᠢ ᠬᠡᠷᠡᠭᠯᠡᠨ ᠬᠤᠳᠠᠯᠳᠤᠨ ᠠᠪᠤᠭᠴᠢ ᠵᠢᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠭᠣᠤᠯᠳᠠᠯᠭ᠎ᠠ᠎ᠲᠠᠢ ᠵᠠᠰᠠᠨ᠎ᠠ᠃

   ᠵᠠᠰᠠᠯᠲᠠ ᠳᠦᠷᠪᠡ᠄ ᠬᠤᠳᠠᠯᠳᠤᠨ ᠠᠪᠬᠤ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ ᠬᠤᠳᠠᠯᠳᠤᠨ ᠠᠪᠬᠤ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠬᠢᠨᠠᠨ ᠲᠣᠭᠲᠠᠭ᠋ᠠᠬᠤ ᠳᠡᠰ ᠳᠠᠷᠠᠭ᠋ᠠᠯᠠᠯ᠂ ᠬᠢᠨᠠᠨ ᠲᠣᠭᠲᠠᠭ᠋ᠠᠬᠤ ᠠᠷᠭ᠎ᠠ ᠪᠠ ᠬᠢᠨᠠᠨ ᠲᠣᠭᠲᠠᠭ᠋ᠠᠬᠤ ᠪᠠᠷᠢᠮᠵᠢᠶ᠎ᠠ ᠵᠢ ᠦᠯᠦ ᠵᠢᠷᠤᠮᠯᠠᠨ ᠪᠡᠶ᠎ᠡ᠎ᠪᠠᠨ ᠳᠠᠭ᠋ᠠᠭ᠋ᠠᠵᠤ ᠬᠢᠨᠠᠨ ᠲᠣᠭᠲᠠᠭ᠋ᠠᠪᠠ; ᠬᠢᠨᠠᠨ ᠲᠣᠭᠲᠠᠭ᠋ᠠᠬᠤ ᠪᠢᠴᠢᠭ ᠮᠠᠲ᠋ᠧᠷᠢᠶᠠᠯ᠂ ᠬᠢᠨᠠᠨ ᠲᠣᠭᠲᠠᠭ᠋ᠠᠭᠰᠠᠨ ᠪᠠᠶ᠋ᠢᠳᠠᠯ᠎ᠢ ᠵᠠᠳᠠᠷᠠᠭᠤᠯᠪᠠ; ᠬᠠᠩᠭ᠋ᠠᠯᠭ᠎ᠠ ᠵᠢᠨ ᠬᠤᠳᠠᠯᠳᠣᠭ᠋ᠠᠴᠢᠨ᠎ᠲᠠᠢ ᠠᠰᠢᠭ ᠬᠤᠤᠷ᠎ᠤᠨ ᠬᠠᠷᠢᠴᠠᠭ᠎ᠠ᠎ᠠᠴᠠ ᠵᠠᠶ᠋ᠢᠯᠠᠭᠰᠠᠨ ᠦᠭᠡᠢ; ᠬᠤᠳᠠᠯᠳᠤᠨ ᠠᠪᠤᠭᠴᠢ᠂ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠂ ᠬᠠᠩᠭ᠋ᠠᠯᠭ᠎ᠠ ᠵᠢᠨ ᠬᠤᠳᠠᠯᠳᠣᠭ᠋ᠠᠴᠢᠨ ᠎ᠤ ᠬᠡᠭᠡᠯᠢ ᠲᠦᠯᠬᠢᠭᠰᠡᠨ ᠪᠤᠶᠤ ᠪᠤᠰᠤᠳ ᠵᠦᠢ ᠶᠣᠰᠣᠨ᠎ᠤ ᠪᠤᠰᠤ ᠠᠰᠢᠭ ᠲᠤᠰᠠ ᠣᠯᠤᠭᠰᠠᠨ ᠪᠠᠶ᠋ᠢᠬᠤ; ᠬᠠᠩᠭ᠋ᠠᠯᠭ᠎ᠠ ᠵᠢᠨ ᠬᠤᠳᠠᠯᠳᠣᠭ᠋ᠠᠴᠢᠨ ᠪᠤᠶᠤ ᠣᠷᠣᠯᠠᠬᠤ ᠪᠠᠶ᠋ᠢᠭᠤᠯᠤᠮᠵᠢ᠎ᠯᠤᠭ᠎ᠠ ᠮᠠᠭᠤ ᠰᠠᠨᠠᠭ᠎ᠠ᠎ᠪᠠᠷ ᠰᠥᠯᠪᠡᠭᠡᠯᠳᠦᠭᠰᠡᠨ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠭᠤᠣᠯᠳᠠᠯᠭ᠎ᠠ᠎ᠲᠠᠢ ᠵᠠᠰᠠᠨ᠎ᠠ᠃

   ᠵᠠᠰᠠᠯᠲᠠ ᠲᠠᠪᠤ᠄ ᠤᠯᠤᠰ᠎ᠤᠨ ᠠᠯᠪᠠᠨ ᠲᠤᠰᠢᠶᠠᠯᠲᠠᠨ᠂ ᠨᠠᠮ᠎ᠤᠨ ᠭᠡᠰᠢᠭᠦᠨ ᠺᠠᠳ᠋ᠷᠴᠤᠳ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢᠨ ᠳᠤᠮᠳᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠵᠦ᠂ ᠬᠤᠪᠢ ᠵᠢᠨ ᠠᠰᠢᠭ ᠣᠯᠵᠤ᠂ ᠠᠵᠢᠯ᠎ᠤᠨ ᠳᠤᠮᠳᠠ ᠬᠠᠷᠢᠭᠤᠴᠠᠯᠭ᠎ᠠ ᠡᠭᠦᠷᠭᠡᠯᠡᠬᠦ ᠦᠭᠡᠶ ᠪᠤᠶᠤ ᠬᠠᠮᠢᠶᠠᠷᠤᠯᠲᠠ ᠵᠢ ᠣᠮᠲᠣᠭ᠋ᠠᠶ᠋ᠢᠯᠠᠵᠤ᠂ ᠳᠤᠷ᠎ᠠ᠎ᠪᠠᠷ ᠵᠶ᠋ᠠᠨ ᠬᠢᠵᠦ᠂ ᠲᠣᠭᠲᠠᠭ᠋ᠠᠯ᠎ᠠᠴᠠ ᠵᠥᠷᠢᠴᠡᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠭᠠᠷ ᠲᠦᠷᠦᠭᠦ ᠪᠠ ᠭᠠᠷ ᠲᠦᠷᠦᠭᠦ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠨ᠎ᠡ᠃

    ᠵᠠᠰᠠᠯᠲᠠ ᠵᠢᠷᠭᠤᠭ᠎ᠠ᠄ 《ᠵᠠᠰᠠᠭ᠎ᠤᠨ ᠣᠷᠳᠣᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ 〈ᠳᠥᠷᠪᠡᠨ ᠲᠥᠷᠥᠯ〉᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠤᠰᠬᠠᠶ ᠴᠡᠭᠴᠡᠯᠡᠨ ᠵᠠᠰᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠬᠤᠳᠠᠯᠳᠤᠨ ᠠᠪᠤᠭᠴᠢ ᠵᠢᠨ ᠵᠥᠷᠢᠶᠡᠨ ᠵᠶ᠋ᠠᠷ ᠭᠠᠳᠠᠭᠤᠷᠴᠢᠯᠠᠬᠤ ᠵᠦᠢ᠍ᠯ ᠵᠤᠷᠪᠤᠰ᠂ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠭᠠᠷᠭ᠋ᠠᠵᠤ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ᠂ ᠬᠠᠩᠭ᠋ᠠᠯᠭ᠎ᠠ ᠵᠢᠨ ᠬᠤᠳᠠᠯᠳᠤᠭ᠋ᠠᠴᠢᠨ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠬᠤ᠂   ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠳᠥᠷᠪᠡᠨ ᠲᠥᠷᠥᠯ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠭᠤᠤᠯᠳᠠᠯᠭ᠎ᠠ᠎ᠲᠠᠢ ᠴᠡᠭᠴᠡᠯᠡᠨ ᠵᠠᠰᠠᠨ᠎ᠠ᠃

   ᠲᠥᠰᠦᠯ᠎ᠳᠤ ᠱᠠᠭ᠋ᠠᠷᠳᠠᠭᠰᠠᠨ᠎ᠨᠢ᠂ ᠡᠯ᠎ᠡ ᠱᠠᠲᠤᠨ᠎ᠤ ᠡᠳ᠋᠎ᠤᠨ ᠵᠠᠰᠠᠭ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠳᠣᠲᠣᠭ᠋ᠠᠳᠤ ᠵᠢ ᠬᠠᠮᠠᠭ᠋ᠠᠯᠠᠬᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠣᠰ ᠤᠳᠠᠭ᠋ᠠᠨ᠎ᠤ ᠲᠤᠰᠬᠠᠶ ᠵᠠᠰᠠᠯᠲᠠ ᠵᠢᠨ ᠠᠵᠢᠯ᠎ᠤᠨ ᠴᠢᠬᠤᠯᠠ ᠴᠢᠨᠠᠷ ᠪᠠ ᠵᠠᠶ᠋ᠢᠯᠠᠰᠢ ᠥᠬᠡᠶ ᠴᠢᠨᠠᠷ᠎ᠢ ᠭᠦᠢ᠍ᠴᠡᠳ ᠲᠠᠨᠢᠵᠤ᠂ ᠬᠠᠷᠢᠭᠤᠴᠠᠯᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠨ᠂ ᠡᠯ᠎ᠡ ᠱᠠᠲᠤ ᠦᠶ᠎ᠡ᠂ ᠡᠯ᠎ᠡ ᠵᠠᠩᠭᠢᠯᠠᠭ᠎ᠠ ᠵᠢᠨ ᠵᠠᠰᠠᠯᠲᠠ ᠵᠢᠨ ᠠᠵᠢᠯ᠎ᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠵᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃

   ᠲᠥᠰᠦᠯ᠎ᠳᠤ ᠳᠤᠷᠠᠳᠤᠭᠰᠠᠨ᠎ᠨᠢ᠂ ᠲᠤᠰᠬᠠᠶ ᠵᠠᠰᠠᠯᠲᠠ ᠵᠢᠨ ᠳᠤᠮᠳᠠ᠂ ᠤᠯᠤᠰ᠎ᠤᠨ ᠠᠯᠪᠠᠨ ᠲᠤᠰᠢᠶᠠᠯᠲᠠᠨ᠎ᠤ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠰᠦᠪᠡᠭᠴᠢ ᠵᠢ ᠣᠯᠵᠤ ᠮᠡᠳᠡᠪᠡᠯ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ᠂ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠡᠪᠳᠡᠬᠦ᠂ ᠬᠠᠤᠯᠢ ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠬᠤ᠂ ᠵᠦᠶ ᠪᠤᠰᠤ ᠥᠷᠢᠰᠥᠯᠳᠦᠭᠡᠨ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠰᠦᠪᠡᠭᠴᠢ ᠵᠢ ᠣᠯᠵᠤ ᠮᠡᠳᠡᠪᠡᠯ ᠳᠣᠲᠣᠭ᠋ᠠᠳᠤ ᠵᠢ ᠬᠠᠮᠠᠭ᠋ᠠᠯᠠᠬᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠨ᠎ᠡ;  ᠠᠵᠢᠯ ᠲᠥᠷᠥᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠢᠲᠡᠭᠡᠮᠵᠢ ᠵᠢᠨ ᠳᠠᠩᠰᠠ ᠡᠪᠬᠡᠮᠡᠯ᠎ᠢ ᠪᠠᠶ᠋ᠢᠭᠤᠯᠤᠨ ᠪᠦᠷᠢᠨᠰᠢᠭᠦᠯᠵᠦ᠂ ᠱᠠᠩᠨᠠᠵᠤ ᠲᠣᠷᠭ᠋ᠠᠬᠤ ᠵᠢᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠠᠬᠢᠭᠤᠯᠤᠨ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠮᠠᠭᠤ ᠦᠢ᠍ᠯᠡ ᠠᠵᠢᠯᠯᠠᠭ᠎ᠠ᠎ᠳᠤ ᠬᠤᠪᠢ ᠲᠡᠮᠳᠡᠭᠯᠡᠬᠦ ᠬᠠᠮᠢᠶᠠᠷᠤᠯᠲᠠ ᠵᠢ ᠬᠡᠷᠡᠭᠵᠢᠭᠦᠯᠵᠦ᠂ ᠬᠤᠳᠠᠯᠳᠤᠨ ᠠᠪᠤᠭᠴᠢ᠂ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠂ ᠬᠤᠳᠠᠯᠳᠤᠨ ᠠᠪᠬᠤ ᠵᠢᠨ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠴᠢ ᠬᠠᠮᠢᠶ᠎ᠠ ᠪᠦᠬᠦᠢ ᠠᠵᠢᠯ ᠡᠷᠬᠢᠯᠡᠭᠰᠡᠳ᠎ᠤᠨ ᠢᠲᠡᠭᠡᠮᠵᠢ ᠵᠢᠨ ᠲᠡᠮᠳᠡᠭᠯᠡᠯ᠎ᠢ ᠪᠠᠶ᠋ᠢᠭᠤᠯᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠳᠤ ᠴᠠᠭ ᠲᠤᠬᠠᠶ᠎ᠳᠤᠨᠢ ᠬᠦᠷᠭᠡᠵᠦ᠂ ᠬᠠᠮᠢᠶ᠎ᠠ ᠪᠦᠬᠦᠢ ᠨᠢᠭᠡᠴᠢ ᠵᠢᠨ ᠬᠣᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠦᠨᠳᠦᠰᠦᠯᠡᠯ ᠪᠣᠯᠭ᠋ᠠᠬᠤ ᠬᠡᠷᠡᠭᠲᠡᠶ ᠭᠡᠵᠡᠢ᠃

   ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠳᠡᠳ᠋ ᠳᠠᠷᠤᠭ᠎ᠠ ᠵᠣᠣ ᠳ᠋ᠡ ᠵᠢᠶᠦ᠋ᠨ ᠴᠢᠬᠤᠯᠠᠴᠢᠯᠠᠭᠰᠠᠨ᠎ᠨᠢ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ 《ᠪᠥᠬᠦ ᠣᠷᠣᠨ᠎ᠤ ᠨᠢᠭᠡ ᠰᠦᠯᠵᠢᠶ᠎ᠡ》 ᠵᠢᠨ ᠲᠦᠷᠢᠮ᠎ᠤᠨ ᠳᠠᠪᠠᠭᠤᠯᠢᠭ᠂ 《ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠡᠭᠦᠯᠡᠨ ᠲᠠᠪᠴᠠᠩ》᠎ᠤᠨ ᠰᠢᠰᠲ᠋ᠧᠮ᠎ᠤᠨ ᠳᠠᠪᠠᠭᠤᠯᠢᠭ᠂ 《ᠪᠥᠬᠦ ᠴᠤᠪᠤᠷᠠᠯ᠎ᠤᠨ ᠰᠦᠯᠵᠢᠶᠡᠨ ᠳᠡᠭᠡᠷ᠎ᠡ ᠭᠦᠢ᠍ᠴᠡᠳᠭᠡᠬᠦ》 ᠮᠡᠷᠭᠡᠵᠢᠯ᠎ᠤᠨ ᠳᠠᠪᠠᠭᠤᠯᠢᠭ᠎ᠲᠤ ᠭᠦᠢ᠍ᠴᠡᠳ ᠲᠦᠰᠢᠭᠯᠡᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠤᠭ᠎ᠠ ᠪᠠᠷᠢᠮᠲᠠ ᠵᠢᠨ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠵᠤ᠂ ᠲᠣᠮᠣ ᠳ᠋ᠠᠶ᠋ᠢᠲ᠋ᠠ ᠵᠢ ᠰᠢᠭᠰᠢᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ 《ᠨᠢᠭᠡ ᠰᠦᠯᠵᠢᠶ᠎ᠡ᠎ᠪᠠᠷ ᠨᠢᠭᠡᠳᠦᠯᠲᠡᠶ ᠬᠠᠮᠢᠶᠠᠷᠬᠤ》 ᠵᠢ ᠭᠦᠨᠵᠡᠭᠡᠶ᠋ᠢᠷᠡᠭᠦᠯᠦᠨ᠂ ᠬᠢᠨᠠᠯᠲᠠ ᠬᠠᠮᠢᠶᠠᠷᠤᠯᠲᠠ ᠵᠢᠨ ᠰᠢᠰᠲ᠋ᠧᠮ ᠪᠠ ᠬᠢᠨᠠᠯᠲᠠ ᠲᠠᠯᠪᠢᠵᠤ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠎ᠢ ᠬᠡᠷᠡᠭᠯᠡᠵᠦ᠂ ᠲᠤᠰᠬᠠᠶ ᠵᠠᠰᠠᠯᠲᠠ ᠵᠢᠨ ᠠᠵᠢᠯ᠎ᠤᠨ ᠦᠷ᠎ᠡ ᠪᠦᠲᠦᠮᠵᠢ ᠵᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ ᠭᠡᠵᠡᠢ᠃

   ᠣᠶ᠋ᠢᠯᠠᠭ᠋ᠠᠭᠰᠠᠨ ᠵᠶ᠋ᠠᠷ᠂ ᠲᠣᠰ ᠤᠳᠠᠭ᠋ᠠᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠷᠢᠶᠡᠨ᠎ᠳᠠᠬᠢ ᠲᠤᠰᠬᠠᠶ ᠵᠠᠰᠠᠯᠲᠠ 2024 ᠣᠨ᠎ᠤ 3 ᠳ᠋ᠤᠭ᠋ᠠᠷ ᠰᠠᠷ᠎ᠠ᠎ᠠᠴᠠ ᠡᠬᠢᠯᠡᠵᠦ᠂ 2024 ᠣᠨ᠎ᠤ 9 ᠳ᠋ᠦ᠍ᠭᠡᠷ ᠰᠠᠷ᠎ᠠ ᠵᠢᠨ ᠰᠡᠭᠦᠯᠴᠢ ᠪᠣᠯᠬᠤ᠎ᠳᠤ ᠳᠠᠭᠤᠰᠤᠨ᠎ᠠ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠲᠠᠪᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠤᠨᠤᠰᠬᠤ᠂ ᠨᠠᠮ ᠵᠶ᠋ᠠᠨ ᠳᠠᠭ᠋ᠠᠬᠤ》 ᠲᠤᠬᠠᠶ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ
ᠰᠦᠨ ᠱᠤᠤ ᠴᠧᠩ ᠲᠦᠩᠯᠢᠶᠣᠣ ᠬᠤᠳᠠ᠎ᠳᠤ ᠭᠦᠨᠵᠡᠭᠡᠢ᠌ᠷᠡᠨ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠠᠬᠢᠭᠤᠯᠤᠭᠰᠠᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠰᠣᠶᠣᠯ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠤᠨ ᠫᠠᠶ᠋ᠢᠰᠠ ᠰᠡᠬᠦᠬᠦ ᠶᠣᠰᠣᠯᠠᠯ ᠶᠠᠪᠤᠭᠤᠯᠪᠠ
 
            