ᠡᠪᠦᠯ ᠦᠩᠭᠡᠷᠡᠭᠰᠡᠨ᠎ᠠᠴᠠ ᠨᠠᠭ᠋ᠠᠰᠢ᠂ ᠶᠦᠨᠨᠠᠨ᠂ ᠰᠸᠴᠤᠸᠠᠨ ᠬᠤᠶᠠᠷ ᠮᠤᠵᠢ᠎ᠳᠤ ᠪᠣᠷᠣᠭ᠋ᠠᠨ ᠣᠷᠣᠵᠤ᠂ ᠤᠰᠤ ᠢᠷᠡᠬᠦ ᠬᠡᠮᠵᠢᠶ᠎ᠡ ᠦᠷᠭᠦᠯᠵᠢᠯᠡᠨ ᠪᠠᠭ᠋ᠠᠰᠴᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠤᠰᠤ ᠬᠠᠳᠠᠭ᠋ᠠᠯᠠᠬᠤ ᠬᠡᠮᠵᠢᠶ᠎ᠡ ᠬᠦᠷᠦᠯᠴᠡᠬᠦ ᠥᠬᠡᠶ ᠪᠠᠶ᠋ᠢᠵᠤ᠂ ᠶᠦᠨᠨᠠᠨ᠎ᠤ ᠶᠡᠬᠡᠩᠬᠢ ᠭᠠᠵᠠᠷ ᠪᠣᠯᠤᠨ ᠰᠧᠴᠤᠸᠠᠨ᠎ᠤ ᠬᠡᠰᠡᠭ ᠭᠠᠵᠠᠷ ᠣᠷᠣᠨ᠎ᠳᠤ ᠠᠳᠠᠯᠢ ᠪᠤᠰᠤ ᠬᠡᠮᠵᠢᠶ᠎ᠡ᠎ᠪᠠᠷ ᠭᠠᠩ ᠬᠠᠭᠰᠠᠷᠠᠭ᠋ᠠᠨ᠎ᠤ ᠪᠠᠶ᠋ᠢᠳᠠᠯ ᠭᠠᠷᠴᠤ᠂ ᠬᠡᠰᠡᠭ ᠭᠠᠵᠠᠷ᠎ᠲᠤ ᠬᠥᠮᠦᠨ ᠮᠠᠯ ᠭᠠᠩ ᠬᠠᠭᠰᠠᠷᠠᠭ᠋ᠠᠨ᠎ᠠᠴᠠ ᠪᠣᠯᠵᠣ ᠤᠰᠤ ᠤᠮᠳᠠ ᠵᠢᠨ ᠬᠦᠴᠢᠷᠳᠡᠯ ᠪᠠ ᠲᠠᠷᠢᠶᠠᠯᠠᠩ ᠦᠢ᠍ᠯᠡᠳᠪᠦᠷᠢᠯᠡᠯ᠎ᠳᠤ ᠬᠡᠷᠡᠭᠯᠡᠬᠦ ᠤᠰᠤ ᠪᠠᠴᠢᠮ ᠪᠣᠯᠪᠠ᠃
ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠣᠶ᠋ᠢᠷ᠎ᠠ᠎ᠳᠤ᠂ ᠡᠳ᠋᠎ᠤᠨ ᠵᠠᠰᠠᠭ᠎ᠤᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ᠎ᠠᠴᠠ ᠲᠥᠪ᠎ᠤᠨ ᠤᠰᠤᠨ ᠠᠰᠢᠭᠯᠠᠯᠲᠠ ᠵᠢᠨ ᠭᠠᠮᠰᠢᠭ᠎ᠠᠴᠠ ᠠᠪᠤᠷᠠᠬᠤ ᠪᠡᠯᠡ ᠮᠥᠩᠭᠦ ᠵᠢ 1.74 ᠳ᠋ᠦᠩᠰᠢᠭᠤᠷ ᠲᠥᠭᠦᠷᠢᠭ ᠲᠦᠷᠭᠡᠨ ᠲᠣᠬᠢᠷᠠᠭᠤᠯᠵᠤ᠂ ᠬᠤᠶᠠᠷ ᠮᠤᠵᠢ ᠵᠢᠨ ᠭᠠᠩ ᠬᠠᠭᠰᠠᠷᠠᠭ᠋ᠠᠨ᠎ᠲᠠᠢ ᠲᠡᠮᠡᠴᠡᠵᠦ ᠤᠰᠤ ᠬᠠᠩᠭ᠋ᠠᠬᠤ ᠵᠢ ᠪᠠᠲᠤᠯᠠᠬᠤ ᠠᠵᠢᠯ ᠥᠷᠨᠢᠭᠦᠯᠬᠦ ᠵᠢ ᠳᠡᠮᠵᠢᠬᠦ᠎ᠳᠤ ᠬᠡᠷᠡᠭᠯᠡᠪᠡ᠃