ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠰᠦᠨ ᠱᠤᠤ ᠴᠧᠩ ᠬᠥᠯᠥᠨ ᠪᠤᠢ᠌ᠷ ᠬᠤᠳᠠ᠎ᠳᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2024-04-10

  4 ᠰᠠᠷ᠎ᠠ ᠵᠢᠨ 7᠎ᠠᠴᠠ 9᠎ᠤ ᠡᠳᠦᠷ ᠪᠤᠯᠳᠠᠯ᠎ᠠ᠂ ᠰᠦᠨ ᠱᠤᠤ ᠴᠧᠩ ᠬᠥᠯᠥᠨ ᠪᠤᠢ᠌ᠷ ᠬᠣᠲᠠ ᠵᠢᠨ ᠬᠡᠰᠡᠭ ᠬᠣᠰᠢᠭᠤ ᠬᠣᠲᠠ ᠲᠣᠭᠣᠷᠢᠭ᠎ᠲᠤ ᠭᠦᠨᠵᠡᠭᠡᠢ᠌ᠷᠡᠵᠦ᠂ ᠠᠮᠢ ᠠᠬᠤᠢ ᠵᠢᠨ ᠬᠠᠮᠠᠭ᠋ᠠᠯᠠᠯᠲᠠ᠂ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ᠂ ᠠᠵᠤ ᠦᠢ᠍ᠯᠡᠰ᠎ᠤᠨ ᠬᠥᠭᠵᠢᠯᠲᠡ ᠵᠡᠷᠭᠡ ᠭᠣᠣᠯᠳᠠᠯᠭ᠎ᠠ᠎ᠲᠠᠢ ᠠᠵᠢᠯ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠤᠨ ᠲᠤᠬᠠᠢ ᠪᠠᠢ᠌ᠴᠠᠭ᠋ᠠᠨ ᠰᠤᠳᠤᠯᠤᠯᠲᠠ ᠬᠢᠪᠡ᠃


孙绍骋呼伦贝尔.jpg


  4 ᠰᠠᠷ᠎ᠠ ᠵᠢᠨ 9᠎ᠤ ᠡᠳᠦᠷ᠂ ᠰᠦᠨ ᠱᠤᠤ ᠴᠧᠩ ᠭᠠᠨᠵᠤᠤᠷ ᠰᠤᠮᠤ ᠵᠢᠨ ᠡᠯᠡᠰᠦ ᠵᠢ ᠵᠠᠰᠠᠬᠤ ᠲᠤᠬᠠᠢ ᠵᠢᠨ ᠲᠠᠯᠠᠪᠠᠢ᠎ᠳᠤ ᠬᠦᠷᠴᠦ᠂ ᠺᠠᠳ᠋ᠷ ᠤᠯᠠᠨ ᠲᠦᠮᠡᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠡᠯᠡᠰᠦ ᠵᠢ ᠵᠠᠰᠠᠬᠤ ᠡᠭᠦᠷᠭᠡ᠂ ᠥᠪᠡᠷ᠎ᠤᠨ ᠦᠷᠳᠡᠭ᠂ ᠪᠡᠯᠡ ᠮᠥᠩᠭᠥ᠂ ᠲᠦᠭᠦᠬᠡᠢ ᠮᠠᠲ᠋ᠧᠷᠢᠶᠠᠯ ᠵᠡᠷᠭᠡ ᠪᠠᠢ᠌ᠳᠠᠯ᠎ᠢ ᠣᠢ᠌ᠯᠠᠭ᠋ᠠᠪᠠ᠃  ᠰᠤᠷᠪᠤᠯᠵᠢᠯᠠᠬ᠍ᠴᠢ ᠮᠠ ᠵᠢᠶᠠᠨ ᠴᠢᠤᠸᠠᠨ ᠰᠡᠭᠦᠳᠡᠷᠯᠡᠪᠡ᠃

   ᠡᠷᠭᠦᠨ᠎ᠡ ᠬᠤᠳᠠ᠂ ᠰᠢᠨ᠎ᠡ ᠪᠠᠷᠭᠤ ᠪᠠᠷᠠᠭᠤᠨ ᠬᠣᠰᠢᠭᠤ᠂ ᠰᠢᠨ᠎ᠡ ᠪᠠᠷᠭᠤ ᠵᠡᠭᠦᠨ ᠬᠣᠰᠢᠭᠤᠨ᠎ᠳᠤ᠂ ᠰᠦᠨ ᠱᠤᠤ ᠴᠧᠩ ᠬᠠᠮᠢᠶ᠎ᠠ ᠪᠦᠬᠦᠢ ᠠᠵᠢᠯ᠎ᠢ ᠥᠷᠨᠢᠭᠦᠯᠵᠦ ᠪᠠᠢ᠌ᠭ᠎ᠠ ᠪᠠᠢ᠌ᠳᠠᠯ᠎ᠢ ᠭᠦᠨᠵᠡᠭᠡᠢ ᠣᠢ᠌ᠯᠠᠭ᠋ᠠᠪᠠ᠃ ᠲᠡᠷᠡ᠂ ᠬᠥᠯᠥᠨ ᠪᠤᠢ᠌ᠷ᠎ᠤᠨ ᠠᠮᠢ ᠠᠬᠤᠢ ᠵᠢᠨ ᠪᠠᠢ᠌ᠷᠢ ᠰᠠᠭᠤᠷᠢ ᠲᠤᠢ᠌ᠯ᠎ᠤᠨ ᠴᠢᠬᠤᠯᠠ ᠶᠤᠮ᠂ ᠠᠮᠢ ᠠᠬᠤᠢ ᠵᠢᠨ ᠬᠠᠮᠠᠭ᠋ᠠᠯᠠᠯᠲᠠ ᠵᠢ ᠢᠮᠠᠭᠲᠠ ᠲᠡᠷᠢᠭᠦᠨ᠎ᠳᠤ ᠲᠠᠯᠪᠢᠵᠤ᠂ ᠡᠨᠡ ᠬᠦ᠌ ᠨᠣᠮᠢᠨ ᠨᠣᠭᠣᠭ᠋ᠠᠨ᠎ᠢ ᠦᠨᠡᠨ ᠬᠦ᠌ ᠰᠠᠢ᠌ᠲᠤᠷ ᠰᠠᠬᠢᠨ ᠬᠠᠮᠠᠭ᠋ᠠᠯᠠᠬᠤ ᠬᠡᠷᠡᠭᠲᠡᠢ᠃ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠠᠵᠤ ᠠᠬᠤᠢ ᠵᠢᠨ ᠬᠥᠭᠵᠢᠯᠲᠡ ᠵᠢᠨ ᠬᠠᠷᠢᠴᠠᠭ᠎ᠠ ᠵᠢ ᠵᠥᠪ ᠰᠢᠢ᠍ᠳᠪᠦᠷᠢᠯᠡᠵᠦ᠂ ᠬᠥᠬᠡᠮᠳᠦᠭ ᠨᠣᠭᠣᠭ᠋ᠠᠨ ᠠᠭᠤᠯᠠ ᠤᠰᠤ ᠵᠢ ᠠᠯᠳᠠ ᠮᠥᠩᠭᠥᠨ ᠠᠭᠤᠯᠠ ᠪᠣᠯᠭ᠋ᠠᠨ ᠬᠤᠪᠢᠷᠠᠭᠤᠯᠬᠤ ᠪᠦᠲᠦᠮᠵᠢᠲᠡᠢ ᠠᠷᠭ᠎ᠠ ᠵᠠᠮ᠎ᠢ ᠢᠳᠡᠪᠬᠢᠲᠡᠢ ᠬᠠᠢ᠌ᠨ ᠰᠦᠪᠡᠭᠴᠢᠯᠡᠵᠦ᠂ ᠠᠷᠭ᠎ᠠ ᠪᠦᠭᠦᠨ᠎ᠢ ᠰᠦᠪᠡᠭᠴᠢᠯᠡᠵᠦ ᠪᠠᠢ᠌ᠭ᠋ᠠᠳ ᠤᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠬᠦ ᠬᠡᠷᠡᠭᠲᠡᠢ᠃ ᠪᠣᠭᠣᠮᠲᠠ ᠵᠢᠨ ᠡᠬᠢ ᠪᠠᠶᠠᠯᠢᠭ ᠪᠣᠯᠣᠨ ᠬᠢᠯᠢ ᠵᠢᠨ ᠠᠷᠠᠯᠵᠢᠶᠠᠨ᠎ᠤ ᠲᠦᠷᠦ ᠵᠢᠨ ᠪᠣᠳᠣᠯᠭ᠎ᠠ ᠵᠢ ᠰᠠᠢ᠌ᠲᠤᠷ ᠠᠰᠢᠭᠯᠠᠵᠤ᠂ ᠵᠠᠬ᠎ᠠ ᠳᠡᠯᠭᠡᠭᠦᠷ᠎ᠤᠨ ᠬᠡᠷᠡᠭᠴᠡᠭᠡ ᠵᠢ ᠲᠣᠳᠣᠷᠬᠠᠢ ᠣᠢ᠌ᠯᠠᠭ᠋ᠠᠵᠤ᠂ ᠬᠢᠯᠢ ᠵᠢᠨ ᠠᠷᠠᠳ᠎ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ᠎ᠤᠨ ᠠᠷᠠᠯᠵᠢᠶ᠎ᠠ ᠵᠢ ᠴᠢᠷᠮᠠᠢ᠌ᠨ ᠰᠠᠢ᠌ᠲᠤᠷ ᠬᠢᠬᠦ ᠬᠡᠷᠡᠭᠲᠡᠢ᠃ ᠡᠯ᠎ᠡ ᠱᠠᠲᠤᠨ᠎ᠤ᠎ᠬᠢᠨ 《  ᠵᠢᠷᠭᠤᠭ᠋ᠠᠨ ᠢᠨᠵᠧᠨᠧᠷᠢᠩ 》᠎ᠢ ᠠᠬᠢᠭᠤᠯᠬᠤ᠎ᠳᠤ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠤ᠂ ᠴᠢᠭᠯᠡᠭᠦᠯᠦᠯᠲᠦ ᠴᠢᠨᠠᠷᠲᠠᠢ᠎ᠪᠠᠷ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠢᠨᠵᠧᠨᠧᠷᠢᠩ᠎ᠢ ᠬᠡᠷᠡᠭᠵᠢᠭᠦᠯᠬᠦ᠎ᠳᠡᠭᠡᠨ ᠬᠣᠶᠠᠷ ᠲᠠᠯ᠎ᠠ ᠵᠢ ᠠᠳᠬᠤᠵᠤ᠂ ᠪᠡᠯᠡ ᠮᠥᠩᠭᠥ ᠪᠠ ᠳᠦᠷᠦᠯ ᠵᠦᠢ᠍ᠯ᠎ᠤᠨ ᠳᠡᠮᠵᠢᠯᠭᠡ ᠵᠢ ᠢᠳᠡᠪᠬᠢᠲᠡᠢ ᠲᠡᠮᠡᠴᠡᠨ ᠣᠯᠬᠤ ᠮᠥᠷᠲᠡᠭᠡᠨ ᠪᠠᠰᠠ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠠᠵᠢᠯ᠎ᠢ ᠰᠠᠢ᠌ᠲᠤᠷ ᠬᠢᠬᠦ ᠬᠡᠷᠡᠭᠲᠡᠢ᠃ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ᠎ᠳᠠᠭᠠᠨ ᠪᠦᠭᠦ ᠲᠠᠯ᠎ᠠ ᠵᠢᠨ ᠪᠠᠢ᠌ᠬᠤ ᠬᠡᠷᠡᠭᠲᠡᠢ᠂ ᠤᠷᠮᠠᠰᠢᠭᠤᠯᠬᠤ ᠴᠢᠨᠠᠷᠲᠠᠢ ᠲᠦᠷᠦ ᠵᠢᠨ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠬᠤ᠎ᠪᠠᠷ ᠪᠠᠷᠠᠬᠤ ᠦᠭᠡᠢ ᠪᠠᠰᠠ ᠬᠢᠵᠠᠭ᠋ᠠᠷᠯᠠᠬᠤ ᠴᠢᠨᠠᠷᠲᠠᠢ ᠲᠦᠷᠦ ᠵᠢᠨ ᠪᠣᠳᠣᠯᠭ᠎ᠠ ᠵᠢ ᠰᠠᠢ᠌ᠲᠤᠷ ᠬᠡᠷᠡᠭᠵᠢᠭᠦᠯᠵᠦ᠂ ᠬᠡᠯᠪᠡᠢ᠌ᠬᠦ ᠦᠭᠡᠢ᠂ ᠥᠭᠡᠷᠡᠲᠦᠬᠦ ᠦᠭᠡᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠠᠵᠢᠯ ᠵᠶ᠋ᠠᠨ ᠪᠦᠲᠦᠭᠡᠯᠴᠢ᠎ᠪᠠᠷ ᠠᠬᠢᠭᠤᠯᠬᠤ ᠬᠡᠷᠡᠭᠲᠡᠢ᠂ ᠬᠠᠷᠢᠨ ᠳᠥᠭᠥᠮᠬᠡᠨ ᠵᠶ᠋ᠡᠷ ᠲᠡᠷᠡ ᠬᠡᠪ ᠵᠶ᠋ᠡᠷ᠎ᠨᠢ ᠨᠡᠭᠦᠯᠭᠡᠨ ᠬᠡᠷᠡᠭᠯᠡᠵᠦ ᠪᠤᠯᠬᠤ ᠦᠭᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠠᠰᠠᠭᠤᠳᠠᠯ᠎ᠢ ᠢᠯᠡᠷᠡᠭᠦᠯᠬᠦ᠂ ᠠᠰᠠᠭᠤᠳᠠᠯ᠎ᠢ ᠰᠤᠳᠤᠯᠬᠤ᠎ᠳᠠᠭᠠᠨ ᠴᠢᠳᠠᠮᠠᠭ᠋ᠠᠢ ᠪᠠᠢ᠌ᠬᠤ ᠬᠡᠷᠡᠭᠲᠡᠢ᠂ ᠠᠰᠠᠭᠤᠳᠠᠯ᠎ᠳᠤ ᠰᠣᠨᠢᠨ ᠶᠠᠪᠤᠳᠠᠯ ᠲᠠᠭ᠋ᠠᠷᠠᠪᠠᠴᠤ ᠦᠯᠦ ᠭᠠᠢ᠌ᠬᠠᠬᠤ᠂ ᠵᠠᠩᠰᠢᠭᠰᠠᠨ ᠪᠠᠢ᠌ᠵᠤ ᠪᠤᠯᠬᠤ ᠦᠭᠡᠢ᠃ ᠠᠵᠢᠯ ᠬᠢᠬᠦ ᠭᠡᠭᠰᠡᠭᠡᠷ ᠵᠠᠰᠠᠭ᠎ᠤᠨ ᠣᠷᠳᠣᠨ᠎ᠠᠴᠠ ᠪᠡᠯᠡ ᠤᠷᠤᠭᠤᠯᠬᠤ᠂ ᠨᠥᠬᠥᠪᠦᠷᠢ ᠥᠭᠬᠦ ᠰᠡᠳᠬᠢᠬᠦᠢ ᠵᠢᠨ ᠵᠠᠩᠰᠢᠯ᠎ᠢ ᠬᠤᠪᠢᠷᠠᠭᠤᠯᠵᠤ᠂ ᠵᠠᠬ᠎ᠠ ᠳᠡᠯᠭᠡᠭᠦᠷ᠎ᠤᠨ ᠠᠷᠭ᠎ᠠ ᠪᠠᠷᠢᠯ ᠪᠠ ᠲᠣᠭᠲᠠᠴᠠ ᠵᠢᠨ ᠬᠦᠴᠦᠨ᠎ᠢ ᠬᠡᠷᠡᠭᠯᠡᠨ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠨᠠᠢ᠌ᠳᠠᠪᠤᠷᠢᠵᠢᠭᠤᠯᠤᠯᠲᠠ ᠵᠢ ᠠᠳᠬᠤᠬᠤ ᠵᠢ ᠰᠤᠷᠬᠤ ᠬᠡᠷᠡᠭᠲᠡᠢ ᠭᠡᠪᠡ᠃

   ᠬᠥᠯᠥᠨ ᠪᠤᠢ᠌ᠷ᠎ᠤᠨ ᠡᠯᠡᠰᠦᠷᠬᠡᠭ ᠭᠠᠵᠠᠷ ᠪᠣᠯ ᠮᠠᠨ᠎ᠤ ᠤᠯᠤᠰ᠎ᠤᠨ ᠲᠦᠷᠪᠡᠨ ᠶᠡᠬᠡ ᠡᠯᠡᠰᠦᠷᠬᠡᠭ ᠭᠠᠵᠠᠷ᠎ᠤᠨ ᠨᠢᠭᠡ ᠪᠣᠯᠣᠨ᠎ᠠ᠂ ᠰᠦᠨ ᠱᠤᠤ ᠴᠧᠩ ᠭᠠᠨᠵᠤᠤᠷ ᠰᠤᠮᠤ ᠵᠢᠨ ᠡᠯᠡᠰᠦ ᠵᠢ ᠵᠠᠰᠠᠬᠤ ᠲᠤᠬᠠᠢ ᠵᠢᠨ ᠲᠠᠯᠠᠪᠠᠢ᠎ᠳᠤ ᠬᠦᠷᠴᠦ᠂ ᠺᠠᠳ᠋ᠷ ᠤᠯᠠᠨ ᠲᠦᠮᠡᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠡᠯᠡᠰᠦ ᠵᠢ ᠵᠠᠰᠠᠬᠤ ᠡᠭᠦᠷᠭᠡ᠂ ᠥᠪᠡᠷ᠎ᠤᠨ ᠦᠷᠳᠡᠭ᠂ ᠪᠡᠯᠡ ᠮᠥᠩᠭᠥ᠂ ᠲᠦᠭᠦᠬᠡᠢ ᠮᠠᠲ᠋ᠧᠷᠢᠶᠠᠯ ᠵᠡᠷᠭᠡ ᠪᠠᠢ᠌ᠳᠠᠯ᠎ᠢ ᠣᠢ᠌ᠯᠠᠭ᠋ᠠᠪᠠ᠃ ᠲᠡᠷᠡ᠂ ᠪᠡᠯᠴᠢᠭᠡᠷᠯᠡᠭᠦᠯᠬᠦ ᠵᠢ ᠵᠣᠭᠰᠣᠭ᠋ᠠᠵᠤ ᠰᠡᠯᠭᠦᠨ ᠮᠠᠯᠵᠢᠬᠤ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠪᠠ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠵᠢ ᠠᠬᠢᠭᠤᠯᠬᠤ ᠵᠢ ᠠᠳᠠᠯᠢᠬᠠᠨ ᠴᠢᠬᠤᠯᠠ ᠪᠠᠢ᠌ᠷᠢᠨ᠎ᠳᠤ ᠲᠠᠯᠪᠢᠵᠤ ᠠᠳᠬᠤᠬᠤ ᠬᠡᠷᠡᠭᠲᠡᠢ᠂ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠬᠠᠤᠯᠢ ᠪᠠ ᠨᠤᠲᠤᠭ ᠪᠡᠯᠴᠢᠭᠡᠷ᠎ᠤᠨ ᠬᠠᠤᠯᠢ ᠵᠢ ᠴᠢᠩᠭ᠎ᠠ ᠬᠡᠷᠡᠭᠵᠢᠭᠦᠯᠵᠦ᠂ ᠱᠠᠩᠨᠠᠵᠤ ᠨᠥᠬᠥᠪᠦᠷᠢᠯᠡᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ᠎ᠳᠤ ᠱᠠᠩᠨᠠᠵᠤ ᠲᠣᠷᠭ᠋ᠠᠬᠤ ᠵᠢ ᠲᠣᠳᠣᠷᠬᠠᠢ ᠪᠠᠢ᠌ᠯᠭ᠋ᠠᠵᠤ᠂ ᠬᠠᠷᠢᠭᠤᠴᠠᠯᠭ᠎ᠠ ᠡᠷᠬᠡ ᠵᠢ ᠠᠳᠠᠯᠢ ᠲᠡᠭᠰᠢ ᠪᠠᠢ᠌ᠯᠭ᠋ᠠᠬᠤ ᠬᠡᠷᠡᠭᠲᠡᠢ᠃ ᠶᠣᠰᠣ ᠤᠴᠢᠷ᠎ᠢ ᠤᠯᠠᠨ ᠲᠦᠮᠡᠨ᠎ᠳᠤ ᠲᠣᠳᠣᠷᠬᠠᠢ ᠶᠠᠷᠢᠵᠤ᠂ ᠮᠠᠯ ᠤᠨᠤᠭ᠎ᠠ ᠵᠢ ᠬᠡᠳᠦᠢ ᠠᠷᠪᠢᠨ ᠲᠡᠵᠢᠭᠡᠪᠡᠯ ᠲᠡᠳᠦᠢ ᠵᠣᠭᠣᠰ ᠣᠯᠬᠤ ᠪᠢᠰᠢ᠂ ᠴᠥᠭᠡᠨ ᠲᠡᠵᠢᠭᠡᠵᠦ ᠨᠠᠷᠢᠯᠢᠭ ᠲᠡᠵᠢᠭᠡᠪᠡᠯ ᠣᠷᠣᠯᠭ᠎ᠠ᠎ᠪᠠᠨ ᠨᠡᠮᠡᠭᠳᠡᠭᠦᠯᠵᠦ ᠴᠢᠳᠠᠬᠤ ᠮᠥᠷᠲᠡᠭᠡᠨ ᠨᠤᠲᠤᠭ ᠪᠡᠯᠴᠢᠭᠡᠷ᠎ᠢ ᠴᠤ᠌ ᠬᠠᠮᠠᠭ᠋ᠠᠯᠠᠵᠤ ᠴᠢᠳᠠᠬᠤ ᠶᠤᠮ᠃ ᠲᠤᠬᠠᠢ ᠵᠢᠨ ᠭᠠᠵᠠᠷ᠎ᠠᠴᠠ ᠮᠠᠲ᠋ᠧᠷᠢᠶᠠᠯ ᠠᠪᠬᠤ᠂ ᠬᠠᠶᠠᠭᠳᠠᠮᠠᠯ ᠪᠣᠳᠠᠰ᠎ᠢ ᠡᠷᠳᠡᠨᠢ ᠪᠤᠯᠭ᠋ᠠᠬᠤ᠎ᠳᠠᠭᠠᠨ ᠴᠢᠳᠠᠮᠠᠭ᠋ᠠᠢ ᠪᠠᠢ᠌ᠵᠤ᠂ ᠨᠠᠢ᠌ᠯᠵᠠᠭᠤᠷ ᠬᠠᠷᠠᠭ᠋ᠠᠨ᠎ᠠ ᠵᠡᠷᠭᠡ ᠲᠠᠷᠢᠮᠠᠯ᠎ᠢ ᠲᠡᠭᠰᠢ ᠭᠤᠤᠷᠰᠤ᠎ᠪᠠᠷ ᠠᠰᠢᠭᠯᠠᠬᠤ ᠠᠵᠢᠯ᠎ᠢ ᠰᠠᠢ᠌ᠲᠤᠷ ᠬᠢᠵᠦ᠂ ᠪᠣᠷᠳᠣᠭ᠎ᠠ ᠡᠳ᠋ᠰᠢᠭᠦᠯᠬᠦ᠂ ᠬᠠᠰᠢᠶᠠᠯᠠᠨ ᠲᠡᠵᠢᠭᠡᠬᠦ ᠵᠢ ᠢᠳᠡᠪᠬᠢᠲᠡᠢ ᠬᠥᠭᠵᠢᠭᠦᠯᠵᠦ᠂ ᠡᠯᠡᠰᠦ ᠵᠢ ᠵᠠᠰᠠᠬᠤ ᠥᠪᠡᠷ᠎ᠤᠨ ᠦᠷᠳᠡᠭ᠎ᠢ ᠪᠠᠭᠤᠷᠠᠭᠤᠯᠵᠤ᠂ ᠡᠯᠡᠰᠦ ᠵᠢ ᠵᠠᠰᠠᠬᠤ ᠠᠵᠤ ᠦᠢ᠍ᠯᠡᠰ᠎ᠤᠨ ᠬᠡᠯᠬᠢᠶ᠎ᠡ ᠵᠢ ᠪᠠᠢ᠌ᠭᠤᠯᠬᠤ ᠬᠡᠷᠡᠭᠲᠡᠢ ᠭᠡᠪᠡ᠃

   ᠡᠷᠭᠦᠨ᠎ᠡ ᠵᠢᠨ ᠨᠤᠭᠤ ᠭᠠᠵᠠᠷ᠎ᠲᠤ᠂ ᠰᠦᠨ ᠱᠤᠤ ᠴᠧᠩ ᠨᠤᠭᠤ ᠭᠠᠵᠠᠷ᠎ᠤᠨ ᠪᠠᠢ᠌ᠭ᠋ᠠᠯᠢ ᠵᠢᠨ ᠦᠵᠡᠮᠵᠢ ᠪᠣᠯᠣᠨ ᠡᠷᠭᠢᠨ ᠲᠣᠭᠣᠷᠢᠨ᠎ᠤ ᠠᠮᠢ ᠠᠬᠤᠢ ᠣᠷᠴᠢᠨ ᠲᠣᠭᠣᠷᠢᠨ᠎ᠢ ᠪᠠᠢ᠌ᠴᠠᠭ᠋ᠠᠨ ᠦᠵᠡᠵᠦ᠂ ᠨᠤᠭᠤ ᠭᠠᠵᠠᠷ᠎ᠤᠨ ᠬᠠᠮᠠᠭ᠋ᠠᠯᠠᠯᠲᠠ ᠪᠣᠯᠣᠨ ᠵᠢᠭᠤᠯᠴᠢᠯᠠᠯ᠎ᠤᠨ ᠨᠡᠭᠡᠭᠡᠨ ᠬᠥᠭᠵᠢᠭᠦᠯᠦᠯᠲᠡ ᠵᠢᠨ ᠪᠠᠢ᠌ᠳᠠᠯ᠎ᠢ ᠨᠠᠷᠢᠨ ᠣᠢ᠌ᠯᠠᠭ᠋ᠠᠪᠠ᠃ ᠲᠡᠷᠡ᠂ ᠨᠤᠭᠤ ᠭᠠᠵᠠᠷ᠎ᠤᠨ ᠤᠤᠭ᠋ᠠᠯ ᠠᠮᠢ ᠠᠬᠤᠢ ᠪᠣᠯ ᠲᠤᠰ ᠭᠠᠵᠠᠷ ᠣᠷᠣᠨ᠎ᠤ ᠵᠢᠭᠤᠯᠴᠢᠯᠠᠯ᠎ᠢ ᠬᠥᠭᠵᠢᠭᠦᠯᠬᠦ ᠬᠠᠮᠤᠭ᠎ᠤᠨ ᠶᠡᠬᠡ ᠬᠥᠷᠥᠩᠭᠡ ᠮᠥᠨ᠂ ᠵᠢᠭᠤᠯᠴᠢᠯᠠᠯ᠎ᠢ ᠨᠡᠭᠡᠭᠡᠨ ᠠᠰᠢᠭᠯᠠᠬᠤ᠎ᠳᠤ ᠵᠠᠪᠠᠯ ᠨᠤᠭᠤ ᠭᠠᠵᠠᠷ᠎ᠢ ᠬᠠᠮᠠᠭ᠋ᠠᠯᠠᠬᠤ᠎ᠪᠠᠷ ᠤᠷᠢᠲᠠᠯ ᠪᠤᠯᠭ᠋ᠠᠬᠤ ᠬᠡᠷᠡᠭᠲᠡᠢ᠂ ᠬᠠᠯᠲᠤ ᠮᠥᠯᠲᠥ᠎ᠪᠠᠷ ᠨᠡᠭᠡᠭᠡᠨ ᠠᠰᠢᠭᠯᠠᠵᠤ ᠪᠦᠲᠦᠭᠡᠨ ᠪᠠᠢ᠌ᠭᠤᠯᠤᠯᠲᠠ ᠬᠢᠬᠦ ᠵᠢ ᠲᠡᠪᠴᠢᠵᠦ᠂ ᠵᠢᠭᠤᠯᠴᠢᠯᠠᠬᠰᠠᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠣᠨᠣᠪᠴᠢᠲᠠᠢ ᠵᠣᠯᠭ᠋ᠠᠭᠤᠯᠵᠤ᠂ ᠵᠢᠭᠤᠯᠴᠢᠯᠠᠯ᠎ᠤᠨ ᠵᠠᠮ ᠱᠤᠭᠤᠮ ᠪᠣᠯᠣᠨ ᠦᠢ᠍ᠯᠡᠳᠬᠦᠨ᠎ᠢ ᠨᠠᠷᠢᠯᠢᠭ ᠵᠢᠷᠤᠵᠤ ᠲᠥᠯᠥᠪᠯᠡᠨ᠂ ᠵᠢᠭᠤᠯᠴᠢᠯᠠᠬᠰᠠᠳ᠎ᠲᠤ ᠬᠦᠷᠦᠯᠴᠡᠨ ᠢᠷᠡᠭᠰᠡᠨ᠎ᠨᠢ ᠤᠳᠬ᠎ᠠ ᠠᠭᠤᠯᠭ᠎ᠠ᠎ᠲᠠᠢ ᠪᠠᠢ᠌ᠬᠤ ᠵᠢ ᠰᠠᠨᠠᠭᠳᠠᠭᠤᠯᠵᠤ᠂ ᠰᠠᠯᠵᠤ ᠲᠦᠪᠳᠡᠬᠦ ᠦᠭᠡᠢ ᠪᠠᠢ᠌ᠬᠤ ᠪᠤᠯᠭ᠋ᠠᠬᠤ ᠬᠡᠷᠡᠭᠲᠡᠢ ᠭᠡᠵᠦ ᠬᠡᠯᠡᠪᠡ᠃

   ᠰᠦᠨ ᠱᠤᠤ ᠴᠧᠩ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠢᠨ᠎ᠡ ᠪᠠᠷᠭᠤ ᠪᠠᠷᠠᠭᠤᠨ ᠬᠣᠰᠢᠭᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠪᠤᠷᠠᠨ ᠲᠤᠰᠠᠯᠠᠬᠤ ᠲᠥᠪ᠎ᠤᠨ ᠨᠥᠭᠡᠴᠡᠯᠡᠬᠦ ᠬᠥᠮᠥᠷᠭᠡ᠎ᠳᠤ ᠲᠤᠰᠬᠠᠢ᠌ᠯᠠᠨ ᠬᠦᠷᠴᠦ᠂ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ ᠲᠥᠬᠦᠭᠡᠷᠦᠮᠵᠢ ᠵᠢᠨ ᠲᠣᠬᠢᠷᠠᠭᠤᠯᠤᠯᠲᠠ ᠪᠣᠯᠣᠨ ᠲᠦᠢ᠍ᠮᠡᠷ᠎ᠢ ᠤᠨᠲᠠᠷᠠᠭ᠋ᠠᠬᠤ ᠡᠩᠨᠡᠭᠡᠨ᠎ᠤ ᠪᠠᠢ᠌ᠭᠤᠯᠤᠯᠲᠠ ᠵᠢᠨ ᠪᠠᠢ᠌ᠳᠠᠯ᠎ᠢ ᠪᠠᠢ᠌ᠴᠠᠭ᠋ᠠᠨ ᠦᠵᠡᠵᠦ᠂ ᠲᠤᠬᠠᠢ ᠵᠢᠨ ᠭᠠᠵᠠᠷ᠎ᠤᠨ ᠶᠠᠮᠠᠷ ᠬᠦᠴᠢᠷᠳᠡᠯ ᠪᠠᠢ᠌ᠬᠤ᠂ ᠰᠡᠷᠭᠡᠢ᠌ᠯᠡᠬᠦ ᠪᠠ ᠤᠨᠲᠠᠷᠠᠭ᠋ᠠᠬᠤ ᠵᠢ ᠵᠣᠯᠭ᠋ᠠᠭᠤᠯᠵᠤ ᠴᠢᠳᠠᠭᠰᠠᠨ ᠡᠰᠡᠬᠦ ᠵᠢ ᠠᠰᠠᠭᠤᠨ ᠯᠠᠪᠯᠠᠪᠠ᠃ ᠲᠡᠷᠡ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠳᠤ ᠰᠡᠷᠭᠡᠢ᠌ᠯᠡᠬᠦ᠎ᠪᠠᠷ ᠭᠣᠣᠯ ᠪᠤᠯᠭ᠋ᠠᠬᠤ᠂ ᠰᠡᠷᠭᠡᠢ᠌ᠯᠡᠬᠦ ᠲᠡᠮᠡᠴᠡᠬᠦ ᠠᠪᠤᠷᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠣᠷᠢᠯᠲᠠ ᠵᠢ ᠴᠢᠩᠭ᠋ᠠᠳᠬᠠᠵᠤ᠂ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠢ ᠦᠨᠡᠨ ᠪᠣᠳᠠᠲᠠᠢ ᠰᠠᠢ᠌ᠲᠤᠷ ᠬᠢᠬᠦ ᠬᠡᠷᠡᠭᠲᠡᠢ ᠭᠡᠵᠦ ᠵᠠᠬᠢᠪᠠ᠃

   ᠡᠨᠡ ᠬᠤᠭᠤᠴᠠᠭ᠋ᠠᠨ᠎ᠳᠤ᠂ ᠰᠦᠨ ᠱᠤᠤ ᠴᠧᠩ ᠪᠠᠰᠠ ᠵᠠᠯᠠᠢ᠌ᠨᠠᠭᠤᠷ ᠮᠦᠽᠧᠢ ᠵᠢ ᠲᠣᠭᠣᠷᠢᠨ ᠦᠵᠡᠵᠦ᠂ ᠮᠠᠯᠵᠢᠬᠤ ᠲᠠᠷᠢᠶᠠᠯᠠᠬᠤ ᠡᠷᠦᠭᠡ᠎ᠪᠠᠷ ᠡᠷᠭᠢᠨ ᠦᠵᠡᠪᠡ᠃

   ᠢᠦᠢ ᠯᠢ ᠰᠢᠨ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠨᠢᠳᠤᠨᠤᠨ ᠮᠠᠨ᠎ᠤ ᠣᠷᠣᠨ᠎ᠤ ᠠᠷᠠᠳ᠎ᠤᠨ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠨᠢ ᠪᠥᠬᠦ ᠤᠯᠤᠰ᠎ᠤᠨ ᠠᠩᠬᠠᠳᠠᠭᠴᠢ ᠠᠵᠤ ᠠᠬᠤᠶ᠋ᠢᠯᠠᠯ ᠎ᠤᠨ ᠬᠠᠷᠠᠭ᠋ᠠᠯᠵᠠᠯᠠᠯ᠎ᠳᠤ ᠠᠩᠬᠠᠷᠤᠯ ᠵᠶ᠋ᠠᠨ ᠴᠢᠭᠯᠡᠭᠦᠯᠵᠦ ᠥᠪᠥᠷ ᠮᠣᠩᠭᠤᠯ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠬᠥᠭᠵᠢᠨ ᠪᠤᠵᠠᠭ᠋ᠠᠶ᠋ᠢᠷᠠᠬᠤ ᠵᠢ ᠪᠥᠬᠦ ᠬᠦᠴᠦᠨ ᠵᠶ᠋ᠠᠷ ᠵᠶ᠋ᠠᠨ ᠳᠡᠮᠵᠢᠪᠡ
ᠭᠤᠤ ᠮᠢᠩ ᠲᠠᠩ ᠤᠷᠳᠤᠰ ᠬᠤᠳᠠ ᠵᠢᠨ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭ᠋ᠠᠬᠤ ᠴᠢᠨᠠᠷ ᠰᠠᠶ᠋ᠢᠲᠠᠢ ᠬᠥᠭᠵᠢᠯᠲᠡ ᠵᠢ ᠪᠠᠶ᠋ᠢᠴᠠᠭ᠋ᠠᠨ ᠰᠤᠳᠤᠯᠪᠠ
ᠤᠰᠤᠨ ᠠᠰᠢᠭᠯᠠᠯᠲᠠ ᠵᠢᠨ ᠲᠢᠩᠬᠢᠮ ᠪᠦᠬᠦ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠪᠠᠷᠢᠮᠵᠢᠶᠠᠵᠢᠭᠤᠯᠤᠯᠲᠠ᠂ ᠣᠳᠣᠬᠢᠴᠢᠯᠠᠯᠲᠠ ᠵᠢ ᠠᠬᠢᠭᠤᠯᠬᠤ ᠬᠤᠷᠠᠯ ᠬᠤᠷᠠᠯᠳᠤᠭᠤᠯᠪᠠ
ᠬᠤᠶᠠᠳᠤᠭ᠋ᠠᠷ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠭᠤᠷᠪᠠᠳᠤᠭ᠋ᠠᠷ ᠪᠦᠯᠦᠭ᠎ᠤᠨ ᠬᠢᠨᠠᠨ ᠪᠠᠶ᠋ᠢᠴᠠᠭ᠋ᠠᠯᠲᠠ ᠡᠬᠢᠯᠡᠪᠡ
ᠱᠧᠩ ᠰᠢᠶᠣᠣ ᠶᠢᠥ ᠬᠠᠲᠤᠨ ᠭᠤᠣᠯ᠎ᠤᠨ ᠬᠠᠶ᠋ᠢᠷᠤᠪ᠎ᠤᠨ ᠲᠣᠬᠤᠢ ᠵᠢᠨ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠴᠥᠭᠦᠷᠥᠮ᠎ᠤᠨ ᠣᠷᠣᠨ᠎ᠤ ᠨᠦᠯᠦᠮᠡᠯ᠎ᠢ ᠪᠠᠭ᠋ᠠᠰᠬᠠᠨ ᠪᠠᠭᠲᠠᠭ᠋ᠠᠮᠵᠢ ᠵᠢ ᠶᠡᠬᠡᠰᠬᠡᠵᠤ ᠡᠯᠡᠰᠦ ᠵᠢ ᠪᠠᠭ᠋ᠠᠰᠬᠠᠨ ᠤᠰᠤ ᠰᠤᠯᠢᠬᠤ ᠲᠤᠷᠰᠢᠯᠲᠠ ᠵᠢᠨ ᠴᠡᠭ᠎ᠤᠨ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠤᠳᠪᠠ
 
            