3 ᠳ᠋ᠤᠭ᠋ᠠᠷ ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠥᠪᠥᠷ ᠮᠣᠩᠭᠤᠯ᠎ᠤᠨ ᠣᠷᠴᠢᠨ ᠲᠣᠭᠤᠷᠢᠨ ᠡᠬᠢ ᠪᠠᠶᠠᠯᠢᠭ᠎ᠤᠨ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠲᠤ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠰᠣᠶᠣᠯ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠤᠨ ᠫᠠᠶ᠋ᠢᠰᠠ ᠰᠡᠬᠦᠬᠦ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠳᠡᠳ᠋ ᠳᠠᠷᠤᠭ᠎ᠠ ᠯᠢ ᠪᠢᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠬᠤᠷᠢᠶᠠᠨ ᠳᠠᠷᠤᠭ᠎ᠠ ᠯᠢ ᠵᠢᠶᠠᠨ ᠫᠢᠩ ᠫᠠᠶ᠋ᠢᠰᠠ ᠰᠡᠬᠦᠬᠦ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠰᠠᠭᠤᠷᠢᠨ ᠭᠠᠵᠠᠷ᠎ᠤᠨ ᠫᠠᠶ᠋ᠢᠰᠠ ᠵᠢ ᠬᠠᠮᠲᠤ᠎ᠪᠠᠷ ᠰᠡᠬᠦᠪᠡ᠃

ᠯᠢ ᠪᠢᠨ ᠵᠢᠭ᠋ᠠᠵᠤ ᠭᠠᠷᠭ᠋ᠠᠭᠰᠠᠨ᠎ᠨᠢ᠂ ᠤᠰᠤᠨ ᠠᠰᠢᠭᠯᠠᠯᠲᠠ ᠵᠢᠨ ᠬᠠᠥᠯᠢ᠎ᠪᠠᠷ ᠵᠠᠰᠠᠬᠤ ᠰᠣᠶᠣᠯ ᠪᠣᠯ ᠨᠡᠶ᠋ᠢᠭᠡᠮ ᠵᠢᠷᠤᠮ᠎ᠤᠨ ᠬᠠᠥᠯᠢ᠎ᠪᠠᠷ ᠵᠠᠰᠠᠬᠤ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠪᠦᠬᠦ ᠲᠠᠯ᠎ᠠ᠎ᠪᠠᠷ ᠬᠠᠤᠯᠢ᠎ᠪᠠᠷ ᠤᠰᠤ ᠵᠢ ᠵᠠᠰᠠᠬᠤ ᠵᠢᠨ ᠴᠢᠬᠤᠯᠠ ᠲᠤᠯᠭ᠋ᠠᠭᠤᠷᠢᠯᠠᠯ ᠮᠥᠨ᠃ ᠬᠠᠤᠯᠢ᠎ᠪᠠᠷ ᠵᠠᠰᠠᠬᠤ ᠰᠣᠶᠣᠯ᠎ᠤᠨ ᠰᠠᠭᠤᠷᠢᠨ ᠭᠠᠵᠠᠷ ᠪᠣᠯ ᠬᠠᠤᠯᠢ᠎ᠪᠠᠷ ᠵᠠᠰᠠᠬᠤ ᠰᠣᠶᠣᠯ᠎ᠤᠨ ᠤᠬᠠᠭᠤᠯᠭ᠎ᠠ ᠵᠢᠨ ᠬᠠᠮᠤᠷᠬᠤ ᠬᠡᠪᠴᠢᠶ᠎ᠡ ᠵᠢ ᠥᠷᠭᠡᠳᠬᠡᠵᠦ᠂ ᠬᠠᠤᠯᠢ᠎ᠪᠠᠷ ᠵᠠᠰᠠᠬᠤ ᠰᠣᠶᠣᠯ᠎ᠤᠨ ᠤᠯᠠᠮᠵᠢᠯᠠᠬᠤ ᠬᠦᠴᠦᠨ᠎ᠢ ᠴᠢᠩᠭ᠋ᠠᠷᠠᠭᠤᠯᠬᠤ ᠪᠦᠲᠦᠮᠵᠢᠲᠡᠶ ᠠᠴᠢᠶᠠᠯᠠᠪᠤᠷᠢ ᠪᠣᠯᠤᠨ᠎ᠠ᠃ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠰᠣᠶᠣᠯ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠢ ᠪᠠᠶ᠋ᠢᠭᠤᠯᠬᠤ ᠪᠣᠯ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠪᠣᠯᠤᠨ ᠰᠢᠭᠦᠨ ᠲᠠᠰᠤᠯᠬᠤ ᠪᠠᠶ᠋ᠢᠭᠤᠯᠭ᠎ᠠ ᠵᠢᠨ ᠬᠠᠤᠯᠢ᠎ᠪᠠᠷ ᠵᠠᠰᠠᠬᠤ ᠰᠣᠶᠣᠯ᠎ᠤᠨ ᠪᠠᠶ᠋ᠢᠭᠤᠯᠤᠯᠲᠠ ᠵᠢ ᠬᠠᠮᠲᠤ᠎ᠪᠠᠷ ᠲᠦᠯᠬᠢᠨ ᠠᠬᠢᠭᠤᠯᠬᠤ ᠵᠢᠨ ᠴᠢᠬᠤᠯᠠ ᠦᠷ᠎ᠡ ᠪᠦᠲᠦᠭᠡᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠠᠷᠠᠳ᠎ᠤᠨ ᠰᠢᠭᠦᠬᠦ ᠬᠤᠷᠢᠶ᠎ᠠ᠎ᠲᠠᠢ ᠬᠠᠮᠲᠤᠷᠠᠨ ᠰᠠᠭᠤᠷᠢᠨ ᠭᠠᠵᠠᠷ᠎ᠢ ᠤᠯᠠᠮ ᠨᠢᠭᠡ ᠠᠯᠬᠤᠮ ᠰᠠᠶ᠋ᠢᠲᠤᠷ ᠪᠠᠶ᠋ᠢᠭᠤᠯᠤᠨ ᠰᠠᠶ᠋ᠢᠲᠤᠷ ᠬᠡᠷᠡᠭᠯᠡᠵᠦ᠂ ᠬᠠᠤᠯᠢ᠎ᠪᠠᠷ ᠵᠠᠰᠠᠬᠤ ᠡᠯᠧᠮᠧᠨ᠋ᠲ᠎ᠢ ᠭᠦᠨᠵᠡᠭᠡᠶ ᠠᠭᠤᠳᠠᠯᠤᠨ᠂ ᠳᠡᠯᠭᠡᠨ ᠦᠵᠡᠭᠦᠯᠬᠦ ᠠᠭᠤᠯᠭ᠎ᠠ ᠵᠢ ᠪᠠᠶᠠᠯᠢᠭᠵᠢᠭᠤᠯᠵᠤ᠂ ᠠᠰᠢᠭᠯᠠᠬᠤ ᠨᠣᠷᠮ᠎ᠠ ᠪᠣᠯᠤᠨ ᠺᠠᠳ᠋ᠷ ᠠᠵᠢᠯᠲᠠᠨ ᠠᠵᠢᠯᠴᠢᠨ᠂ ᠣᠯᠠᠨ ᠲᠦᠮᠡᠨ᠎ᠤ ᠣᠷᠣᠯᠴᠠᠬᠤ ᠬᠡᠮᠵᠢᠶ᠎ᠡ ᠵᠢ ᠳᠡᠭᠡᠭᠰᠢᠯᠡᠭᠦᠯᠦᠨ᠂ ᠬᠠᠮᠲᠤ᠎ᠪᠠᠷ ᠰᠠᠭᠤᠷᠢᠨ ᠭᠠᠵᠠᠷ᠎ᠢ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠤᠰᠤ ᠵᠢ ᠵᠠᠰᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠰᠤᠷᠤᠯᠴᠠᠨ ᠰᠡᠳᠬᠢᠵᠦ ᠦᠢ᠍ᠯᠡᠳᠦᠯᠭᠡᠵᠢᠭᠦᠯᠦᠨ ᠣᠶ᠋ᠢᠯᠠᠭ᠋ᠠᠵᠤ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠦᠨ᠂ ᠬᠠᠤᠯᠢ᠎ᠪᠠᠷ ᠵᠠᠰᠠᠬᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠠᠤᠯᠢ᠎ᠪᠠᠷ ᠵᠠᠰᠠᠬᠤ ᠰᠣᠶᠣᠯ᠎ᠢ ᠤᠯᠠᠮᠵᠢᠯᠠᠬᠤ ᠴᠢᠬᠤᠯᠠ ᠵᠢᠭᠰᠠᠭ᠋ᠠᠯ᠎ᠤᠨ ᠭᠠᠵᠠᠷ ᠪᠣᠯᠭ᠋ᠠᠨ ᠪᠥᠲᠥᠭᠡᠨ ᠪᠠᠶ᠋ᠢᠭᠤᠯᠤᠨ᠎ᠠ᠃ ᠰᠠᠭᠤᠷᠢᠨ ᠭᠠᠵᠠᠷ᠎ᠢ ᠡᠭᠦᠳᠦᠨ ᠪᠠᠶ᠋ᠢᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠬᠢᠭᠡᠳ ᠰᠢᠭᠦᠨ ᠲᠠᠰᠤᠯᠬᠤ ᠪᠠᠶ᠋ᠢᠭᠤᠯᠭ᠎ᠠ ᠵᠢᠨ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠬᠠᠤᠯᠢ᠎ᠪᠠᠷ ᠵᠠᠰᠠᠬᠤ ᠰᠣᠶᠣᠯ ᠬᠢᠭᠡᠳ ᠤᠰᠤᠨ ᠠᠰᠢᠭᠯᠠᠯᠲᠠ ᠵᠢᠨ ᠰᠣᠶᠣᠯ᠂ ᠰᠢᠭᠦᠬᠦ ᠬᠤᠷᠢᠶ᠎ᠠ ᠵᠢᠨ ᠰᠣᠶᠣᠯ᠎ᠤᠨ ᠣᠷᠭ᠋ᠠᠨᠢᠭ ᠠᠭᠤᠰᠤᠯᠴᠠᠯ᠎ᠢ ᠠᠬᠢᠭᠤᠯᠤᠨ᠎ᠠ᠃ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠ ᠬᠠᠤᠯᠢ ᠴᠠᠭ᠋ᠠᠵᠠ ᠵᠢᠨ ᠬᠠᠮᠵᠢᠯᠴᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠ ᠨᠡᠶ᠋ᠢᠲᠡ ᠵᠢᠨ ᠠᠰᠠᠷᠠᠮᠵᠢ ᠵᠢᠨ ᠵᠠᠷᠭᠤ᠂ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢᠨ ᠨᠡᠶ᠋ᠢᠯᠡᠮᠡᠯ ᠬᠦᠴᠦᠨ᠎ᠢ ᠴᠢᠩᠭ᠋ᠠᠷᠠᠭᠤᠯᠤᠨ᠂ ᠤᠰᠤᠨ᠎ᠳᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠪᠦᠲᠦᠮᠵᠢᠲᠡᠶ ᠴᠣᠬᠢᠯᠲᠠ ᠥᠭᠴᠦ᠂ ᠰᠠᠶ᠋ᠢᠨ ᠰᠠᠶ᠋ᠢᠬᠠᠨ ᠤᠰᠤᠨ᠎ᠤ ᠶᠠᠪᠤᠳᠠᠯ᠎ᠤᠨ ᠡᠮᠬᠢ ᠵᠢᠷᠤᠮ᠎ᠢ ᠬᠠᠮᠠᠭ᠋ᠠᠯᠠᠨ᠂ ᠡᠬᠡ ᠤᠯᠤᠰ᠎ᠤᠨ ᠤᠮᠠᠷᠠᠲᠤ ᠬᠢᠯᠢ ᠵᠢᠨ ᠤᠰᠤᠨ᠎ᠤ ᠠᠮᠤᠷ ᠲᠦᠪᠰᠢᠨ᠎ᠢ ᠪᠠᠲᠤᠯᠠᠨ᠎ᠠ᠃
ᠯᠢ ᠵᠢᠶᠠᠨ ᠫᠢᠩ ᠵᠢᠭ᠋ᠠᠵᠤ ᠭᠠᠷᠭ᠋ᠠᠭᠰᠠᠨ᠎ᠨᠢ᠂ ᠣᠶ᠋ᠢᠷ᠎ᠠ ᠵᠢᠨ ᠵᠢᠯ᠎ᠤᠳ᠎ᠲᠤ ᠪᠥᠬᠦ ᠣᠷᠣᠨ᠎ᠤ ᠡᠯ᠎ᠡ ᠱᠠᠲᠤᠨ᠎ᠤ ᠰᠢᠭᠦᠬᠦ ᠬᠤᠷᠢᠶ᠎ᠠ ᠰᠢᠭᠦᠨ ᠲᠠᠰᠤᠯᠬᠤ ᠡᠭᠦᠷᠭᠡ ᠴᠢᠳᠠᠪᠤᠷᠢ᠎ᠪᠠᠨ ᠭᠦᠢ᠍ᠴᠡᠳ ᠪᠠᠳᠠᠷᠠᠭᠤᠯᠵᠤ᠂ ᠤᠰᠤᠨ᠎ᠤ ᠡᠬᠢ ᠪᠠᠶᠠᠯᠢᠭ᠎ᠲᠤ ᠬᠤᠯᠪᠣᠭᠳᠠᠭᠰᠠᠨ ᠬᠡᠷᠡᠭ ᠨᠢᠭᠡᠪᠦᠷᠢ ᠵᠢ ᠨᠠᠷᠢᠨ ᠬᠢᠨᠠᠮᠠᠭ᠋ᠠᠶ ᠰᠢᠭᠦᠨ ᠰᠢᠢ᠍ᠳᠪᠦᠷᠢᠯᠡᠬᠦ᠎ᠪᠠᠷ ᠳᠠᠮᠵᠢᠭᠤᠯᠤᠨ᠂ ᠡᠷᠡᠭᠦᠦ ᠵᠢᠨ ᠬᠡᠷᠡᠭ᠎ᠤᠨ ᠵᠠᠯᠬᠠᠭ᠋ᠠᠨ ᠰᠢᠢ᠍ᠳᠬᠡᠵᠦ ᠴᠣᠬᠢᠯᠲᠠ ᠥᠭᠬᠦ᠂ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠵᠤ ᠤᠷᠢᠳᠴᠢᠯᠠᠨ ᠰᠡᠷᠭᠡᠶ᠋ᠢᠯᠡᠬᠦ᠂ ᠢᠷᠭᠡᠨ᠎ᠤ ᠬᠡᠷᠡᠭ᠎ᠤᠨ ᠬᠤᠪᠢᠶᠠᠷᠢᠯᠠᠨ ᠮᠠᠷᠭᠤᠭ᠋ᠠᠨ᠎ᠢ ᠵᠣᠭᠰᠣᠭ᠋ᠠᠬᠤ ᠴᠢᠳᠠᠮᠵᠢ ᠵᠢ ᠶᠡᠷᠦᠩᠬᠡᠶ᠋ᠢᠯᠡᠨ ᠬᠡᠷᠡᠭᠯᠡᠬᠦ᠎ᠪᠠᠷ ᠳᠠᠮᠵᠢᠭᠤᠯᠤᠨ᠂ ᠭᠤᠤᠯ᠎ᠲᠠᠢ ᠭᠠᠵᠠᠷ ᠪᠤᠯᠢᠶᠠᠯᠳᠤᠬᠤ᠂ ᠭᠤᠤᠯ᠎ᠲᠠᠢ ᠠᠰᠢᠭ ᠪᠤᠯᠢᠶᠠᠯᠳᠤᠬᠤ᠂ ᠭᠤᠤᠯ᠎ᠤᠨ ᠵᠠᠮ᠎ᠢ ᠡᠵᠡᠯᠡᠬᠦ᠂ ᠭᠤᠤᠯ᠎ᠤᠨ ᠵᠠᠮ ᠤᠷᠤᠭᠤ ᠬᠤᠭ ᠨᠣᠪᠰᠢ ᠬᠠᠶᠠᠬᠤ᠂ ᠬᠠᠤᠯᠢ᠎ᠠᠴᠠ ᠵᠥᠷᠢᠴᠡᠨ ᠠᠩᠨᠠᠵᠤ ᠱᠦᠭᠦᠬᠦ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠦᠲᠦᠮᠵᠢᠲᠡᠶ ᠪᠣᠭᠤᠮᠢᠯᠠᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠤᠰᠤᠨ᠎ᠤ ᠠᠮᠢ ᠠᠬᠤᠶ ᠵᠢᠨ ᠬᠠᠤᠯᠢ ᠴᠠᠭ᠋ᠠᠵᠠ ᠵᠢᠨ ᠬᠠᠮᠠᠭ᠋ᠠᠯᠠᠯᠲᠠ᠎ᠳᠤ ᠬᠦᠴᠦᠨ ᠨᠡᠮᠡᠷᠢᠯᠡᠵᠦ᠂ ᠬᠠᠤᠯᠢ᠎ᠪᠠᠷ ᠵᠠᠰᠠᠬᠤ ᠬᠦᠴᠦᠨ᠎ᠤ ᠤᠰᠤᠨ᠎ᠤ ᠠᠮᠢ ᠠᠬᠤᠶ ᠵᠢ ᠪᠥᠬᠦ ᠲᠠᠯ᠎ᠠ᠎ᠪᠠᠷ᠂ ᠲᠥᠪᠯᠡᠷᠡᠭᠦᠯᠦᠨ᠂ ᠨᠠᠷᠢᠯᠢᠭ ᠣᠨᠣᠴᠠᠲᠠᠶ᠎ᠪᠠᠷ ᠬᠠᠮᠠᠭ᠋ᠠᠯᠠᠬᠤ ᠵᠢ ᠪᠡᠶᠡᠯᠡᠭᠦᠯᠪᠡ᠃ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠬᠠᠥᠯᠢ᠎ᠪᠠᠷ ᠵᠠᠰᠠᠬᠤ ᠰᠣᠶᠣᠯ ᠰᠤᠷᠭ᠋ᠠᠨ ᠬᠥᠮᠦᠵᠢᠯ᠎ᠤᠨ ᠰᠠᠭᠤᠷᠢᠨ᠎ᠢ ᠪᠠᠶ᠋ᠢᠭᠤᠯᠬᠤ᠎ᠨᠢ ᠥᠪᠥᠷ ᠮᠣᠩᠭᠤᠯ᠎ᠤᠨ ᠤᠰᠤᠨ᠎ᠤ ᠠᠮᠢ ᠠᠬᠤᠢ ᠣᠷᠴᠢᠨ ᠲᠣᠭᠤᠷᠢᠨ᠎ᠢ ᠵᠠᠰᠠᠬᠤ ᠲᠡᠦᠬᠡᠨ ᠳᠡᠭᠡᠷᠡᠬᠢ ᠴᠢᠬᠤᠯᠠ ᠪᠡᠯᠭᠡ ᠲᠡᠮᠳᠡᠭ ᠪᠣᠯᠬᠤ ᠪᠣᠯᠤᠨ᠎ᠠ᠃ 《ᠬᠠᠤᠯᠢ ᠬᠡᠷᠡᠭᠵᠢᠭᠦᠯᠬᠦ + ᠬᠠᠤᠯᠢ ᠪᠠᠷᠢᠬᠤ + ᠰᠠᠭᠤᠷᠢᠨ ᠭᠠᠵᠠᠷ》᠎ᠤᠨ ᠵᠠᠭᠪᠤᠷ᠎ᠨᠢ ᠤᠰᠤᠨ ᠣᠷᠣᠨ᠎ᠤ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠬᠦ᠎ᠳᠤ ᠯᠤᠲᠤ ᠶᠡᠭᠡ ᠠᠬᠢᠭᠤᠯᠬᠤ ᠦᠢ᠍ᠯᠡᠳᠦᠯ ᠦᠵᠡᠭᠦᠯᠬᠦ᠎ᠨᠢ ᠯᠠᠪᠲᠠᠶ ᠶᠤᠮ᠃ ᠤᠰᠤᠨ ᠠᠰᠢᠭᠯᠠᠯᠲᠠ ᠵᠢᠨ ᠬᠠᠥᠯᠢ᠎ᠪᠠᠷ ᠵᠠᠰᠠᠬᠤ ᠰᠣᠶᠣᠯ ᠰᠤᠷᠭ᠋ᠠᠨ ᠬᠥᠮᠦᠵᠢᠯ᠎ᠤᠨ ᠰᠠᠭᠤᠷᠢᠨ᠎ᠤ ᠵᠢᠱ᠌ᠢᠶ᠎ᠡ ᠦᠵᠡᠭᠦᠯᠵᠦ ᠬᠦᠳᠦᠯᠦᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠯᠠᠨ ᠨᠡᠶ᠋ᠢᠲᠡ᠎ᠳᠤ ᠬᠠᠨᠳᠤᠭᠤᠯᠤᠨ ᠤᠰᠤᠨ᠎ᠤ ᠪᠠᠶ᠋ᠢᠳᠠᠯ᠎ᠤᠨ ᠬᠥᠮᠦᠵᠢᠯ᠎ᠢ ᠥᠷᠨᠢᠭᠦᠯᠬᠦ ᠴᠢᠳᠠᠪᠤᠷᠢ ᠪᠣᠯᠤᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠨᠡᠶ᠋ᠢᠭᠡᠮ᠎ᠤᠨ ᠤᠰᠤᠨ᠎ᠤ ᠠᠮᠤᠷ ᠲᠦᠪᠰᠢᠨ᠂ ᠤᠰᠤᠨ᠎ᠤ ᠰᠠᠨᠠᠭ᠋ᠠᠰᠢᠷᠠᠯ᠎ᠤᠨ ᠤᠬᠠᠮᠰᠠᠷ᠎ᠢ ᠦᠨᠡᠨᠬᠦ ᠴᠢᠩᠭ᠋ᠠᠳᠬᠠᠵᠤ᠂ ᠨᠡᠶ᠋ᠢᠭᠡᠮ ᠨᠡᠶ᠋ᠢᠲᠡ ᠵᠢᠨ ᠤᠰᠤᠨ᠎ᠤ ᠡᠬᠢ ᠪᠠᠶᠠᠯᠢᠭ᠎ᠢ ᠠᠷᠪᠢᠯᠠᠬᠤ᠂ ᠤᠰᠤᠨ᠎ᠤ ᠠᠮᠢ ᠠᠬᠤᠢ ᠵᠢ ᠬᠠᠮᠠᠭ᠋ᠠᠯᠠᠬᠤ᠂ ᠤᠰᠤᠨ᠎ᠤ ᠣᠷᠴᠢᠨ ᠲᠣᠭᠤᠷᠢᠨ᠎ᠢ ᠵᠠᠰᠠᠬᠤ᠎ᠳᠤ ᠣᠷᠣᠯᠴᠠᠬᠤ ᠴᠢᠳᠠᠮᠠᠭ᠋ᠠᠢ ᠴᠢᠨᠠᠷ᠎ᠢ ᠬᠦᠴᠦᠲᠡᠢ ᠳᠡᠭᠡᠭᠰᠢᠯᠡᠭᠦᠯᠵᠦ᠂ ᠬᠥᠮᠦᠨ ᠤᠰᠤᠨ᠎ᠤ ᠡᠶ᠎ᠡ ᠵᠣᠬᠢᠴᠠᠩᠭᠤᠢ ᠰᠠᠶ᠋ᠢᠨ ᠰᠠᠶ᠋ᠢᠬᠠᠨ ᠨᠡᠶ᠋ᠢᠭᠡᠮ᠎ᠤᠨ ᠡᠮᠬᠢ ᠳᠢᠭᠯᠢᠮ᠎ᠢ ᠪᠦᠷᠢᠯᠳᠦᠭᠦᠯᠬᠦ ᠵᠢ ᠠᠬᠢᠭᠤᠯᠵᠤ᠂ ᠪᠦᠬᠦ ᠣᠷᠣᠨ᠎ᠤ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠵᠢ ᠬᠦᠰᠡᠵᠦ ᠪᠠᠶ᠋ᠢᠨ᠎ᠠ ᠭᠡᠵᠡᠢ᠃
ᠫᠠᠶ᠋ᠢᠰᠠ ᠰᠡᠬᠦᠬᠦ ᠶᠣᠰᠣᠯᠠᠯ᠎ᠤᠨ ᠲᠠᠷᠠᠭ᠎ᠠ᠂ ᠶᠣᠰᠣᠯᠠᠯ᠎ᠳᠤ ᠣᠷᠣᠯᠴᠠᠭᠰᠠᠳ ᠰᠠᠭᠤᠷᠢᠨ ᠭᠠᠵᠠᠷ᠎ᠢ ᠲᠣᠭᠤᠷᠢᠨ ᠦᠵᠡᠭᠰᠡᠨ ᠪᠥᠭᠡᠳ ᠣᠷᠴᠢᠨ ᠲᠣᠭᠤᠷᠢᠨ ᠡᠬᠢ ᠪᠠᠶᠠᠯᠢᠭ᠎ᠤᠨ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠤᠨ ᠴᠦᠯᠯᠡᠷᠭᠡᠭᠵᠢᠯ᠎ᠢ ᠵᠠᠰᠠᠬᠤ ᠣᠷᠣᠨ᠂ ᠬᠠᠳᠤᠨ ᠭᠤᠣᠯ᠎ᠤᠨ ᠲᠣᠭᠲᠠᠬᠤ ᠰᠢᠶᠠᠨ᠎ᠤ ᠯᠢᠦ ᠯᠢᠨ ᠲᠠᠨ᠎ᠢ ᠨᠡᠭᠦᠯᠭᠡᠨ ᠪᠠᠶ᠋ᠢᠭᠤᠯᠬᠤ ᠲᠤᠬᠠᠢ ᠵᠢᠨ ᠲᠠᠯᠠᠪᠠᠢ᠂ ᠰᠧ ᠹᠧᠨ ᠲᠣᠰᠬᠤᠨ᠎ᠤ ᠠᠶᠤᠯᠲᠠᠢ ᠪᠠᠷᠢᠯᠭ᠎ᠠ ᠵᠢᠨ ᠬᠡᠰᠡᠭ ᠪᠣᠯᠤᠨ ᠮᠠ ᠳ᠋ᠢ ᠬᠤᠤ ᠤᠰᠤᠯᠠᠯᠲᠠ ᠵᠢᠨ ᠣᠷᠣᠨ᠎ᠤ ᠤᠰᠤ ᠲᠠᠲᠠᠬᠤ ᠦᠷᠳᠡᠭᠡ᠎ᠳᠤ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠵᠡᠢ᠃
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠡᠷᠬᠢᠯᠡᠭᠴᠢ ᠵᠠᠩ ᠸᠧᠢ᠂ ᠬᠥᠬᠡᠬᠤᠲᠠ ᠵᠢᠨ ᠠᠷᠠᠳ᠎ᠤᠨ ᠳᠤᠮᠳᠠ ᠵᠡᠷᠭᠡ ᠵᠢᠨ ᠰᠢᠭᠦᠬᠦ ᠬᠤᠷᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠬᠤᠷᠢᠶᠠᠨ ᠳᠠᠷᠤᠭ᠎ᠠ ᠵᠤᠤ ᠰᠢ ᠮᠢᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠤᠯᠪᠣᠭᠳᠠᠯ ᠪᠦᠬᠦᠢ ᠭᠠᠵᠠᠷ ᠠᠯᠪᠠᠨ ᠲᠠᠰᠤᠭ᠂ ᠲᠣᠭᠲᠠᠬᠤ ᠰᠢᠶᠠᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠣᠯᠤᠨ ᠬᠥᠬᠡᠬᠤᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠦᠳ ᠠᠵᠢᠯᠯᠠᠭ᠎ᠠ᠎ᠳᠤ ᠣᠷᠣᠯᠴᠠᠵᠠᠢ᠃
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠰᠣᠶᠣᠯ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠨᠢ ᠥᠪᠥᠷ ᠮᠣᠩᠭᠤᠯ᠎ᠤᠨ ᠣᠷᠴᠢᠨ ᠲᠣᠭᠤᠷᠢᠨ᠎ᠤ ᠡᠬᠢ ᠪᠠᠶᠠᠯᠢᠭ᠎ᠤᠨ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠳᠤ ᠲᠦᠰᠢᠭᠯᠡᠨ᠂ ᠲᠣᠭᠲᠠᠬᠤ ᠰᠢᠶᠠᠨ᠎ᠤ ᠠᠷᠠᠳ᠎ᠤᠨ ᠰᠢᠭᠦᠬᠦ ᠬᠤᠷᠢᠶ᠎ᠠ ᠵᠢᠨ ᠣᠷᠴᠢᠨ ᠲᠣᠭᠤᠷᠢᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠰᠢᠭᠦᠬᠦ ᠲᠢᠩᠬᠢᠮ᠎ᠳᠤ ᠪᠠᠶ᠋ᠢᠷᠢᠯᠠᠵᠤ᠂ ᠬᠠᠲᠤᠨ ᠭᠤᠤᠯ᠎ᠤᠨ ᠳᠡᠭᠡᠳᠦ ᠳᠤᠮᠳᠠ ᠤᠷᠤᠰᠬᠠᠯ᠎ᠤᠨ ᠵᠠᠭ᠋ᠠᠭ ᠴᠡᠭ᠎ᠤᠨ ᠣᠨᠴᠠᠭ᠋ᠠᠶ ᠭᠠᠵᠠᠷ ᠵᠦᠶ ᠵᠢᠨ ᠣᠷᠣᠨ ᠪᠠᠶ᠋ᠢᠷᠢ᠎ᠳᠤ ᠰᠠᠭᠤᠷᠢᠯᠠᠨ᠂ ᠬᠠᠤᠯᠢ᠎ᠪᠠᠷ ᠵᠠᠰᠠᠬᠤ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢ ᠬᠠᠮᠠᠭ᠋ᠠᠯᠠᠬᠤ ᠵᠢᠨ ᠲᠣᠭᠤᠷᠢᠨ᠎ᠳᠤ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢ ᠬᠠᠮᠠᠭ᠋ᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ 《ᠠᠷᠪᠠᠨ ᠵᠢᠷᠭᠤᠭ᠋ᠠᠨ ᠦᠰᠦᠭ》᠎ᠤᠨ ᠤᠰᠤ ᠵᠠᠰᠠᠬᠤ ᠰᠡᠳᠬᠢᠮᠵᠢ᠂ ᠤᠰᠤᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠣᠷᠳᠣ ᠬᠤᠩᠭᠢᠯ᠂ ᠬᠠᠤᠯᠢ᠎ᠪᠠᠷ ᠵᠠᠰᠠᠬᠤ ᠠᠭᠤᠳᠠᠮ ᠲᠠᠯᠠᠪᠠᠶ ᠵᠢ ᠳᠣᠭᠢᠷᠠᠭᠤᠯᠤᠨ᠂ ᠬᠠᠤᠯᠢ ᠵᠣᠷᠰᠢᠯ ᠵᠶ᠋ᠠᠨ ᠠᠰᠢᠭᠯᠠᠨ ᠬᠠᠤᠯᠢ᠎ᠪᠠᠷ ᠵᠠᠰᠠᠬᠤ ᠰᠣᠶᠣᠯ᠎ᠤᠨ ᠦᠵᠡᠮᠵᠢ ᠵᠢ ᠪᠣᠶ ᠪᠣᠯᠭ᠋ᠠᠵᠤ᠂ ᠠᠵᠢᠯ ᠲᠥᠷᠥᠯ᠎ᠤᠨ ᠣᠨᠴᠠᠯᠢᠭ ᠵᠶ᠋ᠠᠷ ᠢᠯᠡ ᠲᠣᠳᠣ ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠰᠣᠶᠣᠯ ᠤᠬᠠᠭᠤᠯᠭ᠎ᠠ ᠬᠥᠮᠦᠵᠢᠯ᠎ᠤᠨ ᠵᠢᠭᠰᠠᠭ᠋ᠠᠯ᠎ᠤᠨ ᠭᠠᠵᠠᠷ᠎ᠢ ᠪᠥᠲᠥᠭᠡᠨ ᠪᠠᠶ᠋ᠢᠭᠤᠯᠤᠨ᠎ᠠ᠃ ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠰᠠᠭᠤᠷᠢᠨ ᠭᠠᠵᠠᠷ᠎ᠤᠨ ᠤᠬᠠᠭᠤᠯᠭ᠎ᠠ ᠬᠥᠮᠦᠵᠢᠯ᠎ᠤᠨ ᠴᠢᠳᠠᠮᠵᠢ᠎ᠲᠠᠢ ᠨᠢᠭᠲᠠ ᠤᠶᠠᠯᠳᠤᠭᠤᠯᠤᠨ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠭᠤᠤᠯᠳᠠᠯᠭ᠎ᠠ ᠵᠢ ᠳᠣᠪᠤᠶ᠋ᠢᠯᠭ᠋ᠠᠵᠤ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢᠨ ᠰᠡᠷᠡᠮᠵᠢᠯᠡᠭᠦᠯᠬᠦ᠂ ᠵᠢᠯᠣᠭᠤᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠬᠡᠷᠡᠭ ᠵᠶ᠋ᠠᠷ ᠬᠠᠤᠯᠢ ᠵᠢ ᠲᠠᠶ᠋ᠢᠯᠪᠤᠷᠢᠯᠠᠬᠤ᠂ ᠬᠡᠷᠡᠭ ᠵᠶ᠋ᠠᠷ ᠬᠠᠤᠯᠢ ᠴᠠᠭ᠋ᠠᠵᠠ ᠵᠢ ᠲᠦᠭᠡᠮᠡᠯᠵᠢᠭᠦᠯᠬᠦ᠎ᠪᠠᠨ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠤᠬᠠᠮᠰᠠᠷ᠎ᠢ ᠪᠤᠶ᠋ᠢᠵᠢᠭᠤᠯᠤᠨ᠂ ᠬᠠᠤᠯᠢ᠎ᠪᠠᠷ ᠵᠠᠰᠠᠬᠤ ᠣᠶ᠋ᠢᠯᠠᠭ᠋ᠠᠭᠳᠠᠬᠤᠨ᠎ᠢ ᠤᠯᠠᠮᠵᠢᠯᠠᠵᠤ᠂ ᠬᠠᠤᠯᠢ᠎ᠪᠠᠷ ᠵᠠᠰᠠᠬᠤ ᠰᠣᠶᠣᠯ᠎ᠤᠨ ᠠᠭᠤᠷ ᠠᠮᠢᠰᠬᠤᠯ ᠭᠦᠨ ᠵᠤᠵᠠᠭ᠋ᠠᠨ᠂ ᠬᠠᠤᠯᠢ᠎ᠪᠠᠷ ᠵᠠᠰᠠᠬᠤ ᠰᠣᠶᠣᠯ᠎ᠤᠨ ᠠᠭᠤᠷ ᠠᠮᠢᠰᠬᠤᠯ ᠭᠦᠨ ᠵᠤᠵᠠᠭ᠋ᠠᠨ᠂ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠪᠣᠳᠠᠲᠤ ᠦᠷ᠎ᠡ ᠪᠦᠲᠦᠮᠵᠢ᠎ᠪᠠᠷ ᠢᠯᠡᠳᠲᠡ ᠥᠪᠡᠷᠲᠡᠭᠡᠨ ᠵᠠᠰᠠᠬᠤ ᠣᠷᠣᠨ᠎ᠤ ᠬᠠᠤᠯᠢ᠎ᠪᠠᠷ ᠵᠠᠰᠠᠬᠤ ᠰᠣᠶᠣᠯ ᠰᠤᠷᠭ᠋ᠠᠨ ᠬᠥᠮᠦᠵᠢᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠴᠢᠷᠮᠠᠶ᠋ᠢᠨ ᠪᠠᠶ᠋ᠢᠭᠤᠯᠬᠤ ᠪᠠ ᠮᠡᠳᠡᠭᠦᠯᠦᠨ᠎ᠡ᠃