ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠰᠦᠨ ᠱᠤᠤ ᠴᠧᠩ ᠲᠦᠩᠯᠢᠶᠣᠣ ᠬᠤᠳᠠ᠎ᠳᠤ ᠭᠦᠨᠵᠡᠭᠡᠢ᠌ᠷᠡᠨ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠠᠬᠢᠭᠤᠯᠤᠭᠰᠠᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2024-03-29

   ᠮᠤᠤᠠᠤᠰᠤ ᠵᠢᠨ ᠡᠯᠡᠰᠦᠷᠬᠡᠭ ᠭᠠᠵᠠᠷ ᠪᠣᠯᠣᠨ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠡᠯᠡᠰᠦ ᠵᠢ ᠵᠠᠰᠠᠬᠤ ᠲᠤᠬᠠᠢ ᠵᠢᠨ ᠲᠠᠯᠠᠪᠠᠢ᠎ᠳᠤ ᠭᠦᠨᠵᠡᠭᠡᠢ᠌ᠷᠡᠨ ᠳᠠᠢ᠌ᠯᠠᠯᠳᠤᠭ᠋ᠠᠨ᠎ᠳᠤ ᠣᠷᠣᠯᠴᠠᠵᠤ ᠳᠠᠢ᠌ᠯᠠᠯᠳᠤᠭ᠋ᠠᠨ᠎ᠢ ᠱᠠᠯᠠᠪᠳᠠᠭᠤᠯᠤᠭᠰᠠᠨ᠎ᠤ ᠲᠠᠷᠠᠭ᠎ᠠ᠂ 3 ᠰᠠᠷ᠎ᠠ ᠵᠢᠨ 25᠎ᠠᠴᠠ 28᠎ᠤ ᠦᠳᠡ ᠵᠢᠨ ᠡᠮᠦᠨ᠎ᠡ ᠪᠤᠯᠲᠠᠯ᠎ᠠ ᠰᠦᠨ ᠱᠤᠤ ᠴᠧᠩ ᠵᠠᠯᠭ᠋ᠠᠭ᠋ᠠᠳ ᠬᠣᠷᠴᠢᠨ ᠲᠣᠭᠣᠷᠢᠭ᠂ ᠨᠠᠢ᠍ᠮᠠᠨ ᠬᠣᠰᠢᠭᠤ᠂ ᠺᠠᠢ᠌ᠯᠤ ᠰᠢᠶᠠᠨ᠂ ᠵᠠᠷᠤᠳ ᠬᠣᠰᠢᠭᠤ᠂ ᠬᠤᠤᠯᠢᠩᠭᠣᠣᠯ ᠬᠤᠳᠠ᠎ᠳᠤ ᠬᠦᠷᠴᠦ᠂ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠬᠡᠷᠡᠭᠵᠢᠭᠦᠯᠦᠯᠲᠡ᠂ ᠠᠵᠤ ᠦᠢ᠍ᠯᠡᠰ᠎ᠤᠨ ᠬᠥᠭᠵᠢᠯᠲᠡ᠂ ᠦᠨᠳᠦᠰᠦᠨ ᠱᠠᠲᠤᠨ᠎ᠤ ᠨᠠᠮ᠎ᠤᠨ ᠰᠤᠷᠭ᠋ᠠᠭᠤᠯᠢ ᠵᠢᠨ ᠪᠠᠢ᠌ᠭᠤᠯᠤᠯᠲᠠ ᠵᠡᠷᠭᠡ ᠠᠵᠢᠯ᠎ᠢ ᠪᠠᠢ᠌ᠴᠠᠭ᠋ᠠᠨ ᠰᠤᠳᠤᠯᠵᠠᠢ᠃


孙绍骋深入通辽.jpg


  3 ᠰᠠᠷ᠎ᠠ ᠵᠢᠨ 25᠎ᠤ ᠡᠳᠦᠷ᠂ ᠰᠦᠨ ᠱᠤᠤ ᠴᠧᠩ ᠥᠪᠥᠷ ᠮᠣᠩᠭᠣᠯ᠎ᠤᠨ ᠵᠡᠭᠦᠨ ᠬᠡᠰᠡᠭ᠎ᠤᠨ ᠲᠦᠩᠯᠢᠶᠣᠣ ᠵᠢᠨ ᠰᠠᠯᠬᠢᠨ ᠬᠦᠴᠦᠨ᠎ᠤ ᠴᠠᠭᠢᠯᠭ᠋ᠠᠨ᠎ᠤ ᠲᠣᠨᠣᠭᠯᠠᠯ ᠦᠢ᠍ᠯᠡᠳᠬᠦ ᠠᠵᠤ ᠦᠢ᠍ᠯᠡᠰ᠎ᠤᠨ ᠰᠠᠭᠤᠷᠢᠨ᠎ᠳᠤ ᠰᠠᠯᠬᠢᠨ ᠬᠦᠴᠦᠨ᠎ᠤ ᠴᠠᠭᠢᠯᠭ᠋ᠠᠨ᠎ᠤ ᠲᠣᠨᠣᠭᠯᠠᠯ ᠦᠢ᠍ᠯᠡᠳᠬᠦ ᠪᠦᠭᠦ ᠠᠵᠤ ᠦᠢ᠍ᠯᠡᠰ᠎ᠤᠨ ᠬᠡᠯᠬᠢᠶ᠎ᠡ ᠵᠢᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ᠃

   ᠲᠤᠰ ᠰᠣᠨᠢᠨ᠎ᠤ ᠰᠤᠷᠪᠤᠯᠵᠢᠯᠠᠬ᠍ᠴᠢ ᠮᠠ ᠵᠢᠶᠠᠨ ᠴᠢᠤᠸᠠᠨ ᠰᠡᠭᠦᠳᠡᠷᠯᠡᠪᠡ

  8 ᠰᠠᠷ᠎ᠠ ᠵᠢᠨ ᠳᠠᠷᠠᠭ᠎ᠠ᠂ ᠰᠦᠨ ᠱᠤᠤ ᠴᠧᠩ ᠳᠠᠬᠢᠨᠲᠠ ᠬᠣᠷᠴᠢᠨ᠎ᠤ ᠡᠯᠡᠰᠦᠷᠬᠡᠭ ᠭᠠᠵᠠᠷ᠎ᠲᠤ ᠬᠦᠷᠴᠦ᠂ ᠵᠠᠰᠠᠬᠤ᠎ᠪᠠᠷ ᠪᠠᠢ᠌ᠭ᠎ᠠ ᠣᠷᠣᠨ᠂ ᠤᠯᠤᠰ᠎ᠤᠨ ᠥᠮᠴᠢᠯᠡᠯ᠎ᠤᠨ ᠮᠸᠬᠠᠨᠢᠭ ᠤᠢ ᠰᠢᠭᠤᠢ ᠵᠢᠨ ᠲᠠᠯᠠᠪᠠᠢ᠂ ᠡᠯᠡᠰᠦᠵᠢᠭᠰᠡᠨ ᠭᠠᠵᠠᠷ ᠰᠢᠷᠣᠢ ᠵᠢᠨ ᠪᠢᠲᠡᠭᠦᠮᠵᠢᠯᠡᠭᠰᠡᠨ ᠬᠣᠷᠢᠭ᠋ᠠᠲᠠᠢ ᠬᠠᠮᠠᠭ᠋ᠠᠯᠠᠯᠲᠠ ᠵᠢᠨ ᠣᠷᠣᠨ᠂ ᠡᠯᠡᠰᠦᠵᠢᠭᠰᠡᠨ ᠨᠤᠲᠤᠭ ᠪᠡᠯᠴᠢᠭᠡᠷ᠎ᠢ ᠶᠡᠷᠦᠩᠬᠡᠢ᠌ᠯᠡᠨ ᠵᠠᠰᠠᠬᠤ ᠲᠦᠷᠦᠯ ᠵᠦᠢ᠍ᠯ᠎ᠤᠨ ᠣᠷᠣᠨ᠎ᠳᠤ ᠤᠷᠢᠳ ᠬᠣᠵᠢᠳ ᠬᠦᠷᠴᠦ ᠬᠣᠯᠪᠣᠭᠳᠠᠯ ᠪᠦᠬᠦᠢ ᠪᠠᠢ᠌ᠳᠠᠯ᠎ᠢ ᠪᠠᠢ᠌ᠴᠠᠭ᠋ᠠᠨ ᠦᠵᠡᠵᠦ᠂ ᠡᠯᠡᠰᠦᠨ᠎ᠤ ᠤᠷᠭᠤᠮᠠᠯ᠎ᠤᠨ ᠤᠷᠭᠤᠯᠲᠠ ᠵᠢᠨ ᠣᠨᠴᠠᠯᠢᠭ᠂ ᠡᠯᠡᠰᠦ ᠵᠢ ᠲᠣᠭᠲᠠᠪᠤᠷᠢᠵᠢᠭᠤᠯᠤᠭᠰᠠᠨ ᠦᠷ᠎ᠡ ᠪᠦᠲᠦᠮᠵᠢ ᠪᠣᠯᠣᠨ ᠠᠵᠤ ᠠᠬᠤᠢ ᠵᠢᠨ ᠦᠨ᠎ᠡ ᠦᠷᠳᠡᠭ ᠵᠢᠴᠢ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠭᠰᠠᠨ ᠥᠪᠡᠷ᠎ᠤᠨ ᠦᠷᠳᠡᠭ᠎ᠤᠨ ᠠᠰᠢᠭ ᠣᠯᠵᠠᠪᠤᠷᠢ ᠵᠡᠷᠭᠡ ᠪᠠᠢ᠌ᠳᠠᠯ᠎ᠢ ᠣᠢ᠌ᠯᠠᠭ᠋ᠠᠭᠰᠠᠨ ᠪᠥᠭᠡᠳ ᠤᠯᠠᠨ᠎ᠲᠠᠢ ᠬᠠᠮᠲᠤ ᠨᠦᠬᠡ ᠮᠠᠯᠲᠠᠨ ᠮᠣᠳᠣ ᠲᠠᠷᠢᠪᠠ᠃ ᠰᠦᠨ ᠱᠣᠣ ᠴᠧᠩ᠂ ᠬᠣᠷᠴᠢᠨ᠎ᠤ ᠡᠯᠡᠰᠦᠷᠬᠡᠭ ᠭᠠᠵᠠᠷ᠎ᠲᠤ ᠰᠥᠨᠥᠭᠡᠯᠲᠡ ᠵᠢᠨ ᠳᠠᠢ᠌ᠯᠠᠯᠳᠤᠭ᠋ᠠᠨ ᠬᠢᠵᠦ ᠪᠠᠢ᠌ᠭ᠎ᠠ ᠪᠣᠯᠬᠣᠷ ᠱᠠᠯᠠᠪᠳᠠᠭᠤᠯᠤᠨ ᠠᠳᠬᠤᠵᠤ ᠲᠦᠷᠭᠡᠨ ᠬᠢᠵᠦ 《  ᠨᠢᠭᠡ ᠴᠣᠭᠴᠠᠵᠢᠭᠤᠯᠬᠤ ᠢᠨᠵᠧᠨᠧᠷᠢᠩ 》᠎ᠢ ᠠᠬᠢᠭᠤᠯᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠮᠠᠰᠢᠨ ᠮᠧᠬᠠᠨᠢᠭ ᠵᠶ᠋ᠠᠷ ᠡᠯᠡᠰᠦ ᠵᠢ ᠵᠠᠰᠠᠬᠤ ᠡᠷᠴᠢᠮ᠎ᠢ ᠴᠢᠩᠭ᠋ᠠᠷᠠᠭᠤᠯᠵᠤ᠂ ᠡᠯᠡᠰᠦ ᠵᠢ ᠵᠠᠰᠠᠬᠤ ᠦᠷ᠎ᠡ ᠪᠦᠲᠦᠮᠵᠢ ᠵᠢ ᠴᠢᠷᠮᠠᠢ᠌ᠨ ᠳᠡᠭᠡᠭᠰᠢᠯᠡᠭᠦᠯᠵᠦ᠂ ᠲᠠᠷᠠᠬᠠᠢ ᠪᠤᠲᠠᠷᠬᠠᠢ 《  ᠴᠡᠭ 》᠎ᠢ ᠠᠯᠢ ᠲᠦᠷᠭᠡᠨ ᠵᠶ᠋ᠡᠷ ᠰᠥᠨᠥᠭᠡᠬᠦ ᠬᠡᠷᠡᠭᠲᠡᠢ᠃ ᠤᠯᠤᠰ᠎ᠤᠨ ᠥᠮᠴᠢᠯᠡᠯ᠎ᠤᠨ ᠤᠢ ᠰᠢᠭᠤᠢ ᠵᠢᠨ ᠲᠠᠯᠠᠪᠠᠢ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠴᠢᠬᠢ ᠮᠣᠳᠣᠨ᠎ᠤ ᠬᠦᠷᠢᠶᠡᠯᠡᠩ᠎ᠢ ᠢᠯᠡᠭᠦᠬᠡᠨ ᠪᠠᠢ᠌ᠭᠤᠯᠵᠤ᠂ ᠴᠢᠬᠢ ᠮᠣᠳᠣ ᠵᠢ ᠢᠯᠡᠭᠦᠬᠡᠨ ᠪᠣᠢ᠌ᠵᠢᠭᠤᠯᠵᠤ᠂ ᠨᠠᠷᠢᠯᠢᠭ ᠪᠤᠳᠤᠵᠤ ᠮᠠᠲ᠋ᠧᠷᠢᠶᠠᠯ ᠰᠣᠩᠭᠣᠨ ᠮᠠᠲ᠋ᠧᠷᠢᠶᠠᠯ ᠬᠡᠷᠡᠭᠯᠡᠵᠦ᠂ ᠡᠯᠡᠰᠦ ᠵᠢ ᠵᠠᠰᠠᠬᠤ ᠥᠪᠡᠷ᠎ᠤᠨ ᠦᠷᠳᠡᠭ᠎ᠢ ᠴᠢᠷᠮᠠᠢ᠌ᠨ ᠪᠠᠭᠤᠷᠠᠭᠤᠯᠬᠤ ᠬᠡᠷᠡᠭᠲᠡᠢ᠃ ᠡᠯᠡᠰᠦ ᠵᠢ ᠵᠠᠰᠠᠭᠰᠠᠨ ᠠᠮᠢ ᠠᠬᠤᠢ ᠵᠢᠨ ᠦᠷ᠎ᠡ ᠠᠰᠢᠭ᠎ᠲᠠᠢ ᠪᠣᠯᠪᠠᠯ ᠠᠵᠤ ᠠᠬᠤᠢ ᠵᠢᠨ ᠦᠷ᠎ᠡ ᠠᠰᠢᠭ᠎ᠤᠨ ᠲᠤᠯᠭ᠋ᠠᠭᠤᠷᠢᠯᠠᠯ᠎ᠨᠢ ᠨᠡᠩ ᠤᠷᠳᠤ ᠤᠳᠠᠭ᠋ᠠᠨ ᠪᠠᠢ᠌ᠵᠤ ᠴᠢᠳᠠᠬᠤ ᠶᠤᠮ᠂ ᠭᠠᠵᠠᠷ ᠣᠷᠣᠨ᠎ᠤ ᠠᠭᠤᠷ ᠠᠮᠢᠰᠬᠤᠯ᠎ᠤᠨ ᠣᠨᠴᠠᠯᠢᠭ᠎ᠲᠤ ᠵᠣᠬᠢᠴᠠᠬᠤ ᠪᠥᠭᠡᠳ ᠪᠠᠰᠠ ᠠᠵᠤ ᠠᠬᠤᠢ ᠵᠢᠨ ᠦᠨ᠎ᠡ ᠦᠷᠳᠡᠭ᠎ᠲᠠᠢ ᠨᠠᠢ᠌ᠯᠵᠠᠭᠤᠷ ᠬᠠᠷᠭ᠋ᠠᠨ᠎ᠠ᠂ ᠤᠢ ᠵᠢᠮᠢᠰ ᠵᠡᠷᠭᠡ ᠲᠠᠷᠢᠮᠠᠯ᠎ᠢ ᠢᠯᠡᠭᠦᠬᠡᠨ ᠲᠠᠷᠢᠵᠤ᠂ ᠪᠣᠷᠳᠣᠭ᠎ᠠ ᠪᠤᠯᠪᠠᠰᠤᠷᠠᠭᠤᠯᠬᠤ᠂ ᠬᠣᠷᠢᠵᠤ ᠲᠡᠵᠢᠭᠡᠵᠦ ᠬᠠᠰᠢᠶᠠᠯᠠᠨ ᠲᠡᠵᠢᠭᠡᠬᠦ᠂ ᠤᠢ ᠵᠢᠮᠢᠰ᠎ᠤᠨ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ᠂ ᠦᠷ᠎ᠡ ᠠᠰᠢᠭ᠎ᠢ ᠬᠠᠮᠤᠭ᠎ᠤᠨ ᠶᠡᠬᠡ ᠪᠤᠯᠭ᠋ᠠᠬᠤ ᠬᠡᠷᠡᠭᠲᠡᠢ᠃ ᠪᠠᠢ᠌ᠭᠤᠯᠤᠮᠵᠢ ᠲᠣᠭᠲᠠᠴᠠ ᠵᠢ ᠰᠢᠯᠤᠭᠤᠳᠬᠠᠬᠤ᠎ᠨᠢ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ᠎ᠳᠤ ᠲᠤᠢ᠌ᠯ᠎ᠤᠨ ᠴᠢᠬᠤᠯᠠ ᠪᠠᠢ᠌ᠳᠠᠭ᠂ ᠳᠦᠷᠢᠮ ᠲᠣᠭᠲᠠᠭ᠋ᠠᠯ ᠲᠣᠭᠲᠠᠭ᠋ᠠᠵᠤ᠂ ᠳᠦᠷᠢᠮ ᠲᠣᠭᠲᠠᠭ᠋ᠠᠯ᠎ᠢ ᠲᠣᠳᠣᠷᠬᠠᠢ ᠪᠤᠯᠭ᠋ᠠᠵᠤ᠂ ᠬᠣᠯᠪᠣᠭᠳᠠᠯ ᠪᠦᠬᠦᠢ ᠤᠷᠮᠠᠰᠢᠭᠤᠯᠤᠨ ᠬᠢᠵᠠᠭ᠋ᠠᠷᠯᠠᠬᠤ ᠲᠣᠭᠲᠠᠴᠠ ᠵᠢ ᠱᠠᠯᠠᠪᠳᠠᠭᠤᠯᠤᠨ ᠪᠠᠢ᠌ᠭᠤᠯᠵᠤ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠭᠡᠷ᠎ᠢ ᠠᠮᠠᠷᠠᠭᠤᠯᠬᠤ ᠵᠡᠷᠭᠡ ᠳᠦᠷᠢᠮ᠎ᠢ ᠰᠠᠢ᠌ᠲᠤᠷ ᠲᠡᠭᠦᠯᠳᠡᠷᠵᠢᠭᠦᠯᠦᠨ᠂ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠤᠪᠢᠶᠠᠷᠢᠯᠠᠯᠲᠠ᠂ ᠱᠠᠩᠨᠠᠯ ᠨᠥᠬᠥᠪᠦᠷᠢ ᠵᠢᠨ ᠪᠡᠯᠡ ᠮᠥᠩᠭᠥ ᠵᠢᠨ ᠲᠠᠷᠬᠠᠭ᠋ᠠᠯᠲᠠ ᠵᠡᠷᠭᠡ ᠠᠷᠭ᠎ᠠ ᠬᠡᠮᠵᠢᠶ᠎ᠡ ᠵᠢ ᠨᠢᠭᠡᠳᠦᠯᠲᠡᠢ ᠲᠥᠯᠥᠪᠵᠢᠭᠦᠯᠦᠨ᠂ ᠭᠠᠵᠠᠷ ᠰᠢᠷᠣᠢ ᠳᠠᠭ᠋ᠠᠭ᠋ᠠᠴᠢᠯᠠᠭᠰᠠᠨ ᠨᠢᠭᠡᠴᠢ ᠪᠠ ᠬᠤᠪᠢ ᠬᠥᠮᠥᠨ᠎ᠤ ᠬᠠᠮᠠᠭ᠋ᠠᠯᠠᠵᠤ ᠵᠠᠰᠠᠬᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠲᠡᠳᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ᠎ᠳᠤ ᠨᠠᠩ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠲᠠᠢ᠎ᠪᠠᠷ ᠣᠷᠣᠯᠴᠠᠭᠤᠯᠬᠤ ᠬᠡᠷᠡᠭᠲᠡᠢ ᠭᠡᠵᠦ ᠬᠡᠯᠡᠪᠡ᠃

   ᠥᠪᠥᠷ ᠮᠣᠩᠭᠣᠯ᠎ᠤᠨ ᠵᠡᠭᠦᠨ ᠬᠡᠰᠡᠭ᠎ᠤᠨ ᠲᠦᠩᠯᠢᠶᠣᠣ ᠵᠢᠨ ᠰᠠᠯᠬᠢᠨ ᠬᠦᠴᠦᠨ᠎ᠤ ᠴᠠᠭᠢᠯᠭ᠋ᠠᠨ᠎ᠤ ᠲᠣᠨᠣᠭᠯᠠᠯ ᠦᠢ᠍ᠯᠡᠳᠬᠦ ᠠᠵᠤ ᠦᠢ᠍ᠯᠡᠰ᠎ᠤᠨ ᠰᠠᠭᠤᠷᠢᠨ᠎ᠳᠤ᠂ ᠰᠦᠨ ᠱᠤᠤ ᠴᠧᠩ ᠠᠵᠤ ᠦᠢ᠍ᠯᠡᠰ᠎ᠤᠨ ᠪᠠᠢ᠌ᠷᠢᠰᠢᠭᠤᠯᠤᠯᠲᠠ᠂ ᠦᠢ᠍ᠯᠡᠳᠬᠦᠨ᠎ᠢ ᠰᠤᠳᠤᠯᠤᠨ ᠦᠢ᠍ᠯᠡᠳᠬᠦ᠂ ᠠᠵᠢᠯᠴᠢᠨ ᠬᠡᠷᠡᠭᠯᠡᠬᠦ ᠮᠠᠲ᠋ᠧᠷᠢᠶᠠᠯ ᠬᠡᠷᠡᠭᠯᠡᠬᠦ ᠵᠡᠷᠭᠡ ᠪᠠᠢ᠌ᠳᠠᠯ᠎ᠤᠨ ᠲᠠᠨᠢᠯᠴᠠᠭᠤᠯᠭ᠎ᠠ ᠵᠢ ᠰᠣᠨᠣᠰᠪᠠ᠃ ᠲᠡᠷᠡ᠂ ᠥᠪᠥᠷ ᠮᠣᠩᠭᠣᠯ ᠰᠢᠨ᠎ᠡ ᠡᠨᠧᠷᠭᠢ ᠵᠢᠨ ᠲᠤᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠢ ᠬᠥᠭᠵᠢᠭᠦᠯᠬᠦ᠎ᠳᠤ ᠶᠡᠬᠡᠬᠡᠨ ᠠᠵᠢᠯ ᠶᠠᠪᠤᠳᠠᠯ ᠪᠦᠲᠦᠭᠡᠵᠦ ᠪᠣᠯᠣᠨ᠎ᠠ᠂ ᠠᠵᠤ ᠦᠢ᠍ᠯᠡᠰ᠎ᠤᠨ ᠬᠡᠯᠬᠢᠶ᠎ᠡ ᠵᠢᠨ ᠡᠬᠢᠨ᠎ᠤ ᠪᠠ ᠡᠴᠦᠰ᠎ᠤᠨ ᠬᠡᠯᠬᠢᠶ᠎ᠡ ᠵᠢᠨ ᠢᠵᠢ ᠪᠦᠷᠢᠳᠦᠭᠦᠯᠦᠯᠲᠡ ᠵᠢ ᠴᠢᠩᠭ᠋ᠠᠳᠬᠠᠵᠤ᠂ ᠬᠡᠯᠬᠢᠶ᠎ᠡ ᠵᠢᠨ ᠭᠣᠣᠯ ᠠᠵᠤ ᠠᠬᠤᠢ᠌ᠯᠠᠯ᠎ᠤᠨ ᠭᠣᠣᠯᠯᠠᠭᠴᠢ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠴᠢᠩᠭ᠋ᠠᠳᠬᠠᠬᠤ ᠵᠢ       ᠳᠡᠮᠵᠢᠵᠦ᠂ ᠦᠢ᠍ᠯᠡᠳᠬᠦᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠭᠤᠯᠤᠭᠳᠠᠴᠠ ᠪᠣᠯᠣᠨ ᠨᠡᠮᠡᠯᠲᠡ ᠦᠷᠳᠡᠭ᠎ᠢ ᠳᠡᠭᠡᠭᠰᠢᠯᠡᠭᠦᠯᠵᠦ᠂ ᠰᠢᠨ᠎ᠡ ᠡᠨᠧᠷᠭᠢ ᠵᠢᠨ ᠲᠤᠨᠤᠭ ᠲᠥᠬᠦᠭᠡᠷᠦᠮᠵᠢ ᠦᠢ᠍ᠯᠡᠳᠬᠦ ᠪᠦᠯᠦᠭᠵᠢᠯ᠎ᠢ ᠲᠦᠷᠭᠡᠨ ᠪᠠᠢ᠌ᠭᠤᠯᠬᠤ ᠬᠡᠷᠡᠭᠲᠡᠢ ᠭᠡᠵᠦ ᠬᠡᠯᠡᠪᠡ᠃ ᠬᠤᠤᠯᠢᠩᠭᠣᠣᠯ ᠬᠣᠲᠠ᠎ᠳᠤ᠂ ᠰᠦᠨ ᠱᠣᠸ᠋ ᠴᠧᠩ ᠯᠢᠶᠠᠨ ᠱᠧᠩ ᠰᠢᠨ᠎ᠡ ᠮᠠᠲ᠋ᠧᠷᠢᠶᠠᠯ᠎ᠤᠨ ᠺᠤᠮᠫᠠᠨᠢ ᠪᠣᠯᠣᠨ ᠴᠤᠸᠠᠩ ᠶᠤᠸᠠᠨ ᠲᠡᠮᠦᠷᠯᠢᠭ᠎ᠤᠨ ᠺᠤᠮᠫᠠᠨᠢ ᠵᠢ ᠰᠢᠨᠵᠢᠯᠡᠨ ᠪᠠᠢ᠌ᠴᠠᠭ᠋ᠠᠬᠤ ᠵᠢᠨ ᠵᠡᠷᠭᠡ᠎ᠪᠠᠷ ᠬᠠᠷᠢᠭᠤ ᠮᠡᠳᠡᠭᠦᠯᠦᠯᠲᠡ ᠵᠢ ᠰᠣᠨᠣᠰᠴᠤ᠂ ᠴᠠᠭᠢᠯᠭ᠋ᠠᠨ ᠵᠠᠳᠠᠯᠤᠯ᠎ᠤᠨ ᠬᠥᠩᠭᠡᠨ ᠴᠠᠭ᠋ᠠᠨ᠎ᠤ ᠠᠵᠤ ᠦᠢ᠍ᠯᠡᠰ᠎ᠤᠨ ᠬᠥᠭᠵᠢᠯᠲᠡ ᠪᠣᠯᠣᠨ ᠪᠣᠬᠢᠷᠳᠤᠯ ᠦᠭᠡᠢ ᠴᠠᠭᠢᠯᠭ᠋ᠠᠨ᠎ᠢ ᠪᠠᠭᠲᠠᠭ᠋ᠠᠨ ᠰᠢᠩᠭᠡᠭᠡᠬᠦ ᠵᠡᠷᠭᠡ ᠪᠠᠢ᠌ᠳᠠᠯ᠎ᠢ ᠨᠠᠷᠢᠨ ᠣᠢ᠌ᠯᠠᠭ᠋ᠠᠵᠤ᠂ ᠲᠤᠬᠠᠢ ᠵᠢᠨ ᠭᠠᠵᠠᠷ᠎ᠤᠨ᠎ᠬᠢᠨ ᠠᠯᠤᠰ ᠭᠡᠲᠦ ᠵᠢ ᠪᠣᠳᠣᠯᠬᠢᠯᠠᠨ᠂ ᠰᠢᠨ᠎ᠡ ᠡᠨᠧᠷᠭᠢ ᠵᠢᠨ ᠪᠦᠲᠦᠭᠡᠨ ᠪᠠᠢ᠌ᠭᠤᠯᠤᠯᠲᠠ ᠵᠢᠨ ᠠᠯᠬᠤᠭ᠎ᠠ᠎ᠪᠠᠨ ᠲᠦᠷᠭᠡᠳᠬᠡᠵᠦ᠂ ᠪᠣᠬᠢᠷᠳᠤᠯ ᠦᠭᠡᠢ ᠴᠠᠭᠢᠯᠭ᠋ᠠᠨ ᠵᠶ᠋ᠠᠷ ᠣᠷᠣᠯᠠᠭᠤᠯᠬᠤ ᠵᠢ ᠶᠡᠬᠡ᠎ᠪᠠᠷ ᠠᠬᠢᠭᠤᠯᠵᠤ᠂ ᠰᠢᠨ᠎ᠡ ᠠᠵᠤ ᠦᠢ᠍ᠯᠡᠰ ᠰᠢᠨ᠎ᠡ ᠬᠥᠳᠡᠯᠭᠡᠭᠴᠢ ᠡᠨᠧᠷᠭᠢ ᠵᠢ ᠢᠳᠡᠪᠬᠢᠲᠡᠢ ᠪᠣᠢ᠌ᠵᠢᠭᠤᠯᠤᠨ᠂ ᠠᠵᠤ ᠦᠢ᠍ᠯᠡᠰ᠎ᠤᠨ ᠪᠦᠲᠦᠴᠡ ᠲᠠᠩ ᠴᠤᠯᠭᠤᠢ ᠪᠠᠢ᠌ᠬᠤ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠬᠦ ᠬᠡᠷᠡᠭᠲᠡᠢ ᠭᠡᠵᠦ ᠵᠠᠬᠢᠪᠠ᠃

   ᠡᠨᠡ ᠬᠤᠭᠤᠴᠠᠭ᠋ᠠᠨ᠎ᠳᠤ᠂ ᠰᠦᠨ ᠱᠤᠤ ᠴᠧᠩ ᠪᠠᠰᠠ ᠰᠢᠶᠠᠨ᠎ᠤ ᠱᠠᠲᠤᠨ᠎ᠤ ᠨᠠᠮ᠎ᠤᠨ ᠰᠤᠷᠭ᠋ᠠᠭᠤᠯᠢ ᠵᠢᠨ ᠬᠣᠯᠪᠣᠭᠳᠠᠯ ᠪᠦᠬᠦᠢ ᠪᠠᠢ᠌ᠳᠠᠯ᠎ᠢ ᠪᠠᠢ᠌ᠴᠠᠭ᠋ᠠᠨ ᠰᠤᠳᠤᠯᠵᠠᠢ᠃ ᠲᠡᠷᠡ᠂ ᠨᠠᠮ᠎ᠤᠨ ᠰᠤᠷᠭ᠋ᠠᠭᠤᠯᠢ ᠨᠠᠮ᠎ᠳᠤ ᠴᠢᠳᠠᠪᠤᠷᠢᠲᠠᠨ ᠬᠥᠮᠥᠵᠢᠭᠦᠯᠵᠦ ᠥᠭᠬᠦ ᠴᠢᠬᠤᠯᠠ ᠦᠢ᠍ᠯᠡᠳᠦᠯ ᠵᠶ᠋ᠡᠨ ᠰᠠᠢ᠌ᠲᠤᠷ ᠪᠠᠳᠠᠷᠠᠭᠤᠯᠵᠤ᠂ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠪᠣᠯᠣᠨ ᠬᠠᠮᠢᠶᠠᠷᠤᠯᠲᠠ ᠵᠢ ᠴᠢᠩᠭ᠋ᠠᠳᠬᠠᠵᠤ᠂ ᠪᠠᠭᠰᠢ ᠵᠢᠨ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠂ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠪᠠᠲᠤᠯᠠᠬᠤ ᠬᠡᠷᠡᠭᠲᠡᠢ᠃ ᠡᠯ᠎ᠡ ᠭᠠᠵᠠᠷ᠎ᠤᠨ᠎ᠬᠢᠨ ᠨᠠᠮ᠎ᠤᠨ ᠰᠤᠷᠭ᠋ᠠᠭᠤᠯᠢ ᠵᠢᠨ ᠡᠬᠢ ᠪᠠᠶᠠᠯᠢᠭ᠎ᠢ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠪᠣᠳᠠᠲᠠᠢ᠎ᠠᠴᠠ ᠡᠭᠦᠰᠦᠨ ᠰᠤᠷᠭ᠋ᠠᠭᠤᠯᠢ ᠡᠷᠭᠢᠯᠡᠭᠦ ᠰᠢᠨ᠎ᠡ ᠵᠠᠭᠪᠤᠷ᠎ᠢ ᠢᠳᠡᠪᠬᠢᠲᠡᠢ ᠰᠦᠪᠡᠭᠴᠢᠯᠡᠵᠦ᠂ ᠬᠥᠮᠦᠵᠢᠯ ᠪᠣᠯᠪᠠᠰᠤᠷᠠᠯ᠎ᠤᠨ ᠴᠢᠨᠠᠷ ᠴᠢᠨᠰᠠᠭ᠎ᠠ ᠦᠷ᠎ᠡ ᠠᠰᠢᠭ᠎ᠢ ᠴᠢᠷᠮᠠᠢ᠌ᠨ ᠳᠡᠭᠡᠭᠰᠢᠯᠡᠭᠦᠯᠭᠦ ᠬᠡᠷᠡᠭᠲᠡᠢ ᠭᠡᠵᠦ ᠬᠡᠯᠡᠪᠡ᠃

   ᠮᠧᠩ ᠰᠢᠶᠠᠨ ᠳ᠋ᠦᠩ᠂ ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ᠃

  

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠰᠣᠶᠣᠯ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠤᠨ ᠫᠠᠶ᠋ᠢᠰᠠ ᠰᠡᠬᠦᠬᠦ ᠶᠣᠰᠣᠯᠠᠯ ᠶᠠᠪᠤᠭᠤᠯᠪᠠ
ᠪᠠᠷᠠᠭᠤᠨ ᠯᠢᠶᠤᠤᠾᠸ ᠭᠤᠣᠯ᠎ᠤᠨ ᠭᠤᠣᠯ ᠤᠷᠤᠰᠬᠠᠯ᠎ᠤᠨ ᠤᠰᠤᠨ ᠲᠦᠷᠦᠭᠦᠦ ᠳᠠᠬᠢᠨᠲᠠ ᠲᠦᠩᠯᠢᠶᠣᠤ ᠵᠢᠨ ᠲᠥᠯᠥᠪᠵᠢᠭᠦᠯᠭᠡ ᠵᠢᠨ ᠬᠤᠳᠠ ᠵᠢᠨ ᠵᠠᠭ᠋ᠠᠭ᠎ᠲᠤ ᠬᠦᠷᠪᠡ
2024 ᠣᠨ᠎ᠤ ᠪᠥᠬᠦ ᠣᠷᠣᠨ᠎ᠤ ᠤᠰᠤᠨ ᠰᠢᠨᠵᠢᠯᠡᠭᠡᠨ᠎ᠤ ᠠᠵᠢᠯ᠎ᠤᠨ ᠬᠤᠷᠠᠯ ᠬᠥᠬᠡᠬᠤᠲᠠ᠎ᠳᠤ ᠬᠤᠷᠠᠯᠳᠤᠪᠠ
ᠬᠠᠲᠤᠨ ᠭᠤᠣᠯ᠎ᠤᠨ ᠳᠥᠷᠥᠭᠡᠨ ᠠᠮᠠᠰᠠᠷ᠎ᠤᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ ᠺᠠᠳ᠋ᠷ᠎ᠤᠨ ᠠᠵᠢᠯ᠎ᠠᠴᠠ᠎ᠪᠠᠨ ᠠᠮᠠᠷᠠᠬᠤ ᠲᠤᠬᠠᠢ ᠶᠠᠷᠢᠯᠴᠠᠬᠤ ᠬᠤᠷᠠᠯ ᠬᠢᠪᠡ
 
            