ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ ᠵᠣᠯ ᠵᠢᠷᠭ᠋ᠠᠯᠲᠤ ᠭᠤᠣᠯ ᠮᠥᠷᠡᠨ ᠨᠠᠭᠤᠷ ᠴᠥᠭᠦᠷᠥᠮ᠎ᠢ ᠦᠷᠭᠦᠯᠵᠢᠯᠡᠨ ᠬᠦᠴᠦᠯᠡᠨ ᠪᠠᠶ᠋ᠢᠭᠤᠯᠪᠠ
ᠨᠡᠶ᠋ᠢᠲᠡᠯᠡᠭᠰᠡᠨ ᠴᠠᠭ᠄ 2024-04-09

   ᠭᠤᠣᠯ ᠮᠥᠷᠡᠨ ᠨᠠᠭᠤᠷ ᠴᠥᠭᠦᠷᠥᠮ ᠪᠣᠯ ᠤᠰᠤᠨ᠎ᠤ ᠡᠬᠢ ᠪᠠᠶᠠᠯᠢᠭ᠎ᠤᠨ ᠴᠢᠬᠤᠯᠠ ᠠᠴᠢᠶᠠᠯᠠᠪᠤᠷᠢ ᠮᠥᠨ᠂ ᠦᠶᠡᠷ᠎ᠢ ᠵᠠᠯᠠᠬᠤ ᠴᠢᠬᠤᠯᠠ ᠲᠠᠯᠠᠪᠤᠷ ᠮᠥᠨ᠂ ᠪᠠᠶ᠋ᠢᠭ᠋ᠠᠯᠢ ᠵᠢᠨ ᠠᠮᠢ ᠠᠬᠤᠶ ᠵᠢᠨ ᠴᠢᠬᠤᠯᠠ ᠪᠦᠷᠢᠯᠳᠦᠬᠦᠨ ᠬᠡᠰᠡᠭ ᠮᠥᠨ᠂ ᠪᠠᠰᠠ ᠴᠤ᠌ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠲᠤᠯᠭ᠋ᠠᠭᠤᠷᠢᠯᠠᠯ ᠪᠠ ᠪᠠᠲᠤᠯᠠᠭ᠎ᠠ ᠮᠥᠨ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠳᠡᠪᠢᠰᠬᠡᠷ ᠥᠷᠭᠡᠨ ᠠᠭᠤᠳᠠᠮ᠂ ᠭᠤᠣᠯ ᠮᠥᠷᠡᠨ ᠣᠯᠠᠨ᠂ ᠪᠥᠬᠦ ᠣᠷᠣᠨ᠎ᠤ ᠭᠤᠣᠯ ᠮᠥᠷᠡᠨ 4087 ᠵᠤᠷᠪᠤᠰ᠂ ᠨᠠᠭᠤᠷ ᠴᠥᠭᠦᠷᠥᠮ 428 ᠪᠣᠢ᠃  ᠭᠤᠣᠯ ᠮᠥᠷᠡᠨ ᠨᠠᠭᠤᠷ ᠴᠥᠭᠦᠷᠥᠮ᠎ᠢ ᠬᠠᠮᠠᠭ᠋ᠠᠯᠠᠬᠤ ᠪᠣᠯ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠠᠵᠢᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠣᠶ᠋ᠢᠷ᠎ᠠ ᠵᠢᠨ ᠵᠢᠯ᠎ᠠᠴᠠ᠂ ᠥᠪᠥᠷ ᠮᠣᠩᠭᠤᠯ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ᠎ᠳᠤ ᠰᠠᠭᠤᠷᠢᠯᠠᠨ᠂ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠤᠨ ᠨᠠᠶ᠋ᠢᠳᠠᠪᠤᠷᠢᠵᠢᠭᠤᠯᠤᠯᠲᠠ ᠵᠢ ᠪᠥᠬᠦ ᠲᠠᠯ᠎ᠠ᠎ᠪᠠᠷ ᠬᠡᠷᠡᠭᠵᠢᠭᠦᠯᠵᠦ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠂ ᠤᠰᠤᠨ᠎ᠤ ᠣᠷᠴᠢᠨ ᠲᠣᠭᠤᠷᠢᠨ᠎ᠤ ᠵᠠᠰᠠᠯᠲᠠ᠂ ᠤᠰᠤᠨ᠎ᠤ ᠠᠮᠢ ᠠᠬᠤᠶ ᠵᠢᠨ ᠰᠡᠷᠭᠦᠭᠡᠯᠲᠡ ᠵᠢ ᠨᠢᠭᠡᠳᠦᠯᠲᠡᠶ ᠲᠥᠯᠥᠪᠯᠡᠨ᠂ ᠭᠤᠤᠯ ᠮᠥᠷᠡᠨ ᠨᠠᠭᠤᠷ ᠴᠥᠭᠦᠷᠥᠮ᠎ᠤᠨ ᠠᠮᠢ ᠠᠬᠤᠶ ᠵᠢᠨ ᠣᠷᠴᠢᠨ ᠲᠣᠭᠤᠷᠢᠨ ᠦᠷᠭᠦᠯᠵᠢᠯᠡᠨ ᠰᠠᠶ᠋ᠢᠵᠢᠷᠠᠵᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ ᠪᠠ 《ᠰᠢᠨ᠎ᠡ ᠵᠠᠮ᠎ᠢ ᠨᠡᠬᠡᠬᠡᠵᠦ᠂ ᠳᠤᠮᠳᠠ ᠲᠦᠪᠰᠢᠨ᠎ᠳᠤ ᠣᠷᠣᠬᠤ》 ᠬᠠᠷᠠᠯᠲᠠ ᠵᠢ ᠪᠡᠶᠡᠯᠡᠭᠦᠯᠬᠦ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠪᠠ᠃

   ᠥᠪᠥᠷ ᠮᠣᠩᠭᠤᠯ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠬᠤ ᠵᠢ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠴᠢᠬᠤᠯᠠ ᠠᠭᠤᠯᠭ᠎ᠠ ᠪᠠ ᠬᠦᠴᠦᠲᠡᠶ ᠠᠷᠭ᠎ᠠ ᠬᠡᠮᠵᠢᠶ᠎ᠡ ᠪᠣᠯᠭ᠋ᠠᠬᠤ ᠵᠢ ᠪᠠᠷᠢᠮᠲᠠᠯᠠᠪᠠ᠃ ᠣᠶ᠋ᠢᠷ᠎ᠠ ᠵᠢᠨ ᠵᠢᠯ᠎ᠤᠨ ᠲᠤᠷᠰᠢ᠂ ᠥᠪᠥᠷ ᠮᠣᠩᠭᠤᠯ ᠤᠷᠢᠳ ᠬᠤᠵᠢᠳ ᠨᠢᠩᠰᠢᠶᠠ᠎ᠲᠠᠢ ᠬᠠᠲᠤᠨ ᠭᠤᠤᠯ᠎ᠤᠨ ᠰᠠᠪᠠ ᠭᠠᠵᠠᠷ᠎ᠤᠨ ᠬᠥᠨᠳᠡᠯᠡᠨ ᠠᠮᠢ ᠠᠬᠤᠶ ᠵᠢᠨ ᠨᠥᠬᠦᠪᠥᠷᠢ ᠵᠢᠨ ᠲᠣᠭᠲᠠᠴᠠ ᠵᠢ ᠪᠠᠶ᠋ᠢᠭᠤᠯᠵᠤ᠂ ᠭᠠᠨᠰᠦ᠎ᠲᠠᠢ ᠬᠠᠮᠲᠤᠷᠠᠨ ᠮᠤᠵᠢ ᠠᠯᠤᠰᠯᠠᠭᠰᠠᠨ ᠭᠤᠤᠯ ᠮᠥᠷᠡᠨ᠎ᠤ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠵᠦ ᠬᠤᠯᠪᠣᠭ᠋ᠠᠯᠠᠨ ᠵᠠᠰᠠᠬᠤ ᠠᠵᠢᠯᠯᠠᠭ᠎ᠠ ᠵᠢ ᠥᠷᠨᠢᠭᠦᠯᠵᠦ᠂ ᠭᠤᠤᠯ ᠮᠥᠷᠡᠨ ᠨᠠᠭᠤᠷ ᠴᠥᠭᠦᠷᠥᠮ᠎ᠤᠨ ᠵᠠᠰᠠᠯᠲᠠ ᠵᠢ 《ᠬᠡᠰᠡᠭ ᠬᠤᠪᠢᠶᠠᠨ ᠵᠠᠰᠠᠬᠤ》᠎ᠠᠴᠠ 《ᠪᠥᠬᠦ ᠣᠷᠣᠨ ᠪᠦᠰᠡ ᠵᠢᠨ ᠵᠠᠰᠠᠯᠲᠠ》 ᠪᠣᠯᠭ᠋ᠠᠨ ᠬᠤᠪᠢᠷᠠᠭᠤᠯᠬᠤ ᠵᠢ ᠠᠬᠢᠭᠤᠯᠪᠠ᠃  ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠤᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠲᠦᠷᠢᠮ ᠪᠠ 《ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ + ᠪᠠᠶ᠋ᠢᠴᠠᠭ᠋ᠠᠬᠤ ᠳᠠᠷᠤᠭ᠎ᠠ》 ᠵᠢᠨ ᠬᠠᠮᠵᠢᠯᠴᠠᠬᠤ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠺᠠᠳ᠋ᠷ᠎ᠢ ᠬᠠᠷᠢᠯᠴᠠᠨ ᠲᠣᠮᠢᠯᠠᠵᠤ ᠰᠣᠯᠢᠯᠴᠠᠬᠤ ᠲᠣᠭᠲᠠᠴᠠ ᠵᠢ ᠪᠠᠶ᠋ᠢᠭᠤᠯᠤᠨ᠂ ᠪᠤᠭᠤᠲᠤ ᠬᠤᠲᠠ ᠵᠢᠨ ᠸᠠᠩ ᠳ᠋ᠠ ᠬᠠᠨ ᠬᠥᠭᠦᠷᠭᠡ ᠵᠢ ᠨᠤᠷᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢᠨ ᠬᠠᠮᠲᠤ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠨᠡᠶ᠋ᠢᠲᠡᠯᠡᠭᠰᠡᠨ ᠨᠤᠭᠤ ᠭᠠᠵᠠᠷ᠎ᠢ ᠬᠠᠮᠠᠭ᠋ᠠᠯᠠᠬᠤ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠪᠠᠷ ᠰᠣᠩᠭᠤᠭᠳᠠᠪᠠ᠃  ᠣᠷᠣᠨ᠎ᠤ ᠳᠣᠲᠣᠷ᠎ᠠ 《ᠬᠤᠤᠰ ᠶᠡᠷᠦᠩᠬᠡᠶ ᠭᠤᠤᠯ᠎ᠤᠨ ᠳᠠᠷᠤᠭ᠎ᠠ》 ᠵᠢᠨ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮ᠎ᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠢ ᠬᠠᠮᠤᠷᠤᠭᠰᠠᠨ ᠲᠠᠪᠤᠨ ᠱᠠᠲᠤᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠤᠨ ᠬᠠᠮᠢᠶᠠᠷᠤᠯᠲᠠ ᠵᠢᠨ ᠰᠢᠰᠲ᠋ᠧᠮ᠎ᠢ ᠪᠣᠶ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠨᠡᠶ᠋ᠢᠲᠡ 180 ᠭᠠᠷᠤᠶ ᠤᠳᠠᠭ᠎ᠠ ᠭᠤᠤᠯ ᠮᠥᠷᠡᠨ ᠨᠠᠭᠤᠷ ᠴᠥᠭᠦᠷᠥᠮ᠎ᠢ ᠴᠠᠭᠳᠠᠨ ᠪᠠᠶ᠋ᠢᠴᠠᠭ᠋ᠠᠵᠤ᠂ ᠪᠥᠬᠦ ᠣᠷᠣᠨ᠎ᠤ ᠡᠯ᠎ᠡ ᠱᠠᠲᠤᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠨᠡᠶ᠋ᠢᠲᠡ 93.8 ᠲᠦᠮᠡᠨ ᠬᠥᠮᠦᠨ ᠤᠳᠠᠭ᠎ᠠ ᠭᠤᠤᠯ ᠮᠥᠷᠡᠨ ᠨᠠᠭᠤᠷ ᠴᠥᠭᠦᠷᠥᠮ᠎ᠢ ᠴᠠᠭᠳᠠᠨ ᠪᠠᠶ᠋ᠢᠴᠠᠭ᠋ᠠᠵᠤ᠂ ᠨᠢᠭᠡ ᠪᠦᠯᠦᠭ ᠭᠤᠤᠯ ᠮᠥᠷᠡᠨ ᠨᠠᠭᠤᠷ ᠴᠥᠭᠦᠷᠥᠮ᠎ᠢ ᠬᠠᠮᠠᠭ᠋ᠠᠯᠠᠨ ᠵᠠᠰᠠᠬᠤ ᠭᠤᠤᠯᠳᠠᠯᠭ᠎ᠠ᠎ᠲᠠᠢ ᠬᠦᠴᠢᠷ ᠠᠰᠠᠭᠤᠳᠠᠯ᠎ᠢ ᠬᠦᠴᠦᠲᠡᠶ ᠳᠥᠯᠭᠢᠨ ᠠᠬᠢᠭᠤᠯᠪᠠ᠃ 2023 ᠣᠨ᠎ᠳᠤ᠂ ᠬᠠᠲᠤᠨ ᠭᠤᠤᠯ ᠪᠥᠬᠦ ᠤᠯᠤᠰ᠎ᠤᠨ ᠬᠤᠶᠠᠳᠤᠭ᠋ᠠᠷ ᠬᠤᠭᠤᠴᠠᠭ᠋ᠠᠨ᠎ᠤ 《ᠬᠠᠮᠤᠭ᠎ᠤᠨ ᠭᠤᠶᠣ ᠨᠤᠲᠤᠭ᠎ᠤᠨ ᠭᠣᠣᠯ》 ᠵᠶ᠋ᠠᠷ ᠰᠣᠩᠭᠤᠭᠳᠠᠵᠤ᠂ ᠬᠢᠩᠭ᠋ᠠᠨ ᠠᠶ᠋ᠢᠮᠠᠭ᠎ᠤᠨ ᠬᠠᠯᠬ᠎ᠠ ᠭᠤᠤᠯ᠂ ᠣᠷᠳᠣᠰ ᠬᠤᠲᠠ ᠵᠢᠨ ᠰᠢᠷ᠎ᠠ ᠤᠰᠤᠨ ᠭᠤᠤᠯ ᠠᠮᠢ ᠠᠬᠤᠶ ᠣᠷᠴᠢᠨ ᠲᠣᠭᠤᠷᠢᠨ᠎ᠤ ᠦᠵᠡᠰᠬᠦᠯᠡᠩᠲᠦ ᠰᠠᠶ᠋ᠢᠬᠠᠨ ᠭᠤᠤᠯ ᠮᠥᠷᠡᠨ ᠨᠠᠭᠤᠷ ᠴᠥᠭᠦᠷᠥᠮ᠎ᠤᠨ ᠰᠢᠯᠢᠳᠡᠭ ᠬᠡᠷᠡᠭ᠎ᠤᠨ ᠵᠢᠱ᠌ᠢᠶ᠎ᠡ᠎ᠪᠠᠷ ᠰᠣᠩᠭᠤᠭᠳᠠᠵᠤ᠂ ᠪᠥᠬᠦ ᠣᠷᠣᠨ᠎ᠤ 5 ᠲᠣᠭᠤᠷᠢᠨ ᠪᠠᠶ᠋ᠢᠴᠠᠭ᠋ᠠᠭᠴᠢ ᠪᠥᠬᠦ ᠤᠯᠤᠰ᠎ᠤᠨ 《ᠬᠠᠮᠤᠭ᠎ᠤᠨ ᠭᠤᠶᠣ ᠭᠤᠤᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠭᠴᠢ》᠎ᠪᠠᠷ ᠦᠨᠡᠯᠡᠭᠳᠡᠪᠡ᠃

   ᠭᠤᠣᠯ ᠮᠥᠷᠡᠨ ᠨᠠᠭᠤᠷ ᠴᠥᠭᠦᠷᠥᠮ᠎ᠢ ᠵᠠᠰᠠᠬᠤ᠎ᠳᠤ ᠬᠥᠮᠦᠨ᠎ᠲᠠᠢ ᠪᠠᠶ᠋ᠢᠬᠤ᠎ᠪᠠᠷ ᠪᠠᠷᠠᠬᠤ ᠦᠭᠡᠢ ᠨᠡᠩ ᠴᠤ᠌ ᠬᠠᠤᠯᠢ᠎ᠲᠠᠢ ᠪᠠᠶ᠋ᠢᠵᠤ᠂ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠤᠨ ᠬᠠᠮᠠᠭ᠋ᠠᠯᠠᠬᠤ ᠵᠢ ᠴᠢᠩᠭ᠋ᠠᠳᠬᠠᠵᠤ᠂ ᠭᠤᠣᠯ ᠮᠥᠷᠡᠨ ᠨᠠᠭᠤᠷ ᠴᠥᠭᠦᠷᠥᠮ᠎ᠢ ᠬᠠᠮᠢᠶᠠᠷᠤᠨ ᠬᠠᠮᠠᠭ᠋ᠠᠯᠠᠬᠤ ᠰᠠᠭᠤᠷᠢ ᠵᠢ ᠪᠠᠬᠢᠵᠢᠭᠦᠯᠬᠦ ᠬᠡᠷᠡᠭᠲᠡᠢ᠃ ᠤᠢ᠍ᠢ᠍ᠷ᠎ᠠ ᠵᠢᠨ ᠵᠢᠯ᠎ᠠᠴᠠ᠂ ᠥᠪᠥᠷ ᠮᠣᠩᠭᠤᠯ ᠭᠤᠣᠯ ᠮᠥᠷᠡᠨ ᠨᠠᠭᠤᠷ ᠴᠥᠭᠦᠷᠥᠮ᠎ᠢ ᠵᠠᠰᠠᠬᠤ ᠠᠵᠢᠯ᠎ᠢ ᠬᠠᠤᠯᠢᠵᠢᠭᠤᠯᠤᠨ ᠵᠢᠷᠤᠮᠵᠢᠭᠤᠯᠬᠤ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠢᠨ ᠲᠥᠯᠥᠭᠡ᠂ ᠤᠯᠠᠨ ᠶᠠᠮᠤᠨ᠎ᠤ ᠬᠠᠮᠢᠶᠠᠷᠤᠯᠲᠠ ᠵᠢᠨ ᠲᠦᠷᠢᠮ ᠪᠠ ᠬᠡᠷᠡᠭᠵᠢᠭᠦᠯᠬᠦ ᠲᠥᠰᠦᠯ᠎ᠢ ᠲᠣᠭᠲᠠᠭ᠋ᠠᠪᠠ᠃ 23 ᠰᠠᠯᠠᠭ᠎ᠠ ᠮᠥᠴᠢᠷ ᠵᠶ᠋ᠠᠷ ᠪᠦᠷᠢᠯᠳᠦᠭᠰᠡᠨ ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠤᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠲᠦᠷᠢᠮ᠎ᠨᠢ ᠬᠥᠯᠥᠨ ᠨᠠᠭᠤᠷ᠂ ᠨᠤᠨ ᠮᠥᠷᠡᠨ ᠵᠡᠷᠭᠡ ᠭᠤᠤᠯ ᠮᠥᠷᠡᠨ ᠨᠠᠭᠤᠷ ᠴᠥᠭᠦᠷᠥᠮ᠎ᠳᠤ ᠬᠠᠮᠢᠶᠠᠷᠴᠤ ᠬᠠᠮᠠᠭ᠋ᠠᠯᠠᠬᠤ ᠭᠤᠤᠯᠳᠠᠯᠭ᠎ᠠ᠎ᠲᠠᠢ ᠠᠵᠢᠯ᠎ᠤᠨ ᠡᠬᠡ ᠲᠠᠩᠰᠠ ᠪᠠᠶ᠋ᠢᠭᠤᠯᠵᠤ᠂ ᠠᠵᠢᠯ᠎ᠤᠨ ᠲᠦᠷᠢᠮ᠎ᠢ ᠲᠡᠭᠦᠯᠳᠡᠷᠵᠢᠭᠦᠯᠦᠭᠡᠳ ᠭᠤᠤᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠴᠤ ᠬᠠᠮᠠᠭ᠋ᠠᠯᠠᠬᠤ ᠬᠠᠮᠠᠭ᠋ᠠᠯᠠᠯᠲᠠ ᠪᠣᠯᠭ᠋ᠠᠪᠠ᠃ ᠥᠪᠥᠷ ᠮᠣᠩᠭᠤᠯ ᠭᠤᠤᠯ ᠮᠥᠷᠡᠨ ᠨᠠᠭᠤᠷ ᠴᠥᠭᠦᠷᠥᠮ᠎ᠤᠨ ᠨᠡᠷᠡᠰ᠎ᠤᠨ ᠵᠢᠭᠰᠠᠭ᠋ᠠᠯᠲᠠ ᠵᠢ ᠡᠮᠬᠢᠯᠡᠨ ᠳᠠᠬᠢᠨ ᠬᠢᠨᠠᠬᠤ ᠠᠵᠢᠯ᠎ᠢ ᠥᠷᠨᠢᠭᠦᠯᠵᠦ᠂ 《ᠬᠤᠪᠢᠶᠠᠷᠢᠯᠠᠬᠤ ᠶᠣᠰᠣᠲᠠᠶ ᠵᠢ᠎ᠨᠢ ᠪᠦᠬᠦᠨ᠎ᠢ ᠬᠤᠪᠢᠶᠠᠷᠢᠯᠠᠬᠤ》 ᠵᠢ ᠪᠡᠶᠡᠯᠡᠭᠦᠯᠵᠦ᠂ ᠠᠩᠬᠠᠳᠤᠭ᠋ᠠᠷ ᠤᠳᠠᠭ᠋ᠠᠨ᠎ᠤ ᠪᠥᠬᠦ ᠤᠯᠤᠰ᠎ᠤᠨ ᠤᠰᠤᠨ ᠠᠰᠢᠭᠯᠠᠯᠲᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠨᠡᠷᠡᠰ᠎ᠤᠨ ᠵᠢᠭᠰᠠᠭ᠋ᠠᠯᠲᠠ ᠵᠢᠨ ᠳᠤᠲᠤᠨ᠎ᠠ᠂ ᠭᠠᠳᠠᠨᠠᠬᠢ ᠪᠣᠶ ᠪᠥᠬᠦᠶ ᠭᠤᠤᠯ ᠮᠥᠷᠡᠨ᠎ᠤ ᠬᠠᠮᠢᠶᠠᠷᠤᠯᠲᠠ ᠵᠢᠨ ᠬᠡᠪᠴᠢᠶ᠎ᠡ ᠵᠢ ᠵᠠᠭ᠋ᠠᠭᠯᠠᠨ ᠲᠣᠭᠲᠠᠭ᠋ᠠᠬᠤ ᠠᠵᠢᠯ᠎ᠢ ᠪᠥᠬᠦ ᠲᠠᠯ᠎ᠠ᠎ᠪᠠᠷ ᠪᠡᠶᠡᠯᠡᠭᠦᠯᠪᠡ᠃  ᠭᠤᠣᠯ ᠮᠥᠷᠡᠨ ᠨᠠᠭᠤᠷ ᠴᠥᠭᠦᠷᠥᠮ᠎ᠢ ᠬᠠᠮᠢᠶᠠᠷᠴᠤ ᠬᠠᠮᠠᠭ᠋ᠠᠯᠠᠬᠤ ᠠᠵᠢᠯ᠎ᠤᠨ ᠬᠡᠷᠡᠭᠵᠢᠭᠦᠯᠬᠦ ᠲᠥᠰᠦᠯ᠎ᠢ ᠲᠣᠭᠲᠠᠭᠰᠠᠨ ᠬᠤᠭᠤᠴᠠᠭ᠋ᠠᠨ᠎ᠳᠤ ᠦᠷᠭᠦᠯᠵᠢᠯᠡᠨ ᠵᠠᠰᠠᠨ ᠨᠠᠶ᠋ᠢᠷᠠᠭᠤᠯᠬᠤ ᠵᠢ ᠪᠠᠷᠢᠮᠲᠠᠯᠠᠵᠤ᠂ ᠪᠦᠬᠦ ᠣᠷᠣᠨ᠎ᠤ 1685 ᠭᠤᠣᠯ ᠮᠥᠷᠡᠨ᠂ 350 ᠨᠠᠭᠤᠷ ᠴᠥᠭᠦᠷᠥᠮ᠎ᠤᠨ ᠡᠷᠭᠢ ᠵᠢᠨ ᠱᠤᠭᠤᠮ᠎ᠢ ᠬᠠᠮᠠᠭ᠋ᠠᠯᠠᠬᠤ ᠪᠠ ᠠᠰᠢᠭᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂ 434 ᠭᠤᠣᠯ ᠮᠥᠷᠡᠨ ᠨᠠᠭᠤᠷ ᠴᠥᠭᠦᠷᠥᠮ᠎ᠤᠨ ᠡᠷᠡᠭᠦᠯ ᠮᠡᠨᠳᠦ ᠵᠢᠨ ᠦᠨᠡᠯᠡᠯᠲᠡ ᠵᠢᠨ ᠡᠭᠦᠷᠭᠡ ᠵᠢ ᠪᠡᠶᠡᠯᠡᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠤᠨ ᠬᠠᠮᠠᠭ᠋ᠠᠯᠠᠬᠤ᠎ᠳᠤ ᠳᠡᠮᠵᠢᠯᠭᠡ ᠵᠢᠨ ᠦᠨᠳᠦᠰᠦᠯᠡᠯ ᠬᠠᠩᠭ᠋ᠠᠪᠠ᠃

  《ᠳᠤᠷ᠎ᠠ᠎ᠪᠠᠷ ᠡᠵᠡᠯᠡᠬᠦ᠂ ᠳᠤᠷ᠎ᠠ᠎ᠪᠠᠷ ᠮᠠᠯᠲᠠᠬᠤ᠂ ᠳᠤᠷ᠎ᠠ᠎ᠪᠠᠷ ᠣᠪᠣᠭ᠋ᠠᠯᠠᠬᠤ᠂ ᠳᠤᠷ᠎ᠠ᠎ᠪᠠᠷ ᠪᠠᠶ᠋ᠢᠭᠤᠯᠬᠤ》 ᠵᠡᠷᠭᠡ 《ᠲᠦᠷᠪᠡᠨ ᠳᠤᠷ᠎ᠠ᠎ᠪᠠᠷ》 ᠠᠷᠬᠠᠭ ᠭᠡᠮ᠎ᠨᠢ ᠭᠤᠣᠯ ᠮᠥᠷᠡᠨ ᠨᠠᠭᠤᠷ ᠴᠥᠭᠦᠷᠥᠮ᠎ᠢ ᠵᠠᠰᠠᠬᠤ ᠠᠵᠢᠯ᠎ᠢ ᠬᠠᠷᠰᠢᠯᠠᠭᠰᠠᠭ᠋ᠠᠷ ᠢᠷᠡᠵᠠᠢ᠃ ᠥᠪᠥᠷ ᠮᠣᠩᠭᠤᠯ ᠭᠤᠤᠯ ᠮᠥᠷᠡᠨ ᠨᠠᠭᠤᠷ ᠴᠥᠭᠦᠷᠥᠮ᠎ᠤᠨ 《ᠳᠤᠷ᠎ᠠ᠎ᠪᠠᠷ ᠦᠢ᠍ᠯᠡᠳᠬᠦ ᠳᠥᠷᠪᠡ ᠵᠢ ᠴᠡᠪᠡᠷᠯᠡᠬᠦ》 ᠵᠢ ᠪᠠᠶ᠋ᠢᠩᠭᠤᠵᠢᠭᠤᠯᠤᠨ ᠵᠢᠷᠤᠮᠵᠢᠭᠤᠯᠬᠤ ᠵᠢᠨ ᠲᠥᠯᠥᠭᠡ᠂ ᠵᠢᠯ ᠪᠦᠷᠢ ᠳᠣᠲᠣᠭ᠋ᠠᠳᠤ ᠵᠢ ᠬᠠᠮᠠᠭ᠋ᠠᠯᠠᠬᠤ᠂ ᠪᠠᠶ᠋ᠢᠴᠠᠭ᠋ᠠᠬᠤ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠭᠤᠤᠯ ᠮᠥᠷᠡᠨ ᠨᠠᠭᠤᠷ ᠴᠥᠭᠦᠷᠥᠮ᠎ᠢ ᠬᠠᠮᠢᠶᠠᠷᠴᠤ ᠬᠠᠮᠠᠭ᠋ᠠᠯᠠᠬᠤ 《ᠬᠠᠪᠤᠷ᠎ᠤᠨ ᠤᠯᠠᠷᠢᠯ᠎ᠤᠨ ᠠᠵᠢᠯᠯᠠᠭ᠎ᠠ》᠂ 《ᠨᠠᠮᠤᠷ᠎ᠤᠨ ᠤᠯᠠᠷᠢᠯ᠎ᠤᠨ ᠠᠵᠢᠯᠯᠠᠭ᠎ᠠ》 ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ 2018 ᠣᠨ᠎ᠠᠴᠠ ᠨᠠᠭ᠋ᠠᠰᠢ᠂ ᠪᠦᠬᠦ ᠣᠷᠣᠨ᠎ᠳᠤ ᠭᠤᠣᠯ ᠮᠥᠷᠡᠨ ᠨᠠᠭᠤᠷ ᠴᠥᠭᠦᠷᠥᠮ᠎ᠤᠨ 《ᠳᠦᠷᠪᠡᠨ ᠳᠤᠷ᠎ᠠ᠎ᠪᠠᠷ》 ᠠᠰᠠᠭᠤᠳᠠᠯ᠎ᠢ ᠨᠡᠶ᠋ᠢᠲᠡ 1.3 ᠲᠦᠮᠡ ᠭᠠᠷᠤᠢ ᠴᠡᠭᠴᠡᠯᠡᠨ ᠵᠠᠰᠠᠵᠤ᠂ 192 ᠲᠦᠮᠡᠨ ᠲᠡᠭᠰᠢ ᠳᠥᠷᠪᠡᠯᠵᠢᠨ ᠮᠸᠲᠷ ᠲᠣᠭᠲᠠᠭ᠋ᠠᠯ᠎ᠠᠴᠠ ᠵᠥᠷᠢᠴᠡᠨ ᠪᠠᠶ᠋ᠢᠭᠤᠯᠤᠭᠰᠠᠨ ᠪᠠᠷᠢᠯᠭ᠎ᠠ ᠵᠢ ᠨᠤᠷᠠᠭ᠋ᠠᠵᠤ᠂ 70 ᠺᠢᠯᠤᠮᠸᠲᠷ ᠬᠦᠷᠢᠶᠡᠯᠡᠭᠰᠡᠨ ᠬᠠᠰᠢᠯᠭ᠎ᠠ ᠵᠢ ᠴᠡᠪᠡᠷᠯᠡᠵᠦ᠂ 200 ᠭᠠᠷᠤᠢ ᠲᠦᠮᠡᠨ ᠲᠣᠨ ᠬᠤᠭ ᠨᠣᠪᠰᠢ ᠵᠢ ᠴᠡᠪᠡᠷᠯᠡᠵᠦ᠂ ᠭᠤᠣᠯ ᠮᠥᠷᠡᠨ ᠨᠠᠭᠤᠷ ᠴᠥᠭᠦᠷᠥᠮ᠎ᠤᠨ ᠳᠦᠷᠰᠦ ᠪᠠᠶ᠋ᠢᠳᠠᠯ᠎ᠢ ᠦᠨᠳᠦᠰᠦᠨ᠎ᠠᠴᠠ᠎ᠨᠢ ᠰᠠᠶ᠋ᠢᠵᠢᠷᠠᠭᠤᠯᠵᠠᠢ᠃ ᠤᠰᠤᠨ ᠠᠰᠢᠭᠯᠠᠯᠲᠠ ᠵᠢᠨ ᠶᠠᠮᠤᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠠᠯᠤᠰ ᠰᠡᠷᠡᠯ᠎ᠤᠨ ᠵᠢᠷᠤᠭ᠎ᠢ ᠬᠠᠷᠭᠤᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠢᠳᠡᠪᠬᠢᠲᠡᠶ       ᠥᠷᠨᠢᠭᠦᠯᠵᠦ᠂ ᠲᠤᠰᠬᠠᠶ ᠬᠥᠮᠦᠨ᠎ᠢ ᠵᠣᠬᠢᠶᠠᠨ ᠪᠠᠶ᠋ᠢᠭᠤᠯᠤᠨ ᠪᠥᠬᠦ ᠣᠷᠣᠨ᠎ᠤ ᠭᠤᠤᠯ ᠮᠥᠷᠡᠨ ᠨᠠᠭᠤᠷ ᠴᠥᠭᠦᠷᠥᠮ᠎ᠤᠨ 18144 ᠰᠡᠵᠢᠭᠲᠡᠶ ᠵᠢᠷᠤᠭ᠎ᠢ ᠳᠠᠬᠢᠨ ᠬᠢᠨᠠᠵᠤ᠂ 1229 ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠪᠠ᠃  ᠭᠤᠣᠯ᠎ᠤᠨ ᠵᠠᠮ᠎ᠤᠨ ᠡᠯᠡᠰᠦ ᠮᠠᠯᠲᠠᠬᠤ ᠵᠢᠨ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠡᠯᠡᠰᠦ ᠮᠠᠯᠲᠠᠬᠤ ᠬᠠᠮᠢᠶᠠᠷᠤᠯᠲᠠ ᠵᠢᠨ 《ᠳᠥᠷᠪᠡᠨ ᠬᠠᠷᠢᠭᠤᠴᠠᠯᠭ᠋ᠠᠲᠠᠨ》᠎ᠢ ᠨᠡᠶ᠋ᠢᠲᠡ 2800 ᠭᠠᠷᠤᠶ ᠬᠥᠮᠦᠨ ᠲᠣᠬᠢᠷᠠᠭᠤᠯᠤᠨ ᠬᠢᠨᠠᠨ ᠲᠣᠭᠲᠠᠭ᠋ᠠᠵᠤ᠂ ᠭᠤᠤᠯ᠎ᠤᠨ ᠵᠠᠮ᠎ᠳᠤ ᠬᠠᠤᠯᠢ ᠪᠤᠰᠤ᠎ᠪᠠᠷ ᠡᠯᠡᠰᠦ ᠮᠠᠯᠲᠠᠬᠤ ᠠᠵᠢᠯ᠎ᠳᠤ ᠥᠨᠳᠥᠷ ᠳᠠᠷᠤᠯᠲᠠᠲᠤ ᠪᠠᠶ᠋ᠢᠳᠠᠯ ᠵᠶ᠋ᠠᠷ ᠴᠣᠬᠢᠯᠲᠠ ᠥᠭᠪᠡ᠃ 2020 ᠣᠨ᠎ᠠᠴᠠ ᠨᠠᠭ᠋ᠠᠰᠢ᠂ ᠨᠡᠶ᠋ᠢᠲᠡ 9.9 ᠲᠦᠮᠡᠨ ᠬᠥᠮᠦᠨ ᠤᠳᠠᠭ᠎ᠠ ᠲᠣᠮᠢᠯᠠᠵᠤ᠂ 61.28 ᠲᠦᠮᠡᠨ ᠺᠢᠯᠤᠮᠸᠲᠷ ᠭᠤᠣᠯ᠎ᠤᠨ ᠵᠠᠮ᠎ᠢ ᠲᠣᠭᠤᠷᠢᠨ ᠪᠠᠶ᠋ᠢᠴᠠᠭ᠋ᠠᠵᠤ᠂ 242 ᠬᠠᠤᠯᠢ ᠪᠤᠰᠤ᠎ᠪᠠᠷ ᠡᠯᠡᠰᠦ ᠮᠠᠯᠲᠠᠭᠰᠠᠨ᠎ᠢ ᠪᠠᠶ᠋ᠢᠴᠠᠭ᠋ᠠᠨ ᠰᠢᠢ᠍ᠳᠪᠦᠷᠢᠯᠡᠪᠡ᠃

   ᠥᠪᠥᠷ ᠮᠣᠩᠭᠤᠯ᠎ᠤᠨ ᠬᠢᠯᠢ ᠳᠣᠲᠣᠷᠠᠬᠢ ᠭᠤᠣᠯ ᠮᠥᠷᠡᠨ ᠨᠠᠭᠤᠷ ᠴᠥᠭᠦᠷᠥᠮ᠎ᠤᠨ ᠠᠰᠠᠭᠤᠳᠠᠯ ᠮᠠᠰᠢ       ᠤᠯᠠᠨ᠂ ᠠᠰᠠᠭᠤᠳᠠᠯ ᠪᠤᠳᠤᠯᠢᠶᠠᠨᠲᠠᠢ᠃ ᠥᠪᠡᠷᠲᠡᠭᠡᠨ ᠵᠠᠰᠠᠬᠤ ᠣᠷᠣᠨ᠎ᠠᠴᠠ ᠲᠥᠷᠥ ᠵᠢᠨ ᠪᠣᠳᠣᠯᠭ᠎ᠠ ᠵᠢ ᠶᠡᠷᠦᠩᠬᠡᠶ᠋ᠢᠯᠡᠨ ᠬᠡᠷᠡᠭᠵᠢᠭᠦᠯᠬᠦ ᠵᠢ ᠪᠠᠷᠢᠮᠲᠠᠯᠠᠨ᠂ ᠭᠤᠤᠯᠳᠠᠯᠭ᠎ᠠ ᠵᠢ ᠴᠢᠩᠭ᠎ᠠ ᠠᠳᠬᠤᠵᠤ᠂ 《ᠨᠢᠭᠡ ᠲᠣᠰᠬᠤᠨ᠎ᠳᠤ ᠨᠢᠭᠡ ᠠᠷᠭ᠎ᠠ ᠪᠣᠳᠣᠯᠭ᠎ᠠ》 ᠦᠶᠡᠷ᠎ᠢ ᠰᠡᠷᠭᠡᠶ᠋ᠢᠯᠡᠬᠦ ᠪᠡᠯᠡᠳᠬᠡᠯ ᠲᠥᠰᠦᠯ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠠᠲᠤᠨ ᠭᠤᠤᠯ᠎ᠤᠨ ᠲᠠᠩ ᠭᠠᠵᠠᠷ᠎ᠤᠨ 1178.55 ᠮᠥ᠍ ᠦᠶᠡᠷ᠎ᠢ ᠵᠠᠯᠠᠬᠤ ᠵᠢ ᠬᠦᠨᠳᠦ ᠨᠣᠴᠢᠲᠠᠶ ᠬᠠᠷᠰᠢᠯᠠᠬᠤ ᠪᠠ ᠭᠤᠤᠯ᠎ᠤᠨ ᠪᠠᠶ᠋ᠢᠳᠠᠯ᠎ᠤᠨ ᠲᠣᠭᠲᠠᠭᠤᠨ ᠪᠠᠶ᠋ᠢᠬᠤ ᠣᠶ ᠮᠣᠳᠣ ᠵᠢ ᠢᠯᠭ᠋ᠠᠷᠠᠭᠤᠯᠤᠨ ᠴᠡᠭᠴᠡᠯᠡᠬᠦ ᠠᠵᠢᠯ᠎ᠢ ᠪᠡᠶᠡᠯᠡᠭᠦᠯᠵᠦ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠲᠣᠪᠤᠶ᠋ᠢᠮ᠎ᠠ ᠠᠰᠠᠭᠤᠳᠠᠯ᠎ᠢ ᠰᠢᠢ᠍ᠳᠪᠦᠷᠢᠯᠡᠪᠡ᠃  ᠬᠠᠲᠤᠨ ᠭᠤᠤᠯ᠎ᠤᠨ ᠲᠠᠩ ᠭᠠᠵᠠᠷ᠎ᠤᠨ ᠰᠠᠭᠤᠭ᠋ᠠᠯᠢ ᠠᠷᠠᠳ᠎ᠢ ᠨᠡᠭᠦᠯᠭᠡᠨ ᠪᠠᠶ᠋ᠢᠭᠤᠯᠬᠤ ᠠᠵᠢᠯ᠎ᠢ ᠪᠥᠬᠦ ᠬᠦᠴᠦᠨ ᠵᠶ᠋ᠠᠷ ᠵᠶ᠋ᠠᠨ ᠳᠥᠯᠭᠢᠨ ᠠᠬᠢᠭᠤᠯᠵᠤ᠂ 2021 ᠣᠨ᠎ᠠᠴᠠ ᠨᠠᠭ᠋ᠠᠰᠢ᠂ ᠨᠡᠶ᠋ᠢᠲᠡ 1687 ᠡᠷᠦᠬᠡ᠂ 4213 ᠬᠥᠮᠦᠨ᠎ᠢ ᠨᠡᠭᠦᠯᠭᠡᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠲᠠᠩ ᠭᠠᠵᠠᠷ᠎ᠤᠨ ᠰᠠᠭᠤᠭ᠋ᠠᠯᠢ ᠠᠷᠠᠳ᠎ᠢ ᠨᠡᠭᠦᠯᠭᠡᠨ ᠪᠠᠶ᠋ᠢᠭᠤᠯᠬᠤ ᠡᠭᠦᠷᠭᠡ ᠵᠢ 2 ᠵᠢᠯ ᠤᠷᠢᠳᠴᠢᠯᠠᠨ ᠪᠡᠶᠡᠯᠡᠭᠦᠯᠪᠡ᠃ 《ᠬᠦᠯᠦᠨ ᠨᠠᠭᠤᠷ᠂ ᠲᠠᠬ᠎ᠠ ᠨᠠᠭᠤᠷ᠂ ᠤᠯᠠᠭ᠋ᠠᠨᠰᠤᠬᠠᠢ ᠨᠠᠭᠤᠷ》᠎ᠢ ᠵᠠᠰᠠᠭᠰᠠᠨ ᠦᠷ᠎ᠡ ᠪᠦᠲᠦᠮᠵᠢ ᠵᠢ ᠦᠷᠭᠦᠯᠵᠢᠯᠡᠨ ᠪᠠᠬᠢᠵᠢᠭᠦᠯᠵᠦ᠂ ᠬᠥᠯᠥᠨ ᠨᠠᠭᠤᠷ᠎ᠤᠨ ᠲᠠᠯᠠᠪᠠᠢ᠎ᠨᠢ 2237.1 ᠲᠡᠭᠰᠢ ᠳᠥᠷᠪᠡᠯᠵᠢᠨ ᠺᠢᠯᠤᠮᠸᠲᠷ᠎ᠲᠤ ᠬᠦᠷᠴᠦ᠂ ᠵᠦᠢ ᠵᠣᠬᠢᠰᠲᠠᠢ ᠣᠷᠣᠨ ᠵᠠᠢ᠎ᠳᠤ ᠲᠣᠭᠲᠠᠭᠤᠨ ᠪᠠᠶ᠋ᠢᠯᠭ᠋ᠠᠬᠤ ᠵᠢ       ᠪᠠᠲᠤᠯᠠᠨ᠎ᠠ᠃  ᠤᠯᠠᠭ᠋ᠠᠨᠰᠤᠬᠠᠢ ᠨᠠᠭᠤᠷ᠎ᠤᠨ 2023 ᠣᠨ᠎ᠳᠤ ᠠᠮᠢ ᠠᠬᠤᠢ ᠵᠢᠨ ᠤᠰᠤ ᠨᠥᠬᠦᠪᠥᠷᠢᠯᠡᠬᠦ ᠬᠡᠮᠵᠢᠶ᠎ᠡ 4.87 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠲᠤ ᠬᠦᠷᠴᠦ᠂ ᠤᠰᠤᠨ᠎ᠤ ᠭᠠᠳᠠᠷᠭᠤ ᠵᠢᠨ ᠲᠠᠯᠠᠪᠠᠢ 293 ᠲᠡᠭᠰᠢ ᠳᠥᠷᠪᠡᠯᠵᠢᠨ ᠺᠢᠯᠤᠮᠸᠲᠷ᠎ᠲᠤ ᠲᠣᠭᠲᠠᠪᠤᠷᠢᠵᠢᠵᠤ᠂ ᠳᠠᠭ᠎ᠠ ᠵᠢᠨ ᠨᠠᠭᠤᠷ᠎ᠤᠨ ᠲᠠᠯᠠᠪᠠᠢ 45.1 ᠲᠡᠭᠰᠢ ᠳᠥᠷᠪᠡᠯᠵᠢᠨ ᠺᠢᠯᠤᠮᠸᠲᠷ᠎ᠲᠤ ᠬᠦᠷᠪᠡ; 2023 ᠣᠨ᠎ᠤ ᠬᠠᠪᠤᠷ᠎ᠤᠨ ᠤᠯᠠᠷᠢᠯ᠎ᠤᠨ ᠬᠤᠭᠤᠴᠠᠭ᠋ᠠᠨ᠎ᠳᠤ᠂ ᠪᠠᠷᠠᠭᠤᠨ ᠯᠢᠶᠣᠤ ᠾᠧ ᠭᠤᠣᠯ᠎ᠤᠨ ᠭᠤᠣᠯ ᠤᠷᠤᠰᠬᠠᠯ᠎ᠤᠨ ᠤᠰᠤᠨ᠎ᠤ ᠲᠣᠯᠣᠭ᠋ᠠᠢ ᠤᠶ᠋ᠢᠷ᠎ᠠ ᠵᠢᠨ 25 ᠵᠢᠯ᠎ᠳᠤ ᠠᠩᠬ᠎ᠠ ᠤᠳᠠᠭ᠎ᠠ ᠲᠦᠩᠯᠢᠶᠣᠤ ᠬᠤᠳᠠ ᠵᠢᠨ ᠭᠤᠣᠯ ᠬᠤᠳᠠ ᠵᠢᠨ ᠲᠣᠭᠤᠷᠢᠭ᠎ᠤᠨ ᠣᠭᠲᠣᠯᠤᠭ᠋ᠠᠰᠤ᠎ᠳᠤ ᠬᠦᠷᠴᠦ᠂ ᠵᠡᠭᠦᠨ ᠰᠤᠪᠨᠠᠭᠤᠷ᠎ᠤᠨ ᠠᠮᠢ ᠠᠬᠤᠢ ᠵᠢᠨ ᠤᠰᠤ ᠨᠥᠬᠦᠪᠥᠷᠢᠯᠡᠬᠦ᠎ᠪᠠᠷ ᠳᠠᠮᠵᠢᠨ 19 ᠵᠢᠯ ᠳᠠᠷᠠᠭ᠋ᠠᠯᠠᠨ ᠰᠢᠷᠭᠢᠬᠦ ᠦᠭᠡᠢ ᠪᠠᠶ᠋ᠢᠬᠤ ᠵᠢ ᠪᠡᠶᠡᠯᠡᠭᠦᠯᠪᠡ᠃

   ᠤᠰᠤᠨ᠎ᠤ ᠬᠡᠮᠵᠢᠶ᠎ᠡ ᠵᠢ ᠪᠠᠲᠤᠯᠠᠬᠤ᠎ᠪᠠᠷ ᠪᠠᠷᠠᠬᠤ ᠦᠭᠡᠢ ᠤᠰᠤᠨ᠎ᠤ ᠴᠢᠨᠠᠷ᠎ᠢ ᠨᠡᠩ ᠴᠤ᠌ ᠪᠠᠲᠤᠯᠠᠬᠤ       ᠬᠡᠷᠡᠭᠲᠡᠢ᠃ ᠥᠪᠥᠷ ᠮᠣᠩᠭᠤᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠣᠯᠤᠨ ᠬᠦᠴᠦᠯᠡᠴᠡ ᠵᠢᠨ ᠬᠤᠤᠰ ᠡᠵᠡᠮᠳᠡᠯ᠎ᠤᠨ ᠭᠦᠢ᠍ᠴᠡᠳᠭᠡᠯ ᠲᠤᠭ᠎ᠠ ᠵᠢ ᠱᠠᠲᠤ ᠳᠠᠷᠠᠭ᠋ᠠᠯᠠᠨ ᠵᠠᠳᠠᠯᠵᠤ᠂ ᠳᠠᠭ᠋ᠠᠭ᠋ᠠᠴᠠ᠎ᠠᠴᠠ ᠬᠡᠲᠦᠷᠡᠭᠰᠡᠨ ᠭᠠᠵᠠᠷ ᠣᠷᠣᠨ᠎ᠳᠤ ᠤᠰᠤ ᠠᠪᠬᠤ ᠵᠥᠪᠰᠢᠶᠡᠷᠡᠯ᠎ᠢ ᠬᠢᠵᠠᠭ᠋ᠠᠷᠯᠠᠨ ᠬᠢᠨᠠᠨ ᠵᠥᠪᠰᠢᠶᠡᠷᠡᠬᠦ ᠵᠢ ᠬᠡᠷᠡᠭᠵᠢᠭᠦᠯᠵᠦ᠂ 0.96 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠰᠤᠯᠠ ᠪᠠᠶ᠋ᠢᠭ᠎ᠠ ᠤᠰᠤᠨ᠎ᠤ ᠭᠦᠢ᠍ᠴᠡᠳᠭᠡᠯ ᠲᠤᠭ᠎ᠠ ᠵᠢ ᠪᠦᠬᠦᠨ᠎ᠢ ᠳᠠᠬᠢᠨ ᠳᠣᠭᠢᠷᠠᠭᠤᠯᠬᠤ ᠵᠢᠨ ᠬᠠᠮᠲᠤ ᠦᠷ᠎ᠡ ᠠᠰᠢᠭ᠎ᠢ ᠪᠠᠳᠠᠷᠠᠭᠤᠯᠤᠨ᠎ᠠ᠃  ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ᠎ᠪᠠᠷ ᠭᠤᠣᠯᠳᠠᠯᠭ᠎ᠠ ᠪᠣᠯᠭ᠋ᠠᠵᠤ᠂ 《ᠨᠢᠭᠡ ᠠᠶ᠋ᠢᠮᠠᠭ (ᠬᠤᠲᠠ) ᠨᠢᠭᠡ ᠠᠷᠭ᠎ᠠ ᠪᠣᠳᠣᠯᠭ᠎ᠠ》᠎ᠪᠠᠷ 《ᠶᠡᠭᠡ ᠤᠰᠤ᠎ᠪᠠᠷ ᠨᠡᠯᠦᠶ᠋ᠢᠲᠡᠯ᠎ᠡ ᠤᠰᠤᠯᠠᠬᠤ》 ᠠᠰᠠᠭᠤᠳᠠᠯ᠎ᠢ ᠰᠢᠢ᠍ᠳᠪᠦᠷᠢᠯᠡᠵᠦ᠂ ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠨᠠᠮᠤᠷ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠬᠡᠮᠵᠢᠶ᠎ᠡ ᠵᠢ 2022 ᠣᠨ᠎ᠳᠤ 16 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠪᠠᠶ᠋ᠢᠭᠰᠠᠨ᠎ᠠᠴᠠ 8.8 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠪᠣᠯᠭ᠋ᠠᠨ ᠪᠠᠭ᠋ᠠᠰᠬᠠᠪᠠ᠃   ᠬᠤᠲᠠ ᠪᠠᠯᠭ᠋ᠠᠰᠤ ᠵᠢᠨ ᠪᠣᠬᠢᠷ ᠤᠰᠤ ᠵᠢ ᠰᠢᠢ᠍ᠳᠪᠦᠷᠢᠯᠡᠬᠦ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠭᠤᠤᠯᠳᠠᠯᠭ᠎ᠠ᠎ᠲᠠᠢ ᠰᠠᠪᠠ ᠭᠠᠵᠠᠷ᠎ᠤᠨ ᠬᠤᠲᠠ ᠪᠠᠯᠭ᠋ᠠᠰᠤ ᠵᠢᠨ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ ᠴᠥᠮ ᠨᠢᠭᠡᠳᠦᠭᠡᠷ ᠳᠡᠰ᠎ᠤᠨ A ᠭᠠᠳᠠᠭᠰᠢᠯᠠᠭᠤᠯᠬᠤ ᠪᠠᠷᠢᠮᠵᠢᠶ᠎ᠠ᠎ᠳᠤ ᠬᠦᠷᠴᠦ᠂ ᠪᠣᠬᠢᠷ ᠤᠰᠤ ᠵᠢ ᠰᠢᠢ᠍ᠳᠪᠦᠷᠢᠯᠡᠬᠦ ᠪᠠᠷᠢᠮᠵᠢᠶ᠎ᠠ᠎ᠳᠤ ᠬᠦᠷᠦᠭᠰᠡᠨ ᠨᠣᠷᠮ᠎ᠠ 97.92% ᠪᠣᠯᠪᠠ᠃ 2023 ᠣᠨ᠎ᠤ ᠡᠴᠦᠰ᠎ᠲᠤ᠂ ᠪᠥᠬᠦ ᠣᠷᠣᠨ᠎ᠤ ᠤᠯᠤᠰ᠎ᠤᠨ ᠰᠢᠯᠭ᠋ᠠᠭᠤᠯᠤᠭᠰᠠᠨ ᠣᠭᠲᠣᠯᠤᠭ᠋ᠠᠰᠤ ᠵᠢᠨ ᠤᠰᠤᠨ᠎ᠤ ᠴᠢᠨᠠᠷ᠎ᠤᠨ ᠰᠢᠯᠢᠳᠡᠭ ᠴᠢᠨᠠᠷ᠎ᠤᠨ 121 ᠬᠠᠷᠢᠴᠠᠯ᠎ᠢ 78.5%᠎ᠳᠤ ᠬᠦᠷᠦᠭᠦᠯᠵᠦ᠂ ᠬᠠᠲᠤᠨ ᠭᠤᠤᠯ᠎ᠤᠨ ᠰᠠᠯᠪᠤᠷᠢ ᠤᠷᠤᠰᠬᠠᠯ᠎ᠤᠨ ᠣᠭᠲᠣᠯᠤᠭ᠋ᠠᠰᠤ᠎ᠨᠢ ᠪᠦᠬᠦᠨ ᠵᠶ᠋ᠡᠷ ᠵᠶ᠋ᠡᠨ ᠮᠠᠭᠤ V ᠲᠦᠷᠦᠯ᠎ᠢ ᠠᠷᠢᠯᠭ᠋ᠠᠪᠠ᠃

  

  (《ᠥᠪᠥᠷ ᠮᠤᠩᠭᠤᠯ᠎ᠤᠨ ᠡᠳᠦᠷ᠎ᠤᠨ ᠰᠣᠨᠢᠨ》᠎ᠠᠴᠠ ᠰᠢᠯᠵᠢᠭᠦᠯᠪᠡ   ᠮᠡᠳᠡᠭᠡᠯᠡᠭᠴᠢ ᠯᠢ ᠴᠸᠨ ᠢᠦᠢ   ᠰᠤᠷᠪᠤᠯᠵᠢᠯᠠᠭᠴᠢ ᠯᠢ ᠵᠢᠶᠠᠨ ᠭᠦᠸᠧ)

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠡᠳ᠋᠎ᠤᠨ ᠵᠠᠰᠠᠭ᠎ᠤᠨ ᠶᠠᠮᠤᠨ᠂ ᠤᠰᠤᠨ ᠠᠰᠢᠬᠯᠠᠯᠲᠠ ᠵᠢᠨ ᠶᠠᠮᠤᠨ ᠳᠦᠪ᠎ᠤᠨ ᠤᠰᠤᠨ ᠠᠰᠢᠬᠯᠠᠯᠲᠠ ᠵᠢᠨ ᠭᠠᠮᠰᠢᠭ ᠎ᠠᠴᠠ ᠠᠪᠤᠷᠠᠬᠤ ᠪᠡᠯᠡ ᠮᠦᠩᠭᠦ ᠵᠢ 1.74 ᠳ᠋ᠦᠩᠰᠢᠭᠤᠷ ᠳᠦᠭᠦᠷᠢᠭ ᠲᠤᠭᠢᠷᠠᠭᠤᠯᠵᠤ᠂ ᠶᠦᠨᠨᠠᠨ ᠰᠸᠴᠤᠸᠠᠨ᠎ᠤ ᠭᠠᠩ ᠬᠠᠭᠰᠠᠷᠠᠭ᠋ᠠᠨ᠎ᠲᠠᠢ ᠲᠡᠮᠡᠴᠡᠵᠦ ᠤᠰᠤ ᠬᠠᠩᠭ᠋ᠠᠬᠤ ᠵᠢ ᠪᠠᠲᠤᠯᠠᠬᠤ ᠠᠵᠢᠯ ᠦᠷᠨᠢᠭᠦᠯᠬᠦ ᠵᠢ ᠳᠡᠮᠵᠢᠪᠡ
ᠮᠠᠨ᠎ᠤ ᠣᠷᠣᠨ᠎ᠤ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠢᠨᠵᠧᠨᠧᠷᠢᠩ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠪᠠ
ᠰᠦᠨ ᠱᠤᠤ ᠴᠧᠩ ᠬᠥᠯᠥᠨ ᠪᠤᠢ᠌ᠷ ᠬᠤᠳᠠ᠎ᠳᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠪᠡ
ᠨᠢᠳᠤᠨᠤᠨ ᠮᠠᠨ᠎ᠤ ᠣᠷᠣᠨ᠎ᠤ ᠠᠷᠠᠳ᠎ᠤᠨ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠨᠢ ᠪᠥᠬᠦ ᠤᠯᠤᠰ᠎ᠤᠨ ᠠᠩᠬᠠᠳᠠᠭᠴᠢ ᠠᠵᠤ ᠠᠬᠤᠶ᠋ᠢᠯᠠᠯ ᠎ᠤᠨ ᠬᠠᠷᠠᠭ᠋ᠠᠯᠵᠠᠯᠠᠯ᠎ᠳᠤ ᠠᠩᠬᠠᠷᠤᠯ ᠵᠶ᠋ᠠᠨ ᠴᠢᠭᠯᠡᠭᠦᠯᠵᠦ ᠥᠪᠥᠷ ᠮᠣᠩᠭᠤᠯ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠬᠥᠭᠵᠢᠨ ᠪᠤᠵᠠᠭ᠋ᠠᠶ᠋ᠢᠷᠠᠬᠤ ᠵᠢ ᠪᠥᠬᠦ ᠬᠦᠴᠦᠨ ᠵᠶ᠋ᠠᠷ ᠵᠶ᠋ᠠᠨ ᠳᠡᠮᠵᠢᠪᠡ
ᠭᠤᠤ ᠮᠢᠩ ᠲᠠᠩ ᠤᠷᠳᠤᠰ ᠬᠤᠳᠠ ᠵᠢᠨ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭ᠋ᠠᠬᠤ ᠴᠢᠨᠠᠷ ᠰᠠᠶ᠋ᠢᠲᠠᠢ ᠬᠥᠭᠵᠢᠯᠲᠡ ᠵᠢ ᠪᠠᠶ᠋ᠢᠴᠠᠭ᠋ᠠᠨ ᠰᠤᠳᠤᠯᠪᠠ
 
            